︽ᠵᠠᠰᠠᠭ ᠤᠨ ᠤᠷᠳᠣᠨ ᠤ ᠠᠵᠢᠯ ᠤᠨ ᠢᠯᠡᠳᠬᠡᠯ︾ ᠤᠨ ᠨᠡᠷᠡᠰ ᠤᠨ ᠲᠠᠶᠢᠯᠪᠤᠷᠢ | | ᠭᠤᠷᠪᠠᠨ ᠯᠠᠪᠳᠠᠭᠤᠨ ᠪᠠᠲᠤᠲᠠᠢ᠄ 2018 ᠤᠨ ᠳᠤ᠂ ᠶᠡᠷᠦᠩᠬᠡᠢ ᠱᠦᠵᠢ ᠰᠢ ᠶᠢᠨ ᠫᠢᠩ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠦᠪᠥᠷ ᠮᠣᠩᠭᠤᠯ ᠤᠨ ᠲᠦᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠣᠯᠴᠠᠬᠤ ᠳᠠᠭᠠᠨ᠂ ᠦᠪᠥᠷ | ᠮᠣᠩᠭᠤᠯ ᠳᠤ ︽ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠰᠡᠨ | ︽ᠭᠤᠷᠪᠠᠨ ᠯᠠᠪᠳᠠᠭᠤᠨ ᠪᠠᠳᠤᠲᠠᠢ︾ ᠴᠢᠬᠤᠯᠠ ᠵᠢᠭᠠᠪᠤᠷᠢ ᠳᠤᠷᠠᠳᠤᠭᠰᠠᠨ ᠪᠠᠶᠢᠨ᠎ᠠ᠃ | ᠲᠦᠷᠪᠡᠨ ᠬᠦᠴᠦᠯᠡᠬᠦ᠄ 2014 ᠤᠨ ᠳᠤ᠂ ᠶᠡᠷᠦᠩᠬᠡᠢ ᠱᠦᠵᠢ ᠰᠢ ᠶᠢᠨ ᠫᠢᠩ ᠦᠪᠥᠷ ᠮᠣᠩᠭᠤᠯ ᠳᠤ | ᠪᠠᠶᠢᠴᠠᠭᠠᠨ ᠰᠣᠳᠣᠯᠣᠯᠲᠠ ᠬᠢᠬᠦ ᠦᠶ᠎ᠠ ᠳᠤ︾ ᠠᠵᠤ ᠠᠬᠤᠶ ᠶᠢᠨ ᠬᠦᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ | ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠤᠷᠣᠨ ᠤ ᠠᠵᠢᠯ ᠢ ᠬᠦᠴᠦᠯᠡᠨ ᠰᠠᠶᠢᠲᠤᠷ | ᠠᠳᠬᠤᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠡᠯ᠎ᠠ ᠵᠦᠢᠯ ᠤᠨ ᠠᠵᠢᠯ ᠢ ᠬᠦᠴᠦᠯᠡᠨ ᠠᠬᠢᠭᠤᠯᠬᠤ ᠬᠡᠷᠡᠭᠲᠡᠢ ᠭᠡᠰᠡᠨ ︽ᠲᠦᠷᠪᠡᠨ ᠬᠦᠴᠦᠯᠡᠬᠦ︾ ᠴᠢᠬᠤᠯᠠ | ᠱᠠᠭᠠᠷᠳᠠᠯᠭ᠎ᠠ ᠳᠣᠷᠠᠳᠤᠭᠰᠠᠨ ᠪᠠᠶᠢᠨ᠎ᠠ᠃ | ᠬᠤᠶᠠᠷ ᠲᠤ ᠵᠣᠪᠠᠭ᠋ᠤ ᠦᠬᠡᠢ ᠭᠤᠷᠪᠠ ᠶᠢ ᠪᠠᠲᠤᠯᠠᠬᠤ᠄ 2020 ᠤᠨ ᠪᠣᠯᠬᠤ ᠳᠤ᠂ ᠶᠠᠳᠠᠭᠤ ᠠᠴᠠ | ᠲᠡᠳᠬᠦᠭᠳᠡᠬᠦ ᠡᠲᠡᠭᠡᠳ ᠢ ᠢᠳᠡᠬᠦ᠂ ᠡᠮᠦᠰᠬᠦ ᠳᠤ ᠵᠣᠪᠠᠭ᠋ᠤ ᠦᠬᠡᠶ ᠪᠠᠶᠢᠬᠤ ᠶᠢ ᠲᠤᠭᠲᠠᠭᠤᠨ ᠢᠶᠠᠷ ᠪᠡᠶᠡᠯᠡᠭᠦᠯᠵᠦ᠂ | ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ ᠪᠣᠯᠤᠨ ᠤᠷᠣᠨ ᠰᠠᠭᠤᠴᠠ ᠶᠢᠨ ᠠᠮᠤᠷ | ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃ | ᠠᠵᠤ ᠠᠬᠤᠶ ᠶᠢᠨ ᠲᠠᠷᠢᠮᠠᠯ ᠢ ᠨᠡᠮᠡᠭᠳᠡᠭᠦᠯᠵᠦ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ᠂ ᠦᠬᠡᠷ | ᠨᠡᠮᠡᠭᠳᠡᠭᠦᠯᠵᠦ ᠬᠤᠨᠢᠨ ᠤ ᠲᠤᠭ᠎ᠠ ᠶᠢ ᠲᠣᠭᠲᠠᠪᠤᠷᠢᠵᠢᠭᠤᠯᠤᠨ᠂ ᠭᠡᠷ ᠤᠨ ᠵᠢᠭᠦᠷᠲᠡᠨ ᠢ ᠨᠡᠮᠡᠭᠳᠡᠭᠦᠯᠵᠦ ᠭᠠᠭ᠋ᠠᠶ ᠶᠢᠨ | ᠲᠤᠭ᠎ᠠ ᠶᠢ ᠲᠤᠭᠳᠠᠪᠤᠷᠢᠵᠢᠭᠤᠯᠬᠤ᠄ ᠠᠵᠤ ᠠᠬᠤᠶ ᠶᠢᠨ ᠲᠠᠷᠢᠮᠠᠯ ᠤᠨ ᠲᠠᠷᠢᠬᠤ ᠲᠠᠯᠠᠪᠠᠢ ᠶᠢ ᠨᠡᠮᠡᠭᠳᠡᠭᠦᠯᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠤᠭᠳᠠᠪᠤᠷᠢᠵᠢᠭᠤᠯᠬᠤ᠂ ᠰᠢᠯᠢᠳᠡᠭ ᠡᠭᠦᠯᠳᠡᠷ ᠤᠨ ᠠᠯᠠᠰᠢᠨ | ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠵᠦ᠂ ᠴᠢᠨᠠᠷ ᠰᠠᠶᠢᠲᠠᠶ ᠠᠯᠠᠰᠢᠨ ᠬᠤᠨᠢ ᠶᠢᠨ ᠲᠤᠭ᠎ᠠ ᠲᠣᠯᠣᠭᠠᠶ ᠶᠢ | ᠲᠤᠭᠳᠠᠪᠤᠷᠢᠵᠢᠭᠤᠯᠬᠤ᠃ ᠭᠡᠷ ᠤᠨ ᠵᠢᠭᠦᠷᠲᠡᠨ ᠤ ᠲᠤᠭ᠎ᠠ ᠶᠢ ᠨᠡᠮᠡᠭᠳᠡᠭᠦᠯᠵᠦ᠂ ᠭᠠᠭ᠋ᠠᠶ ᠶᠢᠨ ᠲᠤᠭ᠎ᠠ ᠲᠣᠯᠣᠭᠠᠶ ᠶᠢ | ᠲᠣᠭᠲᠠᠭᠤᠨ ᠪᠠᠶᠢᠯᠭᠠᠬᠤ᠃ | ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ | ᠪᠣᠬᠢᠷᠲᠤᠯ ᠦᠬᠡᠢ ᠢᠳᠡᠭᠡᠨ᠂ ᠤᠷᠭᠠᠨ᠋ᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠢ ᠶᠢᠨ ᠪᠡᠯᠭᠡ ᠳᠡᠮᠳᠡᠭ ᠤᠨ ᠪᠦᠲᠦᠭᠡᠭᠳᠡᠬᠦᠨ ᠤ ᠶᠡᠷᠦᠩᠬᠡᠶ ᠨᠡᠷᠡᠶᠢᠳᠦᠯ ᠪᠣᠯᠤᠨ᠎ᠠ᠃ | ᠨᠠᠢᠮᠠᠨ ᠨᠠᠷᠢᠨ ᠬᠠᠭᠤᠳᠠᠰᠤ᠄ ᠵᠠᠰᠠᠭ ᠵᠠᠬᠢᠷᠭᠠᠨ ᠤ ᠡᠷᠬᠡ ᠪᠠ ᠬᠠᠷᠢᠭᠤᠴᠠᠯᠭ᠎ᠠ ᠶᠢᠨ ᠵᠦᠢᠯ᠂ ᠤᠯᠠᠨ | ᠨᠡᠶᠢᠲᠡ ᠶᠢᠨ ᠦᠢᠯᠡᠴᠢᠯᠡᠭᠡᠨ ᠤ ᠵᠦᠢᠯ᠂ ᠲᠣᠬᠢᠶᠠᠯᠳᠤᠭᠤᠯᠤᠨ ᠰᠤᠭᠤᠴᠢᠨ ᠪᠠᠶᠢᠴᠠᠭᠠᠬᠤ ᠵᠦᠢᠯ᠂ ᠭᠡᠷᠡᠴᠢᠯᠡᠬᠦ ᠵᠦᠢᠯ | ᠂ ᠵᠠᠭᠤᠴᠢᠯᠠᠬᠤ ᠦᠢᠯᠡᠴᠢᠯᠡᠭᠡᠨ ᠤ ᠵᠦᠢᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ | ᠬᠤᠷᠢᠶᠠᠬᠤ ᠵᠦᠢᠯ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ | ᠵᠦᠢᠯ ᠵᠡᠷᠭᠡ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠰᠠᠭᠤᠷᠢ ᠬᠠᠭᠤᠳᠠᠰᠤ᠃ | ᠮᠠᠨ ᠤ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠠᠭᠤᠯᠭ᠎ᠠ ᠮᠦᠨ᠃ | ᠤᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠄ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ | ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ | ᠳᠠᠩᠰᠠᠯᠠᠯ ᠤᠨ ᠦᠨᠡᠮᠯᠡᠯ ᠵᠡᠷᠭᠡ ︽ᠭᠤᠷᠪᠠᠨ ᠦᠨᠡᠮᠯᠡᠯ ᠢ ᠨᠢᠭᠡᠳᠬᠡᠬᠦ︾ ᠳᠡᠩᠰᠡᠯᠡᠯᠲᠡ ᠶᠢᠨ ᠲᠦᠷᠢᠮ ᠤᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠠ᠂ ᠨᠡᠶᠢᠭᠡᠮ ᠤᠨ ᠳᠠᠭᠠᠳᠬᠠᠯ ᠤᠨ | ᠳᠡᠩᠰᠡᠯᠡᠯᠲᠡ ᠶᠢᠨ ᠦᠨᠡᠮᠯᠡᠯ᠂ ᠪᠦᠷᠢᠳᠬᠡᠯ ᠤᠨ ᠳᠡᠩᠰᠡᠯᠡᠯᠲᠡ ᠶᠢᠨ ᠦᠨᠡᠮᠯᠡᠯ ᠵᠡᠷᠭᠡ ᠬᠤᠯᠪᠣᠭᠳᠠᠯ ᠪᠦᠬᠦᠢ ᠤᠯᠠᠨ | ᠭᠡᠷᠡᠴᠢ ᠦᠨᠡᠮᠯᠡᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ | ᠰᠠᠯᠠᠭ᠎ᠠ ᠮᠦᠴᠢᠷ ᠠᠴᠠ ᠨᠢᠭᠡᠳᠦᠯᠲᠡᠶ ᠨᠢᠭᠡ ᠯᠡ ᠡᠵᠡᠩᠨᠡᠯᠲᠡ ᠶᠢᠨ ᠦᠨᠡᠮᠯᠡᠯ ᠤᠯᠭᠤᠬᠤ ᠶᠢ ᠵᠢᠭᠠᠵᠤ ᠪᠠᠶᠢᠨ᠎ᠠ᠃ | ᠳᠠᠷᠳᠠᠩ ᠵᠠᠮ᠄ ᠤᠯᠤᠰ ᠤᠨ ᠵᠠᠮ ᠤᠨ G306 ᠶᠢᠨ ᠳᠦᠪ ᠬᠤᠲᠠ ᠲᠣᠭᠤᠷᠢᠭ ᠤᠨ ᠬᠡᠰᠡᠭ ᠤᠨ ᠵᠠᠮ ᠢ | ᠳᠠᠷᠳᠠᠩ ᠵᠠᠮ ᠭᠡᠵᠦ ᠨᠡᠷᠡᠯᠡᠪᠡ᠃ | ᠬᠤᠶᠠᠷ ᠠᠭᠤᠯᠠ ᠬᠤᠶᠠᠷ ᠬᠦᠷᠢᠶᠡᠯᠡᠩ᠄ ︽ᠬᠤᠶᠠᠷ ᠠᠭᠤᠯᠠ︾ ᠭᠡᠳᠡᠭ ᠪᠣᠯ ᠬᠤᠨᠭ᠍ᠱᠠᠨ ᠠᠭᠤᠯᠠ᠂ | ᠡᠮᠦᠨ᠎ᠠ ᠠᠭᠤᠯᠠ᠃ ︽ᠬᠤᠶᠠᠷ ᠬᠦᠷᠢᠶᠡᠯᠡᠩ︾ ᠭᠡᠳᠡᠭ ᠨᠢ ᠬᠦᠭᠦᠷᠭᠡ ᠶᠢᠨ ᠬᠤᠶᠢᠲᠠᠶ ᠨᠠᠷᠠᠰᠤᠨ ᠤᠶ ᠶᠢᠨ | ᠬᠦᠷᠢᠶᠡᠯᠡᠩ᠂ ᠬᠠᠶᠢᠯᠠᠷ ᠨᠠᠷᠠᠰᠤᠨ ᠤᠶ ᠶᠢᠨ ᠬᠦᠷᠢᠶᠡᠯᠡᠩ᠃ | ᠪᠠᠭᠤᠷᠠᠢ ᠶᠢ ᠪᠦᠬᠦ ᠲᠠᠯ᠎ᠠ ᠪᠠᠷ ᠦᠭᠡᠷᠡᠴᠢᠯᠡᠬᠦ᠄ ᠲᠤᠬᠠᠢᠢᠯᠠᠪᠠᠯ ᠶᠠᠳᠠᠭᠤ ᠬᠦᠴᠢᠷᠳᠡᠯ ᠲᠠᠢ ᠭᠠᠵᠠᠷ ᠤᠷᠣᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ | ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠪᠣᠯᠣᠨ᠎ᠠ᠃ 2014 ᠤᠨ ᠠᠴᠠ ᠡᠬᠢᠯᠡᠨ᠂ 3-5 ᠵᠢᠯ | ᠴᠢᠷᠮᠠᠶᠢᠵᠤ᠂ ᠶᠠᠳᠠᠭᠤ ᠬᠦᠴᠢᠷᠳᠡᠯ ᠲᠠᠢ ᠭᠠᠵᠠᠷ ᠤᠷᠣᠨ ᠤ ᠬᠦᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠵᠢᠭᠠᠨ ᠰᠤᠷᠭᠠᠬᠤ ᠲᠦᠬᠦᠭᠡᠷᠦᠮᠵᠢ ᠠᠮᠢᠳᠤᠷᠠᠯ ᠤᠨ ᠲᠦᠬᠦᠭᠡᠷᠦᠮᠵᠢ ᠶᠢᠨ ᠦᠨᠳᠦᠰᠦᠨ ᠬᠡᠷᠡᠭᠴᠡᠭᠡ ᠶᠢ | ᠬᠠᠩᠭᠠᠵᠤ᠂ ᠲᠣᠰᠬᠤᠨ ᠤ ᠪᠠᠭ᠎ᠠ ᠰᠤᠷᠭᠠᠭᠤᠯᠢ ᠪᠠ ᠵᠢᠭᠠᠨ ᠰᠤᠷᠭᠠᠬᠤ ᠴᠢᠭ ᠤᠨ ᠬᠡᠪ ᠤᠨ ᠠᠵᠢᠯᠯᠠᠭ᠎ᠠ ᠶᠢ | ᠪᠠᠲᠤᠯᠠᠨ᠎ᠠ᠂ ᠰᠢᠶᠠᠨ ᠪᠠᠯᠭᠠᠰᠤᠨ ᠤ ᠠᠩᠭᠢ ᠪᠦᠷᠢ ᠶᠢᠨ ᠬᠦᠮᠦᠨ ᠤ ᠲᠤᠭ᠎ᠠ ᠭᠡᠳᠦ ᠶᠡᠭᠡ ᠪᠠᠶᠢᠳᠠᠯ ᠢ | ᠦᠨᠳᠦᠰᠦᠨ ᠳᠡᠭᠡᠨ ᠰᠢᠢᠳᠪᠦᠷᠢᠯᠡᠵᠦ᠂ ᠪᠠᠭᠰᠢ ᠶᠢᠨ ᠲᠣᠬᠢᠷᠠᠭᠤᠯᠤᠯᠲᠠ ᠶᠢ ᠤᠯᠠᠮ ᠵᠦᠶ ᠵᠣᠬᠢᠰᠲᠠᠶ ᠪᠣᠯᠭᠠᠵᠤ᠂ | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠳᠣᠷᠭᠤᠨ ᠵᠣᠭᠰᠣᠭᠰᠠᠨ | ᠨᠣᠷᠮ᠎ᠠ ᠶᠢ 0.6% ᠪᠠ 1.8% ᠠᠴᠠ ᠳᠣᠣᠷ᠎ᠠ ᠪᠠᠷ ᠬᠢᠵᠠᠭᠠᠷᠯᠠᠨ᠎ᠠ᠃ | ᠬᠤᠷᠴᠠ ᠭᠢᠷᠠᠬᠠᠢ ᠢᠨᠵᠧᠨᠧᠷᠢᠩ᠄ ᠡᠯ᠎ᠠ ᠱᠠᠲᠤᠨ ᠤ ᠶᠡᠷᠦᠩᠬᠡᠶᠢᠯᠡᠨ ᠵᠠᠰᠠᠬᠤ ᠲᠦᠪ ᠢᠶᠠᠷ ᠵᠢᠯᠣᠭᠤᠳᠬᠤ | ᠲᠠᠪᠴᠠᠩ ᠪᠣᠯᠭᠠᠵᠤ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢ ᠪᠣᠯᠭᠠᠨ᠂ ᠰᠦᠯᠵᠢᠶᠡᠵᠢᠭᠰᠡᠨ ᠬᠠᠮᠢᠶᠠᠷᠤᠯᠲᠠ ᠪᠠᠷ | ᠰᠠᠭᠤᠷᠢ ᠪᠣᠯᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠭᠯᠠᠭᠤᠷ ᠤᠨ ᠬᠢᠨᠠᠨ ᠡᠵᠡᠮᠳᠡᠬᠦ ᠰᠦᠯᠵᠢᠶᠡᠨ ᠤ | ᠬᠡᠷᠡᠭᠯᠡᠯᠲᠡ ᠪᠠᠷ ᠭᠤᠣᠯᠳᠠᠯᠭ᠎ᠠ ᠪᠣᠯᠭᠠᠭᠰᠠᠨ ︽ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ | ᠢᠨᠵᠧᠨᠧᠷᠢᠩ︾ ᠪᠣᠯᠣᠨ᠎ᠠ᠂ ᠨᠡᠶᠢᠭᠡᠮ ᠢ ᠵᠠᠰᠠᠬᠤ ᠲᠠᠯ᠎ᠠ ᠪᠠᠷ ᠰᠢᠨ᠎ᠠ ᠶᠢ ᠡᠭᠦᠳᠬᠦ᠂ ᠬᠠᠮᠲᠤ ᠪᠠᠷ ᠡᠳ᠋ᠯᠡᠵᠦ | ᠬᠠᠮᠲᠤ ᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠳᠡᠰ ᠳᠡᠪᠰᠢᠭᠦᠯᠬᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮ ᠢ ᠳᠡᠰ ᠳᠡᠪᠰᠢᠭᠦᠯᠬᠦ ᠵᠡᠷᠭᠡ ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | ᠳᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ᠄ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠲᠦᠷᠦᠯ | ᠵᠦᠢᠯ ᠳᠤ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠰᠢᠲᠠᠭᠠᠯᠲᠠ ᠶᠢᠨ ᠬᠡᠢ | ᠬᠠᠩᠭᠠᠬᠤ᠂ ᠢᠯᠴᠢ ᠬᠠᠩᠭᠠᠬᠤ᠂ ᠵᠠᠮ ᠨᠡᠪᠲᠡᠷᠡᠬᠦ᠂ ᠬᠤᠯᠪᠣᠭ᠎ᠠ ᠨᠡᠪᠲᠡᠷᠡᠬᠦ᠂ ᠬᠦᠷᠢᠶ᠎ᠠ ᠬᠠᠰᠢᠶ᠎ᠠ ᠲᠡᠭᠰᠢᠯᠡᠬᠦ | ᠮᠡᠲᠦ ᠶᠢᠨ ᠭᠠᠳᠠᠭᠠᠳᠤ ᠰᠠᠭᠤᠷᠢ ᠨᠦᠬᠦᠴᠡᠯ ᠢ ᠪᠦᠷᠢᠳᠦᠭᠦᠯᠬᠦ ᠶᠢ ᠵᠢᠭᠠᠵᠤ ᠪᠠᠶᠢᠨ᠎ᠠ᠃ | ᠳᠡᠳ᠋ ᠭᠠᠷᠠᠮ ᠬᠠᠪᠢᠳᠠᠭᠰᠠᠨ ᠠᠵᠤ ᠦᠢᠯᠡᠰ ᠤᠨ ᠲᠣᠭᠤᠷᠢᠭ᠄ ᠤᠯᠠᠭᠠᠨᠬᠠᠳᠠ ᠳᠡᠭᠡᠳᠦ ᠰᠢᠨ᠎ᠠ | ᠮᠡᠷᠭᠡᠵᠢᠯ ᠤᠨ ᠠᠵᠤ ᠦᠢᠯᠡᠰ ᠤᠨ ᠲᠤᠭᠤᠷᠢᠭ ᠤᠨ ︽ᠨᠢᠭᠡ ᠲᠣᠭᠤᠷᠢᠭ ᠳᠦᠷᠪᠡᠨ ᠬᠦᠷᠢᠶᠡᠯᠡᠩ︾ ᠤᠨ ᠮᠠ ᠯᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠶᠤᠧᠠᠨ ᠪᠦᠦ ᠱᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠳᠦᠯᠦᠪᠵᠢᠬᠦᠯᠦᠨ᠂ ᠶᠡᠷᠦᠩᠬᠡᠶ ᠲᠠᠯᠠᠪᠠᠢ ᠨᠢ 64 ᠲᠡᠭᠰᠢ ᠳᠦᠷᠪᠡᠯᠵᠢᠨ ᠺᠢᠯᠣᠮᠧᠲᠷ᠂ ᠡᠷᠬᠢᠨ | ᠲᠣᠭᠤᠷᠢᠨ ᠤ ᠭᠠᠷᠠᠮ ᠤᠨ ᠬᠤᠲᠠᠳ ᠤᠨ ᠳᠠᠯᠠᠢ ᠶᠢᠨ ᠲᠡᠭᠡᠭᠡᠪᠦᠷᠢ ᠶᠢᠨ ᠡᠬᠢ ᠪᠠᠶᠠᠯᠢᠭ ᠢ ᠵᠠᠰᠠᠮᠠᠯ ᠵᠠᠮ ᠲᠡᠮᠦᠷ | ᠵᠠᠮ ᠤᠨ ᠲᠡᠭᠡᠭᠡᠪᠦᠷᠢ ᠪᠠᠷ ᠭᠠᠷᠠᠮ ᠬᠠᠪᠢᠳᠠᠭᠰᠠᠨ ᠠᠵᠤ ᠦᠢᠯᠡᠰ ᠤᠨ ᠲᠤᠭᠤᠷᠢᠭ ᠲᠤ ᠲᠡᠭᠡᠭᠡᠪᠦᠷᠢᠯᠡᠨ ᠠᠪᠴᠢᠷᠠᠵᠤ | ᠡᠳ᠋ᠰᠢᠭᠦᠯᠬᠦ᠂ ᠤᠯᠠᠷᠢᠭᠤᠯᠬᠤ᠂ ᠠᠰᠢᠭᠯᠠᠬᠤ ᠶᠢ ᠬᠡᠯᠡᠵᠦ ᠪᠠᠶᠢᠨ᠎ᠠ᠂ ᠭᠤᠣᠯᠳᠠᠭᠤ ᠦᠩᠭᠡᠲᠦ ᠲᠡᠮᠦᠷᠯᠢᠭ | ᠬᠠᠶᠢᠯᠤᠭᠤᠯᠵᠤ ᠡᠳ᠋ᠰᠢᠭᠦᠯᠬᠦ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ | ᠦᠢᠯᠡᠳᠬᠦ᠂ ᠮᠠᠰᠢᠨ ᠲᠦᠬᠦᠭᠡᠷᠦᠮᠵᠢ ᠦᠢᠯᠡᠳᠬᠦ ᠦᠢᠯᠡᠰ ᠵᠡᠷᠭᠡ ᠬᠤᠯᠪᠣᠭᠳᠠᠯ ᠪᠦᠬᠦᠢ ᠠᠵᠤ ᠦᠢᠯᠡᠰ ᠢ | ᠬᠦᠭᠵᠢᠭᠦᠯᠬᠦ ᠶᠢ ᠵᠢᠭᠠᠵᠤ ᠪᠠᠶᠢᠨ᠎ᠠ᠃ | ᠵᠢᠷᠭᠤᠭᠠᠨ ᠵᠢᠭᠤᠯᠴᠢᠯᠠᠯ ᠤᠨ ᠨᠡᠷᠡᠲᠦ ᠦᠵᠡᠮᠵᠢ᠄ ᠬᠡᠰᠢᠭᠲᠡᠨ ᠬᠤᠰᠢᠭᠤ ᠪᠠᠷ ᠭᠤᠣᠯ ᠪᠣᠯᠭᠠᠭᠰᠠᠨ ᠲᠠᠯ᠎ᠠ | ᠨᠤᠲᠤᠭ ᠤᠨ ᠦᠩᠭᠡ ᠦᠵᠡᠮᠵᠢ ᠶᠢᠨ ᠵᠢᠭᠤᠯᠴᠢᠯᠠᠯ᠂ ᠪᠠᠭᠠᠷᠢᠨ ᠵᠡᠭᠦᠨ ᠬᠤᠰᠢᠭᠤ ᠪᠠᠷ ᠭᠤᠣᠯ ᠪᠣᠯᠭᠠᠭᠰᠠᠨ ᠬᠢᠳᠠᠨ ᠤ | ᠯᠢᠶᠣᠤ ᠤᠯᠤᠰ ᠤᠨ ᠰᠣᠶᠣᠯ ᠢ ᠪᠡᠶᠡᠴᠢᠯᠡᠨ ᠤᠢᠢᠯᠠᠭᠠᠬᠤ ᠵᠢᠭᠤᠯᠴᠢᠯᠠᠯ᠂ ᠤᠩᠨᠢᠭᠤᠳ ᠬᠤᠰᠢᠭᠤ ᠪᠠᠷ ᠭᠤᠣᠯ | ᠪᠣᠯᠭᠠᠭᠰᠠᠨ ᠡᠯᠡᠰᠦ ᠮᠠᠩᠬᠠᠨ ᠦᠩᠭᠡ ᠦᠵᠡᠮᠵᠢ ᠪᠠ ᠲᠦᠢᠯᠰᠢᠷᠠᠯ ᠤᠨ ᠪᠡᠶ᠎ᠠ ᠲᠠᠮᠢᠷ ᠤᠨ ᠵᠢᠭᠤᠯᠴᠢᠯᠠᠯ᠂ ᠨᠢᠩᠴᠧᠩ | ᠰᠢᠶᠠᠨ ᠬᠢᠭᠡᠳ ᠬᠠᠷᠠᠴᠢᠨ ᠬᠤᠰᠢᠭᠤ ᠪᠠᠷ ᠭᠤᠣᠯ ᠪᠣᠯᠭᠠᠭᠰᠠᠨ ᠰᠡᠯᠡᠭᠦᠴᠡᠵᠦ ᠠᠮᠠᠷᠠᠨ ᠵᠤᠭᠠᠴᠠᠬᠤ ᠵᠢᠭᠤᠯᠴᠢᠯᠠᠯ᠂ | ᠭᠤᠣᠯ ᠬᠤᠳᠠ ᠶᠢᠨ ᠲᠣᠭᠤᠷᠢᠭ ᠢᠶᠠᠷ ᠭᠤᠣᠯ ᠪᠣᠯᠭᠠᠭᠰᠠᠨ ᠤᠢᠢᠷ᠎ᠠ ᠲᠡᠭᠦᠷᠭᠡ ᠶᠢᠨ ᠬᠦᠳᠡᠭᠡ ᠲᠣᠰᠬᠤᠨ ᠤ | ᠵᠢᠭᠤᠯᠴᠢᠯᠠᠯ᠂ ᠠᠤᠬᠠᠨ ᠬᠤᠰᠢᠭᠤ ᠪᠠᠷ ᠭᠤᠣᠯ ᠪᠣᠯᠭᠠᠭᠰᠠᠨ ᠪᠠᠯᠠᠷ ᠡᠷᠲᠡᠨ ᠤ ᠰᠣᠶᠣᠯ ᠤᠨ ᠰᠤᠳᠤᠯᠤᠨ | ᠰᠤᠷᠤᠯᠴᠠᠬᠤ ᠵᠢᠭᠤᠯᠴᠢᠯᠠᠯ ᠵᠡᠷᠭᠡ ᠵᠢᠷᠭᠤᠭᠠᠨ ᠵᠢᠭᠤᠯᠴᠢᠯᠠᠯ ᠤᠨ ᠨᠡᠷᠡᠲᠦ ᠦᠵᠡᠮᠵᠢ᠃ | ᠬᠦ᠋ᠳᠡᠭᠡ ᠲᠣᠰᠬᠤᠨ ᠤ ᠵᠠᠰᠠᠮᠠᠯ ᠵᠠᠮ ᠤᠨ ᠲᠦᠷᠪᠡᠨ ᠰᠠᠶᠢᠲᠤᠷ᠄ ᠶᠡᠷᠦᠩᠬᠡᠢ ᠱᠦᠵᠢ ᠰᠢ ᠶᠢᠨ ᠫᠢᠩ | ᠬᠦᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠢ ᠭᠠᠴᠠᠭ᠎ᠠ ᠪᠠᠯᠭᠠᠰᠤᠨ ᠤ ᠪᠠᠶᠢᠷᠢᠰᠢᠯ ᠢ | ᠰᠢᠯᠢᠳᠡᠭᠵᠢᠭᠦᠯᠵᠦ᠂ ᠬᠦᠳᠡᠭᠡ ᠲᠣᠰᠬᠤᠨ ᠤ ᠠᠵᠤ ᠠᠬᠤᠶ ᠶᠢᠨ ᠬᠦᠭᠵᠢᠯᠲᠡ ᠪᠠ ᠦᠷᠭᠡᠨ ᠤᠯᠠᠨ ᠲᠠᠷᠢᠶᠠᠴᠢᠳ ᠤᠨ | ᠠᠮᠤᠷ ᠲᠦᠪᠰᠢᠨ ᠪᠦᠭᠡᠳ ᠶᠠᠪᠤᠵᠤ ᠰᠠᠭᠤᠬᠤ ᠳᠤ ᠳᠦᠭᠦᠮ ᠪᠠᠶᠢᠬᠤ ᠳᠤ ᠵᠣᠬᠢᠴᠠᠬᠤ ᠬᠡᠷᠡᠭᠲᠡᠢ᠂ ᠬᠦᠳᠡᠭᠡ | ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ | ᠬᠠᠮᠠᠭᠠᠯᠠᠵᠤ᠂ ᠰᠠᠶᠢᠲᠤᠷ ᠡᠵᠡᠩᠨᠡᠵᠦ᠂ ᠬᠦᠳᠡᠭᠡ ᠲᠣᠰᠬᠤᠨ ᠤ ᠬᠦᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ | ᠬᠠᠷᠢᠯᠴᠠᠭᠠᠨ ᠤ ᠪᠣᠭᠤᠮᠢ ᠶᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠭᠠᠵᠠᠷ ᠰᠢᠷᠣᠶ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠦᠭᠡᠷᠡᠴᠢᠯᠡᠯᠲᠡ᠄ ᠬᠦᠳᠡᠭᠡ | ᠲᠣᠰᠬᠤᠨ ᠮᠠᠯᠵᠢᠬᠤ ᠤᠷᠤᠨ ᠤ ᠭᠠᠵᠠᠷ ᠰᠢᠷᠣᠶ ᠶᠢᠨ ᠬᠠᠮᠲᠤ ᠶᠢᠨ ᠦᠮᠴᠢᠯᠡᠯ ᠤᠨ ᠡᠷᠬᠡ᠂ ᠲᠠᠷᠢᠶᠠᠴᠢᠨ ᠮᠠᠯᠴᠢᠨ | ᠡᠷᠦᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠰᠢᠯᠵᠢᠭᠦᠯᠬᠦ ᠡᠷᠬᠡ ᠶᠢ ᠰᠠᠯᠭᠠᠵᠤ | ᠂ ᠭᠠᠵᠠᠷ ᠰᠢᠷᠣᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠡᠷᠬᠡ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ | ᠲᠣᠳᠣᠷᠬᠠᠶ ᠪᠣᠯᠭᠠᠵᠤ᠂ ᠮᠠᠯᠵᠢᠬᠤ ᠲᠠᠷᠢᠶᠠᠯᠠᠬᠤ ᠤᠷᠣᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠦᠮᠴᠢᠯᠡᠬᠦ | ᠡᠷᠬᠡ ᠶᠢᠨ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠬᠢ | ᠪᠠᠶᠠᠯᠢᠭ ᠢ ᠵᠦᠢ ᠵᠣᠬᠢᠰᠲᠠᠶ ᠪᠠᠷ ᠠᠰᠢᠭᠯᠠᠬᠤ᠃ | ᠤᠯᠠᠭᠠᠨᠬᠠᠳᠠ ᠨᠤᠲᠤᠭᠲᠠᠨ ᠤ ᠲᠦᠷᠦᠭᠦᠴᠦᠳ ᠤᠨ ᠬᠤᠷᠠᠯ᠄ ᠪᠣᠰᠣᠳ ᠭᠠᠵᠠᠷ ᠪᠠᠶᠢᠭ᠎ᠠ ᠤᠯᠠᠭᠠᠨᠬᠠᠳᠠ | ᠨᠤᠲᠤᠭ ᠲᠠᠢ ᠰᠣᠳᠣ ᠬᠦᠮᠦᠰ ᠤᠨ ᠳᠡᠭᠡᠳᠦ ᠳᠡᠰ ᠤᠨ ᠶᠠᠷᠢᠶᠠᠨ ᠤ ᠲᠠᠪᠴᠠᠩ᠃ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠤᠷᠳᠣᠨ ᠠᠴᠠ ᠨᠤᠲᠤᠭ ᠤᠨ ᠰᠡᠳᠬᠢᠯᠭᠡ ᠪᠠᠷ ᠬᠤᠯᠪᠣᠭᠠᠰᠤ ᠪᠣᠯᠭᠠᠵᠤ᠂ ᠬᠤᠳᠠᠯᠳᠤᠭᠠᠴᠢᠨ | ᠤᠷᠢᠵᠤ ᠪᠡᠯᠡ ᠤᠷᠣᠭᠤᠯᠬᠤ᠂ ᠴᠢᠳᠠᠪᠤᠷᠢᠲᠠᠨ ᠵᠠᠯᠠᠵᠤ ᠤᠶᠣᠨ ᠮᠡᠳᠡᠯᠭᠡ ᠤᠷᠤᠭᠤᠯᠬᠤ ᠰᠢᠨ᠎ᠠ ᠬᠡᠪ ᠵᠠᠭᠪᠤᠷ ᠮᠦᠨ᠃ | 2018 ᠤᠨ ᠤ 8 ᠰᠠᠷ᠎ᠠ ᠳᠤ ︽ᠤᠯᠠᠭᠠᠨᠬᠠᠳᠠ ᠨᠤᠲᠤᠭᠲᠠᠨ ᠤ ᠲᠦᠷᠦᠭᠦᠴᠦᠳ ᠤᠨ ᠬᠤᠷᠠᠯ — | ᠠᠩᠬᠠᠳᠤᠭᠠᠷ ᠬᠤᠭᠤᠴᠠᠭᠠᠨ ᠤ ᠬᠤᠯᠠ ᠤᠢᠢᠷ᠎ᠠ ᠶᠢᠨ ᠤᠯᠠᠭᠠᠨᠬᠠᠳᠠ ᠶᠢᠨ ᠬᠦᠮᠥᠨ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠶᠡᠭᠡ ᠬᠤᠷᠠᠯ︾ ᠤᠯᠠᠭᠠᠨᠬᠠᠳᠠ ᠳᠤ ᠬᠤᠷᠠᠯᠳᠤᠪᠠ᠃ | ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ᠄ ᠤᠯᠤᠰ ᠤᠨ ᠬᠠᠮᠢᠶ᠎ᠠ ᠪᠦᠬᠦᠶ ᠪᠠᠷᠢᠮᠵᠢᠶ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠪᠦᠭᠡᠳ ᠦᠢᠯᠡᠳᠪᠦᠷᠢᠯᠡᠯ ᠤᠨ ᠦᠨᠳᠦᠰᠦᠨ ᠨᠦᠬᠦᠴᠡᠯ ᠢ ᠪᠦᠷᠢᠯᠳᠦᠭᠦᠯᠦᠭᠰᠡᠨ ᠠᠵᠤ | ᠦᠢᠯᠡᠳᠪᠦᠷᠢ ᠶᠢᠨ ᠬᠡᠷ ᠪᠠᠶᠢᠰᠢᠩ᠃ | ᠭᠤᠷᠪᠠᠨ ᠬᠦᠮᠥᠷᠭᠡ ᠨᠢᠭᠡ ᠺᠠᠷᠲ᠄ ᠪᠦᠬᠦ ᠬᠤᠲᠠ ᠶᠢᠨ ᠠᠷᠠᠳ ᠨᠡᠶᠢᠲᠡ ᠶᠢᠨ ᠡᠷᠡᠭᠦᠯ ᠮᠡᠨᠳᠦ ᠶᠢᠨ ᠮᠡᠳᠡᠭᠡ | ᠵᠠᠩᠭᠢ ᠶᠢᠨ ᠢᠯᠡ ᠲᠠᠪᠴᠠᠩ ᠳᠤ ᠨᠢᠭᠡᠳᠦᠯᠲᠡᠶ ᠪᠠᠶᠢᠭᠤᠯᠤᠭᠰᠠᠨ ᠪᠦᠬᠦ ᠬᠤᠳᠠ ᠶᠢᠨ ᠡᠪᠡᠳᠴᠢᠲᠡᠨ ᠤ ᠴᠠᠬᠢᠮ | ᠬᠦᠮᠥᠷᠭᠡ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠴᠠᠬᠢᠮ ᠬᠦᠮᠥᠷᠭᠡ᠂ ᠪᠦᠬᠦ ᠬᠦᠮᠦᠨ ᠠᠮᠠ ᠶᠢᠨ ᠮᠡᠳᠡᠭᠡ | ᠵᠠᠩᠭᠢ ᠶᠢᠨ ᠴᠠᠬᠢᠮ ᠬᠦᠮᠥᠷᠭᠡ᠃ ᠨᠢᠭᠡᠳᠦᠯᠲᠡᠶ ᠪᠦᠳᠦᠬᠡᠨ ᠪᠠᠶᠢᠭᠤᠯᠤᠭᠰᠠᠨ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠡᠯᠧᠺᠲᠷᠣᠨ ᠺᠠᠷᠲ᠃ | ᠠᠶᠤᠯ ᠦᠬᠡᠶ ᠦᠢᠯᠡᠳᠪᠦᠷᠢᠯᠡᠯ ᠢ ︽ᠲᠤᠯᠤᠭ᠎ᠠ ᠳᠤ ᠤᠷᠣᠭᠤᠯᠬᠤ︾᠄ ᠠᠶᠤᠯ ᠦᠭᠡᠢ | ᠦᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠤᠨ ᠠᠵᠢᠯ ᠢ ᠠᠵᠤ ᠠᠬᠤᠢᠢᠯᠠᠯ᠂ ᠰᠤᠷᠭᠠᠭᠤᠯᠢ᠂ ᠪᠠᠶᠢᠭᠤᠯᠭ᠎ᠠ᠂ | ᠨᠡᠶᠢᠭᠡᠮ ᠲᠣᠭᠤᠷᠢᠭ᠂ ᠬᠦᠳᠡᠭᠡ ᠲᠣᠰᠬᠤᠨ᠂ ᠬᠡᠷ ᠪᠦᠯᠢ᠂ ᠤᠯᠠᠨ ᠨᠡᠶᠢᠲᠡ ᠶᠢᠨ ᠲᠠᠯᠠᠪᠤᠷ ᠲᠤ ᠤᠷᠤᠭᠤᠯᠬᠤ᠃ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ᠄ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤᠮᠳᠠ᠂ | ᠪᠠᠶᠢᠴᠠᠭᠠᠬᠤ ᠡᠲᠡᠭᠡᠳ ᠢᠶᠠᠨ ᠰᠤᠭᠤᠴᠢᠨ ᠲᠤᠭᠲᠠᠭᠠᠵᠤ᠂ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯᠳᠠᠨ ᠢᠶᠠᠨ | ᠰᠤᠭᠤᠴᠢᠨ ᠲᠤᠭᠲᠠᠭᠠᠵᠤ ᠲᠤᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ | ᠦᠷ᠎ᠠ ᠳ᠋ᠦᠩ ᠢᠶᠠᠨ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠬᠦ᠃ | ᠬᠤᠶᠠᠷ ᠢ ᠬᠠᠮᠠᠭᠠᠯᠠᠬᠤ᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠶᠢᠨ | ᠭᠤᠣᠯᠯᠠᠭᠴᠢ ᠪᠠᠶᠢᠷᠢ ᠰᠠᠭᠤᠷᠢ ᠪᠠ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ | ᠨᠠᠮ ᠤᠨ ᠲᠦᠪ ᠬᠤᠷᠢᠶᠠᠨ ᠤ ᠡᠷᠬᠡ ᠰᠦᠷ ᠪᠣᠯᠤᠨ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠬᠤ ᠪᠣᠯᠤᠨ᠎ᠠ᠃ | ᠲᠠᠪᠤ ᠶᠢ ᠳᠤᠮᠤᠵᠢᠭᠤᠯᠤᠭᠰᠠᠨ ᠬᠤᠲᠠ᠄ ᠬᠤᠳᠠ ᠶᠢᠨ ᠨᠠᠮ ᠤᠨ ᠬᠤᠷᠢᠶ᠎ᠠ ᠠᠴᠠ ᠤᠯᠠᠭᠠᠨᠬᠠᠳᠠ ᠬᠤᠳᠠ ᠨᠢ | ᠦᠪᠡᠷᠲᠡᠭᠡᠨ ᠵᠠᠰᠠᠬᠤ ᠤᠷᠣᠨ ᠤ ᠶᠡᠭᠡ ᠬᠤᠲᠠ ᠪᠣᠯᠬᠤ ᠰᠢᠨ᠎ᠠ ᠪᠠᠶᠢᠷᠢᠰᠢᠭᠤᠯᠤᠯ ᠳᠤ ᠰᠠᠭᠤᠷᠢᠯᠠᠨ᠂ 1 ᠳ᠋ᠤᠭᠡᠷ | ᠰᠠᠷ᠎ᠠ ᠶᠢᠨ 7 ᠤ ᠡᠳᠦᠷ ᠬᠤᠷᠠᠯᠳᠤᠭᠰᠠᠨ᠂ ᠬᠤᠳᠠ ᠶᠢᠨ ᠨᠠᠮ ᠤᠨ ᠬᠤᠷᠢᠶ᠎ᠠ ᠶᠢᠨ ᠳᠣᠯᠣᠳᠤᠭᠠᠷ ᠬᠤᠭᠤᠴᠠᠭᠠᠨ ᠤ | ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠳᠡᠭᠡᠷ᠎ᠠ᠂ | ᠠᠵᠤ ᠠᠬᠤᠶ ᠶᠢᠨ ᠲᠣᠮᠣ ᠬᠤᠲᠠ᠂ ᠰᠣᠶᠣᠯ ᠢᠷᠭᠡᠨᠰᠢᠯ ᠤᠨ ᠲᠤᠮᠤ ᠬᠤᠳᠡ᠂ ᠪᠣᠬᠢᠷᠲᠤᠯ ᠦᠭᠡᠢ ᠲᠤᠮᠤ ᠬᠤᠳᠡ᠂ | ᠭᠠᠳᠠᠭᠰᠢ ᠨᠡᠭᠡᠭᠡᠯᠳᠡ ᠶᠢᠨ ᠲᠤᠮᠤ ᠬᠤᠳᠠ᠂ ᠡᠶ᠎ᠡ ᠵᠣᠬᠢᠴᠠᠯ ᠲᠠᠢ ᠲᠣᠮᠣ ᠬᠤᠲᠠ ᠶᠢ ᠪᠠᠶᠢᠭᠤᠯᠬᠤ ᠲᠡᠮᠡᠴᠡᠯ ᠤᠨ | ᠬᠠᠷᠠᠯᠲᠠ ᠶᠢ ᠲᠣᠷᠠᠳᠤᠨ ᠭᠠᠷᠭᠠᠵᠠᠢ᠃ | |