| 192 ᠳ᠋ᠤᠭᠠᠷ ᠲᠣᠭᠠᠲᠤ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ | | | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ 2013 ᠣᠨ ᠤ 1 | ᠳ᠋ᠦ᠋ᠭᠡᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 1 ᠳ᠋ᠦ᠋ᠭᠡᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2013 ᠣᠨ ᠤ | 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ | 2013 ᠣᠨ ᠤ 2 ᠳ᠋ᠤᠭᠠᠷ ᠰᠠᠷ᠎ᠠ ᠶᠢᠨ 6 ᠤ ᠡᠳᠦᠷ | | ᠨᠢᠭᠡᠳᠦᠭᠡᠷ ᠵᠦᠢᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ | ᠭᠠᠶᠢᠯᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ | ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠳᠣᠲᠣᠷᠠᠬᠢ ᠲᠤᠰ ᠠᠷᠭ᠎ᠠ ᠳᠤ | ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ ᠣᠩᠭᠤᠴᠠ ᠶᠢᠨ | ᠭᠠᠶᠢᠯᠢ ᠶᠢᠨ ᠵᠦᠢᠯ ᠭᠠᠶᠢᠯᠢ ᠶᠢᠨ ᠲᠤᠭ᠎ᠠ ᠶᠢᠨ ᠬᠦᠰᠦᠨᠦᠭᠲᠦ︾ ᠶᠢᠨ ᠲᠣᠭᠲᠠᠭᠠᠯ ᠳᠤ ᠬᠠᠷᠢᠶᠠᠯᠠᠭᠳᠠᠬᠤ ᠲᠡᠷᠭᠡ᠂ | ᠣᠩᠭᠤᠴᠠ ᠵᠠᠪᠢ ᠶᠢᠨ ᠥᠮᠴᠢᠯᠡᠭᠴᠢ ᠪᠤᠶᠤ ᠬᠠᠮᠢᠶᠠᠷᠤᠭᠴᠢ ᠪᠣᠯ ᠲᠡᠷᠭᠡ ᠣᠩᠭᠤᠴᠠ ᠶᠢᠨ ᠭᠠᠶᠢᠯᠢ ᠲᠤᠰᠢᠶᠠᠭᠴᠢ | ᠪᠣᠯᠬᠤ ᠲᠤᠯᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ | ᠬᠠᠤᠯᠢ ᠶᠢᠨ ᠬᠡᠷᠡᠭᠵᠢᠭᠦᠯᠬᠦ ᠳᠦᠷᠢᠮ︾ ᠪᠣᠯᠤᠨ ᠲᠤᠰ ᠠᠷᠭ᠎ᠠ ᠶᠢᠨ ᠶᠣᠰᠣᠭᠠᠷ ᠲᠡᠷᠭᠡ ᠣᠩᠭᠤᠴᠠ ᠶᠢᠨ ᠭᠠᠶᠢᠯᠢ | ᠲᠤᠰᠢᠶᠠᠬᠤ ᠬᠡᠷᠡᠭᠲᠡᠶ᠃ | ᠲᠤᠰ ᠠᠷᠭ᠎ᠠ ᠳᠤ ᠬᠡᠯᠡᠵᠦ ᠪᠠᠶᠢᠭ᠎ᠠ ᠲᠡᠷᠭᠡ᠂ ᠣᠩᠭᠤᠴᠠ ᠵᠠᠪᠢ ᠭᠡᠳᠡᠭ ᠨᠢ ᠲᠡᠷᠭᠡ ᠣᠩᠭᠤᠴᠠ ᠶᠢ | ᠳᠠᠩᠰᠠᠯᠠᠵᠤ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠤᠭᠰᠠᠨ ᠪᠠᠶᠢᠬᠤ ᠬᠡᠷᠡᠭᠲᠡᠶ᠃ | ᠮᠠᠰᠢᠨᠲᠤ ᠲᠡᠷᠭᠡ ᠪᠣᠯᠤᠨ ᠣᠩᠭᠤᠴᠠ ᠵᠠᠪᠢ ᠵᠢᠴᠢ ᠲᠡᠷᠭᠡ ᠣᠩᠭᠤᠴᠠ ᠶᠢ ᠳᠠᠩᠰᠠᠯᠠᠵᠤ ᠬᠠᠮᠢᠶᠠᠷᠬᠤ ᠰᠠᠯᠠᠭ᠎ᠠ | ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠬᠤ ᠴᠢᠬᠤᠯᠠ ᠦᠭᠡᠶ ᠨᠢᠭᠡᠴᠡ ᠶᠢᠨ ᠳᠣᠲᠣᠭᠠᠳᠤ ᠭᠠᠵᠠᠷ ᠲᠠᠯᠠᠪᠤᠷ ᠲᠤ | ᠶᠠᠪᠤᠭᠤᠯᠵᠤ ᠪᠠᠶᠢᠭ᠎ᠠ ᠪᠤᠶᠤ ᠠᠵᠢᠯᠯᠠᠭᠤᠯᠵᠤ ᠪᠠᠶᠢᠭ᠎ᠠ ᠮᠠᠰᠢᠨᠲᠤ ᠲᠡᠷᠭᠡ ᠪᠣᠯᠤᠨ ᠣᠩᠭᠤᠴᠠ ᠵᠠᠪᠢ ᠶᠢ ᠵᠢᠭᠠᠵᠤ ᠪᠤᠶ᠃ | | ᠭᠤᠷᠪᠠᠳᠤᠭᠠᠷ ᠵᠦᠢᠯ ᠲᠡᠷᠭᠡ ᠣᠩᠭᠤᠴᠠ ᠶᠢᠨ ᠭᠠᠶᠢᠯᠢ ᠶᠢᠨ ᠵᠦᠢᠯ᠂ ᠭᠠᠶᠢᠯᠢ ᠶᠢᠨ ᠲᠤᠭ᠎ᠠ ᠶᠢ ᠲᠤᠰ | ᠠᠷᠭ᠎ᠠ ᠳᠤ ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ | ᠣᠩᠭᠤᠴᠠ ᠶᠢᠨ ᠭᠠᠶᠢᠯᠢ ᠶᠢᠨ ᠵᠦᠢᠯ᠂ ᠭᠠᠶᠢᠯᠢ ᠶᠢᠨ ᠲᠤᠭ᠎ᠠ ᠶᠢᠨ ᠬᠦᠰᠦᠨᠦᠭᠲᠦ︾ ᠶᠢᠨ ᠶᠣᠰᠣᠭᠠᠷ | ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠳᠣᠤᠷᠠᠬᠢ ᠲᠡᠷᠭᠡ ᠣᠩᠭᠤᠴᠠ ᠶᠢ ᠲᠡᠷᠭᠡ ᠣᠩᠭᠤᠴᠠ ᠶᠢᠨ ᠭᠠᠶᠢᠯᠢ | ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠄ | ︵ᠨᠢᠭᠡ︶ ᠠᠩᠨᠠᠵᠤ ᠱᠦᠭᠦᠬᠦ᠂ ᠲᠡᠵᠢᠭᠡᠨ ᠦᠷᠡᠵᠢᠭᠦᠯᠬᠦ ᠵᠢᠭᠠᠰᠤᠨ ᠤ ᠣᠩᠭᠤᠴᠠ | ︵ᠬᠤᠶᠠᠷ︶ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠤᠰᠬᠠᠶ ᠬᠡᠷᠡᠭᠯᠡᠬᠦ ᠲᠡᠷᠭᠡ | ᠣᠩᠭᠤᠴᠠ | ︵ᠭᠤᠷᠪᠠ︶ ᠴᠠᠭᠳᠠᠭᠠᠨ ᠤ ᠲᠡᠷᠭᠡ ᠣᠩᠭᠤᠴᠠ | ︵ᠳᠥᠷᠪᠡ︶ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠠᠶᠢᠯᠢ ᠬᠡᠯᠲᠦᠷᠢᠭᠦᠯᠵᠦ ᠥᠭᠬᠦ ᠬᠡᠷᠡᠭᠲᠡᠶ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ᠂ ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠬᠢᠭᠡᠳ | ᠲᠡᠭᠦᠨ ᠤ ᠬᠤᠯᠪᠣᠭᠳᠠᠯ ᠪᠦᠬᠦᠢ ᠬᠥᠮᠦᠰ ᠤᠨ ᠲᠡᠷᠭᠡ ᠣᠩᠭᠤᠴᠠ | ︵ᠲᠠᠪᠤ︶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠣᠩᠭᠤᠴᠠ | ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠲᠤ ᠪᠠᠶᠢᠭ᠎ᠠ ᠪᠥᠭᠡᠳ ᠭᠤᠤᠯᠳᠠᠭᠤ | ᠲᠠᠷᠢᠶᠠᠯᠠᠬᠤ ᠮᠠᠯᠵᠢᠬᠤ ᠣᠷᠣᠨ ᠳᠤ ᠬᠡᠷᠡᠭᠯᠡᠬᠦ ᠮᠤᠲ᠋ᠤᠷ᠂ ᠭᠤᠷᠪᠠᠨ ᠬᠦᠷᠳᠦᠲᠦ ᠮᠠᠰᠢᠨ ᠲᠡᠷᠭᠡ ᠪᠣᠯᠤᠨ ᠳᠣᠤᠷ᠎ᠠ | ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ᠃ | ᠲᠠᠪᠤᠳᠤᠭᠠᠷ ᠵᠦᠢᠯ ᠲᠣᠭᠲᠠᠭᠠᠯ ᠶᠣᠰᠣᠭᠠᠷ ᠣᠩᠭᠤᠴᠠ ᠵᠠᠪᠢ ᠶᠢᠨ ᠲᠣᠨ ᠤ ᠭᠠᠶᠢᠯᠢ ᠲᠤᠰᠢᠶᠠᠵᠤ ᠪᠠᠶᠢᠭ᠎ᠠ | ᠮᠠᠰᠢᠨᠲᠤ ᠣᠩᠭᠤᠴᠠ ᠵᠠᠪᠢ ᠪᠣᠯᠤᠨ ᠲᠡᠷᠭᠡ ᠣᠩᠭᠤᠴᠠ ᠶᠢ ᠳᠠᠩᠰᠠᠯᠠᠵᠤ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ | ᠶᠣᠰᠣᠭᠠᠷ ᠳᠠᠩᠰᠠᠯᠠᠭᠤᠯᠬᠤ ᠴᠢᠬᠤᠯᠠ ᠦᠭᠡᠶ ᠨᠢᠰᠬᠡᠯ ᠤᠨ ᠪᠠᠭᠤᠳᠠᠯ᠂ ᠭᠠᠷᠠᠮ᠂ ᠲᠡᠮᠦᠷ ᠵᠠᠮ ᠤᠨ ᠥᠷᠲᠡᠭᠡᠨ ᠤ | ᠳᠣᠲᠣᠭᠠᠳᠤ ᠳᠠᠭᠠᠨ ᠶᠠᠪᠤᠭᠤᠯᠬᠤ ᠪᠤᠶᠤ ᠠᠵᠢᠯᠯᠠᠭᠤᠯᠵᠤ ᠪᠠᠶᠢᠭ᠎ᠠ ᠲᠡᠷᠭᠡ ᠣᠩᠭᠤᠴᠠ ᠶᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠦᠭᠰᠡᠨ | ᠡᠳᠦᠷ ᠠᠴᠠ ᠡᠬᠢᠯᠡᠨ 5 ᠵᠢᠯ ᠤᠨ ᠳᠣᠲᠣᠷ᠎ᠠ ᠲᠡᠷᠭᠡ ᠣᠩᠭᠤᠴᠠ ᠶᠢᠨ ᠭᠠᠶᠢᠯᠢ ᠲᠠᠲᠠᠪᠤᠷᠢᠯᠠᠬᠤ ᠠᠴᠠ | ᠬᠡᠯᠲᠦᠷᠢᠭᠦᠯᠦᠨ᠎ᠡ᠃ | ᠵᠢᠷᠭᠤᠳᠤᠭᠠᠷ ᠵᠦᠢᠯ ᠡᠨᠧᠷᠭᠢ ᠠᠷᠪᠢᠯᠠᠬᠤ᠂ ᠰᠢᠨ᠎ᠡ ᠡᠨᠧᠷᠭᠢ ᠵᠠᠷᠤᠴᠠᠭᠤᠯᠵᠤ ᠪᠠᠶᠢᠭ᠎ᠠ ᠲᠡᠷᠭᠡ | ᠣᠩᠭᠤᠴᠠ ᠠᠴᠠ ᠲᠡᠷᠭᠡ ᠣᠩᠭᠤᠴᠠ ᠶᠢᠨ ᠭᠠᠶᠢᠯᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ ᠪᠣᠯᠤᠨ᠎ᠠ᠃ | ᠪᠣᠳᠠᠲᠠᠶ ᠬᠡᠪᠴᠢᠶ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠠᠵᠠᠷ ᠬᠥᠳᠡᠯᠦᠯᠲᠡ᠂ ᠦᠶᠡᠷ ᠤᠰᠤᠲᠤᠯ ᠵᠡᠷᠭᠡ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠤᠨ | ᠨᠥᠯᠥᠭᠡ ᠠᠴᠠ ᠪᠣᠯᠵᠤ ᠭᠠᠶᠢᠯᠢ ᠲᠤᠰᠢᠶᠠᠬᠤ ᠳᠤ ᠬᠦᠴᠢᠷᠳᠡᠯ ᠲᠠᠢ ᠪᠣᠯᠤᠭᠰᠠᠨ ᠵᠢᠴᠢ ᠪᠤᠰᠤᠳ ᠤᠨᠴᠠᠭᠠᠢ | ᠰᠢᠯᠲᠠᠭᠠᠨ ᠠᠴᠠ ᠪᠣᠯᠣᠭᠠᠳ ᠭᠠᠶᠢᠯᠢ ᠬᠠᠰᠤᠵᠤ ᠬᠡᠯᠲᠦᠷᠢᠭᠦᠯᠬᠦ ᠦᠨᠡᠨᠬᠦ ᠴᠢᠬᠤᠯᠠᠲᠠᠶ ᠲᠡᠷᠭᠡ ᠣᠩᠭᠤᠴᠠ ᠠᠴᠠ | ᠵᠣᠬᠢᠬᠤ ᠬᠤᠭᠤᠴᠠᠭᠠᠨ ᠳᠤ ᠲᠡᠷᠭᠡ ᠣᠩᠭᠤᠴᠠ ᠶᠢᠨ ᠭᠠᠶᠢᠯᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ | ᠪᠣᠯᠤᠨ᠎ᠠ᠃ ᠪᠣᠳᠠᠲᠠᠶ ᠬᠠᠰᠤᠵᠤ ᠬᠡᠯᠲᠦᠷᠢᠭᠦᠯᠬᠦ ᠬᠤᠭᠤᠴᠠᠭ᠎ᠠ ᠪᠣᠯᠤᠨ ᠲᠤᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ | ᠳᠠᠩᠰᠠᠯᠠᠭᠤᠯᠤᠨ᠎ᠠ᠃ | ᠳᠣᠯᠣᠳᠤᠭᠠᠷ ᠵᠦᠢᠯ ᠲᠡᠷᠭᠡ ᠣᠩᠭᠤᠴᠠ ᠶᠢᠨ ᠭᠠᠶᠢᠯᠢ ᠶᠢ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠪᠠᠶᠢᠭᠤᠯᠤᠯᠭ᠎ᠠ ᠬᠠᠷᠢᠭᠤᠴᠠᠵᠤ ᠲᠠᠲᠠᠪᠤᠷᠢᠯᠠᠨ᠎ᠠ᠃ | ᠨᠠᠢᠮᠠᠳᠤᠭᠠᠷ ᠵᠦᠢᠯ ᠮᠠᠰᠢᠨᠲᠤ ᠲᠡᠷᠭᠡᠨ ᠤ ᠭᠤᠷᠪᠠᠳᠠᠭᠴᠢ ᠡᠲᠡᠭᠡᠳ ᠤᠨ ᠬᠠᠷᠢᠭᠤᠴᠠᠯᠭ᠎ᠠ ᠶᠢᠨ | ᠠᠯᠪᠠᠳᠠᠯᠭᠠᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠳᠠᠭᠠᠳᠬᠠᠯ ᠤᠨ ᠪᠠᠶᠢᠭᠤᠯᠤᠮᠵᠢ ᠪᠣᠯ | ᠮᠠᠰᠢᠨᠲᠤ ᠲᠡᠷᠭᠡ᠂ ᠲᠡᠷᠭᠡ ᠣᠩᠭᠤᠴᠠ ᠶᠢᠨ ᠭᠠᠶᠢᠯᠢ ᠰᠠᠭᠤᠯᠭᠠᠨ ᠲᠤᠰᠢᠶᠠᠯᠭᠠᠬᠤ ᠡᠭᠦᠷᠭᠡᠳᠡᠨ ᠪᠣᠯᠬᠤ ᠲᠤᠯᠠ᠂ | ᠳᠠᠭᠠᠳᠬᠠᠯ ᠤᠨ ᠰᠦᠢᠳᠬᠡᠯ ᠬᠤᠷᠢᠶᠠᠬᠤ ᠳᠠᠭᠠᠨ ᠲᠡᠷᠭᠡ ᠣᠩᠭᠤᠴᠠ ᠶᠢᠨ ᠭᠠᠶᠢᠯᠢ ᠶᠢ ᠬᠠᠤᠯᠢ ᠶᠣᠰᠣᠭᠠᠷ ᠣᠷᠣᠯᠠᠨ | ᠲᠠᠲᠠᠪᠤᠷᠢᠯᠠᠬᠤ ᠶᠢᠨ ᠬᠠᠮᠲᠤ ᠭᠠᠶᠢᠯᠢ ᠶᠢᠨ ᠵᠣᠭᠤᠰ ᠢ ᠣᠷᠣᠯᠠᠨ ᠬᠤᠷᠢᠶᠠᠭᠰᠠᠨ ᠭᠡᠷᠡᠴᠢ ᠬᠢᠵᠦ ᠥᠭᠬᠦ ᠬᠡᠷᠡᠭᠲᠡᠶ᠃ | | ᠶᠢᠰᠦᠳᠦᠭᠡᠷ ᠵᠦᠢᠯ ᠲᠡᠷᠭᠡ ᠣᠩᠭᠤᠴᠠ ᠶᠢᠨ ᠭᠠᠶᠢᠯᠢ ᠶᠢ ᠵᠢᠯ ᠢᠶᠠᠷ ᠮᠡᠳᠡᠭᠦᠯᠦᠨ᠂ ᠰᠠᠷ᠎ᠠ ᠬᠤᠪᠢᠶᠠᠨ | ᠪᠣᠳᠣᠵᠤ᠂ ᠨᠢᠭᠡ ᠤᠳᠠᠭ᠎ᠠ ᠶᠢᠨ ᠴᠢᠨᠠᠷᠲᠠᠶ ᠲᠤᠰᠢᠶᠠᠨ᠎ᠠ᠃ ᠭᠠᠶᠢᠯᠢ ᠲᠤᠰᠢᠶᠠᠬᠤ ᠣᠨ ᠨᠢ ᠨᠡᠶᠢᠲᠡ ᠶᠢᠨ | ᠤᠯᠠᠷᠢᠯ ᠤᠨ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ | ᠪᠣᠯᠤᠨ᠎ᠠ᠃ | ᠰᠠᠭᠤᠯᠭᠠᠨ ᠲᠤᠰᠢᠶᠠᠯᠭᠠᠬᠤ ᠡᠭᠦᠷᠭᠡᠳᠡᠨ ᠲᠡᠷᠭᠡ ᠣᠩᠭᠤᠴᠠ ᠶᠢᠨ ᠭᠠᠶᠢᠯᠢ ᠶᠢ ᠲᠠᠲᠠᠪᠤᠷᠢᠯᠠᠵᠤ ᠣᠷᠣᠯᠠᠨ | ᠲᠤᠰᠢᠶᠠᠯᠭᠠᠪᠠᠯ᠂ ᠭᠠᠶᠢᠯᠢ ᠲᠤᠰᠢᠶᠠᠭᠴᠢ ᠮᠠᠰᠢᠨᠲᠤ ᠲᠡᠷᠭᠡᠨ ᠤ ᠵᠠᠮ ᠬᠠᠷᠢᠯᠴᠠᠭᠠᠨ ᠤ ᠠᠳᠡᠯ ᠤᠨ | ᠬᠠᠷᠢᠭᠤᠴᠠᠯᠭ᠎ᠠ ᠶᠢᠨ ᠠᠯᠪᠠᠳᠠᠯᠭᠠᠲᠤ ᠳᠠᠭᠠᠳᠬᠠᠯ ᠢ ᠭᠦᠢᠴᠡᠳᠬᠡᠬᠦ ᠶᠢᠨ ᠵᠡᠷᠭᠡᠪᠡᠷ ᠲᠡᠷᠭᠡ ᠣᠩᠭᠤᠴᠠ ᠶᠢᠨ ᠭᠠᠶᠢᠯᠢ | ᠲᠤᠰᠢᠶᠠᠬᠤ ᠬᠡᠷᠡᠭᠲᠡᠶ᠃ | ᠭᠠᠶᠢᠯᠢ ᠲᠤᠰᠢᠶᠠᠭᠴᠢ ᠲᠡᠷᠭᠡ ᠣᠩᠭᠤᠴᠠ ᠰᠢᠨ᠎ᠡ ᠪᠠᠷ ᠬᠤᠳᠠᠯᠳᠤᠨ ᠠᠪᠤᠭᠰᠠᠨ ᠮᠥᠷᠲᠡᠭᠡᠨ ᠲᠡᠷᠭᠡ | ᠣᠩᠭᠤᠴᠠ ᠶᠢᠨ ᠭᠠᠶᠢᠯᠢ ᠶᠢ ᠲᠤᠰᠢᠶᠠᠬᠤ ᠪᠠᠨ ᠥᠪᠡᠷ ᠲᠡᠭᠡᠨ ᠮᠡᠳᠡᠭᠦᠯᠪᠡᠯ᠂ ᠭᠠᠶᠢᠯᠢ ᠲᠤᠰᠢᠶᠠᠬᠤ ᠡᠭᠦᠷᠭᠡ | ᠡᠭᠦᠰᠦᠭᠰᠡᠨ ᠤ ᠳᠠᠷᠠᠭ᠎ᠠ ᠰᠠᠷ᠎ᠠ ᠶᠢᠨ ᠬᠢᠨᠢ 30 ᠤ ᠡᠳᠦᠷ ᠠᠴᠠ ᠡᠮᠦᠨ᠎ᠡ ᠲᠡᠷᠭᠡ ᠣᠩᠭᠤᠴᠠ ᠶᠢᠨ ᠭᠠᠶᠢᠯᠢ ᠪᠠᠨ | ᠲᠤᠰᠢᠶᠠᠬᠤ ᠬᠡᠷᠡᠭᠲᠡᠶ᠃ | ᠠᠷᠪᠠᠳᠤᠭᠠᠷ ᠵᠦᠢᠯ ᠳᠠᠭᠠᠳᠬᠠᠯ ᠤᠨ ᠪᠠᠶᠢᠭᠤᠯᠤᠮᠵᠢ ᠶᠢᠨ ᠲᠡᠷᠭᠡ ᠣᠩᠭᠤᠴᠠ ᠶᠢᠨ ᠭᠠᠶᠢᠯᠢ ᠣᠷᠣᠯᠠᠨ | ᠲᠠᠲᠠᠪᠤᠷᠢᠯᠠᠵᠤ ᠣᠷᠣᠯᠠᠨ ᠲᠤᠰᠢᠶᠠᠯᠭᠠᠬᠤ ᠭᠠᠷᠳᠠᠮ ᠤᠨ ᠰᠦᠢᠳᠬᠡᠯ ᠤᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠲᠡᠷᠭᠡ ᠣᠩᠭᠤᠴᠠ ᠶᠢᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠬᠠᠤᠯᠢ︾᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ ᠶᠢ | ᠬᠡᠷᠡᠭᠵᠢᠭᠦᠯᠬᠦ ᠳᠦᠷᠢᠮ︾ ᠬᠢᠭᠡᠳ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠲᠡᠷᠭᠡ ᠣᠩᠭᠤᠴᠠ ᠭᠡᠳᠡᠭ ᠨᠢ ᠬᠠᠤᠯᠢ ᠶᠣᠰᠣᠭᠠᠷ ᠡᠵᠡᠩᠨᠡᠬᠦ ᠬᠢᠷᠢ ᠭᠡᠮ ᠣᠯᠤᠭᠰᠠᠨ ᠪᠠᠷᠠᠭᠠᠨ ᠤ | ᠦᠨ᠎ᠡ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠢᠯᠧᠲ ᠤᠨ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ | ᠲᠣᠭᠲᠠᠭᠰᠠᠨ ᠴᠠᠭ᠂ ᠵᠠᠮ ᠱᠤᠭᠤᠮ ᠪᠣᠯᠤᠨ ᠥᠷᠲᠡᠭᠡ ᠴᠡᠭ ᠤᠨ ᠶᠣᠰᠣᠭᠠᠷ ᠡᠵᠡᠩᠨᠡᠵᠦ᠂ ᠣᠯᠠᠨ ᠨᠡᠶᠢᠲᠡ ᠶᠢ | ᠲᠡᠷᠭᠡ ᠤᠩᠭᠤᠴᠠᠨ ᠳᠤ ᠰᠠᠭᠤᠯᠭᠠᠬᠤ ᠶᠢᠨ ᠬᠠᠮᠲᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠦᠢᠯᠡᠴᠢᠯᠡᠭᠡᠨ ᠢ ᠡᠭᠦᠷᠭᠡᠯᠡᠬᠦ ᠪᠤᠶᠤ ᠵᠠᠰᠠᠭ ᠤᠨ ᠣᠷᠳᠣᠨ ᠤ ᠵᠠᠷᠯᠢᠭ ᠤᠨ ᠴᠢᠨᠠᠷᠲᠠᠶ ᠡᠭᠦᠷᠭᠡ ᠶᠢ ᠭᠦᠢᠴᠡᠳᠬᠡᠬᠦ | ᠲᠡᠷᠭᠡ ᠣᠩᠭᠤᠴᠠ ᠶᠢ ᠵᠢᠭᠠᠵᠤ ᠪᠤᠶ᠃ | ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ 2013 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2007 ᠣᠨ ᠤ 8 ᠳ᠋ᠤᠭᠠᠷ ᠰᠠᠷ᠎ᠠ ᠶᠢᠨ 23 ᠤ ᠡᠳᠦᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠡᠷᠭᠡ ᠣᠩᠭᠤᠴᠠ ᠶᠢᠨ ᠭᠠᠶᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 149 ᠳ᠋ᠦᠭᠡᠷ ᠲᠣᠭᠠᠲᠤ︶ ᠶᠢ ᠡᠭᠦᠨ ᠤ ᠬᠠᠮᠲᠤ ᠬᠦᠴᠦᠨ | ᠦᠭᠡᠶ ᠪᠣᠯᠭᠠᠨ᠎ᠠ᠃ |