ᠢᠪᠷᠡᠶᠢᠴᠤᠳ ᠤᠨ ᠠᠮᠢᠳᠤᠷᠠᠬᠤᠢ ᠶᠢᠨ ᠦᠵᠡᠯ ᠪᠤᠳᠤᠯ
ᠨᠡᠶᠢᠲᠡᠯᠡᠭᠰᠡᠨ ᠴᠠᠭ᠄
2018-07-02
       ︽ᠲᠡᠯᠡᠬᠡᠢ ᠶᠢᠨ ᠬᠠᠮᠤᠭ ᠤᠨ ᠪᠦᠳᠦᠮᠵᠢᠳᠡᠢ ᠰᠤᠷᠭᠠᠨ ᠬᠦᠮᠦᠵᠢᠯ︾ ᠭᠡᠰᠡᠨ ᠨᠤᠮ ᠠᠴᠠ ᠤᠶᠢᠯᠠᠭᠠᠭᠰᠠᠨ ᠢᠶᠠᠷ ᠢᠪᠷᠡᠢ ᠦᠨᠳᠦᠰᠦᠳᠡᠨ ᠤ ᠰᠡᠷᠭᠦᠯᠡᠩ᠂ ᠮᠡᠷᠭᠡᠨ ᠤᠬᠠᠭᠠᠨ ᠲᠠᠢ ᠪᠠᠶᠢᠳᠠᠭ ᠤᠨ ᠰᠢᠯᠳᠠᠭᠠᠨ ᠨᠢ᠄        ᠨᠢᠭᠡ᠂ ᠰᠢᠳᠦᠯᠭᠡ         ᠢᠪᠷᠡᠢ ᠰᠢᠳᠦᠯᠭᠡ ᠶᠢᠨ ᠲᠤᠰ ᠪᠡᠶ᠎ᠡ ᠳᠤ ᠰᠤᠷᠤᠯᠴᠠᠯᠭ᠎ᠠ ᠪᠠ ᠨᠢᠭᠳᠠᠯᠠᠨ ᠰᠤᠳᠤᠯᠬᠤ ᠪᠤᠯ ᠴᠢᠬᠤᠯᠠ ᠨᠢᠭᠡ ᠭᠡᠰᠡᠭ ᠶᠤᠮ᠂ ᠲᠡᠷᠡ ᠮᠦᠷᠳᠡᠭᠡᠨ ᠡᠨᠡ ᠨᠢ ᠨᠢᠭᠡᠨ ᠠᠷᠢᠭᠤᠨ᠂ ᠡᠷᠭᠢᠮ ᠲᠡᠭᠡᠳᠦ ᠵᠠᠷᠯᠢᠭ ᠪᠠᠶᠢᠭ᠎ᠠ ᠪᠤᠯᠬᠤᠷ ᠲᠡᠯᠡᠬᠡᠢ ᠲᠡᠭᠡᠷ᠎ᠡ ᠡᠭᠦᠨ ᠠᠴᠠ ᠤᠨᠳᠤᠤ ᠠᠯᠢ ᠴᠤ ᠦᠨᠳᠦᠰᠦᠳᠡᠨ ᠡᠶᠢᠮᠦᠷᠬᠦ ᠰᠤᠷᠤᠯᠴᠠᠯᠭ᠎ᠠ ᠪᠠᠷ ᠰᠢᠳᠦᠯᠭᠡ ᠪᠠᠨ ᠪᠤᠯᠭᠠᠭᠰᠠᠨ ᠦᠬᠡᠢ ᠪᠢᠯᠡ᠃        ᠬᠤᠶᠠᠷ᠂ ᠢᠪᠷᠡᠢ ᠦᠨᠳᠦᠰᠦᠳᠡᠨ ᠤ ᠨᠢᠳᠦᠨ ᠳᠤ ᠪᠠᠭᠰᠢ ᠤᠯᠤᠰ ᠤᠨ ᠸᠠᠩ ᠠᠴᠠ ᠢᠯᠡᠭᠦᠦ ᠪᠠᠶᠢᠷᠢ ᠰᠠᠭᠤᠷᠢ ᠦᠨᠳᠦᠷ ᠪᠠᠶᠢᠳᠠᠭ         ᠢᠪᠷᠡᠶᠢᠴᠦᠳ ᠮᠡᠳᠡᠯᠭᠡ ᠶᠢ ᠬᠦᠨᠳᠦᠳᠭᠡᠳᠡᠭ᠂ ᠡᠬᠦᠨ ᠳᠤ ᠮᠡᠳᠡᠯᠭᠡ ᠰᠤᠷᠤᠯᠴᠠᠭᠴᠢ ᠬᠢᠬᠡᠳ ᠮᠡᠳᠡᠯᠭᠡ ᠶᠢ ᠤᠯᠠᠮᠵᠢᠯᠠᠳᠠᠭ ᠪᠠᠭᠰᠢ ᠪᠠᠭᠳᠠᠳᠠᠭ᠂ ᠢᠪᠷᠡᠶᠢᠴᠦᠳ ᠤᠨ ᠬᠠᠤᠯᠢ ᠴᠠᠭᠠᠵᠠ ᠳᠤ ᠪᠠᠭᠰᠢ ᠳᠤ ᠠᠪᠤ ᠡᠵᠢ ᠠᠴᠠ ᠦᠨᠳᠦᠷ ᠪᠠᠶᠢᠷᠢ ᠰᠠᠭᠤᠷᠢ ᠤᠯᠭᠤᠳᠠᠭ᠂ ᠤᠴᠢᠷ ᠨᠢ ᠠᠪᠤ ᠡᠵᠢ ᠬᠡᠦᠬᠡᠳ ᠤᠳ ᠢ ᠦᠨᠦᠳᠦᠷ ᠤᠨ ᠠᠮᠢᠳᠤᠷᠠᠯ ᠳᠤ ᠠᠪᠴᠢᠷᠠᠳᠠᠭ᠂ ᠭᠡᠳᠡᠯ᠎ᠡ ᠪᠠᠭᠰᠢ ᠬᠡᠦᠬᠡᠳ ᠤᠳ ᠢ ᠢᠷᠡᠭᠡᠳᠦᠢ ᠶᠢᠨ ᠠᠮᠢᠳᠤᠷᠠᠯ ᠳᠤ ᠤᠷᠤᠭᠤᠯᠳᠠᠭ᠃         ᠭᠤᠷᠪᠠ᠂ ᠮᠡᠷᠭᠡᠨ ᠤᠬᠠᠭᠠᠨ ᠨᠢ ᠢᠪᠷᠡᠶᠢᠴᠦᠳ ᠤᠨ ᠰᠡᠳᠬᠢᠯ ᠳᠤ ᠴᠢᠬᠤᠯᠠ ᠪᠠᠶᠢᠷᠢ ᠶᠢ ᠡᠵᠡᠯᠡᠳᠡᠭ        ᠮᠡᠷᠭᠡᠨ ᠤᠬᠠᠭᠠᠨ ᠨᠢ ᠮᠡᠳᠡᠯᠭᠡ ᠲᠠᠢ ᠠᠳᠠᠯᠢ ᠦᠬᠡᠢ ᠪᠠᠶᠢᠳᠠᠭ᠂ ᠮᠡᠳᠡᠯᠭᠡ ᠪᠤᠯ ᠲᠠ ᠶᠠᠭᠤ ᠮᠡᠳᠡᠬᠦ ᠪᠤᠢ︖ ᠭᠡᠳᠡᠯ᠎ᠡ ᠮᠡᠷᠭᠡᠨ ᠤᠬᠠᠭᠠᠨ ᠪᠤᠯ ᠲᠠ ᠶᠠᠭᠠᠬᠢᠵᠤ ᠦᠪᠡᠷ ᠤᠨ ᠮᠡᠳᠡᠭᠰᠡᠨ ᠵᠦᠢᠯ ᠢᠶᠠᠨ ᠠᠮᠢᠳᠤᠷᠠᠯ ᠲᠠᠢ ᠪᠠᠨ ᠤᠶᠠᠯᠳᠤᠭᠤᠯᠬᠤ ᠪᠤᠢ︖ ᠢᠪᠷᠡᠢ ᠪᠤᠭᠳᠠ ᠠᠴᠠ᠄ ︽ᠤᠯᠠᠨ ᠨᠤᠮ ᠤᠩᠰᠢᠭᠰᠠᠨ ᠬᠦᠮᠦᠨ᠂ ᠬᠡᠷᠪᠡ ᠨᠤᠮ ᠤᠨ ᠮᠡᠳᠡᠯᠬᠡ ᠶᠢ ᠬᠡᠷᠡᠭᠯᠡᠵᠦ ᠴᠢᠳᠠᠬᠤ ᠦᠬᠡᠢ ᠪᠤᠯ ᠵᠦᠪᠬᠡᠨ ᠨᠤᠮ ᠢᠶᠠᠨ ᠠᠴᠢᠵᠤ ᠪᠠᠶᠢᠭ᠎ᠠ ᠯᠠᠭᠤᠰᠠ ᠲᠠᠢ ᠠᠳᠠᠯᠢ︕︾ ᠭᠡᠵᠦ ᠬᠡᠯᠡᠳᠡᠭ᠃         ᠲᠦᠷᠪᠡ᠂ ᠢᠪᠷᠡᠶᠢᠴᠦᠳ ᠡᠭᠦᠳᠦᠨ ᠪᠦᠳᠦᠭᠡᠯᠳᠡ ᠶᠢ ᠬᠦᠨᠳᠦᠳᠭᠡᠨ ᠪᠢᠰᠢᠷᠡᠳᠡᠭ         ᠲᠡᠳᠡᠨ ᠤ ᠦᠵᠡᠬᠦ ᠪᠠᠷ ᠡᠭᠦᠳᠦᠨ ᠪᠦᠳᠦᠭᠡᠯᠳᠡ ᠦᠬᠡᠢ ᠰᠤᠷᠤᠯᠴᠠᠯᠭ᠎ᠠ ᠪᠤᠯ ᠵᠦᠪᠬᠡᠨ ᠲᠠᠭᠤᠷᠢᠶᠠᠮᠠᠯ ᠭᠡᠵᠦ ᠦᠵᠡᠳᠡᠭ᠂ ᠰᠤᠷᠤᠯᠴᠠᠯᠭ᠎ᠠ ᠪᠤᠯ ᠰᠠᠭᠤᠷᠢ ᠪᠠᠨ ᠪᠤᠳᠤᠯᠬᠢᠯᠡᠵᠤ᠂ ᠵᠤᠷᠢᠭ ᠲᠠᠢ ᠰᠡᠵᠢᠭᠯᠡᠵᠦ᠂ ᠴᠠᠭ ᠢᠮᠠᠭᠳᠠ ᠠᠰᠠᠭᠤᠯᠳᠠ ᠲᠠᠢ ᠪᠠᠶᠢᠬᠤ ᠬᠡᠷᠡᠭᠳᠡᠢ᠂ ᠤᠯᠠᠨ ᠢᠪᠷᠡᠢ ᠭᠡᠷ ᠪᠦᠯᠢ ᠳᠤ᠂ ᠬᠡᠦᠬᠡᠳ ᠨᠢ ᠤᠷᠤᠢ ᠰᠤᠷᠭᠠᠭᠤᠯᠢ ᠲᠠᠷᠬᠠᠭᠰᠠᠨ ᠤ ᠲᠠᠷᠠᠭ᠎ᠠ ᠭᠡᠷ ᠤᠨ ᠠᠬᠠᠮᠠᠳ ᠠᠴᠠ ᠠᠰᠠᠭᠤᠬᠤ ᠨᠢᠭᠡᠳᠦᠭᠡᠷ ᠦᠬᠡ ᠨᠢ᠄ ︽ᠴᠢ ᠪᠠᠰᠠ ᠠᠰᠠᠭᠤᠯᠳᠠ ᠠᠰᠠᠭᠤᠨ᠎ᠠ ᠤᠤ︖︾ ᠭᠡᠵᠦ ᠠᠰᠠᠭᠤᠳᠠᠭ᠃        ᠲᠠᠪᠤ᠂ ᠬᠡᠷ ᠪᠦᠯᠢ ᠶᠢᠨ ᠰᠤᠷᠭᠠᠨ ᠬᠦᠮᠦᠵᠢᠯ ᠳᠤ ᠬᠡᠦᠬᠡᠳ ᠤᠨ ᠪᠡᠶ᠎ᠡ ᠪᠠᠨ ᠲᠠᠭᠠᠭᠠᠬᠤ ᠤᠬᠠᠮᠰᠠᠷ ᠢ ᠴᠢᠬᠤᠯᠠᠴᠢᠯᠠᠳᠠᠭ         ᠡᠭᠦᠨ ᠢ ᠢᠷᠭᠡᠨ ᠤᠯᠤᠰ ᠲᠤ ᠲᠦᠷᠰᠦᠯᠡᠨ ᠪᠤᠳᠤᠬᠤ ᠶᠢᠨ ᠠᠷᠭ᠎ᠠ ᠦᠬᠡᠢ ᠪᠠᠶᠢᠳᠠᠭ᠂ ᠢᠪᠷᠡᠢ ᠬᠡᠦᠬᠡᠳ ᠭᠡᠷ ᠲᠡᠭᠡᠨ ᠠᠪᠤ ᠡᠵᠢ ᠲᠠᠢ ᠪᠠᠨ ᠡᠷᠭᠡ ᠲᠡᠭᠰᠢ ᠪᠠᠶᠢᠷᠢ ᠰᠠᠭᠤᠷᠢ ᠲᠠᠢ᠂ ᠠᠪᠤ ᠡᠵᠢ ᠶᠢᠨ ᠢᠶᠠᠨ ᠨᠡᠷ᠎ᠡ ᠪᠠᠷ ᠴᠤ ᠲᠠᠭᠤᠳᠠᠵᠤ ᠪᠤᠯᠳᠠᠭ᠃ ᠲᠡᠳᠡ ᠰᠤᠯᠠ ᠮᠦᠩᠬᠦ ᠵᠠᠷᠤᠬᠤ ᠳᠠᠭᠠᠨ ᠴᠤ ᠭᠡᠷ ᠤᠨ ᠠᠵᠢᠯ ᠬᠢᠭᠰᠡᠨ ᠤ ᠲᠠᠷᠠᠭ᠎ᠠ ᠰᠠᠶ᠋ᠢ ᠬᠠᠷᠠᠮᠵᠢ ᠤᠯᠳᠠᠭ᠂ ᠡᠶᠢᠮᠦ ᠠᠴᠠ ᠬᠡᠦᠬᠡᠳ ᠤᠳ ᠨᠢ ᠪᠠᠭ᠎ᠠ ᠠᠴᠠ ᠪᠠᠨ᠄ ︽ᠨᠢᠭᠡᠨ ᠲᠠᠭᠠᠳᠠᠢ ᠠᠮᠢᠳᠤᠷᠠᠯ ᠡᠳ᠋ᠯᠡᠬᠦ ᠭᠡᠪᠡᠯ ᠵᠠᠪᠠᠯ ᠦᠪᠡᠷ ᠤᠨ ᠴᠢᠷᠮᠠᠶᠢᠯᠭ᠎ᠠ ᠪᠠᠷ ᠢᠶᠠᠨ ᠤᠯᠳᠠᠭ︾ ᠭᠡᠳᠡᠭ ᠢ ᠮᠡᠳᠡᠳᠡᠭ᠃        ᠵᠢᠷᠭᠤᠭ᠎ᠠ᠂ ᠢᠪᠷᠡᠶᠢᠴᠦᠳ ᠪᠠᠶᠠᠷ ᠤᠨ ᠡᠳᠦᠷ ᠢᠶᠠᠷ ᠬᠡᠦᠬᠡᠳ ᠤᠳ ᠲᠡᠭᠡᠨ ᠨᠡᠶᠢᠭᠡᠮ ᠤᠨ ᠰᠤᠷᠭᠠᠨ ᠬᠦᠮᠦᠵᠢᠯ ᠬᠢᠳᠡᠭ         ᠢᠪᠷᠡᠶᠢᠴᠦᠳ ᠤᠨ ᠰᠢᠳᠦᠯᠭᠡ ᠶᠢᠨ ᠪᠠᠶᠠᠷ ᠤᠨ ᠡᠳᠦᠷ ᠲᠤᠩ ᠤᠯᠠᠨ ᠪᠠᠶᠢᠳᠠᠭ᠂ ᠲᠡᠷᠡ ᠮᠦᠷᠳᠡᠭᠡᠨ ᠪᠠᠶᠠᠷ ᠤᠨ ᠡᠳᠦᠷ ᠪᠤᠯᠭᠠᠨ ᠨᠢ ᠦᠨᠳᠦᠰᠦᠳᠡᠨ ᠤ ᠬᠢᠨᠢ ᠲᠡᠦᠬᠡ ᠲᠠᠢ ᠮᠠᠰᠢ ᠨᠢᠭᠳᠠ ᠬᠠᠷᠢᠴᠠᠭ᠎ᠠ ᠲᠠᠢ ᠪᠠᠶᠢᠳᠠᠭ᠂ ᠪᠠᠶᠠᠷ ᠤᠨ ᠡᠳᠦᠷ ᠢᠶᠠᠷ ᠦᠪᠡᠳᠡᠭᠰᠢ ᠶᠡᠭᠡ ᠭᠠᠰᠢᠭᠤᠳᠠᠯ ᠤᠨ ᠶᠤᠰᠤᠯᠠᠯ ᠬᠢᠵᠦ᠂ ᠶᠤᠰᠤᠯᠠᠯ ᠳᠤ ᠬᠡᠦᠬᠡᠳ ᠤᠳ ᠢᠶᠠᠷ ᠮᠠᠰᠢ ᠤᠯᠠᠨ ᠠᠰᠠᠭᠤᠯᠳᠠ ᠠᠰᠠᠭᠤᠯᠭᠠᠳᠠᠭ ᠢᠶᠠᠷ ᠪᠡᠷᠡᠬᠤ ᠦᠬᠡᠢ ᠦᠨᠳᠦᠰᠦᠳᠡᠨ ᠤ ᠬᠠᠷᠠᠰᠠᠯᠳᠤ ᠲᠡᠦᠬᠡ ᠶᠢ ᠭᠠᠰᠢᠭᠤᠳᠠᠨ ᠲᠡᠮᠳᠡᠭᠯᠡᠳᠡᠭ᠃         ᠲᠤᠯᠤᠭ᠎ᠠ᠂ ᠢᠪᠷᠡᠶᠢᠴᠦᠳ ᠡᠵᠡᠩᠨᠡᠯᠳᠡ ᠶᠢᠨ ᠲᠤᠬᠠᠢ ᠠᠷᠭ᠎ᠠ ᠵᠠᠮ ᠢ ᠬᠠᠰᠢᠷ ᠰᠠᠶᠢᠨ ᠮᠡᠳᠡᠳᠡᠭ         ᠡᠨᠡ ᠪᠤᠯ ᠲᠡᠳᠡᠨ ᠤ ᠲᠠᠰᠤᠷᠠᠯᠳᠠ ᠦᠬᠡᠢ ᠲᠤᠷᠰᠢᠯᠭ᠎ᠠ ᠪᠠ ᠮᠡᠳᠡᠯᠭᠡ ᠪᠠᠨ ᠠᠯᠬᠤᠮ ᠠᠯᠬᠤᠮ ᠢᠶᠠᠷ ᠬᠤᠷᠠᠮᠳᠤᠭᠤᠯᠤᠭᠰᠠᠨ ᠤ ᠦᠷ᠎ᠡ ᠳ᠋ᠦᠩ ᠶᠤᠮ᠂ ᠡᠬᠦᠨ ᠤ ᠡᠬᠢ ᠪᠤᠯᠠᠭ ᠨᠢ ᠬᠦᠳᠡᠯᠮᠦᠷᠢᠴᠢ᠂ ᠲᠠᠪᠴᠢᠶᠠᠷᠢ ᠲᠠᠢ᠂ ᠬᠠᠳᠠᠨ ᠵᠤᠷᠢᠭ ᠲᠠᠢ᠂ ᠮᠡᠷᠭᠡᠨ ᠤᠬᠠᠭᠠᠨ ᠤ ᠡᠵᠡᠩᠨᠡᠯᠳᠡ᠂ ᠰᠢᠯᠢᠳᠡᠭ ᠰᠠᠶᠢᠨ ᠰᠤᠷᠭᠠᠨ ᠬᠦᠮᠦᠵᠢᠯ ᠤᠨ ᠦᠷ᠎ᠡ ᠵᠢᠮᠢᠰ ᠶᠤᠮ᠃        ᠨᠠᠢᠮᠠ᠂ ᠢᠪᠷᠡᠶᠢᠴᠦᠳ ᠰᠢᠯᠢᠳᠡᠭ ᠰᠠᠶᠢᠨ ᠪᠤᠯᠪᠠᠰᠤᠷᠠᠯ ᠲᠠᠢ         ᠬᠠᠮᠤᠭ ᠡᠬᠢᠨ ᠳᠤ ᠲᠡᠳᠡᠨ ᠤ ᠦᠨᠳᠦᠰᠦᠳᠡᠨ ᠨᠢ ᠬᠠᠯᠠ ᠲᠠᠮᠤ᠂ ᠠᠶᠤᠯᠳᠤ ᠬᠢᠳᠤᠯᠭ᠎ᠠ ᠶᠢᠨ ᠲᠡᠦᠭᠡᠨ ᠶᠠᠪᠤᠴᠠ ᠳᠤ ᠲᠡᠳᠡ ᠪᠠᠶᠠᠰᠤᠩᠭᠤᠢ ᠪᠦᠬᠡᠳ ᠢᠳᠡᠭᠡᠯ ᠲᠠᠢ᠂ ᠡᠷᠬᠢᠮᠰᠦᠭ ᠪᠠᠶᠢᠳᠠᠭ᠃ ᠲᠠᠷᠠᠭ᠎ᠠ ᠨᠢ᠂ ᠬᠠᠯᠠ ᠲᠠᠮᠤ ᠶᠢᠨ ᠲᠤᠮᠳᠠ ᠲᠡᠳᠡ ᠤᠨᠴᠠᠭᠠᠢ ᠲᠡᠰᠪᠦᠷᠢ ᠲᠠᠪᠴᠢᠶᠠᠷᠢ ᠲᠠᠢ ᠰᠡᠳᠬᠢᠴᠡ ᠶᠢᠨ ᠪᠤᠯᠪᠠᠰᠤᠷᠠᠯ ᠢ ᠪᠤᠯᠪᠠᠰᠤᠷᠠᠭᠤᠯᠤᠭᠰᠠᠨ ᠪᠠᠶᠢᠨ᠎ᠠ᠃ ᠰᠡᠭᠦᠯ ᠳᠤᠨᠢ᠂ ᠢᠪᠷᠡᠶᠢᠴᠦᠳ ᠰᠠᠬᠢᠯᠭ᠎ᠠ ᠪᠠᠳᠤ ᠴᠢᠩᠭ᠎ᠠ ᠪᠠᠶᠢᠳᠠᠭ᠃ ᠶᠠᠭ ᠡᠨᠡ ᠭᠤᠷᠪᠠᠨ ᠴᠢᠨᠠᠷ ᠨᠢ ᠢᠪᠷᠡᠶᠢᠴᠦᠳ ᠤᠨ ᠦᠨᠳᠦᠰᠦᠳᠡᠨ ᠤ ᠬᠢᠨᠢ ᠤᠯᠠᠮᠵᠢᠯᠠᠯᠳᠤ ᠰᠤᠶᠤᠯ ᠢᠷᠭᠡᠨᠰᠢᠯ ᠪᠠ ᠰᠤᠷᠭᠠᠨ ᠬᠦᠮᠦᠵᠢᠯ ᠠᠴᠠ ᠢᠷᠡᠯᠳᠡᠢ ᠶᠤᠮ᠃         ᠶᠢᠰᠦ᠂ ᠲᠡᠯᠡᠬᠡᠢ ᠳᠤ ᠦᠵᠡᠭᠦᠯᠦᠭᠰᠡᠨ ᠴᠢᠬᠤᠯᠠ ᠨᠦᠯᠦᠭᠡ        ᠤᠷᠢᠳᠠᠪᠠᠷ ᠲᠡᠳᠡᠨ ᠤ ᠢᠯᠠᠯᠳᠡ ᠬᠢᠭᠡᠳ ᠦᠪᠡᠷᠮᠢᠴᠡ ᠭᠠᠪᠢᠶ᠎ᠠ ᠵᠢᠳᠬᠦᠯ ᠨᠢ ᠲᠡᠳᠡᠨ ᠤ ᠤᠯᠠᠮᠵᠢᠯᠠᠯᠳᠦ ᠰᠤᠷᠭᠠᠨ ᠬᠦᠮᠦᠵᠢᠯ ᠠᠴᠠ ᠰᠠᠯᠵᠤ ᠴᠢᠳᠠᠬᠤ ᠦᠬᠡᠢ᠂ ᠤᠴᠢᠷ ᠨᠢ ᠡᠭᠦᠨ ᠢᠶᠠᠷ ᠢᠶᠠᠨ ᠰᠠᠭᠤᠷᠢ ᠪᠤᠯᠭᠠᠳᠠᠭ᠃ ᠲᠠᠷᠠᠭ᠎ᠠ ᠨᠢ᠂ ᠲᠡᠳᠡᠨ ᠤ ᠠᠵᠢᠯ ᠦᠢᠯᠡᠰ ᠤᠨ ᠢᠯᠡᠯᠳᠡ ᠬᠢᠬᠡᠳ ᠬᠡᠷ ᠪᠦᠯᠢ ᠶᠢᠨ ᠬᠤᠤᠰ ᠰᠤᠷᠭᠠᠨ ᠬᠦᠮᠦᠵᠢᠯ ᠨᠢ ᠲᠡᠳᠡᠨ ᠤ ᠡᠷᠳᠡ ᠦᠶ᠎ᠡ ᠶᠢᠨ ᠤᠶᠤᠨ ᠢᠶᠠᠨ ᠨᠡᠭᠡᠭᠡᠭᠳᠡᠬᠦᠯᠬᠦ᠂ ᠨᠡᠶᠢᠬᠡᠮᠴᠢᠯᠡᠵᠦ ᠰᠤᠷᠭᠠᠬᠤ᠂ ᠬᠡᠦᠬᠡᠳ ᠢᠶᠠᠨ ᠠᠵᠢᠯᠰᠠᠭ᠂ ᠤᠯᠠᠨ ᠠᠰᠠᠭᠤᠯᠳᠠ ᠠᠰᠠᠭᠤᠯᠭᠠᠬᠤ᠂ ᠤᠯᠠᠨ ᠪᠤᠳᠤᠯᠬᠢᠯᠠᠭᠤᠯᠬᠤ ᠰᠤᠷᠭᠠᠨ ᠬᠦᠮᠦᠵᠢᠯ ᠲᠠᠢ ᠨᠢᠭᠳᠠ ᠬᠠᠷᠢᠴᠠᠭ᠎ᠠ ᠲᠠᠢ ᠪᠠᠶᠢᠳᠠᠭ᠃ ᠰᠡᠭᠦᠯ ᠳᠤᠨᠢ᠂ ᠲᠡᠳᠡ ᠬᠦᠮᠦᠨ ᠲᠦᠷᠦᠯᠬᠢᠳᠡᠨ ᠳᠤ ᠬᠠᠶᠢᠷ᠎ᠠ ᠪᠠᠨ ᠦᠭᠳᠡᠭ ᠪᠠ ᠠᠵᠢᠯ ᠰᠤᠷᠤᠯᠭ᠎ᠠ ᠳᠠᠭᠠᠨ ᠲᠠᠷᠤᠤ᠂ ᠭᠤᠶᠢᠪᠢᠰᠢ ᠦᠬᠡᠢ᠂ ᠠᠵᠢᠯᠰᠠᠭ᠂ ᠬᠦᠴᠢᠷ ᠠᠴᠠ ᠠᠶᠤᠬᠤ ᠦᠬᠡᠢ᠂ ᠡᠭᠦᠳᠦᠨ ᠪᠦᠳᠦᠭᠡᠬᠦ ᠵᠤᠷᠢᠭ ᠲᠠᠢ᠂ ᠦᠪᠡᠷ ᠢ ᠪᠠᠨ ᠦᠷᠭᠦᠯᠵᠢ ᠢᠯᠡᠨ᠎ᠡ᠂ ᠡᠷᠳᠡᠮ ᠰᠢᠨᠵᠢᠯᠡᠭᠡ ᠶᠢᠨ ᠡᠷᠭᠡ ᠬᠦᠨᠳᠦ ᠶᠢ ᠦᠷᠢᠰᠦᠯᠳᠦᠳᠡᠭ᠃        ᠠᠷᠪᠠ᠂ ᠢᠰᠷᠧᠯ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠳᠤ ᠤᠷᠤᠭᠤᠯᠤᠭᠰᠠᠨ ᠡᠵᠡᠩᠨᠡᠯᠳᠡ ᠶᠢᠨ ᠮᠦᠩᠬᠦ ᠶᠢ ᠤᠨᠳᠤᠤ ᠤᠯᠤᠰ ᠲᠡᠭᠦᠨ ᠲᠠᠢ ᠠᠳᠠᠯᠢᠳᠬᠠᠬᠤ ᠶᠢᠨ ᠠᠷᠭ᠎ᠠ ᠦᠬᠡᠢ        ᠰᠤᠷᠭᠠᠨ ᠬᠦᠮᠦᠵᠢᠯ ᠳᠤ ᠲᠡᠳᠭᠦᠭᠰᠡᠨ ᠵᠠᠷᠤᠳᠠᠯ ᠨᠢ ᠤᠯᠤᠰ ᠤᠨ ᠲᠠᠷᠤᠭᠠᠰᠤ ᠪᠢᠰᠢ ᠪᠠᠶᠢᠳᠠᠭ᠂ ᠦᠨᠳᠦᠷ ᠪᠤᠯᠪᠠᠰᠤᠷᠠᠯ ᠲᠠᠢ ᠬᠦᠮᠦᠰ ᠢ ᠪᠤᠯᠪᠠᠰᠤᠷᠠᠭᠤᠯᠬᠤ ᠶᠢᠨ ᠲᠤᠯᠠᠳᠠ ᠲᠡᠳᠡ ᠠᠯᠢᠪᠠ ᠶᠢ ᠪᠦᠷ ᠬᠠᠩᠭᠠᠳᠠᠭ᠃        ᠠᠷᠪᠡᠨ ᠨᠢᠭᠡ᠂ ᠢᠰᠷᠧᠯ ᠤᠨ ᠰᠤᠷᠭᠠᠨ ᠬᠦᠮᠦᠵᠢᠯ ᠤᠨ ᠭᠠᠶᠢᠬᠠᠮᠰᠢᠭ ᠨᠢ ᠢᠪᠷᠡᠢ ᠬᠡᠯᠡᠨ ᠤ ᠰᠡᠷᠭᠦᠯᠳᠡ ᠶᠤᠮ        ᠦᠬᠡ ᠬᠡᠯᠡ ᠪᠤᠯ ᠰᠡᠵᠢᠭᠯᠡᠰᠢ ᠦᠬᠡᠢ ᠨᠢᠭᠡᠨ ᠦᠨᠳᠦᠰᠦᠳᠡᠨ ᠤ ᠠᠮᠢ ᠪᠠᠶᠢᠭ᠎ᠠ ᠶᠤᠮ᠂ ᠲᠡᠦᠭᠡᠨ ᠲᠡᠭᠡᠷ᠎ᠡ ᠢᠪᠷᠡᠢ ᠬᠡᠯᠡ ᠢᠪᠷᠡᠶᠢᠴᠦᠳ ᠤᠨ ᠡᠯ᠎ᠡ ᠤᠯᠤᠰ ᠢᠶᠠᠷ ᠪᠤᠳᠠᠷᠠᠨ ᠶᠠᠪᠤᠬᠤ ᠳᠤ᠂ ᠦᠬᠡ ᠬᠡᠯᠡ ᠨᠢ ᠴᠤ ᠢᠳᠡᠭ ᠢᠳᠡᠭ ᠢᠶᠠᠷ ᠤᠰᠠᠳᠴᠤ ᠡᠬᠢᠯᠡᠭᠰᠡᠨ ᠪᠢᠯᠡ᠂ ᠲᠡᠭᠡᠭᠡᠳ 19 ᠳ᠋ᠤᠭᠡᠷ ᠵᠠᠭᠤᠨ ᠳᠤ ᠤᠯᠤᠰ ᠢᠶᠠᠨ ᠰᠡᠷᠭᠦᠬᠡᠬᠦ ᠬᠦᠳᠡᠯᠭᠡᠭᠡᠨ ᠦᠷᠨᠢᠭᠦᠯᠵᠦ᠂ ᠲᠡᠳᠡ ︽ᠨᠢᠭᠡ ᠦᠨᠳᠦᠰᠦᠳᠡᠨ᠂ ᠨᠢᠭᠡ ᠦᠬᠡ ᠬᠡᠯᠡ︾ ᠭᠡᠰᠡᠨ ᠤᠷᠢᠶ᠎ᠠ ᠪᠠᠷ᠂ ᠵᠠᠭᠤᠨ ᠵᠢᠯ ᠤᠨ ᠲᠤᠳᠤᠷ᠎ᠠ ᠢᠰᠷᠧᠯ ᠤᠯᠤᠰ ᠤᠨ ᠰᠤᠷᠭᠠᠨ ᠬᠦᠮᠦᠵᠢᠯ ᠬᠦᠴᠦᠷᠭᠡᠭ ᠶᠡᠭᠡᠪᠠᠷ ᠦᠬᠡ ᠬᠡᠯᠡ ᠪᠠᠨ ᠠᠮᠢᠯᠠᠭᠤᠯᠵᠤ᠂ ᠦᠨᠳᠦᠰᠦᠳᠡᠨ ᠢᠶᠠᠨ ᠨᠢᠭᠳᠠᠷᠠᠭᠤᠯᠤᠨ ᠪᠤᠰᠬᠠᠭᠰᠠᠨ ᠨᠢ ᠵᠢᠩᠬᠢᠨᠢ ᠲᠡᠯᠡᠬᠡᠢ ᠶᠢᠨ ᠭᠠᠶᠢᠬᠠᠮᠰᠢᠭ ᠪᠠᠶᠢᠭ᠎ᠠ ᠶᠤᠮ ᠡ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号