| 1995 ᠣᠨ ᠤ 6 ᠰᠠᠷ᠎ᠠ ᠶᠢᠨ 30 ᠤ ᠡᠳᠦᠷ | ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠷᠪᠠᠨ ᠳᠥᠷᠪᠡᠳᠦᠭᠡᠷ ᠬᠤᠷᠠᠯᠳᠤᠭᠠᠨ ᠠᠴᠠ ᠪᠠᠲᠤᠯᠠᠪᠠ | ᠭᠠᠷᠴᠠᠭ | ᠨᠢᠭᠡᠳᠦᠭᠡᠷ ᠪᠦᠯᠦᠭ ᠶᠡᠷᠦᠩᠬᠡᠶ ᠳᠦᠷᠢᠮ | ᠬᠤᠶᠠᠳᠤᠭᠠᠷ ᠪᠦᠯᠦᠭ ᠳᠠᠭᠠᠳᠬᠠᠯ ᠤᠨ ᠭᠡᠷ᠎ᠡ | ᠨᠢᠭᠡᠳᠦᠭᠡᠷ ᠬᠡᠰᠡᠭ ᠡᠩ ᠤᠨ ᠲᠣᠭᠲᠠᠭᠠᠯ | ᠬᠤᠶᠠᠳᠤᠭᠠᠷ ᠬᠡᠰᠡᠭ ᠡᠳ᠋ ᠬᠥᠷᠥᠩᠭᠡ ᠶᠢᠨ ᠳᠠᠭᠠᠳᠬᠠᠯ ᠤᠨ ᠭᠡᠷ᠎ᠡ | ᠭᠤᠷᠪᠠᠳᠤᠭᠠᠷ ᠬᠡᠰᠡᠭ ᠪᠡᠶ᠎ᠡ ᠶᠢᠨ ᠳᠠᠭᠠᠳᠬᠠᠯ ᠤᠨ ᠭᠡᠷ᠎ᠡ | ᠭᠤᠷᠪᠠᠳᠤᠭᠠᠷ ᠪᠦᠯᠦᠭ ᠳᠠᠭᠠᠳᠬᠠᠯ ᠤᠨ ᠺᠤᠮᠫᠠᠨᠢ | ᠳᠥᠷᠪᠡᠳᠦᠭᠡᠷ ᠪᠦᠯᠦᠭ ᠳᠠᠭᠠᠳᠬᠠᠯ ᠤᠨ ᠡᠵᠡᠩᠨᠡᠯᠲᠡ ᠶᠢᠨ ᠳᠦᠷᠢᠮ | ᠲᠠᠪᠤᠳᠤᠭᠠᠷ ᠪᠦᠯᠦᠭ ᠳᠠᠭᠠᠳᠬᠠᠯ ᠤᠨ ᠠᠵᠢᠯ ᠤᠨ ᠬᠢᠨᠠᠯᠲᠠ ᠬᠠᠮᠢᠶᠠᠷᠤᠯᠲᠠ | ᠵᠢᠷᠭᠤᠳᠤᠭᠠᠷ ᠪᠦᠯᠦᠭ ᠳᠠᠭᠠᠳᠬᠠᠯ ᠣᠷᠣᠯᠠᠨ ᠭᠦᠢᠴᠡᠳᠬᠡᠭᠴᠢ ᠪᠠ ᠳᠠᠭᠠᠳᠬᠠᠯ ᠵᠠᠭᠤᠴᠢᠯᠠᠭᠴᠢ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠳᠠᠭᠠᠳᠬᠠᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠳᠠᠭᠠᠳᠬᠠᠯ ᠤᠨ | ᠠᠵᠢᠯᠯᠠᠭ᠎ᠠ ᠶᠢᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠠᠭᠠᠳᠬᠠᠯ ᠤᠨ | ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠳᠠᠭᠠᠳᠬᠠᠯ ᠭᠡᠳᠡᠭ ᠪᠣᠯ | ᠳᠠᠭᠠᠳᠬᠠᠭᠤᠯᠤᠭᠴᠢ ᠭᠡᠷ᠎ᠡ ᠳᠤ ᠬᠡᠯᠡᠯᠴᠡᠨ ᠲᠣᠭᠲᠠᠭᠰᠠᠨ ᠶᠣᠰᠣᠭᠠᠷ ᠳᠠᠭᠠᠳᠬᠠᠭᠴᠢ ᠳᠤ ᠳᠠᠭᠠᠳᠬᠠᠯ ᠤᠨ ᠵᠠᠷᠤᠳᠠᠯ | ᠲᠤᠰᠢᠶᠠᠵᠤ᠂ ᠭᠡᠷ᠎ᠡ ᠳᠤ ᠬᠡᠯᠡᠯᠴᠡᠨ ᠳᠣᠭᠢᠷᠬᠠᠰᠠᠨ ᠭᠠᠷᠴᠤ ᠮᠡᠳᠡᠬᠦ ᠠᠳᠡᠯ ᠳᠤ ᠤᠴᠠᠷᠠᠵᠤ ᠡᠳ᠋ ᠬᠥᠷᠥᠩᠭᠡ ᠨᠢ | ᠬᠤᠬᠢᠷᠠᠯ ᠳᠤ ᠤᠴᠠᠷᠠᠭᠰᠠᠨ ᠪᠠᠶᠢᠪᠠᠯ ᠳᠠᠭᠠᠳᠬᠠᠭᠴᠢ ᠨᠢ ᠳᠠᠭᠠᠳᠬᠠᠯ ᠤᠨ ᠮᠥᠩᠭᠦ ᠲᠥᠯᠥᠬᠦ ᠬᠠᠷᠢᠭᠤᠴᠠᠯᠭ᠎ᠠ | ᠡᠭᠦᠷᠭᠡᠯᠡᠬᠦ᠂ ᠡᠰᠡᠬᠦᠯ᠎ᠡ ᠳᠠᠭᠠᠳᠬᠠᠭᠳᠠᠭᠴᠢ ᠦᠬᠦᠭᠰᠡᠨ᠂ ᠰᠢᠷᠬᠠᠲᠤᠵᠤ ᠭᠡᠮᠲᠦᠭᠰᠡᠨ᠂ ᠡᠪᠡᠳᠴᠢᠨ ᠡᠮᠭᠡᠭ | ᠣᠯᠤᠭᠰᠠᠨ ᠪᠤᠶᠤ ᠭᠡᠷ᠎ᠡ ᠳᠤ ᠬᠡᠯᠡᠯᠴᠡᠨ ᠳᠣᠭᠢᠷᠬᠠᠰᠠᠨ ᠨᠠᠰᠤ ᠵᠢᠯ᠂ ᠬᠤᠭᠤᠴᠠᠭ᠎ᠠ ᠳᠤ ᠬᠦᠷᠦᠭᠰᠡᠨ ᠦᠶ᠎ᠡ ᠳᠤ | ᠳᠠᠭᠠᠳᠬᠠᠯ ᠤᠨ ᠮᠥᠩᠭᠦ ᠥᠭᠬᠦ ᠬᠠᠷᠢᠭᠤᠴᠠᠯᠭ᠎ᠠ ᠶᠢ ᠡᠭᠦᠷᠭᠡᠯᠡᠬᠦ ᠬᠤᠳᠠᠯᠳᠤᠭᠠᠨ ᠤ ᠳᠠᠭᠠᠳᠬᠠᠯ ᠤᠨ ᠠᠵᠢᠯᠯᠠᠭ᠎ᠠ ᠶᠢ | ᠬᠡᠯᠡᠵᠦ ᠪᠠᠶᠢᠨ᠎ᠠ᠃ | ᠭᠤᠷᠪᠠᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ | ᠳᠡᠭᠡᠷ᠎ᠡ ᠳᠠᠭᠠᠳᠬᠠᠯ ᠤᠨ ᠠᠵᠢᠯᠯᠠᠭ᠎ᠠ ᠬᠢᠬᠦ ᠳᠤ ᠲᠤᠰ ᠬᠠᠤᠯᠢ ᠶᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠳᠠᠭᠠᠳᠬᠠᠯ ᠤᠨ ᠠᠵᠢᠯᠯᠠᠭ᠎ᠠ ᠬᠢᠬᠦ ᠳᠡᠭᠡᠨ ᠡᠷᠬᠡᠪᠰᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠰᠠᠶᠢᠨ ᠳᠤᠷ᠎ᠠ ᠶᠢᠨ ᠪᠠ ᠦᠨᠡᠨᠴᠢ ᠢᠲᠡᠭᠡᠮᠵᠢ ᠲᠠᠢ ᠪᠠᠶᠢᠬᠤ | ᠵᠠᠷᠴᠢᠮ ᠢ ᠵᠢᠷᠤᠮᠯᠠᠬᠤ ᠬᠡᠷᠡᠭᠲᠡᠶ᠃ | ᠲᠠᠪᠤᠳᠤᠭᠠᠷ ᠵᠦᠢᠯ ᠬᠤᠳᠠᠯᠳᠤᠭᠠᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠨᠢ | ᠡᠷᠬᠡᠪᠰᠢ ᠲᠤᠰ ᠬᠠᠤᠯᠢ ᠶᠢᠨ ᠶᠣᠰᠣᠭᠠᠷ ᠪᠠᠶᠢᠭᠤᠯᠤᠭᠰᠠᠨ ᠳᠠᠭᠠᠳᠬᠠᠯ ᠤᠨ ᠺᠤᠮᠫᠠᠨᠢ ᠪᠠᠶᠢᠬᠤ ᠬᠡᠷᠡᠭᠲᠡᠶ᠃ | ᠪᠤᠰᠤᠳ ᠨᠢᠭᠡᠴᠡ ᠪᠠ ᠬᠤᠪᠢ ᠬᠥᠮᠦᠨ ᠬᠤᠳᠠᠯᠳᠤᠭᠠᠨ ᠤ ᠳᠠᠭᠠᠳᠬᠠᠯ ᠤᠨ ᠲᠤᠬᠠᠶᠢᠯᠠᠭᠰᠠᠨ ᠠᠵᠢᠯ | ᠡᠵᠡᠩᠨᠡᠵᠦ ᠪᠣᠯᠬᠤ ᠦᠭᠡᠶ᠃ | ᠵᠢᠷᠭᠤᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ | ᠳᠡᠭᠡᠷᠡᠬᠢ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠬᠢᠯᠢ ᠶᠢᠨ ᠳᠣᠲᠣᠷ᠎ᠠ ᠳᠠᠭᠠᠳᠬᠠᠯ ᠬᠢᠯᠭᠡᠬᠦ | ᠴᠢᠬᠤᠯᠠ ᠲᠠᠢ ᠪᠣᠯ ᠪᠦᠭᠦᠳᠡ ᠨᠠᠶᠢᠷᠠᠮᠳᠠᠬᠤ ᠠᠷᠠᠳ ᠤᠯᠤᠰ ᠤᠨ ᠬᠢᠯᠢ ᠶᠢᠨ ᠳᠣᠲᠣᠷᠠᠬᠢ ᠳᠠᠭᠠᠳᠬᠠᠯ ᠤᠨ | ᠺᠤᠮᠫᠠᠨᠢ ᠳᠤ ᠳᠠᠭᠠᠳᠬᠠᠭᠤᠯᠬᠤ ᠬᠡᠷᠡᠭᠲᠡᠶ᠃ | ᠳᠣᠯᠣᠳᠤᠭᠠᠷ ᠵᠦᠢᠯ ᠳᠠᠭᠠᠳᠬᠠᠯ ᠤᠨ ᠺᠤᠮᠫᠠᠨᠢ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠳᠡᠭᠡᠨ | ᠭᠤᠤᠯᠴᠢ ᠪᠠᠷ ᠥᠷᠢᠰᠥᠯᠳᠦᠬᠦ ᠵᠠᠷᠴᠢᠮ ᠢ ᠵᠢᠷᠤᠮᠯᠠᠬᠤ ᠬᠡᠷᠡᠭᠲᠡᠶ᠂ ᠵᠦᠢ ᠪᠤᠰᠤ ᠥᠷᠢᠰᠥᠯᠳᠦᠬᠦ ᠠᠵᠢᠯᠯᠠᠭ᠎ᠠ ᠬᠢᠵᠦ | ᠪᠣᠯᠬᠤ ᠦᠭᠡᠶ᠃ | ᠨᠠᠢᠮᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠬᠠᠤᠯᠢ ᠶᠢ ᠵᠢᠷᠤᠮᠯᠠᠨ ᠳᠠᠭᠠᠳᠬᠠᠯ ᠤᠨ ᠠᠵᠢᠯ ᠳᠤ ᠬᠢᠨᠠᠯᠲᠠ | ᠬᠠᠮᠢᠶᠠᠷᠤᠯᠲᠠ ᠶᠠᠪᠤᠭᠤᠯᠤᠨ᠎ᠠ᠃ | ᠬᠤᠶᠠᠳᠤᠭᠠᠷ ᠪᠦᠯᠦᠭ ᠳᠠᠭᠠᠳᠬᠠᠯ ᠤᠨ ᠭᠡᠷ᠎ᠡ | ᠨᠢᠭᠡᠳᠦᠭᠡᠷ ᠬᠡᠰᠡᠭ ᠡᠩ ᠤᠨ ᠲᠣᠭᠲᠠᠭᠠᠯ | ᠶᠢᠰᠦᠳᠦᠭᠡᠷ ᠵᠦᠢᠯ ᠳᠠᠭᠠᠳᠬᠠᠯ ᠤᠨ ᠭᠡᠷ᠎ᠡ ᠪᠣᠯ ᠳᠠᠭᠠᠳᠬᠠᠭᠤᠯᠤᠭᠴᠢ ᠬᠢᠭᠡᠳ ᠳᠠᠭᠠᠳᠬᠠᠭᠴᠢ ᠶᠢᠨ | ᠳᠠᠭᠠᠳᠬᠠᠯ ᠤᠨ ᠡᠷᠬᠡ ᠡᠭᠦᠷᠭᠡ ᠶᠢᠨ ᠬᠠᠷᠢᠴᠠᠭ᠎ᠠ ᠶᠢ ᠬᠡᠯᠡᠯᠴᠡᠨ ᠲᠣᠭᠲᠠᠭᠰᠠᠨ ᠬᠡᠯᠡᠯᠴᠡᠭᠡᠷ ᠪᠣᠯᠤᠨ᠎ᠠ᠃ | ᠳᠠᠭᠠᠳᠬᠠᠭᠤᠯᠤᠭᠴᠢ ᠭᠡᠳᠡᠭ ᠨᠢ ᠳᠠᠭᠠᠳᠬᠠᠭᠴᠢ ᠲᠠᠢ ᠳᠠᠭᠠᠳᠬᠠᠯ ᠤᠨ ᠭᠡᠷ᠎ᠡ ᠲᠤᠭᠲᠠᠬᠤ ᠶᠢᠨ ᠬᠠᠮᠲᠤ | ᠳᠠᠭᠠᠳᠬᠠᠯ ᠤᠨ ᠭᠡᠷ᠎ᠡ ᠶᠣᠰᠣᠭᠠᠷ ᠳᠠᠭᠠᠳᠬᠠᠯ ᠤᠨ ᠵᠠᠷᠤᠳᠠᠯ ᠲᠤᠰᠢᠶᠠᠬᠤ ᠡᠭᠦᠷᠭᠡ ᠲᠠᠢ ᠬᠥᠮᠦᠨ ᠢ ᠬᠡᠯᠡᠵᠦ ᠪᠠᠶᠢᠨ᠎ᠠ᠃ | | ᠳᠠᠭᠠᠳᠬᠠᠭᠴᠢ ᠭᠡᠳᠡᠭ ᠨᠢ ᠳᠠᠭᠠᠳᠬᠠᠭᠤᠯᠤᠭᠴᠢ ᠲᠠᠢ ᠳᠠᠭᠠᠳᠬᠠᠯ ᠤᠨ ᠭᠡᠷ᠎ᠡ ᠲᠣᠭᠲᠠᠬᠤ ᠶᠢᠨ ᠬᠠᠮᠲᠤ | ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ ᠬᠠᠷᠢᠭᠤᠴᠠᠯᠭ᠎ᠠ ᠶᠢ ᠡᠭᠦᠷᠭᠡᠯᠡᠭᠰᠡᠨ ᠳᠠᠭᠠᠳᠬᠠᠯ ᠤᠨ ᠺᠤᠮᠫᠠᠨᠢ | ᠪᠣᠯᠤᠨ᠎ᠠ᠃ | ᠠᠷᠪᠠᠳᠤᠭᠠᠷ ᠵᠦᠢᠯ ᠳᠠᠭᠠᠳᠬᠠᠭᠤᠯᠤᠭᠴᠢ ᠬᠢᠭᠡᠳ ᠳᠠᠭᠠᠳᠬᠠᠭᠴᠢ ᠳᠠᠭᠠᠳᠬᠠᠯ ᠤᠨ ᠭᠡᠷ᠎ᠡ | ᠲᠣᠭᠲᠠᠭᠠᠬᠤ ᠳᠠᠭᠠᠨ ᠭᠤᠤᠯᠴᠢ ᠪᠥᠭᠡᠳ ᠬᠠᠷᠢᠯᠴᠠᠨ ᠠᠰᠢᠭᠲᠠᠶ ᠪᠠᠶᠢᠬᠤ᠂ ᠵᠥᠪᠳᠡᠯᠴᠡᠨ ᠰᠠᠨᠠᠯ ᠨᠢᠭᠡᠳᠬᠦ᠂ ᠰᠠᠶᠢᠨ | ᠳᠤᠷ᠎ᠠ ᠠᠴᠠ ᠪᠠᠨ ᠲᠣᠭᠲᠠᠭᠠᠬᠤ ᠵᠠᠷᠴᠢᠮ ᠢ ᠵᠢᠷᠤᠮᠯᠠᠬᠤ ᠬᠡᠷᠡᠭᠲᠡᠶ᠂ ᠨᠡᠶᠢᠭᠡᠮ ᠨᠡᠶᠢᠲᠡ ᠶᠢᠨ ᠠᠰᠢᠭ ᠲᠤᠰᠠ ᠶᠢ | ᠬᠤᠬᠢᠷᠠᠭᠤᠯᠵᠤ ᠪᠣᠯᠬᠤ ᠦᠭᠡᠶ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠡᠷᠬᠡᠪᠰᠢ ᠳᠠᠭᠠᠳᠬᠠᠭᠤᠯᠬᠤ ᠬᠡᠷᠡᠭᠲᠡᠶ | ᠭᠡᠵᠦ ᠲᠣᠭᠲᠠᠭᠠᠭᠰᠠᠨ ᠢ ᠭᠠᠷᠭᠠᠪᠠᠯ᠂ ᠳᠠᠭᠠᠳᠬᠠᠯ ᠤᠨ ᠺᠤᠮᠫᠠᠨᠢ ᠪᠣᠯᠤᠨ ᠪᠤᠰᠤᠳ ᠨᠢᠭᠡᠴᠡ ᠪᠤᠰᠤᠳ ᠢ ᠠᠯᠪᠠᠳᠠᠨ | ᠳᠠᠭᠠᠳᠬᠠᠯ ᠤᠨ ᠭᠡᠷ᠎ᠡ ᠲᠣᠭᠲᠠᠭᠠᠯᠭᠠᠵᠤ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ ᠳᠠᠭᠠᠳᠬᠠᠭᠤᠯᠤᠭᠴᠢ ᠨᠢ ᠳᠠᠭᠠᠳᠬᠠᠯ ᠤᠨ ᠠᠰᠢᠭ ᠲᠤᠰᠠ ᠲᠠᠢ ᠪᠠᠶᠢᠬᠤ | ᠬᠡᠷᠡᠭᠲᠡᠶ᠃ | ᠳᠠᠭᠠᠳᠬᠠᠭᠤᠯᠤᠭᠴᠢ ᠨᠢ ᠳᠠᠭᠠᠳᠬᠠᠯ ᠤᠨ ᠠᠰᠢᠭ ᠲᠤᠰᠠ ᠦᠭᠡᠶ ᠪᠣᠯ ᠳᠠᠭᠠᠳᠬᠠᠯ ᠤᠨ ᠭᠡᠷ᠎ᠡ ᠨᠢ | ᠬᠦᠴᠦᠨ ᠦᠭᠡᠶ᠃ | ᠳᠠᠭᠠᠳᠬᠠᠯ ᠤᠨ ᠠᠰᠢᠭ ᠲᠤᠰᠠ ᠭᠡᠳᠡᠭ ᠨᠢ ᠳᠠᠭᠠᠳᠬᠠᠭᠤᠯᠤᠭᠴᠢ ᠳᠠᠭᠠᠳᠬᠠᠯ ᠳᠠᠭᠠᠨ ᠬᠠᠤᠯᠢ ᠳᠡᠭᠡᠷ᠎ᠡ | ᠮᠡᠳᠡᠷᠡᠬᠦ ᠠᠰᠢᠭ ᠲᠤᠰᠠ ᠲᠠᠢ ᠪᠠᠶᠢᠬᠤ ᠶᠢ ᠬᠡᠯᠡᠵᠦ ᠪᠠᠶᠢᠨ᠎ᠠ᠃ | ᠳᠠᠭᠠᠳᠬᠠᠯ ᠭᠡᠳᠡᠭ ᠨᠢ ᠳᠠᠭᠠᠳᠬᠠᠭᠤᠯᠬᠤ ᠡᠲᠡᠭᠡᠳ ᠪᠣᠯᠬᠤ ᠡᠳ᠋ ᠬᠥᠷᠥᠩᠭᠡ ᠬᠢᠭᠡᠳ ᠬᠤᠯᠪᠣᠭᠳᠠᠯ ᠪᠦᠬᠦᠢ | ᠠᠰᠢᠭ ᠲᠤᠰᠠ ᠪᠤᠶᠤ ᠬᠥᠮᠦᠨ ᠤ ᠠᠮᠢ ᠨᠠᠰᠤ ᠪᠣᠯᠤᠨ ᠪᠡᠶ᠎ᠡ ᠮᠠᠬᠠᠪᠣᠳ ᠢ ᠬᠡᠯᠡᠵᠦ ᠪᠠᠶᠢᠨ᠎ᠠ᠃ | ᠠᠷᠪᠠᠨ ᠬᠤᠶᠠᠳᠤᠭᠠᠷ ᠵᠦᠢᠯ ᠳᠠᠭᠠᠳᠬᠠᠭᠤᠯᠤᠭᠴᠢ ᠳᠠᠭᠠᠳᠬᠠᠭᠤᠯᠬᠤ ᠱᠠᠭᠠᠷᠳᠠᠯᠭ᠎ᠠ ᠳᠤᠷᠠᠳᠴᠤ᠂ | ᠳᠠᠭᠠᠳᠬᠠᠭᠴᠢ ᠳᠠᠭᠠᠳᠬᠠᠭᠤᠯᠬᠤ ᠶᠢ ᠬᠦᠯᠢᠶᠡᠨ ᠠᠪᠬᠤ ᠪᠠᠷ ᠵᠥᠪᠰᠢᠶᠡᠷᠡᠬᠦ ᠶᠢᠨ ᠬᠠᠮᠲᠤ ᠭᠡᠷ᠎ᠡ ᠶᠢᠨ ᠵᠦᠢᠯ | ᠪᠠᠳᠠᠭ ᠢᠶᠠᠨ ᠵᠥᠪᠳᠡᠯᠴᠡᠨ ᠲᠣᠭᠲᠠᠭᠠᠪᠠᠯ ᠳᠠᠭᠠᠳᠬᠠᠯ ᠤᠨ ᠭᠡᠷ᠎ᠡ ᠲᠣᠭᠲᠠᠭᠰᠠᠨ ᠶᠠᠪᠤᠳᠠᠯ ᠪᠣᠯᠤᠨ᠎ᠠ᠃ | ᠳᠠᠭᠠᠳᠬᠠᠭᠴᠢ ᠴᠠᠭ ᠲᠤᠬᠠᠶ ᠳᠤᠨᠢ ᠳᠠᠭᠠᠳᠬᠠᠭᠤᠯᠤᠭᠴᠢ ᠳᠤ ᠳᠠᠭᠠᠳᠬᠠᠯ ᠤᠨ ᠬᠠᠭᠤᠳᠠᠰᠤ ᠪᠤᠶᠤ | ᠳᠠᠭᠠᠳᠬᠠᠯ ᠤᠨ ᠪᠤᠰᠤᠳ ᠭᠡᠷᠡᠴᠢ ᠳᠡᠮᠳᠡᠭ ᠲᠤ ᠭᠠᠷ ᠤᠨ ᠦᠰᠦᠭ ᠵᠢᠷᠳ ᠣᠯᠭᠤᠬᠤ ᠬᠡᠷᠡᠭᠲᠡᠶ ᠪᠥᠭᠡᠳ | ᠳᠠᠭᠠᠳᠬᠠᠯ ᠤᠨ ᠬᠠᠭᠤᠳᠠᠰᠤ ᠪᠤᠶᠤ ᠳᠠᠭᠠᠳᠬᠠᠯ ᠤᠨ ᠪᠤᠰᠤᠳ ᠭᠡᠷᠡᠴᠢ ᠳᠡᠮᠳᠡᠭ ᠳᠡᠭᠡᠷ᠎ᠡ ᠬᠤᠶᠠᠷ ᠡᠲᠡᠭᠡᠳ ᠤᠨ | ᠲᠤᠬᠠᠶ ᠶᠢᠨ ᠬᠥᠮᠦᠨ ᠤ ᠬᠡᠯᠡᠯᠴᠡᠨ ᠲᠣᠭᠲᠠᠭᠠᠭᠰᠠᠨ ᠭᠡᠷ᠎ᠡ ᠶᠢᠨ ᠠᠭᠤᠯᠭ᠎ᠠ ᠶᠢ ᠲᠡᠮᠳᠡᠭᠯᠡᠭᠰᠡᠨ ᠪᠠᠶᠢᠬᠤ ᠬᠡᠷᠡᠭᠲᠡᠶ᠃ | ᠳᠠᠭᠠᠳᠬᠠᠭᠤᠯᠤᠭᠴᠢ ᠪᠣᠯᠤᠨ ᠳᠠᠭᠠᠳᠬᠠᠭᠴᠢ ᠵᠥᠪᠳᠡᠯᠴᠡᠨ ᠵᠥᠪᠰᠢᠶᠡᠷᠡᠭᠰᠡᠨ ᠪᠠᠶᠢᠪᠠᠯ᠂ ᠡᠮᠦᠨᠡᠬᠢ | ᠪᠠᠳᠠᠭ ᠤᠨ ᠲᠣᠭᠲᠠᠭᠠᠯ ᠠᠴᠠ ᠭᠠᠳᠠᠨ᠎ᠠ ᠪᠤᠰᠤᠳ ᠪᠢᠴᠢᠭ ᠬᠡᠯᠡᠯᠴᠡᠭᠡᠷ ᠤᠨ ᠬᠡᠯᠪᠡᠷᠢ ᠪᠠᠷ ᠳᠠᠭᠠᠳᠬᠠᠯ ᠤᠨ ᠭᠡᠷ᠎ᠡ | ᠲᠣᠭᠲᠠᠭᠠᠭᠰᠠᠨ ᠴᠤ ᠪᠣᠯᠤᠨ᠎ᠠ᠃ | ᠠᠷᠪᠠᠨ ᠭᠤᠷᠪᠠᠳᠤᠭᠠᠷ ᠵᠦᠢᠯ ᠳᠠᠭᠠᠳᠬᠠᠯ ᠤᠨ ᠭᠡᠷ᠎ᠡ ᠲᠣᠭᠲᠠᠭᠠᠭᠰᠠᠨ ᠤ ᠳᠠᠷᠠᠭ᠎ᠠ᠂ ᠳᠠᠭᠠᠳᠬᠠᠭᠴᠢ | ᠬᠡᠯᠡᠯᠴᠡᠵᠦ ᠲᠣᠭᠲᠠᠭᠰᠠᠨ ᠶᠣᠰᠣᠭᠠᠷ ᠳᠠᠭᠠᠳᠬᠠᠯ ᠤᠨ ᠵᠠᠷᠤᠳᠠᠯ ᠲᠤᠰᠢᠶᠠᠨ᠎ᠠ︔ ᠳᠠᠭᠠᠳᠬᠠᠭᠴᠢ ᠬᠡᠯᠡᠯᠴᠡᠨ | ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠳᠠᠭᠠᠳᠬᠠᠯ ᠤᠨ ᠬᠠᠷᠢᠭᠤᠴᠠᠯᠭ᠎ᠠ ᠶᠢ ᠡᠬᠢᠯᠡᠵᠦ ᠡᠭᠦᠷᠭᠡᠯᠡᠨ᠎ᠡ᠃ | ᠠᠷᠪᠠᠨ ᠳᠥᠷᠪᠡᠳᠦᠭᠡᠷ ᠵᠦᠢᠯ ᠲᠤᠰ ᠬᠠᠤᠯᠢ ᠳᠤ ᠠᠰᠲᠠᠭᠠᠨ ᠲᠣᠭᠲᠠᠭᠠᠯ ᠲᠠᠢ ᠪᠤᠶᠤ ᠳᠠᠭᠠᠳᠬᠠᠯ ᠤᠨ | ᠭᠡᠷ᠎ᠡ ᠳᠤ ᠠᠰᠲᠠᠭᠠᠨ ᠬᠡᠯᠡᠯᠴᠡᠨ ᠲᠣᠭᠲᠠᠭᠠᠭᠰᠠᠨ ᠵᠦᠢᠯ ᠲᠠᠢ ᠶᠢ ᠭᠠᠷᠭᠠᠪᠠᠯ᠂ ᠳᠠᠭᠠᠳᠬᠠᠯ ᠤᠨ ᠭᠡᠷ᠎ᠡ ᠶᠢ | ᠲᠣᠭᠲᠠᠭᠠᠭᠰᠠᠨ ᠤ ᠳᠠᠷᠠᠭ᠎ᠠ᠂ ᠳᠠᠭᠠᠳᠬᠠᠭᠤᠯᠤᠭᠴᠢ ᠳᠠᠭᠠᠳᠬᠠᠯ ᠤᠨ ᠭᠡᠷ᠎ᠡ ᠪᠠᠨ ᠬᠦᠴᠦᠨ ᠦᠭᠡᠶ ᠪᠣᠯᠭᠠᠵᠤ | ᠪᠣᠯᠤᠨ᠎ᠠ᠃ | ᠠᠷᠪᠠᠨ ᠲᠠᠪᠤᠳᠤᠭᠠᠷ ᠵᠦᠢᠯ ᠲᠤᠰ ᠬᠠᠤᠯᠢ ᠳᠤ ᠠᠰᠲᠠᠭᠠᠨ ᠲᠣᠭᠲᠠᠭᠠᠯ ᠲᠠᠢ ᠪᠤᠶᠤ ᠳᠠᠭᠠᠳᠬᠠᠯ ᠤᠨ | ᠭᠡᠷ᠎ᠡ ᠳᠤ ᠠᠰᠲᠠᠭᠠᠨ ᠬᠡᠯᠡᠯᠴᠡᠨ ᠲᠣᠭᠲᠠᠭᠠᠭᠰᠠᠨ ᠵᠦᠢᠯ ᠲᠠᠢ ᠶᠢ ᠭᠠᠷᠭᠠᠪᠠᠯ᠂ ᠳᠠᠭᠠᠳᠬᠠᠯ ᠤᠨ ᠭᠡᠷ᠎ᠡ ᠶᠢ | ᠲᠣᠭᠲᠠᠭᠠᠭᠰᠠᠨ ᠤ ᠳᠠᠷᠠᠭ᠎ᠠ᠂ ᠳᠠᠭᠠᠳᠬᠠᠭᠴᠢ ᠳᠠᠭᠠᠳᠬᠠᠯ ᠤᠨ ᠭᠡᠷ᠎ᠡ ᠶᠢ ᠬᠦᠴᠦᠨ ᠦᠭᠡᠶ ᠪᠣᠯᠭᠠᠵᠤ ᠪᠣᠯᠬᠤ ᠦᠭᠡᠶ᠃ | | ᠠᠷᠪᠠᠨ ᠵᠢᠷᠭᠤᠳᠤᠭᠠᠷ ᠵᠦᠢᠯ ᠳᠠᠭᠠᠳᠬᠠᠯ ᠤᠨ ᠭᠡᠷ᠎ᠡ ᠲᠣᠭᠲᠠᠭᠠᠪᠠᠯ᠂ ᠳᠠᠭᠠᠳᠬᠠᠭᠴᠢ ᠠᠴᠠ | ᠳᠠᠭᠠᠳᠬᠠᠭᠤᠯᠤᠭᠴᠢ ᠳᠤ ᠳᠠᠭᠠᠳᠬᠠᠯ ᠤᠨ ᠭᠡᠷ᠎ᠡ ᠶᠢᠨ ᠵᠦᠢᠯ ᠪᠠᠳᠠᠭ ᠤᠨ ᠠᠭᠤᠯᠭ᠎ᠠ ᠶᠢ ᠲᠣᠳᠣᠷᠬᠠᠶᠢᠯᠠᠵᠤ | ᠥᠭᠬᠦ ᠶᠢᠨ ᠬᠠᠮᠲᠤ᠂ ᠳᠠᠭᠠᠳᠬᠠᠭᠳᠠᠭᠴᠢ ᠪᠤᠶᠤ ᠳᠠᠭᠠᠳᠬᠠᠭᠳᠠᠭᠴᠢ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ | ᠠᠰᠠᠭᠤᠵᠤ ᠪᠣᠯᠬᠤ ᠪᠥᠭᠡᠳ ᠳᠠᠭᠠᠳᠬᠠᠭᠤᠯᠤᠭᠴᠢ ᠦᠨᠡᠨ ᠮᠥᠨ ᠢᠶᠠᠷ ᠨᠢ ᠬᠡᠯᠡᠵᠦ ᠥᠭᠬᠦ ᠬᠡᠷᠡᠭᠲᠡᠶ᠃ | ᠳᠠᠭᠠᠳᠬᠠᠭᠳᠠᠭᠴᠢ ᠵᠣᠷᠢᠭᠤᠳᠠ ᠪᠣᠳᠠᠲᠤ ᠬᠡᠷᠡᠭ ᠢ ᠨᠢᠭᠤᠨ ᠳᠠᠯᠳᠠᠯᠠᠵᠤ᠂ ᠦᠨᠡᠨ ᠮᠥᠨ ᠢᠶᠠᠷ ᠨᠢ ᠬᠡᠯᠡᠵᠦ | ᠥᠭᠬᠦ ᠡᠭᠦᠷᠭᠡ ᠪᠠᠨ ᠭᠦᠢᠴᠡᠳᠬᠡᠭᠰᠡᠨ ᠦᠭᠡᠶ᠂ ᠡᠰᠡᠬᠦᠯ᠎ᠡ ᠠᠳᠡᠯ ᠠᠴᠠ ᠪᠣᠯᠣᠭᠠᠳ ᠦᠨᠡᠨ ᠮᠥᠨ ᠢᠶᠠᠷ ᠨᠢ ᠬᠡᠯᠡᠵᠦ | ᠥᠭᠬᠦ ᠡᠭᠦᠷᠭᠡ ᠪᠠᠨ ᠡᠰᠡ ᠭᠦᠢᠴᠡᠳᠬᠡᠭᠰᠡᠨ ᠠᠴᠠ ᠪᠣᠯᠵᠤ᠂ ᠳᠠᠭᠠᠳᠬᠠᠭᠴᠢ ᠶᠢᠨ ᠳᠠᠭᠠᠳᠬᠠᠬᠤ ᠶᠢ ᠬᠦᠯᠢᠶᠡᠨ | ᠠᠪᠬᠤ ᠶᠢ ᠵᠥᠪᠰᠢᠶᠡᠷᠡᠬᠦ ᠡᠰᠡᠬᠦ ᠪᠤᠶᠤ ᠳᠠᠭᠠᠳᠬᠠᠯ ᠤᠨ ᠨᠣᠷᠮ᠎ᠠ ᠶᠢ ᠥᠰᠬᠡᠬᠦ ᠡᠰᠡᠬᠦ ᠶᠢ ᠲᠣᠭᠲᠠᠭᠠᠬᠤ ᠶᠠᠪᠤᠳᠠᠯ ᠢ | ᠭᠦᠢᠴᠡᠳ ᠨᠥᠯᠥᠭᠡᠯᠡᠭᠰᠡᠨ ᠪᠠᠶᠢᠪᠠᠯ ᠳᠠᠭᠠᠳᠬᠠᠭᠴᠢ ᠠᠴᠠ ᠳᠠᠭᠠᠳᠬᠠᠯ ᠤᠨ ᠭᠡᠷ᠎ᠡ ᠶᠢ ᠬᠦᠴᠦᠨ ᠦᠭᠡᠶ ᠪᠣᠯᠭᠠᠬᠤ | ᠡᠷᠬᠡ ᠲᠠᠢ᠃ | ᠳᠠᠭᠠᠳᠬᠠᠭᠤᠯᠤᠭᠴᠢ ᠪᠠᠶᠢᠳᠠᠯ ᠢ ᠦᠨᠡᠨ ᠮᠥᠨ ᠢᠶᠠᠷ ᠨᠢ ᠬᠡᠯᠡᠵᠦ ᠥᠭᠬᠦ ᠡᠭᠦᠷᠭᠡ ᠪᠠᠨ ᠵᠣᠷᠢᠭᠤᠳᠠ | ᠭᠦᠢᠴᠡᠳᠬᠡᠭᠰᠡᠨ ᠦᠭᠡᠶ ᠪᠣᠯ ᠳᠠᠭᠠᠳᠬᠠᠭᠴᠢ ᠠᠴᠠ ᠳᠠᠭᠠᠳᠬᠠᠯ ᠤᠨ ᠭᠡᠷ᠎ᠡ ᠶᠢ ᠬᠦᠴᠦᠨ ᠦᠭᠡᠶ ᠪᠣᠯᠭᠠᠬᠤ ᠠᠴᠠ | ᠡᠮᠦᠨ᠎ᠡ ᠭᠠᠷᠤᠭᠰᠠᠨ ᠳᠠᠭᠠᠳᠬᠠᠯ ᠤᠨ ᠠᠳᠡᠯ ᠳᠤ ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ | ᠬᠠᠷᠢᠭᠤᠴᠠᠯᠭ᠎ᠠ ᠡᠭᠦᠷᠭᠡᠯᠡᠬᠦ ᠦᠭᠡᠶ ᠪᠥᠭᠡᠳ ᠳᠠᠭᠠᠳᠬᠠᠯ ᠤᠨ ᠵᠠᠷᠤᠳᠠᠯ ᠢ ᠨᠢ ᠪᠤᠴᠠᠭᠠᠵᠤ ᠥᠭᠬᠦ ᠦᠭᠡᠶ᠃ | ᠳᠠᠭᠠᠳᠬᠠᠭᠤᠯᠤᠭᠴᠢ ᠠᠳᠡᠯ ᠠᠴᠠ ᠪᠣᠯᠣᠭᠠᠳ ᠪᠠᠶᠢᠳᠠᠯ ᠢᠶᠠᠨ ᠦᠨᠡᠨ ᠮᠥᠨ ᠢᠶᠠᠷ ᠨᠢ ᠬᠡᠯᠡᠵᠦ ᠥᠭᠬᠦ | ᠡᠭᠦᠷᠭᠡ ᠪᠠᠨ ᠡᠰᠡ ᠭᠦᠢᠴᠡᠳᠬᠡᠵᠦ᠂ ᠳᠠᠭᠠᠳᠬᠠᠯ ᠤᠨ ᠠᠳᠡᠯ ᠭᠠᠷᠬᠤ ᠳᠤ ᠬᠦᠨᠳᠦ ᠨᠣᠴᠢᠲᠠᠶ ᠨᠥᠯᠥᠭᠡ ᠪᠣᠯᠤᠭᠰᠠᠨ | ᠪᠠᠶᠢᠪᠠᠯ᠂ ᠳᠠᠭᠠᠳᠬᠠᠭᠴᠢ ᠠᠴᠠ ᠳᠠᠭᠠᠳᠬᠠᠯ ᠤᠨ ᠭᠡᠷ᠎ᠡ ᠶᠢ ᠬᠦᠴᠦᠨ ᠦᠭᠡᠶ ᠪᠣᠯᠭᠠᠬᠤ ᠠᠴᠠ ᠡᠮᠦᠨ᠎ᠡ ᠭᠠᠷᠤᠭᠰᠠᠨ | ᠳᠠᠭᠠᠳᠬᠠᠯ ᠤᠨ ᠠᠳᠡᠯ ᠳᠤ ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ ᠬᠠᠷᠢᠭᠤᠴᠠᠯᠭ᠎ᠠ ᠡᠭᠦᠷᠭᠡᠯᠡᠬᠦ ᠦᠭᠡᠶ᠂ | ᠭᠡᠪᠡᠴᠦ ᠳᠠᠭᠠᠳᠬᠠᠯ ᠤᠨ ᠵᠠᠷᠤᠳᠠᠯ ᠢ ᠨᠢ ᠪᠤᠴᠠᠭᠠᠨ ᠥᠭᠴᠦ ᠪᠣᠯᠤᠨ᠎ᠠ᠃ | ᠳᠠᠭᠠᠳᠬᠠᠯ ᠤᠨ ᠠᠳᠡᠯ ᠭᠡᠳᠡᠭ ᠨᠢ ᠳᠠᠭᠠᠳᠬᠠᠯ ᠤᠨ ᠭᠡᠷ᠎ᠡ ᠳᠤ ᠬᠡᠯᠡᠯᠴᠡᠨ ᠲᠤᠭᠲᠠᠭᠠᠭᠰᠠᠨ | ᠳᠠᠭᠠᠳᠬᠠᠯ ᠤᠨ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠳᠡᠯ ᠢ ᠬᠡᠯᠡᠵᠦ ᠪᠠᠶᠢᠨ᠎ᠠ᠃ | ᠠᠷᠪᠠᠨ ᠳᠣᠯᠣᠳᠤᠭᠠᠷ ᠵᠦᠢᠯ ᠭᠡᠷ᠎ᠡ ᠳᠤ ᠲᠣᠭᠲᠠᠭᠠᠭᠰᠠᠨ ᠳᠠᠭᠠᠳᠬᠠᠭᠴᠢ ᠶᠢ ᠬᠠᠷᠢᠭᠤᠴᠠᠯᠭ᠎ᠠ ᠠᠴᠠ | ᠬᠡᠯᠲᠦᠷᠢᠭᠦᠯᠬᠦ ᠲᠤᠬᠠᠶ ᠵᠦᠢᠯ ᠪᠠᠳᠠᠭ ᠢ ᠳᠠᠭᠠᠳᠬᠠᠭᠴᠢ ᠨᠢ ᠳᠠᠭᠠᠳᠬᠠᠯ ᠤᠨ ᠭᠡᠷ᠎ᠡ ᠲᠣᠭᠲᠠᠭᠠᠬᠤ ᠳᠠᠭᠠᠨ | ᠳᠠᠭᠠᠳᠬᠠᠭᠤᠯᠤᠭᠴᠢ ᠳᠤ ᠲᠣᠳᠣᠷᠬᠠᠶᠢᠯᠠᠨ ᠲᠠᠶᠢᠯᠪᠤᠷᠢᠯᠠᠵᠤ ᠥᠭᠬᠦ ᠬᠡᠷᠡᠭᠲᠡᠶ᠂ ᠲᠣᠳᠣᠷᠬᠠᠶᠢᠯᠠᠨ ᠲᠠᠶᠢᠯᠪᠤᠷᠢᠯᠠᠵᠤ | ᠥᠭᠭᠦᠭᠰᠡᠨ ᠦᠭᠡᠶ ᠪᠠᠶᠢᠪᠠᠯ ᠲᠤᠰ ᠵᠦᠢᠯ ᠪᠠᠳᠠᠭ ᠬᠦᠴᠦᠨ ᠦᠭᠡᠶ ᠪᠣᠯᠤᠨ᠎ᠠ᠃ | ᠠᠷᠪᠠᠨ ᠨᠠᠢᠮᠠᠳᠤᠭᠠᠷ ᠵᠦᠢᠯ ᠳᠠᠭᠠᠳᠬᠠᠯ ᠤᠨ ᠭᠡᠷ᠎ᠡ ᠳᠤ ᠳᠣᠤᠷᠠᠬᠢ ᠵᠦᠢᠯ ᠤᠳ ᠨᠢ ᠪᠠᠭᠲᠠᠭᠠᠭᠰᠠᠨ | ᠪᠠᠶᠢᠬᠤ ᠬᠡᠷᠡᠭᠲᠡᠶ᠄ | ︵ᠨᠢᠭᠡ︶ ᠳᠠᠭᠠᠳᠬᠠᠭᠴᠢ ᠶᠢᠨ ᠨᠡᠷ᠎ᠡ ᠪᠠ ᠰᠠᠭᠤᠭ᠎ᠠ ᠭᠠᠵᠠᠷ︔ | ︵ᠬᠤᠶᠠᠷ︶ ᠳᠠᠭᠠᠳᠬᠠᠭᠤᠯᠤᠭᠴᠢ ᠶᠢᠨ ᠨᠡᠷ᠎ᠡ ᠬᠢᠭᠡᠳ ᠰᠠᠭᠤᠭ᠎ᠠ ᠭᠠᠵᠠᠷ ᠵᠢᠴᠢ ᠪᠡᠶ᠎ᠡ ᠶᠢᠨ | ᠳᠠᠭᠠᠳᠬᠠᠯ ᠤᠨ ᠠᠰᠢᠭ ᠬᠦᠷᠲᠡᠭᠴᠢ ᠶᠢᠨ ᠨᠡᠷ᠎ᠡ ᠬᠢᠭᠡᠳ ᠰᠠᠭᠤᠭ᠎ᠠ ᠭᠠᠵᠠᠷ︔ | ︵ᠭᠤᠷᠪᠠ︶ ᠳᠠᠭᠠᠳᠬᠠᠭᠳᠠᠬᠤ ᠡᠲᠡᠭᠡᠳ︔ | ︵ᠳᠥᠷᠪᠡ︶ ᠳᠠᠭᠠᠳᠬᠠᠯ ᠤᠨ ᠬᠠᠷᠢᠭᠤᠴᠠᠯᠭ᠎ᠠ ᠪᠣᠯᠤᠨ ᠬᠠᠷᠢᠭᠤᠴᠠᠯᠭ᠎ᠠ ᠠᠴᠠ ᠬᠡᠯᠲᠦᠷᠢᠭᠦᠯᠬᠦ︔ | ︵ᠲᠠᠪᠤ︶ ᠳᠠᠭᠠᠳᠬᠠᠯ ᠤᠨ ᠬᠤᠭᠤᠴᠠᠭ᠎ᠠ ᠪᠠ ᠳᠠᠭᠠᠳᠬᠠᠯ ᠤᠨ ᠬᠠᠷᠢᠭᠤᠴᠠᠯᠭ᠎ᠠ ᠶᠢᠨ ᠡᠬᠢᠯᠡᠬᠦ ᠴᠠᠭ | ᠬᠤᠭᠤᠴᠠᠭ᠎ᠠ︔ | ︵ᠵᠢᠷᠭᠤᠭ᠎ᠠ︶ ᠳᠠᠭᠠᠳᠬᠠᠯ ᠤᠨ ᠥᠷᠲᠡᠭ︔ | ︵ᠳᠣᠯᠤᠭ᠎ᠠ︶ ᠳᠠᠭᠠᠳᠬᠠᠯ ᠤᠨ ᠵᠣᠭᠤᠰ ᠤᠨ ᠲᠤᠭ᠎ᠠ︔ | ︵ᠨᠠᠢᠮᠠ︶ ᠳᠠᠭᠠᠳᠬᠠᠯ ᠤᠨ ᠵᠠᠷᠤᠳᠠᠯ ᠬᠢᠭᠡᠳ ᠲᠤᠰᠢᠶᠠᠬᠤ ᠠᠷᠭ᠎ᠠ︔ | ︵ᠶᠢᠰᠦ︶ ᠳᠠᠭᠠᠳᠬᠠᠯ ᠤᠨ ᠮᠥᠩᠭᠦ ᠲᠥᠯᠥᠬᠦ ᠪᠤᠶᠤ ᠥᠭᠬᠦ ᠠᠷᠭ᠎ᠠ︔ | ︵ᠠᠷᠪᠠ︶ ᠬᠡᠯᠡᠯᠴᠡᠨ ᠲᠣᠭᠲᠠᠭᠰᠠᠨ ᠵᠦᠢᠯ ᠢ ᠵᠥᠷᠢᠴᠡᠭᠰᠡᠨ ᠬᠠᠷᠢᠭᠤᠴᠠᠯᠭ᠎ᠠ ᠬᠢᠭᠡᠳ ᠮᠠᠷᠭᠤᠭᠠᠨ ᠢ | ᠰᠢᠢᠳᠪᠦᠷᠢᠯᠡᠬᠦ︔ | ︵ᠠᠷᠪᠠᠨ ᠨᠢᠭᠡ︶ ᠭᠡᠷ᠎ᠡ ᠲᠣᠭᠲᠠᠭᠠᠭᠰᠠᠨ ᠣᠨ᠂ ᠰᠠᠷ᠎ᠠ᠂ ᠡᠳᠦᠷ᠃ | ᠠᠷᠪᠠ ᠶᠢᠰᠦᠳᠦᠭᠡᠷ ᠵᠦᠢᠯ ᠳᠠᠭᠠᠳᠬᠠᠭᠤᠯᠤᠭᠴᠢ ᠪᠣᠯᠤᠨ ᠳᠠᠭᠠᠳᠬᠠᠭᠴᠢ ᠡᠮᠦᠨᠡᠬᠢ ᠵᠦᠢᠯ ᠳᠤ | ᠲᠣᠭᠲᠠᠭᠠᠭᠰᠠᠨ ᠳᠠᠭᠠᠳᠬᠠᠯ ᠤᠨ ᠭᠡᠷ᠎ᠡ ᠶᠢᠨ ᠵᠦᠢᠯ ᠠᠴᠠ ᠭᠠᠳᠠᠨ᠎ᠠ᠂ ᠳᠠᠭᠠᠳᠬᠠᠯ ᠯᠤᠭ᠎ᠠ ᠬᠤᠯᠪᠣᠭᠳᠠᠬᠤ ᠪᠤᠰᠤᠳ | ᠵᠦᠢᠯ ᠢ ᠬᠡᠯᠡᠯᠴᠡᠨ ᠲᠣᠭᠲᠠᠭᠠᠵᠤ ᠪᠣᠯᠤᠨ᠎ᠠ᠃ | ᠬᠤᠷᠢᠳᠤᠭᠠᠷ ᠵᠦᠢᠯ ᠳᠠᠭᠠᠳᠬᠠᠯ ᠤᠨ ᠭᠡᠷ᠎ᠡ ᠶᠢᠨ ᠬᠦᠴᠦᠨ ᠲᠠᠢ ᠬᠤᠭᠤᠴᠠᠭᠠᠨ ᠳᠤ | ᠳᠠᠭᠠᠳᠬᠠᠭᠤᠯᠤᠭᠴᠢ ᠬᠢᠭᠡᠳ ᠳᠠᠭᠠᠳᠬᠠᠭᠴᠢ ᠵᠥᠪᠳᠡᠯᠴᠡᠨ ᠵᠥᠪᠰᠢᠶᠡᠷᠡᠭᠰᠡᠨ ᠪᠣᠯ ᠳᠠᠭᠠᠳᠬᠠᠯ ᠤᠨ ᠭᠡᠷ᠎ᠡ ᠶᠢᠨ | ᠬᠤᠯᠪᠣᠭᠳᠠᠯ ᠪᠦᠬᠦᠢ ᠠᠭᠤᠯᠭ᠎ᠠ ᠶᠢ ᠬᠤᠪᠢᠷᠠᠭᠤᠯᠵᠤ ᠪᠣᠯᠤᠨ᠎ᠠ᠃ | ᠳᠠᠭᠠᠳᠬᠠᠯ ᠤᠨ ᠭᠡᠷ᠎ᠡ ᠶᠢ ᠬᠤᠪᠢᠷᠠᠭᠤᠯᠬᠤ ᠳᠤ ᠳᠠᠭᠠᠳᠬᠠᠭᠴᠢ ᠠᠴᠠ ᠤᠤᠯ ᠳᠠᠭᠠᠳᠬᠠᠯ ᠤᠨ ᠬᠠᠭᠤᠳᠠᠰᠤ | ᠪᠤᠶᠤ ᠳᠠᠭᠠᠳᠬᠠᠯ ᠤᠨ ᠪᠤᠰᠤᠳ ᠭᠡᠷᠡᠴᠢ ᠳᠡᠮᠳᠡᠭ ᠳᠡᠭᠡᠷ᠎ᠡ ᠴᠣᠬᠤᠯᠲᠠ ᠲᠠᠶᠢᠯᠪᠤᠷᠢ ᠬᠢᠬᠦ ᠪᠤᠶᠤ ᠵᠥᠪᠰᠢᠶᠡᠷᠡᠭᠰᠡᠨ | ᠬᠠᠭᠤᠳᠠᠰᠤ ᠳᠠᠭᠠᠯᠳᠤᠭᠤᠯᠤᠨ ᠨᠠᠭᠠᠬᠤ ᠬᠡᠷᠡᠭᠲᠡᠶ᠂ ᠡᠰᠡᠬᠦᠯ᠎ᠡ ᠳᠠᠭᠠᠳᠬᠠᠭᠤᠯᠤᠭᠴᠢ ᠪᠣᠯᠤᠨ ᠳᠠᠭᠠᠳᠬᠠᠭᠴᠢ ᠭᠡᠷ᠎ᠡ | ᠬᠤᠪᠢᠷᠠᠭᠤᠯᠤᠭᠰᠠᠨ ᠪᠢᠴᠢᠭ ᠤᠨ ᠬᠡᠯᠡᠯᠴᠡᠭᠡᠷ ᠲᠣᠭᠲᠠᠭᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠳᠠᠭᠠᠳᠬᠠᠭᠤᠯᠤᠭᠴᠢ᠂ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠨᠢ | ᠳᠠᠭᠠᠳᠬᠠᠯ ᠤᠨ ᠠᠳᠡᠯ ᠭᠠᠷᠤᠭᠰᠠᠨ ᠢ ᠮᠡᠲᠡᠪᠡᠯ᠂ ᠳᠠᠭᠠᠳᠬᠠᠭᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ | ᠳᠠᠭᠠᠳᠬᠠᠭᠳᠠᠭᠴᠢ ᠭᠡᠳᠡᠭ ᠨᠢ ᠡᠳ᠋ ᠬᠥᠷᠥᠩᠭᠡ ᠪᠤᠶᠤ ᠪᠡᠶ᠎ᠡ ᠨᠢ ᠳᠠᠭᠠᠳᠬᠠᠯ ᠤᠨ ᠭᠡᠷ᠎ᠡ ᠪᠠᠷ | ᠪᠠᠲᠤᠯᠠᠭᠳᠠᠵᠤ᠂ ᠳᠠᠭᠠᠳᠬᠠᠯ ᠤᠨ ᠮᠥᠩᠭᠦ ᠭᠤᠶᠤᠴᠢᠯᠠᠬᠤ ᠡᠷᠬᠡ ᠲᠠᠢ ᠬᠥᠮᠦᠨ ᠢ ᠬᠡᠯᠡᠵᠦ ᠪᠠᠶᠢᠨ᠎ᠠ᠂ ᠳᠠᠭᠠᠳᠬᠠᠭᠰᠠᠨ | ᠡᠲᠡᠭᠡᠳ ᠨᠢ ᠳᠠᠭᠠᠳᠬᠠᠭᠳᠠᠭᠴᠢ ᠪᠣᠯᠵᠤ ᠪᠣᠯᠤᠨ᠎ᠠ᠃ | ᠠᠰᠢᠭ ᠬᠦᠷᠲᠡᠭᠴᠢ ᠭᠡᠳᠡᠭ ᠨᠢ ᠪᠡᠶ᠎ᠡ ᠶᠢᠨ ᠳᠠᠭᠠᠳᠬᠠᠯ ᠤᠨ ᠭᠡᠷ᠎ᠡ ᠳᠠᠬᠢ ᠳᠠᠭᠠᠳᠬᠠᠭᠳᠠᠭᠴᠢ ᠪᠤᠶᠤ | ᠳᠠᠭᠠᠳᠬᠠᠭᠤᠯᠤᠭᠴᠢ ᠠᠴᠠ ᠵᠢᠭᠠᠨ ᠲᠣᠭᠲᠠᠭᠠᠭᠰᠠᠨ ᠳᠠᠭᠠᠳᠬᠠᠯ ᠤᠨ ᠮᠥᠩᠭᠦ ᠭᠤᠶᠤᠴᠢᠯᠠᠬᠤ ᠡᠷᠬᠡ ᠲᠠᠢ ᠬᠥᠮᠦᠨ ᠢ | ᠬᠡᠯᠡᠵᠦ ᠪᠠᠶᠢᠨ᠎ᠠ᠂ ᠳᠠᠭᠠᠳᠬᠠᠭᠤᠯᠤᠭᠴᠢ᠂ ᠳᠠᠭᠠᠳᠬᠠᠭᠳᠠᠭᠴᠢ ᠨᠢ ᠠᠰᠢᠭ ᠬᠦᠷᠲᠡᠭᠴᠢ ᠪᠣᠯᠵᠤ ᠪᠣᠯᠤᠨ᠎ᠠ᠃ | ᠬᠤᠷᠢᠨ ᠬᠤᠶᠠᠳᠤᠭᠠᠷ ᠵᠦᠢᠯ ᠳᠠᠭᠠᠳᠬᠠᠯ ᠤᠨ ᠠᠳᠡᠯ ᠭᠠᠷᠤᠭᠰᠠᠨ ᠤ ᠳᠠᠷᠠᠭ᠎ᠠ᠂ ᠳᠠᠭᠠᠳᠬᠠᠯ ᠤᠨ | ᠭᠡᠷ᠎ᠡ ᠶᠣᠰᠣᠭᠠᠷ ᠳᠠᠭᠠᠳᠬᠠᠭᠴᠢ ᠠᠴᠠ ᠲᠥᠯᠥᠪᠦᠷᠢ ᠪᠤᠶᠤ ᠳᠠᠭᠠᠳᠬᠠᠯ ᠤᠨ ᠮᠥᠩᠭᠦ ᠭᠤᠶᠤᠴᠢᠯᠠᠬᠤ ᠳᠤ | ᠳᠠᠭᠠᠳᠬᠠᠭᠤᠯᠤᠭᠴᠢ᠂ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠨᠢ ᠡᠷᠬᠡᠪᠰᠢ ᠳᠠᠭᠠᠳᠬᠠᠭᠴᠢ ᠳᠤ | ᠳᠠᠭᠠᠳᠬᠠᠯ ᠤᠨ ᠠᠳᠡᠯ ᠤᠨ ᠰᠢᠨᠵᠢ ᠴᠢᠨᠠᠷ᠂ ᠰᠢᠯᠲᠠᠭᠠᠨ᠂ ᠬᠤᠬᠢᠷᠠᠯ ᠤᠨ ᠬᠡᠮᠵᠢᠶ᠎ᠡ ᠵᠡᠷᠭᠡ ᠶᠢ ᠲᠣᠭᠲᠠᠭᠠᠬᠤ ᠳᠤ | ᠬᠤᠯᠪᠣᠭᠳᠠᠬᠤ ᠬᠠᠮᠢᠶ᠎ᠠ ᠪᠦᠬᠦᠢ ᠭᠡᠷᠡᠴᠢ ᠪᠠ ᠮᠠᠲ᠋ᠧᠷᠢᠶᠠᠯ ᠢ ᠬᠠᠩᠭᠠᠬᠤ ᠬᠡᠷᠡᠭᠲᠡᠶ᠃ | ᠳᠠᠭᠠᠳᠬᠠᠭᠴᠢ ᠨᠢ ᠳᠠᠭᠠᠳᠬᠠᠯ ᠤᠨ ᠭᠡᠷ᠎ᠡ ᠳᠤ ᠬᠡᠯᠡᠯᠴᠡᠨ ᠲᠣᠭᠲᠠᠭᠠᠭᠰᠠᠨ ᠶᠣᠰᠣᠭᠠᠷ ᠬᠤᠯᠪᠣᠭᠳᠠᠯ | ᠪᠦᠬᠦᠢ ᠭᠡᠷᠡᠴᠢ ᠪᠣᠯᠤᠨ ᠮᠠᠲ᠋ᠧᠷᠢᠶᠠᠯ ᠢ ᠪᠦᠷᠢᠨ ᠪᠤᠰᠤ ᠭᠡᠵᠦ ᠦᠵᠡᠪᠡᠯ᠂ ᠳᠠᠭᠠᠳᠬᠠᠭᠤᠯᠤᠭᠴᠢ᠂ ᠳᠠᠭᠠᠳᠬᠠᠭᠳᠠᠭᠴᠢ | ᠪᠤᠶᠤ ᠠᠰᠢᠭ ᠬᠦᠷᠲᠡᠭᠴᠢ ᠳᠤ ᠮᠡᠳᠡᠭᠳᠡᠵᠦ ᠬᠤᠯᠪᠣᠭᠳᠠᠯ ᠪᠦᠬᠦᠢ ᠭᠡᠷᠡᠴᠢ ᠪᠣᠯᠤᠨ ᠮᠠᠲ᠋ᠧᠷᠢᠶᠠᠯ ᠢ ᠨᠥᠬᠦᠪᠥᠷᠢᠯᠡᠨ | ᠬᠠᠩᠭᠠᠯᠭᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠳᠠᠭᠠᠳᠬᠠᠭᠴᠢ ᠨᠢ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠶᠢᠨ | ᠲᠥᠯᠥᠪᠦᠷᠢ ᠪᠤᠶᠤ ᠳᠠᠭᠠᠳᠬᠠᠯ ᠤᠨ ᠮᠥᠩᠭᠦ ᠲᠥᠯᠥᠭᠦᠯᠬᠦ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠴᠠᠭ | ᠲᠤᠬᠠᠶ ᠳᠤᠨᠢ ᠬᠠᠷᠭᠤᠭᠤᠯᠤᠨ ᠲᠣᠭᠲᠠᠭᠠᠬᠤ ᠬᠡᠷᠡᠭᠲᠡᠶ︔ ᠳᠠᠭᠠᠳᠬᠠᠯ ᠤᠨ ᠬᠠᠷᠢᠭᠤᠴᠠᠯᠭ᠎ᠠ ᠳᠤ ᠬᠠᠷᠢᠶᠠᠯᠠᠭᠳᠠᠬᠤ ᠳᠤ | ᠬᠦᠷᠪᠡᠯ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠲᠠᠢ ᠬᠤᠯᠪᠣᠭᠳᠠᠯ ᠪᠦᠬᠦᠢ ᠲᠥᠯᠥᠪᠦᠷᠢ ᠪᠤᠶᠤ | ᠳᠠᠭᠠᠳᠬᠠᠯ ᠤᠨ ᠮᠥᠩᠭᠦ ᠥᠭᠬᠦ ᠲᠤᠭ᠎ᠠ ᠶᠢᠨ ᠲᠤᠬᠠᠶ ᠬᠡᠯᠡᠯᠴᠡᠭᠡᠷ ᠲᠣᠭᠲᠠᠭᠠᠭᠰᠠᠨ ᠤ ᠳᠠᠷᠠᠭ᠎ᠠ 10 ᠡᠳᠦᠷ ᠤᠨ | ᠳᠣᠲᠣᠷ᠎ᠠ ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ ᠡᠭᠦᠷᠭᠡ ᠪᠠᠨ ᠭᠦᠢᠴᠡᠳᠬᠡᠬᠦ ᠬᠡᠷᠡᠭᠲᠡᠶ᠃ | ᠳᠠᠭᠠᠳᠬᠠᠯ ᠤᠨ ᠭᠡᠷ᠎ᠡ ᠳᠤ ᠳᠠᠭᠠᠳᠬᠠᠯ ᠤᠨ ᠮᠥᠩᠭᠦ ᠶᠢᠨ ᠲᠤᠭ᠎ᠠ ᠬᠢᠭᠡᠳ ᠲᠥᠯᠥᠪᠦᠷᠢ ᠪᠤᠶᠤ ᠥᠭᠬᠦ | ᠬᠠᠷᠢᠭᠤᠴᠠᠯᠭ᠎ᠠ ᠶᠢᠨ ᠲᠠᠯ᠎ᠠ ᠪᠠᠷ ᠬᠡᠯᠡᠯᠴᠡᠨ ᠲᠣᠭᠲᠠᠭᠠᠭᠰᠠᠨ ᠪᠠᠶᠢᠪᠠᠯ᠂ ᠳᠠᠭᠠᠳᠬᠠᠭᠴᠢ ᠨᠢ ᠭᠡᠷ᠎ᠡ ᠳᠤ ᠬᠡᠯᠡᠯᠴᠡᠨ | ᠲᠣᠭᠲᠠᠭᠠᠭᠰᠠᠨ ᠶᠣᠰᠣᠭᠠᠷ ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ ᠡᠭᠦᠷᠭᠡ ᠪᠠᠨ ᠭᠦᠢᠴᠡᠳᠬᠡᠬᠦ ᠬᠡᠷᠡᠭᠲᠡᠶ | ᠃ | ᠳᠠᠭᠠᠳᠬᠠᠭᠴᠢ ᠡᠮᠦᠨᠡᠬᠢ ᠪᠠᠳᠠᠭ ᠲᠤ ᠲᠣᠭᠲᠠᠭᠠᠭᠰᠠᠨ ᠡᠭᠦᠷᠭᠡ ᠶᠢ ᠴᠠᠭ ᠲᠤᠬᠠᠶ ᠳᠤᠨᠢ ᠡᠰᠡ | ᠭᠦᠢᠴᠡᠳᠬᠡᠭᠰᠡᠨ ᠪᠠᠶᠢᠪᠠᠯ᠂ ᠳᠠᠭᠠᠳᠬᠠᠯ ᠤᠨ ᠮᠥᠩᠭᠦ ᠥᠭᠬᠦ ᠠᠴᠠ ᠭᠠᠳᠠᠨ᠎ᠠ ᠳᠠᠭᠠᠳᠬᠠᠭᠳᠠᠭᠴᠢ ᠪᠤᠶᠤ ᠠᠰᠢᠭ | ᠬᠦᠷᠲᠡᠭᠴᠢ ᠶᠢᠨ ᠡᠭᠦᠨ ᠠᠴᠠ ᠪᠣᠯᠤᠭᠰᠠᠨ ᠬᠤᠬᠢᠷᠠᠯ ᠢ ᠲᠥᠯᠥᠬᠦ ᠬᠡᠷᠡᠭᠲᠡᠶ᠃ | ᠶᠠᠮᠠᠷᠪᠠ ᠨᠢᠭᠡᠴᠡ ᠪᠤᠶᠤ ᠬᠤᠪᠢ ᠬᠥᠮᠦᠨ ᠴᠥᠮ ᠳᠠᠭᠠᠳᠬᠠᠭᠴᠢ ᠶᠢᠨ ᠲᠥᠯᠥᠪᠦᠷᠢ ᠪᠤᠶᠤ ᠳᠠᠭᠠᠳᠬᠠᠯ ᠤᠨ | ᠮᠥᠩᠭᠦ ᠥᠭᠬᠦ ᠡᠭᠦᠷᠭᠡ ᠪᠠᠨ ᠭᠦᠢᠴᠡᠳᠬᠡᠬᠦ ᠶᠢ ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠶ᠂ ᠳᠠᠭᠠᠳᠬᠠᠭᠴᠢ | ᠪᠤᠶᠤ ᠠᠰᠢᠭ ᠬᠦᠷᠲᠡᠭᠴᠢ ᠶᠢᠨ ᠳᠠᠭᠠᠳᠬᠠᠯ ᠤᠨ ᠮᠥᠩᠭᠦ ᠣᠯᠬᠤ ᠡᠷᠬᠡ ᠶᠢ ᠴᠦ ᠬᠢᠵᠠᠭᠠᠷᠯᠠᠵᠤ ᠪᠣᠯᠬᠤ ᠦᠭᠡᠶ᠃ | ᠳᠠᠭᠠᠳᠬᠠᠯ ᠤᠨ ᠮᠥᠩᠭᠦ ᠶᠢᠨ ᠲᠤᠭ᠎ᠠ ᠭᠡᠳᠡᠭ ᠨᠢ ᠳᠠᠭᠠᠳᠬᠠᠭᠴᠢ ᠶᠢᠨ ᠲᠥᠯᠥᠪᠦᠷᠢ ᠪᠤᠶᠤ ᠳᠠᠭᠠᠳᠬᠠᠯ ᠤᠨ | ᠮᠥᠩᠭᠦ ᠥᠭᠬᠦ ᠬᠠᠷᠢᠭᠤᠴᠠᠯᠭ᠎ᠠ ᠡᠭᠦᠷᠭᠡᠯᠡᠬᠦ ᠬᠠᠮᠤᠭ ᠤᠨ ᠳᠡᠭᠡᠳᠦ ᠬᠢᠵᠠᠭᠠᠷᠲᠤ ᠲᠤᠭ᠎ᠠ ᠶᠢ ᠬᠡᠯᠡᠵᠦ ᠪᠠᠶᠢᠨ᠎ᠠ᠃ | ᠬᠤᠷᠢᠨ ᠳᠥᠷᠪᠡᠳᠦᠭᠡᠷ ᠵᠦᠢᠯ ᠳᠠᠭᠠᠳᠬᠠᠭᠴᠢ ᠨᠢ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠶᠢᠨ | ᠲᠥᠯᠥᠪᠦᠷᠢ ᠪᠤᠶᠤ ᠳᠠᠭᠠᠳᠬᠠᠯ ᠤᠨ ᠮᠥᠩᠭᠦ ᠲᠥᠯᠥᠭᠦᠯᠬᠦ ᠭᠤᠶᠤᠴᠢᠯᠠᠯ ᠢ ᠣᠯᠤᠭᠰᠠᠨ ᠤ ᠳᠠᠷᠠᠭ᠎ᠠ᠂ ᠳᠠᠭᠠᠳᠬᠠᠯ ᠤᠨ | ᠬᠠᠷᠢᠭᠤᠴᠠᠯᠭ᠎ᠠ ᠳᠤ ᠦᠯᠦ ᠬᠠᠷᠢᠶᠠᠯᠠᠭᠳᠠᠬᠤ ᠳᠤ ᠬᠦᠷᠪᠡᠯ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠳᠤ | ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ ᠶᠢ ᠦᠯᠦ ᠵᠥᠪᠰᠢᠶᠡᠷᠡᠬᠦ ᠮᠡᠳᠡᠭᠳᠡᠯ ᠤᠨ ᠪᠢᠴᠢᠭ ᠥᠭᠬᠦ ᠬᠡᠷᠡᠭᠲᠡᠶ | ᠃ | ᠬᠤᠷᠢᠨ ᠲᠠᠪᠤᠳᠤᠭᠠᠷ ᠵᠦᠢᠯ ᠳᠠᠭᠠᠳᠬᠠᠭᠴᠢ ᠨᠢ ᠲᠥᠯᠥᠪᠦᠷᠢ ᠪᠤᠶᠤ ᠳᠠᠭᠠᠳᠬᠠᠯ ᠤᠨ ᠮᠥᠩᠭᠦ | ᠲᠥᠯᠥᠭᠦᠯᠬᠦ ᠭᠤᠶᠤᠴᠢᠯᠠᠯ ᠪᠣᠯᠤᠨ ᠬᠤᠯᠪᠣᠭᠳᠠᠯ ᠪᠦᠬᠦᠢ ᠭᠡᠷᠡᠴᠢ᠂ ᠮᠠᠲ᠋ᠧᠷᠢᠶᠠᠯ ᠢ ᠬᠦᠯᠢᠶᠡᠨ ᠠᠪᠤᠭᠰᠠᠨ | ᠡᠳᠦᠷ ᠠᠴᠠ ᠡᠬᠢᠯᠡᠨ 60 ᠡᠳᠦᠷ ᠳᠣᠲᠣᠷ᠎ᠠ ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ ᠲᠤᠭ᠎ᠠ | ᠬᠡᠮᠵᠢᠶ᠎ᠡ ᠶᠢ ᠲᠣᠭᠲᠠᠭᠠᠵᠤ ᠳᠡᠶᠢᠯᠬᠦ ᠦᠭᠡᠶ ᠪᠣᠯ ᠡᠵᠡᠮᠰᠢᠵᠦ ᠪᠠᠶᠢᠭ᠎ᠠ ᠭᠡᠷᠡᠴᠢ ᠪᠣᠯᠤᠨ ᠮᠠᠲ᠋ᠧᠷᠢᠶᠠᠯ ᠢ ᠦᠨᠳᠦᠰᠦᠯᠡᠨ | ᠲᠣᠭᠲᠠᠭᠠᠵᠤ ᠪᠣᠯᠬᠤ ᠬᠠᠮᠤᠭ ᠤᠨ ᠳᠣᠤᠷ᠎ᠠ ᠲᠤᠭ᠎ᠠ ᠬᠡᠮᠵᠢᠶ᠎ᠡ ᠪᠠᠷ ᠤᠷᠢᠳᠴᠢᠯᠠᠨ ᠥᠭᠬᠦ ᠬᠡᠷᠡᠭᠲᠡᠶ︔ | ᠳᠠᠭᠠᠳᠬᠠᠭᠴᠢ ᠠᠴᠠ ᠲᠥᠯᠥᠪᠦᠷᠢ ᠪᠤᠶᠤ ᠳᠠᠭᠠᠳᠬᠠᠯ ᠤᠨ ᠮᠥᠩᠭᠦ ᠥᠭᠬᠦ ᠲᠤᠭ᠎ᠠ ᠶᠢ ᠬᠠᠮᠤᠭ ᠰᠡᠭᠦᠯ ᠳᠤ | ᠲᠣᠭᠲᠠᠭᠠᠭᠰᠠᠨ ᠤ ᠳᠠᠷᠠᠭ᠎ᠠ ᠵᠣᠬᠢᠴᠠᠩᠭᠤᠶ ᠵᠥᠷᠢᠶ᠎ᠡ ᠲᠣᠭᠠᠨ ᠤ ᠮᠥᠩᠭᠦ ᠶᠢ ᠥᠭᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠠᠮᠢ ᠨᠠᠰᠤᠨ ᠤ ᠳᠠᠭᠠᠳᠬᠠᠯ ᠠᠴᠠ ᠪᠤᠰᠤᠳ ᠳᠠᠭᠠᠳᠬᠠᠯ ᠤᠨ ᠬᠥᠮᠦᠰ | ᠪᠤᠶᠤ ᠠᠰᠢᠭ ᠬᠦᠷᠲᠡᠭᠴᠢ ᠶᠢᠨ ᠳᠠᠭᠠᠳᠬᠠᠭᠴᠢ ᠠᠴᠠ ᠲᠥᠯᠥᠪᠦᠷᠢ ᠪᠤᠶᠤ ᠳᠠᠭᠠᠳᠬᠠᠯ ᠤᠨ ᠮᠥᠩᠭᠦ ᠲᠥᠯᠥᠭᠦᠯᠬᠦ ᠪᠠᠷ | ᠭᠤᠶᠤᠴᠢᠯᠠᠬᠤ ᠡᠷᠬᠡ ᠨᠢ ᠳᠠᠭᠠᠳᠬᠠᠯ ᠤᠨ ᠠᠳᠡᠯ ᠭᠠᠷᠤᠭᠰᠠᠨ ᠢ ᠮᠡᠳᠡᠭᠰᠡᠨ ᠡᠳᠦᠷ ᠠᠴᠠ ᠡᠬᠢᠯᠡᠨ ᠬᠤᠶᠠᠷ ᠵᠢᠯ ᠳᠤ | ᠭᠦᠢᠴᠡᠳᠬᠡᠬᠦ ᠦᠭᠡᠶ ᠪᠣᠯ ᠬᠦᠴᠦᠨ ᠦᠭᠡᠶ ᠪᠣᠯᠤᠨ᠎ᠠ᠃ | ᠠᠮᠢ ᠨᠠᠰᠤᠨ ᠤ ᠳᠠᠭᠠᠳᠬᠠᠯ ᠤᠨ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠨᠢ ᠳᠠᠭᠠᠳᠬᠠᠭᠴᠢ ᠠᠴᠠ | ᠲᠥᠯᠥᠪᠦᠷᠢ ᠪᠤᠶᠤ ᠳᠠᠭᠠᠳᠬᠠᠯ ᠤᠨ ᠮᠥᠩᠭᠦ ᠲᠥᠯᠥᠭᠦᠯᠬᠦ ᠪᠠᠷ ᠭᠤᠶᠤᠴᠢᠯᠠᠬᠤ ᠡᠷᠬᠡ ᠨᠢ ᠳᠠᠭᠠᠳᠬᠠᠯ ᠤᠨ ᠠᠳᠡᠯ | ᠭᠠᠷᠤᠭᠰᠠᠨ ᠢ ᠮᠡᠳᠡᠭᠰᠡᠨ ᠡᠳᠦᠷ ᠠᠴᠠ ᠡᠬᠢᠯᠡᠨ ᠲᠠᠪᠤᠨ ᠵᠢᠯ ᠳᠤ ᠭᠦᠢᠴᠡᠳᠬᠡᠬᠦ ᠦᠭᠡᠶ ᠪᠣᠯ ᠬᠦᠴᠦᠨ ᠦᠭᠡᠶ | ᠪᠣᠯᠤᠨ᠎ᠠ᠃ | ᠬᠤᠷᠢᠨ ᠳᠣᠯᠣᠳᠤᠭᠠᠷ ᠵᠦᠢᠯ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠨᠢ ᠳᠠᠭᠠᠳᠬᠠᠯ ᠤᠨ | ᠠᠳᠡᠯ ᠭᠠᠷᠤᠭᠰᠠᠨ ᠦᠭᠡᠶ ᠪᠠᠶᠢᠳᠠᠯ ᠤᠨ ᠳᠣᠤᠷ᠎ᠠ᠂ ᠳᠠᠭᠠᠳᠬᠠᠯ ᠤᠨ ᠠᠳᠡᠯ ᠭᠠᠷᠤᠭᠰᠠᠨ ᠭᠡᠵᠦ ᠬᠤᠳᠠᠯ ᠢᠶᠠᠷ | ᠮᠡᠳᠡᠭᠦᠯᠵᠦ᠂ ᠳᠠᠭᠠᠳᠬᠠᠭᠴᠢ ᠠᠴᠠ ᠲᠥᠯᠥᠪᠦᠷᠢ ᠪᠤᠶᠤ ᠳᠠᠭᠠᠳᠬᠠᠯ ᠤᠨ ᠮᠥᠩᠭᠦ ᠲᠥᠯᠥᠭᠦᠯᠬᠦ ᠪᠠᠷ ᠭᠤᠶᠤᠴᠢᠯᠠᠭᠰᠠᠨ | ᠪᠠᠶᠢᠪᠠᠯ ᠳᠠᠭᠠᠳᠬᠠᠭᠴᠢ ᠨᠢ ᠭᠡᠷ᠎ᠡ ᠶᠢ ᠬᠦᠴᠦᠨ ᠦᠭᠡᠶ ᠪᠣᠯᠭᠠᠬᠤ ᠡᠷᠬᠡ ᠲᠠᠢ ᠪᠥᠭᠡᠳ ᠳᠠᠭᠠᠳᠬᠠᠯ ᠤᠨ | ᠵᠠᠷᠤᠳᠠᠯ ᠢ ᠨᠢ ᠪᠤᠴᠠᠭᠠᠵᠤ ᠥᠭᠬᠦ ᠦᠭᠡᠶ᠃ | ᠳᠠᠭᠠᠳᠬᠠᠭᠤᠯᠤᠭᠴᠢ᠂ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠵᠣᠷᠢᠭᠤᠳᠠ ᠳᠠᠭᠠᠳᠬᠠᠯ ᠤᠨ | ᠠᠳᠡᠯ ᠭᠠᠷᠭᠠᠭᠰᠠᠨ ᠪᠠᠶᠢᠪᠠᠯ ᠳᠠᠭᠠᠳᠬᠠᠭᠴᠢ ᠭᠡᠷ᠎ᠡ ᠶᠢ ᠬᠦᠴᠦᠨ ᠦᠭᠡᠶ ᠪᠣᠯᠭᠠᠬᠤ ᠡᠷᠬᠡ ᠲᠠᠢ᠂ ᠲᠥᠯᠥᠪᠦᠷᠢ ᠪᠤᠶᠤ | ᠳᠠᠭᠠᠳᠬᠠᠯ ᠤᠨ ᠮᠥᠩᠭᠦ ᠥᠭᠬᠦ ᠬᠠᠷᠢᠭᠤᠴᠠᠯᠭ᠎ᠠ ᠡᠭᠦᠷᠭᠡᠯᠡᠬᠦ ᠦᠭᠡᠶ᠂ ᠲᠤᠰ ᠬᠠᠤᠯᠢ ᠶᠢᠨ ᠵᠢᠷᠠᠨ ᠳᠥᠷᠪᠡᠳᠦᠭᠡᠷ | ᠵᠦᠢᠯ ᠤᠨ ᠨᠢᠭᠡᠳᠦᠭᠡᠷ ᠪᠠᠳᠠᠭ ᠲᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠳᠠᠭᠠᠳᠬᠠᠯ ᠤᠨ ᠵᠠᠷᠤᠳᠠᠯ ᠢ ᠨᠢ | ᠪᠤᠴᠠᠭᠠᠵᠤ ᠥᠭᠬᠦ ᠦᠭᠡᠶ᠃ | ᠳᠠᠭᠠᠳᠬᠠᠯ ᠤᠨ ᠠᠳᠡᠯ ᠭᠠᠷᠤᠭᠰᠠᠨ ᠤ ᠳᠠᠷᠠᠭ᠎ᠠ᠂ ᠳᠠᠭᠠᠳᠬᠠᠭᠤᠯᠤᠭᠴᠢ᠂ ᠳᠠᠭᠠᠳᠬᠠᠭᠳᠠᠭᠴᠢ ᠪᠤᠶᠤ | ᠠᠰᠢᠭ ᠬᠦᠷᠲᠡᠭᠴᠢ ᠬᠤᠯᠪᠣᠭᠳᠠᠯ ᠪᠦᠬᠦᠢ ᠭᠡᠷᠡᠴᠢ᠂ ᠮᠠᠲ᠋ᠧᠷᠢᠶᠠᠯ ᠪᠤᠶᠤ ᠪᠤᠰᠤᠳ ᠭᠡᠷᠡᠴᠢ ᠪᠠᠷᠢᠮᠲᠠ ᠶᠢ | ᠬᠠᠭᠤᠷᠮᠠᠭᠯᠠᠨ ᠵᠤᠬᠢᠶᠠᠬᠤ ᠪᠤᠶᠤ ᠬᠤᠪᠢᠷᠠᠭᠠᠵᠤ᠂ ᠬᠤᠳᠠᠯ ᠬᠠᠭᠤᠷᠮᠠᠭ ᠠᠳᠡᠯ ᠤᠨ ᠰᠢᠯᠲᠠᠭᠠᠨ ᠵᠣᠬᠢᠶᠠᠭᠰᠠᠨ ᠪᠤᠶᠤ | ᠬᠤᠬᠢᠷᠠᠯ ᠤᠨ ᠬᠡᠮᠵᠢᠶ᠎ᠡ ᠶᠢ ᠶᠡᠬᠡᠰᠬᠡᠭᠰᠡᠨ ᠪᠣᠯ ᠬᠤᠳᠠᠯ ᠢᠶᠠᠷ ᠮᠡᠳᠡᠭᠦᠯᠦᠭᠰᠡᠨ ᠬᠡᠰᠡᠭ ᠲᠤᠨᠢ ᠲᠥᠯᠥᠪᠦᠷᠢ ᠪᠤᠶᠤ | ᠳᠠᠭᠠᠳᠬᠠᠯ ᠤᠨ ᠮᠥᠩᠭᠦ ᠥᠭᠬᠦ ᠬᠠᠷᠢᠭᠤᠴᠠᠯᠭ᠎ᠠ ᠡᠭᠦᠷᠭᠡᠯᠡᠬᠦ ᠦᠭᠡᠶ᠃ | ᠳᠠᠭᠠᠳᠬᠠᠭᠤᠯᠤᠭᠴᠢ᠂ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠳᠤ ᠡᠮᠦᠨᠡᠬᠢ ᠭᠤᠷᠪᠠᠨ ᠪᠠᠳᠠᠭ ᠲᠤ | ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠵᠤ᠂ ᠳᠠᠭᠠᠳᠬᠠᠭᠴᠢ ᠶᠢ ᠳᠠᠭᠠᠳᠬᠠᠯ ᠤᠨ ᠮᠥᠩᠭᠦ | ᠥᠭᠭᠦᠭᠦᠯᠦᠭᠰᠡᠨ ᠪᠤᠶᠤ ᠵᠠᠷᠤᠳᠠᠯ ᠭᠠᠷᠭᠠᠭᠤᠯᠤᠭᠰᠠᠨ ᠪᠠᠶᠢᠪᠠᠯ ᠪᠤᠴᠠᠭᠠᠯᠭᠠᠬᠤ ᠪᠤᠶᠤ ᠲᠥᠯᠥᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠳᠠᠭᠠᠳᠬᠠᠭᠴᠢ ᠨᠢ ᠲᠡᠭᠦᠨ ᠤ ᠡᠭᠦᠷᠭᠡᠯᠡᠭᠰᠡᠨ ᠳᠠᠭᠠᠳᠬᠠᠯ ᠤᠨ | ᠲᠤᠬᠠᠶᠢᠯᠠᠭᠰᠠᠨ ᠠᠵᠢᠯ ᠢᠶᠠᠨ ᠳᠠᠭᠠᠭᠠᠴᠢᠯᠠᠭᠤᠯᠤᠨ ᠳᠠᠭᠠᠳᠬᠠᠬᠤ ᠬᠡᠯᠪᠡᠷᠢ ᠪᠠᠷ ᠨᠢᠭᠡ ᠬᠡᠰᠡᠭ ᠢ ᠨᠢ ᠪᠤᠰᠤᠳ | ᠳᠠᠭᠠᠳᠬᠠᠭᠴᠢ ᠳᠤ ᠰᠢᠯᠵᠢᠭᠦᠯᠦᠨ ᠥᠭᠭᠦᠭᠰᠡᠨ ᠢ ᠳᠠᠮ ᠳᠠᠭᠠᠳᠬᠠᠯ ᠭᠡᠳᠡᠭ᠃ | ᠳᠠᠮ ᠳᠠᠭᠠᠳᠬᠠᠯ ᠢ ᠬᠦᠯᠢᠶᠡᠨ ᠠᠪᠤᠭᠴᠢ ᠶᠢᠨ ᠱᠠᠭᠠᠷᠳᠠᠯᠭ᠎ᠠ ᠪᠠᠷ ᠳᠠᠮ ᠳᠠᠭᠠᠳᠬᠠᠯ ᠢ ᠰᠠᠯᠭᠠᠨ | ᠭᠠᠷᠭᠠᠭᠴᠢ ᠨᠢ ᠥᠪᠡᠷ ᠢᠶᠠᠨ ᠡᠭᠦᠷᠭᠡᠯᠡᠬᠦ ᠬᠠᠷᠢᠭᠤᠴᠠᠯᠭ᠎ᠠ ᠵᠢᠴᠢ ᠤᠤᠯ ᠤᠨ ᠳᠠᠭᠠᠳᠬᠠᠯ ᠤᠨ ᠬᠤᠯᠪᠣᠭᠳᠠᠯ ᠪᠦᠬᠦᠢ | ᠪᠠᠶᠢᠳᠠᠯ ᠢᠶᠠᠨ ᠳᠠᠮ ᠳᠠᠭᠠᠳᠬᠠᠯ ᠢ ᠬᠦᠯᠢᠶᠡᠨ ᠠᠪᠤᠭᠴᠢ ᠳᠤ ᠮᠡᠳᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠳᠠᠮ ᠳᠠᠭᠠᠳᠬᠠᠯ ᠢ ᠬᠦᠯᠢᠶᠡᠨ ᠠᠪᠤᠭᠴᠢ ᠨᠢ ᠤᠤᠯ ᠳᠠᠭᠠᠳᠬᠠᠯ ᠤᠨ | ᠳᠠᠭᠠᠳᠬᠠᠭᠤᠯᠤᠭᠴᠢ ᠠᠴᠠ ᠳᠠᠭᠠᠳᠬᠠᠯ ᠤᠨ ᠵᠠᠷᠤᠳᠠᠯ ᠭᠠᠷᠭᠠᠭᠤᠯᠬᠤ ᠪᠠᠷ ᠱᠠᠭᠠᠷᠳᠠᠵᠤ ᠪᠣᠯᠬᠤ ᠦᠭᠡᠶ᠃ | ᠤᠤᠯ ᠳᠠᠭᠠᠳᠬᠠᠯ ᠤᠨ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠨᠢ ᠳᠠᠮ ᠳᠠᠭᠠᠳᠬᠠᠯ ᠬᠦᠯᠢᠶᠡᠨ | ᠠᠪᠤᠭᠴᠢ ᠠᠴᠠ ᠲᠥᠯᠥᠪᠦᠷᠢ ᠪᠤᠶᠤ ᠳᠠᠭᠠᠳᠬᠠᠯ ᠤᠨ ᠮᠥᠩᠭᠦ ᠲᠥᠯᠥᠭᠦᠯᠬᠦ ᠪᠠᠷ ᠭᠤᠶᠤᠴᠢᠯᠠᠵᠤ ᠪᠣᠯᠬᠤ ᠦᠭᠡᠶ᠃ | ᠳᠠᠮ ᠳᠠᠭᠠᠳᠬᠠᠯ ᠢ ᠰᠠᠯᠭᠠᠨ ᠭᠠᠷᠭᠠᠭᠴᠢ ᠨᠢ ᠳᠠᠮ ᠳᠠᠭᠠᠳᠬᠠᠯ ᠢ ᠬᠦᠯᠢᠶᠡᠨ ᠠᠪᠤᠭᠴᠢ ᠶᠢᠨ ᠳᠠᠮ | ᠳᠠᠭᠠᠳᠬᠠᠯ ᠤᠨ ᠬᠠᠷᠢᠭᠤᠴᠠᠯᠭ᠎ᠠ ᠶᠢ ᠦᠯᠦ ᠭᠦᠢᠴᠡᠳᠬᠡᠭᠰᠡᠨ ᠢᠶᠠᠷ ᠰᠢᠯᠲᠠᠭ ᠪᠣᠯᠭᠠᠵᠤ᠂ ᠤᠤᠯ ᠳᠠᠭᠠᠳᠬᠠᠯ ᠤᠨ | ᠬᠠᠷᠢᠭᠤᠴᠠᠯᠭ᠎ᠠ ᠪᠠᠨ ᠦᠯᠦ ᠭᠦᠢᠴᠡᠳᠬᠡᠬᠦ ᠪᠤᠶᠤ ᠤᠳᠠᠭᠠᠰᠢᠷᠠᠭᠤᠯᠤᠨ ᠬᠤᠶᠢᠰᠢᠯᠠᠭᠤᠯᠵᠤ ᠪᠣᠯᠬᠤ ᠦᠭᠡᠶ᠃ | ᠭᠤᠴᠢᠳᠤᠭᠠᠷ ᠵᠦᠢᠯ ᠳᠠᠭᠠᠳᠬᠠᠯ ᠤᠨ ᠭᠡᠷ᠎ᠡ ᠶᠢᠨ ᠵᠦᠢᠯ ᠪᠠᠳᠠᠭ ᠲᠤ ᠳᠠᠭᠠᠳᠬᠠᠭᠴᠢ᠂ | ᠳᠠᠭᠠᠳᠬᠠᠭᠤᠯᠤᠭᠴᠢ᠂ ᠳᠠᠭᠠᠳᠬᠠᠭᠳᠠᠭᠴᠢ ᠪᠤᠶᠤ ᠠᠰᠢᠭ ᠬᠦᠷᠲᠡᠭᠴᠢ ᠨᠢ ᠮᠠᠷᠭᠤᠭᠠᠨ ᠲᠠᠢ ᠪᠣᠯᠪᠠᠯ ᠠᠷᠠᠳ ᠤᠨ | ᠰᠢᠭᠦᠬᠦ ᠬᠤᠷᠢᠶ᠎ᠠ ᠪᠤᠶᠤ ᠬᠥᠨᠳᠡᠯᠡᠨ ᠠᠴᠠ ᠲᠠᠰᠤᠯᠬᠤ ᠪᠠᠶᠢᠭᠤᠯᠤᠯᠭ᠎ᠠ ᠠᠴᠠ ᠳᠠᠭᠠᠳᠬᠠᠭᠳᠠᠭᠴᠢ ᠪᠠ ᠠᠰᠢᠭ | ᠬᠦᠷᠲᠡᠭᠴᠢ ᠳᠤ ᠠᠰᠢᠭᠲᠠᠶ ᠲᠠᠶᠢᠯᠪᠤᠷᠢ ᠬᠢᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠳᠠᠭᠠᠳᠬᠠᠭᠴᠢ ᠪᠤᠶᠤ ᠳᠠᠮ ᠳᠠᠭᠠᠳᠬᠠᠯ ᠢ ᠬᠦᠯᠢᠶᠡᠨ ᠠᠪᠤᠭᠴᠢ | ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤᠮᠳᠠ ᠳᠠᠭᠠᠳᠬᠠᠭᠤᠯᠤᠭᠴᠢ᠂ ᠳᠠᠭᠠᠳᠬᠠᠭᠳᠠᠭᠴᠢ | ᠪᠤᠶᠤ ᠳᠠᠮ ᠳᠠᠭᠠᠳᠬᠠᠯ ᠢ ᠰᠠᠯᠭᠠᠨ ᠭᠠᠷᠭᠠᠭᠴᠢ ᠶᠢᠨ ᠲᠤᠬᠠᠶᠢᠯᠠᠭᠰᠠᠨ ᠠᠵᠢᠯ ᠪᠠ ᠡᠳ᠋ ᠬᠥᠷᠥᠩᠭᠡ ᠶᠢᠨ ᠪᠠᠶᠢᠳᠠᠯ ᠢ | ᠮᠡᠳᠡᠭᠰᠡᠨ ᠪᠠᠶᠢᠪᠠᠯ ᠨᠢᠭᠤᠴᠠ ᠶᠢ ᠬᠠᠮᠠᠭᠠᠯᠠᠬᠤ ᠡᠭᠦᠷᠭᠡ ᠲᠠᠢ᠃ | ᠬᠤᠶᠠᠳᠤᠭᠠᠷ ᠬᠡᠰᠡᠭ ᠡᠳ᠋ ᠬᠥᠷᠥᠩᠭᠡ ᠶᠢᠨ ᠳᠠᠭᠠᠳᠬᠠᠯ ᠤᠨ ᠭᠡᠷ᠎ᠡ | ᠭᠤᠴᠢᠨ ᠬᠤᠶᠠᠳᠤᠭᠠᠷ ᠵᠦᠢᠯ ᠡᠳ᠋ ᠬᠥᠷᠥᠩᠭᠡ ᠶᠢᠨ ᠳᠠᠭᠠᠳᠬᠠᠯ ᠤᠨ ᠭᠡᠷ᠎ᠡ ᠭᠡᠳᠡᠭ ᠨᠢ ᠡᠳ᠋ | ᠬᠥᠷᠥᠩᠭᠡ ᠵᠢᠴᠢ ᠬᠤᠯᠪᠣᠭᠳᠠᠯ ᠪᠦᠬᠦᠢ ᠠᠰᠢᠭ ᠲᠤᠰᠠ ᠪᠠᠷ ᠳᠠᠭᠠᠳᠬᠠᠭᠳᠠᠬᠤ ᠡᠲᠡᠭᠡᠳ ᠪᠣᠯᠭᠠᠭᠰᠠᠨ | ᠳᠠᠭᠠᠳᠬᠠᠯ ᠤᠨ ᠭᠡᠷ᠎ᠡ ᠶᠢ ᠬᠡᠯᠡᠵᠦ ᠪᠠᠶᠢᠨ᠎ᠠ᠃ | ᠲᠤᠰ ᠬᠡᠰᠡᠭ ᠲᠠᠬᠢ ᠡᠳ᠋ ᠬᠥᠷᠥᠩᠭᠡ ᠶᠢᠨ ᠳᠠᠭᠠᠳᠬᠠᠯ ᠤᠨ ᠭᠡᠷ᠎ᠡ ᠵᠢᠭᠠᠨ ᠲᠣᠳᠣᠷᠬᠠᠶᠢᠯᠠᠭᠰᠠᠨ ᠢ | ᠭᠠᠷᠭᠠᠪᠠᠯ᠂ ᠭᠡᠷ᠎ᠡ ᠭᠡᠵᠦ ᠳᠥᠭᠦᠮᠴᠢᠯᠡᠵᠦ ᠨᠡᠷᠡᠯᠡᠨ᠎ᠡ᠃ | ᠭᠤᠴᠢᠨ ᠭᠤᠷᠪᠠᠳᠤᠭᠠᠷ ᠵᠦᠢᠯ ᠳᠠᠭᠠᠳᠬᠠᠭᠳᠠᠬᠤ ᠡᠲᠡᠭᠡᠳ ᠢ ᠰᠢᠯᠵᠢᠭᠦᠯᠬᠦ ᠳᠤ ᠬᠦᠷᠪᠡᠯ ᠡᠷᠬᠡᠪᠰᠢ | ᠳᠠᠭᠠᠳᠬᠠᠭᠴᠢ ᠳᠤ ᠮᠡᠳᠡᠭᠳᠡᠵᠦ ᠳᠠᠭᠠᠳᠬᠠᠭᠴᠢ ᠪᠠᠷ ᠦᠷᠭᠦᠯᠵᠢᠯᠡᠨ ᠳᠠᠭᠠᠳᠬᠠᠭᠤᠯᠬᠤ ᠪᠠᠷ ᠵᠥᠪᠰᠢᠶᠡᠷᠡᠭᠦᠯᠦᠭᠰᠡᠨ ᠤ | ᠳᠠᠷᠠᠭ᠎ᠠ᠂ ᠬᠠᠤᠯᠢ ᠶᠣᠰᠣᠭᠠᠷ ᠭᠡᠷ᠎ᠡ ᠪᠠᠨ ᠬᠤᠪᠢᠷᠠᠭᠤᠯᠬᠤ ᠬᠡᠷᠡᠭᠲᠡᠶ᠃ | ᠭᠡᠪᠡᠴᠦ᠂ ᠡᠳ᠋ ᠪᠠᠷᠠᠭ᠎ᠠ ᠲᠡᠭᠡᠭᠡᠪᠦᠷᠢᠯᠡᠬᠦ ᠳᠠᠭᠠᠳᠬᠠᠯ ᠤᠨ ᠭᠡᠷ᠎ᠡ ᠪᠠ ᠠᠰᠲᠠᠭᠠᠨ ᠬᠡᠯᠡᠯᠴᠡᠨ | ᠲᠣᠭᠲᠠᠭᠠᠭᠰᠠᠨ ᠭᠡᠷ᠎ᠡ ᠡᠭᠦᠨ ᠳᠤ ᠪᠠᠭᠲᠠᠬᠤ ᠦᠭᠡᠶ᠃ | ᠭᠤᠴᠢᠨ ᠳᠥᠷᠪᠡᠳᠦᠭᠡᠷ ᠵᠦᠢᠯ ᠡᠳ᠋ ᠪᠠᠷᠠᠭ᠎ᠠ ᠲᠡᠭᠡᠭᠡᠪᠦᠷᠢᠯᠡᠬᠦ ᠳᠠᠭᠠᠳᠬᠠᠯ ᠤᠨ ᠭᠡᠷ᠎ᠡ ᠪᠠ | ᠲᠡᠭᠡᠭᠡᠪᠦᠷᠢᠯᠡᠬᠦ ᠪᠠᠭᠠᠵᠢ ᠬᠡᠷᠡᠭᠰᠡᠯ ᠤᠨ ᠠᠶᠠᠨ ᠵᠠᠮ ᠤᠨ ᠳᠠᠭᠠᠳᠬᠠᠯ ᠤᠨ ᠭᠡᠷ᠎ᠡ ᠨᠢ ᠳᠠᠭᠠᠳᠬᠠᠯ ᠤᠨ | ᠬᠠᠷᠢᠭᠤᠴᠠᠯᠭ᠎ᠠ ᠲᠠᠢ ᠪᠣᠯᠤᠭᠰᠠᠨ ᠤ ᠳᠠᠷᠠᠭ᠎ᠠ᠂ ᠭᠡᠷ᠎ᠡ ᠶᠢᠨ ᠲᠤᠬᠠᠶ ᠶᠢᠨ ᠬᠥᠮᠦᠨ ᠨᠢ ᠭᠡᠷ᠎ᠡ ᠪᠠᠨ ᠬᠦᠴᠦᠨ ᠦᠭᠡᠶ | ᠪᠣᠯᠭᠠᠵᠤ ᠪᠣᠯᠬᠤ ᠦᠭᠡᠶ᠃ | ᠭᠤᠴᠢᠨ ᠲᠠᠪᠤᠳᠤᠭᠠᠷ ᠵᠦᠢᠯ ᠳᠠᠭᠠᠳᠬᠠᠭᠳᠠᠭᠴᠢ ᠨᠢ ᠤᠯᠤᠰ ᠤᠨ ᠬᠤᠯᠪᠣᠭᠳᠠᠯ ᠪᠦᠬᠦᠢ ᠭᠠᠯ | ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠦᠢᠯᠡᠳᠪᠦᠷᠢᠯᠡᠨ ᠠᠵᠢᠯᠯᠠᠬᠤ᠂ ᠬᠥᠳᠡᠯᠮᠦᠷᠢ ᠶᠢᠨ ᠬᠠᠮᠠᠭᠠᠯᠠᠯᠲᠠ | ᠵᠡᠷᠭᠡ ᠲᠠᠯ᠎ᠠ ᠶᠢᠨ ᠲᠣᠭᠲᠠᠭᠠᠯ ᠢ ᠵᠢᠷᠤᠮᠯᠠᠵᠤ᠂ ᠳᠠᠭᠠᠳᠬᠠᠭᠳᠠᠬᠤ ᠡᠲᠡᠭᠡᠳ ᠤᠨ ᠠᠮᠤᠷ ᠲᠦᠪᠰᠢᠨ ᠢ ᠬᠠᠮᠠᠭᠠᠯᠠᠬᠤ | ᠬᠡᠷᠡᠭᠲᠡᠶ᠃ | ᠭᠡᠷ᠎ᠡ ᠳᠤ ᠬᠡᠯᠡᠯᠴᠡᠨ ᠲᠣᠭᠲᠠᠭᠠᠭᠰᠠᠨ ᠢᠶᠠᠨ ᠦᠨᠳᠦᠰᠦᠯᠡᠨ᠂ ᠲᠡᠷᠡ ᠴᠠᠭ ᠲᠤᠨᠢ ᠳᠠᠭᠠᠳᠬᠠᠭᠤᠯᠤᠭᠴᠢ | ᠠᠮᠤᠷ ᠲᠦᠪᠰᠢᠨ ᠤ ᠪᠠᠶᠢᠳᠠᠯ ᠳᠤ ᠪᠠᠶᠢᠴᠠᠭᠠᠯᠲᠠ ᠬᠢᠵᠦ᠂ ᠳᠠᠭᠠᠳᠬᠠᠯ ᠤᠨ ᠬᠥᠮᠦᠨ ᠪᠣᠯᠤᠨ ᠳᠠᠭᠠᠳᠬᠠᠭᠳᠠᠭᠴᠢ ᠳᠤ | ᠠᠶᠤᠯ ᠲᠠᠢ ᠬᠦᠴᠦᠨ ᠵᠦᠢᠯ ᠪᠠ ᠳᠠᠯᠳᠠ ᠠᠶᠤᠯ ᠢ ᠠᠷᠢᠯᠭᠠᠬᠤ ᠰᠠᠨᠠᠭᠤᠯᠭ᠎ᠠ ᠶᠢᠨ ᠪᠢᠴᠢᠭ ᠢ ᠲᠦᠷᠭᠡᠨ ᠳᠡᠪᠰᠢᠭᠦᠯᠬᠦ | ᠬᠡᠷᠡᠭᠲᠡᠶ᠃ | ᠳᠠᠭᠠᠳᠬᠠᠭᠤᠯᠤᠭᠴᠢ᠂ ᠳᠠᠭᠠᠳᠬᠠᠭᠳᠠᠭᠴᠢ ᠨᠢ ᠬᠡᠯᠡᠯᠴᠡᠨ ᠲᠣᠭᠲᠠᠭᠠᠭᠰᠠᠨ ᠶᠣᠰᠣᠭᠠᠷ ᠶᠠᠪᠤᠭᠳᠠᠭᠤᠯᠵᠤ | ᠠᠮᠤᠷ ᠲᠦᠪᠰᠢᠨ ᠤ ᠲᠤᠬᠠᠶ ᠬᠠᠷᠢᠭᠤᠴᠠᠪᠠᠰᠤ ᠵᠣᠬᠢᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠪᠠᠶᠢᠪᠠᠯ | ᠳᠠᠭᠠᠳᠬᠠᠭᠴᠢ ᠨᠢ ᠳᠠᠭᠠᠳᠬᠠᠯ ᠤᠨ ᠵᠠᠷᠤᠳᠠᠯ ᠨᠡᠮᠡᠭᠦᠯᠬᠦ ᠪᠤᠶᠤ ᠭᠡᠷ᠎ᠡ ᠪᠠᠨ ᠬᠦᠴᠦᠨ ᠦᠭᠡᠶ ᠪᠣᠯᠭᠠᠬᠤ ᠡᠷᠬᠡ ᠲᠠᠢ᠃ | ᠳᠠᠭᠠᠳᠬᠠᠭᠴᠢ ᠠᠴᠠ ᠳᠠᠭᠠᠳᠬᠠᠯ ᠤᠨ ᠪᠠᠷᠢᠮᠵᠢᠶ᠎ᠠ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ | ᠳᠠᠭᠠᠳᠬᠠᠭᠳᠠᠭᠴᠢ ᠪᠠᠷ ᠵᠥᠪᠰᠢᠶᠡᠷᠡᠭᠦᠯᠦᠭᠡᠳ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ ᠪᠣᠯᠤᠨ᠎ᠠ᠃ | ᠭᠤᠴᠢᠨ ᠵᠢᠷᠭᠤᠳᠤᠭᠠᠷ ᠵᠦᠢᠯ ᠭᠡᠷ᠎ᠡ ᠬᠦᠴᠦᠨ ᠲᠠᠢ ᠪᠠᠶᠢᠭ᠎ᠠ ᠬᠤᠭᠤᠴᠠᠭᠠᠨ ᠳᠤ ᠳᠠᠭᠠᠳᠬᠠᠯ ᠤᠨ | ᠪᠠᠷᠢᠮᠵᠢᠶ᠎ᠠ ᠶᠢᠨ ᠬᠡᠮᠵᠢᠶ᠎ᠡ ᠨᠡᠮᠡᠭᠳᠡᠭᠦᠯᠬᠦ ᠳᠤ ᠬᠦᠷᠪᠡᠯ᠂ ᠳᠠᠭᠠᠳᠬᠠᠭᠳᠠᠭᠴᠢ ᠨᠢ ᠭᠡᠷ᠎ᠡ ᠳᠤ ᠬᠡᠯᠡᠯᠴᠡᠨ ᠲᠣᠭᠲᠠᠭᠠᠭᠰᠠᠨ | ᠶᠣᠰᠣᠭᠠᠷ ᠴᠠᠭ ᠲᠤᠬᠠᠶ ᠳᠤᠨᠢ ᠳᠠᠭᠠᠳᠬᠠᠭᠴᠢ ᠳᠤ ᠮᠡᠳᠡᠭᠳᠡᠵᠦ᠂ ᠳᠠᠭᠠᠳᠬᠠᠭᠴᠢ ᠨᠢ ᠳᠠᠭᠠᠳᠬᠠᠯ ᠤᠨ ᠵᠠᠷᠤᠳᠠᠯ ᠢ | ᠨᠡᠮᠡᠭᠦᠯᠬᠦ ᠪᠤᠶᠤ ᠭᠡᠷ᠎ᠡ ᠪᠠᠨ ᠬᠦᠴᠦᠨ ᠦᠭᠡᠶ ᠪᠣᠯᠭᠠᠬᠤ ᠡᠷᠬᠡ ᠲᠠᠢ᠃ | ᠳᠠᠭᠠᠳᠬᠠᠭᠳᠠᠭᠴᠢ ᠡᠮᠦᠨᠡᠬᠢ ᠪᠠᠳᠠᠭ ᠲᠤ ᠲᠣᠭᠲᠠᠭᠠᠭᠰᠠᠨ ᠮᠡᠳᠡᠭᠳᠡᠬᠦ ᠡᠭᠦᠷᠭᠡ ᠶᠢ ᠭᠦᠢᠴᠡᠳᠬᠡᠭᠰᠡᠨ | ᠦᠭᠡᠶ ᠠᠴᠠ ᠪᠣᠯᠵᠤ ᠳᠠᠭᠠᠳᠬᠠᠯ ᠤᠨ ᠪᠠᠷᠢᠮᠵᠢᠶᠠᠨ ᠤ ᠠᠶᠤᠯ ᠤᠨ ᠨᠡᠮᠡᠭᠳᠡᠭᠡᠳ ᠭᠠᠷᠤᠭᠰᠠᠨ ᠳᠠᠭᠠᠳᠬᠠᠯ ᠤᠨ ᠠᠳᠡᠯ ᠢ | ᠳᠠᠭᠠᠳᠬᠠᠭᠴᠢ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠦᠭᠡᠶ᠃ | ᠭᠤᠴᠢᠨ ᠳᠣᠯᠣᠳᠤᠭᠠᠷ ᠵᠦᠢᠯ ᠳᠣᠤᠷᠠᠬᠢ ᠦᠢᠯᠡ ᠪᠠᠶᠢᠳᠠᠯ ᠤᠨ ᠨᠢᠭᠡ ᠨᠢ ᠪᠠᠶᠢᠪᠠᠯ ᠭᠡᠷ᠎ᠡ ᠳᠤ | ᠠᠰᠲᠠᠭᠠᠨ ᠬᠡᠯᠡᠯᠴᠡᠨ ᠲᠣᠭᠲᠠᠭᠠᠭᠰᠠᠨ ᠢ ᠭᠠᠷᠭᠠᠪᠠᠯ᠂ ᠳᠠᠭᠠᠳᠬᠠᠭᠴᠢ ᠨᠢ ᠳᠠᠭᠠᠳᠬᠠᠯ ᠤᠨ ᠵᠠᠷᠤᠳᠠᠯ ᠢ | ᠪᠠᠭᠤᠷᠠᠭᠤᠯᠬᠤ ᠶᠢᠨ ᠬᠠᠮᠲᠤ ᠳᠠᠭᠠᠳᠬᠠᠯ ᠤᠨ ᠵᠠᠷᠤᠳᠠᠯ ᠢ ᠡᠳᠦᠷ ᠢᠶᠠᠷ ᠲᠣᠭᠠᠴᠠᠨ ᠵᠣᠬᠢᠴᠠᠩᠭᠤᠶ ᠪᠠᠷ ᠪᠤᠴᠠᠭᠠᠬᠤ | ᠬᠡᠷᠡᠭᠲᠡᠶ᠄ | ︵ᠨᠢᠭᠡ︶ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠲᠣᠭᠲᠠᠭᠠᠭᠰᠠᠨ ᠬᠤᠯᠪᠣᠭᠳᠠᠯ ᠪᠦᠬᠦᠢ ᠪᠠᠶᠢᠳᠠᠯ ᠳᠤ | ᠬᠤᠪᠢᠷᠠᠯᠲᠠ ᠭᠠᠷᠤᠭᠠᠳ᠂ ᠳᠠᠭᠠᠳᠬᠠᠯ ᠤᠨ ᠪᠠᠷᠢᠮᠵᠢᠶ᠎ᠠ ᠶᠢᠨ ᠠᠶᠤᠯ ᠤᠨ ᠬᠡᠮᠵᠢᠶ᠎ᠡ ᠢᠯᠡᠳᠲᠡ ᠪᠠᠭᠠᠰᠤᠭᠰᠠᠨ︔ | ︵ᠬᠤᠶᠠᠷ︶ ᠳᠠᠭᠠᠳᠬᠠᠯ ᠤᠨ ᠪᠠᠷᠢᠮᠵᠢᠶ᠎ᠠ ᠶᠢᠨ ᠳᠠᠭᠠᠳᠬᠠᠯ ᠤᠨ ᠦᠨ᠎ᠡ ᠥᠷᠲᠡᠭ ᠨᠢ ᠢᠯᠡᠳᠲᠡ | ᠪᠠᠭᠠᠰᠤᠭᠰᠠᠨ᠃ | ᠭᠤᠴᠢᠨ ᠨᠠᠶ᠋ᠮᠠᠳᠤᠭᠠᠷ ᠵᠦᠢᠯ ᠳᠠᠭᠠᠳᠬᠠᠯ ᠤᠨ ᠬᠠᠷᠢᠭᠤᠴᠠᠯᠭ᠎ᠠ ᠡᠬᠢᠯᠡᠬᠦ ᠠᠴᠠ ᠡᠮᠦᠨ᠎ᠡ᠂ | ᠳᠠᠭᠠᠳᠬᠠᠭᠤᠯᠤᠭᠴᠢ ᠨᠢ ᠭᠡᠷ᠎ᠡ ᠪᠠᠨ ᠬᠦᠴᠦᠨ ᠦᠭᠡᠶ ᠪᠣᠯᠭᠠᠬᠤ ᠪᠠᠷ ᠱᠠᠭᠠᠷᠳᠠᠪᠠᠯ᠂ ᠳᠠᠭᠠᠳᠬᠠᠭᠴᠢ ᠳᠤ ᠭᠠᠷ | ᠭᠦᠢᠴᠡᠳᠬᠡᠯ ᠤᠨ ᠵᠠᠷᠤᠳᠠᠯ ᠲᠤᠰᠢᠶᠠᠵᠤ᠂ ᠳᠠᠭᠠᠳᠬᠠᠭᠴᠢ ᠨᠢ ᠳᠠᠭᠠᠳᠬᠠᠯ ᠤᠨ ᠵᠠᠷᠤᠳᠠᠯ ᠢ ᠨᠢ ᠪᠤᠴᠠᠭᠠᠵᠤ ᠥᠭᠬᠦ | ᠬᠡᠷᠡᠭᠲᠡᠶ᠃ | ᠳᠠᠭᠠᠳᠬᠠᠯ ᠤᠨ ᠬᠠᠷᠢᠭᠤᠴᠠᠯᠭ᠎ᠠ ᠡᠬᠢᠯᠡᠭᠰᠡᠨ ᠤ ᠳᠠᠷᠠᠭ᠎ᠠ᠂ ᠳᠠᠭᠠᠳᠬᠠᠭᠤᠯᠤᠭᠴᠢ ᠨᠢ ᠭᠡᠷ᠎ᠡ ᠪᠠᠨ ᠬᠦᠴᠦᠨ | ᠦᠭᠡᠶ ᠪᠣᠯᠭᠠᠬᠤ ᠪᠠᠷ ᠱᠠᠭᠠᠷᠳᠠᠬᠤ ᠳᠤ ᠬᠦᠷᠪᠡᠯ᠂ ᠳᠠᠭᠠᠳᠬᠠᠭᠴᠢ ᠨᠢ ᠳᠠᠭᠠᠳᠬᠠᠯ ᠤᠨ ᠬᠠᠷᠢᠭᠤᠴᠠᠯᠭ᠎ᠠ ᠡᠬᠢᠯᠡᠭᠰᠡᠨ | ᠡᠳᠦᠷ ᠠᠴᠠ ᠡᠬᠢᠯᠡᠨ ᠭᠡᠷ᠎ᠡ ᠶᠢ ᠬᠦᠴᠦᠨ ᠦᠭᠡᠶ ᠪᠣᠯᠭᠠᠬᠤ ᠡᠳᠦᠷ ᠪᠣᠯᠲᠠᠯᠠᠬᠢ ᠬᠤᠭᠤᠴᠠᠭᠠᠨ ᠤ ᠳᠠᠭᠠᠳᠬᠠᠯ ᠤᠨ | ᠵᠠᠷᠤᠳᠠᠯ ᠢ ᠬᠤᠷᠢᠶᠠᠨ ᠠᠪᠴᠤ᠂ ᠦᠯᠡᠳᠡᠭᠰᠡᠨ ᠬᠡᠰᠡᠭ ᠢ ᠨᠢ ᠳᠠᠭᠠᠳᠬᠠᠭᠤᠯᠤᠭᠴᠢ ᠳᠤ ᠪᠤᠴᠠᠭᠠᠨ ᠥᠭᠴᠦ ᠪᠣᠯᠤᠨ᠎ᠠ᠃ | | ᠭᠤᠴᠢ ᠶᠢᠰᠦᠳᠦᠭᠡᠷ ᠵᠦᠢᠯ ᠳᠠᠭᠠᠳᠬᠠᠯ ᠤᠨ ᠪᠠᠷᠢᠮᠵᠢᠶ᠎ᠠ ᠶᠢᠨ ᠳᠠᠭᠠᠳᠬᠠᠯ ᠤᠨ ᠦᠨ᠎ᠡ ᠥᠷᠲᠡᠭ ᠢ | ᠳᠠᠭᠠᠳᠬᠠᠭᠤᠯᠤᠭᠴᠢ ᠪᠣᠯᠤᠨ ᠳᠠᠭᠠᠳᠬᠠᠭᠴᠢ ᠬᠡᠯᠡᠯᠴᠡᠨ ᠲᠣᠭᠲᠠᠭᠠᠭᠠᠳ ᠭᠡᠷ᠎ᠡ ᠳᠡᠭᠡᠨ ᠲᠡᠮᠳᠡᠭᠯᠡᠨ ᠲᠣᠳᠣᠷᠬᠠᠶᠢᠯᠠᠵᠤ | ᠪᠣᠯᠤᠨ᠎ᠠ᠂ ᠪᠠᠰᠠ ᠳᠠᠭᠠᠳᠬᠠᠯ ᠤᠨ ᠠᠳᠡᠯ ᠭᠠᠷᠤᠭᠰᠠᠨ ᠦᠶ᠎ᠡ ᠳᠠᠬᠢ ᠳᠠᠭᠠᠳᠬᠠᠯ ᠤᠨ ᠪᠠᠷᠢᠮᠵᠢᠶ᠎ᠠ ᠶᠢ ᠪᠣᠳᠠᠲᠤ | ᠦᠨ᠎ᠡ ᠥᠷᠲᠡᠭ ᠢᠶᠠᠷ ᠲᠣᠭᠲᠠᠭᠠᠵᠤ ᠪᠣᠯᠤᠨ᠎ᠠ᠃ | ᠳᠠᠭᠠᠳᠬᠠᠯ ᠤᠨ ᠮᠥᠩᠭᠦᠨ ᠤ ᠲᠤᠭ᠎ᠠ ᠨᠢ ᠳᠠᠭᠠᠳᠬᠠᠯ ᠤᠨ ᠦᠨ᠎ᠡ ᠥᠷᠲᠡᠭ ᠠᠴᠠ ᠳᠠᠪᠠᠵᠤ ᠪᠣᠯᠬᠤ ᠦᠭᠡᠶ | ︔ ᠳᠠᠭᠠᠳᠬᠠᠯ ᠤᠨ ᠦᠨ᠎ᠡ ᠥᠷᠲᠡᠭ ᠠᠴᠠ ᠳᠠᠪᠠᠭᠰᠠᠨ ᠪᠠᠶᠢᠪᠠᠯ ᠳᠠᠪᠠᠭᠰᠠᠨ ᠬᠡᠰᠡᠭ ᠨᠢ ᠬᠦᠴᠦᠨ ᠦᠭᠡᠶ᠃ | ᠳᠠᠭᠠᠳᠬᠠᠯ ᠤᠨ ᠮᠥᠩᠭᠦᠨ ᠤ ᠲᠤᠭ᠎ᠠ ᠨᠢ ᠳᠠᠭᠠᠳᠬᠠᠯ ᠤᠨ ᠦᠨ᠎ᠡ ᠥᠷᠲᠡᠭ ᠠᠴᠠ ᠳᠣᠤᠷ᠎ᠠ ᠪᠠᠶᠢᠪᠠᠯ | ᠭᠡᠷ᠎ᠡ ᠳᠤ ᠠᠰᠲᠠᠭᠠᠨ ᠬᠡᠯᠡᠯᠴᠡᠨ ᠲᠣᠭᠲᠠᠭᠠᠭᠰᠠᠨ ᠢ ᠭᠠᠷᠭᠠᠪᠠᠯ ᠳᠠᠭᠠᠳᠬᠠᠭᠴᠢ ᠨᠢ ᠳᠠᠭᠠᠳᠬᠠᠯ ᠤᠨ ᠮᠥᠩᠭᠦᠨ ᠤ | ᠲᠤᠭ᠎ᠠ ᠪᠣᠯᠤᠨ ᠳᠠᠭᠠᠳᠬᠠᠯ ᠤᠨ ᠦᠨ᠎ᠡ ᠥᠷᠲᠡᠭ ᠤᠨ ᠬᠠᠷᠢᠴᠠᠯ ᠢᠶᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ | ᠳᠥᠴᠢᠳᠦᠭᠡᠷ ᠵᠦᠢᠯ ᠳᠠᠪᠬᠤᠷ ᠳᠠᠭᠠᠳᠬᠠᠭᠰᠠᠨ ᠳᠠᠭᠠᠳᠬᠠᠭᠤᠯᠤᠭᠴᠢ ᠨᠢ ᠳᠠᠪᠬᠤᠷ ᠳᠠᠭᠠᠳᠬᠠᠭᠰᠠᠨ | ᠳᠠᠭᠠᠳᠬᠠᠭᠤᠯᠤᠭᠴᠢ ᠪᠦᠬᠦᠢ ᠪᠠᠶᠢᠳᠠᠯ ᠢᠶᠠᠨ ᠳᠠᠭᠠᠳᠬᠠᠭᠴᠢ ᠨᠢᠭᠡᠪᠦᠷᠢ ᠳᠤ ᠮᠡᠳᠡᠭᠳᠡᠬᠦ ᠬᠡᠷᠡᠭᠲᠡᠶ᠃ | ᠳᠠᠪᠬᠤᠷ ᠳᠠᠭᠠᠳᠬᠠᠭᠰᠠᠨ ᠳᠠᠭᠠᠳᠬᠠᠯ ᠤᠨ ᠮᠥᠩᠭᠦᠨ ᠤ ᠲᠣᠭᠠᠨ ᠤ ᠶᠡᠷᠦᠩᠬᠡᠶ ᠨᠡᠶᠢᠯᠡᠪᠦᠷᠢ ᠨᠢ ᠳᠠᠭᠠᠳᠬᠠᠯ ᠤᠨ | ᠦᠨ᠎ᠡ ᠥᠷᠲᠡᠭ ᠠᠴᠠ ᠳᠠᠪᠠᠭᠰᠠᠨ ᠪᠠᠶᠢᠪᠠᠯ ᠡᠯ᠎ᠡ ᠳᠠᠭᠠᠳᠬᠠᠭᠴᠢ ᠶᠢᠨ ᠲᠥᠯᠥᠪᠦᠷᠢ ᠮᠥᠩᠭᠦᠨ ᠤ ᠶᠡᠷᠦᠩᠬᠡᠶ | ᠲᠤᠭ᠎ᠠ ᠶᠢ ᠳᠠᠭᠠᠳᠬᠠᠯ ᠤᠨ ᠦᠨ᠎ᠡ ᠥᠷᠲᠡᠭ ᠠᠴᠠ ᠳᠠᠪᠠᠭᠤᠯᠵᠤ ᠪᠣᠯᠬᠤ ᠦᠭᠡᠶ᠃ | ᠭᠡᠷ᠎ᠡ ᠳᠤ ᠠᠰᠲᠠᠭᠠᠨ ᠬᠡᠯᠡᠯᠴᠡᠨ ᠲᠣᠭᠲᠠᠭᠠᠭᠰᠠᠨ ᠢ ᠭᠠᠷᠭᠠᠪᠠᠯ᠂ ᠡᠯ᠎ᠡ ᠳᠠᠭᠠᠳᠬᠠᠭᠴᠢ ᠨᠢ ᠲᠡᠭᠦᠨ ᠤ | ᠳᠠᠭᠠᠳᠬᠠᠯ ᠤᠨ ᠮᠥᠩᠭᠦᠨ ᠤ ᠲᠤᠭ᠎ᠠ ᠪᠣᠯᠤᠨ ᠳᠠᠭᠠᠳᠬᠠᠯ ᠤᠨ ᠮᠥᠩᠭᠦᠨ ᠤ ᠶᠡᠷᠦᠩᠬᠡᠶ ᠨᠡᠶᠢᠯᠡᠪᠦᠷᠢ ᠶᠢᠨ | ᠬᠠᠷᠢᠴᠠᠯ ᠢᠶᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ | ᠳᠠᠪᠬᠤᠷ ᠳᠠᠭᠠᠳᠬᠠᠯ ᠭᠡᠳᠡᠭ ᠨᠢ ᠳᠠᠭᠠᠳᠬᠠᠭᠤᠯᠤᠭᠴᠢ ᠠᠴᠠ ᠨᠢᠭᠡ ᠯᠡ ᠳᠠᠭᠠᠳᠬᠠᠯ ᠤᠨ ᠪᠠᠷᠢᠮᠵᠢᠶ᠎ᠠ᠂ ᠨᠢᠭᠡ ᠯᠡ | ᠳᠠᠭᠠᠳᠬᠠᠯ ᠤᠨ ᠠᠰᠢᠭ ᠲᠤᠰᠠ᠂ ᠨᠢᠭᠡ ᠯᠡ ᠳᠠᠭᠠᠳᠬᠠᠯ ᠤᠨ ᠠᠳᠡᠯ ᠳᠤ ᠲᠤᠰ ᠲᠤᠰ ᠬᠤᠶᠠᠷ ᠠᠴᠠ ᠳᠡᠭᠡᠭᠰᠢ | ᠳᠠᠭᠠᠳᠬᠠᠯ ᠤᠨ ᠬᠥᠮᠦᠨ ᠲᠠᠢ ᠳᠠᠭᠠᠳᠬᠠᠯ ᠤᠨ ᠭᠡᠷ᠎ᠡ ᠲᠣᠭᠲᠠᠭᠠᠭᠰᠠᠨ ᠳᠠᠭᠠᠳᠬᠠᠯ ᠢ ᠬᠡᠯᠡᠵᠦ ᠪᠠᠶᠢᠨ᠎ᠠ᠃ | ᠳᠥᠴᠢᠨ ᠨᠢᠭᠡᠳᠦᠭᠡᠷ ᠵᠦᠢᠯ ᠳᠠᠭᠠᠳᠬᠠᠯ ᠲᠠᠢ ᠠᠳᠡᠯ ᠭᠠᠷᠬᠤ ᠦᠶ᠎ᠡ ᠳᠤ ᠳᠠᠭᠠᠳᠬᠠᠭᠳᠠᠭᠴᠢ ᠨᠢ | ᠴᠢᠳᠠᠬᠤ ᠶᠢᠨ ᠳᠣᠲᠣᠷ᠎ᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ᠂ ᠬᠤᠬᠢᠷᠠᠯ ᠢ ᠰᠡᠷᠭᠡᠶᠢᠯᠡᠬᠦ ᠪᠤᠶᠤ | ᠪᠠᠭᠠᠰᠬᠠᠬᠤ ᠬᠠᠷᠢᠭᠤᠴᠠᠯᠭ᠎ᠠ ᠲᠠᠢ᠃ | ᠳᠠᠭᠠᠳᠬᠠᠯ ᠤᠨ ᠠᠳᠡᠯ ᠭᠠᠷᠤᠭᠰᠠᠨ ᠤ ᠳᠠᠷᠠᠭ᠎ᠠ᠂ ᠳᠠᠭᠠᠳᠬᠠᠭᠳᠠᠭᠰᠠᠨ ᠬᠥᠮᠦᠨ ᠨᠢ ᠳᠠᠭᠠᠳᠬᠠᠯ ᠤᠨ | ᠬᠤᠬᠢᠷᠠᠯ ᠠᠴᠠ ᠰᠡᠷᠭᠡᠶᠢᠯᠡᠬᠦ ᠪᠤᠶᠤ ᠬᠤᠬᠢᠷᠠᠯ ᠢ ᠪᠠᠭᠠᠰᠬᠠᠬᠤ ᠶᠢᠨ ᠲᠥᠯᠥᠭᠡ ᠵᠠᠷᠤᠴᠠᠭᠤᠯᠤᠭᠰᠠᠨ ᠴᠢᠬᠤᠯᠠ ᠪᠦᠬᠦᠢ | ᠵᠦᠢ ᠵᠣᠬᠢᠰᠲᠠᠶ ᠵᠠᠷᠤᠳᠠᠯ ᠢ ᠳᠠᠭᠠᠳᠬᠠᠭᠴᠢ ᠡᠭᠦᠷᠭᠡᠯᠡᠨ᠎ᠡ︔ ᠳᠠᠭᠠᠳᠬᠠᠭᠴᠢ ᠶᠢᠨ ᠡᠭᠦᠷᠭᠡᠯᠡᠬᠦ ᠲᠤᠭ᠎ᠠ ᠬᠡᠮᠵᠢᠶ᠎ᠡ ᠶᠢ | ᠳᠠᠭᠠᠳᠬᠠᠯ ᠤᠨ ᠪᠠᠷᠢᠮᠵᠢᠶ᠎ᠠ ᠶᠢᠨ ᠬᠤᠬᠢᠷᠠᠯ ᠤᠨ ᠲᠥᠯᠥᠪᠦᠷᠢ ᠮᠥᠩᠭᠦ ᠠᠴᠠ ᠭᠠᠳᠠᠨ᠎ᠠ ᠪᠣᠳᠣᠨ᠎ᠠ᠂ ᠬᠠᠮᠤᠭ | ᠥᠨᠳᠥᠷ ᠲᠡᠭᠡᠨ ᠳᠠᠭᠠᠳᠬᠠᠯ ᠤᠨ ᠮᠥᠩᠭᠦᠨ ᠤ ᠲᠤᠭ᠎ᠠ ᠠᠴᠠ ᠳᠠᠪᠠᠭᠤᠯᠵᠤ ᠪᠣᠯᠬᠤ ᠦᠭᠡᠶ᠃ | ᠳᠥᠴᠢᠨ ᠬᠤᠶᠠᠳᠤᠭᠠᠷ ᠵᠦᠢᠯ ᠳᠠᠭᠠᠳᠬᠠᠯ ᠤᠨ ᠪᠠᠷᠢᠮᠵᠢᠶ᠎ᠠ ᠳᠤ ᠬᠡᠰᠡᠭ ᠬᠤᠬᠢᠷᠠᠯ ᠭᠠᠷᠤᠭᠰᠠᠨ ᠪᠣᠯ | ᠳᠠᠭᠠᠳᠬᠠᠭᠴᠢ ᠠᠴᠠ ᠲᠥᠯᠥᠭᠰᠡᠨ ᠤ ᠳᠠᠷᠠᠭ᠎ᠠ ᠭᠤᠴᠢᠨ ᠡᠳᠦᠷ ᠤᠨ ᠳᠣᠲᠣᠷ᠎ᠠ ᠳᠠᠭᠠᠳᠬᠠᠭᠤᠯᠤᠭᠴᠢ ᠨᠢ ᠭᠡᠷ᠎ᠡ ᠪᠠᠨ | ᠡᠴᠦᠰᠯᠡᠭᠦᠯᠵᠦ ᠪᠣᠯᠤᠨ᠎ᠠ ᠃ ᠭᠡᠷ᠎ᠡ ᠪᠠᠨ ᠡᠴᠦᠰᠯᠡᠭᠦᠯᠵᠦ ᠪᠣᠯᠬᠤ ᠦᠭᠡᠢ ᠭᠡᠵᠦ ᠭᠡᠷ᠎ᠡ ᠳᠤ ᠬᠡᠯᠡᠯᠴᠡᠨ | ᠲᠣᠭᠲᠠᠭᠠᠭᠰᠠᠨ ᠢ ᠭᠠᠷᠭᠠᠪᠠᠯ᠂ ᠳᠠᠭᠠᠳᠬᠠᠭᠴᠢ ᠨᠢ ᠴᠦ ᠭᠡᠷ᠎ᠡ ᠪᠠᠨ ᠡᠴᠦᠰᠯᠡᠭᠦᠯᠵᠦ ᠪᠣᠯᠤᠨ᠎ᠠ᠃ | ᠳᠠᠭᠠᠳᠬᠠᠭᠴᠢ ᠨᠢ ᠭᠡᠷ᠎ᠡ ᠪᠠᠨ ᠡᠴᠦᠰᠯᠡᠭᠦᠯᠬᠦ ᠭᠡᠪᠡᠯ ᠳᠠᠭᠠᠳᠬᠠᠭᠤᠯᠤᠭᠴᠢ ᠳᠤ ᠠᠷᠪᠠᠨ ᠲᠠᠪᠤᠨ ᠡᠳᠦᠷ ᠤᠨ | ᠡᠮᠦᠨ᠎ᠡ ᠮᠡᠳᠡᠭᠳᠡᠬᠦ ᠶᠢᠨ ᠬᠠᠮᠲᠤ ᠳᠠᠭᠠᠳᠬᠠᠯ ᠤᠨ ᠪᠠᠷᠢᠮᠵᠢᠶ᠎ᠠ ᠶᠢᠨ ᠬᠤᠬᠢᠷᠠᠯ ᠳᠤ ᠤᠴᠠᠷᠠᠭᠰᠠᠨ ᠳᠠᠭᠠᠳᠬᠠᠯ ᠤᠨ | ᠬᠡᠰᠡᠭ ᠤᠨ ᠬᠢᠨᠢ ᠳᠠᠭᠠᠳᠬᠠᠯ ᠤᠨ ᠵᠠᠷᠤᠳᠠᠯ ᠢ ᠳᠠᠭᠠᠳᠬᠠᠯ ᠤᠨ ᠬᠠᠷᠢᠭᠤᠴᠠᠯᠭ᠎ᠠ ᠡᠬᠢᠯᠡᠭᠰᠡᠨ ᠡᠳᠦᠷ ᠠᠴᠠ ᠡᠬᠢᠯᠡᠨ | ᠭᠡᠷ᠎ᠡ ᠡᠴᠦᠰᠯᠡᠬᠦ ᠡᠳᠦᠷ ᠠᠴᠠ ᠭᠡᠷ᠎ᠡ ᠲᠣᠭᠲᠠᠭᠰᠠᠨ ᠬᠤᠭᠤᠴᠠᠭᠠᠨ ᠤ ᠬᠤᠷᠢᠶᠠᠪᠠᠰᠤ ᠵᠣᠬᠢᠬᠤ ᠶᠢ ᠨᠢ ᠰᠠᠭᠤᠯᠭᠠᠨ | ᠠᠪᠤᠭᠰᠠᠨ ᠤ ᠳᠠᠷᠠᠭ᠎ᠠ᠂ ᠪᠤᠰᠤᠳ ᠢ ᠨᠢ ᠳᠠᠭᠠᠳᠬᠠᠭᠤᠯᠤᠭᠴᠢ ᠳᠤ ᠪᠤᠴᠠᠭᠠᠵᠤ ᠥᠭᠬᠦ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠳᠠᠭᠠᠳᠬᠠᠯ ᠤᠨ ᠠᠳᠡᠯ ᠭᠠᠷᠤᠭᠰᠠᠨ ᠤ ᠳᠠᠷᠠᠭ᠎ᠠ᠂ ᠳᠠᠭᠠᠳᠬᠠᠭᠴᠢ ᠨᠢ | ᠪᠦᠭᠦᠳᠡ ᠳᠠᠭᠠᠳᠬᠠᠯ ᠤᠨ ᠮᠥᠩᠭᠦ ᠶᠢ ᠨᠢᠭᠡᠨᠲᠡ ᠲᠤᠰᠢᠶᠠᠭᠰᠠᠨ ᠮᠥᠷᠲᠡᠭᠡᠨ ᠳᠠᠭᠠᠳᠬᠠᠯ ᠤᠨ ᠮᠥᠩᠭᠦᠨ ᠤ | ᠲᠤᠭ᠎ᠠ ᠨᠢ ᠳᠠᠭᠠᠳᠬᠠᠯ ᠤᠨ ᠦᠨ᠎ᠡ ᠥᠷᠲᠡᠭ ᠲᠠᠢ ᠲᠡᠩᠴᠡᠭᠰᠡᠨ ᠪᠣᠯ ᠬᠤᠬᠢᠷᠠᠯ ᠤᠴᠠᠷᠠᠭᠰᠠᠨ ᠳᠠᠭᠠᠳᠬᠠᠯ ᠤᠨ | ᠪᠠᠷᠢᠮᠵᠢᠶ᠎ᠠ ᠶᠢᠨ ᠪᠦᠭᠦᠳᠡ ᠡᠷᠬᠡ ᠠᠰᠢᠭ ᠨᠢ ᠳᠠᠭᠠᠳᠬᠠᠭᠴᠢ ᠶᠢᠨ ᠬᠢ ᠪᠣᠯᠤᠨ᠎ᠠ︔ ᠳᠠᠭᠠᠳᠬᠠᠯ ᠤᠨ ᠮᠥᠩᠭᠦᠨ ᠤ | ᠲᠤᠭ᠎ᠠ ᠨᠢ ᠳᠠᠭᠠᠳᠬᠠᠯ ᠤᠨ ᠦᠨ᠎ᠡ ᠥᠷᠲᠡᠭ ᠠᠴᠠ ᠳᠣᠤᠷ᠎ᠠ ᠪᠠᠶᠢᠪᠠᠯ ᠳᠠᠭᠠᠳᠬᠠᠭᠴᠢ ᠨᠢ ᠳᠠᠭᠠᠳᠬᠠᠯ ᠤᠨ | ᠮᠥᠩᠭᠦᠨ ᠤ ᠲᠤᠭ᠎ᠠ ᠪᠣᠯᠤᠨ ᠳᠠᠭᠠᠳᠬᠠᠯ ᠤᠨ ᠦᠨ᠎ᠡ ᠥᠷᠲᠡᠭ ᠤᠨ ᠬᠠᠷᠢᠴᠠᠯ ᠢᠶᠠᠷ ᠬᠤᠬᠢᠷᠠᠯ ᠳᠤ ᠤᠴᠠᠷᠠᠭᠰᠠᠨ | ᠳᠠᠭᠠᠳᠬᠠᠯ ᠤᠨ ᠪᠠᠷᠢᠮᠵᠢᠶ᠎ᠠ ᠶᠢᠨ ᠬᠡᠰᠡᠭ ᠡᠷᠬᠡ ᠠᠰᠢᠭ ᠢ ᠣᠯᠤᠨ᠎ᠠ᠃ | ᠳᠥᠴᠢᠨ ᠳᠥᠷᠪᠡᠳᠦᠭᠡᠷ ᠵᠦᠢᠯ ᠭᠤᠷᠪᠠᠳᠠᠬᠢ ᠡᠲᠡᠭᠡᠳ ᠳᠠᠭᠠᠳᠬᠠᠯ ᠤᠨ ᠪᠠᠷᠢᠮᠵᠢᠶ᠎ᠠ ᠶᠢ | ᠬᠤᠬᠢᠷᠠᠭᠤᠯᠤᠭᠰᠠᠨ ᠠᠴᠠ ᠪᠣᠯᠣᠭᠠᠳ ᠳᠠᠭᠠᠳᠬᠠᠯ ᠤᠨ ᠠᠳᠡᠯ ᠭᠠᠷᠤᠭᠰᠠᠨ ᠪᠠᠶᠢᠪᠠᠯ ᠳᠠᠭᠠᠳᠬᠠᠭᠴᠢ ᠨᠢ | ᠳᠠᠭᠠᠳᠬᠠᠭᠳᠠᠭᠴᠢ ᠳᠤ ᠳᠠᠭᠠᠳᠬᠠᠯ ᠤᠨ ᠮᠥᠩᠭᠦ ᠲᠥᠯᠥᠭᠰᠡᠨ ᠡᠳᠦᠷ ᠠᠴᠠ ᠡᠬᠢᠯᠡᠭᠡᠳ ᠲᠥᠯᠥᠪᠦᠷᠢ ᠮᠥᠩᠭᠦᠨ ᠤ | ᠬᠡᠪᠴᠢᠶᠡᠨ ᠳᠤ ᠳᠠᠭᠠᠳᠬᠠᠭᠳᠠᠭᠴᠢ ᠶᠢ ᠣᠷᠣᠯᠠᠵᠤ᠂ ᠭᠤᠷᠪᠠᠳᠠᠬᠢ ᠡᠲᠡᠭᠡᠳ ᠠᠴᠠ ᠲᠥᠯᠥᠪᠦᠷᠢ ᠠᠪᠬᠤ ᠪᠠᠷ | ᠱᠠᠭᠠᠷᠳᠠᠵᠤ ᠡᠷᠬᠡ ᠶᠢ ᠬᠡᠷᠡᠭᠵᠢᠭᠦᠯᠵᠦ ᠪᠣᠯᠤᠨ᠎ᠠ᠃ | ᠡᠮᠦᠨᠡᠬᠢ ᠪᠠᠳᠠᠭ ᠲᠤ ᠲᠣᠭᠲᠠᠭᠠᠭᠰᠠᠨ ᠳᠠᠭᠠᠳᠬᠠᠯ ᠤᠨ ᠠᠳᠡᠯ ᠭᠠᠷᠤᠭᠰᠠᠨ ᠤ ᠳᠠᠷᠠᠭ᠎ᠠ᠂ | ᠳᠠᠭᠠᠳᠬᠠᠭᠳᠠᠭᠴᠢ ᠨᠢ ᠨᠢᠭᠡᠨᠲᠡ ᠭᠤᠷᠪᠠᠳᠠᠬᠢ ᠡᠲᠡᠭᠡᠳ ᠠᠴᠠ ᠬᠤᠬᠢᠷᠠᠯ ᠤᠨ ᠲᠥᠯᠥᠪᠦᠷᠢ ᠶᠢ ᠠᠪᠤᠭᠰᠠᠨ ᠪᠠᠶᠢᠪᠠᠯ | ᠳᠠᠭᠠᠳᠬᠠᠭᠴᠢ ᠨᠢ ᠳᠠᠭᠠᠳᠬᠠᠯ ᠤᠨ ᠮᠥᠩᠭᠦ ᠲᠥᠯᠥᠬᠦ ᠳᠡᠭᠡᠨ ᠳᠠᠭᠠᠳᠬᠠᠭᠳᠠᠭᠴᠢ ᠶᠢᠨ ᠭᠤᠷᠪᠠᠳᠠᠬᠢ ᠡᠲᠡᠭᠡᠳ ᠠᠴᠠ | ᠠᠪᠤᠭᠰᠠᠨ ᠲᠥᠯᠥᠪᠦᠷᠢ ᠮᠥᠩᠭᠦ ᠠᠴᠠ ᠵᠣᠬᠢᠴᠠᠩᠭᠤᠶ ᠪᠠᠷ ᠰᠠᠭᠤᠯᠭᠠᠨ ᠬᠠᠰᠤᠵᠤ ᠪᠣᠯᠤᠨ᠎ᠠ᠃ | ᠳᠠᠭᠠᠳᠬᠠᠭᠴᠢ ᠨᠢ ᠨᠢᠭᠡᠳᠦᠭᠡᠷ ᠪᠠᠳᠠᠭ ᠤᠨ ᠶᠣᠰᠣᠭᠠᠷ ᠳᠠᠭᠠᠳᠬᠠᠭᠳᠠᠭᠴᠢ ᠶᠢ ᠣᠷᠣᠯᠠᠵᠤ ᠲᠥᠯᠥᠪᠦᠷᠢ | ᠠᠪᠬᠤ ᠪᠠᠷ ᠱᠠᠭᠠᠷᠳᠠᠬᠤ ᠡᠷᠬᠡ ᠲᠠᠢ᠂ ᠳᠠᠭᠠᠳᠬᠠᠭᠳᠠᠭᠴᠢ ᠶᠢᠨ ᠲᠥᠯᠥᠪᠦᠷᠢ ᠠᠪᠤᠭᠰᠠᠨ ᠦᠭᠡᠶ ᠬᠡᠰᠡᠭ ᠢᠶᠠᠨ | ᠭᠤᠷᠪᠠᠳᠠᠬᠢ ᠡᠲᠡᠭᠡᠳ ᠢᠶᠠᠷ ᠲᠥᠯᠥᠭᠦᠯᠬᠦ ᠶᠢ ᠱᠠᠭᠠᠷᠳᠠᠬᠤ ᠡᠷᠬᠡ ᠶᠢ ᠨᠥᠯᠥᠭᠡᠯᠡᠬᠦ ᠦᠭᠡᠶ᠃ | ᠳᠥᠴᠢᠨ ᠲᠠᠪᠤᠳᠤᠭᠠᠷ ᠵᠦᠢᠯ ᠳᠠᠭᠠᠳᠬᠠᠯ ᠤᠨ ᠠᠳᠡᠯ ᠭᠠᠷᠤᠭᠰᠠᠨ ᠤ ᠳᠠᠷᠠᠭ᠎ᠠ᠂ ᠳᠠᠭᠠᠳᠬᠠᠭᠴᠢ ᠨᠢ | ᠳᠠᠭᠠᠳᠬᠠᠯ ᠤᠨ ᠮᠥᠩᠭᠦ ᠲᠥᠯᠥᠬᠦ ᠠᠴᠠ ᠡᠮᠦᠨ᠎ᠡ᠂ ᠳᠠᠭᠠᠳᠬᠠᠭᠳᠠᠭᠴᠢ ᠨᠢ ᠭᠤᠷᠪᠠᠳᠠᠬᠢ ᠡᠲᠡᠭᠡᠳ ᠠᠴᠠ | ᠲᠥᠯᠥᠪᠦᠷᠢ ᠠᠪᠬᠤ ᠪᠠᠷ ᠱᠠᠭᠠᠷᠳᠠᠬᠤ ᠡᠷᠬᠡ ᠪᠠᠨ ᠣᠷᠬᠢᠭᠰᠠᠨ ᠪᠣᠯ ᠳᠠᠭᠠᠳᠬᠠᠭᠴᠢ ᠨᠢ ᠳᠠᠭᠠᠳᠬᠠᠯ ᠤᠨ ᠮᠥᠩᠭᠦ | ᠲᠥᠯᠥᠬᠦ ᠬᠠᠷᠢᠭᠤᠴᠠᠯᠭ᠎ᠠ ᠡᠭᠦᠷᠭᠡᠯᠡᠬᠦ ᠦᠭᠡᠶ᠃ | ᠳᠠᠭᠠᠳᠬᠠᠭᠴᠢ ᠨᠢ ᠳᠠᠭᠠᠳᠬᠠᠭᠳᠠᠭᠴᠢ ᠳᠤ ᠳᠠᠭᠠᠳᠬᠠᠯ ᠤᠨ ᠮᠥᠩᠭᠦ ᠲᠥᠯᠥᠭᠰᠡᠨ ᠤ ᠳᠠᠷᠠᠭ᠎ᠠ᠂ | ᠳᠠᠭᠠᠳᠬᠠᠭᠳᠠᠭᠴᠢ ᠨᠢ ᠳᠠᠭᠠᠳᠬᠠᠭᠴᠢ ᠶᠢᠨ ᠵᠥᠪᠰᠢᠶᠡᠷᠡᠯ ᠢ ᠣᠯᠤᠭᠰᠠᠨ ᠦᠭᠡᠶ ᠪᠠᠷ ᠭᠤᠷᠪᠠᠳᠠᠬᠢ ᠡᠲᠡᠭᠡᠳ ᠠᠴᠠ | ᠲᠥᠯᠥᠪᠦᠷᠢ ᠠᠪᠬᠤ ᠪᠠᠷ ᠱᠠᠭᠠᠷᠳᠠᠬᠤ ᠡᠷᠬᠡ ᠪᠠᠨ ᠣᠷᠬᠢᠭᠰᠠᠨ ᠪᠠᠶᠢᠪᠠᠯ ᠲᠤᠰ ᠦᠢᠯᠡ ᠠᠵᠢᠯᠯᠠᠭ᠎ᠠ ᠨᠢ ᠬᠦᠴᠦᠨ | ᠦᠭᠡᠶ᠃ | ᠳᠠᠭᠠᠳᠬᠠᠭᠳᠠᠭᠴᠢ ᠶᠢᠨ ᠪᠤᠷᠤᠭᠤ ᠠᠴᠠ ᠪᠣᠯᠵᠤ ᠳᠠᠭᠠᠳᠬᠠᠭᠴᠢ ᠨᠢ ᠳᠠᠭᠠᠳᠬᠠᠳᠠᠭᠴᠢ ᠶᠢ ᠣᠷᠣᠯᠠᠵᠤ | ᠲᠥᠯᠥᠪᠦᠷᠢ ᠠᠪᠬᠤ ᠪᠠᠷ ᠱᠠᠭᠠᠷᠳᠠᠬᠤ ᠡᠷᠬᠡ ᠶᠢ ᠬᠡᠷᠡᠭᠵᠢᠭᠦᠯᠵᠦ ᠴᠢᠳᠠᠬᠤ ᠦᠭᠡᠶ ᠪᠣᠯ ᠳᠠᠭᠠᠳᠬᠠᠭᠴᠢ ᠨᠢ | ᠳᠠᠭᠠᠳᠬᠠᠯ ᠤᠨ ᠲᠥᠯᠥᠪᠦᠷᠢ ᠮᠥᠩᠭᠦ ᠶᠢ ᠵᠣᠬᠢᠴᠠᠩᠭᠤᠶ ᠪᠠᠷ ᠰᠠᠭᠤᠯᠭᠠᠨ ᠬᠠᠰᠤᠵᠤ ᠪᠣᠯᠤᠨ᠎ᠠ᠃ | ᠳᠥᠴᠢᠨ ᠵᠢᠷᠭᠤᠳᠤᠭᠠᠷ ᠵᠦᠢᠯ ᠳᠠᠭᠠᠳᠬᠠᠭᠳᠠᠭᠴᠢ ᠶᠢᠨ ᠭᠡᠷ ᠪᠦᠯᠢ ᠶᠢᠨ ᠬᠢᠨ ᠪᠤᠶᠤ ᠲᠡᠭᠦᠨ ᠤ ᠲᠤᠰ | ᠬᠠᠤᠯᠢ ᠶᠢᠨ ᠳᠥᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠳᠠᠭᠠᠳᠬᠠᠯ ᠤᠨ ᠠᠳᠡᠯ ᠢ | ᠵᠣᠷᠢᠭᠤᠳᠠ ᠭᠠᠷᠭᠠᠭᠰᠠᠨ ᠢ ᠭᠠᠷᠭᠠᠪᠠᠯ᠂ ᠳᠠᠭᠠᠳᠬᠠᠭᠴᠢ ᠨᠢ ᠳᠠᠭᠠᠳᠬᠠᠭᠳᠠᠭᠴᠢ ᠶᠢᠨ ᠭᠡᠷ ᠪᠦᠯᠢ ᠶᠢᠨ ᠬᠢᠨ ᠪᠤᠶᠤ | ᠲᠡᠭᠦᠨ ᠤ ᠪᠦᠷᠢᠯᠳᠦᠬᠦᠨ ᠢ ᠣᠷᠣᠯᠠᠨ ᠲᠥᠯᠥᠪᠦᠷᠢ ᠱᠠᠭᠠᠷᠳᠠᠬᠤ ᠡᠷᠬᠡ ᠶᠢ ᠬᠡᠷᠡᠭᠵᠢᠭᠦᠯᠵᠦ ᠪᠣᠯᠬᠤ ᠦᠭᠡᠶ᠃ | ᠳᠥᠴᠢᠨ ᠳᠣᠯᠣᠳᠤᠭᠠᠷ ᠵᠦᠢᠯ ᠳᠠᠭᠠᠳᠬᠠᠭᠴᠢ ᠠᠴᠠ ᠳᠠᠭᠠᠳᠬᠠᠭᠳᠠᠭᠴᠢ ᠶᠢ ᠣᠷᠣᠯᠠᠨ ᠭᠤᠷᠪᠠᠳᠠᠬᠢ | ᠡᠲᠡᠭᠡᠳ ᠠᠴᠠ ᠲᠥᠯᠥᠪᠦᠷᠢ ᠠᠪᠬᠤ ᠪᠠᠷ ᠱᠠᠭᠠᠷᠳᠠᠬᠤ ᠡᠷᠬᠡ ᠪᠠᠨ ᠬᠡᠷᠡᠭᠵᠢᠭᠦᠯᠬᠦ ᠳᠤ ᠳᠠᠭᠠᠳᠬᠠᠭᠳᠠᠭᠴᠢ ᠨᠢ | ᠳᠠᠭᠠᠳᠬᠠᠭᠴᠢ ᠳᠤ ᠴᠢᠬᠤᠯᠠ ᠪᠦᠬᠦᠢ ᠪᠢᠴᠢᠭ ᠮᠠᠲ᠋ᠧᠷᠢᠶᠠᠯ ᠪᠣᠯᠤᠨ ᠥᠪᠡᠷ ᠤᠨ ᠮᠡᠳᠡᠬᠦ ᠬᠤᠯᠪᠣᠭᠳᠠᠯ ᠪᠦᠬᠦᠢ | ᠪᠠᠶᠢᠳᠠᠯ ᠢ ᠬᠠᠩᠭᠠᠬᠤ ᠬᠡᠷᠡᠭᠲᠡᠶ᠃ | ᠳᠥᠴᠢᠨ ᠨᠠᠶ᠋ᠮᠠᠳᠤᠭᠠᠷ ᠵᠦᠢᠯ ᠳᠠᠭᠠᠳᠬᠠᠭᠴᠢ ᠪᠣᠯᠤᠨ ᠳᠠᠭᠠᠳᠬᠠᠭᠳᠠᠭᠴᠢ ᠠᠴᠠ ᠳᠠᠭᠠᠳᠬᠠᠯ ᠤᠨ | ᠠᠳᠡᠯ ᠤᠨ ᠰᠢᠨᠵᠢ ᠴᠢᠨᠠᠷ᠂ ᠰᠢᠯᠲᠠᠭᠠᠨ ᠪᠠ ᠳᠠᠭᠠᠳᠬᠠᠯ ᠤᠨ ᠪᠠᠷᠢᠮᠵᠢᠶ᠎ᠠ ᠶᠢᠨ ᠬᠤᠬᠢᠷᠠᠯ ᠤᠨ ᠬᠡᠮᠵᠢᠶ᠎ᠡ ᠶᠢ | ᠪᠠᠶᠢᠴᠠᠭᠠᠨ ᠲᠣᠳᠣᠷᠬᠠᠶᠢᠯᠠᠬᠤ ᠪᠠ ᠲᠣᠭᠲᠠᠭᠠᠬᠤ ᠳᠤ ᠵᠠᠷᠤᠴᠠᠭᠤᠯᠬᠤ ᠴᠢᠬᠤᠯᠠ ᠪᠦᠬᠦᠢ ᠵᠦᠢ ᠵᠣᠬᠢᠰᠲᠠᠶ ᠵᠠᠷᠤᠳᠠᠯ ᠢ | ᠳᠠᠭᠠᠳᠬᠠᠭᠴᠢ ᠡᠭᠦᠷᠭᠡᠯᠡᠬᠦ ᠬᠡᠷᠡᠭᠲᠡᠶ᠃ | ᠳᠥᠴᠢ ᠶᠢᠰᠦᠳᠦᠭᠡᠷ ᠵᠦᠢᠯ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠭᠳᠠᠭᠴᠢ ᠠᠴᠠ | ᠭᠤᠷᠪᠠᠳᠠᠬᠢ ᠡᠲᠡᠭᠡᠳ ᠲᠤ ᠤᠴᠠᠷᠠᠭᠤᠯᠤᠭᠰᠠᠨ ᠬᠤᠬᠢᠷᠠᠯ ᠢ ᠳᠠᠭᠠᠳᠬᠠᠭᠴᠢ ᠬᠠᠤᠯᠢ ᠴᠠᠭᠠᠵᠠ ᠶᠢᠨ ᠲᠣᠭᠲᠠᠭᠠᠯ | ᠪᠤᠶᠤ ᠭᠡᠷ᠎ᠡ ᠳᠤ ᠬᠡᠯᠡᠯᠴᠡᠨ ᠲᠣᠭᠲᠠᠭᠠᠭᠰᠠᠨ ᠶᠣᠰᠣᠭᠠᠷ ᠲᠤᠰ ᠭᠤᠷᠪᠠᠳᠠᠬᠢ ᠡᠲᠡᠭᠡᠳ ᠲᠤ ᠳᠠᠭᠠᠳᠬᠠᠯ ᠤᠨ ᠮᠥᠩᠭᠦ | ᠲᠥᠯᠥᠵᠦ ᠪᠣᠯᠤᠨ᠎ᠠ᠃ | ᠬᠠᠷᠢᠭᠤᠴᠠᠯᠭ᠎ᠠ ᠶᠢᠨ ᠳᠠᠭᠠᠳᠬᠠᠯ ᠭᠡᠳᠡᠭ ᠨᠢ ᠳᠠᠭᠠᠳᠬᠠᠭᠳᠠᠭᠴᠢ ᠶᠢᠨ ᠭᠤᠷᠪᠠᠳᠠᠬᠢ ᠡᠲᠡᠭᠡᠳ ᠲᠤ ᠬᠠᠤᠯᠢ | ᠶᠣᠰᠣᠭᠠᠷ ᠡᠭᠦᠷᠭᠡᠯᠡᠬᠦ ᠬᠡᠷᠡᠭᠲᠡᠶ ᠲᠥᠯᠥᠪᠦᠷᠢ ᠶᠢᠨ ᠬᠠᠷᠢᠭᠤᠴᠠᠯᠭ᠎ᠠ ᠪᠠᠷ ᠳᠠᠭᠠᠳᠬᠠᠯ ᠤᠨ ᠪᠠᠷᠢᠮᠵᠢᠶ᠎ᠠ ᠪᠣᠯᠭᠠᠭᠰᠠᠨ | ᠳᠠᠭᠠᠳᠬᠠᠯ ᠢ ᠬᠡᠯᠡᠵᠦ ᠪᠠᠶᠢᠨ᠎ᠠ᠃ | ᠲᠠᠪᠢᠳᠤᠭᠠᠷ ᠵᠦᠢᠯ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠭᠳᠠᠭᠴᠢ ᠨᠢ ᠭᠤᠷᠪᠠᠳᠠᠬᠢ | ᠡᠲᠡᠭᠡᠳ ᠲᠤ ᠬᠤᠬᠢᠷᠠᠯ ᠤᠴᠠᠷᠠᠭᠤᠯᠤᠭᠰᠠᠨ ᠳᠠᠭᠠᠳᠬᠠᠯ ᠤᠨ ᠠᠳᠡᠯ ᠠᠴᠠ ᠪᠣᠯᠵᠤ ᠬᠥᠨᠳᠡᠯᠡᠨ ᠠᠴᠠ ᠲᠠᠰᠤᠯᠤᠭᠤᠯᠬᠤ | ᠪᠤᠶᠤ ᠵᠠᠷᠭᠤᠯᠳᠤᠭᠰᠠᠨ ᠪᠠᠶᠢᠪᠠᠯ ᠭᠡᠷ᠎ᠡ ᠳᠤ ᠠᠰᠲᠠᠭᠠᠨ ᠬᠡᠯᠡᠯᠴᠡᠨ ᠲᠣᠭᠲᠠᠭᠠᠭᠰᠠᠨ ᠢ ᠭᠠᠷᠭᠠᠪᠠᠯ᠂ | ᠳᠠᠭᠠᠳᠬᠠᠭᠳᠠᠭᠴᠢ ᠶᠢᠨ ᠵᠠᠷᠤᠴᠠᠭᠤᠯᠬᠤ ᠬᠥᠨᠳᠡᠯᠡᠨ ᠠᠴᠠ ᠲᠠᠰᠤᠯᠤᠭᠤᠯᠤᠭᠰᠠᠨ ᠪᠤᠶᠤ ᠵᠠᠷᠭᠤᠯᠳᠤᠭᠠᠨ ᠤ ᠵᠠᠷᠤᠳᠠᠯ | ᠵᠢᠴᠢ ᠪᠤᠰᠤᠳ ᠴᠢᠬᠤᠯᠠ ᠪᠦᠬᠦᠢ ᠵᠦᠢ ᠵᠣᠬᠢᠰᠲᠠᠶ ᠵᠠᠷᠤᠳᠠᠯ ᠢ ᠳᠠᠭᠠᠳᠬᠠᠭᠴᠢ ᠡᠭᠦᠷᠭᠡᠯᠡᠨ᠎ᠡ᠃ | ᠭᠤᠷᠪᠠᠳᠤᠭᠠᠷ ᠬᠡᠰᠡᠭ ᠪᠡᠶ᠎ᠡ ᠶᠢᠨ ᠳᠠᠭᠠᠳᠬᠠᠯ ᠤᠨ ᠭᠡᠷ᠎ᠡ | ᠲᠠᠪᠢᠨ ᠨᠢᠭᠡᠳᠦᠭᠡᠷ ᠵᠦᠢᠯ ᠪᠡᠶ᠎ᠡ ᠶᠢᠨ ᠳᠠᠭᠠᠳᠬᠠᠯ ᠤᠨ ᠭᠡᠷ᠎ᠡ ᠪᠣᠯ ᠬᠥᠮᠦᠨ ᠤ ᠠᠮᠢ ᠨᠠᠰᠤ ᠪᠣᠯᠤᠨ | ᠪᠡᠶ᠎ᠡ ᠮᠠᠬᠠᠪᠣᠳ ᠢᠶᠠᠷ ᠳᠠᠭᠠᠳᠬᠠᠯ ᠤᠨ ᠪᠠᠷᠢᠮᠵᠢᠶ᠎ᠠ ᠪᠣᠯᠭᠠᠭᠰᠠᠨ ᠳᠠᠭᠠᠳᠬᠠᠯ ᠤᠨ ᠭᠡᠷ᠎ᠡ ᠪᠣᠯᠤᠨ᠎ᠠ᠃ | ᠲᠤᠰ ᠬᠡᠰᠡᠭ ᠲᠠᠬᠢ ᠪᠡᠶ᠎ᠡ ᠶᠢᠨ ᠳᠠᠭᠠᠳᠬᠠᠯ ᠤᠨ ᠭᠡᠷ᠎ᠡ ᠶᠢ ᠲᠤᠰᠬᠠᠶ ᠲᠣᠳᠣᠷᠬᠠᠶᠢᠯᠠᠭᠰᠠᠨ ᠢ ᠭᠠᠷᠭᠠᠪᠠᠯ᠂ | ᠭᠡᠷ᠎ᠡ ᠭᠡᠵᠦ ᠳᠥᠭᠦᠮᠴᠢᠯᠡᠨ ᠨᠡᠷᠡᠯᠡᠨ᠎ᠡ᠃ | ᠲᠠᠪᠢᠨ ᠬᠤᠶᠠᠳᠤᠭᠠᠷ ᠵᠦᠢᠯ ᠳᠠᠭᠠᠳᠬᠠᠭᠤᠯᠤᠭᠴᠢ ᠳᠣᠤᠷᠠᠬᠢ ᠬᠥᠮᠦᠰ ᠲᠤ ᠳᠠᠭᠠᠳᠬᠠᠯ ᠤᠨ ᠠᠰᠢᠭ | ᠲᠤᠰᠠ ᠬᠦᠷᠲᠡᠭᠡᠨ᠎ᠡ᠄ | ︵ᠨᠢᠭᠡ︶ ᠲᠤᠰ ᠬᠥᠮᠦᠨ︔ | ︵ᠬᠤᠶᠠᠷ︶ ᠤᠷᠤᠭᠯᠠᠭᠰᠠᠨ ᠨᠥᠬᠦᠷ᠂ ᠦᠷ᠎ᠡ ᠬᠡᠦᠬᠡᠳ᠂ ᠡᠴᠢᠭᠡ ᠡᠬᠡ︔ | ︵ᠭᠤᠷᠪᠠ︶ ᠡᠮᠦᠨᠡᠬᠢ ᠵᠤᠷᠪᠤᠰ ᠠᠴᠠ ᠭᠠᠳᠠᠨ᠎ᠠ ᠳᠠᠭᠠᠳᠬᠠᠭᠤᠯᠤᠭᠴᠢ ᠯᠤᠭ᠎ᠠ ᠠᠰᠠᠷᠠᠬᠤ᠂ ᠠᠴᠢᠯᠠᠬᠤ | ᠪᠤᠶᠤ ᠲᠡᠵᠢᠭᠡᠬᠦ ᠬᠠᠷᠢᠴᠠᠭ᠎ᠠ ᠲᠠᠢ ᠭᠡᠷ ᠪᠦᠯᠢ ᠶᠢᠨ ᠪᠤᠰᠤᠳ ᠪᠦᠷᠢᠯᠳᠦᠬᠦᠨ᠂ ᠣᠶᠢᠷ᠎ᠠ ᠲᠥᠷᠥᠯ ᠰᠠᠳᠤᠨ᠃ | ᠡᠮᠦᠨᠡᠬᠢ ᠪᠠᠳᠠᠭ ᠲᠤ ᠲᠣᠭᠲᠠᠭᠠᠭᠰᠠᠨ ᠢ ᠭᠠᠷᠭᠠᠪᠠᠯ᠂ ᠳᠠᠭᠠᠳᠬᠠᠭᠳᠠᠭᠴᠢ ᠨᠢ ᠳᠠᠭᠠᠳᠬᠠᠭᠤᠯᠤᠭᠴᠢ ᠶᠢᠨ | ᠲᠡᠭᠦᠨ ᠤ ᠡᠮᠦᠨ᠎ᠡ ᠭᠡᠷ᠎ᠡ ᠲᠣᠭᠲᠠᠬᠤ ᠶᠢ ᠵᠥᠪᠰᠢᠶᠡᠷᠡᠭᠰᠡᠨ ᠪᠠᠶᠢᠪᠠᠯ ᠳᠠᠭᠠᠳᠬᠠᠭᠤᠯᠤᠭᠴᠢ ᠶᠢ ᠳᠠᠭᠠᠳᠬᠠᠭᠳᠠᠭᠴᠢ ᠳᠤ | ᠠᠰᠢᠭ ᠲᠤᠰᠠ ᠬᠦᠷᠲᠡᠭᠡᠬᠦ ᠪᠠᠷ ᠦᠵᠡᠨ᠎ᠡ᠃ | ᠲᠠᠪᠢᠨ ᠭᠤᠷᠪᠠᠳᠤᠭᠠᠷ ᠵᠦᠢᠯ ᠳᠠᠭᠠᠳᠬᠠᠭᠤᠯᠤᠭᠴᠢ ᠶᠢᠨ ᠮᠡᠳᠡᠭᠦᠯᠦᠭᠰᠡᠨ ᠳᠠᠭᠠᠳᠬᠠᠭᠳᠠᠭᠴᠢ ᠶᠢᠨ | ᠨᠠᠰᠤ ᠵᠢᠯ ᠨᠢ ᠮᠠᠭᠠᠳ ᠪᠢᠰᠢ ᠮᠥᠷᠲᠡᠭᠡᠨ ᠦᠨᠡᠨ ᠨᠠᠰᠤ ᠵᠢᠯ ᠨᠢ ᠭᠡᠷ᠎ᠡ ᠳᠤ ᠬᠡᠯᠡᠯᠴᠡᠨ ᠲᠣᠭᠲᠠᠭᠰᠠᠨ ᠨᠠᠰᠤ ᠵᠢᠯ ᠤᠨ | ᠬᠢᠵᠠᠭᠠᠷ ᠲᠤ ᠨᠡᠶᠢᠴᠡᠬᠦ ᠦᠭᠡᠶ ᠪᠣᠯ ᠳᠠᠭᠠᠳᠬᠠᠭᠴᠢ ᠭᠡᠷ᠎ᠡ ᠶᠢ ᠬᠦᠴᠦᠨ ᠦᠭᠡᠶ ᠪᠣᠯᠭᠠᠵᠤ ᠪᠣᠯᠬᠤ ᠪᠥᠭᠡᠳ ᠭᠠᠷ | ᠭᠦᠢᠴᠡᠳᠬᠡᠯ ᠤᠨ ᠰᠦᠢᠳᠬᠡᠯ ᠢ ᠰᠠᠭᠤᠯᠭᠠᠵᠤ ᠠᠪᠤᠭᠠᠳ ᠳᠠᠭᠠᠳᠬᠠᠭᠤᠯᠤᠭᠴᠢ ᠳᠤ ᠳᠠᠭᠠᠳᠬᠠᠯ ᠤᠨ ᠵᠠᠷᠤᠳᠠᠯ | ᠪᠤᠴᠠᠭᠠᠨ ᠥᠭᠬᠦ ᠬᠡᠷᠡᠭᠲᠡᠶ᠂ ᠭᠡᠬᠦ ᠳᠡᠭᠡᠨ ᠭᠡᠷ᠎ᠡ ᠪᠠᠶᠢᠭᠤᠯᠤᠭᠰᠠᠨ ᠡᠳᠦᠷ ᠠᠴᠠ ᠡᠬᠢᠯᠡᠭᠡᠳ ᠬᠤᠶᠠᠷ ᠵᠢᠯ | ᠥᠩᠭᠡᠷᠡᠭᠰᠡᠨ ᠪᠠᠶᠢᠪᠠᠯ ᠡᠭᠦᠨ ᠳᠤ ᠪᠠᠭᠲᠠᠬᠤ ᠦᠭᠡᠶ᠃ | ᠳᠠᠭᠠᠳᠬᠠᠭᠤᠯᠤᠭᠴᠢ ᠶᠢᠨ ᠮᠡᠳᠡᠭᠦᠯᠦᠭᠰᠡᠨ ᠳᠠᠭᠠᠳᠬᠠᠭᠳᠠᠭᠴᠢ ᠶᠢᠨ ᠨᠠᠰᠤ ᠵᠢᠯ ᠨᠢ ᠦᠨᠡᠨ ᠮᠠᠭᠠᠳ | ᠪᠢᠰᠢ ᠠᠴᠠ ᠪᠣᠯᠵᠤ ᠳᠠᠭᠠᠳᠬᠠᠭᠤᠯᠤᠭᠴᠢ ᠶᠢᠨ ᠲᠤᠰᠢᠶᠠᠭᠰᠠᠨ ᠳᠠᠭᠠᠳᠬᠠᠯ ᠤᠨ ᠰᠦᠢᠳᠬᠡᠯ ᠨᠢ ᠲᠤᠰᠢᠶᠠᠬᠤ | ᠳᠠᠭᠠᠳᠬᠠᠯ ᠤᠨ ᠰᠦᠢᠳᠬᠡᠯ ᠠᠴᠠ ᠳᠤᠲᠠᠭᠤ ᠪᠠᠶᠢᠪᠠᠯ ᠳᠠᠭᠠᠳᠬᠠᠭᠴᠢ ᠵᠠᠯᠠᠷᠠᠭᠤᠯᠬᠤ ᠡᠷᠬᠡ ᠲᠠᠢ ᠪᠥᠭᠡᠳ | ᠳᠠᠭᠠᠳᠬᠠᠭᠤᠯᠤᠭᠴᠢ ᠶᠢ ᠳᠠᠭᠠᠳᠬᠠᠯ ᠤᠨ ᠰᠦᠢᠳᠬᠡᠯ ᠢ ᠨᠥᠬᠦᠵᠦ ᠲᠤᠰᠢᠶᠠᠯᠭᠠᠬᠤ ᠪᠠᠷ ᠱᠠᠭᠠᠷᠳᠠᠬᠤ ᠪᠤᠶᠤ | ᠳᠠᠭᠠᠳᠬᠠᠯ ᠤᠨ ᠮᠥᠩᠭᠦ ᠥᠭᠬᠦ ᠳᠡᠭᠡᠨ ᠪᠣᠳᠠᠲᠠᠶ ᠲᠤᠰᠢᠶᠠᠭᠰᠠᠨ ᠳᠠᠭᠠᠳᠬᠠᠯ ᠤᠨ ᠰᠦᠢᠳᠬᠡᠯ ᠪᠣᠯᠤᠨ ᠲᠤᠰᠢᠶᠠᠬᠤ | ᠬᠡᠷᠡᠭᠲᠡᠶ ᠳᠠᠭᠠᠳᠬᠠᠯ ᠤᠨ ᠰᠦᠢᠳᠬᠡᠯ ᠤᠨ ᠬᠠᠷᠢᠴᠠᠯ ᠶᠣᠰᠣᠭᠠᠷ ᠲᠤᠰᠢᠶᠠᠯᠭᠠᠬᠤ ᠬᠡᠷᠡᠭᠲᠡᠶ᠃ | ᠳᠠᠭᠠᠳᠬᠠᠭᠤᠯᠤᠭᠴᠢ ᠶᠢᠨ ᠮᠡᠳᠡᠭᠦᠯᠦᠭᠰᠡᠨ ᠳᠠᠭᠠᠳᠬᠠᠭᠳᠠᠭᠴᠢ ᠶᠢᠨ ᠨᠠᠰᠤ ᠵᠢᠯ ᠨᠢ ᠦᠨᠡᠨ ᠮᠠᠭᠠᠳ | ᠪᠢᠰᠢ ᠠᠴᠠ ᠪᠣᠯᠵᠤ ᠳᠠᠭᠠᠳᠬᠠᠭᠤᠯᠤᠭᠴᠢ ᠶᠢᠨ ᠪᠣᠳᠠᠲᠠᠶ ᠲᠤᠰᠢᠶᠠᠭᠰᠠᠨ ᠳᠠᠭᠠᠳᠬᠠᠯ ᠤᠨ ᠰᠦᠢᠳᠬᠡᠯ ᠨᠢ ᠲᠤᠰᠢᠶᠠᠬᠤ | ᠬᠡᠷᠡᠭᠲᠡᠶ ᠳᠠᠭᠠᠳᠬᠠᠯ ᠤᠨ ᠰᠦᠢᠳᠬᠡᠯ ᠠᠴᠠ ᠢᠯᠡᠭᠦᠦ ᠪᠠᠶᠢᠪᠠᠯ ᠳᠠᠭᠠᠳᠬᠠᠭᠴᠢ ᠢᠯᠡᠭᠦᠦ ᠬᠤᠷᠢᠶᠠᠭᠰᠠᠨ | ᠳᠠᠭᠠᠳᠬᠠᠯ ᠤᠨ ᠰᠦᠢᠳᠬᠡᠯ ᠢ ᠳᠠᠭᠠᠳᠬᠠᠭᠤᠯᠤᠭᠴᠢ ᠳᠤ ᠪᠤᠴᠠᠭᠠᠵᠤ ᠥᠭᠬᠦ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠳᠠᠭᠠᠳᠬᠠᠭᠤᠯᠤᠭᠴᠢ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ | ᠦᠭᠡᠢ ᠪᠤᠯ ᠳᠠᠭᠠᠳᠬᠠᠭᠰᠠᠨ ᠬᠥᠮᠦᠨ ᠳᠤ ᠦᠬᠦᠯ ᠢᠶᠠᠷ ᠳᠠᠭᠠᠳᠬᠠᠯᠲᠠ ᠮᠥᠩᠭᠦ ᠠᠪᠬᠤ ᠨᠥᠬᠦᠴᠡᠯ ᠪᠣᠯᠭᠠᠭᠰᠠᠨ | ᠪᠡᠶ᠎ᠡ ᠶᠢᠨ ᠳᠠᠭᠠᠳᠬᠠᠯ ᠳᠠᠭᠠᠳᠬᠠᠭᠤᠯᠵᠤ ᠪᠣᠯᠬᠤ ᠦᠭᠡᠶ᠂ ᠳᠠᠭᠠᠳᠬᠠᠭᠴᠢ ᠴᠤ ᠳᠠᠭᠠᠳᠬᠠᠬᠤ ᠪᠠᠷ ᠬᠦᠯᠢᠶᠡᠨ | ᠠᠪᠴᠤ ᠪᠣᠯᠬᠤ ᠦᠭᠡᠶ᠃ | ᠡᠴᠢᠭᠡ ᠡᠬᠡ ᠨᠢ ᠨᠠᠰᠤᠨ ᠳᠤ ᠬᠦᠷᠦᠭᠡᠳᠦᠶ ᠦᠷ᠎ᠡ ᠬᠡᠦᠬᠡᠳ ᠲᠡᠭᠡᠨ ᠳᠠᠭᠠᠳᠬᠠᠭᠤᠯᠤᠭᠰᠠᠨ ᠪᠡᠶ᠎ᠡ ᠶᠢᠨ | ᠳᠠᠭᠠᠳᠬᠠᠯ ᠨᠢ ᠡᠮᠦᠨᠡᠬᠢ ᠪᠠᠳᠠᠭ ᠤᠨ ᠲᠣᠭᠲᠠᠭᠠᠯ ᠳᠤ ᠬᠢᠵᠠᠭᠠᠷᠯᠠᠭᠳᠠᠬᠤ ᠦᠭᠡᠶ᠂ ᠭᠡᠬᠦ ᠳᠡᠭᠡᠨ ᠦᠬᠦᠯ ᠠᠴᠠ ᠪᠣᠯᠵᠤ | ᠥᠭᠬᠦ ᠳᠠᠭᠠᠳᠬᠠᠯ ᠤᠨ ᠮᠥᠩᠭᠦ ᠶᠢᠨ ᠶᠡᠷᠦᠩᠬᠡᠶ ᠨᠡᠶᠢᠯᠡᠪᠦᠷᠢ ᠨᠢ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠭᠰᠠᠨ ᠬᠢᠵᠠᠭᠠᠷᠲᠤ ᠲᠤᠭ᠎ᠠ ᠠᠴᠠ ᠳᠠᠪᠠᠵᠤ ᠪᠣᠯᠬᠤ ᠦᠭᠡᠶ᠃ | ᠲᠠᠪᠢᠨ ᠲᠠᠪᠤᠳᠤᠭᠠᠷ ᠵᠦᠢᠯ ᠦᠬᠦᠯ ᠢᠶᠠᠷ ᠳᠠᠭᠠᠳᠬᠠᠯ ᠤᠨ ᠮᠥᠩᠭᠦ ᠥᠭᠬᠦ ᠨᠥᠬᠦᠴᠡᠯ ᠪᠣᠯᠭᠠᠭᠰᠠᠨ | ᠭᠡᠷ᠎ᠡ ᠶᠢᠨ ᠳᠠᠭᠠᠳᠬᠠᠯ ᠤᠨ ᠮᠥᠩᠭᠦ ᠶᠢᠨ ᠲᠤᠭ᠎ᠠ ᠶᠢ ᠳᠠᠭᠠᠳᠬᠠᠭᠳᠠᠭᠴᠢ ᠪᠠᠷ ᠪᠢᠴᠢᠭ ᠢᠶᠠᠷ ᠵᠥᠪᠰᠢᠶᠡᠷᠡᠭᠦᠯᠦᠭᠰᠡᠨ | ᠦᠭᠡᠶ ᠪᠠᠶᠢᠪᠠᠯ ᠭᠡᠷ᠎ᠡ ᠨᠢ ᠬᠦᠴᠦᠨ ᠦᠭᠡᠶ᠃ | ᠦᠬᠦᠯ ᠢᠶᠠᠷ ᠳᠠᠭᠠᠳᠬᠠᠯ ᠤᠨ ᠮᠥᠩᠭᠦ ᠥᠭᠬᠦ ᠨᠥᠬᠦᠴᠡᠯ ᠪᠣᠯᠭᠠᠭᠰᠠᠨ ᠭᠡᠷ᠎ᠡ ᠶᠢᠨ ᠭᠠᠷ ᠤᠨ ᠦᠰᠦᠭ | ᠵᠢᠷᠤᠵᠤ ᠶᠠᠪᠤᠭᠤᠯᠤᠭᠰᠠᠨ ᠳᠠᠭᠠᠳᠬᠠᠯ ᠤᠨ ᠬᠠᠭᠤᠳᠠᠰᠤ ᠶᠢ ᠳᠠᠭᠠᠳᠬᠠᠭᠳᠠᠭᠴᠢ ᠪᠠᠷ ᠪᠢᠴᠢᠭ ᠢᠶᠠᠷ ᠵᠥᠪᠰᠢᠶᠡᠷᠡᠭᠰᠡᠨ | ᠦᠭᠡᠶ ᠪᠣᠯ ᠪᠤᠰᠤᠳ ᠲᠤ ᠰᠢᠯᠵᠢᠭᠦᠯᠦᠨ ᠥᠭᠬᠦ ᠪᠤᠶᠤ ᠳᠠᠨᠵᠢᠯᠠᠵᠤ ᠪᠣᠯᠬᠤ ᠦᠭᠡᠶ᠃ | ᠡᠴᠢᠭᠡ ᠡᠬᠡ ᠨᠢ ᠨᠠᠰᠤᠨ ᠳᠤ ᠬᠦᠷᠦᠭᠡᠳᠦᠶ ᠦᠷ᠎ᠡ ᠬᠡᠦᠬᠡᠳ ᠲᠡᠭᠡᠨ ᠳᠠᠭᠠᠳᠬᠠᠭᠤᠯᠤᠭᠰᠠᠨ ᠪᠡᠶ᠎ᠡ ᠶᠢᠨ | ᠳᠠᠭᠠᠳᠬᠠᠯ ᠨᠢ ᠨᠢᠭᠡᠳᠦᠭᠡᠷ ᠪᠠᠳᠠᠭ ᠤᠨ ᠲᠣᠭᠲᠠᠭᠠᠯ ᠳᠤ ᠬᠢᠵᠠᠭᠠᠷᠯᠠᠭᠳᠠᠬᠤ ᠦᠭᠡᠶ᠃ | ᠲᠠᠪᠢᠨ ᠵᠢᠷᠭᠤᠳᠤᠭᠠᠷ ᠵᠦᠢᠯ ᠳᠠᠭᠠᠳᠬᠠᠭᠤᠯᠤᠭᠴᠢ ᠭᠡᠷ᠎ᠡ ᠪᠠᠶᠢᠭᠤᠯᠤᠭᠰᠠᠨ ᠤ ᠳᠠᠷᠠᠭ᠎ᠠ᠂ | ᠳᠠᠭᠠᠳᠬᠠᠭᠴᠢ ᠳᠤ ᠳᠠᠭᠠᠳᠬᠠᠯ ᠤᠨ ᠰᠦᠢᠳᠬᠡᠯ ᠢ ᠨᠢᠭᠡ ᠯᠡ ᠤᠳᠠᠭ᠎ᠠ ᠪᠦᠬᠦᠨ ᠢ ᠲᠤᠰᠢᠶᠠᠵᠤ ᠪᠣᠯᠤᠨ᠎ᠠ᠂ ᠭᠡᠷ᠎ᠡ ᠳᠤ | ᠬᠡᠯᠡᠯᠴᠡᠨ ᠲᠣᠭᠲᠠᠭᠰᠠᠨ ᠶᠣᠰᠣᠭᠠᠷ ᠬᠤᠭᠤᠴᠠᠭ᠎ᠠ ᠬᠤᠪᠢᠶᠠᠨ ᠲᠤᠰᠢᠶᠠᠭᠰᠠᠨ ᠴᠤ ᠪᠣᠯᠤᠨ᠎ᠠ᠃ | ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠬᠤᠪᠢᠶᠠᠨ ᠲᠤᠰᠢᠶᠠᠬᠤ ᠪᠠᠷ ᠭᠡᠷ᠎ᠡ ᠳᠤ ᠬᠡᠯᠡᠯᠴᠡᠨ | ᠲᠣᠭᠲᠠᠭᠰᠠᠨ ᠪᠣᠯ ᠳᠠᠭᠠᠳᠬᠠᠭᠤᠯᠤᠭᠴᠢ ᠭᠡᠷ᠎ᠡ ᠪᠠᠶᠢᠭᠤᠯᠬᠤ ᠦᠶ᠎ᠡ ᠳᠤ ᠲᠦᠷᠦᠭᠦᠦ ᠬᠤᠭᠤᠴᠠᠭᠠᠨ ᠤ | ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠶᠢᠨ ᠬᠠᠮᠲᠤ ᠦᠯᠡᠳᠡᠭᠰᠡᠨ ᠬᠤᠭᠤᠴᠠᠭ᠎ᠠ ᠪᠦᠷᠢ ᠶᠢᠨ ᠳᠠᠭᠠᠳᠬᠠᠯ ᠤᠨ | ᠰᠦᠢᠳᠬᠡᠯ ᠢᠶᠠᠨ ᠬᠤᠭᠤᠴᠠᠭ᠎ᠠ ᠶᠣᠰᠣᠭᠠᠷ ᠲᠤᠰᠢᠶᠠᠬᠤ ᠬᠡᠷᠡᠭᠲᠡᠶ᠃ | ᠲᠠᠪᠢᠨ ᠳᠣᠯᠣᠳᠤᠭᠠᠷ ᠵᠦᠢᠯ ᠳᠠᠭᠠᠳᠬᠠᠯ ᠤᠨ ᠰᠦᠢᠳᠬᠡᠯ ᠢᠶᠠᠨ ᠬᠤᠭᠤᠴᠠᠭ᠎ᠠ ᠬᠤᠪᠢᠶᠠᠨ | ᠲᠤᠰᠢᠶᠠᠬᠤ ᠪᠠᠷ ᠭᠡᠷ᠎ᠡ ᠳᠤ ᠬᠡᠯᠡᠯᠴᠡᠨ ᠲᠣᠭᠲᠠᠭᠰᠠᠨ ᠪᠣᠯ ᠳᠠᠭᠠᠳᠬᠠᠭᠤᠯᠤᠭᠴᠢ ᠲᠦᠷᠦᠭᠦᠦ ᠬᠤᠭᠤᠴᠠᠭᠠᠨ ᠤ | ᠳᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ᠂ ᠭᠡᠷ᠎ᠡ ᠳᠤ ᠠᠰ ᠲᠤᠨᠢ ᠬᠡᠯᠡᠯᠴᠡᠨ ᠲᠣᠭᠲᠠᠭᠠᠭᠰᠠᠨ ᠢ | ᠭᠠᠷᠭᠠᠪᠠᠯ᠂ ᠳᠠᠭᠠᠳᠬᠠᠭᠤᠯᠤᠭᠴᠢ ᠲᠣᠭᠲᠠᠭᠰᠠᠨ ᠬᠤᠭᠤᠴᠠᠭ᠎ᠠ ᠠᠴᠠ 60 ᠡᠳᠦᠷ ᠬᠡᠲᠦᠷᠡᠭᠡᠳ ᠲᠤᠰ | ᠬᠤᠭᠤᠴᠠᠭᠠᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠭᠠᠳᠤᠶ ᠪᠠᠶᠢᠪᠠᠯ ᠭᠡᠷ᠎ᠡ ᠶᠢᠨ ᠬᠦᠴᠦᠨ ᠢ ᠲᠣᠷᠭᠤᠨ | ᠵᠣᠭᠰᠣᠭᠠᠬᠤ ᠪᠤᠶᠤ ᠳᠠᠭᠠᠳᠬᠠᠭᠴᠢ ᠭᠡᠷ᠎ᠡ ᠳᠤ ᠬᠡᠯᠡᠯᠴᠡᠨ ᠲᠣᠭᠲᠠᠭᠰᠠᠨ ᠨᠥᠬᠦᠴᠡᠯ ᠶᠣᠰᠣᠭᠠᠷ ᠳᠠᠭᠠᠳᠬᠠᠯ ᠤᠨ | ᠮᠥᠩᠭᠦ ᠶᠢᠨ ᠲᠤᠭ᠎ᠠ ᠶᠢ ᠬᠠᠰᠤᠵᠤ ᠪᠠᠭᠠᠰᠬᠠᠨ᠎ᠠ᠃ | ᠲᠠᠪᠢᠨ ᠨᠠᠶ᠋ᠮᠠᠳᠤᠭᠠᠷ ᠵᠦᠢᠯ ᠡᠮᠦᠨᠡᠬᠢ ᠵᠦᠢᠯ ᠤᠨ ᠲᠣᠭᠲᠠᠭᠠᠯ ᠶᠣᠰᠣᠭᠠᠷ ᠭᠡᠷ᠎ᠡ ᠶᠢᠨ ᠬᠦᠴᠦᠨ ᠢ | ᠳᠣᠷᠭᠤᠨ ᠵᠣᠭᠰᠣᠭᠠᠭᠰᠠᠨ ᠪᠣᠯ ᠳᠠᠭᠠᠳᠬᠠᠭᠴᠢ ᠬᠢᠭᠡᠳ ᠳᠠᠭᠠᠳᠬᠠᠭᠤᠯᠤᠭᠴᠢ ᠵᠥᠪᠳᠡᠯᠴᠡᠭᠡᠳ ᠬᠡᠯᠡᠯᠴᠡᠭᠡᠷ | ᠲᠣᠭᠲᠠᠭᠠᠵᠤ᠂ ᠳᠠᠭᠠᠳᠬᠠᠭᠤᠯᠤᠭᠴᠢ ᠳᠠᠭᠠᠳᠬᠠᠯ ᠤᠨ ᠰᠦᠢᠳᠬᠡᠯ ᠢᠶᠠᠨ ᠨᠥᠬᠦᠵᠦ ᠲᠤᠰᠢᠶᠠᠭᠰᠠᠨ ᠤ ᠳᠠᠷᠠᠭ᠎ᠠ᠂ | ᠭᠡᠷ᠎ᠡ ᠶᠢᠨ ᠬᠦᠴᠦᠨ ᠢ ᠰᠡᠷᠭᠦᠭᠡᠵᠦ ᠥᠭᠭᠦᠨ᠎ᠡ᠃ | ᠭᠡᠬᠦ ᠳᠡᠭᠡᠨ ᠭᠡᠷ᠎ᠡ ᠶᠢᠨ ᠬᠦᠴᠦᠨ ᠢ ᠳᠣᠷᠭᠤᠨ ᠵᠣᠭᠰᠣᠭᠠᠭᠰᠠᠨ ᠡᠳᠦᠷ ᠠᠴᠠ ᠡᠬᠢᠯᠡᠭᠡᠳ ᠬᠤᠶᠠᠷ ᠵᠢᠯ ᠤᠨ | ᠳᠣᠲᠣᠷ᠎ᠠ ᠬᠤᠶᠠᠷ ᠡᠲᠡᠭᠡᠳ ᠢᠶᠠᠷ ᠢᠶᠠᠨ ᠬᠡᠯᠡᠯᠴᠡᠭᠡᠷ ᠲᠣᠭᠲᠠᠭᠰᠠᠨ ᠦᠭᠡᠶ ᠪᠠᠶᠢᠪᠠᠯ᠂ ᠳᠠᠭᠠᠳᠬᠠᠭᠴᠢ ᠭᠡᠷ᠎ᠡ ᠶᠢ | ᠬᠦᠴᠦᠨ ᠪᠣᠯᠭᠠᠬᠤ ᠡᠷᠬᠡ ᠲᠠᠢ᠃ | ᠳᠠᠭᠠᠳᠬᠠᠭᠴᠢ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠭᠡᠷ᠎ᠡ ᠶᠢ ᠬᠦᠴᠦᠨ ᠦᠭᠡᠶ ᠪᠣᠯᠭᠠᠬᠤ ᠳᠤ᠂ | ᠳᠠᠭᠠᠳᠬᠠᠭᠤᠯᠤᠭᠴᠢ ᠬᠤᠶᠠᠷ ᠵᠢᠯ ᠠᠴᠠ ᠳᠡᠭᠡᠭᠰᠢ ᠳᠠᠭᠠᠳᠬᠠᠯ ᠤᠨ ᠰᠦᠢᠳᠬᠡᠯ ᠢ ᠭᠦᠢᠴᠡᠳ ᠲᠤᠰᠢᠶᠠᠭᠰᠠᠨ ᠪᠠᠶᠢᠪᠠᠯ | ᠂ ᠳᠠᠭᠠᠳᠬᠠᠭᠴᠢ ᠭᠡᠷ᠎ᠡ ᠳᠤ ᠬᠡᠯᠡᠯᠴᠡᠨ ᠲᠣᠭᠲᠠᠭᠰᠠᠨ ᠶᠣᠰᠣᠭᠠᠷ ᠳᠠᠭᠠᠳᠬᠠᠯ ᠤᠨ ᠬᠠᠭᠤᠳᠠᠰᠤ ᠳᠠᠬᠢ ᠪᠡᠯᠡ | ᠮᠥᠩᠭᠦ ᠶᠢᠨ ᠥᠷᠲᠡᠭ ᠢ ᠪᠤᠴᠠᠭᠠᠵᠤ ᠥᠭᠬᠦ ᠬᠡᠷᠡᠭᠲᠡᠶ︔ ᠳᠠᠭᠠᠳᠬᠠᠭᠤᠯᠤᠭᠴᠢ ᠬᠤᠶᠠᠷ ᠵᠢᠯ ᠤᠨ ᠳᠠᠭᠠᠳᠬᠠᠯ ᠤᠨ | ᠰᠦᠢᠳᠬᠡᠯ ᠢ ᠭᠦᠢᠴᠡᠳ ᠲᠤᠰᠢᠶᠠᠭᠠᠳᠤᠶ ᠪᠠᠶᠢᠪᠠᠯ ᠳᠠᠭᠠᠳᠬᠠᠭᠴᠢ ᠭᠠᠷ ᠭᠦᠢᠴᠡᠳᠬᠡᠯ ᠤᠨ ᠰᠦᠢᠳᠬᠡᠯ ᠢᠶᠠᠨ | ᠰᠠᠭᠤᠯᠭᠠᠵᠤ ᠠᠪᠤᠭᠠᠳ᠂ ᠳᠠᠭᠠᠳᠬᠠᠯ ᠤᠨ ᠰᠦᠢᠳᠬᠡᠯ ᠢ ᠨᠢ ᠪᠤᠴᠠᠭᠠᠵᠤ ᠥᠭᠬᠦ ᠬᠡᠷᠡᠭᠲᠡᠶ᠃ | ᠲᠠᠪᠢ ᠶᠢᠰᠦᠳᠦᠭᠡᠷ ᠵᠦᠢᠯ ᠳᠠᠭᠠᠳᠬᠠᠭᠴᠢ ᠪᠡᠶ᠎ᠡ ᠶᠢᠨ ᠳᠠᠭᠠᠳᠬᠠᠯ ᠤᠨ ᠳᠠᠭᠠᠳᠬᠠᠯ ᠤᠨ ᠰᠦᠢᠳᠬᠡᠯ ᠢ | ᠳᠠᠭᠠᠳᠬᠠᠭᠤᠯᠤᠭᠴᠢ ᠪᠠᠷ ᠲᠤᠰᠢᠶᠠᠯᠭᠠᠬᠤ ᠶᠢ ᠵᠠᠷᠭᠤᠯᠳᠤᠬᠤ ᠬᠡᠯᠪᠡᠷᠢ ᠪᠠᠷ ᠱᠠᠭᠠᠷᠳᠠᠵᠤ ᠪᠣᠯᠬᠤ ᠦᠭᠡᠶ᠃ | ᠵᠢᠷᠠᠳᠤᠭᠠᠷ ᠵᠦᠢᠯ ᠪᠡᠶ᠎ᠡ ᠶᠢᠨ ᠳᠠᠭᠠᠳᠬᠠᠯ ᠤᠨ ᠠᠰᠢᠭ ᠬᠦᠷᠲᠡᠭᠴᠢ ᠶᠢ ᠳᠠᠭᠠᠳᠬᠠᠭᠳᠠᠭᠴᠢ ᠪᠤᠶᠤ | ᠳᠠᠭᠠᠳᠬᠠᠭᠤᠯᠤᠭᠴᠢ ᠲᠣᠭᠲᠠᠭᠠᠨ᠎ᠠ᠃ | ᠳᠠᠭᠠᠳᠬᠠᠭᠤᠯᠤᠭᠴᠢ ᠠᠰᠢᠭ ᠬᠦᠷᠲᠡᠭᠴᠢ ᠶᠢ ᠲᠤᠭᠲᠠᠭᠠᠬᠤ ᠳᠤ ᠡᠷᠬᠡᠪᠰᠢ ᠳᠠᠭᠠᠳᠬᠠᠭᠳᠠᠭᠴᠢ ᠶᠢᠨ | ᠵᠥᠪᠰᠢᠶᠡᠷᠡᠯ ᠢ ᠠᠪᠤᠭᠰᠠᠨ ᠪᠠᠶᠢᠬᠤ ᠬᠡᠷᠡᠭᠲᠡᠶ᠃ | ᠳᠠᠭᠠᠳᠬᠠᠭᠳᠠᠭᠴᠢ ᠨᠢ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠶ ᠬᠥᠮᠦᠨ ᠪᠤᠶᠤ | ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠬᠢᠵᠠᠭᠠᠷᠯᠠᠭᠳᠠᠭᠰᠠᠨ ᠬᠥᠮᠦᠨ ᠪᠠᠶᠢᠪᠠᠯ ᠬᠢᠨᠠᠨ ᠬᠠᠮᠠᠭᠠᠯᠠᠭᠴᠢ ᠨᠢ | ᠠᠰᠢᠭ ᠬᠦᠷᠲᠡᠭᠴᠢ ᠶᠢ ᠲᠣᠭᠲᠠᠭᠠᠵᠤ ᠪᠣᠯᠤᠨ᠎ᠠ᠃ | ᠵᠢᠷᠠᠨ ᠨᠢᠭᠡᠳᠦᠭᠡᠷ ᠵᠦᠢᠯ ᠳᠠᠭᠠᠳᠬᠠᠭᠳᠠᠭᠴᠢ ᠪᠤᠶᠤ ᠳᠠᠭᠠᠳᠬᠠᠭᠤᠯᠤᠭᠴᠢ ᠨᠢᠭᠡ ᠬᠥᠮᠦᠨ ᠪᠤᠶᠤ | ᠬᠡᠳᠦᠨ ᠬᠥᠮᠦᠨ ᠢ ᠠᠰᠢᠭ ᠬᠦᠷᠲᠡᠭᠴᠢ ᠪᠠᠷ ᠲᠣᠭᠲᠠᠭᠠᠵᠤ ᠪᠣᠯᠤᠨ᠎ᠠ᠃ | ᠠᠰᠢᠭ ᠬᠦᠷᠲᠡᠭᠴᠢ ᠨᠢ ᠬᠡᠳᠦᠨ ᠬᠥᠮᠦᠨ ᠪᠠᠶᠢᠪᠠᠯ ᠳᠠᠭᠠᠳᠬᠠᠭᠳᠠᠭᠴᠢ ᠪᠤᠶᠤ ᠳᠠᠭᠠᠳᠬᠠᠭᠤᠯᠤᠭᠴᠢ ᠠᠰᠢᠭ | ᠬᠦᠷᠲᠡᠬᠦ ᠳᠡᠰ ᠳᠠᠷᠠᠭᠠᠯᠠᠯ ᠪᠠ ᠠᠰᠢᠭ ᠬᠦᠷᠲᠡᠬᠦ ᠬᠤᠪᠢ ᠶᠢᠨ ᠲᠤᠭ᠎ᠠ ᠶᠢ ᠲᠣᠭᠲᠠᠭᠠᠵᠤ ᠪᠣᠯᠤᠨ᠎ᠠ︔ ᠠᠰᠢᠭ | ᠬᠦᠷᠲᠡᠬᠦ ᠬᠤᠪᠢ ᠶᠢᠨ ᠲᠤᠭ᠎ᠠ ᠶᠢ ᠲᠣᠭᠲᠠᠭᠠᠭᠰᠠᠨ ᠦᠭᠡᠶ ᠪᠣᠯ ᠠᠰᠢᠭ ᠬᠦᠷᠲᠡᠭᠴᠢᠳ ᠲᠡᠩᠴᠡᠭᠦᠦ ᠬᠤᠪᠢ ᠶᠢᠨ | ᠲᠤᠭ᠎ᠠ ᠪᠠᠷ ᠠᠰᠢᠭ ᠬᠦᠷᠲᠡᠬᠦ ᠡᠷᠬᠡ ᠲᠠᠢ᠃ | ᠵᠢᠷᠠᠨ ᠬᠤᠶᠠᠳᠤᠭᠠᠷ ᠵᠦᠢᠯ ᠳᠠᠭᠠᠳᠬᠠᠭᠳᠠᠭᠴᠢ ᠪᠤᠶᠤ ᠳᠠᠭᠠᠳᠬᠠᠭᠤᠯᠤᠭᠴᠢ ᠠᠰᠢᠭ ᠬᠦᠷᠲᠡᠭᠴᠢ ᠶᠢ | ᠬᠤᠪᠢᠷᠠᠭᠤᠯᠵᠤ ᠪᠣᠯᠬᠤ ᠪᠥᠭᠡᠳ ᠳᠠᠭᠠᠳᠬᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ | ᠠᠰᠢᠭ ᠬᠦᠷᠲᠡᠭᠴᠢ ᠶᠢ ᠬᠤᠪᠢᠷᠠᠭᠤᠯᠤᠭᠰᠠᠨ ᠮᠡᠳᠡᠭᠳᠡᠯ ᠤᠨ ᠪᠢᠴᠢᠭ ᠢ ᠳᠠᠭᠠᠳᠬᠠᠭᠴᠢ ᠣᠯᠤᠭᠰᠠᠨ ᠤ | ᠳᠠᠷᠠᠭ᠎ᠠ᠂ ᠳᠠᠭᠠᠳᠬᠠᠯ ᠤᠨ ᠬᠠᠭᠤᠳᠠᠰᠤᠨ ᠳᠡᠭᠡᠷ᠎ᠡ ᠨᠢ ᠴᠣᠬᠤᠯᠲᠠ ᠲᠠᠶᠢᠯᠪᠤᠷᠢ ᠬᠢᠬᠦ ᠬᠡᠷᠡᠭᠲᠡᠶ᠃ | ᠳᠠᠭᠠᠳᠬᠠᠭᠤᠯᠤᠭᠴᠢ ᠠᠰᠢᠭ ᠬᠦᠷᠲᠡᠭᠴᠢ ᠶᠢ ᠬᠤᠪᠢᠷᠠᠭᠤᠯᠬᠤ ᠳᠤ ᠡᠷᠬᠡᠪᠰᠢ ᠳᠠᠭᠠᠳᠬᠠᠭᠳᠠᠭᠴᠢ ᠪᠠᠷ | ᠵᠥᠪᠰᠢᠶᠡᠷᠡᠭᠦᠯᠦᠭᠰᠡᠨ ᠪᠠᠶᠢᠬᠤ ᠬᠡᠷᠡᠭᠲᠡᠶ᠃ | ᠵᠢᠷᠠᠨ ᠭᠤᠷᠪᠠᠳᠤᠭᠠᠷ ᠵᠦᠢᠯ ᠳᠠᠭᠠᠳᠬᠠᠭᠳᠠᠭᠴᠢ ᠦᠬᠦᠭᠡᠳ ᠳᠣᠤᠷᠠᠬᠢ ᠪᠠᠶᠢᠳᠠᠯ ᠤᠨ ᠨᠢᠭᠡ ᠨᠢ | ᠲᠣᠬᠢᠶᠠᠯᠳᠤᠭᠰᠠᠨ ᠪᠠᠶᠢᠪᠠᠯ ᠳᠠᠭᠠᠳᠬᠠᠯ ᠤᠨ ᠮᠥᠩᠭᠦ ᠶᠢ ᠳᠠᠭᠠᠳᠬᠠᠭᠳᠠᠭᠴᠢ ᠶᠢᠨ ᠥᠪ ᠬᠥᠷᠥᠩᠭᠡ ᠪᠣᠯᠭᠠᠵᠤ᠂ | ᠳᠠᠭᠠᠳᠬᠠᠭᠴᠢ ᠠᠴᠠ ᠳᠠᠭᠠᠳᠬᠠᠭᠳᠠᠭᠴᠢ ᠶᠢᠨ ᠥᠪ ᠵᠠᠯᠭᠠᠮᠵᠢᠯᠠᠭᠴᠢ ᠳᠤ ᠳᠠᠭᠠᠳᠬᠠᠯ ᠤᠨ ᠮᠥᠩᠭᠦ ᠥᠭᠬᠦ | ᠡᠭᠦᠷᠭᠡ ᠶᠢ ᠭᠦᠢᠴᠡᠳᠬᠡᠨ᠎ᠡ᠄ | ︵ᠨᠢᠭᠡ︶ ᠵᠢᠭᠠᠨ ᠲᠣᠭᠲᠠᠭᠠᠭᠰᠠᠨ ᠠᠰᠢᠭ ᠬᠦᠷᠲᠡᠭᠴᠢ ᠦᠭᠡᠢ︔ | ︵ᠬᠤᠶᠠᠷ︶ ᠠᠰᠢᠭ ᠬᠦᠷᠲᠡᠭᠴᠢ ᠨᠢ ᠳᠠᠭᠠᠳᠬᠠᠭᠳᠠᠭᠴᠢ ᠠᠴᠠ ᠡᠮᠦᠨ᠎ᠡ ᠦᠬᠦᠭᠰᠡᠨ ᠪᠥᠭᠡᠳ ᠥᠭᠡᠷ᠎ᠡ | ᠠᠰᠢᠭ ᠬᠦᠷᠲᠡᠭᠴᠢ ᠦᠭᠡᠢ︔ | ︵ᠭᠤᠷᠪᠠ︶ ᠠᠰᠢᠭ ᠬᠦᠷᠲᠡᠭᠴᠢ ᠨᠢ ᠠᠰᠢᠭ ᠬᠦᠷᠲᠡᠬᠦ ᠡᠷᠬᠡ ᠪᠠᠨ ᠬᠠᠤᠯᠢ ᠶᠣᠰᠣᠭᠠᠷ ᠠᠯᠳᠠᠭᠰᠠᠨ ᠪᠤᠶᠤ | ᠠᠰᠢᠭ ᠬᠦᠷᠲᠡᠬᠦ ᠡᠷᠬᠡ ᠪᠠᠨ ᠲᠡᠪᠴᠢᠭᠡᠳ᠂ ᠥᠭᠡᠷ᠎ᠡ ᠠᠰᠢᠭ ᠬᠦᠷᠲᠡᠭᠴᠢ ᠦᠭᠡᠢ᠃ | ᠵᠢᠷᠠᠨ ᠳᠥᠷᠪᠡᠳᠦᠭᠡᠷ ᠵᠦᠢᠯ ᠳᠠᠭᠠᠳᠬᠠᠭᠤᠯᠤᠭᠴᠢ᠂ ᠠᠰᠢᠭ ᠬᠦᠷᠲᠡᠭᠴᠢ ᠨᠢ ᠳᠠᠭᠠᠳᠬᠠᠭᠳᠠᠭᠴᠢ ᠶᠢ | ᠵᠣᠷᠢᠭᠤᠳᠠ ᠦᠬᠦᠭᠦᠯᠦᠭᠰᠡᠨ᠂ ᠰᠢᠷᠬᠠᠲᠤᠭᠤᠯᠵᠤ ᠵᠡᠮᠳᠡᠭ ᠪᠣᠯᠭᠠᠭᠰᠠᠨ ᠪᠤᠶᠤ ᠡᠪᠡᠳᠴᠢᠨ ᠠᠷᠬᠠᠭ ᠲᠠᠢ ᠪᠣᠯᠭᠠᠭᠰᠠᠨ | ᠪᠠᠶᠢᠪᠠᠯ ᠳᠠᠭᠠᠳᠬᠠᠭᠴᠢ ᠳᠠᠭᠠᠳᠬᠠᠯ ᠤᠨ ᠮᠥᠩᠭᠦ ᠥᠭᠬᠦ ᠬᠠᠷᠢᠭᠤᠴᠠᠯᠭ᠎ᠠ ᠡᠭᠦᠷᠭᠡᠯᠡᠬᠦ ᠦᠭᠡᠶ᠃ | ᠳᠠᠭᠠᠳᠬᠠᠭᠤᠯᠤᠭᠴᠢ ᠬᠤᠶᠠᠷ ᠵᠢᠯ ᠠᠴᠠ ᠳᠡᠭᠡᠭᠰᠢ ᠳᠠᠭᠠᠳᠬᠠᠯ ᠤᠨ ᠰᠦᠢᠳᠬᠡᠯ ᠢᠶᠠᠨ ᠭᠦᠢᠴᠡᠳ | ᠲᠤᠰᠢᠶᠠᠭᠰᠠᠨ ᠪᠠᠶᠢᠪᠠᠯ ᠳᠠᠭᠠᠳᠬᠠᠭᠴᠢ ᠭᠡᠷ᠎ᠡ ᠳᠤ ᠬᠡᠯᠡᠯᠴᠡᠨ ᠲᠣᠭᠲᠠᠭᠠᠭᠰᠠᠨ ᠶᠣᠰᠣᠭᠠᠷ ᠡᠷᠬᠡ ᠪᠠᠨ ᠡᠳ᠋ᠯᠡᠵᠦ | ᠪᠦᠬᠦᠢ ᠪᠤᠰᠤᠳ ᠠᠰᠢᠭ ᠬᠦᠷᠲᠡᠭᠴᠢ ᠳᠤ ᠳᠠᠭᠠᠳᠬᠠᠯ ᠤᠨ ᠬᠠᠭᠤᠳᠠᠰᠤᠨ ᠳᠠᠬᠢ ᠪᠡᠯᠡᠨ ᠮᠥᠩᠭᠦ ᠶᠢᠨ ᠥᠷᠲᠡᠭ ᠢ | ᠪᠤᠴᠠᠭᠠᠵᠤ ᠥᠭᠬᠦ ᠬᠡᠷᠡᠭᠲᠡᠶ᠃ | ᠠᠰᠢᠭ ᠬᠦᠷᠲᠡᠭᠴᠢ ᠨᠢ ᠳᠠᠭᠠᠳᠬᠠᠭᠳᠠᠭᠴᠢ ᠶᠢ ᠵᠣᠷᠢᠭᠤᠳᠠ ᠦᠬᠦᠭᠦᠯᠦᠭᠰᠡᠨ ᠪᠤᠶᠤ ᠰᠢᠷᠬᠠᠲᠤᠭᠤᠯᠵᠤ | ᠵᠡᠮᠳᠡᠭ ᠪᠣᠯᠭᠠᠭᠰᠠᠨ᠂ ᠡᠰᠡᠬᠦᠯ᠎ᠡ ᠳᠠᠭᠠᠳᠬᠠᠭᠳᠠᠭᠴᠢ ᠶᠢ ᠵᠣᠷᠢᠭᠤᠳᠠ ᠬᠤᠤᠷᠯᠠᠨ ᠠᠯᠠᠬᠤ ᠭᠡᠳ ᠠᠯᠠᠵᠤ ᠳᠡᠶᠢᠯᠦᠭᠰᠡᠨ | ᠦᠭᠡᠶ ᠪᠠᠶᠢᠪᠠᠯ ᠠᠰᠢᠭ ᠬᠦᠷᠲᠡᠬᠦ ᠡᠷᠬᠡ ᠪᠠᠨ ᠠᠯᠳᠠᠨ᠎ᠠ᠃ | ᠵᠢᠷᠠᠨ ᠲᠠᠪᠤᠳᠤᠭᠠᠷ ᠵᠦᠢᠯ ᠦᠬᠦᠯ ᠢᠶᠠᠷ ᠳᠠᠭᠠᠳᠬᠠᠯ ᠤᠨ ᠮᠥᠩᠭᠦ ᠥᠭᠬᠦ ᠨᠥᠬᠦᠴᠡᠯ ᠪᠣᠯᠭᠠᠭᠰᠠᠨ | ᠭᠡᠷ᠎ᠡ ᠶᠢᠨ ᠳᠠᠭᠠᠳᠬᠠᠭᠳᠠᠭᠴᠢ ᠠᠮᠢ ᠪᠠᠨ ᠬᠤᠤᠷᠯᠠᠭᠰᠠᠨ ᠪᠠᠶᠢᠪᠠᠯ᠂ ᠲᠤᠰ ᠵᠦᠢᠯ ᠤᠨ ᠬᠤᠶᠠᠳᠤᠭᠠᠷ ᠪᠠᠳᠠᠭ ᠤᠨ | ᠲᠣᠭᠲᠠᠭᠠᠯ ᠢ ᠭᠠᠷᠭᠠᠪᠠᠯ᠂ ᠳᠠᠭᠠᠳᠬᠠᠭᠴᠢ ᠳᠠᠭᠠᠳᠬᠠᠯ ᠤᠨ ᠮᠥᠩᠭᠦ ᠥᠭᠬᠦ ᠬᠠᠷᠢᠭᠤᠴᠠᠯᠭ᠎ᠠ ᠡᠭᠦᠷᠭᠡᠯᠡᠬᠦ ᠦᠭᠡᠶ᠂ | ᠭᠡᠪᠡᠴᠦ ᠳᠠᠭᠠᠳᠬᠠᠭᠤᠯᠤᠭᠴᠢ ᠶᠢᠨ ᠲᠤᠰᠢᠶᠠᠭᠰᠠᠨ ᠳᠠᠭᠠᠳᠬᠠᠯ ᠤᠨ ᠰᠦᠢᠳᠬᠡᠯ ᠢ ᠳᠠᠭᠠᠳᠬᠠᠭᠴᠢ ᠳᠠᠭᠠᠳᠬᠠᠯ ᠤᠨ | ᠬᠠᠭᠤᠳᠠᠰᠤ ᠶᠣᠰᠣᠭᠠᠷ ᠪᠡᠯᠡᠨ ᠵᠣᠭᠤᠰᠣᠨ ᠤ ᠥᠷᠲᠡᠭ ᠢ ᠪᠤᠴᠠᠭᠠᠵᠤ ᠥᠭᠬᠦ ᠬᠡᠷᠡᠭᠲᠡᠶ᠃ |