2018 ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2018/5/9
        ᠬᠤᠶᠠᠷ᠂ 2018 ᠤᠨ ᠤ ᠭᠤᠤᠯ ᠠᠵᠢᠯ        2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠤᠨ᠂ ᠦᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠡᠭᠡ ᠢᠯᠠᠯᠲᠠ ᠤᠯᠬᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠵᠠᠯᠭᠠᠮᠵᠢᠯᠡᠨ ᠤᠯᠠᠮᠵᠢᠯᠠᠬᠤ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠃ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠤᠳᠤᠷᠢᠳᠤᠭᠤᠯᠤᠨ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠲᠠ ᠪᠤᠯᠤᠨ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠦᠨᠳᠦᠰᠦᠨ ᠰᠡᠳᠬᠢᠮᠵᠢ ᠶᠢ ᠪᠠᠷᠢᠮᠲᠠᠯᠠᠨ᠂ ᠨᠡᠶᠢᠭᠡᠮ  ᠤᠨ ᠭᠤᠤᠯ ᠵᠦᠷᠢᠴᠡᠯ ᠤᠨ ᠬᠤᠪᠢᠷᠠᠯᠲᠠ ᠶᠢ ᠴᠢᠩᠭ᠎ᠠ ᠡᠵᠡᠮᠳᠡᠨ᠂ ᠦᠨᠳᠦᠷ ᠴᠢᠨᠡᠷ ᠴᠢᠨᠰᠠᠭᠠᠲᠦ ᠭᠦᠭᠵᠢᠯᠲᠠ ᠶᠢᠨ ᠱᠠᠭᠠᠷᠳᠠᠯᠭ᠎ᠠ ᠶᠤᠰᠤᠭᠠᠷ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠵᠦ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠩᠭᠤᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ ᠪᠤᠯᠭᠠᠨ᠂ ᠭᠤᠤᠯᠳᠠᠯᠭ᠎ᠠ ᠶᠢ ᠠᠳᠬᠤᠵᠦ᠂ ᠲᠤᠲᠠᠭᠳᠠᠯ ᠢᠶᠠᠨ ᠨᠦᠬᠦᠪᠦᠷᠢᠯᠡᠨ᠂ ᠪᠠᠭᠤᠷᠠᠢ ᠲᠦᠷᠦᠯ ᠢ ᠭᠦᠴᠦᠷᠬᠡᠭᠵᠢᠭᠦᠯᠬᠦ ᠶᠢ ᠲᠤᠪᠤᠶᠢᠯᠭᠠᠵᠦ᠂ ᠲᠦᠷᠭᠡᠪᠴᠢᠯᠡᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ᠂ ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠤᠲᠠ ᠬᠦᠳᠡᠭᠡ ᠶᠢᠨ ᠠᠭᠤᠰᠤᠯᠴᠠᠯ ᠢ ᠠᠬᠢᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ︽ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠬᠦᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠭᠤᠷᠪᠠᠨ ᠵᠤᠷᠪᠤᠰ ᠳᠤᠤᠷ᠎ᠠ ᠵᠠᠬ᠎ᠠ ᠶᠢ ᠪᠠᠲᠤ ᠰᠠᠬᠢᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ 7.5% ᠤᠷᠴᠢᠮ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢᠨ ᠨᠡᠮᠡᠭᠳᠡᠯ 6% ᠤᠷᠴᠢᠮ᠂ ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 9% ᠤᠷᠴᠢᠮ᠂ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭᠠᠨ ᠤ ᠨᠡᠮᠡᠭᠳᠡᠯ8.5% ᠤᠷᠴᠢᠮ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ 8% ᠤᠷᠴᠢᠮ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ ᠪᠢᠳᠡ ᠳᠤᠤᠷᠠᠬᠢ ᠠᠵᠢᠯ ᠤᠳ ᠢ ᠰᠠᠶᠢᠲᠤᠷ ᠬᠢᠬᠦ ᠬᠡᠷᠡᠭᠲᠡᠢ᠄        ︵ᠨᠢᠭᠡ︶ ᠤᠳᠤ ᠦᠶ᠎ᠡ ᠶᠢᠨ ᠠᠵᠤ ᠠᠬᠤᠢ ᠶᠢᠨ ᠰᠢᠰᠲ᠋ᠧᠮ  ᠢ ᠲᠦᠷᠭᠡᠪᠴᠢᠯᠡᠨ ᠪᠠᠶᠢᠭᠤᠯᠤᠨ᠎ᠠ᠃ ᠪᠤᠳᠠᠲᠤ ᠠᠵᠤ ᠠᠬᠤᠢ ᠶᠢ ᠬᠠᠨᠳᠤᠯᠭ᠎ᠠ ᠲᠠᠢ ᠬᠦᠭᠵᠢᠭᠦᠯᠦᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ ᠪᠤᠯᠭᠠᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠬᠤᠪᠢᠰᠬᠠᠯ᠂ ᠦᠷ᠎ᠡ ᠠᠰᠢᠭ ᠤᠨ ᠬᠤᠪᠢᠰᠬᠠᠯ᠂ ᠬᠦᠳᠡᠯᠭᠡᠭᠴᠢ ᠬᠦᠴᠦᠨ ᠤ ᠬᠤᠪᠢᠰᠬᠠᠯ ᠢ ᠠᠬᠢᠭᠤᠯᠤᠨ᠂ ︽ᠢᠨᠲ᠋ᠧᠷ ᠰᠦᠯᠵᠢᠶ᠎ᠡ +︾ ᠠᠵᠢᠯᠯᠠᠭᠠᠨ ᠢ ᠶᠡᠭᠡ ᠬᠦᠴᠦᠨ ᠢᠶᠠᠷ ᠠᠬᠢᠭᠤᠯᠵᠤ᠂ ᠡᠯᠧᠮᠧᠨ᠋ᠲ ᠤᠨ ᠦᠨᠳᠦᠷ ᠠᠰᠢᠭᠲᠤ ᠤᠷᠤᠰᠬᠠᠯ᠂ ᠡᠷᠬᠡ ᠲᠡᠭᠰᠢ ᠲᠢᠭᠯᠢᠮᠲᠦ ᠦᠷᠢᠰᠦᠯᠳᠦᠭᠡᠨ᠂ ᠠᠮᠢᠵᠢᠷᠠᠯ ᠤᠨ ᠬᠦᠴᠦᠨ ᠪᠢᠯᠬᠠᠭᠰᠠᠨ ᠪᠢᠴᠢᠯ ᠭᠤᠤᠯ ᠴᠤᠭᠴᠠ ᠪᠦᠬᠦᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠶᠢᠨ ᠰᠢᠨ᠎ᠡ ᠶᠢ ᠡᠭᠦᠳᠬᠦ ᠬᠦᠴᠦᠨ ᠪᠤᠯᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃        1. ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠰᠡᠨ ᠠᠬᠢᠴᠠ ᠶᠢ ᠲᠦᠷᠭᠡᠳᠬᠡᠨ᠎ᠡ᠃ ᠨᠦᠭᠡᠴᠡ ᠶᠢ ᠨᠡᠮᠡᠭᠳᠡᠭᠦᠯᠬᠦ ᠪᠤᠯᠤᠨ ᠨᠡᠮᠡᠭᠳᠡᠯ ᠢ ᠳᠠᠶᠢᠴᠢᠯᠠᠬᠤ ᠶᠢ ᠵᠡᠷᠭᠡᠪᠡᠷ ᠪᠠᠷᠢᠮᠲᠠᠯᠠᠨ᠂ 73 ᠭᠤᠤᠯᠳᠠᠯᠭ᠎ᠠ ᠲᠠᠢ ᠲᠦᠷᠦᠯ ᠵᠦᠢᠯ ᠢ ᠲᠦᠯᠦᠪᠵᠢᠭᠦᠯᠦᠨ ᠨᠠᠶᠢᠳᠠᠪᠤᠷᠢᠵᠢᠭᠤᠯᠵᠤ᠂ ᠤᠨ ᠤ ᠪᠡᠯᠡ ᠤᠷᠤᠭᠤᠯᠤᠯᠲᠠ 62 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 10 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ  7.5% ᠤᠷᠴᠢᠮ ᠨᠡᠮᠡᠭᠳᠡᠪᠡ᠃ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠶᠢᠨ ᠵᠢᠶᠠᠨ ᠬᠦᠷᠡᠯ ᠤᠨ ᠦᠢᠯᠡᠰ ᠢ ᠨᠡᠭᠦᠯᠭᠡᠨ ᠴᠢᠳᠠᠮᠵᠢ ᠶᠢ ᠦᠷᠭᠡᠳᠬᠡᠬᠦ ᠪᠤᠯᠤᠨ ᠶᠤᠸᠠᠨ ᠯᠢᠶᠠᠨ ᠪᠤᠯᠤᠳ ᠲᠡᠮᠦᠷ ᠤᠨ ᠮᠡᠷᠭᠡᠵᠢᠯ ᠢ ᠦᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠤᠯᠠᠭᠠᠨᠬᠠᠳᠠ ᠶᠢᠨ ᠡᠮ ᠤᠨ ᠦᠢᠯᠡᠰ ᠬᠤᠲᠠ ᠠᠴᠠ ᠤᠬᠤᠷᠢᠨ ᠬᠦᠷᠢᠶᠡᠯᠡᠩ ᠳᠤ ᠤᠷᠤᠵᠤ᠂ ᠲᠢᠶᠠᠨᠵᠢᠨ ᠤ ᠪᠦ᠋ ᠴᠢ ᠡᠮ ᠤᠨ ᠦᠢᠯᠡᠰ ᠭᠧ ᠯᠢᠨ ᠲᠧ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠴᠤᠭᠴᠠ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ ᠬᠦᠭᠵᠢᠯᠲᠡ ᠶᠢ ᠪᠤᠵᠠᠭᠠᠶᠢᠷᠠᠭᠤᠯᠬᠤ ᠵᠤᠷᠢᠭᠵᠢᠭᠤᠯᠤᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠢᠨ᠎ᠡ ᠡᠮ ᠰᠤᠳᠤᠯᠤᠨ ᠪᠦᠲᠦᠭᠡᠬᠦ ᠪᠤᠯᠤᠨ ᠳᠠᠭᠤᠷᠢᠶᠠᠮᠠᠯ ᠡᠮ ᠤᠨ ᠤᠭ ᠡᠮ ᠲᠠᠢ ᠨᠢᠭᠡᠲᠦᠯᠲᠡᠢ ᠴᠢᠨᠠᠷ ᠤᠨ ᠦᠨᠡᠯᠡᠯᠲᠡ᠂ ᠲᠠᠲᠠᠨ ᠤᠷᠤᠭᠤᠯᠬᠤ᠂ ᠬᠤᠯᠪᠤᠭᠠᠯᠠᠬᠤ᠂ ᠲᠠᠬᠢᠨ ᠵᠤᠬᠢᠶᠠᠨ ᠪᠠᠶᠢᠭᠤᠯᠬᠤ ᠪᠤᠯᠤᠨ ᠮᠡᠷᠭᠡᠵᠢᠯ ᠢ ᠦᠭᠡᠷᠡᠴᠢᠯᠡᠵᠦ ᠦᠷᠭᠡᠳᠬᠡᠨ ᠪᠠᠶᠢᠭᠤᠯᠬᠤ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ ᠨᠦᠭᠡᠴᠡ ᠬᠦᠴᠦᠨ ᠢ ᠨᠡᠮᠡᠭᠳᠡᠭᠦᠯᠬᠦ ᠶᠢ ᠠᠬᠢᠭᠤᠯᠤᠨ᠎ᠠ᠃ ︽ᠳ᠋ᠦᠩ ᠯᠢ ᠨᠤᠤᠰᠤᠨ ᠦᠢᠯᠡᠰ︾ ᠢ ᠤᠯᠤᠰ ᠤᠨ ᠨᠡᠷᠡᠲᠦ ᠲᠠᠸᠠᠷ ᠤᠨ ᠲᠡᠮᠳᠡᠭᠲᠦ ᠪᠤᠯᠭᠠᠬᠤ ᠪᠠᠷ ᠴᠢᠷᠮᠠᠶᠢᠨ᠎ᠠ᠃ ᠶᠤᠸᠠᠨ ᠯᠢᠶᠠᠨ ᠪᠤᠯᠤᠳ ᠲᠡᠮᠦᠷ᠂ ᠰᠠᠢ ᠯᠢᠨ ᠲᠠᠢ ᠡᠮ ᠤᠨ ᠦᠢᠯᠡᠰ ᠵᠡᠷᠭᠡ 5 ᠡᠷᠦᠬᠡ ᠠᠵᠤ ᠠᠬᠤᠶᠢᠯᠠᠯ  ᠤᠨ ᠡᠯᠧᠺᠲᠷᠤᠨ ᠦᠢᠯᠡᠳᠪᠦᠷᠢ ᠶᠢᠨ ᠲᠠᠰᠤᠭ ᠢ ᠪᠠᠶᠢᠭᠤᠯᠤᠨ᠎ᠠ᠃ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠲᠦᠸᠧ ᠵᠢᠶᠠ ᠡᠯᠧᠺᠲᠷᠤᠨ ᠠᠵᠤ ᠦᠢᠯᠡᠰ ᠤᠨ ᠬᠦᠷᠢᠶᠡᠯᠡᠩ ᠢ ᠲᠦᠷᠭᠡᠪᠴᠢᠯᠡᠨ ᠪᠠᠶᠢᠭᠤᠯᠵᠤ᠂ ᠠᠢ ᠵᠢᠩ ᠡᠯᠧᠺᠲᠷᠤᠨ᠂ ᠵᠢᠶᠠ ᠵᠤᠤ ᠴᠠᠬᠢᠯᠭᠠᠨ ᠬᠡᠯᠬᠢᠶ᠎ᠡ ᠵᠡᠷᠭᠡ ᠰᠢᠩᠭᠡᠨ ᠲᠠᠯᠠᠰᠲᠤ ᠦᠵᠡᠭᠦᠯᠦᠭᠦᠷ ᠤᠨ ᠢᠯᠭᠠᠨ ᠳᠤᠳᠤᠯᠠᠭᠰᠡᠨ ᠪᠦᠬᠦ ᠠᠵᠤ ᠦᠢᠯᠡᠰ ᠤᠨ ᠬᠡᠯᠬᠢᠶᠡᠨ ᠤ ᠲᠦᠷᠦᠯ ᠵᠦᠢᠯ ᠢ ᠬᠡᠷᠡᠭᠵᠢᠭᠦᠯᠵᠦ᠂ ᠵᠢᠩ ᠳ᠋ᠦᠩ ᠹᠠᠩ᠂ ᠰᠢᠶᠤᠤ ᠮᠢ ᠵᠡᠷᠭᠡ ᠠᠵᠤ ᠦᠢᠯᠡᠰ ᠲᠠᠢ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠪᠤᠷᠤᠯᠠᠭᠤᠯᠭ᠎ᠠ ᠶᠢᠨ ᠤᠷᠤᠯᠭ᠎ᠠ ᠶᠢ 11 ᠳ᠋ᠦᠩᠰᠢᠭᠤᠷ ᠲᠦᠭᠦᠷᠢᠭ ᠬᠦᠷᠭᠡᠨ᠎ᠡ᠃ ᠲᠠᠢ ᠯᠢᠩ ᠬᠠᠢ ᠴᠤᠸᠠᠩ ᠠᠮᠢᠳᠤ ᠪᠤᠳᠠᠰ ᠤᠨ ᠰᠢᠨᠵᠢᠯᠡᠭᠡᠨ ᠤ ᠬᠦᠷᠢᠶᠡᠯᠡᠩ ᠢ ᠪᠠᠶᠢᠭᠤᠯᠵᠤ᠂ ᠭᠧᠨ ᠤ ᠨᠤᠲᠠᠯᠠᠯᠲᠠ᠂ ᠴᠢᠭᠯᠡᠭᠦᠯᠦᠯᠲᠦ ᠡᠮᠴᠢᠯᠡᠨ ᠵᠠᠰᠠᠬᠤ᠂ ᠤᠭᠤᠷᠠᠭᠲᠦ ᠤᠯᠠᠨ ᠫᠧᠫᠲ᠋ᠢᠳ᠋ ᠵᠡᠷᠭᠡ 8 ᠠᠵᠤ ᠦᠢᠯᠡᠰᠵᠢᠭᠰᠡᠨ ᠲᠦᠷᠦᠯ ᠵᠦᠢᠯ ᠢ ᠬᠡᠷᠡᠭᠵᠢᠭᠦᠯᠦᠨ᠎ᠡ᠃ ᠤᠳᠤ ᠦᠶ᠎ᠡ ᠶᠢᠨ ᠮᠤᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠢ ᠢᠳᠡᠪᠬᠢᠲᠡᠢ ᠬᠦᠭᠵᠢᠭᠦᠯᠦᠨ᠂ ᠲᠢᠶᠠᠨ ᠴᠢ ᠬᠢᠲᠠᠳ ᠮᠤᠩᠭᠤᠯ ᠡᠮ ᠤᠨ ᠮᠦᠽᠸᠢ᠂ ᠫᠦ᠋ ᠺᠠᠩ ᠮᠤᠩᠭᠤᠯ ᠬᠢᠲᠠᠳ ᠡᠮ ᠤᠨ ᠵᠤᠷ ᠤᠨ ᠦᠷᠡᠯ ᠵᠡᠷᠭᠡ ᠲᠦᠷᠦᠯ ᠵᠦᠢᠯ ᠢ ᠠᠬᠢᠭᠤᠯᠤᠨ᠎ᠠ᠃ ᠹᠦ᠋ ᠯᠧ ᠠᠯᠺᠧᠨ ᠪᠤᠯᠤᠨ ᠱᠢ ᠮᠦᠸᠧ ᠠᠯᠺᠧᠨ ᠤ ᠠᠵᠤ ᠦᠢᠯᠡᠰᠵᠢᠭᠰᠡᠨ ᠰᠠᠭᠤᠷᠢᠨ ᠢ ᠪᠠᠶᠢᠭᠤᠯᠵᠤ᠂ ᠰᠢᠨ᠎ᠡ ᠮᠠᠲ᠋ᠧᠷᠢᠶᠠᠯ ᠤᠨ ᠠᠮᠢᠳᠤ ᠪᠤᠳᠠᠰ ᠤᠨ ᠡᠮ᠂ ᠮᠤᠩᠭᠤᠯ ᠡᠮ ᠤᠨ ᠰᠢᠨ᠎ᠡ ᠶᠢ ᠡᠭᠦᠳᠬᠦ ᠵᠡᠷᠭᠡ ᠬᠦᠷᠢᠶ᠎ᠡ ᠬᠡᠪᠴᠢᠶᠡᠨ ᠤ ᠬᠡᠷᠡᠭᠯᠡᠯᠲᠡ ᠶᠢ ᠦᠷᠭᠡᠳᠬᠡᠨ᠎ᠡ᠃ ᠬᠤᠸᠠ ᠸᠧᠢ᠂ ᠨᠦᠸᠧ ᠵᠢᠢ ᠶᠠ ᠵᠡᠷᠭᠡ ᠠᠵᠤ ᠦᠢᠯᠡᠰ ᠢ ᠲᠠᠲᠠᠨ ᠤᠷᠤᠭᠤᠯᠵᠤ᠂ ᠲᠤᠭ᠎ᠠ ᠪᠠᠷᠢᠮᠲᠠ ᠶᠢ ᠡᠮᠬᠢᠳᠬᠡᠬᠦ᠂ ᠲᠤᠭ᠎ᠠ ᠪᠠᠷᠢᠮᠲᠠ ᠶᠢ ᠠᠭᠤᠳᠠᠯᠠᠬᠤ ᠵᠡᠷᠭᠡ ᠠᠵᠤ ᠦᠢᠯᠡᠰ ᠤᠨ ᠭᠤᠤᠯᠯᠠᠭᠴᠢ ᠶᠢ ᠰᠢᠯᠢᠳᠡᠭᠵᠢᠭᠦᠯᠵᠦ᠂ ᠡᠯᠧᠺᠲᠷᠤᠨ ᠬᠤᠳᠠᠯᠳᠤᠭ᠎ᠠ᠂ ᠦᠵᠦᠭᠦᠷ ᠤᠨ ᠪᠦᠲᠦᠭᠡᠭᠳᠡᠭᠦᠨ ᠢ ᠦᠢᠯᠡᠳᠬᠦ ᠵᠡᠷᠭᠡ ᠬᠤᠯᠪᠤᠭᠳᠠᠯ ᠪᠦᠬᠦᠢ ᠠᠵᠤ ᠦᠢᠯᠡᠰ ᠢ ᠰᠠᠶᠢᠲᠤᠷ ᠡᠵᠡᠩᠨᠡᠵᠦ᠂ ᠶᠡᠭᠡ ᠳ᠋ᠠᠶᠢᠲ᠋ᠠ ᠶᠢᠨ ᠠᠵᠤ ᠦᠢᠯᠡᠰ ᠤᠨ ᠰᠤᠯᠢᠯᠴᠠᠭᠠᠨ ᠤ ᠲᠤᠭ᠎ᠠ ᠶᠢᠨ ᠨᠡᠮᠡᠭᠳᠡᠯ ᠢ 40% ᠬᠦᠷᠭᠡᠨ᠎ᠡ᠃ ᠬᠦᠷᠢᠶᠡᠯᠡᠩ ᠲᠤᠭᠤᠷᠢᠭ ᠢ ᠮᠠᠨᠳᠤᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠬᠦᠷᠢᠶᠡᠯᠡᠩ ᠤᠨ ᠲᠦᠯᠦᠪᠵᠢᠭᠦᠯᠭᠡ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠱᠢ ᠯᠧ ᠺᠠᠩ᠂ ᠳ᠋ᠢ ᠨᠠ ᠵᠡᠷᠭᠡ ᠢᠳᠡᠭᠡᠨ ᠪᠤᠯᠪᠠᠰᠤᠷᠠᠭᠤᠯᠬᠤ ᠠᠵᠤ ᠦᠢᠯᠡᠰ ᠢ ᠨᠡᠭᠦᠯᠭᠡᠨ ᠳᠡᠰ ᠳᠡᠪᠰᠢᠭᠦᠯᠵᠦ᠂ ᠦᠢᠯᠡᠳᠪᠦᠷᠢᠯᠡᠯ ᠵᠤᠭᠰᠤᠭᠰᠠᠨ ᠪᠤᠶᠤ ᠬᠠᠭᠠᠰ ᠵᠤᠭᠰᠤᠭᠰᠠᠨ ᠠᠵᠤ ᠠᠬᠤᠶᠢᠯᠠᠯ ᠢ ᠠᠮᠢᠯᠠᠭᠤᠯᠤᠨ ᠢᠳᠡᠪᠬᠢᠵᠢᠭᠦᠯᠵᠦ᠂ ᠦᠪᠡᠷᠲᠡᠭᠡᠨ ᠬᠠᠩᠭᠠᠬᠤ ᠴᠠᠬᠢᠯᠭᠠᠨ ᠦᠢᠯᠡᠳᠪᠦᠷᠢ ᠶᠢ ᠡᠵᠡᠩᠨᠡᠯᠲᠡ ᠡᠬᠢᠯᠡᠭᠦᠯᠵᠦ᠂ ᠢᠵᠢ ᠪᠦᠷᠢᠳᠦᠭᠰᠡᠨ ᠦᠢᠯᠡᠴᠢᠯᠡᠭᠡᠨ ᠤ ᠤᠷᠤᠨ ᠢ ᠡᠬᠢᠯᠡᠨ ᠪᠦᠲᠦᠭᠡᠨ ᠪᠠᠶᠢᠭᠤᠯᠵᠤ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ  ᠪᠤᠯᠵᠤ ᠳᠡᠰ ᠳᠡᠪᠰᠢᠬᠦ ᠶᠢ ᠪᠠᠲᠤᠯᠠᠨ᠎ᠠ᠃ ᠪᠤᠬᠢᠷᠳᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠴᠢᠩᠭᠠᠳᠬᠠᠨ᠂ ᠴᠠᠬᠢᠯᠭᠠᠨ ᠬᠠᠩᠭᠠᠬᠤ᠂ ᠤᠰᠤ ᠬᠠᠩᠭᠠᠬᠤ ᠂ ᠢᠯᠴᠢ ᠬᠠᠩᠭᠠᠬᠤ᠂ ᠳᠤᠯᠠᠭᠠᠯᠠᠭ᠎ᠠ ᠬᠠᠩᠭᠠᠬᠤ᠂ ᠴᠢᠮᠡᠭᠡ ᠨᠡᠪᠲᠡᠷᠡᠯᠭᠡ ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠯᠧᠺᠲᠷᠤᠨ ᠬᠤᠳᠠᠯᠳᠤᠭᠠᠨ ᠤ ᠲᠠᠪᠴᠠᠩ ᠳᠤ ᠪᠦᠷᠢᠳᠬᠡᠭᠦᠯᠬᠦ ᠶᠢ ᠳᠡᠮᠵᠢᠨ᠂ ᠦᠪᠡᠷᠲᠡᠭᠡᠨ ᠵᠠᠰᠠᠬᠤ ᠤᠷᠤᠨ ᠤ ᠳᠡᠰ ᠤᠨ ᠬᠦᠷᠢᠶᠡᠯᠡᠩ ᠲᠤᠭᠤᠷᠢᠭ  ᠪᠤᠯᠵᠤ ᠳᠡᠰ ᠳᠡᠪᠰᠢᠬᠦ ᠠᠵᠢᠯ ᠢ ᠡᠬᠢᠯᠡᠭᠦᠯᠦᠨ᠎ᠡ᠃        2. ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠎ᠡ᠃ ᠳᠤᠮᠳᠠ ᠦᠨᠳᠦᠷ ᠳᠡᠰ ᠤᠨ ᠬᠡᠷᠡᠭᠯᠡᠭᠡᠨ᠂ ᠰᠢᠨ᠎ᠡ ᠶᠢ ᠡᠭᠦᠳᠬᠦ ᠬᠦᠲᠦᠴᠢ᠂ ᠪᠤᠬᠢᠷᠳᠤᠯ ᠦᠭᠡᠢ ᠳᠤᠤᠷ᠎ᠠ ᠨᠡᠭᠦᠷᠡᠰᠦᠲᠦ᠋ᠷᠦᠭᠴᠢᠲᠦ᠂ ᠠᠵᠤ ᠠᠬᠤᠢ ᠶᠢ ᠬᠠᠮᠲᠤᠪᠡᠷ ᠡᠳ᠋ᠯᠡᠬᠦ᠂ ᠤᠳᠤ ᠦᠶ᠎ᠡ ᠶᠢᠨ ᠬᠠᠩᠭᠠᠯᠭ᠎ᠠ ᠶᠢᠨ ᠬᠡᠯᠬᠢᠶ᠎ᠡ᠂ ᠬᠦᠮᠦᠨ ᠤ ᠬᠦᠴᠦᠨ ᠤ ᠬᠦᠷᠦᠩᠭᠡ ᠶᠢᠨ ᠦᠢᠯᠡᠴᠢᠯᠡᠭᠡ ᠵᠡᠷᠭᠡ ᠬᠠᠯᠠᠮᠰᠢᠯ ᠬᠦᠷᠢᠶ᠎ᠡ ᠬᠡᠪᠴᠢᠶᠡᠨ ᠳᠤ ᠴᠢᠭᠯᠡᠭᠦᠯᠦᠨ᠂ ᠪᠠᠷᠠᠭᠠᠨ ᠭᠦᠢᠯᠭᠡᠭᠡᠨ᠂ ᠵᠢᠭᠤᠯᠴᠢᠯᠠᠯ᠂ ᠰᠤᠶᠤᠯ᠂ ᠡᠷᠡᠭᠦᠯ ᠴᠢᠬᠢᠷᠠᠭ ᠵᠡᠷᠭᠡ ᠠᠵᠤ ᠦᠢᠯᠡᠰ ᠢ ᠶᠡᠭᠡ ᠬᠡᠪᠴᠢᠶ᠎ᠡ ᠪᠠᠷ ᠬᠦᠴᠦᠯᠡᠨ ᠪᠠᠶᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠢ ᠲᠤᠰᠬᠠᠶᠢᠵᠢᠭᠤᠯᠬᠤ ᠪᠠ ᠦᠷᠲᠡᠭ ᠤᠨ ᠬᠡᠯᠬᠢᠶᠡᠰᠦ ᠶᠢᠨ ᠳᠡᠭᠡᠳᠦ ᠦᠵᠦᠭᠦᠷ ᠲᠡᠶᠢᠰᠢ ᠦᠷᠭᠡᠳᠬᠡᠬᠦ ᠶᠢ ᠠᠬᠢᠭᠤᠯᠤᠨ᠂ ᠠᠮᠢᠳᠤᠷᠠᠯ ᠤᠨ ᠲᠠᠯ᠎ᠠ ᠶᠢᠨ ᠦᠢᠯᠡᠴᠢᠯᠡᠭᠡᠨ ᠢ ᠨᠠᠷᠢᠯᠢᠭᠵᠢᠭᠤᠯᠬᠤ ᠪᠠ ᠴᠢᠨᠠᠷ ᠰᠠᠶᠢᠲᠠᠢ ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠦᠪᠦᠷ ᠮᠤᠩᠭᠤᠯ ᠤᠨ ᠵᠡᠭᠦᠨ ᠬᠡᠰᠡᠭ᠂ ᠡᠾᠧᠪᠸᠢ ᠶᠢᠨ ᠤᠮᠠᠷᠠᠲᠤ ᠬᠡᠰᠡᠭ᠂ ᠯᠢᠶᠤᠤᠨᠢᠩ ᠤᠨ ᠪᠠᠷᠠᠭᠤᠨ ᠬᠡᠰᠡᠭ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠭᠦᠢᠯᠭᠡᠭᠡᠨ ᠤ ᠲᠦᠪ ᠪᠤᠯᠤᠭᠰᠠᠨ ᠤ ᠬᠤᠪᠢ ᠳᠤ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠤᠨ᠂ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ᠂ ᠬᠦᠢᠲᠡᠨ ᠬᠡᠯᠬᠢᠶᠡᠨ ᠤ ᠪᠠᠷᠠᠭᠠᠨ ᠭᠦᠢᠯᠭᠡᠭᠡᠨ᠂ ᠡᠯᠧᠺᠲᠷᠤᠨ ᠬᠤᠳᠠᠯᠳᠤᠭᠠᠨ ᠤ ᠪᠠᠷᠠᠭᠠᠨ ᠭᠦᠢᠯᠭᠡᠭᠡᠨ ᠵᠡᠷᠭᠡ ᠰᠢᠨ᠎ᠡ ᠠᠵᠤ ᠦᠢᠯᠡᠰ ᠤᠨ ᠲᠦᠯᠦᠪ ᠢ ᠰᠠᠶᠢᠲᠤᠷ ᠬᠢᠵᠦ᠂ ᠪᠤᠯᠤᠳ ᠮᠠᠲ᠋ᠧᠷᠢᠶᠠᠯ ᠤᠨ ᠬᠤᠲᠠ᠂ ᠴᠢᠯᠠᠭᠤᠨ ᠮᠠᠲ᠋ᠧᠷᠢᠶᠠᠯ ᠤᠨ ᠬᠤᠲᠠ ᠶᠢᠨ ᠠᠷᠠᠯᠵᠢᠶᠠᠴᠢᠨ ᠤᠷᠢᠵᠤ ᠡᠵᠡᠩᠨᠡᠬᠦ ᠠᠯᠬᠤᠴᠠ ᠶᠢ ᠲᠦᠷᠭᠡᠳᠬᠡᠨ᠂ ᠪᠡᠯᠡᠨ ᠲᠠᠸᠠᠷ ᠤᠨ ᠰᠤᠯᠢᠯᠴᠠᠭᠠᠨ ᠤ ᠲᠦᠪ ᠢ ᠳᠦᠷᠢᠮᠵᠢᠭᠦᠯᠦᠨ ᠬᠦᠭᠵᠢᠭᠦᠯᠵᠦ᠂ ᠲᠦᠷᠭᠡᠨ ᠭᠤᠪᠢᠭᠤᠯᠭ᠎ᠠ ᠶᠢᠨ ᠠᠵᠤ ᠦᠢᠯᠡᠰ ᠤᠨ ᠬᠦᠷᠢᠶᠡᠯᠡᠩ ᠠᠵᠢᠯ ᠳᠠᠭᠤᠰᠤᠨ ᠡᠵᠡᠩᠨᠡᠬᠦ ᠶᠢ ᠬᠦᠴᠦᠯᠡᠨ ᠠᠬᠢᠭᠤᠯᠵᠤ᠂ ᠬᠤᠷᠠᠯ ᠦᠵᠡᠭᠦᠯᠭᠡ ᠶᠢᠨ ᠲᠦᠪ ᠢ ᠪᠤᠶᠢᠵᠢᠭᠤᠯᠤᠨ᠂ ᠬᠤᠷᠠᠯ ᠦᠵᠡᠭᠦᠯᠭᠡ ᠶᠢᠨ ᠨᠡᠷᠡᠲᠦ ᠲᠡᠮᠳᠡᠭᠲᠦ ᠶᠢ ᠴᠤᠭᠴᠠᠯᠠᠵᠤ᠂ ᠤᠷᠤᠨ ᠬᠡᠪᠴᠢᠶᠡᠨ ᠤ ᠴᠢᠨᠠᠷᠲᠠᠢ ᠲᠠᠸᠠᠷ ᠤᠨ ᠲᠦᠪᠯᠡᠷᠡᠭᠦᠯᠦᠨ ᠲᠠᠷᠬᠠᠭᠠᠬᠤ᠂ ᠬᠤᠪᠢᠶᠠᠷᠢᠯᠠᠬᠤ᠂ ᠬᠤᠷᠠᠯ ᠦᠵᠡᠭᠦᠯᠭᠡ ᠶᠢᠨ ᠴᠢᠳᠠᠮᠵᠢ ᠶᠢ ᠳᠡᠭᠡᠭᠰᠢᠯᠡᠭᠦᠯᠦᠨ᠂ ᠰᠤᠯᠢᠯᠴᠠᠭᠠᠨ ᠤ ᠭᠦᠢᠯᠭᠡᠭᠡᠨ ᠤ ᠲᠤᠭ᠎ᠠ ᠶᠢ 500 ᠳ᠋ᠦᠩᠰᠢᠭᠤᠷ ᠲᠦᠭᠦᠷᠢᠭ ᠢ ᠳᠠᠪᠠᠭᠤᠯᠤᠨ᠎ᠠ᠃ ︽ᠨᠢᠭᠡ ᠲᠤᠭᠤᠷᠢᠭ ᠬᠤᠶᠠᠷ ᠬᠦᠷᠢᠶᠡᠯᠡᠩ︾ ᠤᠨ ᠬᠦᠭᠵᠢᠯᠲᠡ ᠶᠢᠨ ᠲᠦᠯᠦᠪᠵᠢᠭᠦᠯᠭᠡ ᠶᠤᠰᠤᠭᠠᠷ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ ᠢ ᠡᠷᠡᠮᠡᠯᠵᠡᠨ ᠪᠠᠶᠢᠭᠤᠯᠬᠤ ᠠᠯᠬᠤᠴᠠ ᠪᠠᠨ ᠲᠦᠷᠭᠡᠳᠬᠡᠵᠦ᠂ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠲᠦᠷ ᠴᠠᠭ ᠤᠨ ᠭᠠᠳᠠᠭᠰᠢ ᠨᠡᠭᠡᠭᠡᠯᠲᠡ ᠬᠢᠬᠦ ᠡᠷᠬᠡ ᠶᠢ ᠲᠡᠮᠡᠴᠡᠨ ᠤᠯᠵᠤ᠂ ᠠᠮᠤ ᠪᠤᠳᠠᠭ᠎ᠠ᠂ ᠮᠤᠳᠤᠨ ᠮᠠᠲ᠋ᠧᠷᠢᠶᠠᠯ᠂ ᠮᠠᠰᠢᠨ ᠲᠡᠷᠭᠡ ᠭᠠᠳᠠᠭᠠᠳᠤ ᠠᠴᠠ ᠤᠷᠤᠭᠤᠯᠬᠤ ᠭᠠᠷᠠᠮ ᠪᠤᠯᠤᠨ ᠠᠽᠢᠶ᠎ᠠ ᠲᠢᠪ ᠤᠨ ᠨᠤᠤᠰᠤᠨ ᠤ ᠬᠤᠪᠢᠶᠠᠷᠢ ᠪᠤᠷᠤᠯᠠᠭᠤᠯᠭ᠎ᠠ ᠶᠢᠨ ᠲᠦᠪ ᠢ ᠪᠠᠶᠢᠭᠤᠯᠤᠨ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠪᠤᠯᠤᠨ ᠰᠦᠯᠵᠢᠶᠡᠨ ᠪᠤᠷᠤᠯᠠᠭᠤᠯᠭ᠎ᠠ ᠶᠢᠨ ᠭᠠᠶᠢᠯᠢ ᠪᠠᠲᠤᠯᠠᠬᠤ ᠠᠵᠢᠯ ᠶᠠᠪᠤᠳᠠᠯ ᠢ ᠬᠦᠭᠵᠢᠭᠦᠯᠵᠦ᠂ ᠳᠤᠮᠳᠠᠳᠤ ᠡᠸᠦ᠋ᠷᠦᠫᠡ ︵ᠤᠯᠠᠭᠠᠨᠬᠠᠳᠠ ᠮᠠᠨᠵᠤᠤᠷ ᠡᠸᠦ᠋ᠷᠦᠫᠡ︶ ᠶᠢᠨ ᠡᠭᠡᠯᠵᠢ ᠶᠢᠨ ᠭᠠᠯᠲᠤ ᠶᠢᠨ ᠬᠤᠤᠰ ᠤᠷᠤᠰᠬᠠᠯ ᠢ ᠪᠠᠶᠢᠩᠭᠤᠵᠢᠭᠤᠯᠤᠨ ᠡᠵᠡᠩᠨᠡᠬᠦ ᠶᠢ ᠠᠬᠢᠭᠤᠯᠤᠨ ᠂ ᠲᠦᠪ ᠠᠷᠠᠯᠵᠢᠶᠠᠨ ᠤ ᠲᠤᠭ᠎ᠠ ᠶᠢ ᠲᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠠᠢ ᠮᠸᠢ ᠤᠯᠠᠨ ᠤᠯᠤᠰ ᠤᠨ ᠠᠭᠤᠳᠠᠮ ᠲᠠᠯᠠᠪᠠᠢ᠂ ᠸᠧᠢ ᠳ᠋ᠦᠸᠧ ᠯᠢ ᠮᠦᠸᠧ ᠡᠯ ᠴᠧᠩ᠂ ᠵᠦᠩ ᠯᠢᠶᠠᠨ ᠠᠭᠤᠳᠠᠮ ᠲᠠᠯᠠᠪᠠᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠤᠭᠴᠠ ᠶᠢ ᠪᠠᠶᠢᠭᠤᠯᠵᠤ᠂ ᠯᠦᠩ ᠲᠧᠩ ᠤᠯᠠᠨ ᠤᠯᠤᠰ ᠤᠨ ᠠᠭᠤᠳᠠᠮ ᠲᠠᠯᠠᠪᠠᠢ ᠶᠢ ᠡᠬᠢᠯᠡᠨ ᠡᠵᠡᠩᠨᠡᠬᠦ ᠶᠢ ᠬᠦᠴᠦᠯᠡᠨ ᠠᠬᠢᠭᠤᠯᠤᠨ᠎ᠠ᠃ ᠶᠠᠪᠠᠭᠠᠨ ᠵᠡᠭᠡᠯᠢ ᠶᠢᠨ ᠭᠤᠤᠯᠯᠠᠭᠴᠢ ᠠᠵᠤ ᠠᠬᠤᠶᠢᠯᠠᠯ ᠤᠨ ᠲᠤᠭᠤᠷᠢᠨ ᠳᠤ᠂ ᠰᠢᠨ᠎ᠡ ᠬᠡᠰᠡᠭᠯᠡᠨ ᠪᠤᠷᠤᠯᠠᠭᠤᠯᠬᠤ ᠬᠤᠳᠠᠯᠳᠤᠭᠠᠨ ᠤ ᠬᠡᠯᠪᠡᠷᠢ ᠶᠢ ᠴᠤᠭᠴᠠᠯᠠᠨ᠂ ᠶᠠᠪᠠᠭᠠᠨ ᠵᠡᠭᠡᠯᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠳᠠᠶᠢᠴᠢᠯᠠᠨ᠎ᠠ᠃ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠬᠤᠶᠠᠳᠤᠭᠠᠷ ᠬᠤᠭᠤᠴᠠᠭ᠎ᠠ᠂ ᠯᠢ ᠹᠧᠩ ᠭᠠᠷ ᠳᠠᠮᠵᠢᠭᠰᠠᠨ ᠮᠠᠰᠢᠨ ᠤ ᠰᠤᠯᠢᠯᠴᠠᠭᠠᠨ ᠤ ᠵᠠᠬ᠎ᠠ ᠶᠢᠨ ᠪᠠᠶᠢᠭᠤᠯᠤᠯᠲᠠ ᠶᠢ ᠠᠬᠢᠭᠤᠯᠤᠨ᠂ ᠴᠢᠶᠠᠨ ᠰᠢ᠂ ᠳ᠋ᠠ ᠹᠦ᠋ ᠪᠤᠯᠤᠨ ᠯᠢ ᠹᠧᠩ ᠵᠠᠬ᠎ᠠ ᠳᠡᠯᠭᠡᠭᠦᠷ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠠᠯᠬᠤᠴᠠ ᠶᠢ ᠲᠦᠷᠭᠡᠳᠬᠡᠨ᠎ᠡ᠃ ᠤᠯᠠᠭᠠᠨᠬᠠᠳᠠ ᠶᠢᠨ ᠮᠦᠩᠭᠦᠨ ᠭᠦᠢᠯᠭᠡᠭᠡᠨ ᠤ ᠲᠦᠪ ᠪᠤᠯᠤᠭᠰᠠᠨ ᠤ ᠬᠤᠪᠢ ᠳᠤ ᠪᠤᠳᠠᠲᠤ ᠠᠵᠤ ᠠᠬᠤᠢ ᠳᠤ ᠦᠢᠯᠡᠴᠢᠯᠡᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠠᠷᠤ ᠭᠠᠵᠠᠷ ᠤᠨ ᠮᠦᠩᠭᠦᠨ ᠭᠦᠢᠯᠭᠡᠭᠡᠨ ᠤ ᠵᠢᠵᠢᠭ ᠪᠠᠯᠭᠠᠰᠤ ᠪᠤᠯᠤᠨ ᠤᠮᠠᠷᠠᠲᠤ ᠤᠷᠤᠨ ᠤ ᠦᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠰᠠᠭᠤᠷᠢᠨ ᠤ ᠪᠠᠶᠢᠭᠤᠯᠤᠯᠲᠠ᠂ ᠡᠵᠡᠩᠨᠡᠯᠲᠡ ᠶᠢᠨ ᠠᠵᠢᠯ ᠢ ᠴᠢᠩᠭᠠᠳᠬᠠᠨ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ᠂ ᠡᠳ᠋ ᠮᠦᠩᠭᠦ ᠶᠢᠨ ᠬᠠᠮᠢᠶᠠᠷᠤᠯᠲᠠ ᠪᠤᠯᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠰᠠᠭᠤᠷᠢᠰᠢᠭᠰᠠᠨ ᠠᠵᠤ ᠠᠬᠤᠶᠢᠯᠠᠯ ᠢ 40 ᠡᠷᠦᠬᠡ ᠠᠴᠠ ᠳᠡᠭᠡᠭᠰᠢ ᠪᠤᠯᠭᠠᠨ᠎ᠠ᠃ ᠳᠤᠮᠳᠠ ᠪᠠᠭ᠎ᠠ ᠠᠵᠤ ᠠᠬᠤᠶᠢᠯᠠᠯ ᠤᠨ ᠬᠦᠷᠦᠩᠭᠡ ᠠᠭᠤᠰᠬᠠᠬᠤ ᠦᠢᠯᠡᠴᠢᠯᠡᠭᠡᠨ ᠤ ᠲᠦᠪ ᠢ ᠵᠤᠬᠢᠶᠠᠨ ᠪᠠᠶᠢᠭᠤᠯᠵᠤ᠂ ᠬᠠᠩᠭᠠᠯᠭ᠎ᠠ ᠶᠢᠨ ᠬᠡᠯᠬᠢᠶᠡᠨ ᠤ ᠬᠦᠷᠦᠩᠭᠡ ᠠᠭᠤᠰᠬᠠᠬᠤ ᠵᠡᠷᠭᠡ ᠦᠢᠯᠡᠴᠢᠯᠡᠭᠡ ᠶᠢ ᠦᠷᠨᠢᠭᠦᠯᠦᠨ᠂ ᠮᠦᠩᠭᠦᠨ ᠭᠦᠢᠯᠭᠡᠭᠡᠨ ᠤ ᠡᠬᠢ ᠪᠠᠶᠠᠯᠢᠭ ᠪᠤᠯᠤᠨ ᠪᠡᠯᠡ ᠮᠦᠩᠭᠦ ᠶᠢᠨ ᠱᠠᠭᠠᠷᠳᠠᠯᠭ᠎ᠠ ᠶᠢᠨ ᠪᠦᠲᠦᠮᠵᠢᠲᠡᠢ ᠵᠤᠯᠭᠠᠯᠳᠤᠯ ᠢ ᠠᠬᠢᠭᠤᠯᠤᠨ᠎ᠠ᠃ ᠤᠯᠠᠭᠠᠨᠬᠠᠳᠠ ᠶᠢᠨ ᠵᠢᠭᠤᠯᠴᠢᠯᠠᠯ ᠤᠨ ᠲᠦᠪᠯᠡᠷᠡᠭᠦᠯᠦᠨ ᠲᠠᠷᠬᠠᠭᠠᠬᠤ ᠲᠦᠪ ᠪᠤᠯᠤᠭᠰᠠᠨ ᠤ ᠬᠤᠪᠢ ᠳᠤ ᠦᠵᠡᠮᠵᠢ ᠶᠢᠨ ᠤᠷᠤᠨ ᠦᠵᠡᠮᠵᠢ ᠶᠢᠨ ᠴᠡᠭ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠪᠦᠬᠦ ᠵᠢᠯ ᠳᠤ ᠵᠢᠭᠤᠯᠴᠢᠯᠠᠯ ᠳᠤ ᠬᠤᠯᠪᠤᠭᠳᠠᠭᠰᠠᠨ ᠪᠡᠯᠡ ᠤᠷᠤᠭᠤᠯᠤᠯᠲᠠ 26 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ᠂ ︽ᠬᠤᠶᠠᠷ ᠠᠭᠤᠯᠠ ᠬᠤᠶᠠᠷ ᠴᠡᠴᠡᠷᠯᠢᠭ︾᠂ ᠤᠯᠠᠭᠠᠨᠬᠠᠳᠠ ᠶᠢᠨ ᠰᠢᠨ᠎ᠡ ᠵᠢᠭᠤᠯᠴᠢᠯᠠᠯ ᠤᠨ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠳᠤᠪᠤᠶᠢᠯᠭᠠᠨ ᠠᠳᠬᠤᠵᠤ᠂ ᠮᠠᠰᠢᠨ ᠲᠡᠷᠭᠡᠨ ᠤ ᠴᠠᠭ ᠢᠶᠠᠷ ᠳᠦᠷᠢᠶᠡᠰᠦᠯᠡᠭᠦᠯᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠲᠤᠰᠬᠠᠢ ᠮᠡᠷᠭᠡᠵᠢᠯ ᠤᠨ ᠪᠦᠯᠬᠦᠮ ᠢ ᠤᠷᠢᠨ ᠠᠪᠴᠢᠷᠠᠵᠤ᠂ ᠤᠷᠤᠨ ᠬᠡᠪᠴᠢᠶᠡᠨ ᠤ ᠴᠢᠨᠠᠷᠲᠠᠢ ᠵᠢᠭᠤᠯᠴᠢᠯᠠᠯ ᠤᠨ ᠡᠬᠢ ᠪᠠᠶᠠᠯᠢᠭ ᠤᠨ ᠭᠤᠶᠤᠵᠢᠭᠤᠯᠤᠨ ᠲᠦᠯᠦᠪᠵᠢᠭᠦᠯᠬᠦ ᠶᠢ ᠦᠷᠨᠢᠭᠦᠯᠦᠨ᠂ ᠭᠠᠳᠠᠷ ᠤᠷᠤᠨ ᠤ ᠵᠢᠭᠤᠯᠴᠢᠯᠠᠭᠴᠢᠳ ᠢ ᠲᠠᠲᠠᠨ ᠠᠪᠴᠢᠷᠠᠵᠤ᠂ ᠬᠤᠲᠠ ᠶᠢᠨ ᠰᠠᠭᠤᠭᠠᠯᠢ ᠠᠷᠠᠳ ᠲᠤ ᠵᠤᠭ᠎ᠠ ᠴᠡᠩᠭᠡᠯ ᠤᠯᠭᠤᠨ᠎ᠠ᠃ ᠵᠢᠭᠤᠯᠴᠢᠯᠠᠭᠰᠠᠳ ᠢ ᠬᠦᠯᠢᠶᠡᠨ ᠵᠤᠴᠢᠯᠠᠭᠰᠠᠨ ᠬᠦᠮᠦᠨ ᠤᠳᠠᠭ᠎ᠠ ᠪᠤᠯᠤᠨ ᠵᠢᠭᠤᠯᠴᠢᠯᠠᠯ ᠤᠨ ᠤᠷᠤᠯᠭ᠎ᠠ ᠶᠢ ᠲᠤᠰᠪᠤᠷᠢ 8% ᠪᠠ 9% ᠪᠠᠷ ᠨᠡᠮᠡᠭᠳᠡᠭᠦᠯᠦᠨ᠎ᠡ᠃ ᠤᠯᠠᠭᠠᠨᠬᠠᠳᠠ ᠶᠢᠨ ᠨᠠᠰᠤᠵᠢᠯ ᠤᠨ ᠦᠢᠯᠡᠴᠢᠯᠡᠭᠡᠨ ᠤ ᠲᠦᠪ ᠪᠤᠯᠤᠭᠰᠠᠨ ᠤ ᠬᠤᠪᠢ ᠳᠤ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠤᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠪᠦᠬᠦ ᠵᠢᠯ ᠳᠤ ᠵᠠᠰᠠᠭ ᠤᠨ ᠤᠷᠳᠤᠨ ᠤ ᠬᠤᠳᠠᠯᠳᠤᠨ ᠠᠪᠤᠭᠰᠠᠨ ᠰᠠᠭᠤᠭᠠᠯᠢ ᠠᠷᠠᠳ ᠤᠨ ᠨᠠᠰᠤᠵᠢᠯ ᠤᠨ ᠦᠢᠯᠡᠴᠢᠯᠡᠭᠡᠨ ᠢ 2000 ᠬᠦᠮᠦᠨ ᠳᠤ ᠬᠦᠷᠭᠡᠵᠦ᠂ 5 ᠨᠡᠶᠢᠭᠡᠮ ᠲᠤᠭᠤᠷᠢᠭ ᠤᠨ ᠡᠷᠡᠭᠦᠯᠵᠢᠯ ᠨᠠᠰᠤᠵᠢᠯ ᠤᠨ ᠦᠢᠯᠡᠴᠢᠯᠡᠭᠡᠨ ᠤ ᠲᠦᠪ ᠢ ᠰᠢᠨ᠎ᠡ ᠪᠠᠷ ᠪᠠᠶᠢᠭᠤᠯᠤᠨ᠂ ᠪᠦᠬᠦ ᠲᠤᠭᠤᠷᠢᠭ ᠤᠨ ᠨᠠᠰᠤᠲᠠᠳ ᠤᠨ ᠭᠤᠷᠪᠠᠨ ᠤ ᠨᠢᠭᠡ ᠬᠤᠪᠢ ᠶᠢ ᠪᠦᠷᠬᠦᠭᠦᠯᠦᠨ᠎ᠡ᠃        3. ᠤᠳᠤᠬᠢᠴᠢᠯᠠᠭᠰᠠᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠤᠳᠤ ᠦᠶ᠎ᠡ ᠶᠢᠨ ᠵᠠᠰᠠᠭ ᠤᠨ ᠤᠷᠳᠤᠨ᠂ ᠤᠳᠤ ᠦᠶ᠎ᠡ ᠶᠢᠨ ᠠᠵᠤ ᠠᠬᠤᠶᠢᠯᠠᠯ ᠪᠤᠯᠤᠨ ᠨᠡᠭᠡᠭᠡᠯᠲᠡᠲᠦ ᠬᠡᠯᠪᠡᠷᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠨ᠂ ᠡᠯᠧᠮᠧᠨ᠋ᠲ ᠤᠨ ᠵᠠᠬ᠎ᠠ ᠳᠡᠯᠭᠡᠭᠦᠷᠵᠢᠯᠲᠡ ᠶᠢᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠢᠳᠡᠪᠬᠢᠵᠢᠭᠦᠯᠦᠨ᠎ᠡ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠭᠡᠨ︾ ᠤ ᠦᠭᠡᠷᠡᠴᠢᠯᠠᠯᠲᠡ ᠶᠢ ᠭᠦᠨᠵᠡᠭᠡᠶᠢᠷᠡᠭᠦᠯᠬᠦ ᠪᠠᠷ ᠤᠳᠤ ᠦᠶ᠎ᠡ ᠶᠢᠨ ᠵᠠᠰᠠᠭ ᠤᠨ ᠤᠷᠳᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠯᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠡᠮᠯᠡᠯ ᠢ ᠬᠠᠰᠤᠬᠤ ᠪᠤᠯᠤᠨ ︽ᠦᠨᠡᠮᠯᠡᠯ ᠭᠡᠷᠡᠴᠢ ᠠᠰᠲᠠᠭᠠᠨ ᠪᠠᠶᠢᠬᠤ︾ ᠶᠢ ᠤᠯᠠᠮ ᠨᠢᠭᠡ ᠠᠯᠬᠤᠮ ᠠᠬᠢᠭᠤᠯᠵᠤ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠶᠢ ᠪᠠᠭᠠᠰᠬᠠᠨ ᠰᠦᠢᠳᠬᠡᠯ ᠢ ᠴᠡᠭᠴᠡᠯᠡᠬᠦ ᠬᠦᠴᠦᠯᠡᠴᠡ ᠪᠠᠨ ᠨᠡᠮᠡᠭᠳᠡᠭᠦᠯᠵᠦ᠂ ︽ᠬᠤᠤᠰ ᠪᠠᠶᠢᠭᠤᠯᠤᠯᠲᠠ︾ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃ ᠶᠠᠪᠤᠴᠠ ᠶᠢᠨ ᠳᠤᠮᠳᠠᠬᠢ ᠪᠠ ᠰᠡᠭᠦᠯᠡᠷᠬᠢ ᠬᠢᠨᠠᠨ ᠬᠠᠮᠢᠶᠠᠷᠤᠯᠲᠠ ᠶᠢᠨ ᠲᠤᠭᠲᠠᠴᠠ ᠶᠢᠨ ᠰᠢᠨ᠎ᠡ ᠶᠢ ᠡᠭᠦᠳᠴᠦ᠂ ᠰᠠᠯᠠᠭ᠎ᠠ ᠮᠦᠴᠢᠷ ᠠᠯᠤᠰᠯᠠᠭᠰᠠᠨ ᠠᠵᠤ ᠦᠢᠯᠡᠰ ᠠᠯᠤᠰᠯᠠᠭᠰᠠᠨ ᠬᠠᠮᠵᠢᠯᠴᠠᠨ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ᠂ ᠢᠲᠡᠭᠡᠮᠵᠢ ᠶᠢᠨ ᠤᠯᠠᠭᠠᠨ᠂ ᠬᠠᠷ᠎ᠠ ᠨᠡᠷ᠎ᠡ ᠶᠢᠨ ᠳᠠᠩᠰᠠ ᠪᠤᠯᠤᠨ ᠰᠤᠷᠠᠭ ᠵᠠᠩᠭᠢ ᠶᠢᠨ ᠬᠠᠮᠲᠤᠪᠡᠷ ᠡᠳ᠋ᠯᠡᠬᠦ ᠢᠯᠡᠴᠢᠯᠡᠬᠦ ᠳᠦᠷᠢᠮ ᠢ ᠪᠠᠶᠢᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠤᠨ ᠦᠭᠡᠷᠡᠴᠢᠯᠡᠯᠲᠡ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ ᠡᠮᠬᠢᠳᠬᠡᠬᠦ ᠬᠠᠮᠲᠤᠪᠡᠷ ᠡᠳ᠋ᠯᠡᠬᠦ ᠶᠢ ᠪᠡᠶᠡᠯᠡᠭᠦᠯᠦᠨ᠂ ᠠᠵᠢᠯ ᠶᠠᠪᠤᠳᠠᠯ ᠤᠨ ᠬᠡᠷᠡᠭᠯᠡᠭᠡᠨ ᠢ ᠵᠤᠬᠢᠴᠠᠭᠤᠯᠤᠨ ᠬᠤᠯᠪᠤᠭᠠᠯᠠᠬᠤ ᠶᠢ ᠴᠢᠩᠭᠠᠳᠬᠠᠵᠤ᠂ ︽ᠪᠠᠭᠤᠯᠠᠭᠠᠬᠤ᠂ ᠬᠠᠮᠢᠶᠠᠷᠬᠤ᠂ ᠦᠢᠯᠡᠴᠢᠯᠡᠭᠡᠨ︾ ᠤ ᠦᠭᠡᠷᠡᠴᠢᠯᠡᠯᠲᠡ ᠶᠢᠨ ᠭᠤᠤᠯᠳᠠᠯᠭ᠎ᠠ ᠶᠢ ᠰᠢᠪᠲᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠴᠢᠩᠭᠠᠳᠬᠠᠨ᠂ ︽ᠨᠢᠭᠡ ᠤᠳᠠᠭ᠎ᠠ ᠳᠤ ᠰᠢᠢᠳᠪᠦᠷᠢᠯᠡᠬᠦ︾ ᠬᠡᠯᠪᠡᠷᠢ ᠶᠢ ᠬᠡᠷᠡᠭᠵᠢᠭᠦᠯᠦᠨ᠎ᠡ᠃ ᠪᠦᠬᠦ ᠲᠠᠯ᠎ᠠ ᠪᠠᠷ ᠰᠢᠨ᠎ᠡ ᠶᠢ ᠡᠭᠦᠳᠬᠦ ᠪᠠᠷ ᠭᠠᠷᠳᠠᠴᠠ ᠪᠤᠯᠭᠠᠨ ᠤᠳᠤ ᠦᠶ᠎ᠡ ᠶᠢᠨ ᠠᠵᠤ ᠠᠬᠤᠶᠢᠯᠠᠯ ᠤᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠺᠤᠮᠫᠠᠨᠢ ᠶᠢ ᠠᠬᠢᠭᠤᠯᠤᠨ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠬᠤᠯᠢᠮᠠᠭ ᠦᠮᠴᠢᠯᠡᠯᠲᠦ ᠠᠵᠤ ᠠᠬᠤᠢ ᠶᠢ ᠬᠦᠭᠵᠢᠭᠦᠯᠦᠨ᠂ ᠭᠤᠤᠯ ᠦᠢᠯᠡᠰ ᠢ ᠳᠤᠪᠤᠶᠢᠯᠭᠠᠵᠤ ᠂ ᠭᠤᠤᠯ ᠦᠢᠯᠡᠰ ᠢ ᠬᠦᠴᠦᠷᠬᠡᠭᠵᠢᠭᠦᠯᠦᠨ᠎ᠡ᠃ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠵᠤᠷᠢᠭᠵᠢᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠵᠤ ᠠᠬᠤᠶᠢᠯᠠᠯᠲᠠᠨ ᠤ ᠳᠡᠭᠡᠳᠦ ᠰᠤᠷᠭᠠᠭᠤᠯᠢ ᠳᠤ ᠤᠴᠢᠵᠤ ᠳᠠᠪᠲᠠᠨ ᠪᠤᠯᠪᠠᠰᠤᠷᠠᠬᠤ ᠪᠠ ᠪᠤᠯᠪᠠᠰᠤᠷᠠᠯ ᠬᠦᠷᠲᠡᠬᠦ ᠶᠢ ᠵᠤᠬᠢᠶᠠᠨ ᠪᠠᠶᠢᠭᠤᠯᠵᠤ᠂ ᠠᠵᠤ ᠠᠬᠤᠶᠢᠯᠠᠯᠲᠠᠨ ᠤ ᠪᠠᠶᠢᠯᠳᠤᠬᠤ ᠪᠤᠳᠤᠯᠭ᠎ᠠ ᠶᠢᠨ ᠬᠠᠷᠠᠭᠠᠰᠤ᠂ ᠵᠠᠬ᠎ᠠ ᠳᠡᠯᠭᠡᠭᠦᠷ ᠢ ᠦᠷᠭᠡᠳᠬᠡᠬᠦ ᠰᠢᠨ᠎ᠡ ᠶᠢ ᠡᠭᠦᠳᠦᠨ ᠪᠦᠲᠦᠭᠡᠬᠦ ᠵᠤᠷᠢᠭ ᠰᠠᠨᠠᠭ᠎ᠠ ᠪᠤᠯᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠤᠷᠢᠭᠵᠢᠭᠤᠯᠤᠨ᠂ ᠠᠵᠤ ᠦᠢᠯᠡᠳᠪᠦᠷᠢ ᠡᠮ ᠡᠮᠨᠡᠯᠭᠡ ᠶᠢᠨ ᠬᠤᠯᠪᠤᠭᠠᠯᠠᠯ᠂ ᠠᠮᠢᠳᠤ ᠪᠤᠳᠠᠰ ᠤᠨ ᠡᠮ ᠡᠮᠨᠡᠯᠭᠡ ᠶᠢᠨ ᠠᠺᠠᠳᠧᠮᠢᠴᠢ ᠶᠢᠨ ᠠᠵᠢᠯ ᠤᠨ ᠦᠷᠲᠡᠭᠡ ᠪᠤᠯᠤᠨ ᠸᠠᠨ ᠽᠧ ᠡᠮ ᠤᠨ ᠦᠢᠯᠡᠰ ᠤᠨ ᠮᠡᠷᠭᠡᠵᠢᠯ ᠤᠨ ᠰᠤᠳᠤᠯᠭᠠᠨ ᠤ ᠲᠦᠪ ᠢ ᠪᠠᠶᠢᠭᠤᠯᠵᠤ᠂ ᠪᠦᠸᠧ ᠺᠠᠩ ᠡᠮ ᠤᠨ ᠦᠢᠯᠡᠰ᠂ ᠯᠠᠩ ᠺᠦᠨ ᠰᠢᠨᠵᠢᠯᠡᠭᠡ ᠮᠡᠷᠭᠡᠵᠢᠯ ᠵᠡᠷᠭᠡ ᠠᠵᠤ ᠠᠬᠤᠶᠢᠯᠠᠯ ᠤᠨ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠤᠯᠬᠤ ᠶᠢ ᠠᠬᠢᠭᠤᠯᠤᠨ᠂ ᠲᠤᠰᠬᠠᠢ ᠠᠰᠢᠭ ᠢ ᠡᠷᠡᠮᠡᠯᠵᠡᠬᠦ ᠬᠡᠮᠵᠢᠶ᠎ᠡ ᠪᠤᠯᠤᠨ ᠲᠤᠰᠬᠠᠢ ᠠᠰᠢᠭ ᠤᠨ ᠡᠷᠬᠡ ᠬᠦᠷᠲᠡᠬᠦ ᠬᠡᠮᠵᠢᠶ᠎ᠡ ᠶᠢ 10% ᠪᠠᠷ ᠨᠡᠮᠡᠭᠳᠡᠭᠦᠯᠵᠦ᠂ ᠤᠯᠤᠰ ᠤᠨ ᠨᠦᠭᠡᠴᠡ ᠪᠦᠬᠦᠢ ᠬᠦᠭᠵᠢᠯᠲᠡ ᠶᠢᠨ ᠲᠤᠷᠰᠢᠯᠲᠠ ᠶᠢᠨ ᠤᠷᠤᠨ ᠤ ᠰᠢᠯᠭᠠᠨ ᠪᠠᠶᠢᠴᠠᠭᠠᠯᠲᠠ ᠶᠢ ᠦᠩᠭᠡᠷᠡᠭᠡᠬᠦ ᠶᠢ ᠪᠠᠲᠤᠯᠠᠨ᠎ᠠ᠃ ᠠᠵᠤ ᠠᠬᠤᠶᠢᠯᠠᠯ ᠤᠨ ᠬᠤᠭᠤᠴᠠᠭᠠᠲᠤ ᠪᠠᠷᠠᠭ᠎ᠠ᠂ ᠲᠡᠮᠳᠡᠭᠲᠦ᠂ ᠵᠢᠭᠡᠯᠡᠯᠭᠡ ᠶᠢᠨ ᠲᠡᠮᠳᠡᠭᠲᠦ ᠵᠡᠷᠭᠡ ᠰᠤᠯᠢᠯᠴᠠᠭᠠᠨ ᠤ ᠲᠠᠪᠴᠠᠩ ᠢ ᠠᠰᠢᠭᠯᠠᠨ ᠨᠡᠩ ᠦᠷᠭᠡᠨ ᠬᠡᠪᠴᠢᠶᠡᠨ ᠳᠤ ᠡᠬᠢ ᠪᠠᠶᠠᠯᠢᠭ ᠢ ᠨᠡᠶᠢᠯᠡᠭᠦᠯᠦᠨ ᠠᠰᠢᠭᠯᠠᠬᠤ ᠶᠢ ᠳᠡᠮᠵᠢᠵᠦ᠂ ᠬᠠᠢ ᠳ᠋ᠠ ᠴᠠᠬᠢᠯᠭᠠᠨ ᠬᠡᠷᠡᠭᠰᠡᠯ᠂ ᠲᠥᠩ ᠮᠢᠩ ᠴᠢᠶᠠᠨ ᠡᠾᠧ ᠵᠡᠷᠭᠡ 7 ᠡᠷᠦᠬᠡ ᠠᠵᠤ ᠠᠬᠤᠶᠢᠯᠠᠯ ᠤᠨ ᠤᠯᠠᠨ ᠳᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠲᠤ ᠤᠷᠤᠬᠤ ᠶᠢ ᠳᠡᠮᠵᠢᠨ᠎ᠡ᠃ ᠡᠰᠡᠷᠭᠦ ᠲᠠᠯ᠎ᠠ ᠶᠢᠨ ᠨᠠᠷᠢᠨ ᠳᠠᠩᠰᠠ ᠪᠠᠷ ᠵᠢᠯᠤᠭᠤᠳᠤᠮᠵᠢ ᠪᠤᠯᠭᠠᠨ᠂ ᠨᠡᠭᠡᠭᠡᠯᠲᠡᠲᠦ ᠬᠡᠯᠪᠡᠷᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠎ᠠ᠃ ᠵᠠᠬ᠎ᠠ ᠳᠡᠯᠭᠡᠭᠦᠷ ᠲᠤ ᠤᠷᠤᠬᠤ ᠡᠰᠡᠷᠭᠦ ᠲᠠᠯ᠎ᠠ ᠶᠢᠨ ᠨᠠᠷᠢᠨ ᠳᠠᠩᠰᠠ ᠶᠢ ᠲᠤᠭᠲᠠᠭᠠᠵᠤ᠂ ᠡᠯ᠎ᠡ ᠵᠦᠢᠯ ᠤᠨ ᠭᠠᠳᠠᠭᠤᠷᠴᠢᠯᠠᠬᠤ ᠴᠢᠨᠠᠷᠲᠠᠢ ᠬᠢᠵᠠᠭᠠᠷᠯᠠᠯ ᠪᠤᠯᠤᠨ ᠨᠢᠭᠤᠭᠳᠠᠮᠠᠯ ᠬᠠᠷᠰᠢ ᠰᠠᠭᠠᠳ ᠢ ᠠᠷᠢᠯᠭᠠᠨ᠎ᠠ᠃ ᠭᠠᠳᠠᠭᠠᠳᠤ ᠪᠡᠯᠡ ᠶᠢ ᠵᠤᠷᠢᠭᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠂ ᠠᠷᠠᠯᠵᠢᠶᠠᠴᠢᠨ ᠤᠷᠢᠵᠤ ᠪᠡᠯᠡ ᠲᠠᠲᠠᠬᠤ ︽ᠡᠪᠦᠯ ᠤᠨ ᠤᠯᠠᠷᠢᠯ ᠤᠨ ᠠᠵᠢᠯᠯᠠᠭᠠᠨ︾ ᠢ ᠦᠷᠨᠢᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠠᠴᠢᠶᠠᠯᠠᠬᠤ ᠴᠢᠳᠠᠪᠤᠷᠢ ᠳᠤ ᠰᠠᠭᠤᠷᠢᠯᠠᠨ᠂ ︽ᠤᠷᠤᠨ ᠵᠠᠢ ᠠᠯᠤᠰᠯᠠᠭᠰᠠᠨ ᠠᠵᠤ ᠠᠬᠤᠢ︾ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠭᠯᠠᠵᠤ᠂ ᠤᠳᠤᠷᠢᠳᠤᠮᠵᠢ ᠠᠵᠤ ᠦᠢᠯᠡᠰ ᠪᠤᠯᠤᠨ ᠭᠤᠤᠯᠳᠠᠯᠭ᠎ᠠ ᠲᠠᠢ ᠭᠠᠵᠠᠷ ᠤᠷᠤᠨ ᠤ ᠲᠤᠭᠤᠷᠢᠨ ᠳᠤ᠂ ᠬᠡᠯᠬᠢᠶᠡᠲᠦ ᠪᠡᠯᠡ ᠪᠠ ᠪᠦᠭᠡᠮ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠡᠷᠬᠡᠪᠰᠢ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ 15 ᠶᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠦᠬᠦ ᠵᠢᠯ ᠳᠤ ᠲᠠᠲᠠᠨ ᠤᠷᠤᠭᠤᠯᠤᠭᠰᠠᠨ ᠪᠡᠯᠡ ᠮᠦᠩᠭᠦ 90 ᠳ᠋ᠦᠩᠰᠢᠭᠤᠷ ᠲᠦᠭᠦᠷᠢᠭ ᠢ ᠳᠠᠪᠠᠭᠤᠯᠤᠨ᠂ ᠨᠡᠮᠡᠭᠳᠡᠯ ᠢ 10% ᠤᠷᠴᠢᠮ ᠬᠦᠷᠭᠡᠨ᠎ᠡ᠃ ᠪᠡᠯᠡ ᠤᠷᠤᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠠᠬᠢ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ ᠠᠷᠠᠳ ᠤᠨ ᠳᠤᠮᠳᠠᠬᠢ ᠪᠡᠯᠡ ᠤᠷᠤᠭᠤᠯᠤᠯᠲᠠ ᠶᠢ ᠵᠤᠷᠢᠭᠵᠢᠭᠤᠯᠬᠤ ᠪᠠ ᠳᠡᠮᠵᠢᠵᠦ᠂ ᠪᠦᠬᠦ ᠵᠢᠯ ᠳᠤ 220 ᠲᠦᠷᠦᠯ ᠤᠨ ᠵᠠᠭᠤᠨ ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠪᠡᠯᠡ ᠤᠷᠤᠭᠤᠯᠤᠯᠲᠠ ᠶᠢᠨ ᠡᠵᠡᠯᠡᠬᠦ ᠬᠠᠷᠢᠴᠠᠯ ᠢ 70% ᠤᠷᠴᠢᠮ ᠬᠦᠷᠭᠡᠨ᠎ᠡ᠃         ︵ᠬᠤᠶᠠᠷ︶ ᠲᠤᠬᠢᠯᠢᠭ ᠬᠤᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠶᠢᠨ ᠶᠡᠭᠡ ᠪᠠᠭ᠎ᠠ ᠨᠢ ᠭᠤᠤᠯ ᠬᠠᠷᠠᠯᠲᠠ ᠪᠢᠰᠢ᠂ ᠴᠢᠳᠠᠮᠵᠢ ᠨᠢ ᠲᠡᠭᠦᠰ᠂ ᠲᠤᠬᠢᠯᠢᠭ ᠲᠠᠪᠠᠲᠠᠢ ᠳᠦᠭᠦᠮ ᠳᠦᠲᠡ᠂ ᠤᠷᠴᠢᠨ ᠲᠤᠭᠤᠷᠢᠨ ᠭᠤᠶᠤ ᠰᠠᠶᠢᠬᠠᠨ ᠪᠠᠶᠢᠬᠤ ᠨᠢ ᠰᠠᠶ᠋ᠢ ᠵᠠᠩᠭᠢᠯᠠᠭ᠎ᠠ ᠪᠤᠯᠤᠨ᠎ᠠ᠃ ᠰᠠᠭᠤᠷᠢᠰᠢᠬᠤ᠂ ᠠᠵᠢᠯᠯᠠᠬᠤ᠂ ᠵᠢᠭᠤᠯᠴᠢᠯᠠᠬᠤ ᠳᠤ ᠲᠤᠬᠢᠯᠢᠭ ᠪᠠᠶᠢᠬᠤ ᠪᠠᠷ ᠬᠠᠷᠠᠯᠲᠠ ᠪᠤᠯᠭᠠᠨ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠪᠤᠯᠤᠨ ᠬᠠᠮᠢᠶᠠᠷᠤᠯᠲᠠ ᠶᠢᠨ ᠲᠤᠲᠠᠭᠳᠠᠯ ᠢ ᠲᠠᠰᠤᠷᠠᠯᠲᠠ ᠦᠭᠡᠢ ᠨᠦᠬᠦᠪᠦᠷᠢᠯᠡᠵᠦ᠂ ᠤᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ ᠵᠤᠭᠰᠤᠭᠠᠬᠤ ᠳᠤ ᠬᠦᠴᠢᠷ᠂ ᠬᠦᠳᠡᠯᠭᠡᠭᠡᠨ ᠬᠢᠬᠦ ᠤᠷᠤᠨ ᠵᠠᠢ ᠪᠠᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠬᠤᠩ ᠱᠠᠨ ᠲᠤᠭᠤᠷᠢᠭ ᠲᠤ ᠠᠵᠤ ᠲᠦᠷᠦᠨ ᠰᠠᠭᠤᠷᠢᠰᠢᠭ᠎ᠠ ᠠᠷᠠᠳ ᠤᠯᠠᠨ ᠢ ᠨᠡᠩ ᠲᠠᠭᠠᠯᠠᠮᠵᠢᠲᠠᠢ ᠠᠵᠤ ᠲᠦᠷᠦᠭᠦᠯᠦᠨ᠎ᠡ᠃        ᠦᠷᠭᠦᠯᠵᠢᠯᠡᠯ ᠪᠤᠢ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号