︵ᠭᠤᠷᠪᠠ︶ ᠬᠤᠲᠠ ᠶᠢᠨ ᠤᠷᠤᠰᠢᠨ ᠰᠠᠭᠤᠷᠢᠰᠢᠬᠤ ᠬᠢᠷᠢ ᠲᠦᠪᠰᠢᠨ ᠳᠡᠭᠡᠭᠰᠢᠯᠡᠪᠡ᠃ ᠲᠢᠶᠧ ᠨᠠᠨ | ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠢᠵᠢ ᠪᠦᠷᠢᠳᠦᠭᠰᠡᠨ ᠲᠦᠬᠦᠭᠡᠷᠦᠮᠵᠢ | ᠪᠤᠯᠤᠨ ᠰᠤᠯᠠᠯᠠᠭᠰᠠᠨ ᠭᠠᠵᠠᠷ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠳ᠋ᠦᠩ ᠴᠧᠩ᠂ ᠰᠢ ᠴᠧᠩ᠂ | ᠰᠢ ᠨᠠᠨ ᠳ᠋ᠢ᠂ ᠬᠠᠳᠠᠨᠬᠤᠰᠢᠭᠤ ᠶᠢᠨ ᠳᠦᠭᠦᠮ ᠪᠦᠲᠦᠴᠡᠲᠦ ᠤᠷᠤᠨ ᠰᠠᠭᠤᠴᠠ ᠶᠢ ᠬᠤᠷᠢᠶᠠᠨ ᠲᠠᠲᠠᠪᠤᠷᠢᠯᠠᠬᠤ | ᠠᠵᠢᠯ ᠢ ᠶᠡᠭᠡ ᠬᠡᠪᠴᠢᠶ᠎ᠡ ᠪᠠᠷ ᠦᠷᠨᠢᠭᠦᠯᠪᠡ᠃ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠠᠶᠠᠨᠴᠢᠳ ᠤᠨ | ᠲᠤᠰᠬᠠᠢ ᠭᠠᠯᠲᠤ ᠶᠢᠨ ᠦᠷᠭᠦᠯᠵᠢᠯᠡᠯ ᠱᠤᠭᠤᠮ ᠢ ᠲᠦᠷᠭᠡᠪᠴᠢᠯᠡᠨ ᠪᠠᠶᠢᠭᠤᠯᠪᠠ᠃ ᠲᠢᠶᠧ ᠨᠠᠨ ᠶᠡᠭᠡ ᠵᠡᠭᠡᠯᠢ᠂ | ᠬᠤᠲᠠ ᠶᠢᠨ ᠡᠮᠦᠨᠡᠬᠢ ᠪᠤᠰᠤᠭ᠎ᠠ ᠰᠤᠯᠪᠢᠴᠠᠭᠠᠲᠤ ᠬᠦᠭᠦᠷᠭᠡ᠂ ᠤᠴᠢ ᠵᠠᠮ ᠤᠨ ᠶᠡᠭᠡ ᠬᠦᠭᠦᠷᠭᠡ᠂ ᠬᠤᠩ ᠰᠢᠩ | ᠵᠠᠮ ᠤᠨ ᠦᠷᠲᠡᠭᠡᠨ ᠡᠮᠦᠨᠡᠬᠢ ᠬᠦᠭᠦᠷᠭᠡ ᠠᠵᠢᠯ ᠳᠠᠭᠤᠰᠴᠤ ᠲᠡᠷᠭᠡ ᠨᠡᠪᠲᠡᠷᠡᠪᠡ᠃ 32 ᠵᠤᠷᠪᠤᠰ ᠵᠡᠭᠡᠯᠢ ᠭᠤᠳᠤᠮ ᠢ | ᠦᠭᠡᠷᠡᠴᠢᠯᠡᠨ ᠪᠠᠶᠢᠭᠤᠯᠪᠠ᠃ 5000 ᠤᠶᠤᠨᠴᠢ ᠲᠡᠷᠭᠡᠨ ᠵᠤᠭᠰᠤᠭᠠᠯ ᠪᠠᠶᠢᠭᠤᠯᠪᠠ᠃ 3 ᠨᠡᠶᠢᠲᠡ ᠶᠢᠨ ᠮᠠᠰᠢᠨ ᠤ | ᠭᠤᠤᠯ ᠬᠦᠢᠰᠦ ᠦᠷᠲᠡᠭᠡ ᠶᠢ ᠪᠠᠶᠢᠭᠤᠯᠵᠤ᠂ 4 ᠵᠤᠷᠪᠤᠰ ᠨᠡᠶᠢᠲᠡ ᠶᠢᠨ ᠮᠠᠰᠢᠨ ᠤ ᠵᠠᠮ ᠱᠤᠭᠤᠮ ᠢ ᠨᠡᠮᠡᠭᠳᠡᠭᠦᠯᠦᠨ | ᠰᠢᠯᠢᠳᠡᠭᠵᠢᠭᠦᠯᠵᠦ᠂ ᠨᠡᠶᠢᠲᠡ ᠶᠢᠨ ᠮᠠᠰᠢᠨ ᠤ ᠦᠷᠲᠡᠭᠡ ᠴᠡᠭ ᠤᠨ 500 ᠮᠧᠲᠷ ᠤᠨ ᠪᠦᠷᠬᠦᠴᠡ ᠶᠢᠨ ᠨᠤᠷᠮ᠎ᠠ | 93% ᠬᠦᠷᠪᠡ᠃ ᠠᠭᠠᠷ ᠢ ᠴᠡᠪᠡᠷᠰᠢᠭᠦᠯᠬᠦ ᠤᠯᠠᠭᠠᠨᠬᠠᠳᠠ ᠶᠢᠨ ᠢᠨᠵᠧᠨᠧᠷᠢᠩ ᠢ ᠡᠬᠢᠯᠡᠨ ᠪᠠᠶᠢᠭᠤᠯᠵᠤ᠂ 12 | ᠺᠢᠯᠦᠮᠧᠲᠷ ᠶᠡᠷᠦᠩᠬᠡᠶᠢᠯᠡᠭᠰᠡᠨ ᠬᠤᠭᠤᠯᠠᠢ ᠬᠤᠩᠬᠢᠯ ᠲᠤᠬᠢᠷᠠᠭᠤᠯᠤᠨ ᠳᠡᠪᠢᠰᠴᠦ᠂ 10 ᠺᠢᠯᠦᠮᠧᠲᠷ ᠢᠯᠴᠢ | ᠬᠠᠩᠭᠠᠬᠤ ᠬᠤᠭᠤᠯᠠᠢ ᠱᠤᠭᠤᠮ ᠢ ᠦᠭᠡᠷᠡᠴᠢᠯᠡᠨ ᠪᠠᠶᠢᠭᠤᠯᠪᠠ᠃ 4.8 ᠺᠢᠯᠦᠮᠧᠲᠷ ᠪᠤᠷᠤᠭᠠᠨ ᠤ ᠤᠰᠤ᠂ ᠪᠤᠬᠢᠷ | ᠤᠰᠤᠨ ᠤ ᠬᠤᠭᠤᠯᠠᠢ ᠱᠤᠭᠤᠮ ᠢ ᠪᠠᠶᠢᠭᠤᠯᠵᠤ᠂ 266 ᠺᠢᠯᠦᠮᠧᠲᠷ ᠤᠰᠤ ᠭᠠᠳᠠᠭᠰᠢᠯᠠᠭᠤᠯᠬᠤ ᠬᠤᠭᠤᠯᠠᠢ | ᠱᠤᠭᠤᠮ ᠢ ᠨᠡᠪᠲᠡᠷᠡᠭᠦᠯᠦᠨ᠂ 3 ᠪᠤᠷᠤᠭᠠᠨ ᠤ ᠤᠰᠤᠨ ᠬᠦᠭᠡᠷᠭᠡ ᠶᠢ ᠦᠭᠡᠷᠡᠴᠢᠯᠡᠨ ᠪᠠᠶᠢᠭᠤᠯᠵᠤ᠂ ᠬᠤᠲᠠ ᠶᠢᠨ | ᠤᠰᠠᠳᠤᠯ ᠢ ᠪᠦᠲᠦᠮᠵᠢᠲᠡᠢ ᠨᠠᠮᠬᠠᠳᠬᠠᠪᠠ᠃ ᠭᠤᠤᠯᠳᠠᠯᠭ᠎ᠠ ᠲᠠᠢ ᠤᠷᠤᠨ ᠬᠡᠪᠴᠢᠶᠡᠨ ᠤ ᠤᠶᠢᠵᠢᠭᠤᠯᠤᠯᠲᠠ ᠶᠢ | ᠦᠷᠨᠢᠭᠦᠯᠦᠨ᠂ ︽ᠬᠤᠶᠠᠷ ᠠᠭᠤᠯᠠ ᠬᠤᠶᠠᠷ ᠴᠡᠴᠡᠷᠯᠢᠭ︾ ᠢ ᠪᠠᠶᠢᠭᠤᠯᠵᠤ᠂ ᠬᠤᠲᠠ ᠲᠤᠭᠤᠷᠢᠯ ᠤᠰᠤᠨ | ᠰᠢᠰᠲ᠋ᠧᠮ ᠢ ᠴᠡᠭᠴᠡᠯᠡᠨ ᠵᠠᠰᠠᠵᠤ᠂ 3760 ᠮᠦ ᠰᠢᠨᠡᠳᠬᠡᠨ ᠤᠶᠢᠵᠢᠭᠤᠯᠵᠤ᠂ ᠤᠯᠤᠰ ᠤᠨ ᠴᠡᠴᠡᠷᠯᠢᠭᠵᠢᠭᠰᠡᠨ | ᠬᠤᠲᠠ ᠶᠢ ᠠᠮᠵᠢᠯᠲᠠ ᠲᠠᠢ ᠴᠤᠭᠴᠠᠯᠠᠪᠠ᠃ ᠤᠷᠴᠢᠨ ᠲᠤᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠯᠲᠠ ᠳᠤ | ᠲᠤᠰᠬᠠᠭᠰᠠᠨ ᠠᠰᠠᠭᠤᠳᠠᠯ ᠢ ᠢᠳᠡᠪᠬᠢᠲᠡᠢ ᠦᠭᠡᠷᠡᠴᠢᠯᠡᠨ ᠴᠡᠭᠴᠡᠯᠡᠵᠦ᠂ ᠪᠤᠬᠢᠷᠲᠤᠯ ᠢ ᠰᠡᠷᠭᠡᠶᠢᠯᠡᠨ ᠵᠠᠰᠠᠬᠤ | ᠪᠤᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠤᠨ᠂ ᠤᠨ ᠤ ᠪᠤᠬᠢᠷᠲᠤᠯ ᠢ ᠪᠠᠭᠠᠰᠬᠠᠬᠤ ᠡᠭᠦᠷᠭᠡ ᠶᠢ ᠠᠮᠵᠢᠯᠲᠠ | ᠲᠠᠢ ᠪᠡᠶᠡᠯᠡᠭᠦᠯᠪᠡ᠃ 54 ᠦᠪᠡᠷᠲᠡᠭᠡᠨ ᠡᠵᠡᠩᠨᠡᠵᠦ ᠪᠠᠶᠢᠭ᠎ᠠ ᠬᠤᠳᠳᠤᠭ ᠢ ᠵᠤᠭᠰᠤᠭᠠᠵᠤ᠂ ᠭᠤᠤᠯ ᠮᠦᠷᠡᠨ ᠢ | ᠭᠤᠤᠯ ᠤᠨ ᠳᠠᠷᠤᠭ᠎ᠠ ᠶᠢᠨ ᠳᠦᠷᠢᠮ ᠢᠶᠠᠷ ᠬᠠᠮᠢᠶᠠᠷᠴᠦ᠂ ᠡᠮᠴᠢᠯᠡᠭᠡᠨ ᠤ ᠬᠠᠶᠠᠭᠳᠠᠮᠠᠯ ᠤᠨ ᠲᠦᠪ ᠤᠨ ᠮᠡᠷᠭᠡᠵᠢᠯ ᠢ | ᠦᠭᠡᠷᠡᠴᠢᠯᠡᠨ ᠳᠡᠰ ᠳᠡᠪᠰᠢᠭᠦᠯᠵᠦ᠂ ᠬᠤᠭ ᠯᠤᠪᠰᠢ ᠠᠷᠢᠯᠭᠠᠬᠠᠤ ᠲᠠᠯᠠᠪᠤᠷ ᠢ ᠦᠭᠡᠷᠡᠴᠢᠯᠡᠨ ᠰᠠᠶᠢᠵᠢᠷᠠᠭᠤᠯᠵᠤ᠂ | ᠨᠡᠶᠢᠭᠡᠮ ᠤᠨ ᠬᠦᠷᠦᠩᠭᠡ ᠶᠢ ᠭᠠᠯ ᠲᠤᠭᠤᠭᠠᠨ ᠤ ᠬᠠᠶᠠᠭᠳᠠᠮᠠᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ | ᠵᠦᠢᠯ ᠳᠤ ᠲᠠᠲᠠᠨ ᠤᠷᠤᠭᠤᠯᠵᠤ ᠪᠦᠲᠦᠭᠡᠨ ᠪᠠᠶᠢᠭᠤᠯᠪᠠ᠃ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ | ᠪᠤᠯᠤᠨ ᠬᠠᠤᠯᠢ ᠬᠡᠷᠡᠭᠵᠢᠭᠦᠯᠬᠦ ᠬᠠᠷᠢᠶ᠎ᠠ ᠤᠷᠤᠨ ᠤ ᠬᠠᠷᠢᠭᠤᠴᠠᠯᠭ᠎ᠠ ᠶᠢ ᠴᠢᠩᠭᠠᠳᠬᠠᠨ᠂ ᠳᠦᠷᠢᠮ ᠵᠦᠷᠢᠴᠡᠵᠦ | ᠬᠠᠤᠯᠢ ᠵᠦᠷᠢᠴᠡᠭᠰᠡᠨ ᠠᠵᠢᠯᠯᠠᠭ᠎ᠠ ᠶᠢ ᠡᠷᠡᠰ ᠲᠡᠪᠴᠢᠭᠰᠡᠨ ᠪᠠ ᠴᠢᠩᠭ᠎ᠠ ᠬᠠᠮᠢᠶᠠᠷᠴᠤ᠂ ᠵᠠᠳᠠᠭᠠᠢ ᠱᠤᠷᠤᠯᠢᠭ᠂ | ᠶᠠᠪᠤᠭᠤᠯ ᠬᠤᠳᠠᠯᠳᠤᠭᠠᠴᠢᠨ᠂ ᠳᠤᠷ᠎ᠠ ᠪᠠᠷ ᠪᠠᠶᠢᠭᠤᠯᠬᠤ᠂ ᠮᠠᠰᠢᠨᠲᠤ ᠲᠡᠷᠭᠡ ᠶᠢ ᠳᠤᠷ᠎ᠠ ᠪᠠᠷ ᠵᠤᠭᠰᠤᠭᠠᠬᠤ ᠵᠡᠷᠭᠡ ᠶᠢᠨ | ᠵᠠᠰᠠᠯᠲᠠ ᠢᠯᠡᠷᠬᠡᠢ ᠪᠦᠲᠦᠮᠵᠢ ᠲᠠᠢ᠃ ᠤᠶᠤᠨᠴᠢ ᠬᠤᠲᠠ ᠶᠢᠨ ᠪᠠᠶᠢᠭᠤᠯᠤᠯᠲᠠ ᠶᠢ ᠴᠢᠩᠭᠠᠳᠬᠠᠨ᠂ 100 | ᠺᠢᠯᠦᠮᠧᠲᠷ ᠲᠤᠰᠬᠠᠢ ᠭᠡᠷᠡᠯ ᠰᠢᠷᠬᠡᠭ ᠤᠨ ᠲᠦᠬᠦᠭᠡᠷᠦᠮᠵᠢ ᠶᠢ ᠳᠡᠪᠢᠰᠴᠦ᠂ 1.2 ᠲᠦᠮᠡᠨ ᠪᠤᠳᠠᠰ ᠤᠨ | ᠬᠤᠯᠪᠤᠭᠠᠨ ᠤ ᠰᠦᠯᠵᠢᠶᠡᠨ ᠤ ᠤᠶᠤᠨᠴᠢ ᠦᠵᠦᠭᠦᠷ ᠢ ᠤᠭᠰᠠᠷᠠᠨ᠂ ᠤᠶᠤᠨᠴᠢ ᠬᠤᠲᠠ ᠶᠢᠨ ᠬᠠᠮᠢᠶᠠᠷᠤᠯᠲᠠ᠂ | ᠤᠶᠤᠨᠴᠢ ᠬᠤᠲᠠ ᠶᠢᠨ ᠶᠠᠪᠤᠳᠠᠯ᠂ ᠤᠶᠤᠨᠴᠢ ᠠᠶᠤᠯᠭᠦᠢ ᠶᠢᠨ ᠬᠢᠨᠠᠯᠲᠠ ᠵᠡᠷᠭᠡ 19 ᠲᠦᠷᠦᠯ ᠵᠦᠢᠯ ᠢ ᠡᠬᠢᠯᠡᠨ | ᠡᠵᠡᠩᠨᠡᠵᠦ᠂ ᠬᠤᠲᠠ ᠶᠢᠨ ᠴᠡᠭᠴᠡᠯᠡᠨ ᠵᠠᠰᠠᠯᠲᠠ ᠶᠢᠨ ᠰᠤᠷᠠᠭ ᠵᠠᠩᠭᠢ ᠶᠢᠨ ᠬᠢᠷᠢ ᠲᠦᠪᠰᠢᠨ ᠢᠯᠡᠷᠬᠡᠢ ᠳᠡᠭᠡᠭᠰᠢᠯᠡᠪᠡ᠃ | ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠴᠢᠩᠭᠠᠳᠬᠠᠨ᠂ | ᠪᠦᠬᠦ ᠤᠯᠤᠰ ᠤᠨ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ | ᠲᠤᠷᠰᠢᠯᠲᠠ ᠶᠢᠨ ᠤᠷᠤᠨ ᠤ ᠳᠤᠮᠳᠠ ᠬᠤᠭᠤᠴᠠᠭᠠᠨ ᠤ ᠦᠨᠡᠯᠡᠯᠲᠡ ᠶᠢ ᠠᠮᠵᠢᠯᠲᠠ ᠲᠠᠢ ᠦᠩᠭᠡᠷᠡᠭᠡᠪᠡ᠃ | ︵ᠳᠦᠷᠪᠡ︶ ᠦᠭᠡᠷᠡᠴᠢᠯᠡᠯᠲᠡ᠂ ᠰᠢᠨ᠎ᠡ ᠶᠢ ᠡᠭᠦᠳᠬᠦ ᠬᠦᠴᠦᠯᠡᠴᠡ ᠪᠠᠨ ᠨᠡᠮᠡᠭᠳᠡᠭᠦᠯᠪᠡ᠃ ︽ᠪᠠᠭᠤᠯᠭᠠᠬᠤ | ᠂ ᠬᠠᠮᠢᠶᠠᠷᠬᠤ᠂ ᠦᠢᠯᠡᠴᠢᠯᠡᠭᠡᠨ︾ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠪᠤᠯᠤᠨ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ | ᠪᠤᠯᠭᠠᠬᠤ︾ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠦᠨᠡᠮᠯᠡᠯ ᠢ ᠬᠠᠰᠤᠵᠤ ᠠᠷᠠᠳ ᠲᠤ ᠳᠦᠭᠦᠮ ᠦᠵᠡᠭᠦᠯᠬᠦ | ᠲᠤᠰᠬᠠᠢ ᠠᠵᠢᠯᠯᠠᠭᠠᠨ ᠢ ᠦᠷᠨᠢᠭᠦᠯᠦᠨ᠂ ᠰᠢᠨ᠎ᠡ ᠶᠢ ᠡᠬᠦᠳᠬᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ | ᠢᠳᠡᠪᠬᠢᠵᠢᠭᠦᠯᠪᠡ᠃ ︽ᠤᠯᠠᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠳᠤ ᠨᠢᠭᠡ ᠳ᠋ᠤᠭᠠᠷ︾ ᠪᠤᠯᠤᠨ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠯᠧᠺᠲᠷᠤᠨ ᠳᠠᠩᠰᠠᠯᠠᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ 9200 ᠢᠯᠡᠭᠦᠦ ᠡᠷᠦᠬᠡ ᠵᠠᠬ᠎ᠠ ᠳᠡᠯᠭᠡᠭᠦᠷ ᠤᠨ ᠪᠡᠶᠡᠴᠢ ᠴᠤᠭᠴᠠ ᠰᠢᠨ᠎ᠡ ᠪᠠᠷ ᠨᠡᠮᠡᠭᠳᠡᠪᠡ᠃ | ᠲᠤᠭᠤᠷᠢᠭ ᠪᠠᠯᠭᠠᠰᠤ ᠲᠤᠰᠬᠤᠨ ᠤ ᠭᠤᠷᠪᠠᠨ ᠳᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠪᠠ᠃ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠺᠤᠮᠫᠠᠨᠢ ᠶᠢ ᠵᠤᠬᠢᠶᠠᠨ ᠪᠠᠶᠢᠭᠤᠯᠵᠤ᠂ | ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠵᠦ ᠲᠠᠬᠢᠨ ᠵᠤᠬᠢᠶᠠᠨ ᠪᠠᠶᠢᠭᠤᠯᠬᠤ ᠶᠢ ᠦᠨᠳᠦᠰᠦᠨ ᠳᠡᠭᠡᠨ | ᠪᠡᠶᠡᠯᠡᠭᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠲᠠᠷᠢᠶᠠᠯᠠᠩ ᠬᠦᠳᠡᠭᠡ ᠲᠤᠰᠬᠤᠨ᠂ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ᠂ | ᠬᠠᠩᠭᠠᠨ ᠪᠤᠷᠤᠯᠠᠭᠤᠯᠬᠤ ᠬᠤᠷᠰᠢᠶ᠎ᠠ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ᠂ ᠪᠠᠶᠢᠭᠤᠯᠭ᠎ᠠ ᠶᠢᠨ ᠤᠷᠤᠨ | ᠲᠤᠭ᠎ᠠ ᠵᠡᠷᠭᠡ ᠲᠤᠰᠬᠠᠢ ᠦᠭᠡᠷᠡᠴᠢᠯᠡᠯᠲᠡ ᠶᠢ ᠡᠷᠴᠢᠮᠲᠡᠢ ᠨᠠᠶᠢᠳᠠᠪᠤᠷᠢᠵᠢᠭᠤᠯᠪᠠ᠃ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠶᠢ ᠶᠡᠭᠡ ᠬᠦᠴᠦᠨ ᠢᠶᠠᠷ ᠠᠬᠢᠭᠤᠯᠤᠨ᠂ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ | ᠢᠳᠡᠭᠡᠨ ᠡᠮ ᠤᠨ ᠵᠦᠢᠯᠡᠰ ᠤᠨ ᠰᠢᠯᠭᠠᠨ ᠨᠤᠲᠠᠯᠠᠬᠤ ᠳᠤᠮᠳᠠ ᠬᠤᠭᠤᠴᠠᠭᠠᠨ ᠤ ᠲᠤᠷᠰᠢᠯᠲᠠ ᠶᠢᠨ ᠰᠠᠭᠤᠷᠢᠨ ᠢ | ᠠᠰᠢᠭᠯᠠᠯᠲᠠ ᠳᠤ ᠤᠷᠤᠭᠤᠯᠵᠤ᠂ ᠲᠢᠶᠠᠨ ᠴᠢ ᠡᠮ ᠤᠨ ᠦᠢᠯᠡᠰ ᠪᠤᠯᠤᠨ ᠳ᠋ᠦᠩ ᠯᠢ ᠨᠤᠤᠰᠤᠨ ᠨᠡᠬᠡᠮᠡᠯ ᠤᠨ | ᠲᠤᠭᠠᠴᠢᠯᠠᠭᠰᠡᠨ ᠦᠢᠯᠡᠳᠪᠦᠷᠢᠯᠡᠯ ᠤᠨ ᠲᠠᠰᠤᠭ ᠨᠢ ᠠᠵᠤ ᠦᠢᠯᠡᠳᠪᠦᠷᠢ ᠰᠤᠷᠠᠭ ᠵᠠᠩᠭᠢᠵᠢᠯᠲᠠ ᠶᠢᠨ ᠶᠠᠮᠤᠨ ᠤ | ᠤᠶᠤᠨᠴᠢ ᠦᠢᠯᠡᠳᠬᠡᠯ ᠤᠨ ᠳᠡᠮᠵᠢᠬᠦ ᠲᠦᠷᠦᠯ ᠵᠦᠢᠯ ᠪᠤᠯᠵᠤ᠂ 50 ᠲᠦᠷᠦᠯ ᠤᠨ ᠲᠤᠰᠬᠠᠢ ᠠᠰᠢᠭ ᠤᠨ | ᠵᠦᠪᠰᠢᠶᠡᠷᠡᠯ ᠢ ᠬᠦᠷᠲᠡᠵᠦ᠂ 41 ᠦᠨᠳᠦᠷ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠵᠤ ᠬᠡᠷᠡᠭᠯᠡᠪᠡ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠪᠠ᠃ ᠠᠷᠠᠳ ᠤᠨ ᠠᠮᠢᠳᠤᠷᠠᠯ ᠤᠨ | ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠤ ᠡᠵᠡᠯᠡᠬᠦ ᠬᠠᠷᠢᠴᠠᠯ 72% ᠬᠦᠷᠪᠡ᠃ ᠬᠤᠲᠠ ᠪᠠᠯᠭᠠᠰᠤᠨ ᠤ | ᠠᠵᠢᠯ ᠤᠯᠤᠭᠰᠠᠳ 9150 ᠬᠦᠮᠦᠨ ᠰᠢᠨ᠎ᠡ ᠪᠠᠷ ᠨᠡᠮᠡᠭᠳᠡᠵᠦ᠂ ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ | ᠰᠢᠯᠵᠢᠭᠦᠯᠦᠨ ᠠᠵᠢᠯ ᠤᠯᠭᠤᠭᠰᠠᠳ 1.5 ᠲᠦᠮᠡᠨ ᠬᠦᠮᠦᠨ ᠤᠳᠠᠭ᠎ᠠ᠃ ᠶᠠᠳᠠᠭᠤ ᠶᠢ ᠳᠡᠳᠬᠦᠭᠦᠯᠬᠦ ᠡᠲᠡᠭᠡᠳ ᠢ | ᠤᠨᠤᠪᠴᠢᠲᠠᠢ ᠢᠯᠭᠠᠨ ᠲᠤᠭᠲᠠᠭᠠᠬᠤ ᠪᠤᠯᠤᠨ ᠬᠦᠳᠡᠯᠦᠩᠭᠦᠢ ᠬᠠᠮᠢᠶᠠᠷᠬᠤ ᠶᠢ ᠴᠢᠩᠭᠠᠳᠬᠠᠨ᠂ ᠤᠨᠳᠤᠤ ᠭᠠᠵᠠᠷ | ᠨᠡᠭᠦᠯᠭᠡᠨ ᠶᠠᠳᠠᠭᠤ ᠶᠢ ᠳᠡᠳᠬᠦᠬᠦ ᠢᠨᠵᠧᠨᠧᠷᠢᠩ ᠠᠵᠢᠯ ᠳᠠᠭᠤᠰᠴᠤ ᠤᠷᠤᠵᠤ ᠰᠠᠭᠤᠷᠢᠰᠢᠨ᠂ ᠰᠤᠷᠭᠠᠨ | ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠷᠡᠭᠦᠯ ᠴᠢᠬᠢᠷᠠᠭ ᠢᠶᠠᠷ ᠶᠠᠳᠠᠭᠤ ᠶᠢ ᠳᠡᠳᠬᠦᠬᠦ᠂ ᠨᠡᠶᠢᠭᠡᠮ ᠤᠨ | ᠪᠠᠲᠤᠯᠠᠭ᠎ᠠ ᠪᠠᠷ ᠳᠤᠤᠷ᠎ᠠ ᠵᠠᠬ᠎ᠠ ᠶᠢ ᠪᠠᠲᠤᠯᠠᠬᠤ ᠶᠢ ᠪᠦᠷᠢᠨ ᠪᠦᠷᠬᠦᠭᠦᠯᠪᠡ᠃ ᠨᠡᠶᠢᠭᠡᠮ ᠤᠨ ᠳᠠᠭᠠᠳᠬᠠᠯ ᠳᠤ | ᠤᠷᠤᠯᠴᠠᠭᠰᠠᠳ 37.4 ᠲᠦᠮᠡᠨ ᠬᠦᠮᠦᠨ ᠤᠳᠠᠭ᠎ᠠ ᠬᠦᠷᠪᠡ᠃ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠤᠨ ᠨᠠᠰᠤᠵᠢᠯ ᠤᠨ ᠮᠦᠩᠭᠦ ᠠᠷᠪᠠᠨ ᠭᠤᠷᠪᠠᠨ ᠵᠢᠯ ᠳᠠᠷᠠᠭᠠᠯᠠᠨ ᠨᠡᠮᠡᠭᠳᠡᠵᠦ᠂ ᠬᠤᠲᠠ ᠬᠦᠳᠡᠭᠡ ᠶᠢᠨ | ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠲᠤᠰᠪᠤᠷᠢ ᠰᠠᠷ᠎ᠠ ᠪᠦᠷᠢ 585 ᠲᠦᠭᠦᠷᠢᠭ ᠪᠠ 350 ᠲᠦᠭᠦᠷᠢᠭ ᠪᠤᠯᠤᠨ | ᠨᠡᠮᠡᠭᠳᠡᠵᠦ᠂ ᠲᠦᠯᠦᠪᠯᠡᠭᠡᠲᠦ ᠦᠷᠡᠵᠢᠯ ᠤᠨ ᠤᠨᠴᠠᠭᠠᠢ ᠭᠡᠷ ᠪᠦᠯᠢ ᠳᠤ ᠨᠢᠭᠡ ᠤᠳᠠᠭᠠᠨ ᠤ ᠴᠢᠨᠠᠷᠲᠠᠢ | ᠳᠡᠳᠬᠦᠮᠵᠢ ᠶᠢᠨ ᠮᠦᠩᠭᠦ ᠲᠠᠷᠬᠠᠭᠠᠵᠤ᠂ ᠲᠦᠷ ᠴᠠᠭ ᠤᠨ ᠠᠪᠤᠷᠠᠨ ᠲᠤᠰᠠᠯᠠᠬᠤ᠂ ᠡᠮ ᠡᠮᠨᠡᠯᠭᠡ ᠪᠠᠷ ᠠᠪᠤᠷᠠᠨ | ᠲᠤᠰᠠᠯᠠᠬᠤ ᠪᠤᠯᠤᠨ ︽ᠪᠠᠴᠢᠮ ᠠᠪᠤᠷᠠᠬᠤ ᠳᠤ ᠭᠦᠴᠢᠷ︾ ᠪᠠᠶᠢᠬᠤ ᠲᠠᠯ᠎ᠠ ᠳᠠᠬᠢ ᠬᠦᠴᠦᠯᠡᠴᠡ ᠪᠠᠨ ᠨᠡᠮᠡᠭᠳᠡᠭᠦᠯᠦᠨ᠂ | ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠳᠤ ᠪᠠᠲᠤᠯᠠᠭ᠎ᠠ ᠬᠠᠩᠭᠠᠪᠠ᠃ ᠵᠠᠰᠠᠭ ᠤᠨ ᠤᠷᠳᠤᠨ ᠤ ᠬᠤᠳᠠᠯᠳᠤᠨ | ᠠᠪᠬᠤ ᠦᠢᠯᠡᠴᠢᠯᠡᠭᠡᠨ ᠤ ᠠᠷᠭ᠎ᠠ ᠪᠠᠷᠢᠯ ᠢᠶᠠᠷ ᠳᠠᠮᠵᠢᠨ 1283 ᠨᠠᠰᠤᠲᠠᠳ ᠲᠤ ᠭᠡᠷ ᠪᠦᠯᠢ ᠶᠢᠨ ᠨᠠᠰᠤᠵᠢᠯ ᠤᠨ | ᠦᠢᠯᠡᠴᠢᠯᠡᠭᠡ ᠬᠠᠩᠭᠠᠪᠠ᠃ ᠬᠦᠳᠡᠭᠡ ᠲᠤᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠪᠦᠬᠦ ᠲᠠᠯ᠎ᠠ ᠪᠠᠷ ᠠᠵᠢᠯ ᠳᠠᠭᠤᠰᠤᠨ᠂ 6 ᠰᠠᠭᠤᠷᠢ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠵᠠᠰᠠᠨ ᠰᠢᠨᠡᠳᠬᠡᠵᠦ᠂ 23 ᠰᠠᠭᠤᠷᠢ | ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠦᠭᠡᠷᠡᠴᠢᠯᠡᠯᠲᠡ ᠪᠤᠯᠤᠨ 8 ᠰᠠᠭᠤᠷᠢ ᠰᠤᠷᠭᠠᠭᠤᠯᠢ ᠶᠢᠨ | ᠪᠠᠷᠢᠮᠵᠢᠶᠠᠵᠢᠭᠰᠠᠨ ᠭᠤᠮ ᠲᠠᠮᠢᠷ ᠤᠨ ᠲᠠᠯᠠᠪᠤᠷ ᠤᠨ ᠪᠠᠶᠢᠭᠤᠯᠤᠯᠲᠠ ᠶᠢ ᠪᠡᠶᠡᠯᠡᠭᠦᠯᠵᠦ᠂ ᠪᠦᠯᠦᠭᠴᠢᠯᠡᠭᠰᠡᠨ | ᠰᠤᠷᠭᠠᠭᠤᠯᠢ ᠡᠷᠬᠢᠯᠡᠬᠦ ᠬᠡᠯᠪᠡᠷᠢ ᠶᠢ ᠨᠠᠶᠢᠳᠠᠪᠤᠷᠢᠵᠢᠭᠤᠯᠵᠤ᠂ ᠳᠤᠮᠳᠠᠳᠤ ᠰᠢᠯᠭᠠᠯᠲᠠ ᠶᠢᠨ 900 ᠬᠤᠪᠢ ᠠᠴᠠ | ᠳᠡᠭᠡᠭᠰᠢᠬᠢ ᠬᠦᠮᠦᠨ ᠤ ᠲᠤᠭ᠎ᠠ ᠪᠦᠬᠦ ᠬᠤᠲᠠ ᠶᠢᠨ ᠭᠤᠷᠪᠠᠨ ᠤ ᠨᠢᠭᠡ ᠶᠢ ᠡᠵᠡᠯᠡᠵᠦ᠂ ᠳᠡᠭᠡᠳᠦ ᠰᠢᠯᠭᠠᠯᠲᠠ ᠶᠢᠨ | ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠤᠪᠢ ᠶᠢᠨ ᠱᠤᠭᠤᠮ ᠳᠤ ᠬᠦᠷᠦᠭᠰᠡᠳ ᠤᠨ ᠨᠤᠷᠮ᠎ᠠ 68.5% | ᠬᠦᠷᠪᠡ᠃ ᠵᠢᠶᠧ ᠭᠤᠸᠠᠨ ᠲᠢᠩ ᠡᠷᠡᠭᠦᠯᠵᠢᠯ ᠨᠠᠰᠤᠵᠢᠯ ᠤᠨ ᠦᠢᠯᠡᠴᠢᠯᠡᠭᠡᠨ ᠤ ᠲᠦᠪ ᠢ ᠪᠠᠶᠢᠭᠤᠯᠪᠠ᠃ ᠬᠤᠩ | ᠱᠠᠨ ᠡᠮᠴᠢᠯᠡᠭᠡᠨ ᠤ ᠪᠦᠯᠦᠭᠯᠡᠯ ᠢ ᠪᠠᠶᠢᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠡᠮ ᠤᠨ ᠵᠦᠢᠯ ᠤᠨ ᠨᠡᠮᠡᠯᠲᠡ | ᠦᠷᠲᠡᠭ ᠢ ᠦᠭᠡᠶᠢᠰᠬᠡᠵᠦ᠂ ᠡᠮ ᠤᠨ ᠵᠦᠢᠯ ᠬᠤᠳᠠᠯᠳᠤᠨ ᠠᠪᠬᠤ ︽ᠬᠤᠶᠠᠷ ᠪᠠᠷᠢᠮᠲᠠ ᠶᠢᠨ ᠳᠦᠷᠢᠮ︾ ᠢ | ᠬᠡᠷᠡᠭᠵᠢᠭᠦᠯᠦᠨ᠂ 18 ᠲᠦᠮᠡᠨ ᠬᠦᠮᠦᠨ ᠳᠤ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠬᠠᠩᠭᠠᠪᠠ᠃ ᠡᠬᠡ | ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠪᠡ᠃ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠲᠠᠬᠢᠨ ᠬᠢᠨᠠᠯᠲᠠ ᠶᠢ ᠠᠮᠵᠢᠯᠲᠠ ᠲᠠᠢ ᠦᠩᠭᠡᠷᠡᠭᠡᠪᠡ᠃ ᠡᠯ ᠳ᠋ᠤᠤ | ᠵᠢᠩ ᠽᠢ ᠶᠢᠨ ᠪᠠᠭᠤᠷᠢ ᠶᠢᠨ ᠮᠦᠽᠸᠢ ᠪᠤᠯᠤᠨ ᠬᠤᠩ ᠱᠠᠨ ᠰᠤᠶᠤᠯ ᠤᠨ ᠲᠦᠪ ᠢ ᠡᠬᠢᠯᠡᠨ ᠡᠵᠡᠩᠨᠡᠵᠦ᠂ ᠬᠤᠩ | ᠱᠠᠨ ᠰᠤᠶᠤᠯ ᠤᠨ ᠦᠵᠡᠭᠦᠯᠭᠡ ᠶᠢᠨ ᠲᠦᠪ ᠤᠨ ᠭᠤᠤᠯ ᠴᠤᠭᠴᠠ ᠠᠵᠢᠯ ᠳᠠᠭᠤᠰᠤᠨ᠂ ᠨᠡᠶᠢᠭᠡᠮ ᠲᠤᠭᠤᠷᠢᠭ ᠤᠨ | ᠲᠠᠮᠢᠷ ᠤᠨ ᠲᠦᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠰᠤᠶᠤᠯ ᠲᠠᠮᠢᠷ ᠤᠨ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠪᠦᠲᠦᠮᠵᠢᠲᠡᠢ ᠦᠷᠨᠢᠭᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ | ᠠᠷᠠᠳ ᠤᠨ ᠴᠡᠷᠢᠭ ᠤᠨ ᠪᠡᠯᠡᠳᠬᠡᠯ ᠠᠯᠪᠠ ᠪᠤᠯᠤᠨ ᠬᠤᠶᠠᠷ ᠢ ᠭᠦᠷᠢᠶᠡᠯᠡᠵᠦ ᠬᠠᠮᠲᠤᠪᠡᠷ ᠪᠠᠶᠢᠭᠤᠯᠬᠤ ᠶᠢ ᠪᠠᠲᠤᠲᠠᠢ | ᠠᠬᠢᠭᠤᠯᠵᠤ᠂ ᠦᠨᠳᠦᠰᠦᠲᠡᠨ ᠱᠠᠰᠢᠨ ᠰᠤᠷᠲᠠᠬᠤᠨ᠂ ᠪᠦᠷᠢᠳᠬᠡᠯ᠂ ᠳᠠᠩᠰᠠ ᠡᠪᠬᠡᠮᠡᠯ᠂ ᠠᠬᠠᠮᠠᠳ ᠺᠠᠳ᠋ᠷ᠂ ᠬᠤᠶᠢᠴᠢ | ᠦᠶ᠎ᠡ ᠶᠢ ᠬᠠᠯᠠᠮᠵᠢᠯᠠᠬᠤ᠂ ᠵᠡᠮᠳᠡᠭᠴᠦᠳ ᠤᠨ ᠠᠵᠢᠯ ᠵᠡᠷᠭᠡ ᠠᠵᠢᠯ ᠦᠢᠯᠡᠰ ᠰᠢᠨ᠎ᠡ ᠪᠦᠲᠦᠮᠵᠢ ᠤᠯᠵᠤ᠂ ᠭᠠᠶᠢᠯᠢ᠂ | ᠮᠦᠩᠭᠦᠨ ᠭᠦᠢᠯᠭᠡᠭᠡ᠂ ᠬᠢᠯᠢ ᠶᠢᠨ ᠪᠤᠭᠤᠮᠲᠠ᠂ ᠴᠠᠬᠢᠯᠭᠠᠨ ᠬᠦᠴᠦᠨ᠂ ᠵᠠᠮ ᠤᠨ ᠴᠠᠭᠳᠠᠭ᠎ᠠ᠂ ᠭᠠᠯ ᠢ ᠰᠡᠷᠭᠡᠶᠢᠯᠡᠬᠦ | ᠵᠡᠷᠭᠡ ᠪᠠᠶᠢᠭᠤᠯᠭ᠎ᠠ ᠨᠢ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠰᠢᠨ᠎ᠡ ᠬᠤᠪᠢ ᠨᠡᠮᠡᠷᠢ | ᠦᠵᠡᠭᠦᠯᠪᠡ᠃ | ︵ᠵᠢᠷᠭᠤᠭ᠎ᠠ︶ ᠨᠡᠶᠢᠭᠡᠮ ᠤᠨ ᠡᠶ᠎ᠡ ᠵᠤᠬᠢᠴᠠᠯ ᠲᠤᠭᠲᠠᠭᠤᠨ ᠢ ᠬᠠᠮᠠᠭᠠᠯᠠᠪᠠ᠃ ᠠᠶᠤᠯᠭᠦᠢ | ᠦᠢᠯᠡᠳᠪᠦᠷᠢᠯᠡᠯ ᠤᠨ 1+8 ᠳᠦᠷᠢᠮ ᠤᠨ ᠰᠢᠰᠲ᠋ᠧᠮ ᠢ ᠪᠠᠶᠢᠭᠤᠯᠤᠨ᠂ ᠠᠶᠤᠯᠭᠦᠢ ᠦᠢᠯᠡᠳᠪᠦᠷᠢᠯᠡᠯ ᠤᠨ ᠬᠢᠨᠠᠨ | ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢᠨ ᠤᠨ ᠤ ᠠᠵᠢᠯᠯᠠᠭᠠᠨ ᠪᠤᠯᠤᠨ ᠠᠷᠪᠠᠨ ᠶᠡᠭᠡ ᠭᠤᠤᠯᠳᠠᠯᠭ᠎ᠠ ᠲᠠᠢ ᠠᠵᠤ | ᠦᠢᠯᠡᠰ ᠤᠨ ᠲᠤᠰᠬᠠᠢ ᠴᠡᠭᠴᠡᠯᠡᠯᠲᠡ ᠶᠢᠨ ᠠᠵᠢᠯᠯᠠᠭᠠᠨ ᠢ ᠦᠷᠨᠢᠭᠦᠯᠵᠦ᠂ ᠦᠢᠯᠡᠳᠪᠦᠷᠢᠯᠡᠯ ᠤᠨ ᠠᠳᠡᠯ ᠪᠤᠯᠤᠨ | ᠠᠳᠡᠭᠰᠡᠨ ᠬᠦᠮᠦᠨ ᠤ ᠲᠤᠭ᠎ᠠ ᠲᠤᠰᠪᠤᠷᠢ 40% ᠪᠠ 75% ᠪᠠᠷ ᠳᠤᠷᠤᠭᠰᠢᠯᠠᠪᠠ᠃ ᠢᠳᠡᠭᠡᠨ ᠢ | ᠪᠤᠯᠪᠠᠰᠤᠷᠠᠭᠤᠯᠬᠤ ᠵᠢᠵᠢᠭ ᠦᠢᠯᠡᠳᠬᠡᠯ ᠤᠨ ᠬᠦᠷᠢᠶᠡᠯᠡᠩ ᠲᠤᠭᠤᠷᠢᠭ ᠢ ᠪᠠᠶᠢᠭᠤᠯᠵᠤ᠂ ᠲᠠᠷᠢᠶᠠᠯᠠᠩ ᠤᠨ | ᠪᠦᠲᠦᠭᠡᠭᠳᠡᠭᠦᠨ ᠢ ᠰᠢᠯᠭᠠᠨ ᠪᠠᠶᠢᠴᠠᠭᠠᠬᠤ ᠲᠦᠪ ᠠᠰᠢᠭᠯᠠᠯᠲᠠ ᠳᠤ ᠤᠷᠤᠵᠤ᠂ ᠢᠳᠡᠭᠡᠨ ᠡᠮ ᠤᠨ ᠵᠦᠢᠯᠡᠰ ᠤᠨ | ᠰᠤᠷᠠᠭ ᠵᠠᠩᠭᠢᠵᠢᠯᠲᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠬᠠᠮᠢᠶᠠᠷᠤᠯᠲᠠ ᠶᠢᠨ ᠦᠷ᠎ᠡ ᠠᠰᠢᠭ 4 | ᠲᠠᠬᠢᠨ ᠠᠴᠠ ᠳᠡᠭᠡᠭᠰᠢ ᠨᠡᠮᠡᠭᠳᠡᠪᠡ᠃ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠦᠷᠢᠯᠡᠨ ᠨᠠᠮᠬᠠᠳᠬᠠᠬᠤ | ᠲᠦᠯᠦᠪᠯᠡᠭᠡ ᠶᠢ ᠲᠤᠭᠲᠠᠭᠠᠨ᠂ ᠦᠷᠢ ᠦᠭᠴᠡᠭᠡᠨ ᠤ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠪᠠᠶᠢᠭᠤᠯᠵᠤ᠂ | 19.4 ᠳ᠋ᠦᠩᠰᠢᠭᠤᠷ ᠲᠦᠭᠦᠷᠢᠭ ᠤᠨ ᠳᠡᠭᠡᠷ᠎ᠡ ᠱᠠᠲᠤᠨ ᠤ ᠲᠤᠰᠬᠠᠢ ᠪᠡᠯᠡ ᠮᠦᠩᠭᠦ᠂ ᠵᠠᠰᠠᠭ ᠤᠨ ᠤᠷᠳᠤᠨ ᠤ | ᠠᠯᠪᠠᠨ ᠵᠢᠭᠡᠯᠡᠯᠭᠡ ᠶᠢ ᠤᠯᠵᠤ᠂ 15.6 ᠳ᠋ᠦᠩᠰᠢᠭᠤᠷ ᠲᠦᠭᠦᠷᠢᠭ ᠤᠨ ᠲᠠᠷᠤᠭᠳᠠᠮᠠᠯ ᠵᠢᠭᠡᠯᠡᠯᠭᠡ ᠶᠢ ᠬᠠᠷᠢᠭᠤᠯᠵᠤ᠂ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠵᠦ᠂ ᠬᠦᠳᠡᠭᠡ ᠲᠤᠰᠬᠤᠨ ᠤ ᠦᠨᠳᠦᠷ ᠬᠦᠦ | ᠲᠠᠢ ᠵᠢᠭᠡᠯᠡᠯᠭᠡ ᠶᠢ ᠶᠡᠷᠦᠩᠬᠡᠶᠢᠯᠡᠨ ᠴᠡᠭᠴᠡᠯᠡᠬᠦ ᠠᠵᠢᠯᠯᠠᠭᠠᠨ ᠦᠷᠨᠢᠭᠦᠯᠵᠦ᠂ ᠰᠢᠰᠲ᠋ᠧᠮ ᠤᠨ ᠴᠢᠨᠠᠷᠲᠠᠢ ᠮᠦᠩᠭᠦᠨ | ᠭᠦᠢᠯᠭᠡᠭᠡᠨ ᠤ ᠬᠢᠮᠦᠷᠠᠯ ᠡᠭᠦᠰᠬᠦ ᠦᠭᠡᠢ ᠪᠠᠶᠢᠬᠤ ᠳᠤᠤᠷ᠎ᠠ ᠵᠠᠬ᠎ᠠ ᠶᠢ ᠪᠠᠲᠤᠯᠠᠪᠠ᠃ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠤᠴᠢᠷ ᠪᠤᠯᠤᠨ ᠨᠡᠶᠢᠭᠡᠮ ᠤᠨ ᠵᠦᠷᠢᠴᠡᠯ ᠢ ᠲᠦᠪᠯᠡᠷᠡᠭᠦᠯᠦᠨ ᠰᠢᠢᠳᠪᠦᠷᠢᠯᠡᠬᠦ ᠪᠠᠬᠢᠯᠡᠯᠲᠡ | ᠰᠢᠪᠲᠤᠯᠬᠤ ᠳᠠᠶᠢᠯᠠᠯᠳᠤᠭᠠᠨ ᠢ ᠦᠷᠨᠢᠭᠦᠯᠵᠦ᠂ ︽ᠭᠤᠷᠪᠠᠨ ᠲᠦᠷᠦᠯ ᠤᠨ ᠭᠤᠤᠯᠳᠠᠯᠭ᠎ᠠ ᠲᠠᠢ ᠬᠦᠮᠦᠰ︾ ᠤᠨ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠠᠶᠢᠲᠤᠷ ᠠᠳᠬᠤᠵᠤ᠂ ᠨᠢᠭᠡ ᠪᠦᠯᠦᠭ ᠤᠳᠠᠭᠠᠨ ᠳᠠᠷᠤᠭᠳᠠᠭᠰᠠᠨ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠴᠢᠷ ᠢ ᠰᠢᠢᠳᠪᠦᠷᠢᠯᠡᠪᠡ᠃ ᠴᠠᠯᠢᠩ ᠬᠦᠯᠦᠰᠦ ᠶᠢ ᠳᠠᠷᠤᠵᠤ | ᠬᠤᠶᠢᠰᠢᠯᠠᠭᠤᠯᠬᠤ ᠦᠵᠡᠭᠳᠡᠯ ᠢ ᠴᠡᠭᠴᠡᠯᠡᠨ᠂ ᠴᠠᠯᠢᠩ ᠢ ᠪᠠᠲᠤᠯᠠᠬᠤ ᠲᠤᠰᠬᠠᠢ ᠠᠵᠢᠯᠯᠠᠭᠠᠨ ᠢ ᠦᠷᠨᠢᠭᠦᠯᠪᠡ᠃ | ᠬᠠᠤᠯᠢ ᠶᠢ ᠵᠦᠷᠢᠴᠡᠵᠦ ᠶᠠᠯ᠎ᠠ ᠬᠢᠬᠦ ᠦᠵᠡᠭᠳᠡᠯ ᠢ ᠬᠠᠤᠯᠢ ᠶᠤᠰᠤᠭᠠᠷ ᠤᠷᠢᠳᠴᠢᠯᠠᠨ ᠰᠡᠷᠭᠡᠶᠢᠯᠡᠬᠦ ᠪᠠ ᠡᠷᠡᠰ | ᠴᠤᠬᠢᠯᠲᠠ ᠦᠭᠴᠦ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠶᠡᠬᠡᠲᠡ ᠨᠡᠮᠡᠭᠳᠡᠪᠡ᠃ | ᠦᠩᠭᠡᠷᠡᠭᠰᠡᠨ ᠨᠢᠭᠡ ᠵᠢᠯ ᠳᠤ᠂ ᠵᠠᠰᠠᠭ ᠤᠨ ᠤᠷᠳᠤᠨ ᠤ ᠰᠢᠰᠲ᠋ᠧᠮ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠤᠬᠠᠭᠤᠯᠤᠨ ᠲᠤᠤᠱᠯᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠵᠤ᠂ ᠨᠠᠮ ᠤᠨ ᠳᠦᠷᠢᠮ ᠲᠤᠭᠲᠠᠭᠠᠯ ᠢ ᠴᠢᠩᠭ᠎ᠠ ᠰᠠᠬᠢᠵᠤ᠂ ᠲᠦᠪ ᠪᠤᠯᠤᠨ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠵᠤ ᠲᠤᠰᠬᠠᠭᠰᠠᠨ ᠠᠰᠠᠭᠤᠳᠠᠯ ᠢ ᠢᠳᠡᠪᠬᠢᠲᠡᠢ ᠴᠡᠭᠴᠡᠯᠡᠨ | ᠵᠠᠰᠠᠵᠤ᠂ ︽ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ | ᠬᠦᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠤᠨ᠂ ︽ᠳᠦᠷᠪᠡᠨ ᠤᠬᠠᠮᠰᠠᠷ︾ ᠪᠤᠯᠤᠨ ︽ | ᠳᠦᠷᠪᠡᠨ ᠢᠲᠡᠭᠡᠯ︾ ᠢ ᠦᠷᠭᠦᠯᠵᠢᠯᠡᠨ ᠨᠡᠮᠡᠭᠳᠡᠭᠦᠯᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ᠂ 108 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ ᠪᠤᠯᠤᠨ 107 ᠬᠤᠪᠢ | ᠤᠯᠤᠰ ᠲᠦᠷᠦ ᠶᠢᠨ ᠵᠦᠪᠯᠡᠯᠭᠡᠨ ᠤ ᠳᠤᠷᠠᠳᠤᠯᠭ᠎ᠠ ᠶᠢ ᠪᠦᠬᠦᠨ ᠢ ᠬᠦᠯᠢᠶᠡᠨ ᠰᠢᠢᠳᠪᠦᠷᠢᠯᠡᠪᠡ᠃ ᠵᠠᠰᠠᠭ ᠤᠨ | ᠤᠷᠳᠤᠨ ᠤ ᠴᠢᠳᠠᠮᠵᠢ ᠶᠢ ᠬᠠᠤᠯᠢ ᠶᠤᠰᠤᠭᠠᠷ ᠬᠡᠷᠡᠭᠵᠢᠭᠦᠯᠵᠦ᠂ ᠠᠵᠢᠯ ᠤᠨ ᠳᠦᠷᠢᠮ ᠲᠤᠭᠲᠠᠭᠠᠯ ᠢ ᠳᠦᠷᠢᠮᠵᠢᠭᠦᠯᠦᠨ | ᠂ ᠴᠢᠬᠤᠯᠠ ᠶᠡᠭᠡ ᠵᠠᠰᠠᠭ ᠤᠨ ᠰᠢᠢᠳᠪᠦᠷᠢᠲᠦ ᠪᠤᠳᠤᠯᠭ᠎ᠠ ᠶᠢᠨ ᠬᠠᠤᠯᠢ ᠶᠤᠰᠤᠲᠤ ᠴᠢᠨᠠᠷ ᠤᠨ ᠬᠢᠨᠡᠨ ᠪᠠᠶᠢᠴᠠᠭᠠᠯᠲᠠ | ᠶᠢ ᠴᠢᠩᠭᠠᠳᠬᠠᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ ᠳᠡᠭᠡᠭᠰᠢᠯᠡᠪᠡ᠃ ︽ᠭᠤᠷᠪᠠ ᠶᠢ | ᠠᠳᠠᠯᠢᠳᠬᠠᠨ᠂ ᠨᠢᠭᠡ ᠶᠢ ᠴᠡᠭᠴᠡᠯᠡᠬᠦ︾ ᠠᠵᠢᠯᠯᠠᠭᠠᠨ ᠢ ᠦᠷᠨᠢᠭᠦᠯᠦᠨ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ | ᠪᠤᠯᠤᠨ ᠬᠢᠨᠠᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠨ᠂ ᠱᠠᠯᠠᠪᠳᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ | ᠴᠢᠩᠭ᠎ᠠ ᠠᠳᠬᠤᠵᠤ᠂ ᠵᠠᠰᠠᠭ ᠤᠨ ᠤᠷᠳᠤᠨ ᠤ ᠬᠡᠪ ᠰᠤᠷᠲᠠᠯ ᠤᠯᠠᠮ ᠨᠢᠭᠡ ᠠᠯᠬᠤᠮ ᠰᠠᠶᠢᠵᠢᠷᠠᠪᠠ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ ᠤᠯᠤᠭᠰᠠᠨ ᠠᠮᠵᠢᠯᠲᠠ ᠨᠢ ᠰᠢ ᠶᠢᠨ ᠫᠢᠩ | ᠶᠡᠷᠦᠩᠬᠡᠢ ᠱᠦᠵᠢ ᠪᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠶᠢ | ᠬᠠᠷᠠᠭᠠᠯᠵᠠᠭᠰᠠᠨ᠂ ᠵᠦᠪ ᠤᠨᠤᠪᠴᠢᠲᠠᠢ ᠰᠢᠢᠳᠪᠦᠷᠢ ᠶᠢᠨ ᠦᠷ᠎ᠡ ᠳ᠋ᠦᠩ ᠮᠦᠨ᠂ ᠲᠤᠭᠤᠷᠢᠭ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠨᠠᠷᠢᠨ ᠬᠢᠨᠠᠮᠠᠭᠠᠢ ᠬᠢᠨᠠᠵᠤ᠂ ᠪᠦᠬᠦ | ᠬᠦᠴᠦᠨ ᠢᠶᠠᠷ ᠳᠡᠮᠵᠢᠭᠰᠡᠨ ᠤ ᠦᠷ᠎ᠡ ᠳ᠋ᠦᠩ ᠮᠦᠨ᠂ ᠪᠦᠬᠦ ᠲᠤᠭᠤᠷᠢᠭ ᠤᠨ ᠦᠷᠭᠡᠨ ᠤᠯᠠᠨ ᠺᠠᠳ᠋ᠷ ᠤᠯᠠᠨ | ᠲᠦᠮᠡᠨ ᠤ ᠦᠨᠡᠨ ᠠᠴᠠ ᠵᠦᠪ ᠢ ᠡᠷᠢᠨ ᠤᠷᠤᠭᠰᠢᠯᠠᠵᠤ᠂ ᠬᠠᠲᠠᠭᠤᠵᠢᠯᠲᠠᠢ ᠴᠢᠷᠮᠠᠶᠢᠭᠰᠠᠨ ᠤ ᠦᠷ᠎ᠡ ᠳ᠋ᠦᠩ | ᠪᠤᠯᠤᠨ᠎ᠠ᠃ ᠠᠳᠡ ᠪᠢ ᠲᠤᠭᠤᠷᠢᠭ ᠤᠨ ᠵᠠᠰᠠᠭ ᠤᠨ ᠤᠷᠳᠤᠨ ᠢ ᠲᠦᠯᠦᠭᠡᠯᠡᠨ᠂ ᠬᠤᠩ ᠱᠠᠨ ᠲᠤᠭᠤᠷᠢᠭ ᠤᠨ | ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠳᠤ ᠬᠦᠴᠦᠨ ᠵᠢᠳᠬᠦᠯ ᠦᠵᠡᠭᠦᠯᠦᠭᠰᠡᠨ ᠨᠦᠬᠦᠳ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠤᠯᠵᠤ ᠬᠠᠷᠠᠬᠤ ᠶᠢᠨ ᠬᠠᠮᠲᠤ᠂ ᠪᠢᠳᠡ ᠮᠠᠨ ᠤ ᠲᠤᠭᠤᠷᠢᠭ ᠤᠨ ᠠᠵᠤ ᠠᠬᠤᠢ | ᠨᠡᠶᠢᠭᠡᠮ ᠤᠨ ᠬᠦᠭᠵᠢᠯᠲᠡ ᠳᠤ ᠤᠷᠤᠰᠢᠵᠤ ᠪᠠᠶᠢᠭ᠎ᠠ ᠨᠢᠭᠡ ᠪᠦᠯᠦᠭ ᠠᠰᠠᠭᠤᠳᠠᠯ ᠢ ᠰᠡᠷᠡᠵᠦ ᠮᠡᠳᠡᠪᠠ᠄ ᠠᠵᠤ | ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠦᠨᠳᠦᠷ ᠪᠢᠰᠢ᠂ ᠬᠦᠭᠵᠢᠯᠲᠡ ᠶᠢᠨ ᠠᠷᠭ᠎ᠠ ᠬᠡᠯᠪᠡᠷᠢ | ᠨᠢ ᠦᠨᠳᠦᠷ ᠴᠢᠨᠰᠠᠭ᠎ᠠ ᠪᠦᠬᠦᠢ ᠬᠦᠭᠵᠢᠯᠲᠡ ᠶᠢᠨ ᠱᠠᠭᠠᠷᠳᠠᠯᠭ᠎ᠠ ᠳᠤ ᠰᠠᠶᠢᠲᠤᠷ ᠵᠤᠬᠢᠴᠠᠵᠤ ᠴᠢᠳᠠᠬᠤ ᠦᠭᠡᠢ ᠪᠠᠶᠢᠬᠤ | ︔ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠳᠠᠭᠠᠭᠤᠯᠤᠭᠴᠢ | ᠦᠢᠯᠡᠳᠦᠯ ᠨᠢ ᠭᠦᠴᠦᠷᠬᠡᠭ ᠪᠤᠰᠤ᠂ ᠤᠯᠠᠮᠵᠢᠯᠠᠯᠲᠤ ᠠᠵᠤ ᠦᠢᠯᠡᠰ ᠤᠨ ᠤᠯᠠᠩᠬᠢ ᠨᠢ ᠦᠷᠲᠡᠭ ᠤᠨ | ᠬᠤᠯᠪᠤᠭᠠᠰᠤ ᠶᠢᠨ ᠳᠤᠤᠷ᠎ᠠ ᠦᠵᠦᠭᠦᠷ ᠲᠤ ᠤᠷᠤᠰᠢᠵᠤ᠂ ᠠᠵᠤ ᠦᠢᠯᠡᠰ ᠤᠨ ᠠᠭᠤᠰᠤᠯᠴᠠᠯ ᠬᠦᠭᠵᠢᠯᠲᠡ ᠶᠢᠨ ᠬᠢᠷᠢ | ᠬᠡᠮᠵᠢᠶ᠎ᠡ ᠨᠡᠯᠢᠶᠡᠳ ᠳᠤᠤᠷ᠎ᠠ︔ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠡᠭᠡ ᠢᠯᠡᠯᠲᠡ ᠶᠢ | ᠤᠯᠬᠤ ᠳᠤ ᠪᠠᠰᠠ ᠲᠤᠲᠠᠭᠳᠠᠯ ᠢᠶᠠᠨ ᠨᠦᠬᠦᠪᠦᠷᠢᠯᠡᠬᠦ ᠴᠢᠬᠤᠯᠠᠲᠠᠢ ᠪᠠᠶᠢᠬᠤ᠂ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ | ᠡᠭᠦᠳᠬᠦ ᠬᠦᠳᠡᠯᠭᠡᠭᠴᠢ ᠬᠦᠴᠦᠨ᠂ ᠡᠬᠢ ᠪᠠᠶᠠᠯᠢᠭ ᠤᠨ ᠤᠷᠴᠢᠨ ᠲᠤᠭᠤᠷᠢᠨ ᠤ ᠠᠴᠢᠶᠠᠯᠠᠬᠤ ᠴᠢᠳᠠᠪᠤᠷᠢ ᠬᠦᠷᠦᠯᠴᠡᠬᠦ | ᠦᠭᠡᠢ᠂ ︽ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠡᠭᠦᠷᠭᠡ ᠬᠦᠨᠳᠦ︔ | ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠡᠭᠦᠷᠭᠡ ᠨᠡᠯᠢᠶᠡᠳ ᠬᠦᠨᠳᠦ᠂ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ | ᠵᠡᠷᠭᠡ ᠬᠦᠷᠢᠶ᠎ᠡ ᠬᠡᠪᠴᠢᠶᠡᠨ ᠳᠤ ᠪᠠᠰᠠ ᠲᠤᠲᠠᠭᠳᠠᠯ ᠤᠷᠤᠰᠢᠵᠤ ᠪᠤᠢ︔ ᠵᠠᠰᠠᠭ ᠤᠨ ᠤᠷᠳᠤᠨ ᠤ ᠴᠡᠭᠴᠡᠯᠡᠨ ᠵᠠᠰᠠᠬᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠢ᠂ ᠬᠠᠷᠢᠭᠤᠴᠠᠯᠭᠠᠲᠤ ᠵᠤᠷᠢᠭ ᠰᠠᠨᠠᠭ᠎ᠠ᠂ ᠬᠡᠷᠡᠭᠵᠢᠭᠦᠯᠬᠦ | ᠴᠢᠳᠠᠪᠤᠷᠢ ᠰᠠᠶᠢᠨ ᠪᠢᠰᠢ ᠵᠡᠷᠭᠡ ᠠᠰᠠᠭᠤᠳᠠᠯ ᠳᠤᠪᠤᠶᠢᠮ᠎ᠠ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠶᠡᠭᠡ | ᠬᠦᠴᠦᠨ ᠢᠶᠠᠷ ᠵᠠᠰᠠᠨ ᠴᠡᠭᠴᠡᠯᠡᠵᠦ ᠰᠢᠢᠳᠪᠦᠷᠢᠯᠡᠬᠦ ᠪᠤᠯᠤᠨ᠎ᠠ᠃ | | | ᠦᠷᠭᠦᠯᠵᠢᠯᠡᠯ ᠪᠤᠢ |