ᠡᠷᠬᠡ ᠶᠢ ᠰᠤᠷᠭᠠᠬᠤ ᠪᠠᠷ ᠡᠷᠬᠡ ᠶᠢ ᠰᠤᠷᠭ᠎ᠠ
ᠨᠡᠶᠢᠲᠡᠯᠡᠭᠰᠡᠨ ᠴᠠᠭ᠄
2018-07-11
       ︽ᠡᠷᠬᠡ ᠶᠢ ᠰᠤᠷᠭᠠᠬᠤ ᠪᠠᠷ ᠡᠷᠬᠡ ᠶᠢ ᠰᠤᠷᠭ᠎ᠠ︾ ᠭᠡᠰᠡᠨ ᠰᠤᠷᠭᠠᠯ ᠦᠭᠡ ᠨᠢ ᠠᠯᠢ ᠡᠷᠲᠡ ᠮᠤᠩᠭᠤᠯᠴᠤᠳ ᠤᠨ ᠦᠷ᠎ᠡ ᠬᠡᠦᠬᠡᠳ ᠢᠶᠠᠨ ᠰᠤᠷᠭᠠᠨ ᠬᠦᠮᠦᠵᠢᠭᠦᠯᠵᠦ ᠪᠠᠶᠢᠭᠰᠠᠨ ᠭᠦᠨ ᠤᠬᠠᠭᠠᠨᠲᠤ ᠵᠦᠢ ᠶᠤᠰᠤᠨ ᠳᠤ ᠨᠡᠶᠢᠴᠡᠭᠰᠡᠨ ᠰᠡᠴᠡᠨ ᠰᠠᠶᠢᠬᠠᠨ ᠰᠤᠷᠭᠠᠯ ᠦᠭᠡ ᠶᠤᠮᠰᠠᠨ︕        ᠮᠤᠩᠭᠤᠯᠴᠤᠳ ᠦᠷ᠎ᠡ ᠬᠡᠦᠬᠡᠳ ᠢᠶᠠᠨ ᠶᠡᠷᠦ ᠨᠢ ᠪᠠᠯᠴᠢᠷ ᠪᠠᠭ᠎ᠠ ᠠᠴᠠ ᠨᠢ ᠴᠢᠳᠠᠯ ᠤᠨ ᠬᠢᠷᠢ ᠳᠤ ᠨᠢ ᠲᠤᠬᠢᠷᠠᠭᠰᠠᠨ ᠭᠡᠷ ᠪᠦᠯᠢ ᠶᠢᠨ ᠠᠷᠰᠠᠷ ᠠᠵᠢᠯ ᠢ ᠭᠠᠷᠳᠠᠨ ᠬᠢᠯᠭᠡᠳᠡᠭ ᠤᠯᠠᠮᠵᠢᠯᠠᠯᠲᠤ ᠵᠠᠩᠰᠢᠯ ᠲᠠᠢ᠃ ᠳᠠᠷᠤᠢ ᠨᠢᠯᠬ᠎ᠠ ᠬᠡᠦᠬᠡᠳ ᠬᠤᠭᠤᠯᠠ ᠪᠤᠳᠠᠭ᠎ᠠ ᠢᠳᠡᠵᠦ ᠴᠢᠳᠠᠮᠠᠭᠴᠠ ᠪᠠᠷᠠᠭᠤᠨ ᠭᠠᠷ ᠢᠶᠠᠷ ᠢᠶᠠᠨ ᠰᠠᠪᠬ᠎ᠠ ᠪᠠᠷᠢᠬᠤ ᠶᠢ ᠵᠢᠭᠠᠵᠤ᠂ ᠬᠡᠯᠡ ᠳᠤ ᠤᠷᠤᠬᠤ ᠦᠶ᠎ᠡ ᠳᠤ ᠡᠷᠬᠡᠯᠡᠬᠦ ᠠᠶᠠᠰ ᠲᠠᠢ ᠦᠭᠡ ᠶᠠᠷᠢᠵᠤ ᠦᠢᠯᠡ ᠭᠠᠷᠭᠠᠬᠤ ᠶᠢ ᠡᠷᠡᠰ ᠬᠤᠷᠢᠭᠯᠠᠨ ᠴᠠᠭᠠᠵᠠᠯᠠᠳᠠᠭ᠃ ᠠᠯᠬᠤᠵᠤ ᠬᠢᠰᠬᠢᠨ ᠶᠠᠪᠤᠵᠤ ᠰᠠᠭᠤᠵᠤ ᠴᠢᠳᠠᠬᠤ ᠪᠤᠯᠤᠮᠠᠭᠴᠠ ᠳᠦᠷᠪᠡᠨ ᠵᠦᠭ ᠨᠠᠢᠮᠠᠨ ᠵᠤᠪᠬᠢᠰ᠂ ᠳᠡᠭᠡᠷ᠎ᠡ ᠳᠤᠤᠷ᠎ᠠ ᠶᠢ ᠲᠠᠨᠢᠭᠤᠯᠵᠤ᠂ ᠮᠡᠬᠦᠶᠢᠨ ᠶᠤᠰᠤᠯᠠᠬᠤ ᠶᠤᠰᠤ ᠤᠴᠢᠷ ᠢ ᠮᠡᠳᠡᠬᠦ ᠲᠠᠢ ᠵᠡᠷᠭᠡᠪᠡᠷ ᠡᠴᠢᠭᠡ ᠡᠬᠡ ᠠᠬᠠᠰ ᠵᠠᠬᠠᠰ ᠢᠶᠠᠨ ᠬᠦᠨᠳᠦᠯᠡᠨ ᠬᠦᠨᠳᠦᠳᠬᠡᠵᠦ ᠠᠰᠠᠷᠠᠨ ᠬᠠᠷᠠᠭᠠᠯᠵᠠᠬᠤ ᠶᠢ ᠰᠤᠷᠭᠠᠳᠠᠭ ᠵᠠᠩ ᠵᠠᠩᠰᠢᠯ ᠲᠠᠢ ᠪᠠᠶᠢᠳᠠᠭ ᠲᠤᠳᠤᠷᠬᠠᠢ ᠲᠡᠮᠳᠡᠭᠯᠡᠯ ᠨᠤᠮ ᠪᠢᠴᠢᠭ ᠠᠴᠠ ᠤᠩᠰᠢᠭᠳᠠᠨ᠎ᠠ᠃        ᠮᠤᠩᠭᠤᠯ ᠬᠦᠮᠦᠨ ᠦᠷ᠎ᠡ ᠬᠡᠦᠬᠡᠳ ᠢᠶᠠᠨ ᠬᠠᠷᠠᠬᠠᠨ ᠪᠠᠭ᠎ᠠ ᠠᠴᠠ ᠨᠢ ︽ᠬᠠᠯᠠ ᠨᠢ ᠭᠠᠳᠠᠨ᠎ᠠ ᠪᠠᠨ᠂ ᠬᠠᠶᠢᠷ᠎ᠠ ᠨᠢ ᠲᠤᠲᠤᠷ᠎ᠠ ᠪᠠᠨ︾ ᠭᠡᠮᠡᠨ ᠦᠩᠭᠡᠨ ᠲᠠᠯ᠎ᠠ ᠳᠡᠭᠡᠷ᠎ᠡ ᠪᠠᠨ ᠡᠷᠬᠡᠯᠡᠭᠦᠯᠦᠨ ᠰᠤᠷᠭᠠᠬᠤ ᠶᠢ ᠡᠰᠡᠷᠭᠦᠴᠡᠨ ᠬᠤᠷᠢᠭᠯᠠᠵᠤ ︽ᠡᠷᠬᠡ  ᠲᠠᠢ ᠬᠡᠦᠬᠡᠳ ᠡᠴᠢᠭᠡ ᠶᠢᠨ ᠢᠶᠠᠨ ᠲᠤᠯᠤᠭᠠᠢ ᠪᠠᠷ ᠨᠠᠭᠠᠳᠤᠨ᠎ᠠ︾ ᠭᠡᠵᠦ ᠦᠵᠡᠳᠡᠭ᠃ ᠡᠶᠢᠨᠬᠦ ᠬᠡᠦᠬᠡᠳ ᠢ ᠶᠠᠷᠦᠨᠢ ᠡᠷᠬᠡᠯᠡᠭᠦᠯᠳᠡᠭ ᠦᠭᠡᠢ᠃ ᠬᠡᠦᠬᠡᠳ ᠢ ᠡᠷᠬᠡᠯᠡᠭᠦᠯᠬᠦ ᠨᠢ ᠲᠡᠳᠡᠨᠦᠰ ᠤᠨ ᠪᠡᠶ᠎ᠡ ᠪᠠᠨ ᠳᠠᠭᠠᠭᠠᠬᠤ ᠴᠢᠳᠠᠪᠤᠷᠢ ᠶᠢ ᠬᠦᠮᠦᠵᠢᠭᠦᠯᠬᠦ ᠳᠤ ᠠᠰᠢᠭ ᠦᠭᠡᠢ ᠪᠠᠶᠢᠳᠠᠭ᠃ ᠦᠷ᠎ᠡ ᠬᠡᠦᠬᠡᠳ ᠪᠤᠯ ᠡᠴᠢᠭᠡ ᠡᠬᠡ ᠶᠢᠨ ᠢᠶᠠᠨ ᠠᠮᠢᠨ ᠰᠠᠬᠢᠭᠤᠰᠤ᠂ ᠦᠷ᠎ᠡ ᠪᠢᠰᠢ ᠵᠢᠷᠦᠬᠡ ᠪᠠᠶᠢᠳᠠᠭ᠃ ᠦᠷ᠎ᠡ ᠬᠡᠦᠬᠡᠳ ᠢᠶᠠᠨ ᠬᠠᠶᠢᠷᠠᠯᠠᠬᠤ ᠨᠢ ᠬᠦᠮᠦᠨ ᠲᠦᠷᠦᠯᠬᠢᠲᠡᠨ ᠤ ᠲᠦᠷᠦᠯᠬᠢ ᠴᠢᠨᠠᠷ ᠪᠠᠶᠢᠵᠤ ᠲᠠᠭᠠᠷᠠᠨ᠎ᠠ᠃ ᠭᠡᠬᠦ ᠳᠤ ᠦᠪ ᠦᠨᠡᠨᠬᠦ ᠬᠠᠶᠢᠷᠠᠯᠠᠵᠤ ᠴᠢᠳᠠᠬᠤ ᠡᠰᠡᠭᠦ ᠨᠢ ᠪᠠᠰᠠᠴᠤ ᠨᠢᠭᠡᠨ ᠰᠢᠨᠵᠢᠯᠡᠬᠦ ᠤᠬᠠᠭᠠᠨᠴᠢ ᠨᠢᠭᠤᠴᠠ ᠪᠠᠶᠢᠭ᠎ᠠ ᠶᠤᠮ᠃ ᠤᠳᠤᠬᠠᠨ ᠤ ᠭᠠᠭᠴᠠ ᠬᠤᠶᠠᠷ ᠬᠡᠦᠬᠡᠳ ᠭᠡᠷ ᠪᠦᠯᠢ ᠳᠤ ᠪᠠᠨ ᠪᠦᠷ ︽ᠬᠠᠭᠠᠨ︾ ᠪᠠᠶᠢᠵᠤ᠂ ︽ᠠᠮᠠᠨ ᠳᠤ ᠪᠠᠨ ᠬᠢᠪᠡᠯ ᠬᠠᠶᠢᠯᠤᠮᠠᠷ ᠠᠯᠠᠭᠠᠨ ᠳᠤ ᠪᠠᠨ ᠲᠠᠯᠪᠢᠪᠠᠯ ᠪᠦᠮᠪᠦᠷᠢᠮᠡᠷ︾ ᠰᠠᠨᠠᠵᠤ᠂ ᠡᠷᠬᠡ ᠶᠢ ᠰᠤᠷᠬᠤ ᠠᠴᠠ ᠪᠢᠰᠢ ᠪᠡᠷᠬᠡ ᠶᠢ ᠰᠤᠷᠬᠤ ᠦᠭᠡᠢ ᠠᠯᠵᠠᠭᠤ ᠵᠠᠯᠬᠠᠭᠤ ᠠᠷᠳᠠᠭ ᠲᠠᠩᠬᠠᠢ ᠪᠤᠯᠵᠤ ᠪᠠᠶᠢᠭ᠎ᠠ ᠭᠤᠨᠢᠭᠲᠤ ᠦᠵᠡᠭᠳᠡᠯ ᠢ ᠦᠨᠡᠨᠬᠦ ᠰᠡᠷᠡᠨ ᠮᠡᠳᠡᠵᠦ ᠰᠡᠳᠬᠢᠯᠴᠢᠯᠡᠨ ᠵᠠᠰᠠᠬᠤ ᠶᠠᠪᠤᠳᠠᠯ ᠪᠠᠴᠢᠮ ᠲᠤᠯᠭᠠᠮ᠎ᠠ ᠱᠠᠭᠠᠷᠳᠠᠭᠳᠠᠵᠤ ᠪᠠᠶᠢᠨ᠎ᠠ᠃        ︽ᠡᠷᠬᠡ ᠶᠢ ᠰᠤᠷᠬᠤ︾ ᠨᠢ ᠦᠪᠡᠷ ᠤᠨ ᠪᠡᠶ᠎ᠡ ᠳᠤ ᠠᠰᠢᠭ ᠦᠭᠡᠢ ᠮᠦᠷᠲᠡᠭᠡᠨ ᠬᠤᠤᠷ ᠲᠠᠢ ᠪᠠᠶᠢᠵᠤ᠂ ︽ᠪᠡᠷᠬᠡ ᠶᠢ ᠰᠤᠷᠬᠤ︾ ᠨᠢ ᠠᠮᠢᠳᠤᠷᠠᠯ ᠦᠢᠯᠡᠰ ᠲᠤ ᠠᠰᠢᠳᠠ ᠲᠤᠰᠠᠲᠠᠢ ᠪᠤᠯᠬᠤᠷ ᠦᠷ᠎ᠡ ᠬᠡᠦᠬᠡᠳ ᠢᠶᠠᠨ ᠰᠤᠷᠭᠠᠬᠤ ᠳᠠᠭᠠᠨ ︽ᠡᠷᠬᠡ ᠶᠢ ᠰᠤᠷᠭᠠᠬᠤ ᠪᠠᠷ ᠪᠡᠷᠬᠡ ᠶᠢ ᠰᠤᠷᠭ᠎ᠠ︾ ᠭᠡᠰᠡᠨ ᠤᠯᠠᠮᠵᠢᠯᠠᠯᠲᠤ ᠰᠤᠷᠭᠠᠯ ᠦᠭᠡ ᠶᠢᠨ ᠤᠭ ᠰᠠᠨᠠᠭ᠎ᠠ ᠶᠢ ᠭᠦᠨᠵᠡᠭᠡᠢ ᠤᠶᠢᠯᠠᠭᠠᠵᠤ᠂ ᠰᠤᠷᠤᠭᠰᠠᠨ ᠮᠡᠳᠡᠯᠭᠡ ᠰᠤᠳᠤᠨ ᠤᠬᠠᠭᠠᠨ ᠬᠦᠴᠦᠨ ᠴᠢᠳᠠᠯ ᠢᠶᠠᠨ ᠨᠡᠶᠢᠭᠡᠮ ᠳᠤ ᠪᠠᠨ ᠡᠷᠭᠦᠵᠦ᠂ ᠨᠡᠶᠢᠲᠡ ᠳᠤ ᠪᠠᠨ ᠵᠤᠷᠢᠭᠤᠯᠵᠤ ᠶᠠᠪᠤᠬᠤ ᠨᠢ ᠵᠠᠯᠠᠭᠤ ᠡᠴᠢᠭᠡ ᠡᠬᠡ ᠪᠤᠯᠤᠭᠰᠠᠳ ᠤᠨ ᠴᠢᠬᠤᠯᠠ ᠬᠠᠷᠢᠭᠤᠴᠠᠯᠭ᠎ᠠ ᠰᠢᠦ ᠳ᠋ᠠ︕
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号