| | | | 6 ᠰᠠᠷ᠎ᠠ ᠶᠢᠨ 25 ᠤ ᠡᠳᠦᠷ ᠠᠴᠠ ᠡᠬᠢᠯᠡᠨ᠂ ᠮᠠᠨ ᠤ ᠤᠷᠤᠨ ᠤ ᠶᠡᠭᠡ ᠳᠡᠭᠡᠳᠦ ᠰᠤᠷᠭᠠᠭᠤᠯᠢ ᠳᠤ | ᠰᠢᠯᠭᠠᠭᠤᠯᠤᠭᠰᠠᠳ ᠤᠨ ᠡᠷᠡᠮᠡᠯᠵᠡᠯ ᠲᠠᠭᠯᠠᠬᠤ ᠠᠵᠢᠯ ᠶᠠᠭ ᠢᠳᠡ ᠬᠦᠭ ᠲᠠᠢ ᠶᠠᠪᠤᠭᠳᠠᠵᠤ ᠪᠠᠶᠢᠭ᠎ᠠ ᠶᠤᠮ᠃ ᠲᠡᠭᠡᠪᠡᠯ ᠡᠨᠡ | ᠵᠢᠯ ᠤᠨ ᠰᠢᠯᠭᠠᠭᠤᠯᠤᠭᠴᠢ ᠡᠷᠡᠮᠡᠯᠵᠡᠯ ᠲᠠᠭᠯᠠᠬᠤ ᠳᠠᠭᠠᠨ ᠶᠠᠭᠤ ᠶᠢ ᠠᠩᠬᠠᠷᠬᠤ ᠴᠢᠬᠤᠯᠠᠲᠠᠢ ᠪᠤᠯ︖ | ᠨᠢᠭᠡ᠂ ᠰᠤᠩᠭᠤᠨ ᠲᠠᠨᠢᠯᠴᠠᠭᠤᠯᠤᠭᠰᠠᠨ 20 ᠰᠤᠷᠭᠠᠭᠤᠯᠢ ᠶᠢ ᠠᠩᠬᠠᠷᠤᠯ ᠳᠠᠭᠠᠨ ᠠᠪᠬᠤ ᠬᠡᠷᠡᠭᠲᠡᠢ | ᠰᠢᠯᠭᠠᠭᠤᠯᠤᠭᠴᠢ ᠤᠯᠤᠰ ᠤᠨ ᠨᠢᠭᠡᠲᠦᠯᠲᠡᠢ ᠰᠢᠯᠭᠠᠯᠲᠠ ᠶᠢᠨ ᠬᠤᠪᠢ ᠪᠠᠨ ᠮᠡᠳᠡᠭᠰᠡᠨ ᠤ ᠳᠠᠷᠠᠭ᠎ᠠ᠂ | ᠰᠦᠯᠵᠢᠶᠡᠨ ᠳᠤ ᠡᠷᠡᠮᠡᠯᠵᠡᠯ ᠲᠠᠭᠯᠠᠬᠤ ᠠᠴᠠ ᠪᠠᠨ ᠡᠮᠦᠨ᠎ᠡ ︽ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠮᠡᠳᠡᠭᠡ ᠵᠠᠩᠭᠢ ᠶᠢᠨ ᠰᠦᠯᠵᠢᠶ᠎ᠡ︾ ᠳᠤ ᠭᠠᠷᠴᠤ᠂ ᠮᠠᠨ ᠤ ᠤᠷᠤᠨ ᠤ ᠰᠢᠯᠭᠠᠭᠤᠯᠤᠭᠴᠢ ᠪᠦᠷᠢ ᠳᠤ ︽ᠪᠠᠶᠢᠳᠠᠯ ᠳᠤᠨᠢ | ᠲᠤᠬᠢᠷᠠᠭᠤᠯᠵᠤ︾ ᠰᠤᠩᠭᠤᠨ ᠲᠠᠨᠢᠯᠴᠠᠭᠤᠯᠤᠭᠰᠠᠨ 20 ᠶᠡᠭᠡ ᠳᠡᠭᠡᠳᠦ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢ | ᠦᠵᠡᠵᠦ ᠪᠤᠯᠤᠨ᠎ᠠ᠃ ᠡᠨᠡᠬᠦ 20 ᠶᠡᠭᠡ ᠳᠡᠭᠡᠳᠦ ᠰᠤᠷᠭᠠᠭᠤᠯᠢ ᠶᠢ ᠰᠢᠯᠭᠠᠭᠤᠯᠤᠭᠴᠢ ᠶᠢᠨ ᠰᠢᠨᠵᠢᠯᠡᠭᠡᠨ ᠤ ᠲᠦᠷᠦᠯ ᠤᠨ | ᠨᠡᠷᠡᠰ ᠤᠨ ᠵᠢᠭᠰᠠᠭᠠᠯᠲᠠ ᠵᠢᠴᠢ ᠤᠷᠴᠢᠮ ᠤᠨ ᠭᠤᠷᠪᠠᠨ ᠵᠢᠯ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠠᠮᠤᠭ ᠤᠨ | ᠳᠤᠤᠷ᠎ᠠ ᠬᠤᠪᠢ ᠶᠢᠨ ᠨᠡᠷᠡᠰ ᠤᠨ ᠵᠢᠭᠰᠠᠭᠠᠯᠲᠠ ᠶᠢ ᠦᠨᠳᠦᠰᠦᠯᠡᠵᠦ ᠰᠤᠩᠭᠤᠨ ᠲᠠᠨᠢᠯᠴᠠᠭᠤᠯᠤᠭᠰᠠᠨ ᠶᠤᠮ᠃ | ᠰᠢᠯᠭᠠᠭᠤᠯᠤᠭᠴᠢ ᠡᠭᠦᠨ ᠠᠴᠠ ᠦᠪᠡᠷ ᠤᠨ ᠤᠯᠤᠰ ᠤᠨ ᠨᠢᠭᠡᠲᠦᠯᠲᠡᠢ ᠰᠢᠯᠭᠠᠯᠲᠠ ᠶᠢᠨ ᠬᠢᠷᠢ ᠪᠦᠲᠦᠮᠵᠢ ᠨᠢ ᠨᠡᠷ᠎ᠡ | ᠮᠡᠳᠡᠭᠦᠯᠦᠭᠰᠡᠨ ᠰᠢᠨᠵᠢᠯᠡᠭᠡᠨ ᠤ ᠰᠠᠯᠠᠭᠠᠨ ᠳᠤ ᠪᠠᠨ ᠪᠦᠬᠦ ᠤᠷᠤᠨ ᠳᠤ ᠬᠡᠳᠦᠳᠦᠭᠡᠷ ᠲᠤ ᠵᠢᠭᠰᠠᠵᠤ ᠪᠠᠶᠢᠭ᠎ᠠ ᠪᠠᠨ ᠮᠡᠳᠡᠵᠦ | ᠪᠤᠯᠤᠨ᠎ᠠ᠃ ᠡᠨᠡᠬᠦ ᠨᠡᠷᠡᠰ ᠤᠨ ᠵᠢᠭᠰᠠᠭᠠᠯᠲᠠ ᠪᠤᠯ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠳᠤ ᠯᠠᠪᠯᠠᠯᠲᠠ ᠪᠤᠯᠭᠠᠬᠤ | ᠴᠢᠬᠤᠯᠠ ᠪᠠᠷᠢᠮᠲᠠ ᠪᠤᠯᠤᠨ᠎ᠠ᠃ | ᠡᠭᠦᠨ ᠠᠴᠠ ᠭᠠᠳᠠᠨ᠎ᠠ᠂ ᠰᠢᠯᠭᠠᠭᠤᠯᠤᠭᠴᠢ ᠡᠷᠡᠮᠡᠯᠵᠡᠯ ᠲᠠᠭᠯᠠᠬᠤ ᠲᠦᠷᠦ ᠶᠢᠨ ᠪᠤᠳᠤᠯᠭ᠎ᠠ ᠵᠢᠴᠢ ᠳᠦᠷᠢᠮ | ᠲᠤᠭᠲᠠᠭᠠᠯ ᠢ ᠤᠷᠢᠳᠴᠢᠯᠠᠨ ᠨᠠᠷᠢᠯᠢᠭ ᠤᠶᠢᠯᠠᠭᠠᠵᠤ᠂ ᠰᠤᠷᠤᠭᠴᠢ ᠡᠯᠰᠡᠬᠦ ᠲᠦᠯᠦᠪᠯᠡᠭᠡ ᠪᠠ ᠰᠤᠷᠤᠭᠴᠢ ᠡᠯᠰᠡᠬᠦ ᠳᠦᠷᠢᠮ ᠢ | ᠨᠢ ᠨᠠᠷᠢᠨ ᠬᠢᠨᠠᠮᠠᠭᠠᠢ ᠤᠩᠰᠢᠵᠤ᠂ ᠰᠤᠩᠭᠤᠨ ᠲᠠᠨᠢᠯᠴᠠᠭᠤᠯᠤᠭᠰᠠᠨ 20 ᠰᠤᠷᠭᠠᠭᠤᠯᠢ ᠪᠠᠷ ᠯᠠᠪᠯᠠᠯᠲᠠ ᠪᠤᠯᠭᠠᠵᠤ᠂ ᠳᠤᠷ᠎ᠠ | ᠰᠤᠨᠢᠷᠬᠠᠯ᠂ ᠭᠠᠵᠠᠷ ᠤᠷᠤᠨ ᠤ ᠪᠠᠶᠢᠳᠠᠯ ᠵᠢᠴᠢ ᠠᠵᠢᠯ ᠤᠯᠭᠤᠯᠲᠠ ᠶᠢᠨ ᠪᠠᠶᠢᠳᠠᠯ ᠢ ᠦᠨᠳᠦᠰᠦᠯᠡᠵᠦ ᠡᠷᠡᠮᠡᠯᠵᠡᠯ ᠲᠠᠭᠯᠠᠬᠤ | ᠰᠤᠷᠭᠠᠭᠤᠯᠢ ᠪᠠᠨ ᠲᠤᠭᠲᠠᠭᠠᠵᠤ᠂ ᠡᠷᠡᠮᠡᠯᠵᠡᠯ ᠲᠠᠭᠯᠠᠬᠤ ᠶᠠᠪᠤᠴᠠ ᠳᠤ ᠬᠦᠳᠡᠯᠦᠩᠭᠦᠢ ᠨᠡᠷᠡᠰ ᠤᠨ ᠵᠢᠭᠰᠠᠭᠠᠯᠲᠠ ᠵᠢᠴᠢ | ᠱᠠᠲᠤᠴᠢ ᠴᠢᠨᠠᠷᠲᠠᠢ ᠪᠦᠷᠢᠳᠬᠡᠯ ᠤᠨ ᠳ᠋ᠦᠩ ᠢ ᠦᠨᠳᠦᠰᠦᠯᠡᠵᠦ᠂ ᠡᠷᠡᠮᠡᠯᠵᠡᠯ ᠢᠶᠠᠨ ᠴᠠᠭ ᠲᠤᠬᠠᠢ ᠳᠤᠨᠢ ᠰᠤᠯᠢᠵᠤ᠂ | ᠬᠠᠨᠤᠮᠵᠢᠲᠠᠢ ᠶᠡᠭᠡ ᠰᠤᠷᠭᠠᠭᠤᠯᠢ ᠪᠠ ᠲᠤᠰᠬᠠᠢ ᠮᠡᠷᠭᠡᠵᠢᠯ ᠢᠶᠠᠨ ᠰᠤᠩᠭᠤᠨ ᠲᠠᠭᠯᠠᠬᠤ ᠶᠢ ᠠᠩᠬᠠᠷᠬᠤ ᠴᠢᠬᠤᠯᠠᠲᠠᠢ ᠶᠤᠮ᠃ | ᠬᠤᠶᠠᠷ᠂ ︽ᠲᠤᠰᠠᠭᠠᠷ ᠳᠡᠭᠡᠳᠦ ᠰᠤᠷᠭᠠᠭᠤᠯᠢ︾ ᠵᠡᠷᠭᠡ ᠰᠤᠷᠭᠠᠭᠤᠯᠢ ᠶᠢᠨ ᠰᠢᠨᠵᠢ ᠴᠢᠨᠠᠷ ᠢ ᠠᠩᠬᠠᠷᠬᠤ ᠬᠡᠷᠡᠭᠲᠡᠢ | ᠵᠠᠷᠢᠮ ᠰᠤᠷᠭᠠᠭᠤᠯᠢ ᠶᠢᠨ ᠨᠡᠷ᠎ᠡ ᠶᠢᠨ ᠠᠷᠤ ᠳᠤ ︽ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ︾᠂ ︽ | ᠲᠤᠰᠠᠭᠠᠷ ᠳᠡᠭᠡᠳᠦ ᠰᠤᠷᠭᠠᠭᠤᠯᠢ︾ ᠭᠡᠵᠦ ᠲᠤᠳᠤᠷᠬᠠᠶᠢᠯᠠᠵᠤ ᠪᠠᠶᠢᠳᠠᠭ᠃ ᠡᠨᠡ ᠨᠢ ᠦᠨᠡᠨᠳᠡᠭᠡᠨ ᠰᠢᠯᠭᠠᠭᠤᠯᠤᠭᠴᠢ ᠳᠤ | ᠳᠦᠭᠦᠮ ᠦᠵᠡᠭᠦᠯᠬᠦ ᠶᠢᠨ ᠲᠦᠯᠦᠭᠡ ᠶᠤᠮ᠂ ᠬᠠᠷᠢᠨ ᠶᠠᠮᠠᠷ ᠨᠢᠭᠡᠨ ᠪᠠᠶᠢᠭᠤᠯᠤᠮᠵᠢ ᠪᠠ ᠬᠤᠪᠢ ᠬᠦᠮᠦᠨ ᠤ ᠤᠪᠤᠷ | ᠵᠤᠭᠰᠤᠯᠲᠠ ᠶᠢ ᠲᠦᠯᠦᠭᠡᠯᠡᠬᠦ ᠦᠭᠡᠢ ᠶᠤᠮ᠃ ᠲᠤᠰᠠᠭᠠᠷ ᠳᠡᠭᠡᠳᠦ ᠰᠤᠷᠭᠠᠭᠤᠯᠢ ᠭᠡᠳᠡᠭ ᠪᠤᠯ ᠵᠢᠩᠬᠢᠨᠢ ᠠᠩᠭᠢ ᠠᠴᠠ | ᠳᠡᠭᠡᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠦᠮᠦᠵᠢᠯ ᠢ ᠬᠡᠷᠡᠭᠵᠢᠭᠦᠯᠵᠦ ᠪᠠᠶᠢᠭ᠎ᠠ ᠳᠡᠭᠡᠳᠦ ᠰᠤᠷᠭᠠᠭᠤᠯᠢ ᠪᠠᠶᠢᠵᠤ᠂ | ᠡᠩ ᠤᠨ ᠶᠡᠭᠡ ᠳᠡᠭᠡᠳᠦ ᠰᠤᠷᠭᠠᠭᠤᠯᠢ ᠨᠢ ᠤᠯᠤᠰ ᠤᠨ ᠪᠠᠶᠢᠭᠤᠯᠤᠮᠵᠢ ᠠᠴᠠ ᠪᠤᠰᠤᠳ ᠨᠡᠶᠢᠭᠡᠮ ᠤᠨ ᠵᠤᠬᠢᠶᠠᠨ | ᠪᠠᠶᠢᠭᠤᠯᠤᠯᠲᠠ ᠪᠤᠶᠤ ᠬᠤᠪᠢ ᠬᠦᠮᠦᠨ ᠲᠠᠢ ᠬᠠᠮᠲᠤᠷᠠᠨ ᠪᠠᠶᠢᠭᠤᠯᠤᠭᠰᠠᠨ ᠶᠤᠮ᠃ ᠲᠤᠰᠠᠭᠠᠷ ᠳᠡᠭᠡᠳᠦ ᠰᠤᠷᠭᠠᠭᠤᠯᠢ ᠨᠢ | ᠮᠦᠨᠴᠦ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠴᠢᠬᠤᠯᠠ ᠪᠦᠷᠢᠯᠳᠦᠭᠦᠨ ᠬᠡᠰᠡᠭ | ᠪᠤᠯᠤᠨ᠎ᠠ᠃ ᠭᠡᠪᠡᠴᠦ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠨᠢ ᠳᠠᠷᠤᠢ ᠲᠤᠰᠠᠭᠠᠷ ᠳᠡᠭᠡᠳᠦ ᠰᠤᠷᠭᠠᠭᠤᠯᠢ | ᠪᠤᠯᠤᠨ᠎ᠠ ᠭᠡᠵᠦ ᠠᠳᠡᠭᠦᠦ ᠤᠶᠢᠯᠠᠭᠠᠵᠤ ᠪᠤᠯᠬᠤ ᠦᠭᠡᠢ᠃ ᠤᠴᠢᠷ ᠨᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠳᠤ | ᠵᠢᠩᠬᠢᠨᠢ ᠠᠩᠭᠢ᠂ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ ᠪᠦᠷ ᠪᠠᠭᠲᠠᠵᠤ ᠪᠠᠶᠢᠳᠠᠭ᠂ ᠬᠠᠷᠢᠨ ᠲᠤᠰᠠᠭᠠᠷ ᠳᠡᠭᠡᠳᠦ | ᠰᠤᠷᠭᠠᠭᠤᠯᠢ ᠨᠢ ᠵᠦᠪᠬᠡᠨ ᠵᠢᠩᠬᠢᠨᠢ ᠠᠩᠭᠢ ᠶᠢᠨ ᠰᠤᠷᠭᠠᠨ ᠬᠦᠮᠦᠵᠢᠯ ᠢ ᠪᠠᠭᠲᠠᠭᠠᠨ᠎ᠠ᠃ | ᠲᠡᠭᠡᠪᠡᠯ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠪᠠ ᠲᠤᠰᠠᠭᠠᠷ ᠳᠡᠭᠡᠳᠦ ᠰᠤᠷᠭᠠᠭᠤᠯᠢ ᠶᠢᠨ ᠠᠯᠢ ᠨᠢ | ᠢᠯᠡᠭᠦᠦ ᠰᠠᠶᠢᠨ ᠪᠤᠯ︖ ︽ᠡᠨᠡ ᠬᠤᠶᠠᠷ ᠢ ᠠᠳᠠᠯᠢᠳᠬᠠᠬᠤ ᠶᠢᠨ ᠠᠷᠭ᠎ᠠ ᠦᠭᠡᠢ ᠶᠤᠮ᠂ ᠡᠨᠡ ᠬᠤᠶᠠᠷ ᠵᠦᠢᠯ ᠤᠨ | ᠰᠤᠷᠭᠠᠭᠤᠯᠢ ᠨᠢ ᠪᠦᠷ ᠦᠪᠡᠷ ᠦᠪᠡᠷᠰᠡᠳ ᠤᠨ ᠳᠠᠪᠠᠭᠤᠯᠢᠭ ᠲᠠᠢ ᠪᠠᠶᠢᠳᠠᠭ᠃ ᠤᠴᠢᠷ ᠨᠢ ᠠᠷᠠᠳ ᠠᠴᠠ ᠡᠷᠬᠢᠯᠡᠭᠰᠡᠨ | ᠳᠡᠭᠡᠳᠦ ᠰᠤᠷᠭᠠᠭᠤᠯᠢ ᠨᠢ ᠬᠡᠳᠦᠨ ᠠᠷᠪᠠᠨ ᠵᠢᠯ ᠤᠨ ᠬᠦᠭᠵᠢᠯᠲᠡ ᠶᠢᠨ ᠵᠠᠮ ᠳᠤ ᠪᠠᠨ ᠵᠢᠭᠠᠨ ᠰᠤᠷᠭᠠᠯᠲᠠ᠂ ᠬᠠᠮᠢᠶᠠᠷᠤᠯᠲᠠ᠂ | ᠪᠦᠲᠦᠭᠡᠨ ᠪᠠᠶᠢᠭᠤᠯᠤᠯᠲᠠ ᠵᠡᠷᠭᠡ ᠤᠯᠠᠨ ᠲᠠᠯ᠎ᠠ ᠪᠠᠷ ᠨᠡᠯᠢᠶᠡᠳ ᠪᠤᠯᠪᠠᠰᠤᠷᠠᠩᠭᠤᠢ ᠪᠤᠯᠤᠭᠰᠠᠨ ᠪᠠᠶᠢᠳᠠᠭ᠃ ᠬᠠᠷᠢᠨ | ᠲᠤᠰᠠᠭᠠᠷ ᠳᠡᠭᠡᠳᠦ ᠰᠤᠷᠭᠠᠭᠤᠯᠢ ᠶᠢᠨ ᠤᠯᠠᠩᠬᠢ ᠨᠢ ᠰᠢᠨᠡᠬᠡᠨ ᠰᠤᠷᠭᠠᠭᠤᠯᠢ ᠪᠠᠶᠢᠯ᠎ᠠ ᠴᠦ ᠭᠡᠰᠡᠨ ᠡᠭᠦᠰᠬᠡᠨ ᠪᠠᠶᠢᠭᠤᠯᠤᠭᠰᠠᠨ | ᠶᠡᠭᠡ ᠰᠤᠷᠭᠠᠭᠤᠯᠢ ᠶᠢᠨ ᠢᠶᠠᠨ ᠴᠢᠨᠠᠷᠯᠢᠭ ᠡᠬᠢ ᠪᠠᠶᠠᠯᠢᠭ ᠪᠠ ᠲᠤᠷᠰᠢᠯᠭ᠎ᠠ ᠶᠢ ᠠᠰᠢᠭᠯᠠᠳᠠᠭ ᠠᠴᠠ ᠡᠬᠢᠯᠡᠯᠲᠡ ᠶᠢᠨ ᠴᠡᠭ ᠨᠢ | ᠦᠨᠳᠦᠷ ᠪᠠᠶᠢᠳᠠᠭ︾ ᠭᠡᠵᠦ ᠭᠢᠷᠢᠨ ᠶᠡᠭᠡ ᠰᠤᠷᠭᠠᠭᠤᠯᠢ ᠶᠢᠨ ᠵᠦᠬᠠᠢ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ | ᠠᠯᠪᠠᠨ ᠭᠡᠷ ᠤᠨ ᠬᠠᠷᠢᠭᠤᠴᠠᠯᠭᠠᠲᠠᠨ ᠲᠠᠶᠢᠯᠪᠤᠷᠢᠯᠠᠵᠤ ᠪᠠᠶᠢᠯ᠎ᠠ᠃ | ᠭᠤᠷᠪᠠ᠂ ᠰᠤᠷᠤᠯᠴᠠᠭᠰᠠᠨ ᠰᠤᠷᠭᠠᠭᠤᠯᠢ ᠳᠤ ᠪᠠᠨ ᠬᠦᠷᠴᠦ ᠡᠷᠡᠮᠡᠯᠵᠡᠯ ᠲᠠᠭᠯᠠᠬᠤ ᠬᠡᠷᠡᠭᠲᠡᠢ | ᠰᠢᠯᠭᠠᠭᠤᠯᠤᠭᠴᠢ ᠪᠠ ᠭᠡᠷ ᠤᠨ ᠠᠬᠠᠮᠠᠳ ᠰᠤᠷᠭᠠᠭᠤᠯᠢ ᠶᠢᠨ ᠭᠠᠳᠠᠨᠠᠬᠢ ᠬᠠᠤᠯᠢ ᠪᠤᠰᠤ ᠵᠦᠭᠡᠯᠡᠨ ᠲᠤᠨᠤᠭ ᠢ | ᠬᠡᠷᠡᠭᠯᠡᠵᠦ ᠡᠷᠡᠮᠡᠯᠵᠡᠯ ᠲᠠᠭᠯᠠᠵᠤ ᠪᠤᠯᠬᠤ ᠦᠭᠡᠢ ᠭᠡᠵᠦ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠲᠦᠪ ᠠᠴᠠ ᠤᠨᠴᠠᠭᠠᠶᠢᠯᠠᠨ ᠰᠠᠨᠠᠭᠤᠯᠤᠭᠰᠠᠨ ᠶᠤᠮ᠃ ᠮᠠᠨ ᠤ ᠤᠯᠤᠰ ᠲᠤ ᠵᠢᠯ ᠪᠤᠯᠭᠠᠨ ᠬᠠᠤᠯᠢ ᠪᠤᠰᠤ ᠵᠦᠭᠡᠯᠡᠨ | ᠲᠤᠨᠤᠭ ᠢ ᠬᠡᠷᠡᠭᠯᠡᠵᠦ ᠡᠷᠡᠮᠡᠯᠵᠡᠯ ᠲᠠᠭᠯᠠᠭᠰᠠᠨ ᠠᠴᠠ ᠪᠤᠯᠵᠤ ᠡᠯᠰᠡᠭᠳᠡᠵᠦ ᠳᠡᠶᠢᠯᠦᠭᠰᠡᠨ ᠦᠭᠡᠢ ᠬᠡᠷᠡᠭ ᠤᠨ ᠵᠢᠱᠢᠶ᠎ᠡ ᠭᠠᠷᠴᠤ | ᠪᠠᠶᠢᠳᠠᠭ᠃ ᠦᠨᠡᠨᠳᠡᠭᠡᠨ ᠰᠢᠯᠭᠠᠭᠤᠯᠤᠭᠴᠢ ᠰᠤᠷᠤᠯᠴᠠᠭᠰᠠᠨ ᠰᠤᠷᠭᠠᠭᠤᠯᠢ ᠶᠢᠨ ᠢᠶᠠᠨ ᠡᠷᠡᠮᠡᠯᠵᠡᠯ ᠲᠠᠭᠯᠠᠬᠤ ᠬᠢᠴᠢᠶᠡᠯ ᠢ | ᠬᠢᠨᠠᠮᠠᠭᠠᠢ ᠰᠤᠨᠤᠰᠴᠤ᠂ ᠳᠠᠭᠤᠷᠢᠶᠠᠮᠠᠯ ᠪᠤᠯᠪᠠᠰᠤᠷᠠᠯ ᠢ ᠰᠠᠶᠢᠨ ᠬᠢᠪᠡᠯ ᠰᠦᠯᠵᠢᠶᠡᠨ ᠳᠤ ᠡᠷᠡᠮᠡᠯᠵᠡᠯ ᠲᠠᠭᠯᠠᠵᠤ ᠴᠢᠳᠠᠳᠠᠭ᠃ | ᠲᠡᠷᠡᠴᠢᠯᠡᠨ ᠰᠢᠯᠭᠠᠭᠤᠯᠤᠭᠴᠢ ᠭᠡᠷ ᠲᠡᠭᠡᠨ ᠪᠤᠶᠤ ᠰᠦᠯᠵᠢᠶᠡᠨ ᠪᠠᠭᠠᠷ ᠲᠤ ᠡᠷᠡᠮᠡᠯᠵᠡᠯ ᠲᠠᠭᠯᠠᠬᠤ ᠦᠭᠡᠢ ᠪᠠᠶᠢᠪᠠᠯ | ᠵᠤᠬᠢᠨ᠎ᠠ᠃ ᠤᠴᠢᠷ ᠨᠢ ᠴᠠᠬᠢᠯᠭᠠᠨ ᠵᠤᠭᠰᠤᠬᠤ᠂ ᠰᠦᠯᠵᠢᠶ᠎ᠡ ᠲᠠᠰᠤᠷᠠᠬᠤ ᠵᠡᠷᠭᠡ ᠭᠡᠨᠡᠳᠲᠡ ᠶᠢᠨ ᠶᠠᠪᠤᠳᠠᠯ ᠡᠭᠦᠰᠴᠦ | ᠮᠡᠳᠡᠨ᠎ᠡ᠃ ᠬᠠᠷᠢᠨ ᠰᠤᠷᠭᠠᠭᠤᠯᠢ ᠨᠢ ᠴᠢᠮᠡᠭᠡ ᠬᠤᠯᠪᠤᠭ᠎ᠠ᠂ ᠴᠠᠬᠢᠯᠭᠠᠨ ᠬᠦᠴᠦ᠂ ᠲᠤᠲᠤᠭᠠᠳᠤ ᠶᠢ ᠬᠠᠮᠠᠭᠠᠯᠠᠬᠤ ᠵᠡᠷᠭᠡ | ᠬᠠᠮᠢᠶ᠎ᠠ ᠪᠦᠬᠦᠢ ᠪᠠᠶᠢᠭᠤᠯᠤᠯᠭ᠎ᠠ ᠲᠠᠢ ᠬᠠᠮᠵᠢᠯᠴᠠᠵᠤ ᠡᠷᠡᠮᠡᠯᠵᠡᠯ ᠲᠠᠭᠯᠠᠬᠤ ᠠᠵᠢᠯ ᠳᠤ ᠪᠠᠲᠤᠯᠠᠭ᠎ᠠ ᠬᠠᠩᠭᠠᠵᠤ ᠪᠠᠶᠢᠳᠠᠭ᠃ | ᠡᠭᠦᠨ ᠠᠴᠠ ᠭᠠᠳᠠᠨ᠎ᠠ᠂ ᠮᠠᠨ ᠤ ᠤᠷᠤᠨ ᠤ ᠰᠤᠷᠭᠠᠭᠤᠯᠢ ᠨᠢ ᠰᠢᠯᠭᠠᠭᠤᠯᠤᠭᠴᠢ ᠳᠤ ᠨᠦᠬᠦᠴᠡᠯ ᠦᠭᠡᠢ ᠪᠠᠷ | ᠡᠷᠡᠮᠡᠯᠵᠡᠯ ᠲᠠᠭᠯᠠᠬᠤ ᠲᠠᠯᠠᠪᠤᠷ ᠪᠠ ᠦᠢᠯᠡᠴᠢᠯᠡᠭᠡ ᠬᠠᠩᠭᠠᠬᠤ ᠬᠡᠷᠡᠭᠲᠡᠢ ᠭᠡᠰᠡᠨ ᠴᠢᠩᠭ᠎ᠠ ᠲᠤᠭᠲᠠᠭᠠᠯ ᠭᠠᠷᠭᠠᠵᠤ᠂ | ᠲᠤᠭᠲᠠᠭᠠᠯ ᠶᠤᠰᠤᠭᠠᠷ ᠬᠡᠷᠡᠭᠵᠢᠭᠦᠯᠦᠭᠰᠡᠨ ᠦᠭᠡᠢ ᠰᠤᠷᠭᠠᠭᠤᠯᠢ ᠶᠢ ᠢᠯᠡᠴᠢᠯᠡᠨ ᠮᠡᠳᠡᠭᠦᠯᠵᠦ ᠪᠤᠯᠤᠨ᠎ᠠ ᠭᠡᠵᠡᠢ᠃ | ᠳᠦᠷᠪᠡ᠂ ︽ᠬᠤᠤᠰ ᠲᠡᠷᠢᠭᠦᠨ︾ ᠤ ᠶᠡᠭᠡ ᠰᠤᠷᠭᠠᠭᠤᠯᠢ ᠵᠡᠷᠭᠡ ᠰᠤᠷᠭᠠᠭᠤᠯᠢ ᠶᠢᠨ ᠪᠠᠶᠢᠭᠤᠯᠤᠯᠲᠠ ᠶᠢᠨ | ᠤᠨᠴᠠᠯᠢᠭ ᠢ ᠠᠩᠬᠠᠷᠬᠤ ᠬᠡᠷᠡᠭᠲᠡᠢ | ᠰᠢᠯᠭᠠᠭᠤᠯᠤᠭᠴᠢ ᠡᠷᠡᠮᠡᠯᠵᠡᠯ ᠲᠠᠭᠯᠠᠬᠤ ᠠᠴᠠ ᠪᠠᠨ ᠡᠮᠦᠨ᠎ᠡ ᠡᠷᠡᠮᠡᠯᠵᠡᠯᠡᠬᠦ ᠰᠤᠷᠭᠠᠭᠤᠯᠢ ᠶᠢᠨ ᠢᠶᠠᠨ ᠠᠯᠪᠠᠨ | ᠰᠦᠯᠵᠢᠶ᠎ᠡ ᠳᠤ ᠭᠠᠷᠴᠤ᠂ ᠰᠤᠷᠭᠠᠭᠤᠯᠢ ᠶᠢᠨ ᠪᠠᠶᠢᠭᠤᠯᠤᠯᠲᠠ ᠶᠢᠨ ᠤᠨᠴᠠᠯᠢᠭ ᠢ ᠤᠶᠢᠯᠠᠭᠠᠪᠠᠯ ᠵᠤᠬᠢᠨ᠎ᠠ᠃ ᠵᠠᠷᠢᠮ | ᠰᠤᠷᠭᠠᠭᠤᠯᠢ ᠶᠢᠨ ᠨᠡᠷ᠎ᠡ ᠶᠢᠨ ᠠᠷᠤ ᠳᠤ ︽211︾ ᠢᠨᠵᠧᠨᠧᠷᠢᠩ᠂ ︽985︾ ᠢᠨᠵᠧᠨᠧᠷᠢᠩ᠂ ︽ᠬᠤᠤᠰ ᠲᠡᠷᠢᠭᠦᠨ︾ | ᠤ ᠶᠡᠭᠡ ᠰᠤᠷᠭᠠᠭᠤᠯᠢ ᠭᠡᠵᠦ ᠲᠤᠳᠤᠷᠬᠠᠶᠢᠯᠠᠵᠤ ᠪᠠᠶᠢᠳᠠᠭ᠃ | ︽985︾ ᠢᠨᠵᠧᠨᠧᠷᠢᠩ ᠤᠨ ᠶᠡᠭᠡ ᠰᠤᠷᠭᠠᠭᠤᠯᠢ᠄ 1998 ᠤᠨ ᠤ 5 ᠰᠠᠷ᠎ᠠ ᠳᠤ ᠰᠤᠷᠭᠠᠨ ᠬᠦᠮᠦᠵᠢᠯ ᠤᠨ | ᠶᠠᠮᠤᠨ ᠠᠴᠠ ᠨᠢᠭᠡ ᠪᠦᠯᠦᠭ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠪᠠ ᠦᠨᠳᠦᠷ ᠲᠦᠪᠰᠢᠨ ᠪᠦᠬᠦᠢ ᠶᠡᠭᠡ | ᠰᠤᠷᠭᠠᠭᠤᠯᠢ ᠶᠢ ᠪᠠᠶᠢᠭᠤᠯᠤᠨ᠎ᠠ ᠭᠡᠵᠦ ᠰᠢᠢᠳᠪᠦᠷᠢ ᠭᠠᠷᠭᠠᠵᠠᠢ᠃ ᠳᠠᠷᠤᠢ 1998 ᠤᠨ ᠤ 5 ᠰᠠᠷ᠎ᠠ ᠨᠢ ︽985︾ | ᠢᠨᠵᠧᠨᠧᠷᠢᠩ ᠤᠨ ᠶᠡᠭᠡ ᠰᠤᠷᠭᠠᠭᠤᠯᠢ ᠶᠢᠨ ᠨᠡᠷᠡᠶᠢᠳᠦᠯ ᠤᠨ ᠢᠷᠡᠯᠲᠡ ᠪᠤᠯᠤᠨ᠎ᠠ᠃ ᠤᠳᠤᠬᠠᠨ ᠳᠤ ᠮᠠᠨ ᠤ ᠤᠯᠤᠰ ᠲᠤ | ᠨᠡᠶᠢᠲᠡ 39 ︽985︾ ᠢᠨᠵᠧᠨᠧᠷᠢᠩ ᠤᠨ ᠶᠡᠭᠡ ᠰᠤᠷᠭᠠᠭᠤᠯᠢ ᠪᠤᠢ᠃ | ︽211︾ ᠢᠨᠵᠧᠨᠧᠷᠢᠩ ᠤᠨ ᠶᠡᠭᠡ ᠰᠤᠷᠭᠠᠭᠤᠯᠢ᠄ ︽211︾ ᠭᠡᠳᠡᠭ ᠨᠢ ︽21 ᠳ᠋ᠦ᠋ᠭᠡᠷ ᠵᠠᠭᠤᠨ ᠤ | 100 ᠭᠤᠤᠯᠳᠠᠯᠭ᠎ᠠ ᠲᠠᠢ ᠶᠡᠭᠡ ᠰᠤᠷᠭᠠᠭᠤᠯᠢ︾ ᠭᠡᠰᠡᠨ ᠢ ᠲᠦᠯᠦᠭᠡᠯᠡᠨ᠎ᠡ᠃ ᠡᠭᠦᠨ ᠢ ᠳᠡᠭᠡᠷ᠎ᠡ ᠵᠠᠭᠤᠨ ᠤ ᠰᠡᠭᠦᠯᠴᠢ ᠪᠠᠷ | ᠳᠤᠷᠠᠳᠤᠨ ᠭᠠᠷᠭᠠᠵᠤ᠂ ᠪᠦᠬᠦ ᠤᠯᠤᠰ ᠤᠨ ᠡᠯ᠎ᠡ ᠭᠠᠵᠠᠷ ᠠᠴᠠ 100 ᠶᠡᠭᠡ ᠰᠤᠷᠭᠠᠭᠤᠯᠢ ᠶᠢ ᠰᠤᠩᠭᠤᠵᠤ ᠭᠤᠤᠯᠳᠠᠯᠭ᠎ᠠ | ᠲᠠᠢ ᠰᠤᠷᠭᠠᠭᠤᠯᠢ ᠪᠤᠯᠭᠠᠨ ᠲᠤᠬᠢᠷᠠᠭᠤᠯᠵᠤ᠂ ᠪᠡᠯᠡ ᠮᠦᠩᠭᠦᠨ ᠤ ᠤᠷᠤᠭᠤᠯᠤᠯᠲᠠ ᠶᠢᠨ ᠲᠠᠯ᠎ᠠ ᠳᠤ ᠲᠡᠷᠢᠭᠦᠨ ᠳᠤ | ᠪᠤᠳᠤᠯᠬᠢᠯᠠᠨ᠎ᠠ ᠭᠡᠵᠡᠢ᠃ ᠤᠳᠤᠬᠠᠨ ᠳᠤ ᠨᠡᠶᠢᠲᠡ 112 ︽211︾ ᠢᠨᠵᠧᠨᠧᠷᠢᠩ ᠤᠨ ᠶᠡᠭᠡ ᠰᠤᠷᠭᠠᠭᠤᠯᠢ ᠪᠤᠢ᠃ | ᠡᠭᠦᠨ ᠳᠤ ᠮᠠᠨ ᠤ ᠤᠷᠤᠨ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ ᠪᠤᠯ ᠡᠨᠡᠬᠦ ᠲᠦᠷᠦᠯ ᠵᠦᠢᠯ ᠤᠨ ᠶᠡᠭᠡ | ᠰᠤᠷᠭᠠᠭᠤᠯᠢ ᠳᠤ ᠪᠠᠭᠲᠠᠨ᠎ᠠ᠃ | ︽ᠬᠤᠤᠰ ᠲᠡᠷᠢᠭᠦᠨ︾ ᠤ ᠶᠡᠭᠡ ᠰᠤᠷᠭᠠᠭᠤᠯᠢ᠄ 2017 ᠤᠨ ᠤ 9 ᠰᠠᠷ᠎ᠠ ᠳᠤ ᠰᠤᠷᠭᠠᠨ ᠬᠦᠮᠦᠵᠢᠯ ᠤᠨ | ᠶᠠᠮᠤᠨ ᠠᠴᠠ ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ ᠰᠢᠨᠵᠢᠯᠡᠭᠡᠨ ᠤ ᠰᠠᠯᠠᠭ᠎ᠠ ︵ᠳᠦᠭᠦᠮᠴᠢᠯᠡᠭᠡᠳ ︽ᠬᠤᠤᠰ | ᠲᠡᠷᠢᠭᠦᠨ︾ ᠭᠡᠵᠡᠢ︶ ᠶᠢᠨ ᠪᠠᠶᠢᠭᠤᠯᠤᠯᠲᠠ ᠶᠢᠨ ᠶᠡᠭᠡ ᠰᠤᠷᠭᠠᠭᠤᠯᠢ ᠪᠠ ᠰᠢᠨᠵᠢᠯᠡᠭᠡᠨ ᠤ ᠰᠠᠯᠠᠭ᠎ᠠ ᠶᠢᠨ ᠨᠡᠷᠡᠰ ᠢ | ᠨᠡᠶᠢᠲᠡᠯᠡᠵᠡᠢ᠃ ᠡᠭᠦᠨ ᠳᠤ 42 ᠲᠡᠷᠢᠭᠦᠨ ᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠶᠢᠨ ᠰᠤᠷᠭᠠᠭᠤᠯᠢ ᠪᠠ 95 | ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠶᠡᠭᠡ ᠰᠤᠷᠭᠠᠭᠤᠯᠢ᠂ ᠳᠠᠷᠤᠢ 137 ᠰᠤᠷᠭᠠᠭᠤᠯᠢ ᠶᠢ | ᠪᠠᠭᠲᠠᠭᠠᠨ᠎ᠠ᠃ ᠦᠪᠦᠷ ᠮᠤᠩᠭᠤᠯ ᠤᠨ ᠶᠡᠭᠡ ᠰᠤᠷᠭᠠᠭᠤᠯᠢ ᠪᠤᠯ ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ ᠶᠢᠨ ᠶᠡᠭᠡ ᠰᠤᠷᠭᠠᠭᠤᠯᠢ ᠪᠤᠯᠤᠨ᠎ᠠ᠃ | ᠲᠠᠪᠤ᠂ ᠰᠤᠷᠤᠭᠴᠢ ᠡᠯᠰᠡᠬᠦ ᠠᠷᠭ᠎ᠠ ᠶᠢ ᠰᠠᠶᠢᠲᠤᠷ ᠤᠶᠢᠯᠠᠭᠠᠬᠤ ᠬᠡᠷᠡᠭᠲᠡᠢ | ᠵᠠᠷᠢᠮ ᠰᠤᠷᠭᠠᠭᠤᠯᠢ ᠨᠢ ᠲᠡᠦᠬᠡ᠂ ᠬᠢᠮᠢ ᠶᠢᠨ ᠤᠬᠠᠭᠠᠨ ᠵᠡᠷᠭᠡ ᠨᠠᠷᠢᠯᠢᠭ ᠬᠤᠪᠢᠶᠠᠭᠰᠠᠨ ᠲᠤᠰᠬᠠᠢ ᠮᠡᠷᠭᠡᠵᠢᠯ ᠢᠶᠠᠷ | ᠰᠤᠷᠤᠭᠴᠢ ᠡᠯᠰᠡᠳᠡᠭ᠃ ᠬᠠᠷᠢᠨ ᠵᠠᠷᠢᠮ ᠰᠤᠷᠭᠠᠭᠤᠯᠢ ᠨᠢ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ | ᠤᠬᠠᠭᠠᠨ ᠵᠡᠷᠭᠡ ᠡᠯᠰᠡᠬᠦ ᠲᠦᠷᠦᠯ ᠢᠶᠠᠨ ᠯᠡ ᠲᠤᠳᠤᠷᠬᠠᠶᠢᠯᠠᠵᠤ᠂ ᠡᠯᠰᠡᠬᠦ ᠲᠤᠰᠬᠠᠢ ᠮᠡᠷᠭᠡᠵᠢᠯ ᠢᠶᠠᠨ ᠨᠠᠷᠢᠯᠢᠭ ᠬᠤᠪᠢᠶᠠᠭᠰᠠᠨ | ᠦᠭᠡᠢ ᠪᠠᠶᠢᠳᠠᠭ᠃ ᠡᠨᠡ ᠨᠢ ᠳᠠᠷᠤᠢ ︽ᠲᠤᠮᠤ ᠲᠦᠷᠦᠯ ᠢᠶᠠᠷ ᠰᠤᠷᠤᠭᠴᠢ ᠡᠯᠰᠡᠬᠦ︾ ᠠᠷᠭ᠎ᠠ ᠪᠤᠯᠤᠨ᠎ᠠ᠃ ︽ᠲᠤᠮᠤ | ᠲᠦᠷᠦᠯ ᠢᠶᠠᠷ ᠰᠤᠷᠤᠭᠴᠢ ᠡᠯᠰᠡᠬᠦ ᠠᠷᠭ᠎ᠠ︾ ᠨᠢ ᠰᠢᠨᠵᠢᠯᠡᠭᠡᠨ ᠤ ᠰᠠᠯᠠᠭ᠎ᠠ ᠶᠢ ᠦᠨᠳᠦᠰᠦᠯᠡᠵᠦ ᠰᠤᠷᠤᠭᠴᠢ ᠡᠯᠰᠡᠬᠦ ᠶᠢ | ᠵᠢᠭᠠᠵᠤ᠂ ᠶᠡᠭᠡ ᠳᠡᠭᠡᠳᠦ ᠰᠤᠷᠭᠠᠭᠤᠯᠢ ᠨᠢ ᠠᠳᠠᠯᠢᠪᠲᠤᠷ ᠰᠢᠨᠵᠢᠯᠡᠭᠡᠨ ᠤ ᠲᠦᠷᠦᠯ ᠢ ᠨᠡᠶᠢᠯᠡᠭᠦᠯᠵᠦ᠂ ᠨᠢᠭᠡᠨ ᠲᠤᠮᠤ ᠲᠦᠷᠦᠯ | ᠪᠤᠯᠭᠠᠨ ᠰᠤᠷᠤᠭᠴᠢ ᠡᠯᠰᠡᠨ᠎ᠡ᠃ ᠰᠢᠯᠭᠠᠭᠤᠯᠤᠭᠴᠢ ᠬᠡᠰᠡᠭ ᠰᠤᠷᠤᠯᠭ᠎ᠠ ᠶᠢᠨ ᠬᠤᠭᠤᠴᠠᠭ᠎ᠠ ᠶᠢ ᠦᠩᠭᠡᠷᠡᠭᠦᠯᠦᠭᠰᠡᠨ ᠤ | ᠳᠠᠷᠠᠭ᠎ᠠ ᠰᠠᠶ᠋ᠢ ᠲᠤᠰᠬᠠᠢ ᠮᠡᠷᠭᠡᠵᠢᠯ ᠢᠶᠠᠨ ᠰᠤᠩᠭᠤᠳᠠᠭ᠃ ᠵᠢᠱᠢᠶᠡᠯᠡᠪᠡᠯ ᠡᠨᠡ ᠵᠢᠯ ᠦᠪᠦᠷ ᠮᠤᠩᠭᠤᠯ ᠤᠨ ᠶᠡᠭᠡ | ᠰᠤᠷᠭᠠᠭᠤᠯᠢ ᠶᠢᠨ ᠲᠤᠭᠠᠨ ᠤ ᠤᠬᠠᠭᠠᠨ ᠪᠠ ᠬᠡᠷᠡᠭᠯᠡᠭᠡᠨ ᠤ ᠲᠤᠭᠠᠨ ᠤ ᠤᠬᠠᠭᠠᠨ᠂ ᠮᠡᠳᠡᠭᠡ ᠵᠠᠩᠭᠢ ᠪᠠ ᠺᠤᠮᠫᠢᠦ᠋ᠲ᠋ᠧᠷ ᠤᠨ | ᠤᠬᠠᠭᠠᠨ᠂ ᠲᠤᠭ᠎ᠠ ᠪᠦᠷᠢᠳᠬᠡᠯ ᠤᠨ ᠤᠬᠠᠭᠠᠨ ᠭᠡᠬᠦ ᠲᠤᠮᠤ ᠲᠦᠷᠦᠯ ᠢᠶᠠᠷ ᠰᠤᠷᠤᠭᠴᠢ ᠡᠯᠰᠡᠬᠦ ᠪᠤᠯᠤᠨ᠎ᠠ᠃ ᠰᠢᠨ᠎ᠡ | ᠤᠶᠤᠲᠠᠨ ᠰᠤᠷᠭᠠᠭᠤᠯᠢ ᠳᠤ ᠤᠷᠤᠭᠠᠳ ᠬᠡᠰᠡᠭ ᠬᠤᠭᠤᠴᠠᠭ᠎ᠠ ᠶᠢ ᠦᠩᠭᠡᠷᠡᠭᠦᠯᠦᠭᠡᠳ᠂ ᠰᠢᠨᠵᠢᠯᠡᠭᠡᠨ ᠤ ᠰᠠᠯᠠᠭ᠎ᠠ ᠪᠠ | ᠲᠤᠰᠬᠠᠢ ᠮᠡᠷᠭᠡᠵᠢᠯ ᠳᠡᠭᠡᠨ ᠭᠦᠨ ᠤᠶᠢᠯᠠᠭᠠᠯᠲᠠ ᠲᠠᠢ ᠪᠤᠯᠤᠭᠰᠠᠨ ᠤ ᠳᠠᠷᠠᠭ᠎ᠠ ᠲᠤᠰᠬᠠᠢ ᠮᠡᠷᠭᠡᠵᠢᠯ ᠢᠶᠠᠨ ᠰᠤᠩᠭᠤᠨ᠎ᠠ᠃ | ᠡᠨᠡ ᠨᠢ ᠵᠤᠬᠢᠬᠤ ᠬᠡᠮᠵᠢᠶᠡᠨ ᠳᠤ ᠰᠤᠷᠤᠭᠴᠢ ᠶᠢᠨ ᠬᠦᠩᠭᠡᠨ ᠬᠠᠭᠤᠳᠠᠮᠠᠭᠠᠢ ᠪᠠᠷ ᠡᠷᠡᠮᠡᠯᠵᠡᠯ ᠲᠠᠭᠯᠠᠬᠤ ᠠᠴᠠ ᠵᠠᠶᠢᠯᠠᠰᠬᠢᠵᠦ | ᠴᠢᠳᠠᠨ᠎ᠠ᠃ | |