| ᠤᠯᠠᠭᠠᠨᠬᠠᠳᠠ ᠬᠤᠲᠠ ᠶᠢᠨ ᠵᠠᠰᠠᠭ ᠤᠨ ᠤᠷᠳᠣᠨ ᠤ ᠠᠵᠢᠯ ᠤᠨ ᠢᠯᠡᠳᠬᠡᠯ | | | | | — 2019 ᠤᠨ ᠤ 1 ᠰᠠᠷ᠎ᠠ ᠶᠢᠨ 11 ᠤ ᠡᠳᠦᠷ ᠤᠯᠠᠭᠠᠨᠬᠠᠳᠠ ᠬᠤᠲᠠ ᠶᠢᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠠ | ᠬᠤᠲᠠ ᠶᠢᠨ ᠳᠠᠷᠤᠭ᠎ᠠ ᠮᠧᠩ ᠰᠢᠶᠠᠨ ᠳ᠋ᠦᠩ | | | | | | | ᠲᠦᠯᠥᠭᠡᠯᠡᠭᠴᠢᠳ ᠡ᠄ | ᠤᠳᠣ ᠪᠢ ᠬᠤᠲᠠ ᠶᠢᠨ ᠠᠷᠠᠳ ᠤᠨ ᠵᠠᠰᠠᠭ ᠤᠨ ᠤᠷᠳᠣᠨ ᠢ ᠲᠦᠯᠥᠭᠡᠯᠡᠨ᠂ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠠ᠂ ᠬᠢᠨᠠᠨ ᠵᠦᠪᠯᠡᠬᠦ ᠪᠣᠯᠪᠠᠣ᠂ ᠵᠡᠷᠭᠡ ᠳᠤᠨᠢ ᠬᠤᠲᠠ ᠶᠢᠨ ᠤᠯᠤᠰ ᠲᠦᠷᠥ ᠶᠢᠨ | ᠵᠦᠪᠯᠡᠯᠭᠡᠨ ᠤ ᠭᠡᠰᠢᠭᠦᠳ ᠪᠣᠯᠣᠨ ᠪᠤᠰᠤᠳ ᠰᠤᠯᠠ ᠤᠷᠤᠯᠴᠠᠭᠰᠠᠨ ᠨᠦᠬᠦᠳ ᠰᠠᠨᠠᠯ ᠢᠶᠠᠨ ᠳᠤᠷᠠᠳᠤᠭᠠᠷᠠᠢ᠃ | ᠨᠢᠭᠡ᠂ 2018 ᠤᠨ ᠤ ᠠᠵᠢᠯ ᠤᠨ ᠡᠷᠭᠢᠴᠡᠭᠦᠯᠦᠯ | ᠦᠩᠭᠡᠷᠡᠭᠰᠡᠨ ᠨᠢᠭᠡ ᠵᠢᠯ ᠳᠤ᠂ ᠬᠤᠲᠠ ᠶᠢᠨ ᠵᠠᠰᠠᠭ ᠤᠨ ᠤᠷᠳᠣᠨ ᠰᠢ ᠶᠢᠨ ᠫᠢᠩ ᠤᠨ ᠰᠢᠨ᠎ᠠ ᠴᠠᠭ | ᠦᠶ᠎ᠠ ᠳᠠᠬᠢ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠣᠨ ᠪᠣᠯᠣᠨ ᠬᠤᠲᠠ ᠶᠢᠨ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠲᠣᠭᠲᠠᠭᠤᠨ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠳᠤᠬᠢᠷᠠᠭᠤᠯᠬᠤ᠂ ᠠᠷᠠᠳ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ︾ ᠡᠯ᠎ᠠ ᠵᠦᠢᠯ ᠤᠨ ᠠᠵᠢᠯ ᠢ | ᠨᠢᠭᠡᠳᠦᠯᠲᠠᠢ ᠲᠦᠯᠥᠪᠵᠢᠭᠦᠯᠦᠨ ᠠᠬᠢᠭᠤᠯᠵᠤ᠂ ᠯᠠᠪᠳᠠᠭᠤᠨ ᠮᠦᠷᠲᠡᠭᠡᠨ ᠠᠬᠢᠯᠲᠠ ᠲᠠᠢ᠂ ᠪᠠᠬᠢᠯᠡᠯᠲᠡ ᠶᠢ ᠰᠢᠪᠲᠤᠯᠤᠨ | ᠪᠡᠷᠬᠡᠰᠢᠶᠡᠯ ᠢ ᠲᠡᠪᠴᠢᠵᠦ᠂ ᠬᠤᠲᠠ ᠶᠢᠨ ᠳᠣᠯᠣᠳᠤᠭᠠᠷ ᠬᠤᠭᠤᠴᠠᠭᠠᠨ ᠤ ᠨᠢᠭᠡᠳᠦᠭᠡᠷ ᠬᠤᠷᠠᠯᠳᠤᠭᠠᠨ ᠠᠴᠠ | ᠲᠣᠭᠲᠠᠭᠠᠭᠰᠠᠨ ᠵᠢᠯ ᠤᠨ ᠡᠭᠦᠷᠭᠡ ᠬᠠᠷᠠᠯᠲᠠ ᠪᠠᠨ ᠨᠡᠯᠢᠶᠡᠳ ᠰᠠᠶᠢᠨ ᠪᠡᠶᠡᠯᠡᠭᠦᠯᠵᠡᠢ᠃ ᠲᠦᠰᠥᠪᠯᠡᠭᠰᠡᠨ ᠢᠶᠠᠷ ᠪᠦᠬᠦ | ᠬᠤᠲᠠ ᠶᠢᠨ ᠭᠠᠵᠠᠷ ᠤᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 1520 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ 6% ᠪᠠᠷ ᠨᠡᠮᠡᠭᠳᠡᠵᠦ᠂ ᠰᠢᠨ᠎ᠠ ᠲᠤᠭ᠎ᠠ ᠪᠦᠷᠢᠳᠬᠡᠯ ᠤᠨ ᠠᠷᠭ᠎ᠠ ᠪᠠᠷ ᠪᠣᠳᠣᠪᠠᠯ᠂ | ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠥᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠤᠨ | ᠬᠤᠷᠳᠤᠴᠠ ᠨᠢ ᠪᠦᠬᠦ ᠤᠷᠣᠨ ᠤ ᠲᠡᠭᠰᠢᠳᠬᠡᠭᠰᠡᠨ ᠬᠢᠷᠢ ᠬᠡᠮᠵᠢᠶᠡᠨ ᠠᠴᠠ 10 ᠵᠠᠭᠤᠨ ᠤ ᠴᠡᠭ ᠦᠨᠳᠦᠷ ᠪᠠᠶᠢᠨ᠎ᠠ︔ | ᠨᠡᠶᠢᠭᠡᠮ ᠤᠨ ᠬᠡᠷᠡᠭᠯᠡᠭᠡᠨ ᠤ ᠲᠠᠧᠠᠷ ᠤᠨ ᠰᠤᠯᠠ ᠬᠤᠳᠠᠯᠳᠤᠭᠰᠠᠨ ᠶᠡᠷᠦᠩᠬᠡᠢ ᠨᠤᠷᠮ᠎ᠠ 815 ᠳ᠋ᠦᠩᠰᠢᠭᠤᠷ | ᠲᠦᠭᠦᠷᠢᠭ᠂ 7.5% ᠨᠡᠮᠡᠭᠳᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠥᠨ ᠪᠦᠷᠢ ᠶᠢᠨ | ᠲᠡᠭᠰᠢᠳᠬᠡᠭᠰᠡᠨ ᠵᠠᠷᠤᠴᠠᠭᠤᠯᠵᠤ ᠪᠣᠯᠬᠤ ᠤᠷᠣᠯᠭ᠎ᠠ ᠲᠤᠰᠪᠦᠷᠢ 31885 ᠲᠦᠭᠦᠷᠢᠭ ᠪᠠ 11284 ᠲᠦᠭᠦᠷᠢᠭ | ᠪᠠᠶᠢᠵᠤ᠂ 7.5% ᠪᠠ 9% ᠨᠡᠮᠡᠭᠳᠡᠵᠡᠢ᠃ ᠡᠩ ᠤᠨ ᠤᠯᠠᠨ ᠨᠡᠶᠢᠲᠡ ᠶᠢᠨ ᠲᠦᠰᠥᠪ ᠤᠨ ᠤᠷᠣᠯᠭ᠎ᠠ 108.2 | ᠳ᠋ᠦᠩᠰᠢᠭᠤᠷ ᠲᠦᠭᠦᠷᠢᠭ᠂ 7.5% ᠨᠡᠮᠡᠭᠳᠡᠵᠡᠢ︔ ᠭᠤᠣᠯ ᠭᠦᠢᠴᠡᠳᠬᠡᠬᠦ ᠲᠣᠭᠠᠨ ᠤ ᠨᠡᠮᠡᠭᠳᠡᠯ ᠨᠢ ᠴᠦᠮ | ᠦᠪᠡᠷᠲᠡᠭᠡᠨ ᠵᠠᠰᠠᠬᠤ ᠤᠷᠣᠨ ᠤ ᠡᠮᠦᠨ᠎ᠠ ᠡᠩᠨᠡᠭᠡᠨ ᠳᠤ ᠤᠷᠣᠵᠠᠢ᠃ | ᠨᠢᠭᠡ ᠵᠢᠯ ᠤᠨ ᠲᠤᠷᠰᠢ᠂ ᠪᠢᠳᠡ ᠲᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭᠠᠲᠠᠢ ᠬᠢᠵᠡᠢ᠄ | ︵ᠨᠢᠭᠡ︶ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ︾ ᠢ ᠬᠦᠴᠦᠯᠡᠨ ᠰᠠᠶᠢᠨ ᠬᠢᠵᠡᠢ᠃ | ᠨᠠᠷᠢᠯᠢᠭ ᠤᠨᠣᠴᠢᠲᠠᠢ ᠶᠠᠳᠠᠭᠤ ᠠᠴᠠ ᠠᠩᠭᠢᠵᠢᠷᠠᠭᠤᠯᠬᠤ ᠳᠤ ᠴᠢᠬᠤᠯᠠ ᠶᠡᠭᠡ ᠰᠢᠪᠲᠤᠯᠤᠯᠲᠠ ᠲᠠᠢ ᠪᠣᠯᠵᠠᠢ᠃ | ᠶᠡᠷᠦᠩᠬᠡᠢ ᠱᠦᠵᠢ ᠶᠢᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠯᠠᠪᠳᠠᠭᠤᠨ ᠪᠠᠳᠤᠲᠠᠢ | ᠠᠬᠢᠭᠤᠯᠬᠤ︾ ᠴᠢᠬᠤᠯᠠ ᠵᠢᠭᠠᠪᠤᠷᠢ ᠶᠢ ᠪᠠᠲᠤ ᠴᠡᠭᠡᠵᠢᠯᠡᠵᠦ᠂ ︽ᠬᠤᠶᠠᠷ ᠲᠤ ᠵᠤᠪᠠᠭ᠋ᠤ ᠦᠭᠡᠢ ᠭᠤᠷᠪᠠ ᠶᠢ | ᠪᠠᠲᠤᠯᠬᠠᠤ︾ ᠳᠤ ᠲᠦᠪᠯᠡᠷᠡᠭᠦᠯᠦᠨ ᠲᠦᠷᠥ ᠶᠢᠨ ᠪᠣᠳᠣᠯᠭ᠎ᠠ ᠲᠣᠭᠲᠠᠭᠠᠵᠤ᠂ ᠦᠨᠳᠦᠰᠦᠨ ᠱᠠᠲᠤᠨ ᠤ ᠠᠵᠢᠯ ᠢ | ᠪᠤᠳᠠᠲᠠᠢ ᠵᠢᠯᠤᠭᠤᠳᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠦᠲᠦᠮᠵᠢᠲᠠᠢ ᠨᠠᠶᠢᠳᠠᠪᠤᠷᠢᠵᠢᠭᠤᠯᠤᠨ | ᠳᠠᠮᠵᠢᠭᠤᠯᠵᠤ᠂ ᠤᠨᠴᠠ ᠬᠦᠴᠢᠷᠲᠡᠢ ᠭᠠᠵᠠᠷ ᠤᠷᠣᠨ ᠳᠤ ᠴᠢᠭᠯᠡᠭᠦᠯᠦᠨ ᠠᠷᠭ᠎ᠠ ᠬᠡᠮᠵᠢᠶ᠎ᠠ ᠪᠠᠨ ᠴᠢᠩᠭᠠᠳᠬᠠᠵᠤ᠂ | ᠪᠠᠭᠠᠷᠢᠨ ᠵᠡᠭᠦᠨ ᠬᠤᠰᠢᠭᠤ ᠶᠢ ᠳᠡᠮᠵᠢᠵᠦ ᠶᠠᠳᠠᠭᠤ ᠠᠴᠠ ᠠᠩᠭᠢᠵᠢᠷᠠᠭᠤᠯᠬᠤ 45 ᠵᠣᠷᠪᠤᠰ ᠰᠠᠨᠠᠯ ᠳᠤᠷᠠᠳᠤᠨ | ᠭᠠᠷᠭᠠᠵᠤ᠂ ᠪᠦᠬᠦ ᠬᠤᠲᠠ ᠶᠢᠨ ᠤᠨᠴᠠ ᠬᠦᠴᠢᠷᠲᠡᠢ ᠰᠤᠮᠤ ᠰᠢᠶᠠᠩ ᠪᠠᠯᠭᠠᠰᠤ ᠳᠠᠬᠢ ᠳᠡᠮᠵᠢᠨ ᠲᠡᠳᠬᠦᠬᠦ | ᠬᠦᠴᠦᠯᠡᠴᠡ ᠪᠠᠨ ᠵᠡᠷᠭᠡ ᠳᠤᠨᠢ ᠨᠡᠮᠡᠭᠳᠡᠭᠦᠯᠵᠡᠢ᠃ ᠭᠤᠣᠯᠳᠠᠯᠭᠠᠲᠠᠢ ᠬᠦᠴᠢᠷᠲᠡᠢ ᠠᠰᠠᠭᠤᠳᠠᠯ ᠢ ᠠᠩᠬᠠᠷᠤᠨ ᠪᠠᠭᠤᠷᠠᠢ | ᠲᠠᠯ᠎ᠠ ᠪᠠᠨ ᠨᠦᠬᠦᠪᠦᠷᠢᠯᠡᠵᠦ᠂ ᠶᠠᠳᠠᠭᠤ ᠬᠦᠴᠢᠷᠲᠠᠢ ᠭᠡᠷ ᠪᠦᠯᠢ ᠶᠢᠨ ᠨᠤᠷᠠᠬᠤ ᠠᠶᠤᠯᠲᠠᠢ ᠰᠢᠪᠠᠷ ᠭᠡᠷ ᠢ | ᠦᠨᠳᠦᠰᠦᠨ ᠳᠤᠨᠢ ᠦᠭᠡᠢ ᠪᠣᠯᠭᠠᠵᠤ᠂ ᠡᠷᠡᠭᠦᠯ ᠴᠢᠭᠢᠷᠠᠭ ᠢᠶᠠᠷ ᠶᠠᠳᠠᠭᠤ ᠶᠢ ᠲᠡᠳᠬᠦᠬᠦ ᠲᠣᠣᠱᠲᠠᠢ ᠪᠠᠲᠤᠯᠠᠬᠤ | ᠵᠣᠬᠢᠴᠠᠮᠵᠢ ᠶᠢ ᠤᠯᠠᠮ ᠲᠡᠭᠦᠯᠳᠡᠷᠵᠢᠭᠦᠯᠵᠡᠢ᠃ ᠠᠷᠠᠳ ᠢ ᠨᠡᠭᠦᠯᠭᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ | ᠂ ᠪᠡᠯᠡ ᠮᠦᠩᠭᠦᠨ ᠤ ᠬᠠᠮᠢᠶᠠᠷᠤᠯᠲᠠ ᠳᠤ ᠤᠷᠤᠰᠢᠵᠤ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠤᠨ | ᠰᠠᠶᠢᠵᠢᠷᠠᠭᠤᠯᠵᠠᠢ᠃ ᠰᠢᠨ᠎ᠠ ᠨᠢᠭᠡ ᠡᠭᠡᠯᠵᠢ ᠶᠢᠨ ᠪᠡᠭᠡᠵᠢᠩ ᠦᠪᠥᠷ ᠮᠣᠩᠭᠤᠯ ᠤᠨ ᠠᠵᠢᠯ ᠲᠦᠷᠥᠯ ᠢᠶᠠᠷ ᠢᠶᠠᠨ | ᠬᠠᠪᠰᠤᠷᠤᠨ ᠲᠡᠳᠬᠦᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠦᠷᠥᠯ | ᠵᠦᠢᠯ 76 ᠶᠢ ᠨᠠᠶᠢᠳᠠᠪᠤᠷᠢᠵᠢᠭᠤᠯᠤᠨ᠂ ᠨᠠᠶᠢᠳᠠᠪᠤᠷᠢᠵᠢᠭᠤᠯᠤᠭᠰᠠᠨ ᠪᠡᠯᠡ ᠮᠦᠩᠭᠦ ᠨᠢ ᠡᠮᠦᠨ᠎ᠠ 6 ᠵᠢᠯ ᠤᠨ | ᠨᠡᠶᠢᠯᠡᠪᠦᠷᠢ ᠠᠴᠠ ᠳᠠᠪᠠᠵᠠᠢ᠃ ᠤᠯᠤᠰ ᠤᠨ ᠠᠮᠤᠷ ᠲᠦᠪᠰᠢᠨ ᠤ ᠶᠠᠮᠤᠨ᠂ ᠳᠤᠮᠳᠠᠳᠤ ᠤᠯᠤᠰ ᠤᠨ ᠬᠢᠮᠢ ᠶᠢᠨ | ᠪᠦᠯᠦᠭᠯᠡᠯ᠂ ᠤᠯᠤᠰ ᠤᠨ ᠡᠨᠧᠷᠭᠢ ᠶᠢᠨ ᠪᠦᠯᠦᠭᠯᠡᠯ᠂ ᠪᠣᠣ ᠯᠢ ᠪᠦᠯᠦᠭᠯᠡᠯ ᠵᠡᠷᠭᠡ ᠲᠦᠪ ᠪᠠ ᠲᠦᠷᠥ ᠶᠢᠨ | ᠪᠠᠶᠢᠭᠤᠯᠭ᠎ᠠ ᠶᠢᠨ ᠴᠢᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠨᠢ ᠢᠯᠡᠳᠲᠡ ᠪᠦᠲᠦᠮᠵᠢ ᠤᠯᠵᠠᠢ᠃ ᠪᠦᠬᠦ | ᠬᠤᠲᠠ ᠪᠠᠷ ᠢᠶᠠᠨ ᠨᠢᠳᠬᠡᠨ ᠤᠷᠤᠭᠤᠯᠤᠭᠰᠠᠨ ᠡᠯ᠎ᠠ ᠲᠦᠷᠥᠯ ᠤᠨ ᠶᠠᠳᠠᠭᠤ ᠶᠢ ᠲᠡᠳᠬᠦᠬᠦ ᠪᠡᠯᠡ ᠮᠦᠩᠭᠦ 96.8 | ᠳ᠋ᠦᠩᠰᠢᠭᠤᠷ ᠲᠦᠭᠦᠷᠢᠭ᠂ ᠶᠠᠳᠠᠭᠤ ᠬᠦᠴᠢᠷᠲᠠᠢ ᠬᠦᠮᠥᠨ ᠠᠮᠠ 8.14 ᠲᠦᠮᠡᠨ ᠬᠦᠮᠥᠨ ᠴᠤᠯ ᠬᠠᠰᠤᠭᠳᠠᠵᠤ᠂ | ᠶᠠᠳᠠᠭᠤᠷᠠᠬᠤ ᠨᠣᠷᠮ᠎ᠠ 1.48% ᠪᠣᠯᠵᠤ ᠪᠠᠭᠤᠷᠠᠨ᠂ ᠯᠢᠨᠰᠢ ᠰᠢᠶᠠᠨ ᠪᠦᠬᠦ ᠤᠷᠣᠨ ᠳᠤ ᠬᠠᠮᠤᠭ ᠲᠡᠷᠢᠭᠦᠨ ᠳᠤ | ᠤᠯᠤᠰ ᠤᠨ ᠶᠠᠳᠠᠭᠤ ᠬᠦᠴᠢᠷᠲᠠᠢ ᠰᠢᠶᠠᠨ ᠤ ᠡᠩᠨᠡᠭᠡᠨ ᠠᠴᠠ ᠭᠠᠷᠤᠭᠰᠠᠨ ᠮᠦᠷᠲᠡᠭᠡᠨ ᠪᠦᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠵᠣᠬᠢᠶᠠᠨ ᠪᠠᠶᠢᠭᠤᠯᠬᠤ ᠡᠭᠦᠳᠤᠯᠲᠡ ᠶᠢᠨ ᠱᠠᠩᠨᠠᠯ | ᠬᠦᠷᠲᠡᠵᠦ᠂ ᠪᠠᠭᠠᠷᠢᠨ ᠪᠠᠷᠠᠭᠤᠨ ᠬᠤᠰᠢᠭᠤ᠂ ᠬᠠᠷᠠᠴᠢᠨ ᠬᠤᠰᠢᠭᠤ᠂ ᠨᠢᠩᠴᠧᠩ᠂ ᠰᠦᠩᠱᠠᠨ᠂ ᠬᠡᠰᠢᠭᠲᠡᠨ | ᠬᠤᠰᠢᠭᠤ ᠵᠡᠷᠭᠡ 5 ᠬᠤᠰᠢᠭᠤ ᠰᠢᠶᠠᠨ ᠲᠣᠭᠤᠷᠢᠭ ᠨᠢ ᠦᠪᠡᠷᠲᠡᠭᠡᠨ ᠵᠠᠰᠠᠬᠤ ᠤᠷᠣᠨ ᠤ ᠶᠠᠳᠠᠭᠤ ᠠᠴᠠ | ᠠᠩᠭᠢᠵᠢᠷᠠᠵᠤ ᠶᠠᠳᠠᠭᠤ ᠶᠢᠨ ᠡᠩᠨᠡᠭᠡᠨ ᠠᠴᠠ ᠭᠠᠷᠬᠤ ᠭᠤᠷᠪᠠᠳᠤᠭᠠᠷ ᠡᠲᠡᠭᠡᠳ ᠤᠨ ᠰᠢᠯᠭᠠᠨ ᠮᠠᠭᠠᠳᠯᠠᠯᠲᠠ ᠶᠢ | ᠬᠦᠯᠢᠶᠡᠵᠡᠢ᠃ ᠪᠤᠬᠢᠷᠳᠤᠯ ᠢ ᠰᠡᠷᠭᠡᠶᠢᠯᠡᠨ ᠵᠠᠰᠠᠭᠰᠠᠨ ᠠᠮᠵᠢᠯᠲᠠ ᠢᠯᠡᠳᠲᠡ ᠪᠣᠯᠵᠠᠢ᠃ ᠲᠦᠪ ᠪᠠ ᠦᠪᠡᠷᠲᠡᠭᠡᠨ | ᠵᠠᠰᠠᠬᠤ ᠤᠷᠣᠨ ᠤ ᠤᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠳᠤᠰᠬᠠᠭᠰᠠᠨ | ᠠᠰᠠᠭᠤᠳᠠᠯ ᠢ ᠵᠠᠰᠠᠨ ᠴᠡᠭᠴᠡᠯᠡᠬᠦ ᠶᠢ ᠬᠢᠨᠠᠮᠠᠭᠠᠢ ᠦᠷᠨᠢᠭᠦᠯᠵᠦ᠂ 434 ᠵᠦᠢᠯ ᠤᠨ ᠠᠰᠠᠭᠤᠳᠠᠯ ᠢ ᠲᠦᠪᠯᠡᠷᠡᠭᠦᠯᠦᠨ | ᠵᠠᠰᠠᠨ ᠰᠠᠶᠢᠵᠢᠷᠠᠭᠤᠯᠵᠠᠢ᠃ ᠠᠭᠠᠷ᠂ ᠤᠰᠤ᠂ ᠬᠦᠷᠦᠰᠦ ᠰᠢᠷᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ | ᠳᠤᠪᠤᠶᠢᠯᠭᠠᠵᠤ᠂ ᠲᠤᠰᠬᠠᠢ ᠲᠦᠷᠥᠯ ᠢᠶᠠᠷ ᠵᠠᠰᠠᠨ ᠰᠠᠶᠢᠵᠢᠷᠠᠭᠤᠯᠬᠤ 12 ᠢᠨᠵᠧᠨᠧᠷᠢᠩ ᠢ ᠯᠠᠪᠳᠠᠭᠤᠨ ᠪᠠᠳᠤᠲᠠᠢ | ᠠᠬᠢᠭᠤᠯᠵᠤ᠂ ᠭᠤᠣᠯ ᠬᠤᠲᠠ ᠲᠣᠭᠤᠷᠢᠭ ᠤᠨ ᠪᠦᠬᠦ ᠵᠢᠯ ᠳᠤ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ | 331 ᠡᠳᠦᠷ ᠲᠤ ᠬᠦᠷᠴᠦ᠂ ᠭᠠᠵᠠᠷ ᠤᠨ ᠭᠠᠳᠠᠷᠭᠤ ᠶᠢᠨ ᠤᠰᠤᠨ ᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 62. | 5% ᠪᠣᠯᠵᠤ ᠳᠡᠭᠡᠭᠰᠢᠯᠡᠵᠦ᠂ ᠭᠠᠵᠠᠷ ᠰᠢᠷᠣᠢ ᠶᠢᠨ ᠭᠠᠳᠠᠷᠭᠤ ᠪᠠ ᠰᠤᠷᠪᠤᠯᠵᠢ ᠶᠢᠨ ᠪᠣᠬᠢᠷᠳᠤᠯ ᠢ ᠪᠦᠲᠦᠮᠵᠢᠲᠡᠢ | ᠬᠢᠵᠠᠭᠠᠷᠯᠠᠵᠠᠢ᠃ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠥᠪᠵᠢᠭᠦᠯᠵᠦ᠂ | ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠤᠷᠴᠢᠨ ᠲᠣᠭᠤᠷᠢᠨ ᠢ | ᠵᠠᠰᠠᠨ ᠰᠠᠶᠢᠵᠢᠷᠠᠭᠤᠯᠬᠤ ᠢᠨᠵᠧᠨᠧᠷᠢᠩ ᠨᠢ 42 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠵᠦ᠂ 20.3 ᠲᠦᠮᠡᠨ ᠮᠦ ᠮᠣᠳᠣ ᠰᠢᠨ᠎ᠡ ᠪᠠᠷ ᠲᠠᠷᠢᠵᠤ ᠤᠢᠢᠵᠢᠭᠤᠯᠤᠨ᠂ ᠲᠠᠷᠢᠶᠠᠯᠠᠬᠤ ᠪᠠᠨ ᠵᠣᠭᠰᠤᠵᠤ | ᠤᠢᠢᠵᠢᠭᠤᠯᠤᠭᠰᠠᠨ ᠨᠠᠮᠤᠭ ᠭᠠᠵᠠᠷ ᠢ ᠰᠡᠷᠭᠦᠭᠡᠭᠰᠡᠨ ᠨᠢ 7 ᠲᠦᠮᠡᠨ ᠮᠦ᠂ ᠭᠤᠣᠯ ᠬᠤᠲᠠ ᠲᠣᠭᠤᠷᠢᠭ ᠲᠠᠬᠢ | ᠦᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠬᠤᠳᠳᠤᠭ 126 ᠶᠢ ᠪᠢᠲᠡᠭᠦᠯᠡᠨ ᠵᠣᠭᠰᠣᠭᠠᠵᠤ᠂ ᠪᠣᠬᠢᠷ ᠤᠰᠤ | ᠰᠢᠢᠳᠪᠦᠷᠢᠯᠡᠬᠦ᠂ ᠬᠤᠭ ᠨᠣᠪᠰᠢ ᠰᠢᠢᠳᠪᠦᠷᠢᠯᠡᠬᠦ ᠢᠨᠵᠧᠨᠧᠷᠢᠩ 12 ᠢ ᠪᠦᠲᠦᠭᠡᠨ ᠪᠠᠶᠢᠭᠤᠯᠵᠠᠢ᠃ ᠳᠠᠯᠠᠶᠢᠨᠠᠭᠤᠷ ᠤᠨ | ᠤᠷᠤᠰᠬᠠᠯ ᠳᠠᠭᠠᠤ ᠠᠮᠢ ᠠᠬᠤᠢ ᠤᠷᠴᠢᠨ ᠲᠣᠭᠤᠷᠢᠨ ᠢ ᠶᠡᠷᠦᠩᠬᠡᠶᠢᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠨ | ᠬᠡᠷᠡᠭᠵᠢᠭᠦᠯᠵᠦ᠂ ᠨᠢᠭᠡ ᠵᠢᠯ ᠳᠤ 4700 ᠲᠦᠮᠡᠨ ᠲᠦᠭᠦᠷᠢᠭ ᠤᠨ ᠪᠡᠯᠡ ᠮᠦᠩᠭᠦ ᠨᠢᠳᠬᠡᠨ ᠤᠷᠤᠭᠤᠯᠵᠠᠢ᠃ ᠲᠣᠮᠣ | ᠶᠡᠭᠡ ᠲᠦᠭᠰᠢᠭᠦᠷᠢ ᠶᠢ ᠪᠦᠲᠦᠮᠵᠢᠲᠡᠢ ᠪᠠᠷ ᠰᠡᠷᠭᠡᠶᠢᠯᠡᠨ ᠡᠵᠡᠮᠳᠡᠵᠡᠢ᠃ ᠵᠠᠰᠠᠭ ᠤᠨ ᠤᠷᠳᠣᠨ ᠤ ᠦᠷᠢ ᠦᠭᠴᠡᠭᠡᠨ ᠤ | ᠲᠤᠭ᠎ᠠ ᠪᠠᠶᠢᠳᠠᠯ ᠢ ᠬᠢᠨᠠᠮᠠᠭᠠᠢ ᠮᠠᠭᠠᠳᠯᠠᠨ ᠲᠣᠳᠤᠷᠠᠭᠤᠯᠵᠤ᠂ ᠵᠠᠰᠠᠭ ᠤᠨ ᠤᠷᠳᠣᠨ ᠤ ᠳᠠᠯᠳᠠ ᠴᠢᠨᠠᠷᠲᠠᠢ ᠦᠷᠢ | ᠦᠭᠴᠡᠭᠡ ᠶᠢ ᠴᠡᠪᠡᠷᠯᠡᠨ ᠪᠤᠴᠠᠭᠠᠬᠤ ᠲᠦᠯᠥᠪᠯᠡᠭᠡ ᠶᠢ ᠲᠦᠷᠥᠯ ᠬᠤᠪᠢᠶᠠᠨ ᠲᠣᠭᠲᠠᠭᠠᠵᠤ᠂ ᠵᠠᠰᠠᠭ ᠤᠨ ᠤᠷᠳᠣᠨ ᠤ | ᠪᠡᠯᠡ ᠤᠷᠤᠭᠤᠯᠤᠯᠲᠠ ᠶᠢᠨ ᠲᠦᠷᠦᠯ ᠵᠦᠢᠯ ᠢ ︽ᠵᠣᠭᠰᠣᠭᠠᠬᠤ ᠬᠤᠶᠢᠰᠢᠯᠠᠭᠤᠯᠬᠤ ᠬᠠᠰᠤᠬᠤ︾ ᠪᠠᠷ ᠳᠠᠮᠵᠢᠭᠤᠯᠤᠨ | ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠵᠠᠰᠠᠭ ᠤᠨ ᠤᠷᠳᠣᠨ ᠤ ᠴᠢᠨᠠᠷᠲᠠᠢ ᠰᠠᠭᠤᠷᠢ ᠮᠦᠩᠭᠦᠨ ᠤ | ᠤᠷᠣᠯᠭ᠎ᠠ ᠶᠢ ᠦᠷᠭᠡᠳᠬᠡᠵᠦ᠂ ᠪᠦᠬᠦ ᠵᠢᠯ ᠳᠤ ᠵᠠᠰᠠᠭ ᠤᠨ ᠤᠷᠳᠣᠨ ᠤ ᠦᠷᠢ ᠦᠭᠴᠡᠭᠡ ᠶᠢ 291 ᠳ᠋ᠦᠩᠰᠢᠭᠤᠷ | ᠲᠦᠭᠦᠷᠢᠭ ᠨᠠᠮᠳᠠᠭᠠᠵᠤ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ︽ᠠᠷᠪᠠ ᠶᠢ ᠪᠦᠷᠬᠦᠭᠦᠯᠬᠦ︾ ᠠᠷᠪᠠᠨ | ᠵᠦᠢᠯ ᠤᠨ ᠲᠤᠲᠤᠷᠠᠬᠢ ᠦᠷᠢᠲᠦᠭᠰᠡᠨ ᠪᠠᠷᠢᠯᠭ᠎ᠠ ᠶᠢᠨ ᠵᠣᠭᠤᠰ ᠢ ᠪᠦᠬᠦᠨ ᠢ ᠨᠠᠮᠳᠠᠭᠠᠵᠠᠢ᠃ ᠬᠠᠤᠯᠢ ᠪᠤᠰᠤ ᠪᠠᠷ ᠪᠡᠯᠡ | ᠴᠤᠭᠯᠠᠭᠤᠯᠬᠤ᠂ ᠬᠦᠳᠡᠭᠡ ᠲᠣᠰᠬᠤᠨ ᠮᠠᠯᠵᠢᠬᠤ ᠤᠷᠣᠨ ᠤ ᠦᠨᠳᠥᠷ ᠬᠦᠦ ᠲᠠᠢ ᠵᠢᠭᠡᠯᠡᠯᠭᠡ᠂ ᠰᠦᠯᠵᠢᠶᠡᠨ ᠤ | ᠮᠦᠩᠭᠦᠨ ᠭᠦᠢᠯᠭᠡᠭᠡᠨ ᠤ ᠲᠦᠭᠰᠢᠭᠦᠷᠢ ᠶᠢ ᠪᠠᠶᠢᠴᠠᠭᠠᠨ ᠵᠠᠰᠠᠬᠤ ᠶᠢ ᠢᠳᠡᠪᠬᠢᠲᠡᠢ ᠦᠷᠨᠢᠭᠦᠯᠵᠦ᠂ 80 ᠬᠡᠷᠡᠭ | ᠤᠴᠢᠷ ᠢ ᠪᠠᠶᠢᠴᠠᠭᠠᠨ ᠰᠢᠢᠳᠪᠦᠷᠢᠯᠡᠵᠦ᠂ ᠬᠡᠷᠡᠭ ᠲᠤ ᠬᠤᠯᠪᠤᠭᠳᠠᠭᠰᠠᠨ ᠵᠣᠭᠤᠰ ᠮᠦᠩᠭᠦ 3.5 ᠳ᠋ᠦᠩᠰᠢᠭᠤᠷ | ᠲᠦᠭᠦᠷᠢᠭ ᠬᠦᠷᠴᠡᠢ᠃ ᠭᠡᠷ ᠭᠠᠵᠠᠷ ᠬᠦᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠳᠦᠷᠢᠮᠵᠢᠭᠦᠯᠬᠦ 24 | ᠵᠤᠷᠪᠤᠰ ᠠᠷᠭ᠎ᠠ ᠬᠡᠮᠵᠢᠶ᠎ᠠ ᠶᠢ ᠴᠠᠭ ᠲᠤᠬᠠᠢ ᠳᠤᠨᠢ ᠲᠣᠭᠲᠠᠭᠠᠵᠤ᠂ ᠤᠷᠣᠨ ᠰᠠᠭᠤᠴᠠ ᠶᠢᠨ ᠦᠨ᠎ᠠ ᠬᠠᠩᠰᠢ ᠵᠦᠢ | ᠪᠤᠰᠤ ᠦᠰᠬᠦ ᠬᠠᠨᠳᠤᠰᠢ ᠶᠢ ᠪᠦᠲᠦᠮᠵᠢᠲᠡᠢ ᠬᠢᠵᠠᠭᠠᠷᠯᠠᠵᠤ᠂ ᠨᠡᠶᠢᠭᠡᠮ ᠤᠨ ᠬᠠᠨᠳᠤᠰᠢ ᠶᠢ ᠲᠣᠭᠲᠠᠪᠤᠷᠢᠵᠢᠭᠤᠯᠵᠠᠢ᠃ | ︵ᠬᠤᠶᠠᠷ︶ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠬᠦᠴᠦᠯᠡᠨ ᠠᠬᠢᠭᠤᠯᠵᠠᠢ᠃ | ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠦᠷᠬᠦᠯᠵᠢᠯᠡᠨ ᠭᠦᠨᠵᠡᠭᠡᠶᠢᠷᠡᠭᠦᠯᠵᠡᠢ᠃ ᠪᠦᠳᠦᠴᠡ ᠶᠢ ᠲᠣᠬᠢᠷᠠᠭᠤᠯᠬᠤ ᠶᠢ ᠰᠤᠯᠠᠷᠠᠰᠢ ᠦᠭᠡᠢ ᠪᠠᠷᠢᠮᠲᠠᠯᠠᠵᠤ᠂ ︽ | ᠠᠵᠤ ᠠᠬᠤᠢ ᠶᠢᠨ ᠲᠠᠷᠢᠮᠠᠯ ᠢ ᠨᠡᠮᠡᠭᠳᠡᠭᠦᠯᠵᠦ ᠠᠮᠤ ᠪᠤᠳᠠᠭ᠎ᠠ ᠶᠢ ᠲᠣᠭᠲᠠᠪᠤᠷᠢᠵᠢᠭᠤᠯᠬᠤ᠂ ᠦᠬᠡᠷ ᠤᠨ ᠲᠤᠭ᠎ᠠ ᠶᠢ | ᠨᠡᠮᠡᠭᠳᠡᠭᠦᠯᠵᠦ ᠬᠤᠨᠢᠨ ᠤ ᠲᠤᠭ᠎ᠠ ᠶᠢ ᠲᠣᠭᠲᠠᠪᠤᠷᠢᠵᠢᠭᠤᠯᠬᠤ᠂ ᠭᠡᠷ ᠤᠨ ᠵᠢᠭᠦᠷᠲᠡᠨ ᠢ ᠨᠡᠮᠡᠭᠳᠡᠭᠦᠯᠵᠦ ᠭᠠᠭ᠋ᠠᠢ ᠶᠢᠨ | ᠲᠤᠭ᠎ᠠ ᠶᠢ ᠲᠣᠭᠲᠠᠪᠤᠷᠢᠵᠢᠭᠤᠯᠬᠤ︾ ᠢᠨᠵᠧᠨᠧᠷᠢᠩ ᠢ ᠯᠠᠪᠳᠠᠭᠤᠨ ᠠᠬᠢᠭᠤᠯᠵᠤ᠂ ᠪᠦᠬᠦ ᠵᠢᠯ ᠳᠤ ᠡᠷᠳᠡᠨᠢ ᠰᠢᠰᠢ ᠶᠢᠨ | ᠲᠠᠷᠢᠮᠠᠯ ᠤᠨ ᠲᠠᠯᠠᠪᠠᠢ ᠶᠢ 55.7 ᠲᠦᠮᠡᠨ ᠮᠦ ᠬᠠᠰᠤᠭᠳᠠᠭᠤᠯᠵᠤ᠂ 20 ᠲᠦᠮᠡᠨ ᠮᠦ ᠲᠦᠬᠦᠭᠡᠷᠦᠮᠵᠢᠲᠦ | ᠲᠠᠷᠢᠶᠠᠯᠠᠩ᠂ 20 ᠲᠦᠮᠡᠨ ᠮᠦ ᠰᠢᠯᠢᠳᠡᠭ ᠴᠢᠨᠠᠷᠲᠠᠢ ᠬᠦᠷᠡᠩ ᠴᠠᠷᠭᠠᠰᠤ ᠶᠢ ᠰᠢᠨ᠎ᠠ ᠪᠠᠷ ᠨᠡᠮᠡᠭᠳᠡᠭᠦᠯᠵᠦ᠂ ᠠᠯᠠᠰᠢᠨ | ᠦᠬᠡᠷ 161 ᠲᠦᠮᠡᠨ ᠲᠣᠯᠣᠭᠠᠢ᠂ ᠭᠡᠷ ᠤᠨ ᠵᠢᠭᠦᠷᠲᠡᠨ ᠢ ᠲᠡᠵᠢᠭᠡᠨ ᠦᠷᠡᠵᠢᠭᠦᠯᠦᠭᠰᠡᠨ ᠲᠤᠭ᠎ᠠ ᠬᠡᠮᠵᠢᠶ᠎ᠠ 8000 | ᠲᠦᠮᠡ ᠪᠣᠯᠵᠠᠢ᠃ ᠬᠡᠯᠪᠡᠷᠢ ᠪᠠᠨ ᠦᠭᠡᠷᠡᠴᠢᠯᠡᠬᠦ ᠶᠢ ᠰᠤᠯᠠᠷᠠᠰᠢ ᠦᠭᠡᠢ ᠪᠠᠷᠢᠮᠲᠠᠯᠠᠵᠤ᠂ ᠤᠰᠤᠯᠠᠯᠲᠠ ᠶᠢᠨ ᠲᠠᠷᠢᠶ᠎ᠠ | ᠰᠢᠨ᠎ᠠ ᠨᠡᠮᠡᠭᠳᠡᠬᠦ ᠶᠢ ᠴᠢᠩᠭ᠎ᠠ ᠬᠢᠵᠠᠭᠠᠷᠯᠠᠵᠤ᠂ ᠦᠨᠳᠥᠷ ᠦᠷ᠎ᠠ ᠠᠰᠢᠭᠲᠠᠢ ᠤᠰᠤ ᠠᠷᠪᠢᠯᠠᠨ ᠤᠰᠤᠯᠠᠬᠤ ᠲᠠᠷᠢᠶ᠎ᠠ | 40 ᠲᠦᠮᠡᠨ ᠮᠦ ᠰᠢᠨ᠎ᠠ ᠪᠠᠷ ᠪᠠᠶᠢᠭᠤᠯᠵᠤ᠂ ᠬᠤᠲᠠ ᠶᠢᠨ ᠳᠡᠰ ᠠᠴᠠ ᠳᠡᠭᠡᠭᠰᠢᠬᠢ ᠠᠵᠤ ᠦᠢᠯᠡᠰᠵᠢᠭᠰᠡᠨ | ᠭᠤᠣᠯᠳᠠᠯᠭᠠᠲᠠᠢ ᠲᠣᠯᠤᠭᠠᠢᠢᠯᠠᠭᠴᠢ ᠠᠵᠤ ᠠᠬᠤᠢᠢᠯᠠᠯ 24᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠠ | ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ 888 ᠶᠢ ᠰᠢᠨ᠎ᠠ ᠪᠠᠷ ᠨᠡᠮᠡᠭᠳᠡᠭᠦᠯᠵᠡᠢ᠃ ᠠᠭᠤᠰᠤᠯᠴᠠᠬᠤ ᠶᠢ | ᠰᠤᠯᠠᠷᠠᠰᠢ ᠦᠭᠡᠢ ᠪᠠᠷᠢᠮᠲᠠᠯᠠᠵᠤ᠂ ᠬᠦᠳᠡᠭᠡ ᠶᠢᠨ ᠬᠠᠮ ᠴᠣᠭᠴᠠ 21 ᠶᠢ ᠰᠢᠨ᠎ᠠ ᠪᠠᠶᠢᠭᠤᠯᠵᠤ᠂ ᠨᠢᠩᠴᠧᠩ | ᠰᠢᠶᠠᠨ ᠨᠢ ᠦᠪᠡᠷᠲᠡᠭᠡᠨ ᠵᠠᠰᠠᠬᠤ ᠤᠷᠣᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠠᠭᠤᠰᠤᠯᠴᠠᠨ | ᠬᠦᠭᠵᠢᠭᠰᠡᠨ ᠤᠳᠤᠷᠢᠳᠤᠮᠵᠢ ᠤᠷᠣᠨ ᠪᠣᠯᠵᠠᠢ᠃ ᠨᠡᠷᠡᠲᠦ ᠲᠡᠮᠳᠡᠭᠲᠦ ᠡᠭᠦᠳᠬᠦ ᠶᠢ ᠰᠤᠯᠠᠷᠠᠰᠢ ᠦᠭᠡᠢ ᠪᠠᠷᠢᠮᠲᠠᠯᠠᠵᠤ᠂ | ᠪᠦᠬᠦ ᠬᠤᠲᠠ ᠳᠤ ︽ᠭᠤᠷᠪᠠᠨ ᠪᠦᠲᠦᠭᠡᠭᠳᠡᠭᠦᠨ ᠨᠢᠭᠡ ᠲᠡᠮᠳᠡᠭ︾ ᠳᠠᠷᠢᠶᠠᠯᠠᠩ ᠤᠨ ᠪᠦᠳᠤᠬᠡᠭᠳᠡᠬᠦᠨ ᠮᠠᠯ ᠤᠨ | ᠠᠰᠢᠭ ᠰᠢᠮ᠎ᠠ ᠶᠢᠨ ᠨᠤᠳᠠᠯᠠᠯᠳᠠ ᠶᠢ 67 ᠰᠢᠨ᠎ᠠ ᠪᠠᠷ ᠨᠡᠮᠡᠭᠳᠡᠭᠦᠯᠵᠡᠢ᠃ ᠠᠮᠢᠳᠤ ᠪᠣᠳᠠᠰ ᠤᠨ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠡᠨᠡ ᠵᠢᠯ ᠬᠦᠨᠳᠦ ᠶᠡᠭᠡ ᠠᠮᠢᠳᠤ ᠪᠣᠳᠠᠰ ᠤᠨ ᠬᠢᠵᠢᠭ ᠤᠨ | ᠪᠠᠶᠢᠳᠠᠯ ᠭᠠᠷᠤᠭᠰᠠᠨ ᠦᠭᠡᠢ᠃ ᠠᠵᠤ ᠦᠢᠯᠡᠳᠪᠦᠷᠢ ᠶᠢ ᠲᠦᠪᠯᠡᠷᠡᠭᠦᠯᠦᠨ ᠡᠷᠴᠢᠮᠵᠢᠭᠦᠯᠦᠨ ᠴᠤᠭᠯᠠᠷᠠᠭᠤᠯᠤᠨ | ᠬᠦᠭᠵᠢᠭᠦᠯᠬᠦ ᠦᠷ᠎ᠠ ᠪᠦᠲᠦᠮᠵᠢ ᠢᠯᠡᠳᠲᠡ ᠪᠣᠯᠵᠠᠢ᠃ ᠪᠦᠬᠦ ᠬᠦᠴᠦᠨ ᠢᠶᠠᠷ ᠢᠶᠠᠨ ᠤᠯᠠᠭᠠᠨᠬᠠᠳᠠ ᠬᠤᠲᠠ ᠶᠢᠨ | ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠬᠢᠯ ᠢ ᠪᠦᠳᠦᠭᠡᠨ ᠪᠠᠶᠢᠭᠤᠯᠵᠤ᠂ ᠰᠠᠭᠤᠷᠢ ᠲᠣᠨᠤᠭ | ᠲᠦᠬᠦᠭᠡᠷᠦᠮᠵᠢ ᠶᠢᠨ ᠪᠡᠯᠡ ᠤᠷᠤᠭᠤᠯᠤᠯᠲᠠ 21.9 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ︽ᠳᠣᠯᠤᠭ᠎ᠠ ᠶᠢ | ᠨᠡᠪᠲᠡᠷᠡᠭᠦᠯᠬᠦ ᠨᠢᠭᠡ ᠶᠢ ᠲᠡᠭᠰᠢᠯᠡᠬᠦ︾ ᠶᠢ ᠦᠨᠳᠦᠰᠦᠨ ᠳᠡᠭᠡᠨ ᠪᠡᠶᠡᠯᠡᠭᠦᠯᠵᠦ᠂ ᠳᠡᠭᠡᠳᠦ ᠰᠢᠨ᠎ᠠ ᠮᠡᠷᠭᠡᠵᠢᠯ ᠤᠨ | ᠲᠣᠭᠤᠷᠢᠭ ᠨᠢ ᠶᠠᠭ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠯᠢᠳᠡᠭ ᠴᠢᠨᠠᠷᠲᠠᠢ ᠬᠦᠭᠵᠢᠬᠦ | ᠭᠤᠣᠯᠯᠠᠭᠴᠢ ᠲᠠᠪᠴᠠᠩ ᠪᠣᠯᠵᠤ᠂ ᠬᠤᠰᠢᠭᠤ ᠰᠢᠶᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ 13 ᠪᠣᠯᠭᠠᠨ ᠨᠢᠳᠬᠡᠨ ᠴᠦᠭᠡᠷᠡᠭᠦᠯᠵᠦ᠂ ᠰᠢᠯᠢᠳᠡᠭᠵᠢᠭᠦᠯᠦᠨ ᠪᠠᠶᠢᠷᠢᠰᠢᠭᠤᠯᠬᠤ ᠨᠢ ᠪᠣᠳᠠᠲᠤ ᠴᠢᠨᠠᠷᠲᠠᠢ | ᠠᠬᠢᠴᠠ ᠲᠠᠢ ᠪᠣᠯᠵᠠᠢ᠃ ᠶᠦᠨ ᠲᠦᠩ 40 ᠲᠦᠮᠡᠨ ᠲᠤᠨ ᠤ ᠵᠡᠰ ᠬᠠᠶᠢᠯᠤᠭᠤᠯᠬᠤ ᠮᠡᠷᠭᠡᠵᠢᠯ ᠤᠨ | ᠦᠭᠡᠷᠡᠴᠢᠯᠡᠯᠲᠡ ᠶᠢᠨ ᠳᠡᠰ ᠳᠡᠪᠰᠢᠯᠲᠡ ᠶᠢᠨ ᠲᠦᠷᠦᠯ ᠵᠦᠢᠯ ᠨᠢ ᠲᠣᠷᠰᠢᠨ ᠦᠢᠯᠡᠳᠪᠦᠷᠢᠯᠡᠬᠦ ᠨᠦᠬᠦᠴᠡᠯ ᠢ | ᠪᠦᠷᠢᠯᠳᠦᠭᠦᠯᠵᠦ᠂ ᠶᠢᠨ ᠵᠢᠶᠠᠨ 40 ᠲᠦᠮᠡᠨ ᠲᠤᠨ ᠤ ᠵᠡᠰ ᠬᠠᠶᠢᠯᠤᠭᠤᠯᠬᠤ ᠮᠡᠷᠭᠡᠵᠢᠯ ᠤᠨ ᠦᠭᠡᠷᠡᠴᠢᠯᠡᠯᠲᠡ ᠶᠢᠨ | ᠳᠡᠰ ᠳᠡᠪᠰᠢᠯᠲᠡ ᠶᠢᠨ ᠲᠦᠷᠦᠯ ᠵᠦᠢᠯ ᠢ ᠡᠬᠢᠯᠡᠨ ᠪᠠᠶᠢᠭᠤᠯᠵᠤ᠂ ᠳ᠋ᠦ᠋ᠩ ᠶᠤᠧᠠᠢ ᠶᠢᠨ ᠤᠰᠤᠳᠦ᠋ᠷᠦᠭᠴᠢᠲᠦ ᠹᠯᠣᠷ | ᠬᠦᠴᠢᠯ ᠵᠡᠷᠭᠡ 3 ᠤᠷᠣᠨ ᠠᠯᠤᠰᠯᠠᠭᠰᠠᠨ ᠲᠦᠷᠦᠯ ᠵᠦᠢᠯ ᠨᠢ ᠭᠡᠷ᠎ᠠ ᠲᠣᠭᠲᠠᠨ ᠨᠠᠶᠢᠳᠠᠪᠤᠷᠢᠵᠢᠭᠳᠠᠵᠠᠢ᠃ ᠫᠦ᠋ ᠶᠢᠨ | ᠡᠮ ᠡᠮᠨᠡᠯᠭᠡ ᠶᠢᠨ ᠠᠵᠤ ᠦᠢᠯᠡᠰᠵᠢᠭᠦᠯᠦᠯᠲᠡ᠂ ᠲᠠᠢ ᠯᠢᠩ ᠬᠠᠢ ᠴᠤᠧᠠᠩ ᠠᠮᠢᠳᠤ ᠪᠣᠳᠠᠰ ᠤᠨ ᠰᠢᠨᠵᠢᠯᠡᠭᠡ | ᠮᠡᠷᠭᠡᠵᠢᠯ ᠤᠨ ᠬᠦᠷᠢᠶᠡᠯᠡᠩ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠦᠷᠭᠡᠳᠴᠦ᠂ ᠹᠦ᠋ ᠯᠧ | ᠠᠯᠺᠧᠨ ᠤ ᠠᠵᠤ ᠦᠢᠯᠡᠰᠵᠢᠭᠦᠯᠦᠯᠲᠡ᠂ ᠲᠦᠸᠧ ᠵᠢᠶᠠ ᠡᠯᠧᠺᠲᠷᠣᠨ ᠤ ᠠᠵᠤ ᠦᠢᠯᠡᠰ ᠤᠨ ᠬᠦᠷᠢᠶᠡᠯᠡᠩ ᠵᠡᠷᠭᠡ | ᠲᠦᠷᠦᠯ ᠵᠦᠢᠯ ᠤᠨ ᠠᠬᠢᠴᠠ ᠲᠦᠷᠭᠡᠰᠴᠦ᠂ ᠠᠷᠤ ᠬᠤᠷᠴᠢᠨ ᠬᠤᠰᠢᠭᠤᠨ ᠤ ᠯᠢᠩ ᠶᠦᠨ ᠬᠠᠢ ᠰᠢᠬᠢᠷ ᠦᠢᠯᠡᠳᠬᠦ᠂ | ᠤᠩᠨᠢᠭᠤᠳ ᠬᠤᠰᠢᠭᠤᠨ ᠤ ᠯᠢᠩ ᡁᠢ ᠲᠦᠮᠦᠰᠦᠨ ᠵᠣᠷᠪᠤᠰ ᠡᠳ᠋ᠰᠢᠭᠦᠯᠬᠦ᠂ ᠯᠢᠨᠰᠢ ᠶᠢᠨ ᠡᠾᠧᠩ ᠭᠤᠧᠡᠩ ᠳ᠋ᠠ | ᠬᠢᠲᠠᠳ ᠡᠮ ᠤᠨ ᠮᠠᠲ᠋ᠧᠷᠢᠶᠠᠯ ᠭᠦᠨ ᠡᠳ᠋ᠰᠢᠭᠦᠯᠬᠦ ᠵᠡᠷᠭᠡ ᠨᠢᠭᠡ ᠪᠦᠯᠦᠭ ᠲᠦᠷᠦᠯ ᠵᠦᠢᠯ ᠢ ᠪᠠᠶᠢᠭᠤᠯᠵᠠᠢ᠃ | ᠲᠦᠰᠦᠪᠯᠡᠪᠡᠯ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ | 9% ᠨᠡᠮᠡᠭᠳᠡᠵᠦ᠂ ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠠᠰᠢᠭ ᠤᠷᠣᠯᠭ᠎ᠠ ᠶᠢᠨ ᠨᠣᠷᠮ᠎ᠠ 10% | ᠨᠡᠮᠡᠭᠳᠡᠵᠡᠢ᠃ ᠦᠢᠯᠡᠴᠢᠯᠡᠭᠡᠨ ᠤ ᠦᠢᠯᠡᠰ ᠤᠨ ᠰᠢᠨ᠎ᠠ ᠨᠡᠮᠡᠭᠳᠡᠯ ᠤᠨ ᠴᠢᠭ ᠶᠠᠭ ᠪᠦᠷᠢᠯᠳᠦᠵᠦ ᠪᠠᠶᠢᠨ᠎ᠠ᠃ | ᠵᠢᠭᠤᠯᠴᠢᠯᠠᠯ ᠤᠨ ᠦᠢᠯᠡᠰ ᠨᠢ ᠰᠠᠭᠤᠷᠢ ᠪᠠᠲᠤᠯᠠᠭ᠎ᠠ ᠶᠢ ᠳᠡᠬᠡᠭᠰᠢᠯᠡᠬᠦᠯᠬᠦ ᠬᠢᠷᠢ ᠳᠦᠪᠰᠢᠨ ᠢᠶᠠᠨ ᠳᠡᠭᠡᠭᠰᠢᠯᠡᠭᠦᠯᠵᠦ᠂ | ᠵᠢᠭᠤᠯᠴᠢᠯᠠᠯ ᠤᠨ ᠵᠠᠰᠠᠮᠠᠯ ᠵᠠᠮ 14 ᠵᠤᠷᠪᠤᠰ᠂ ᠤᠨᠴᠠᠯᠢᠭᠲᠤ ᠵᠢᠭᠤᠯᠴᠢᠯᠠᠯ ᠤᠨ ᠵᠢᠵᠢᠭ ᠪᠠᠯᠭᠠᠰᠤ 7᠂ | ᠵᠢᠭᠤᠯᠴᠢᠯᠠᠯ ᠤᠨ ᠵᠣᠷᠯᠣᠩ 160 ᠶᠢ ᠡᠬᠢᠯᠡᠨ ᠪᠠᠶᠢᠭᠤᠯᠵᠤ᠂ ᠨᠢᠭᠡ ᠪᠦᠯᠦᠭ ᠭᠤᠣᠯᠳᠠᠯᠭᠠᠲᠠᠢ ᠵᠢᠭᠤᠯᠴᠢᠯᠠᠯ ᠤᠨ | ᠲᠦᠷᠦᠯ ᠵᠦᠢᠯ ᠨᠢ ᠠᠰᠢᠭᠯᠠᠯᠲᠠ ᠳᠤ ᠤᠷᠣᠵᠤ᠂ ᠬᠡᠰᠢᠭᠲᠡᠨ ᠬᠤᠰᠢᠭᠤᠨ ᠤ ᠠᠰᠬᠠᠲᠣ ᠴᠢᠯᠠᠭᠤᠨ ᠵᠢᠭᠰᠠᠭᠠᠯ ᠨᠢ | ᠤᠯᠤᠰ ᠤᠨ 5A ᠳᠡᠰ ᠤᠨ ᠦᠵᠡᠮᠵᠢ ᠶᠢᠨ ᠤᠷᠣᠨ ᠪᠣᠯᠵᠤ ᠳᠡᠰ ᠳᠡᠪᠰᠢᠨ᠂ ᠪᠦᠬᠦ ᠬᠤᠲᠠ ᠶᠢᠨ | ᠵᠤᠭᠠᠴᠠᠭᠰᠠᠳ ᠤᠨ ᠬᠦᠮᠥᠨ ᠤ ᠲᠤᠭ᠎ᠠ ᠪᠠ ᠵᠢᠭᠤᠯᠴᠢᠯᠠᠯ ᠤᠨ ᠤᠷᠣᠯᠭ᠎ᠠ ᠲᠤᠰᠪᠦᠷᠢ 13% ᠪᠠ 16.7% | ᠨᠡᠮᠡᠭᠳᠡᠵᠡᠢ᠃ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠰᠢᠨ᠎ᠠ ᠲᠠᠪᠴᠠᠩ ᠰᠢᠨ᠎ᠠ | ᠬᠡᠪ ᠪᠠᠶᠢᠳᠠᠯ ᠢ ᠲᠣᠪᠤᠶᠢᠮ᠎ᠠ ᠪᠣᠢ ᠪᠣᠯᠭᠠᠵᠤ᠂ ᠰᠢᠨ᠎ᠠ ᠬᠡᠯᠪᠡᠷᠢ ᠶᠢᠨ ᠦᠨᠳᠦᠰᠦᠨ ᠱᠠᠲᠤᠨ ᠤ ᠬᠠᠩᠭᠠᠨ | ᠪᠣᠷᠤᠯᠠᠭᠤᠯᠭ᠎ᠠ ᠶᠢᠨ ᠬᠤᠷᠰᠢᠶᠠᠵᠢᠯ ᠤᠨ ᠰᠢᠰᠲ᠋ᠧᠮ ᠡᠳᠦᠷ ᠢᠷᠡᠬᠦᠶ᠎ᠠ ᠲᠡᠭᠦᠯᠳᠡᠷᠵᠢᠵᠦ᠂ ᠸᠧᠺᠲ᠋ᠤᠷᠢᠶᠠ ᠮᠦᠸᠧ ᠡᠯ | ᠲᠠᠯᠠᠪᠤᠷ᠂ ᠬᠦᠭᠦᠷᠭᠡᠨ ᠠᠷᠤ ᠳᠠᠬᠢ ᠰᠢᠨ᠎ᠠ ᠵᠦᠩ ᠯᠢᠶᠠᠨ᠂ ᠯᠦᠩ ᠲᠧᠩ ᠤᠯᠠᠨ ᠤᠯᠤᠰ ᠵᠡᠷᠭᠡ ᠲᠦᠷᠥᠯ ᠵᠦᠢᠯ ᠢ | ᠲᠦᠷᠭᠡᠨ ᠠᠬᠢᠭᠤᠯᠵᠤ᠂ ᠯᠢ ᠹᠧᠩ ᠮᠠᠰᠢᠨ ᠲᠡᠷᠭᠡᠨ ᠤ ᠵᠠᠬ᠎ᠠ ᠳᠡᠯᠭᠡᠭᠦᠷ ᠨᠢ ᠬᠤᠲᠠ ᠠᠴᠠ ᠭᠠᠷᠴᠤ ᠬᠦᠷᠢᠶᠡᠯᠡᠩ | ᠲᠣᠭᠤᠷᠢᠭ ᠲᠤ ᠤᠷᠣᠵᠤ᠂ ᠦᠪᠥᠷ ᠮᠣᠩᠭᠤᠯ ᠤᠨ ᠵᠡᠭᠦᠨ ᠬᠡᠰᠡᠭ ᠤᠨ ᠡᠮ ᠡᠮᠨᠡᠯᠭᠡ ᠶᠢᠨ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ᠂ ᠦᠪᠥᠷ ᠮᠣᠩᠭᠤᠯ ᠤᠨ ᠵᠡᠭᠦᠨ ᠬᠡᠰᠡᠭ ᠤᠨ ᠹᠧᠩ ᠴᠤᠧᠠᠩ᠂ ᠫᠠᠨ ᠭᠦ᠋ | ᠴᠠᠬᠢᠮ ᠬᠤᠳᠠᠯᠳᠤᠭ᠎ᠠ ᠶᠢᠨ ᠬᠦᠷᠢᠶᠡᠯᠡᠩ ᠵᠡᠷᠭᠡ ᠰᠢᠨ᠎ᠠ ᠬᠡᠯᠪᠡᠷᠢ ᠶᠢᠨ ᠪᠠᠷᠠᠭ᠎ᠠ ᠶᠢᠨ ᠭᠦᠢᠯᠭᠡᠭᠡᠨ ᠤ ᠲᠠᠪᠴᠠᠩ ᠨᠢ | ᠠᠰᠢᠭᠯᠠᠯᠲᠠ ᠳᠤ ᠤᠷᠣᠵᠤ᠂ ᠪᠦᠬᠦ ᠬᠤᠲᠠ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠪᠣᠷᠤᠯᠠᠭᠤᠯᠤᠨ | ᠬᠤᠳᠠᠯᠳᠤᠭᠰᠠᠨ ᠤᠷᠣᠯᠭ᠎ᠠ 550 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠴᠠᠬᠢᠮ ᠬᠤᠳᠠᠯᠳᠤᠭᠠᠨ ᠤ | ᠠᠷᠠᠯᠵᠢᠶ᠎ᠠ ᠶᠢᠨ ᠨᠣᠷᠮ᠎ᠠ ᠨᠢ 28 ᠳ᠋ᠦᠩᠰᠢᠭᠤᠷ ᠲᠦᠭᠦᠷᠢᠭ ᠲᠤ ᠬᠦᠷᠴᠡᠢ᠃ ᠮᠦᠩᠭᠦᠨ ᠭᠦᠢᠯᠭᠡᠭᠡᠨ ᠤ ᠦᠢᠯᠡᠰ ᠨᠢ | ᠦᠢᠯᠡᠴᠢᠯᠡᠭᠡᠨ ᠤ ᠴᠢᠳᠠᠪᠤᠷᠢ ᠪᠠᠨ ᠲᠣᠪᠤᠶᠢᠮ᠎ᠠ ᠴᠢᠩᠳᠠᠯᠠᠵᠤ᠂ ᠪᠦᠬᠦ ᠬᠤᠲᠠ ᠶᠢᠨ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ 2310.4 ᠳ᠋ᠦᠩᠰᠢᠭᠤᠷ ᠲᠦᠭᠦᠷᠢᠭ ᠪᠠ | 1868.5 ᠳ᠋ᠦᠩᠰᠢᠭᠤᠷ ᠲᠦᠭᠦᠷᠢᠭ᠂ 6.9% ᠪᠠ 13% ᠨᠡᠮᠡᠭᠳᠡᠵᠦ᠂ ᠤᠮᠠᠷᠠᠲᠤ ᠶᠢᠨ ᠮᠦᠩᠭᠦᠨ | ᠭᠦᠢᠯᠭᠡᠭᠡᠨ ᠤ ᠵᠢᠵᠢᠭ ᠪᠠᠯᠭᠠᠰᠤ ᠨᠢ ᠠᠰᠢᠭᠯᠠᠯᠲᠠ ᠳᠤ ᠤᠷᠣᠵᠤ᠂ ᠭᠡᠷ᠎ᠠ ᠲᠣᠭᠲᠠᠨ ᠰᠠᠭᠤᠷᠢᠰᠢᠭᠰᠠᠨ ᠠᠵᠤ | ᠠᠬᠤᠢᠢᠯᠠᠯ 64 ᠪᠣᠯᠵᠤ᠂ ᠬᠤᠧᠠ ᠰᠢᠶᠠ ᠪᠠᠩᠬᠢ ᠤᠯᠠᠭᠠᠨᠬᠠᠳᠠ ᠳᠤ ᠰᠠᠭᠤᠷᠢᠰᠢᠨ᠂ ᠬᠦᠷᠥᠩᠭᠡ ᠪᠡᠯᠡ ᠶᠢᠨ ᠵᠠᠬ᠎ᠠ | ᠳᠡᠯᠭᠡᠭᠦᠷ ᠤᠨ ᠫᠠᠶᠢᠰᠠ ᠡᠯᠭᠦᠭᠰᠡᠨ ᠳᠤᠮᠳᠠ ᠵᠢᠵᠢᠭ ᠠᠵᠤ ᠠᠬᠤᠢᠢᠯᠠᠯ 53 ᠰᠢᠨ᠎ᠠ ᠨᠡᠮᠡᠭᠳᠡᠵᠡᠢ᠃ | ︵ᠭᠤᠷᠪᠠ︶ ᠦᠭᠡᠷᠡᠴᠢᠯᠡᠯᠲᠡ ᠨᠡᠭᠡᠭᠡᠯᠲᠡ ᠶᠢᠨ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠪᠡ᠃ | ᠭᠤᠣᠯᠳᠠᠯᠭᠠᠲᠠᠢ ᠬᠦᠷᠢᠶ᠎ᠠ ᠬᠡᠪᠴᠢᠶ᠎ᠠ ᠶᠢᠨ ᠦᠭᠡᠷᠡᠴᠢᠯᠡᠯᠲᠡ ᠨᠢ ᠭᠦᠨᠵᠡᠭᠡᠶᠢᠷᠡᠨ ᠠᠬᠢᠵᠠᠢ᠃ 41 ᠵᠦᠢᠯ ᠤᠨ ᠵᠢᠯ ᠤᠨ | ᠦᠭᠡᠷᠡᠴᠢᠯᠡᠯᠲᠡ ᠶᠢᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ 35 ᠵᠦᠢᠯ ᠤᠨ ᠦᠷᠭᠦᠯᠵᠢᠯᠡᠨ ᠠᠬᠢᠭᠤᠯᠬᠤ | ᠦᠭᠡᠷᠡᠴᠢᠯᠡᠯᠡᠲᠡ ᠶᠢᠨ ᠡᠭᠦᠷᠭᠡ ᠱᠠᠲᠤᠴᠢ ᠴᠢᠨᠠᠷᠲᠠᠢ ᠦᠷ᠎ᠠ ᠪᠦᠲᠦᠮᠵᠢ ᠤᠯᠵᠠᠢ᠃ ᠠᠮᠢ ᠠᠬᠤᠢ ᠶᠢᠨ ᠪᠣᠯᠪᠠᠰᠤᠨ ᠤ | ᠵᠣᠬᠢᠴᠠᠮᠵᠢ ᠶᠢᠨ ᠦᠭᠡᠷᠡᠴᠢᠯᠡᠯᠲᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠲᠠ ᠰᠢᠶᠠᠨ ᠰᠢᠶᠠᠩ ᠲᠣᠰᠬᠤᠨ | ᠳᠦᠷᠪᠡᠨ ᠱᠠᠲᠤᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ | ᠠᠬᠤᠢ ᠶᠢᠨ ᠬᠠᠮᠠᠭᠠᠯᠠᠯᠲᠠ ᠶᠢᠨ ᠬᠢᠵᠠᠭᠠᠷ ᠢ ᠦᠨᠳᠦᠰᠦᠨ ᠳᠤᠨᠢ ᠵᠢᠷᠤᠭᠯᠠᠨ ᠲᠣᠭᠲᠠᠭᠠᠵᠠᠢ᠃ ᠬᠦᠳᠡᠭᠡ ᠲᠣᠰᠬᠤᠨ | ᠮᠠᠯᠵᠢᠬᠤ ᠤᠷᠣᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠦᠴᠦᠲᠡᠢ ᠠᠬᠢᠭᠤᠯᠵᠤ᠂ ᠤᠯᠤᠰ ᠤᠨ ᠦᠮᠴᠢᠯᠡᠯᠲᠦ | ᠤᠢ ᠶᠢᠨ ᠲᠠᠯᠠᠪᠠᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠢ ᠨᠤᠲᠤᠭ | ᠪᠡᠯᠴᠢᠭᠡᠷ ᠤᠨ ᠡᠷᠬᠡ ᠶᠢᠨ ᠨᠣᠲᠠᠯᠠᠯᠲᠠ ᠶᠢᠨ ᠠᠵᠢᠯ ᠢ ᠦᠨᠳᠦᠰᠦᠨ ᠳᠤᠨᠢ ᠪᠡᠶᠡᠯᠡᠭᠦᠯᠵᠦ᠂ ᠬᠦᠳᠡᠭᠡ ᠲᠣᠰᠬᠤᠨ | ᠮᠠᠯᠵᠢᠬᠤ ᠤᠷᠣᠨ ᠤ ᠨᠡᠶᠢᠲᠡ ᠶᠢᠨ ᠦᠮᠴᠢᠯᠡᠯ ᠤᠨ ᠳᠦᠷᠢᠮ ᠤᠨ ᠦᠭᠡᠷᠡᠴᠢᠯᠡᠯᠲᠡ᠂ ᠲᠠᠷᠢᠶᠠᠯᠠᠩ ᠤᠨ ᠤᠰᠤᠨ ᠤ | ᠦᠨ᠎ᠠ ᠬᠠᠩᠰᠢ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠭ ᠤᠨ ᠠᠵᠢᠯ ᠨᠢ ᠢᠳᠡᠪᠬᠢᠲᠠᠢ | ᠠᠬᠢᠯᠲᠠ ᠲᠠᠢ ᠪᠣᠯᠵᠡᠢ᠃ ᠨᠡᠶᠢᠭᠡᠮ ᠤᠨ ᠦᠢᠯᠡᠰ ᠤᠨ ᠦᠭᠡᠷᠡᠴᠢᠯᠡᠯᠲᠡ ᠶᠢ ᠨᠢᠭᠡᠳᠦᠯᠲᠡᠢ ᠲᠦᠯᠥᠪᠵᠢᠭᠦᠯᠦᠨ | ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ 23 ᠵᠤᠷᠪᠤᠰ | ᠰᠠᠨᠠᠯ ᠢ ᠪᠤᠳᠠᠲᠠᠢ ᠲᠣᠭᠲᠠᠭᠠᠵᠤ᠂ ᠡᠮ ᠡᠮᠨᠡᠯᠭᠡ ᠶᠢᠨ ᠬᠤᠯᠪᠤᠭᠠᠲᠤ ᠴᠣᠭᠴᠠ 33 ᠶᠢ ᠪᠠᠶᠢᠭᠤᠯᠵᠤ᠂ ᠭᠡᠷ | ᠪᠦᠯᠢ ᠶᠢᠨ ᠡᠮᠴᠢ ᠶᠢᠨ ᠭᠡᠷ᠎ᠠ ᠲᠣᠭᠲᠠᠭᠰᠠᠨ ᠦᠢᠯᠡᠴᠢᠯᠡᠭᠡᠨ᠂ ᠱᠠᠲᠤ ᠬᠤᠪᠢᠶᠠᠨ ᠤᠨᠤᠰᠢᠯᠠᠨ ᠡᠮᠨᠡᠬᠦ ᠳᠦᠷᠢᠮ ᠢ | ᠠᠩᠬ᠎ᠠ ᠠᠯᠬᠤᠮ ᠪᠠᠶᠢᠭᠤᠯᠵᠤ᠂ 4 ᠵᠦᠢᠯ ᠤᠨ ᠰᠤᠷᠭᠠᠨ ᠬᠦᠮᠥᠵᠢᠯ ᠤᠨ ᠦᠭᠡᠷᠡᠴᠢᠯᠡᠯᠲᠡ ᠶᠢᠨ ᠰᠢᠨ᠎ᠠ | ᠡᠭᠦᠳᠦᠯᠲᠡ ᠶᠢᠨ ᠦᠷ᠎ᠠ ᠪᠦᠲᠦᠮᠵᠢ ᠨᠢ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠰᠤᠷᠭᠠᠨ ᠬᠦᠮᠥᠵᠢᠯ ᠤᠨ | ᠦᠵᠡᠭᠦᠯᠦᠯᠭᠡ ᠳᠤ ᠰᠤᠩᠭᠤᠭᠳᠠᠵᠠᠢ᠃ ᠠᠷᠠᠯᠵᠢᠶᠠᠴᠢᠨ ᠤᠷᠢᠵᠤ ᠪᠡᠯᠡ ᠮᠦᠩᠭᠦ ᠲᠠᠲᠠᠭᠰᠠᠨ ᠦᠷ᠎ᠠ ᠪᠦᠲᠦᠮᠵᠢ | ᠢᠯᠡᠳᠲᠡ ᠪᠣᠯᠵᠠᠢ᠃ ︽ᠡᠪᠦᠯ ᠤᠨ ᠤᠯᠠᠷᠢᠯ ᠤᠨ ᠪᠤᠭᠤᠮᠲᠠ ᠰᠢᠪᠲᠤᠯᠬᠤ ᠠᠵᠢᠯᠯᠠᠭᠠᠨ︾ ᠢ ᠦᠷᠭᠦᠯᠵᠢᠯᠡᠨ | ᠦᠷᠨᠢᠭᠦᠯᠵᠦ᠂ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ 168 ᠶᠢ ᠠᠮᠵᠢᠯᠲᠠᠲᠠᠢ ᠭᠡᠷ᠎ᠠ | ᠲᠣᠭᠲᠠᠵᠠᠢ︔ ︽ᠤᠯᠠᠭᠠᠨᠬᠠᠳᠠ ᠨᠤᠲᠤᠭᠲᠠᠨ ᠤ ᠴᠤᠭᠯᠠᠭᠠᠨ — — ᠠᠩᠬᠠᠳᠠᠭᠴᠢ ᠬᠤᠭᠤᠴᠠᠭᠠᠨ ᠤ ᠬᠤᠯᠠ | ᠤᠢᠢᠷ᠎ᠠ ᠶᠢᠨ ᠤᠯᠠᠭᠠᠨᠬᠠᠳᠠ ᠶᠢᠨ ᠬᠦᠮᠥᠨ ᠤ ᠪᠡᠯᠡ ᠤᠷᠤᠭᠤᠯᠬᠤ ᠦᠢᠯᠡᠰ ᠪᠦᠲᠦᠭᠡᠬᠦ ᠶᠡᠭᠡ ᠬᠤᠷᠠᠯ︾ ᠨᠢ ᠮᠠᠰᠢ | ᠶᠡᠭᠡ ᠠᠮᠵᠢᠯᠲᠠ ᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠴᠢᠳᠠᠪᠤᠷᠢᠲᠠᠨ ᠴᠤᠭᠯᠠᠷᠠᠭᠤᠯᠤᠨ ᠤᠶᠣᠨ | ᠲᠠᠲᠠᠬᠤ ᠰᠢᠨ᠎ᠠ ᠬᠡᠯᠪᠡᠷᠢ ᠮᠠᠶ᠋ᠢᠭ ᠢ ᠰᠦᠪᠡᠭᠴᠢᠯᠡᠨ ᠦᠢᠯᠡᠳᠦᠯᠭᠡᠵᠢᠭᠦᠯᠵᠦ᠂ ᠤᠷᠢᠳ ᠬᠤᠵᠢᠳ ᠬᠦᠬᠡᠮᠦ᠋ᠷᠡᠨ ᠤ | ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠡᠾᠧᠪᠧᠢ᠂ ᠯᠢᠶᠤᠤᠨᠢᠩ ᠮᠦᠭᠳᠡᠨ ᠵᠡᠷᠭᠡ ᠭᠠᠵᠠᠷ ᠤᠷᠣᠨ ᠳᠤ | ᠬᠦᠷᠴᠦ ᠠᠷᠠᠯᠵᠢᠶᠠᠴᠢᠨ ᠤᠷᠢᠬᠤ ᠶᠠᠷᠢᠯᠴᠠᠬᠤ ᠠᠵᠢᠯᠯᠠᠭᠠᠨ ᠦᠷᠨᠢᠭᠦᠯᠦᠨ᠂ ᠪᠦᠬᠦ ᠵᠢᠯ ᠳᠤ ᠤᠷᠤᠭᠤᠯᠤᠨ | ᠠᠪᠴᠢᠷᠠᠭᠰᠠᠨ ᠲᠦᠷᠥᠯ ᠵᠦᠢᠯ ᠤᠨ ᠪᠡᠯᠡ ᠤᠷᠤᠭᠤᠯᠤᠯᠲᠠ ᠮᠢᠩᠭᠠᠨ ᠳ᠋ᠦᠩᠰᠢᠭᠤᠷ ᠲᠦᠭᠦᠷᠢᠭ ᠢ ᠳᠠᠪᠠᠵᠠᠢ᠃ | ᠤᠷᠣᠨ ᠬᠡᠴᠡ ᠶᠢᠨ ᠬᠠᠮᠵᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠡᠢ᠃ ᠮᠦᠭᠳᠡᠨ᠂ ᠴᠣᠣᠶᠠᠩ᠂ ᠵᠢᠨᠵᠧᠦ᠂ | ᠴᠧᠩᠳᠧ ᠵᠡᠷᠭᠡ ᠭᠠᠵᠠᠷ ᠤᠷᠣᠨ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠪᠦᠬᠦ ᠲᠠᠯ᠎ᠠ ᠪᠠᠷ | ᠴᠢᠩᠭᠠᠳᠬᠠᠵᠤ᠂ ᠳᠡᠳ᠋ ᠭᠠᠷᠠᠮ ᠬᠠᠪᠢᠳᠠᠭᠰᠠᠨ ᠠᠵᠤ ᠦᠢᠯᠡᠰ ᠤᠨ ᠤᠷᠣᠨ ᠤ ᠪᠦᠲᠦᠭᠡᠨ ᠪᠠᠶᠢᠭᠤᠯᠤᠯᠲᠠ ᠶᠢ | ᠲᠦᠯᠥᠪᠯᠡᠨ ᠡᠬᠢᠯᠡᠵᠦ᠂ ᠶᠡᠷᠦᠩᠬᠡᠢ ᠪᠡᠯᠡ ᠤᠷᠤᠭᠤᠯᠤᠯᠲᠠ ᠨᠢ 170 ᠳ᠋ᠦᠩᠰᠢᠭᠤᠷ ᠲᠦᠭᠦᠷᠢᠭ ᠤᠨ | ᠭᠠᠳᠠᠭᠠᠳᠤ ᠠᠴᠠ ᠤᠷᠤᠭᠤᠯᠬᠤ ᠡᠬᠢ ᠪᠠᠶᠠᠯᠢᠭ ᠢ ᠡᠳ᠋ᠰᠢᠭᠦᠯᠬᠦ ᠲᠦᠷᠦᠯ ᠵᠦᠢᠯ ᠨᠢ ᠭᠡᠷ᠎ᠠ ᠲᠣᠭᠲᠠᠨ | ᠨᠠᠶᠢᠳᠠᠪᠤᠷᠢᠵᠢᠭᠳᠠᠵᠠᠢ᠃ ᠡᠵᠡᠩᠨᠡᠯᠲᠡ ᠠᠷᠠᠯᠵᠢᠶᠠᠨ ᠤ ᠤᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ | ᠲᠡᠷᠢᠭᠦᠨ ᠳᠡᠰ ᠤᠨ ᠡᠵᠡᠩᠨᠡᠯᠲᠡ ᠠᠷᠠᠯᠵᠢᠶᠠᠨ ᠤ ᠤᠷᠴᠢᠨ ᠲᠣᠭᠤᠷᠢᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ 35 ᠵᠤᠷᠪᠤᠰ ᠪᠣᠳᠠᠲᠠᠢ ᠠᠷᠭ᠎ᠠ | ᠬᠡᠮᠵᠢᠶ᠎ᠠ ᠲᠣᠭᠲᠠᠭᠠᠵᠤ᠂ ︽ᠨᠠᠢᠮᠠᠨ ᠨᠠᠷᠢᠨ ᠬᠠᠭᠤᠳᠠᠰᠤ︾ ᠶᠢᠨ ᠪᠠᠷᠢᠮᠵᠢᠶᠠᠵᠢᠭᠤᠯᠬᠤ ᠰᠢᠰᠲ᠋ᠧᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠤᠷᠣᠨ ᠳᠤ ᠬᠠᠮᠤᠭ ᠲᠡᠷᠢᠭᠦᠨ ᠳᠤ ᠠᠵᠤ ᠠᠬᠤᠢᠢᠯᠠᠯ ᠤᠨ | ᠳᠠᠩᠰᠠᠯᠠᠯ ᠤᠨ ᠪᠦᠬᠦ ᠶᠠᠪᠤᠴᠠ ᠶᠢ ᠴᠠᠬᠢᠮᠴᠢᠯᠡᠬᠤ ᠶᠢ ᠪᠡᠶᠡᠯᠡᠭᠦᠯᠵᠦ᠂ 32 ᠵᠦᠢᠯ ᠤᠨ ᠠᠵᠤ ᠠᠬᠤᠢᠢᠯᠠᠯ ᠳᠤ | ᠬᠤᠯᠪᠤᠭᠳᠠᠬᠤ ᠦᠨᠡᠮᠯᠡᠯ ᠤᠨ ︽ᠤᠯᠠᠨ ᠦᠨᠡᠮᠯᠡᠯ ᠢ ᠨᠢᠭᠡᠳᠬᠡᠬᠦ︾ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ | ᠵᠦᠪᠰᠢᠶᠡᠷᠡᠯ ᠤᠨ ︽ᠨᠢᠭᠡ ᠯᠡ ᠤᠳᠠᠭ᠎ᠠ ᠳᠤ ᠭᠦᠢᠴᠡᠳᠬᠡᠵᠦ ᠳᠡᠶᠢᠯᠬᠦ︾ ᠵᠦᠢᠯ ᠨᠢ 81% ᠬᠦᠷᠴᠡᠢ︔ | ᠤᠯᠤᠰ ᠤᠨ ᠠᠯᠢ ᠤᠯᠠᠨ ᠪᠦᠳᠦᠴᠡ ᠶᠢᠨ ᠴᠢᠨᠠᠷᠲᠠᠢ ᠭᠠᠶᠢᠯᠢ ᠬᠠᠰᠤᠬᠤ ᠰᠦᠢᠳᠬᠡᠯ ᠪᠠᠭᠤᠷᠠᠭᠤᠯᠬᠤ ᠲᠦᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢᠢᠯᠠᠯ ᠤᠨ 36.12 ᠳ᠋ᠦᠩᠰᠢᠭᠤᠷ | ᠲᠦᠭᠦᠷᠢᠭ ᠤᠨ ᠭᠠᠶᠢᠯᠢ ᠰᠦᠢᠳᠬᠡᠯ ᠢ ᠬᠠᠰᠤᠨ ᠬᠡᠯᠲᠦᠷᠢᠭᠦᠯᠵᠡᠢ᠃ | ︵ᠳᠦᠷᠪᠡ︶ ᠬᠤᠲᠠ ᠬᠦᠳᠡᠭᠡ ᠶᠢᠨ ᠰᠠᠭᠤᠷᠢ ᠨᠦᠬᠦᠴᠡᠯ ᠢ ᠬᠦᠴᠦᠯᠡᠨ ᠰᠠᠶᠢᠵᠢᠷᠠᠭᠤᠯᠪᠠ᠃ ᠵᠠᠮ | ᠬᠠᠷᠢᠯᠴᠠᠭᠠᠨ ᠤ ᠲᠦᠷᠥᠯ ᠵᠦᠢᠯ ᠯᠠᠪᠳᠠᠭᠤᠨ ᠠᠬᠢᠪᠠ᠃ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠲᠦᠷᠭᠡᠨ | ᠵᠠᠮ ᠤᠨ ᠳ᠋ᠠᠪᠠᠨ ᠠᠴᠠ ᠪᠢᠷᠠᠭᠤ ᠬᠦᠷᠬᠦ ᠬᠡᠰᠡᠭ ᠤᠨ ᠵᠠᠰᠠᠮᠠᠯ ᠵᠠᠮ᠂ 306 ᠤᠯᠤᠰ ᠤᠨ ᠵᠠᠮ ᠤᠨ ᠯᠢᠨᠰᠢ ᠠᠴᠠ | ᠲᠠᠭᠠᠭᠠᠴᠠ ᠶᠢᠨ ᠪᠤᠯᠠᠭ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ᠂ 303 ᠤᠯᠤᠰ ᠤᠨ ᠵᠠᠮ ᠤᠨ | ᠭᠠᠷᠤᠳᠢ ᠳᠠᠪᠠᠭ᠎ᠠ ᠠᠴᠠ ᠴᠢᠪᠠᠭ᠎ᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ 210 ᠮᠤᠵᠢ ᠶᠢᠨ ᠵᠠᠮ ᠤᠨ ᠰᠢᠨ | ᠬᠤᠢ ᠠᠴᠠ ᠯᠣᠣ ᠬᠤ᠋ ᠱᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ ᠲᠦᠷᠥᠯ ᠵᠦᠢᠯ ᠢ ᠪᠦᠲᠦᠭᠡᠨ | ᠪᠠᠶᠢᠭᠤᠯᠤᠨ ᠳᠠᠭᠤᠰᠴᠤ᠂ ᠲᠦᠷᠭᠡᠨ ᠵᠠᠮ 113.5 ᠺᠢᠯᠤᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ ᠢ 221.5 | ᠺᠢᠯᠤᠮᠧᠲᠷ ᠰᠢᠨ᠎ᠠ ᠪᠠᠷ ᠵᠠᠰᠠᠵᠤ ᠠᠰᠢᠭᠯᠠᠯᠲᠠ ᠳᠤ ᠤᠷᠣᠵᠤ᠂ ᠤᠯᠠᠭᠠᠨᠬᠠᠳᠠ ᠶᠢᠨ ᠲᠦᠷᠭᠡᠨ ᠲᠡᠮᠦᠷ ᠵᠠᠮ ᠤᠨ ᠪᠦᠬᠦ | ᠱᠤᠭᠤᠮ ᠨᠢ ᠴᠢᠷᠭᠢ ᠳᠡᠪᠢᠰᠴᠦ ᠬᠠᠰ ᠯᠤᠤ ᠨᠢᠰᠬᠡᠯ ᠤᠨ ᠪᠠᠭᠤᠳᠠᠯ ᠢ ᠦᠭᠡᠷᠡᠴᠢᠯᠡᠨ ᠦᠷᠭᠡᠳᠬᠡᠨ ᠪᠠᠶᠢᠭᠤᠯᠬᠤ | ᠢᠨᠵᠧᠨᠧᠷᠢᠩ ᠨᠢ ᠲᠦᠷᠥᠯ ᠵᠦᠢᠯ ᠲᠣᠭᠲᠠᠭᠠᠬᠤ ᠠᠵᠢᠯ ᠳᠠᠭᠤᠰᠪᠠ᠃ ᠡᠨᠧᠷᠭᠢ ᠤᠰᠣᠨ ᠠᠰᠢᠭᠯᠠᠯᠲᠠ ᠤᠨ ᠲᠦᠷᠥᠯ | ᠵᠦᠢᠯ ᠤᠨ ᠪᠠᠶᠢᠭᠤᠯᠤᠯᠲᠠ ᠲᠦᠷᠭᠡᠳᠪᠡ᠃ ᠴᠣᠣᠶᠠᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ ᠰᠢᠲᠠᠮᠠᠬᠠᠢ | ᠬᠡᠢ ᠶᠢᠨ ᠬᠤᠭᠤᠯᠠᠢ ᠶᠢᠨ ᠪᠠᠷᠢᠯᠭ᠎ᠠ ᠨᠢ ᠵᠦᠪᠰᠢᠶᠡᠷᠡᠭᠳᠡᠵᠦ᠂ ᠳ᠋ᠦᠩ ᠲᠠᠶᠢᠽᠢ ᠤᠰᠤᠨ ᠴᠦᠬᠦᠷᠦᠮ ᠢ ᠡᠬᠢᠯᠡᠨ | ᠪᠦᠲᠦᠭᠡᠨ ᠪᠠᠶᠢᠭᠤᠯᠵᠤ᠂ ᠬᠦᠪᠡᠭᠡ ᠭᠤᠤ ᠤᠰᠤᠨ ᠴᠦᠭᠦᠷᠦᠮ ᠢ ᠲᠦᠷᠭᠡᠨ ᠠᠬᠢᠭᠤᠯᠵᠤ᠂ ᠤᠷᠣᠨ ᠠᠯᠤᠰᠯᠠᠨ | ᠤᠰᠤ ᠲᠠᠲᠠᠬᠤ ᠢᠨᠵᠧᠨᠧᠷᠢᠩ ᠤᠨ ᠡᠮᠦᠨ᠎ᠠ ᠬᠤᠭᠤᠴᠠᠭᠠᠨ ᠤ ᠠᠵᠢᠯ ᠨᠢ ᠴᠢᠬᠤᠯᠠ ᠶᠡᠭᠡ ᠠᠬᠢᠴᠠ ᠲᠠᠢ ᠪᠣᠯᠪᠠ᠃ | ᠬᠦᠳᠡᠭᠡ ᠲᠣᠰᠬᠤᠨ ᠮᠠᠯᠵᠢᠬᠤ ᠤᠷᠣᠨ ᠤ ᠢᠳᠡᠬᠦ ᠤᠰᠤᠨ ᠤ ᠠᠶᠤᠯᠭᠦᠢ ᠶᠢ ᠪᠠᠬᠢᠵᠢᠭᠦᠯᠦᠨ ᠳᠡᠭᠡᠭᠰᠢᠯᠡᠭᠦᠯᠬᠦ | ᠢᠨᠵᠧᠨᠧᠷᠢᠩ 425 ᠶᠢ ᠬᠡᠷᠡᠭᠵᠢᠭᠦᠯᠵᠦ᠂ 10.5 ᠲᠦᠮᠡᠨ ᠲᠠᠷᠢᠶᠠᠴᠢᠳ ᠮᠠᠯᠴᠢᠳ ᠠᠰᠢᠭ ᠬᠦᠷᠲᠡᠵᠡᠢ᠃ ᠬᠤᠲᠠ | ᠬᠦᠳᠡᠭᠡ ᠶᠢᠨ ᠴᠠᠬᠢᠯᠭᠠᠨ ᠲᠣᠣᠷᠵᠢᠯ ᠢ 1701 ᠺᠢᠯᠤᠮᠧᠲᠷ ᠰᠢᠨ᠎ᠠ ᠪᠠᠷ ᠪᠠᠶᠢᠭᠤᠯᠤᠭᠰᠠᠨ ᠪᠠ ᠦᠭᠡᠷᠡᠴᠢᠯᠡᠵᠡᠢ᠃ | ᠬᠤᠲᠠ ᠶᠢᠨ ᠶᠠᠪᠤᠳᠠᠯ ᠤᠨ ᠪᠠᠶᠢᠭᠤᠯᠤᠯᠲᠠ ᠶᠢᠨ ᠦᠷ᠎ᠠ ᠪᠦᠲᠦᠮᠵᠢ ᠢᠯᠡᠳᠲᠡ ᠪᠣᠯᠵᠠᠢ᠃ ᠳᠠᠷᠳᠠᠩ ᠵᠠᠮ ᠢ | ᠪᠦᠬᠦᠨ ᠢᠶᠠᠷ ᠨᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠭᠤᠣᠯ ᠱᠤᠭᠤᠮ ᠨᠢ ᠨᠡᠪᠲᠡᠷᠡᠵᠦ᠂ ᠲᠦᠷᠭᠡᠨ | ᠲᠡᠮᠦᠷ ᠵᠠᠮ ᠤᠨ ᠪᠠᠷᠠᠭᠤᠨ ᠦᠷᠲᠡᠭᠡᠨ ᠤ ᠵᠠᠮ ᠬᠠᠷᠢᠯᠴᠠᠭᠠᠨ ᠤ ᠭᠤᠣᠯ ᠬᠦᠢᠰᠦ ᠪᠠᠷᠢᠯᠭ᠎ᠠ ᠪᠦᠬᠦ ᠲᠠᠯ᠎ᠠ ᠪᠠᠷ | ᠡᠬᠢᠯᠡᠵᠦ᠂ ᠬᠤᠲᠠ ᠲᠣᠭᠤᠷᠢᠮ ᠤᠰᠤᠨ ᠰᠢᠰᠲ᠋ᠧᠮ ᠤᠨ ᠵᠠᠰᠠᠨ ᠰᠠᠶᠢᠵᠢᠷᠠᠭᠤᠯᠬᠤ ᠢᠨᠵᠧᠨᠧᠷᠢᠩ ᠤᠨ ᠭᠤᠣᠯ | ᠴᠣᠭᠴᠠ ᠶᠢᠨ ᠠᠵᠢᠯ ᠳᠠᠭᠤᠰᠴᠤ᠂ ︽ᠬᠤᠶᠠᠷ ᠠᠭᠤᠯᠠ ᠬᠤᠶᠠᠷ ᠴᠡᠴᠡᠷᠯᠢᠭ︾ ᠤᠨ ᠦᠵᠡᠮᠵᠢ ᠶᠢᠨ ᠳᠡᠰ | ᠳᠡᠭᠡᠭᠰᠢᠯᠡᠭᠦᠯᠬᠦ ᠠᠵᠢᠯ ᠨᠢ ᠡᠷᠴᠢᠮᠲᠠᠢ ᠠᠬᠢᠵᠤ᠂ ᠬᠤᠲᠠ ᠶᠢᠨ ᠶᠠᠪᠤᠳᠠᠯ ᠤᠨ ᠬᠤᠭᠤᠯᠠᠢ ᠲᠣᠣᠷᠵᠢᠯ ᠢ 77.3 | ᠺᠢᠯᠤᠮᠧᠲᠷ ᠰᠢᠨ᠎ᠠ ᠪᠠᠷ ᠪᠠᠶᠢᠭᠤᠯᠤᠨ ᠦᠭᠡᠷᠡᠴᠢᠯᠡᠵᠦ᠂ ᠢᠯᠴᠢ ᠬᠠᠩᠭᠠᠬᠤ ᠲᠠᠯᠠᠪᠠᠢ 235 ᠲᠦᠮᠡᠨ ᠲᠡᠭᠰᠢ | ᠳᠦᠷᠪᠡᠯᠵᠢᠨ ᠮᠧᠲᠷ ᠰᠢᠨ᠎ᠠ ᠪᠠᠷ ᠨᠡᠮᠡᠭᠳᠡᠭᠦᠯᠵᠦ᠂ ᠨᠡᠶᠢᠲᠡ ᠶᠢᠨ ᠵᠠᠮ ᠬᠠᠷᠢᠯᠴᠠᠭᠠᠨ ᠤ ᠲᠠᠯᠠᠪᠤᠷ ᠦᠷᠲᠡᠭᠡ 7᠂ | ᠨᠡᠶᠢᠲᠡ ᠶᠢᠨ ᠵᠣᠷᠯᠣᠩ 88᠂ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠦᠷᠲᠡᠭᠡ 24 ᠶᠢ ᠪᠠᠶᠢᠭᠤᠯᠵᠤ᠂ | ᠭᠤᠣᠯ ᠬᠤᠲᠠ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠪᠠ ᠡᠷᠭᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ | ᠢᠯᠡᠳᠲᠡ ᠳᠡᠭᠡᠭᠰᠢᠯᠡᠭᠦᠯᠵᠡᠢ᠃ ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠯᠠᠪᠳᠠᠭᠤᠨ ᠪᠠᠳᠤᠲᠠᠢ ᠡᠬᠢᠯᠡᠭᠦᠯᠪᠡ᠃ 7 ᠵᠤᠷᠪᠤᠰ ᠰᠢᠶᠠᠩ ᠲᠣᠰᠬᠤᠨ ᠢ ᠬᠦᠭᠵᠢᠭᠦᠯᠬᠦ ᠲᠣᠷᠰᠢᠯᠲᠠ ᠶᠢᠨ ᠵᠢᠱᠢᠶ᠎ᠠ | ᠦᠵᠡᠭᠦᠯᠬᠦ ᠪᠦᠰᠡ ᠶᠢ ᠬᠦᠴᠦᠲᠡᠢ ᠪᠠᠶᠢᠭᠤᠯᠵᠤ᠂ 24 ᠰᠤᠮᠤ ᠰᠢᠶᠠᠩ ᠪᠠᠯᠭᠠᠰᠤ ᠳᠤ 132 ᠭᠤᠣᠯᠳᠠᠯᠭᠠᠲᠠᠢ | ᠲᠦᠷᠦᠯ ᠵᠦᠢᠯ ᠢ ᠬᠡᠷᠡᠭᠵᠢᠭᠦᠯᠵᠦ᠂ 36.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠡᠢ | ᠃ ᠬᠦᠳᠡᠭᠡ ᠲᠣᠰᠬᠤᠨ ᠮᠠᠯᠵᠢᠬᠤ ᠤᠷᠣᠨ ᠤ ᠬᠦᠮᠥᠨ ᠠᠮᠠ ᠶᠢᠨ ᠤᠷᠤᠰᠢᠨ ᠰᠠᠭᠤᠷᠢᠰᠢᠬᠤ ᠤᠷᠴᠢᠨ ᠲᠣᠭᠤᠷᠢᠨ ᠢ | ᠵᠠᠰᠠᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ ᠶᠢ ᠡᠬᠢᠯᠡᠨ ᠬᠡᠷᠡᠭᠵᠢᠭᠦᠯᠵᠦ᠂ ᠬᠦᠳᠡᠭᠡ | ᠲᠣᠰᠬᠤᠨ ᠤ ᠵᠣᠷᠯᠣᠩ ᠢ ᠦᠭᠡᠷᠡᠴᠢᠯᠡᠨ ᠵᠠᠰᠠᠠᠬᠤ᠂ ᠬᠤᠭ ᠨᠣᠪᠰᠢ ᠪᠤᠵᠠᠷ ᠤᠰᠤ ᠶᠢ ᠬᠤᠣᠷᠳᠠᠯ ᠦᠭᠡᠢ | ᠰᠢᠢᠳᠪᠦᠷᠢᠯᠡᠬᠦ ᠵᠡᠷᠭᠡ ᠲᠣᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠦᠷᠨᠢᠭᠦᠯᠵᠦ᠂ ︽ᠵᠠᠰᠠᠭ ᠤᠨ ᠤᠷᠳᠣᠨ | ᠭᠤᠣᠯᠯᠠᠨ ᠵᠢᠯᠣᠭᠤᠳᠴᠤ᠂ ᠤᠯᠠᠨ ᠲᠦᠮᠡᠨ ᠭᠤᠣᠯ ᠴᠣᠭᠴᠠ ᠪᠣᠯᠵᠤ᠂ ᠨᠡᠶᠢᠭᠡᠮ ᠳᠠᠶᠠᠭᠠᠷ ᠤᠷᠣᠯᠴᠠᠬᠤ︾ | ᠬᠦᠳᠡᠭᠡ ᠲᠣᠰᠬᠤᠨ ᠮᠠᠯᠵᠢᠬᠤ ᠤᠷᠣᠨ ᠤ ᠤᠷᠴᠢᠨ ᠲᠣᠭᠤᠷᠢᠨ ᠤ ᠬᠠᠮᠢᠶᠠᠷᠤᠯᠲᠠ ᠶᠢᠨ ᠤᠷᠲᠤᠮᠵᠢ ᠶᠢᠨ | ᠵᠣᠬᠢᠴᠠᠮᠵᠢ ᠶᠢ ᠠᠯᠬᠤᠮ ᠠᠯᠬᠤᠮ ᠢᠶᠠᠷ ᠪᠠᠶᠢᠭᠤᠯᠪᠠ᠃ ︽ᠰᠦᠯᠵᠢᠶ᠎ᠠ ᠶᠢ ᠬᠦᠳᠡᠭᠡ ᠳᠤ ᠬᠦᠷᠭᠡᠬᠦ︾ | ᠢᠨᠵᠧᠨᠧᠷᠢᠩ ᠨᠢ 7.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠭᠡᠷᠡᠯᠯᠢᠭ | ᠱᠤᠭᠤᠮ 1.8 ᠲᠦᠮᠡᠨ ᠺᠢᠯᠤᠮᠧᠲᠷ ᠲᠠᠲᠠᠵᠤ᠂ 16.4 ᠲᠦᠮᠡᠨ ᠡᠷᠦᠬᠡ ᠲᠠᠷᠢᠶᠠᠴᠢᠨ ᠮᠠᠯᠴᠢᠨ ᠠᠰᠢᠭ ᠬᠦᠷᠲᠡᠵᠡᠢ᠃ | | ︵ᠲᠠᠪᠤ︶ ᠠᠷᠠᠳ ᠤᠨ ᠠᠮᠢᠳᠤᠷᠠᠯ ᠤᠨ ᠪᠠᠭᠤᠷᠠᠢ ᠲᠠᠯ᠎ᠠ ᠶᠢ ᠬᠦᠴᠦᠯᠡᠨ ᠨᠦᠬᠦᠪᠦᠷᠢᠯᠡᠪᠡ᠃ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠤᠨ ᠲᠤᠤᠱᠲᠠᠢ ᠪᠠᠲᠤᠯᠠᠬᠤ ᠴᠢᠳᠠᠪᠤᠷᠢ ᠦᠷᠭᠦᠯᠵᠢᠯᠡᠨ ᠰᠠᠶᠢᠵᠢᠷᠠᠪᠠ᠃ ᠬᠤᠲᠠ | ᠬᠦᠳᠡᠭᠡ ᠶᠢᠨ ᠠᠵᠢᠯ ᠤᠯᠭᠤᠯᠲᠠ 2.8 ᠲᠦᠮᠡᠨ ᠬᠦᠮᠥᠨ ᠰᠢᠨ᠎ᠠ ᠪᠠᠷ ᠨᠡᠮᠡᠭᠳᠡᠵᠦ᠂ ᠲᠠᠷᠢᠶᠠᠴᠢᠳ ᠮᠠᠯᠴᠢᠳ ᠤᠨ | ᠰᠢᠯᠵᠢᠨ ᠠᠵᠢᠯ ᠤᠯᠣᠭᠰᠠᠨ 69.3 ᠲᠦᠮᠡᠨ ᠬᠦᠮᠥᠨ᠂ ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠭᠰᠠᠨ | ᠨᠣᠷᠮ᠎ᠠ ᠶᠢ ᠪᠠᠶᠢᠩᠭᠤ 4% ᠳᠣᠲᠣᠷ᠎ᠠ ᠬᠢᠵᠠᠭᠠᠷᠯᠠᠵᠤ᠂ ︽ᠠᠵᠢᠯ ᠲᠠᠢ ᠬᠦᠮᠥᠨ ᠦᠭᠡᠢ︾ ᠭᠡᠷ ᠪᠦᠯᠢ ᠶᠢ ᠴᠠᠭ | ᠢᠮᠠᠭᠲᠠ ᠠᠵᠢᠯ ᠤᠯᠭᠤᠬᠤ ᠶᠢ ᠪᠠᠷᠢᠮᠲᠠᠯᠠᠵᠤ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠬᠦᠮᠥᠨ ᠪᠦᠷᠢ ᠰᠠᠷ᠎ᠠ ᠪᠦᠷᠢ 635 ᠲᠦᠭᠦᠷᠢᠭ ᠪᠣᠯᠭᠠᠨ ᠳᠡᠭᠡᠭᠰᠢᠯᠡᠭᠦᠯᠤᠨ᠂ | ᠬᠦᠳᠡᠭᠡ ᠲᠣᠰᠬᠤᠨ ᠮᠠᠯᠵᠢᠬᠤ ᠤᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠮᠥᠨ ᠪᠦᠷᠢ ᠵᠢᠯ | ᠪᠦᠷᠢ 4455 ᠲᠦᠭᠦᠷᠢᠭ ᠪᠣᠯᠭᠠᠨ ᠳᠡᠭᠡᠭᠰᠢᠯᠡᠭᠦᠯᠵᠡᠢ︔ ᠤᠷᠢᠳᠠᠪᠡᠷ ᠬᠠᠷᠠᠭᠠᠯᠵᠠᠨ ᠲᠦᠪᠬᠢᠨᠡᠭᠦᠯᠬᠦ ᠲᠦᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠤᠨ | ᠠᠯᠪᠠ ᠠᠴᠠ ᠪᠠᠭᠤᠭᠰᠠᠨ ᠪᠠᠶᠢᠯᠳᠤᠭᠴᠢ 1767 ᠨᠡᠷ᠎ᠠ ᠬᠦᠯᠢᠶᠡᠨ ᠠᠪᠴᠤ ᠲᠦᠪᠬᠢᠨᠡᠭᠦᠯᠵᠦ᠂ ᠲᠠᠷᠢᠬᠢᠨ ᠤ ᠰᠠ | ᠡᠪᠡᠳᠴᠢᠨ᠂ ᠵᠣᠵᠢᠭ ᠡᠪᠡᠳᠴᠢᠨ ᠲᠠᠢ ᠬᠡᠦᠬᠡᠳ ᠤᠨ ᠡᠷᠡᠭᠦᠯᠵᠢᠯ ᠤᠨ ᠨᠦᠬᠦᠪᠦᠷᠢ ᠶᠢᠨ ᠲᠦᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠨᠠᠰᠤᠵᠢᠯ᠂ ᠡᠮ ᠡᠮᠨᠡᠯᠭᠡ᠂ ᠠᠵᠢᠯ ᠠᠯᠳᠠᠬᠤ᠂ ᠠᠵᠢᠯ ᠤᠨ ᠰᠢᠷᠠᠬᠲᠤᠯ᠂ ᠦᠷᠡᠵᠢᠯ ᠵᠡᠷᠭᠡ | ᠨᠡᠶᠢᠭᠡᠮ ᠤᠨ ᠪᠠᠲᠤᠯᠠᠭ᠎ᠠ ᠶᠢᠨ ᠪᠦᠷᠬᠦᠯᠲᠡ ᠶᠢᠨ ᠬᠡᠪᠴᠢᠶ᠎ᠠ ᠶᠢ ᠲᠠᠰᠤᠷᠠᠯᠲᠠ ᠦᠭᠡᠢ ᠦᠷᠭᠡᠳᠬᠡᠵᠡᠢ᠃ ᠰᠤᠷᠭᠠᠨ | ᠬᠦᠮᠥᠵᠢᠯ ᠤᠨ ᠦᠢᠯᠡᠰ ᠤᠨ ᠲᠡᠩᠴᠡᠭᠦᠷᠢᠲᠡᠢ ᠬᠦᠭᠵᠢᠯᠲᠡ ᠨᠢ ᠰᠢᠨ᠎ᠠ ᠠᠬᠢᠯᠲᠠ ᠲᠠᠢ ᠪᠣᠯᠵᠠᠢ᠃ ᠭᠤᠣᠯ ᠬᠤᠲᠠ | ᠲᠣᠭᠤᠷᠢᠭ ᠲᠤ ᠡᠨᠡ ᠵᠢᠯ 6.7 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ 23 ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠪᠠᠶᠢᠭᠤᠯᠵᠤ᠂ 449 ︽ᠰᠤᠷᠤᠭᠴᠢ ᠤᠯᠠᠨ ᠠᠩᠭᠢ︾ ᠶᠢ | ᠬᠤᠪᠢᠷᠠᠭᠤᠯᠵᠤ ᠂ ︽ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ᠢᠨᠵᠧᠨᠧᠷᠢᠩ ᠢ ᠪᠠᠳᠤᠲᠠᠢ | ᠠᠬᠢᠭᠤᠯᠵᠤ᠂ ᠨᠡᠶᠢᠲᠡ 54.6 ᠲᠦᠮᠡᠨ ᠲᠡᠭᠰᠢ ᠳᠦᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ ᠪᠠᠶᠢᠭᠤᠯᠵᠤ᠂ | ᠪᠠᠭᠠᠷᠢᠨ ᠵᠡᠭᠦᠨ ᠬᠤᠰᠢᠭᠤ᠂ ᠤᠩᠨᠢᠭᠤᠳ ᠬᠤᠰᠢᠭᠤ᠂ ᠬᠤᠩᠱᠠᠨ ᠲᠣᠭᠤᠷᠢᠭ ᠨᠢ ᠤᠯᠤᠰ ᠤᠨ ᠠᠯᠪᠠᠨ ᠵᠢᠷᠤᠮ ᠤᠨ | ᠰᠤᠷᠭᠠᠨ ᠬᠦᠮᠥᠵᠢᠯ ᠤᠨ ᠲᠡᠩᠴᠡᠭᠦᠷᠢᠲᠡᠢ ᠬᠦᠭᠵᠢᠯᠲᠡ ᠶᠢᠨ ᠨᠣᠲᠠᠯᠠᠯ ᠢ ᠤᠯᠵᠠᠢ᠃ ᠪᠦᠬᠦ ᠬᠤᠲᠠ ᠶᠢᠨ ᠶᠡᠭᠡ | ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ ᠦᠪᠡᠷᠲᠡᠭᠡᠨ ᠵᠠᠰᠠᠬᠤ ᠤᠷᠣᠨ ᠤ | ᠡᠮᠦᠨ᠎ᠠ ᠡᠩᠨᠡᠭᠡᠨ ᠳᠤ ᠤᠷᠣᠵᠡᠢ᠃ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠬᠦᠭᠵᠢᠯᠲᠡ ᠨᠢ ᠰᠢᠨ᠎ᠠ | ᠦᠢᠯᠡᠳᠦᠯ ᠢᠶᠠᠨ ᠢᠯᠡᠷᠡᠭᠦᠯᠪᠡ᠃ ᠨᠡᠭᠡᠭᠡᠯᠲᠡ ᠶᠢᠨ ᠤᠷᠣᠨ ᠨᠢ ᠤᠯᠤᠰ ᠤᠨ ᠳᠡᠰ ᠤᠨ ᠳᠡᠭᠡᠳᠦ ᠰᠢᠨ᠎ᠠ ᠮᠡᠷᠭᠡᠵᠢᠯ ᠤᠨ | ᠤᠷᠣᠨ ᠪᠣᠯᠵᠤ ᠳᠡᠰ ᠳᠡᠪᠰᠢᠬᠦ ᠨᠢ ᠨᠢᠭᠡᠨᠲᠡ ᠲᠦᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ | ᠵᠦᠪᠰᠢᠶᠡᠷᠡᠬᠦ ᠶᠢ ᠬᠦᠯᠢᠶᠡᠵᠦ᠂ ᠦᠪᠡᠷᠲᠡᠭᠡᠨ ᠵᠠᠰᠠᠬᠤ ᠤᠷᠣᠨ ᠤ ᠳᠡᠰ ᠠᠴᠠ ᠳᠡᠭᠡᠭᠰᠢᠬᠢ ᠰᠢᠨ᠎ᠠ ᠡᠭᠦᠳᠦᠯᠲᠡ ᠶᠢᠨ | ᠲᠠᠪᠴᠠᠩ ᠠᠴᠢᠶᠠᠯᠠᠪᠤᠷᠢ 14 ᠨᠡᠮᠡᠭᠳᠡᠵᠦ᠂ ᠤᠯᠤᠰ ᠪᠠ ᠦᠪᠡᠷᠲᠡᠭᠡᠨ ᠵᠠᠰᠠᠬᠤ ᠤᠷᠣᠨ ᠤ ᠰᠢᠨᠵᠢᠯᠡᠭᠡ ᠮᠡᠷᠭᠡᠵᠢᠯ ᠤᠨ | ᠲᠦᠷᠦᠯ ᠵᠦᠢᠯ 123 ᠤᠯᠵᠤ᠂ 1203 ᠲᠤᠰᠬᠠᠢ ᠠᠰᠢᠭ ᠡᠷᠡᠮᠡᠯᠵᠢᠯᠡᠵᠡᠢ᠃ ᠡᠷᠡᠭᠦᠯ ᠬᠠᠮᠠᠭᠠᠯᠠᠯ ᠤᠨ ᠰᠠᠭᠤᠷᠢ | ᠪᠦᠲᠦᠭᠡᠨ ᠪᠠᠶᠢᠭᠤᠯᠤᠯᠲᠠ ᠨᠢ ᠨᠡᠯᠢᠶᠡᠳ ᠠᠬᠢᠯᠲᠠ ᠲᠠᠢ ᠪᠣᠯᠪᠠ᠃ ᠬᠤᠲᠠ ᠶᠢᠨ ᠲᠦᠪ ᠴᠢᠰᠤᠨ ᠦᠷᠲᠡᠭᠡ ᠶᠢ | ᠨᠡᠭᠦᠯᠭᠡᠵᠤ ᠰᠢᠨ᠎ᠠ ᠪᠠᠷ ᠪᠠᠶᠢᠭᠤᠯᠬᠤ ᠭᠤᠣᠯ ᠴᠣᠭᠴᠠ ᠨᠢ ᠠᠵᠢᠯ ᠳᠠᠭᠤᠰᠴᠤ᠂ ᠬᠤᠲᠠ ᠶᠢᠨ ᠡᠮᠨᠡᠯᠭᠡ ᠶᠢᠨ | ᠬᠤᠷᠢᠶ᠎ᠠ ᠶᠢᠨ ᠦᠭᠡᠷᠡᠴᠢᠯᠡᠨ ᠳᠡᠰ ᠳᠡᠪᠰᠢᠭᠦᠯᠬᠦ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠪᠣᠯᠣᠨ | ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠨᠡᠭᠦᠯᠭᠡᠵᠦ ᠰᠢᠨ᠎ᠠ ᠪᠠᠷ ᠪᠠᠶᠢᠭᠤᠯᠬᠤ ᠲᠦᠷᠦᠯ ᠵᠦᠢᠯ ᠤᠨ | ᠪᠠᠶᠢᠭᠤᠯᠤᠯᠲᠠ ᠲᠦᠷᠭᠡᠳᠴᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠶᠢ ᠢᠯᠭᠤᠮ | ᠦᠩᠭᠡᠷᠡᠭᠡᠵᠡᠢ᠃ ᠰᠣᠶᠣᠯ ᠪᠡᠶ᠎ᠠ ᠶᠢᠨ ᠲᠠᠮᠢᠷ ᠢᠶᠠᠷ ᠠᠷᠠᠳ ᠢ ᠬᠠᠷᠠᠭᠠᠯᠵᠠᠬᠤ ᠠᠵᠢᠯ ᠤᠨ ᠦᠷ᠎ᠠ ᠪᠦᠲᠦᠮᠵᠢ | ᠢᠯᠡᠳᠲᠡ ᠪᠣᠯᠵᠠᠢ᠃ ᠳᠤᠮᠳᠠᠳᠤ ᠤᠯᠤᠰ ᠤᠨ ᠬᠢᠲᠠᠨ ᠯᠢᠶᠣᠣ ᠶᠢᠨ ᠮᠦᠽᠧᠢ᠂ ᠬᠤᠩᠱᠠᠨ ᠰᠣᠶᠣᠯ ᠤᠨ ᠮᠦᠽᠧᠢ᠂ | ᠬᠤᠲᠠ ᠶᠢᠨ ᠳᠠᠩᠰᠠ ᠡᠪᠬᠡᠮᠡᠯ ᠤᠨ ᠤᠷᠳᠣᠨ ᠤ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠡᠯ ᠳ᠋ᠣᠣ ᠵᠢᠩᠼᠢ | ᠪᠠᠭᠤᠷᠢ ᠶᠢᠨ ᠮᠦᠽᠧᠢ ᠶᠢ ᠨᠡᠭᠡᠭᠡᠵᠦ ᠡᠬᠢᠯᠡᠨ ᠡᠵᠡᠩᠨᠡᠵᠡᠢ︔ ᠪᠦᠬᠦ ᠬᠤᠳᠠ ᠶᠢᠨ ᠤᠯᠠᠭᠠᠨᠮᠦ᠋ᠴᠢᠷ ᠤᠨ ᠠᠷᠠᠳ ᠲᠤ | ᠠᠰᠢᠭ ᠬᠦᠷᠳᠡᠬᠡᠬᠦ ᠳᠤᠭᠯᠠᠯᠳᠠ 1418 ᠤᠳᠠᠭ᠎ᠠ ᠦᠷᠨᠢᠬᠦᠯᠵᠤ᠂ ᠬᠤᠲᠠ ᠶᠢᠨ ᠨᠠᠶᠢᠷᠠᠯ ᠬᠦᠭᠵᠢᠮ ᠤᠨ ᠪᠦᠯᠬᠦᠮ | ᠵᠢᠩᠬᠢᠨᠢ ᠪᠠᠷ ᠪᠠᠶᠢᠭᠤᠯᠤᠭᠳᠠᠵᠤ᠂ ︽ᠤᠯᠠᠭᠠᠨᠮᠦ᠋ᠴᠢᠷ ᠤᠨ ᠬᠠᠶᠢᠷ᠎ᠠ ᠶᠢᠨ ᠳᠠᠭᠤᠤ︾ ︽ᠡᠯᠡᠰᠦᠨ ᠴᠦᠯ ᠤᠨ ᠨᠣᠮᠢᠨ | ᠳᠠᠷᠬᠠᠨ︾ ︽ᠬᠢᠳᠠᠨ ᠲᠦᠷᠥ︾ ᠵᠡᠷᠭᠡ ᠵᠦᠴᠦᠭᠡ ᠪᠦᠲᠦᠭᠡᠯ ᠨᠢ ᠠᠮᠵᠢᠯᠲᠠᠲᠠᠢ ᠠᠩᠬ᠎ᠠ ᠲᠣᠭᠯᠠᠵᠤ ᠂ ᠳᠤᠮᠳᠠᠳᠤ | ᠤᠯᠤᠰ ᠤᠨ ᠵᠢᠵᠢᠭ ᠬᠦᠷᠳᠦᠲᠦ ᠳᠤᠭᠤᠢ ᠲᠡᠷᠭᠡᠨ ᠤ ᠬᠠᠮᠲᠤᠷᠠᠭᠰᠠᠨ ᠤᠷᠤᠯᠳᠤᠭᠠᠨ᠂ ᠪᠦᠬᠦ ᠤᠯᠤᠰ ᠤᠨ ᠠᠯᠬᠤᠭ᠎ᠠ | ᠤᠷᠤᠯᠳᠤᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠪᠡᠶ᠎ᠠ ᠶᠢᠨ ᠲᠠᠮᠢᠷ ᠤᠨ ᠤᠷᠤᠯᠳᠤᠭᠠᠨ ᠤ ᠠᠵᠢᠯᠯᠠᠭᠠᠨ | 500 ᠭᠠᠷᠤᠢ ᠲᠠᠯᠠᠪᠠᠢ ᠡᠷᠬᠢᠯᠡᠵᠡᠢ᠃ ᠳᠦᠭᠦᠮ ᠪᠦᠲᠦᠴᠡᠲᠦ ᠤᠷᠣᠨ ᠰᠠᠭᠤᠴᠠ ᠶᠢᠨ ᠰᠢᠨᠡᠴᠢᠯᠡᠯᠲᠡ ᠨᠢ ᠴᠢᠬᠤᠯᠠ | ᠶᠡᠭᠡ ᠰᠢᠪᠲᠤᠯᠤᠯᠲᠠ ᠲᠠᠢ ᠪᠣᠯᠵᠠᠢ᠃ ᠬᠤᠶᠠᠷ ᠵᠢᠯ ᠤᠨ ᠴᠢᠷᠮᠠᠶᠢᠯᠭ᠎ᠠ ᠪᠠᠷ ᠳᠠᠮᠵᠢᠨ᠂ ᠳᠦᠭᠦᠮ ᠪᠦᠲᠦᠴᠡᠲᠦ ᠤᠷᠣᠨ | ᠰᠠᠭᠤᠴᠠ ᠶᠢᠨ ᠲᠣᠭᠤᠷᠢᠭ ᠢ ᠦᠭᠡᠷᠡᠴᠢᠯᠡᠬᠦ ᠤᠯᠤᠰ ᠤᠨ ᠲᠦᠯᠥᠪᠯᠡᠭᠡᠨ ᠤ ᠲᠦᠷᠥᠯ ᠵᠦᠢᠯ ᠢ ᠦᠨᠳᠦᠰᠦᠨ ᠳᠤᠨᠢ | ᠪᠡᠶᠡᠯᠡᠭᠦᠯᠵᠦ᠂ ᠪᠦᠬᠦ ᠬᠤᠲᠠ ᠳᠤ ᠨᠡᠶᠢᠲᠡ 6.44 ᠲᠦᠮᠡᠨ ᠢᠵᠢ ᠳᠦᠭᠦᠮ ᠪᠦᠲᠦᠴᠡᠲᠦ ᠤᠷᠣᠨ ᠰᠠᠭᠤᠴᠠ ᠶᠢ | ᠰᠢᠨᠡᠴᠢᠯᠡᠵᠦ᠂ 564 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ ᠂ ᠡᠭᠦᠨ ᠳᠤ ᠭᠤᠣᠯ | ᠬᠤᠲᠠ ᠲᠣᠭᠤᠷᠢᠭ ᠤᠨ 4.03 ᠲᠦᠮᠡᠨ ᠢᠵᠢ ᠪᠠᠶᠢᠵᠤ᠂ 329 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠵᠦ ᠲᠦᠪᠯᠡᠷᠡᠨ ᠵᠠᠯᠭᠠᠯᠳᠤᠭᠰᠠᠨ ᠳᠦᠭᠦᠮ ᠪᠦᠲᠦᠴᠡᠲᠦ ᠤᠷᠣᠨ ᠰᠠᠭᠤᠴᠠ ᠨᠢ ᠤᠳᠠᠯ | ᠦᠭᠡᠢ ᠡᠴᠦᠰᠯᠡᠬᠦ ᠪᠣᠯᠣᠨ᠎ᠠ᠃ ᠤᠯᠠᠭᠠᠨᠬᠠᠳᠠ ᠶᠢᠨ ᠭᠢᠨᠳᠠᠨ ᠢ ᠨᠡᠭᠦᠯᠭᠡᠬᠦ ᠪᠠᠷᠢᠯᠭ᠎ᠠ ᠡᠬᠢᠯᠡᠬᠦ ᠨᠦᠬᠦᠴᠡᠯ ᠪᠦᠷᠢᠯᠳᠦᠵᠡᠢ | ᠃ ᠪᠦᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 402.5 ᠳ᠋ᠦᠩᠰᠢᠭᠤᠷ ᠲᠦᠭᠦᠷᠢᠭ᠂ ᠡᠩ ᠤᠨ | ᠤᠯᠠᠨ ᠨᠡᠶᠢᠲᠡ ᠶᠢᠨ ᠲᠦᠰᠥᠪ ᠤᠨ ᠵᠠᠷᠤᠯᠭ᠎ᠠ ᠶᠢᠨ 78.9% ᠢ ᠡᠵᠡᠯᠡᠵᠡᠢ᠃ | ︵ᠵᠢᠷᠭᠤᠭ᠎ᠠ︶ ᠤᠯᠠᠨ ᠨᠡᠶᠢᠲᠡ ᠶᠢᠨ ᠠᠮᠤᠷ ᠲᠦᠪᠰᠢᠨ ᠤ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠬᠦᠴᠦᠯᠡᠨ | ᠬᠠᠮᠠᠭᠠᠯᠠᠵᠠᠢ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠵᠠᠢ᠃ ︽ᠬᠠᠷᠢᠭᠤᠴᠠᠯᠭ᠎ᠠ ᠶᠢᠨ | ᠭᠤᠣᠯ ᠴᠣᠭᠴᠠ ᠨᠢ ᠰᠡᠳᠬᠢᠯ ᠲᠠᠯᠪᠢᠬᠤ ᠦᠭᠡᠢ᠂ ᠠᠶᠤᠯᠭᠦᠢ ᠶᠢᠨ ᠭᠤᠣᠯ ᠴᠣᠭᠴᠠ ᠨᠢ ᠠᠩᠬᠠᠷᠤᠯ ᠲᠠᠯᠪᠢᠬᠤ | ᠦᠭᠡᠢ︾ ᠵᠡᠷᠭᠡ ᠭᠤᠣᠯ ᠵᠦᠷᠢᠴᠡᠯ ᠳᠤ ᠴᠢᠭᠯᠡᠭᠦᠯᠦᠨ ︽ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠢᠯ︾ ︽ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠨ ᠬᠦᠮᠥᠵᠢᠭᠦᠯᠬᠦ | ᠰᠠᠷ᠎ᠠ︾ ᠶᠢᠨ ᠠᠵᠢᠯᠯᠠᠭᠠᠨ ᠢ ᠭᠦᠨᠵᠡᠭᠡᠢ ᠦᠷᠨᠢᠭᠦᠯᠵᠦ᠂ ︽ᠶᠡᠭᠡ ᠪᠠᠶᠢᠴᠠᠭᠠᠯᠲᠠ ᠶᠡᠭᠡ ᠵᠠᠰᠠᠯᠲᠠ ᠬᠠᠤᠯᠢ ᠴᠢᠩᠭ᠎ᠠ | ᠬᠡᠷᠡᠭᠵᠢᠭᠦᠯᠬᠦ︾ ᠲᠤᠰᠬᠠᠢ ᠲᠦᠷᠦᠯ ᠤᠨ ᠠᠵᠢᠯᠯᠠᠭᠠᠨ ᠨᠢ ᠪᠣᠳᠠᠲᠤ ᠪᠦᠲᠦᠮᠵᠢ ᠤᠯᠵᠤ᠂ ᠠᠶᠤᠯᠭᠦᠢ | ᠦᠢᠯᠡᠳᠪᠦᠷᠢᠯᠡᠯ ᠤᠨ ᠠᠳᠡᠯ ᠬᠡᠷᠡᠭ ᠡᠭᠦᠰᠬᠦ ᠲᠤᠭ᠎ᠠ᠂ ᠠᠳᠡᠭᠰᠡᠨ ᠬᠦᠮᠦᠨ ᠤ ᠲᠤᠭ᠎ᠠ ᠨᠢ ᠲᠤᠰᠪᠦᠷᠢ 22.2% ᠪᠠ | 5.4% ᠪᠠᠷ ᠪᠠᠭᠤᠷᠠᠵᠠᠢ᠃ ᠢᠳᠡᠭᠡᠨ ᠤᠮᠳᠠᠭᠠᠨ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ | ᠪᠦᠬᠦ ᠲᠠᠯ᠎ᠠ ᠪᠠᠷ ᠴᠢᠩᠭᠠᠳᠬᠠᠪᠠ᠃ ᠤᠯᠤᠰ ᠤᠨ ᠢᠳᠡᠭᠡᠨ ᠤᠮᠳᠠᠭᠠᠨ ᠤ ᠵᠦᠢᠯ ᠤᠨ ᠠᠶᠤᠯᠭᠦᠢ ᠶᠢᠨ ᠵᠢᠱᠢᠶ᠎ᠠ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠢᠳᠡᠭᠡᠨ ᠤᠮᠳᠠᠭᠠᠨ ᠡᠮ ᠤᠨ ᠵᠦᠢᠯ ᠤᠨ | ᠲᠦᠭᠰᠢᠭᠦᠷᠢ ᠳᠠᠯᠳᠠ ᠭᠡᠮ ᠢ ᠪᠠᠶᠢᠴᠠᠭᠠᠬᠤ ᠶᠢ ᠦᠷᠭᠦᠯᠵᠢᠯᠡᠨ ᠦᠷᠨᠢᠭᠦᠯᠵᠦ᠂ ᠠᠷᠠᠳ ᠤᠯᠠᠨ ᠤ ᠢᠳᠡᠭᠡᠨ ᠤᠮᠳᠠᠭᠠᠨ | ᠡᠮ ᠤᠨ ᠵᠦᠢᠯ ᠤᠨ ᠠᠮᠤᠷ ᠲᠦᠪᠰᠢᠨ ᠢ ᠦᠨᠡᠨᠬᠦ ᠪᠠᠲᠤᠯᠠᠵᠠᠢ︔ ᠬᠢᠵᠢᠭ ᠤᠨ ᠲᠠᠷᠢᠯᠭ᠎ᠠ ᠶᠢᠨ ᠲᠤᠰᠬᠠᠢ | ᠲᠦᠷᠦᠯ ᠢᠶᠠᠷ ᠪᠠᠶᠢᠴᠠᠭᠠᠨ ᠴᠡᠭᠴᠡᠯᠡᠬᠦ ᠶᠢ ᠨᠠᠷᠢᠨ ᠬᠢᠨᠠᠮᠠᠭᠠᠢ ᠦᠷᠨᠢᠭᠦᠯᠵᠦ᠂ ᠪᠦᠬᠦ ᠬᠤᠲᠠᠨ ᠳᠤ ᠴᠠᠩᠴᠦ᠋ᠨ ᠤ ᠴᠠᠩ | ᠱᠧᠩ ᠤᠨ ᠠᠰᠠᠭᠤᠳᠠᠯ ᠲᠠᠢ ᠬᠢᠵᠢᠭ ᠤᠨ ᠲᠠᠷᠢᠯᠭ᠎ᠠ ᠢᠯᠡᠷᠡᠭᠰᠡᠨ ᠦᠭᠡᠢ᠃ ᠨᠡᠶᠢᠭᠡᠮ ᠤᠨ ᠵᠠᠰᠠᠨ ᠰᠠᠶᠢᠵᠢᠷᠠᠭᠤᠯᠬᠤ | ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ | ᠲᠤᠰᠬᠠᠢ ᠲᠦᠷᠦᠯ ᠤᠨ ᠲᠡᠮᠡᠴᠡᠯ ᠢ ᠨᠠᠷᠢᠨ ᠨᠢᠮᠪᠠᠢ ᠪᠠᠶᠢᠷᠢᠯᠠᠭᠤᠯᠤᠨ᠂ ᠡᠯ᠎ᠠ ᠲᠦᠷᠦᠯ ᠤᠨ ᠬᠠᠷ᠎ᠠ ᠪᠦᠯᠦᠭᠲᠡᠨ | ᠬᠠᠷᠬᠢᠰ ᠬᠦᠴᠦᠨ ᠲᠠᠢ ᠬᠤᠯᠪᠣᠭ᠎ᠠ ᠲᠠᠢ ᠰᠦᠪᠡᠭᠴᠢ 2661 ᠶᠢ ᠮᠦᠷᠳᠡᠨ ᠪᠠᠶᠢᠴᠠᠭᠠᠵᠤ᠂ ᠬᠠᠷ᠎ᠠ ᠪᠦᠯᠦᠭᠲᠡᠨ | ᠬᠠᠷᠬᠢᠰ ᠬᠦᠴᠦᠨ ᠤ ᠪᠦᠯᠦᠭᠲᠡᠨ 1 ᠶᠢ ᠰᠦᠢᠷᠡᠭᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠰᠦᠯᠪᠡᠭᠡ ᠲᠠᠢ | ᠪᠦᠯᠬᠦᠮ 89 ᠶᠢ ᠴᠡᠪᠡᠷᠯᠡᠵᠦ᠂ 929 ᠬᠡᠷᠡᠭ ᠶᠠᠪᠤᠳᠠᠯ ᠢ ᠢᠯᠡᠷᠡᠭᠦᠯᠦᠨ ᠰᠢᠢᠳᠪᠦᠷᠢᠯᠡᠵᠦ᠂ ᠬᠠᠷ᠎ᠠ ᠪᠦᠯᠦᠭᠲᠡᠨ ᠢ | ᠱᠦᠭᠦᠷᠳᠡᠨ ᠬᠠᠷᠭᠢᠰ ᠬᠦᠴᠦᠨ ᠢ ᠠᠷᠢᠯᠭᠠᠬᠤ ᠭᠦᠨ ᠵᠤᠵᠠᠭᠠᠨ ᠤᠷᠴᠢᠯ ᠢ ᠪᠣᠢ ᠪᠣᠯᠭᠠᠵᠠᠢ᠃ ᠰᠦᠯᠵᠢᠶᠡᠨ ᠤ | ᠬᠠᠮᠢᠶᠠᠷᠤᠯᠲᠠ ᠶᠢ ᠴᠢᠩᠳᠠᠯᠠᠵᠤ᠂ ᠨᠡᠶᠢᠭᠡᠮ ᠤᠨ ᠵᠠᠰᠠᠯᠲᠠ ᠶᠢᠨ ᠤᠳᠣᠬᠢᠴᠢᠯᠠᠯᠲᠠ ᠶᠢᠨ ᠬᠢᠷᠢ ᠲᠦᠪᠰᠢᠨ ᠢ ᠤᠯᠠᠮ | ᠳᠡᠭᠡᠭᠰᠢᠯᠠᠭᠦᠯᠵᠡᠢ᠃ ᠦᠨᠳᠥᠷ ᠡᠬᠢᠯᠡᠯᠲᠡ᠂ ᠦᠨᠳᠥᠷ ᠪᠠᠷᠢᠮᠵᠢᠶ᠎ᠠ ᠪᠠᠷ ︽ᠬᠤᠷᠴᠠ ᠭᠢᠷᠠᠬᠠᠢ ᠢᠨᠵᠧᠨᠧᠷᠢᠩ︾ ᠢ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠨᠢ ᠪᠦᠲᠦᠮᠵᠢᠲᠡᠢ ᠳᠡᠭᠡᠭᠰᠢᠯᠡᠵᠦ᠂ | ᠤᠶᠤᠨᠲᠦ ᠲᠧᠯᠧᠢᠰ ᠤᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠯᠪᠡᠷᠢ ᠨᠢ ︽ᠪᠦᠬᠦ | ᠤᠯᠤᠰ ᠤᠨ ᠤᠶᠤᠨᠲᠤ ᠬᠠᠤᠯᠢ ᠴᠠᠭᠠᠵᠠ ᠶᠢᠨ ᠠᠷᠪᠠᠨ ᠶᠡᠭᠡ ᠰᠢᠨ᠎ᠠ ᠡᠭᠦᠳᠦᠯᠲᠡ ᠶᠢᠨ ᠬᠡᠷᠡᠭ ᠤᠨ ᠵᠢᠱᠢᠶ᠎ᠠ︾ ᠶᠢ | ᠬᠦᠷᠲᠡᠵᠦ᠂ ︽ᠳᠣᠯᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠦᠯᠲᠡ ᠨᠢ ᠦᠪᠡᠷᠲᠡᠭᠡᠨ ᠵᠠᠰᠠᠬᠤ ᠤᠷᠣᠨ ᠤ | ᠳᠤᠮᠳᠠᠴᠢ ᠬᠤᠭᠤᠴᠠᠭᠠᠨ ᠤ ᠪᠠᠶᠢᠴᠠᠭᠠᠯᠲᠠ ᠰᠢᠯᠭᠠᠯᠲᠠ ᠶᠢ ᠦᠩᠭᠡᠷᠡᠭᠡᠪᠡ︔ ᠵᠠᠬᠢᠳᠠᠯ ᠰᠤᠷᠪᠤᠯᠵᠢᠯᠠᠯ ᠤᠨ | ᠳᠠᠷᠤᠭᠳᠠᠮᠠᠯ ᠬᠡᠷᠡᠭ ᠢ ᠨᠠᠮᠳᠠᠭᠠᠬᠤ ᠲᠦᠪᠯᠡᠷᠡᠭᠦᠯᠦᠨ ᠪᠤᠭᠤᠮᠲᠠ ᠰᠢᠪᠲᠤᠯᠬᠤ ᠠᠵᠢᠯᠯᠠᠭᠠᠨ ᠢ ᠭᠦᠨᠵᠡᠭᠡᠢ ᠦᠷᠨᠢᠭᠦᠯᠵᠦ᠂ | ᠨᠢᠭᠡ ᠤᠯᠠᠨ ︽ᠬᠠᠲᠠᠭᠤ ᠬᠡᠷᠡᠭ︾ ︽ᠬᠦᠴᠢᠷ ᠬᠡᠷᠡᠭ︾ ᠢ ᠪᠦᠲᠦᠮᠵᠢᠲᠠᠢ ᠨᠠᠮᠳᠠᠭᠠᠵᠤ᠂ ᠨᠡᠶᠢᠭᠡᠮ ᠤᠨ ᠪᠦᠬᠦ | ᠲᠠᠯ᠎ᠠ ᠨᠢ ᠡᠶ᠎ᠡ ᠵᠣᠬᠢᠴᠠᠯ ᠲᠣᠭᠲᠠᠭᠤᠨ ᠢ ᠪᠠᠷᠢᠮᠲᠠᠯᠠᠵᠠᠢ᠃ | ᠲᠦᠯᠥᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠵᠢᠯ ᠤᠨ ᠬᠠᠷᠠᠯᠲᠠ ᠡᠭᠦᠷᠭᠡ ᠪᠠᠨ | ᠪᠡᠶᠡᠯᠡᠭᠦᠯᠬᠦ ᠲᠠᠢ ᠤᠶᠠᠯᠳᠤᠭᠤᠯᠤᠨ᠂ ᠪᠢᠳᠡ ︽ᠳᠦᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠵᠤ᠂ ᠰᠢᠨᠵᠢᠯᠡᠬᠦ | ᠤᠬᠠᠭᠠᠨᠴᠢ ᠬᠠᠤᠯᠢ ᠶᠣᠰᠤᠭᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ | ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ | ᠪᠠᠶᠢᠩᠭᠤ ᠶᠢᠨ ᠬᠤᠷᠢᠶᠠᠨ ᠤ ᠰᠢᠢᠳᠪᠦᠷᠢ ᠶᠢ ᠬᠢᠨᠠᠮᠠᠭᠠᠢ ᠬᠡᠷᠡᠭᠵᠢᠭᠦᠯᠦᠨ᠂ ᠤᠯᠤᠰ ᠲᠦᠷᠥ ᠶᠢᠨ ᠵᠦᠪᠯᠡᠯᠭᠡᠨ ᠤ | ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠡᠯ᠎ᠠ ᠡᠲᠡᠭᠡᠳ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ᠂ | ᠠᠷᠠᠳ ᠤᠨ ᠲᠦᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠥ ᠶᠢᠨ ᠵᠦᠪᠯᠡᠯᠭᠡᠨ ᠤ ᠭᠡᠰᠢᠭᠦᠳ ᠤᠨ | ᠳᠤᠷᠠᠳᠤᠯᠭ᠎ᠠ 373 ᠶᠢ ᠭᠦᠢᠴᠡᠳᠬᠡᠵᠦ᠂ 100% ᠪᠠᠷ ᠭᠦᠢᠴᠡᠳᠬᠡᠨ ᠳᠠᠭᠤᠰᠬᠠᠵᠠᠢ᠃ ᠠᠷᠪᠠᠳᠤᠭᠠᠷ | ᠬᠤᠭᠤᠴᠠᠭᠠᠨ ᠤ ᠭᠠᠴᠠᠭ᠎ᠠ ᠲᠣᠰᠬᠤᠨ ᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠪᠦᠬᠦ ᠲᠠᠯ᠎ᠠ ᠪᠠᠷ | ᠪᠡᠶᠡᠯᠡᠭᠦᠯᠵᠡᠢ᠃ ᠲᠦᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ | ᠤᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠦᠬᠦᠷᠵᠢᠬᠦᠯᠦᠭᠰᠡᠨ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠵᠠᠰᠠᠭ ᠤᠨ ᠤᠷᠳᠣᠨ ᠤ ᠠᠵᠢᠯ ᠤᠨ ᠰᠤᠷᠳᠠᠯ ᠤᠯᠠᠮ ᠴᠢᠨᠠᠭᠰᠢᠲᠠ ᠰᠠᠶᠢᠵᠢᠷᠠᠵᠠᠢ᠃ | ᠦᠨᠳᠦᠰᠦᠲᠡᠨ ᠱᠠᠰᠢᠨ ᠰᠤᠷᠲᠠᠬᠤᠨ᠂ ᠤᠯᠤᠰ ᠤᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ | ᠰᠡᠷᠭᠡᠶᠢᠯᠡᠯᠲᠡ᠂ ᠬᠢᠨᠠᠨ ᠪᠣᠳᠤᠯᠲᠠ ᠲᠤᠭ᠎ᠠ ᠪᠦᠷᠢᠳᠬᠡᠯ᠂ ᠠᠮᠤ ᠪᠤᠳᠠᠭᠠᠨ ᠤ ᠠᠮᠤᠷ ᠲᠦᠪᠰᠢᠨ᠂ ᠴᠠᠭ ᠠᠭᠤᠷ | ᠭᠠᠵᠠᠷ ᠬᠦᠳᠡᠯᠦᠯᠲᠡ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠳᠠᠩᠰᠠ ᠡᠪᠬᠡᠮᠡᠯ ᠲᠡᠦᠬᠡ ᠲᠡᠮᠳᠡᠭᠯᠡᠯ | ᠵᠡᠷᠭᠡ ᠠᠵᠢᠯ ᠤᠨ ᠦᠷ᠎ᠠ ᠪᠦᠳᠤᠮᠵᠢ ᠳᠤᠪᠤᠶᠢᠮ᠎ᠠ᠂ ᠡᠮᠡᠭᠲᠡᠶᠢᠴᠦᠳ ᠬᠡᠦᠬᠡᠳ᠂ ᠨᠢᠭᠦᠯᠡᠰᠦᠩᠭᠦᠢ᠂ ᠨᠠᠰᠤᠵᠢᠯ᠂ | ᠵᠡᠮᠳᠡᠭᠴᠦᠳ ᠵᠡᠷᠭᠡ ᠠᠵᠢᠯ ᠦᠢᠯᠡᠰ ᠨᠢ ᠴᠦᠮ ᠰᠢᠨ᠎ᠠ ᠳᠠᠪᠰᠢᠯᠲᠠ ᠲᠠᠢ ᠪᠣᠯᠵᠠᠢ᠃ | ᠲᠦᠯᠥᠭᠡᠯᠡᠭᠴᠢᠳ ᠡ᠂ ᠦᠵᠡᠬᠦ ᠳᠤ ᠡᠩ ᠤᠨ ᠪᠣᠯᠪᠠᠴᠤ ᠪᠠᠷᠲᠠᠭ᠎ᠠ ᠤᠯᠠᠨ᠂ ᠦᠷ᠎ᠠ ᠳ᠋ᠦᠩ ᠨᠢ ᠬᠢᠯᠪᠠᠷ | ᠪᠣᠯᠪᠠᠴᠤ ᠬᠦᠴᠢᠷ ᠤᠯᠠᠨ᠃ ᠰᠢᠨ᠎ᠠ ᠨᠢᠭᠡ ᠬᠤᠭᠤᠴᠠᠭᠠᠨ ᠤ ᠵᠠᠰᠠᠭ ᠤᠨ ᠤᠷᠳᠣᠨ ᠤ ᠡᠬᠢᠯᠡᠯᠲᠡ ᠶᠢᠨ ᠨᠢᠭᠡ ᠵᠢᠯ ᠳᠤ | ᠪᠢᠳᠡ ᠯᠠᠪᠳᠠᠭᠤᠨ ᠪᠠᠳᠤᠲᠠᠢ᠂ ᠬᠠᠲᠠᠭᠤᠵᠢᠨ ᠳᠠᠪᠰᠢᠵᠤ᠂ ︽ᠬᠡᠢ ᠪᠣᠳᠤᠬᠤ ᠦᠭᠡᠢ᠂ ᠬᠠᠭᠤᠷᠮᠠᠭ ᠶᠠᠷᠢᠬᠤ ᠦᠭᠡᠢ︾ | ᠠᠮᠠᠯᠠᠯᠲᠠ ᠪᠠᠨ ᠴᠢᠷᠮᠠᠶᠢᠨ ᠪᠡᠶᠡᠯᠡᠭᠦᠯᠵᠦ᠂ ᠰᠠᠭᠤᠷᠢ ᠲᠠᠯᠪᠢᠬᠤ ᠬᠢᠭᠡᠳ ᠠᠯᠤᠰ ᠤᠨ ᠪᠣᠳᠣᠯᠭ᠎ᠠ ᠶᠢ ᠤᠷᠭᠠᠨ᠋ᠢᠭ | ᠵᠣᠬᠢᠴᠠᠭᠤᠯᠤᠨ᠂ ᠳᠤᠳᠠᠭᠤᠳᠠᠯ ᠢᠶᠠᠨ ᠨᠦᠬᠦᠪᠦᠷᠢᠯᠡᠬᠦ ᠬᠢᠭᠡᠳ ᠲᠣᠭᠲᠠᠭᠤᠨ ᠢᠶᠠᠷ ᠨᠡᠮᠡᠭᠳᠡᠭᠦᠯᠬᠦ ᠶᠢ ᠨᠢᠭᠲᠠ | ᠤᠶᠠᠯᠳᠤᠭᠤᠯᠵᠤ᠂ ᠭᠤᠣᠯᠳᠠᠯᠭᠠᠲᠠᠢ ᠠᠵᠢᠯ ᠬᠢᠭᠡᠳ ᠭᠤᠣᠯ ᠠᠵᠢᠯ ᠢ ᠨᠢᠭᠡᠳᠦᠯᠲᠠᠢ ᠲᠦᠯᠥᠪᠵᠢᠭᠦᠯᠦᠨ ᠠᠬᠢᠭᠤᠯᠵᠤ᠂ | ᠠᠵᠤ ᠠᠬᠤᠢ ᠳᠣᠷᠤᠭᠰᠢᠯᠠᠬᠤ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠬᠤ ᠪᠠᠶᠢᠳᠠᠯ ᠳᠣᠣᠷ᠎ᠠ ᠠᠵᠤ ᠠᠬᠤᠢ ᠶᠢᠨ | ᠡᠷᠭᠢᠯᠲᠡ ᠶᠢ ᠲᠣᠭᠲᠠᠭᠤᠨ ᠮᠦᠷᠲᠡᠭᠡᠨ ᠳᠠᠪᠰᠢᠯᠲᠠ ᠲᠠᠢ ᠪᠠᠶᠢᠯᠭᠠᠵᠤ᠂ ᠪᠡᠯᠡ ᠬᠤᠷᠠᠮᠳᠤᠭᠤᠯᠬᠤ ᠨᠢ ᠤᠨᠴᠠ | ᠬᠦᠴᠢᠷᠳᠡᠯᠲᠠᠢ ᠨᠦᠬᠦᠴᠡᠯ ᠳᠣᠣᠷ᠎ᠠ ᠬᠤᠲᠠ ᠬᠦᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ | ᠠᠬᠢᠭᠤᠯᠵᠤ᠂ ᠡᠳ᠋ ᠤᠨ ᠬᠦᠴᠦᠨ ᠮᠠᠰᠢ ᠬᠤᠮᠰᠠ ᠪᠠᠶᠢᠳᠠᠯ ᠳᠣᠣᠷ᠎ᠠ ᠠᠷᠠᠳ ᠤᠨ ᠠᠮᠢᠳᠤᠷᠠᠯ ᠢ ᠨᠡᠯᠢᠶᠡᠳ ᠰᠠᠶᠢᠨ | ᠰᠠᠶᠢᠵᠢᠷᠠᠭᠤᠯᠬᠤ ᠶᠢ ᠪᠠᠲᠤᠯᠠᠵᠤ᠂ ᠵᠦᠷᠢᠴᠡᠯ ᠤᠨ ᠠᠰᠠᠭᠤᠳᠠᠯ ᠲᠦᠪᠡᠭ ᠪᠣᠳᠤᠯᠢᠶᠠᠨᠲᠠᠢ ᠪᠠᠶᠢᠳᠠᠯ ᠳᠣᠣᠷ᠎ᠠ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠳᠤᠭᠳᠠᠭᠤᠨ ᠢ ᠠᠬᠢᠭᠤᠯᠵᠤ᠂ ᠪᠦᠬᠦ ᠬᠤᠲᠠ ᠶᠢᠨ ᠠᠵᠤ ᠠᠬᠤᠢ | ᠨᠡᠶᠢᠭᠡᠮ ᠤᠨ ᠬᠦᠭᠵᠢᠯᠲᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠲᠡᠰᠢ ᠪᠠᠰᠠ | ᠪᠠᠳᠤᠲᠠᠢ ᠠᠯᠬᠤᠴᠠ ᠲᠠᠢ ᠪᠣᠯᠵᠠᠢ᠃ ᠡᠳᠡᠭᠡᠷ ᠠᠮᠵᠢᠯᠲᠠ ᠶᠢ ᠤᠯᠣᠭᠰᠠᠨ ᠨᠢ᠂ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠶᠢᠨ ᠦᠷ᠎ᠠ ᠳ᠋ᠦᠩ ᠶᠤᠮ᠂ ᠦᠪᠡᠷᠲᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ᠂ | ᠵᠠᠰᠠᠭ ᠤᠨ ᠤᠷᠳᠣᠨ ᠤ ᠬᠠᠯᠠᠮᠵᠢᠯᠠᠯ ᠳᠡᠮᠵᠢᠯᠭᠡ ᠶᠢᠨ ᠦᠷ᠎ᠠ ᠳ᠋ᠦᠩ ᠶᠤᠮ᠂ ᠬᠤᠲᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠠ ᠳ᠋ᠦᠩ ᠶᠤᠮ᠂ ᠬᠤᠲᠠ ᠶᠢᠨ ᠠᠷᠠᠳ ᠤᠨ ᠲᠦᠯᠥᠭᠡᠯᠡᠭᠴᠢᠳ ᠤᠨ ᠶᠡᠭᠡ | ᠬᠤᠷᠠᠯ ᠪᠠ ᠤᠯᠤᠰ ᠲᠦᠷᠥ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠠ ᠳ᠋ᠦᠩ ᠶᠤᠮ᠂ ᠮᠦᠨᠴᠦ ᠪᠦᠬᠦ | ᠬᠤᠲᠠ ᠳᠠᠶᠠᠭᠠᠷ ᠢᠶᠠᠨ ᠪᠦᠯᠬᠦᠮᠳᠡᠨ ᠲᠡᠮᠡᠴᠡᠭᠰᠡᠨ ᠤ ᠦᠷ᠎ᠠ ᠳ᠋ᠦᠩ ᠶᠤᠮ᠃ ᠠᠳᠡ ᠪᠢ ᠬᠤᠲᠠ ᠶᠢᠨ ᠠᠷᠠᠳ ᠤᠨ | ᠵᠠᠰᠠᠭ ᠤᠨ ᠤᠷᠳᠣᠨ ᠢ ᠲᠦᠯᠥᠭᠡᠯᠡᠨ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ | ᠵᠠᠰᠠᠭ ᠤᠨ ᠤᠷᠳᠣᠨ ᠤ ᠠᠵᠢᠯ ᠢ ᠬᠦᠴᠦᠲᠡᠢ ᠳᠡᠮᠵᠢᠭᠰᠡᠨ ᠠᠷᠠᠳ ᠤᠨ ᠶᠡᠭᠡ ᠬᠤᠷᠠᠯ ᠤᠨ ᠲᠦᠯᠥᠭᠡᠯᠡᠭᠴᠢᠳ᠂ | ᠤᠯᠤᠰ ᠲᠦᠷᠥ ᠶᠢᠨ ᠵᠦᠪᠯᠡᠯᠭᠡᠨ ᠤ ᠭᠡᠰᠢᠭᠦᠳ᠂ ᠡᠯ᠎ᠠ ᠠᠷᠠᠳᠴᠢᠯᠠᠭᠰᠠᠨ ᠨᠠᠮ ᠪᠦᠯᠦᠭ᠂ ᠤᠯᠠᠨ ᠲᠦᠮᠡᠨᠴᠢ | ᠪᠦᠯᠬᠦᠮ ᠪᠣᠯᠣᠨ ᠡᠯ᠎ᠠ ᠡᠲᠡᠭᠡᠳ ᠤᠨ ᠬᠦᠮᠦᠰ᠂ ᠤᠯᠠᠭᠠᠨᠬᠠᠳᠠ ᠳᠤ ᠰᠠᠭᠤᠭ᠎ᠠ ᠪᠠᠶᠢᠭᠤᠯᠤᠮᠵᠢ ᠪᠠ ᠵᠡᠪᠰᠡᠭᠲᠦ | ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠠᠭᠠᠨᠬᠠᠳᠠ ᠶᠢᠨ ᠬᠦᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠠ | ᠡᠲᠡᠭᠡᠳ ᠤᠨ ᠨᠠᠶᠢᠵᠢ ᠨᠠᠷ ᠲᠤ ᠬᠠᠮᠤᠭ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠠ︕ | | ᠠᠮᠵᠢᠯᠲᠠ ᠪᠠᠨ ᠤᠯᠵᠤ ᠦᠵᠡᠬᠦ ᠶᠢᠨ ᠵᠡᠷᠭᠡᠪᠡᠷ ᠪᠢᠳᠡ ᠪᠠᠰᠠ ᠪᠦᠬᠦ ᠬᠤᠲᠠ ᠶᠢᠨ ᠬᠦᠭᠵᠢᠯᠲᠡ ᠨᠢ | ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠵᠦᠷᠢᠴᠡᠯ ᠮᠦᠨᠴᠦ ᠮᠠᠰᠢ ᠲᠣᠪᠤᠶᠢᠮ᠎ᠠ ᠪᠠᠶᠢᠵᠤ᠂ ᠠᠵᠤ ᠠᠬᠤᠢ | ᠨᠡᠶᠢᠭᠡᠮ ᠤᠨ ᠬᠦᠭᠵᠢᠯᠲᠡ ᠶᠢ ᠬᠢᠵᠠᠭᠠᠷᠯᠠᠵᠤ ᠪᠠᠶᠢᠬᠤ ᠨᠢᠬᠡ ᠪᠦᠯᠦᠭ ᠭᠦᠨ ᠳᠠᠪᠬᠤᠷᠭ᠎ᠠ ᠶᠢᠨ ᠠᠰᠠᠭᠤᠳᠠᠯ ᠢ ᠪᠠᠰᠠ | ᠰᠢᠢᠳᠪᠦᠷᠢᠯᠡᠵᠦ ᠳᠡᠶᠢᠯᠦᠭᠡᠳᠦᠢ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠃ ᠭᠤᠣᠯ ᠢᠯᠡᠷᠡᠯ ᠨᠢ᠄ ᠠᠵᠤ | ᠠᠬᠤᠢ ᠶᠢᠨ ᠶᠡᠷᠦᠩᠬᠡᠢ ᠬᠡᠮᠵᠢᠶᠡᠨ ᠤ ᠦᠷᠭᠡᠳᠬᠦ ᠬᠤᠷᠳᠤᠴᠠ ᠨᠢ ᠤᠳᠠᠭᠠᠨ᠂ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠦᠴᠦᠯᠡᠴᠡ ᠨᠢ ᠬᠦᠷᠦᠯᠴᠡᠬᠦ ᠦᠭᠡᠢ︔ | ᠨᠠᠷᠢᠯᠢᠭ ᠤᠨᠣᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠤᠷᠲᠤᠮᠵᠢ ᠶᠢᠨ ᠵᠣᠬᠢᠴᠠᠮᠵᠢ᠂ ᠠᠮᠢ ᠠᠬᠤᠢ ᠤᠷᠴᠢᠨ | ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠠᠴᠠ ᠨᠢ ᠵᠠᠰᠠᠬᠤ ᠵᠣᠬᠢᠴᠠᠮᠵᠢ ᠨᠢ ᠲᠡᠭᠦᠯᠳᠡᠷ ᠪᠤᠰᠤ᠂ ︽ᠭᠤᠷᠪᠠᠨ | ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ︾ ᠨᠢ ᠮᠠᠰᠢ ᠤᠯᠠᠨ ᠰᠢᠯᠭᠠᠯᠲᠠ ᠳᠤ ᠤᠴᠠᠷᠠᠵᠤ ᠪᠠᠶᠢᠨ᠎ᠠ︔ ᠬᠤᠲᠠ | ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠦᠷᠢ ᠤᠯᠠᠨ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠳᠤᠳᠠᠭᠤᠳᠠᠯ | ᠮᠦᠨᠴᠦ ᠲᠣᠪᠤᠶᠢᠮ᠎ᠠ᠂ ᠰᠢᠨ᠎ᠠ ᠪᠠᠶᠢᠳᠠᠯ ᠳᠣᠣᠷᠠᠬᠢ ᠡᠯ᠎ᠠ ᠳᠦᠷᠤᠯ ᠤᠨ ᠵᠦᠷᠢᠴᠡᠯ ᠬᠢᠯᠪᠠᠷ ᠡᠭᠦᠰᠴᠦ ᠤᠯᠠᠨ | ᠡᠭᠦᠰᠴᠦ᠂ ᠤᠯᠠᠨ ᠨᠡᠶᠢᠲᠡ ᠶᠢᠨ ᠠᠮᠤᠷ ᠲᠦᠪᠰᠢᠨ ᠲᠣᠭᠲᠠᠭᠤᠨ ᠤ ᠠᠵᠢᠯ ᠨᠢ ᠮᠠᠰᠢ ᠤᠯᠠᠨ ᠰᠢᠨ᠎ᠠ ᠰᠢᠯᠭᠠᠯᠲᠠ ᠳᠤ | ᠤᠴᠠᠷᠠᠵᠤ ᠪᠠᠶᠢᠨ᠎ᠠ︔ ᠬᠡᠰᠡᠭ ᠪᠦᠯᠦᠭ ᠵᠠᠰᠠᠭ ᠤᠨ ᠤᠷᠳᠣᠨ ᠤ ᠪᠠᠶᠢᠭᠤᠯᠭ᠎ᠠ ᠶᠢᠨ ᠠᠵᠢᠯᠲᠠᠨ ᠵᠠᠯᠬᠠᠭᠤ ᠵᠠᠰᠠᠭ᠂ | ᠬᠤᠶᠢᠷᠭᠤ ᠵᠠᠰᠠᠭ ᠵᠢᠴᠢ ᠢᠯᠵᠢᠷᠠᠮᠠᠯ ᠦᠵᠡᠭᠳᠡᠯ ᠮᠦᠨᠴᠦ ᠠᠳᠠᠯᠢ ᠪᠤᠰᠤ ᠬᠡᠮᠵᠢᠶ᠎ᠠ ᠪᠠᠷ ᠤᠷᠤᠰᠢᠵᠤ᠂ ᠡᠵᠡᠩᠨᠡᠬᠦ | ᠠᠷᠠᠯᠵᠢᠶᠠᠯᠠᠬᠤ ᠤᠷᠴᠢᠨ ᠲᠣᠭᠤᠷᠢᠨ ᠢ ᠴᠢᠨᠠᠭᠰᠢᠲᠠ ᠰᠢᠯᠢᠳᠡᠭᠵᠢᠭᠦᠯᠬᠦ ᠴᠢᠬᠤᠯᠠᠲᠠᠢ ᠪᠠᠶᠢᠬᠤ ᠵᠡᠷᠭᠡ᠃ ᠡᠶᠢᠮᠦ ᠠᠴᠠ᠂ | ᠪᠢᠳᠡ ᠡᠷᠬᠡᠪᠰᠢ ᠠᠰᠠᠭᠤᠳᠠᠯ ᠤᠨ ᠬᠠᠨᠳᠤᠰᠢ ᠶᠢ ᠪᠠᠷᠢᠮᠲᠠᠯᠠᠵᠤ᠂ ᠬᠦᠴᠦᠲᠡᠢ ᠠᠷᠭ᠎ᠠ ᠬᠡᠮᠵᠢᠶ᠎ᠠ ᠠᠪᠴᠤ ᠦᠨᠡᠨᠬᠦ | ᠰᠢᠢᠳᠪᠦᠷᠢᠯᠡᠬᠦ ᠬᠡᠷᠡᠭᠲᠡᠢ᠃ | |