| ᠰᠤᠷᠪᠤᠯᠵᠢᠯᠠᠭᠰᠠᠨ ᠴᠠᠭ᠄ 2019 ᠣᠨ ᠤ 07 ᠳ᠋ᠤᠭᠠᠷ ᠰᠠᠷ᠎ᠠ ᠶᠢᠨ 29 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ | ᠳᠠᠷᠤᠭ᠎ᠠ ᠯᠢ ᠳ᠋ᠦᠩ ᠱᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠶᠢᠨ ᠬᠡᠰᠡᠭ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ | ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ | ᠂ ᠣᠯᠠᠨ ᠤ ᠡᠨᠡ ᠬᠦ ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠢ ᠤᠷᠢᠵᠤ ᠲᠤᠰ ᠤᠳᠠᠭᠠᠨ ᠤ | ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠣᠶᠢᠷ᠎ᠠ ᠶᠢᠨ ᠬᠡᠰᠡᠭ | ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ | ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠤ ᠡᠨᠡ ᠬᠦ | ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠢ ᠤᠷᠢᠵᠤ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃ ᠯᠢ ᠲᠣᠪᠴᠢᠶᠠᠨ ᠳᠠᠷᠤᠭ᠎ᠠ ᠶᠢ | ᠪᠠᠶᠠᠷᠯᠠᠨ ᠤᠭᠲᠤᠵᠤ ᠪᠠᠶᠢᠨ᠎ᠠ᠃ | ᠯᠢ ᠳ᠋ᠦᠩ ᠱᠧᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠶᠠᠭᠤᠨ ᠳᠤ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ | ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠲᠤᠬᠠᠢ | ᠲᠠᠨᠢᠯᠴᠠᠭᠤᠯᠤᠭᠠᠳ ᠥᠭᠭᠦᠨ᠎ᠡ ᠦᠦ︖ | ᠯᠢ ᠳ᠋ᠦᠩ ᠱᠧᠩ᠄ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠢ᠂ ᠮᠥᠨ ᠴᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠨ ᠪᠡᠶᠡᠯᠡᠭᠦᠯᠦᠨ᠂ | ᠰᠢᠨ᠎ᠡ ᠪᠠᠶᠢᠳᠠᠯ ᠢ ᠴᠢᠷᠮᠠᠶᠢᠨ ᠨᠡᠭᠡᠭᠡᠵᠦ᠂ ᠰᠢᠨ᠎ᠡ ᠬᠥᠭᠵᠢᠯᠲᠡ ᠶᠢ ᠪᠡᠶᠡᠯᠡᠭᠦᠯᠦᠭᠰᠡᠨ ᠴᠢᠬᠤᠯᠠ ᠨᠢᠭᠡ ᠵᠢᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠪᠣᠯ ᠳᠠᠷᠤᠢ ᠮᠠᠨ ᠤ ᠲᠡᠮᠡᠴᠡᠯ ᠤᠨ ᠬᠠᠷᠠᠯᠲᠠ ᠮᠥᠨ︾ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠯᠢ | ᠺᠧ ᠴᠢᠶᠠᠩ ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ ᠪᠠᠰᠠ ︽ᠪᠢᠳᠡ ᠠᠵᠤ ᠠᠬᠤᠢ ᠶᠢ ᠬᠥᠭᠵᠢᠭᠦᠯᠬᠦ | ᠶᠠᠪᠤᠴᠠ ᠳᠤ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠵᠠᠷᠢᠮ | ᠭᠤᠣᠯᠳᠠᠯᠭ᠎ᠠ ᠲᠠᠢ᠂ ᠬᠦᠴᠢᠷᠳᠡᠯ ᠲᠠᠢ ᠠᠰᠠᠭᠤᠳᠠᠯ ᠢ ᠠᠳᠬᠤᠵᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠬᠦ | ᠬᠡᠷᠡᠭᠲᠡᠢ︾ ᠭᠡᠵᠦ ᠵᠢᠭᠠᠵᠤ ᠭᠠᠷᠭᠠᠪᠠ᠃ | ᠣᠳᠣᠬᠠᠨ ᠳᠤ᠂ ᠠᠷᠠᠳ ᠲᠦᠮᠡᠨ ᠤ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠲᠠᠯ᠎ᠠ ᠪᠠᠷ ᠮᠥᠨ ᠬᠦ | ᠮᠠᠰᠢ ᠣᠯᠠᠨ ᠠᠰᠠᠭᠤᠳᠠᠯ ᠣᠷᠣᠰᠢᠵᠤ ᠪᠠᠶᠢᠨ᠎ᠠ᠃ ᠡᠨᠡ ᠬᠦ ᠪᠠᠶᠢᠳᠠᠯ ᠳᠣᠣᠷ᠎ᠠ᠂ ᠪᠢᠳᠡ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠠᠷᠠᠳ ᠤᠨ ᠠᠮᠢᠳᠤᠷᠠᠯ ᠢ | ᠠᠩᠬᠠᠷᠤᠨ ᠬᠠᠯᠠᠮᠵᠢᠯᠠᠬᠤ ᠲᠠᠯ᠎ᠠ ᠪᠠᠷ ᠠᠩᠬᠠᠷᠤᠭᠤᠯᠤᠨ ᠲᠥᠪᠯᠡᠷᠡᠭᠦᠯᠵᠦ᠂ ᠠᠮᠤᠷ ᠲᠦᠪᠰᠢᠨ ᠮᠥᠷᠲᠡᠭᠡᠨ | ᠬᠠᠨᠤᠮᠵᠢᠲᠠᠢ ᠬᠡᠷᠡᠭᠯᠡᠭᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠠᠷᠠᠳ ᠲᠦᠮᠡᠨ ᠤ ︽ᠢᠳᠡᠬᠦ︾ ᠳᠤ ᠰᠠᠨᠠᠭ᠎ᠠ | ᠠᠮᠤᠷ᠂ ︽ᠡᠮᠦᠰᠬᠦ︾ ᠳᠤ ᠲᠣᠬᠢᠲᠠᠢ᠂ ︽ᠰᠠᠭᠤᠬᠤ︾ ᠳᠤ ᠲᠠᠭᠠᠯᠠᠮᠵᠢᠲᠠᠢ᠂ ︽ᠶᠠᠪᠤᠬᠤ︾ ᠳᠤ ᠰᠡᠳᠬᠢᠯ | ᠲᠡᠨᠢᠭᠦᠨ ᠪᠠᠶᠢᠬᠤ ᠶᠢ ᠪᠠᠲᠤᠯᠠᠬᠤ ᠶᠢᠨ ᠲᠤᠰᠠᠳᠠ᠂ ᠮᠠᠨ ᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠨᠡ ᠵᠢᠯ ᠤᠨ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠬᠢᠯᠡᠨ | 12 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ 7 ᠰᠠᠷ᠎ᠠ ᠶᠢᠨ ᠬᠤᠭᠤᠴᠠᠭ᠎ᠠ ᠬᠡᠷᠡᠭᠰᠡᠵᠦ᠂ ᠪᠦᠬᠦ ᠣᠷᠣᠨ ᠤ | ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ | ᠵᠠᠰᠠᠬᠤ ᠠᠵᠢᠯ ᠢ ᠥᠷᠨᠢᠭᠦᠯᠬᠦ ᠪᠠᠷ ᠪᠣᠢ᠃ | ᠬᠥᠲᠥᠯᠥᠭᠴᠢ᠄ ᠲᠤᠰ ᠤᠳᠠᠭᠠᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠭᠤᠣᠯᠳᠠᠯᠭ᠎ᠠ ᠲᠠᠢ | ᠠᠭᠤᠯᠭ᠎ᠠ ᠨᠢ ᠶᠠᠭᠤ ᠪᠣᠢ︖ | ᠯᠢ ᠳ᠋ᠦᠩ ᠱᠧᠩ᠄ ᠢᠳᠡᠬᠦ ᠡᠮᠦᠰᠬᠦ ᠶᠠᠪᠤᠬᠤ ᠰᠠᠭᠤᠬᠤ ᠬᠦᠷᠢᠶ᠎ᠡ ᠴᠠᠷᠠᠭ᠎ᠠ ᠶᠢᠨ ᠬᠤᠯᠪᠣᠭᠳᠠᠬᠤ | ᠬᠡᠪᠴᠢᠶ᠎ᠡ ᠨᠢ ᠮᠠᠰᠢ ᠥᠷᠭᠡᠨ ᠪᠠᠶᠢᠵᠤ᠂ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠳᠤ ᠪᠠᠨ ᠰᠠᠭᠤᠷᠢᠯᠠᠬᠤ ᠶᠢ ᠪᠠᠷᠢᠮᠲᠠᠯᠠᠨ᠂ ᠬᠤᠯᠪᠣᠭᠳᠠᠬᠤ ᠪᠦᠲᠦᠭᠡᠭᠳᠡᠬᠦᠨ ᠤ ᠶᠠᠰᠤ ᠴᠢᠨᠠᠷ᠂ ᠬᠡᠮ | ᠬᠡᠮᠵᠢᠶ᠎ᠡ᠂ ᠦᠨ᠎ᠡ ᠬᠠᠩᠰᠢ᠂ ᠵᠠᠷ ᠮᠡᠳᠡᠭᠡ᠂ ᠲᠠᠸᠠᠷ ᠤᠨ ᠲᠡᠮᠳᠡᠭ ᠵᠡᠷᠭᠡ ᠲᠠᠯ᠎ᠠ ᠪᠠᠷ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠦᠨ᠎ᠡ᠃ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠤᠨ ᠶᠠᠪᠤᠴᠠ ᠳᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ | ᠰᠢᠢᠳᠪᠦᠷᠢᠯᠡᠬᠦ ᠶᠢ ᠢᠮᠠᠭᠲᠠ ᠨᠡᠶᠢᠳᠡᠮ ᠳᠤ ᠨᠢ ᠲᠤᠭᠤᠰᠢᠯᠠᠭᠤᠯᠵᠤ᠂ ᠰᠤᠭᠤᠴᠢᠨ ᠪᠠᠶᠢᠴᠠᠭᠠᠬᠤ ᠳᠤ ᠬᠢᠷᠢ | ᠲᠡᠩᠴᠡᠭᠰᠡᠨ ᠦᠭᠡᠢ ᠨᠣᠷᠮ᠎ᠠ ᠨᠢ ᠥᠨᠳᠥᠷ᠂ ᠵᠠᠭᠤᠴᠢᠯᠠᠭᠤᠷ ᠤᠨ ᠢᠯᠡᠴᠢᠯᠡᠨ ᠮᠡᠳᠡᠭᠡᠯᠡᠭᠰᠡᠨ ᠨᠢ ᠣᠯᠠᠨ᠂ ᠢᠯᠡᠴᠢᠯᠡᠨ | ᠮᠡᠳᠡᠭᠦᠯᠵᠦ ᠵᠠᠭᠠᠯᠳᠤᠭᠰᠠᠨ ᠢᠶᠠᠷ ᠣᠯᠠᠨ᠂ ᠠᠷᠠᠳ ᠲᠦᠮᠡᠨ ᠤ ᠲᠤᠰᠬᠠᠯ ᠴᠢᠩᠭ᠎ᠠ ᠠᠰᠠᠭᠤᠳᠠᠯ ᠢ ᠲᠣᠪᠤᠶᠢᠯᠭᠠᠵᠤ᠂ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠥᠭᠡᠳ ᠴᠢᠩᠭ᠎ᠠ ᠪᠠᠶᠢᠴᠠᠭᠠᠨ | ᠰᠢᠢᠳᠬᠡᠨ᠎ᠡ᠃ | ᠪᠣᠳᠠᠲᠠᠢ ᠪᠠᠷ ᠳᠣᠣᠷᠠᠬᠢ ᠳᠥᠷᠪᠡᠨ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠄ | ︵ᠨᠢᠭᠡ︶ ᠰᠦ ᠮᠢᠬᠠᠨ ᠤ ᠪᠦᠲᠦᠭᠡᠭᠳᠡᠬᠦᠨ ᠪᠠ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠤᠲᠠ | ᠬᠥᠳᠡᠭᠡ ᠶᠢᠨ ᠠᠭᠤᠯᠵᠠᠷ ᠤᠨ ᠬᠡᠰᠡᠭ᠂ ᠰᠤᠮᠤ ᠰᠢᠶᠠᠩ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠵᠠᠬ᠎ᠠ | ᠳᠡᠯᠭᠡᠭᠦᠷ ᠢᠶᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠵᠤ᠂ ᠰᠦ ᠮᠢᠬᠠᠨ ᠤ ᠪᠦᠲᠦᠭᠡᠭᠳᠡᠬᠦᠨ ᠤ ᠠᠵᠤ | ᠠᠬᠤᠶᠢᠯᠠᠯ ᠤᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠤᠭᠰᠠᠨ ᠢ ᠰᠢᠯᠭᠠᠨ ᠨᠤᠲᠠᠯᠠᠬᠤ᠂ ᠭᠡᠷᠡᠴᠢ ᠪᠠᠷᠢᠮᠲᠠ | ᠠᠪᠤᠭᠰᠠᠨ ᠪᠠ ᠦᠢᠯᠡᠳᠪᠦᠷᠢ ᠶᠢᠨ ᠲᠠᠰᠤᠭ ᠠᠴᠠ ᠭᠠᠷᠭᠠᠭᠰᠠᠨ ᠢ ᠰᠢᠯᠭᠠᠨ ᠪᠠᠶᠢᠴᠠᠭᠠᠵᠤ ᠡᠵᠡᠮᠳᠡᠭᠰᠡᠨ ᠢᠶᠠᠷ ᠴᠢᠩᠭ᠎ᠠ | ᠪᠤᠰᠤ᠂ ᠮᠠᠯ ᠤᠨ ᠡᠮ ᠤᠨ ᠦᠯᠡᠳᠡᠭᠳᠡᠯ ᠡᠳ᠋ ᠤᠨ ᠪᠠᠷᠢᠮᠵᠢᠶ᠎ᠠ ᠠᠴᠠ ᠬᠡᠲᠦᠷᠡᠭᠰᠡᠨ᠂ ᠮᠠᠭᠤ ᠪᠦᠲᠦᠭᠡᠭᠳᠡᠬᠦᠨ ᠢᠶᠠᠷ | ᠰᠠᠶᠢᠨ ᠪᠦᠲᠦᠭᠡᠭᠳᠡᠬᠦᠨ ᠢ ᠣᠷᠣᠯᠠᠭᠤᠯᠤᠭᠰᠠᠨ ᠵᠡᠷᠭᠡ ᠲᠣᠪᠤᠶᠢᠮ᠎ᠠ ᠠᠰᠠᠭᠤᠳᠠᠯ ᠢ ᠲᠣᠪᠤᠶᠢᠯᠭᠠᠵᠤ᠂ ᠮᠠᠯᠵᠢᠬᠤ | ᠲᠠᠷᠢᠶᠠᠯᠠᠬᠤ ᠣᠷᠣᠨ ᠤ ᠰᠦ ᠮᠢᠬᠠᠨ ᠤ ᠪᠦᠲᠦᠭᠡᠭᠳᠡᠬᠦᠨ᠂ ᠤᠷᠭᠤᠮᠠᠯ ᠤᠨ ᠲᠣᠰᠣ ᠶᠢ ᠢᠳᠡᠵᠦ ᠬᠡᠷᠡᠭᠯᠡᠭᠰᠡᠨ᠂ | ᠤᠮᠳᠠᠭᠠᠨ᠂ ᠬᠠᠷ᠎ᠠ ᠠᠷᠢᠬᠢ᠂ ᠪᠣᠭᠤᠷᠰᠤᠭ᠂ ᠳᠥᠭᠦᠮ ᠢᠳᠡᠭᠡᠨ ᠵᠡᠷᠭᠡ ᠬᠠᠭᠤᠷᠮᠠᠭ ᠮᠠᠭᠤ ᠢᠳᠡᠭᠡᠨ ᠢ ᠦᠢᠯᠡᠳᠦᠨ | ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠭᠦᠨ᠎ᠡ | ᠃ | ︵ᠬᠤᠶᠠᠷ︶ ᠬᠡᠦᠬᠡᠳ ᠤᠨ ᠬᠤᠪᠴᠠᠰᠤ᠂ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠡᠦᠬᠡᠳ ᠤᠨ | ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠵᠢᠴᠢ ᠡᠷᠭᠢᠨ ᠲᠣᠭᠤᠷᠢᠨ ᠤ | ᠬᠤᠳᠠᠯᠳᠤᠭ᠎ᠠ ᠳᠡᠯᠭᠡᠭᠦᠷ᠂ ᠬᠤᠲᠠ ᠬᠥᠳᠡᠭᠡ ᠶᠢᠨ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠴᠤᠭᠯᠠᠭ᠎ᠠ | ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠲᠤᠰᠬᠠᠢ ᠬᠤᠳᠠᠯᠳᠤᠭᠠᠨ ᠤ ᠳᠡᠯᠭᠡᠭᠦᠷ ᠪᠠ ᠬᠡᠳᠦ | ᠳᠡᠯᠭᠡᠭᠦᠷ ᠵᠡᠷᠭᠡ ᠪᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠨ᠂ ᠰᠤᠷᠭᠠᠭᠤᠯᠢ ᠶᠢᠨ ᠬᠤᠪᠴᠠᠰᠤ᠂ | ᠬᠡᠦᠬᠡᠳ ᠤᠨ ᠬᠤᠪᠴᠠᠰᠤ ᠪᠠ ᠰᠤᠷᠤᠭᠴᠢᠳ ᠤᠨ ᠬᠥᠪᠥᠩ ᠤᠨ ᠪᠦᠲᠦᠭᠡᠭᠳᠡᠬᠦᠨ ᠢ ᠭᠤᠣᠯᠳᠠᠯᠭ᠎ᠠ ᠲᠠᠢ ᠪᠠᠷ | ᠴᠡᠭᠴᠡᠯᠡᠨ ᠵᠠᠰᠠᠵᠤ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠦᠭᠡᠢ᠂ ᠱᠣᠰᠢᠭ᠎ᠠ ᠲᠡᠮᠳᠡᠭ ᠨᠢ ᠵᠢᠷᠤᠮᠵᠢᠯ | ᠦᠭᠡᠢ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠲᠣᠪᠤᠶᠢᠮ᠎ᠠ | ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠦᠨᠡᠮᠯᠡᠯ ᠦᠭᠡᠢ ᠪᠠᠷ ᠡᠵᠡᠩᠨᠡᠭᠰᠡᠨ᠂ ᠬᠤᠳᠠᠯᠳᠤᠭᠠᠨ ᠤ | ᠲᠡᠮᠳᠡᠭ ᠨᠢ ᠡᠷᠬᠡ ᠳᠤ ᠬᠠᠯᠳᠠᠭᠰᠠᠨ᠂ ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠷ ᠮᠡᠳᠡᠭᠡ ᠪᠠ ᠭᠤᠣᠯᠳᠠᠯᠭ᠎ᠠ ᠲᠠᠢ ᠪᠠᠷᠢᠯᠭ᠎ᠠ ᠶᠢᠨ | ᠮᠠᠲ᠋ᠧᠷᠢᠶᠠᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ | ᠵᠠᠰᠠᠯᠲᠠ ᠶᠢ ᠥᠷᠨᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠭ᠎ᠠ ᠶᠢᠨ ᠬᠦᠷᠢᠶ᠎ᠡ ᠴᠠᠷᠠᠭᠠᠨ ᠳᠤ | ᠬᠤᠳᠠᠯ ᠬᠠᠭᠤᠷᠮᠠᠭ ᠵᠠᠷ ᠮᠡᠳᠡᠭᠡ ᠨᠡᠶᠢᠲᠡᠯᠡᠬᠦ᠂ ᠡᠷᠬᠡ ᠲᠡᠭᠰᠢ ᠪᠤᠰᠤ ᠬᠡᠪ ᠬᠡᠯᠪᠡᠷᠢ ᠶᠢᠨ ᠭᠡᠷ᠎ᠡ ᠶᠢ ᠲᠣᠭᠲᠠᠭᠠᠬᠤ᠂ | ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠬᠤ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ | ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠨ᠎ᠠ︔ ᠪᠠᠷᠢᠯᠭ᠎ᠠ ᠳᠤ ᠬᠡᠷᠡᠭᠯᠡᠬᠦ ᠰᠢᠷᠪᠦᠰᠦ ᠪᠣᠯᠣᠳ᠂ | ᠱᠦᠢᠨᠢ᠂ ᠴᠠᠬᠢᠯᠭᠠᠨ ᠤᠲᠠᠰᠤ᠂ ᠤᠰᠤ ᠶᠢ ᠰᠡᠷᠭᠡᠶᠢᠯᠡᠬᠦ ᠣᠷᠢᠶᠠᠮᠠᠭ ᠮᠠᠲ᠋ᠧᠷᠢᠶᠠᠯ᠂ ᠱᠦᠢᠨᠢ ᠪᠠᠷ ᠪᠠᠷᠢᠭᠰᠠᠨ ᠤᠰᠤ | ᠳᠠᠮᠵᠢᠭᠤᠯᠬᠤ ᠬᠤᠭᠤᠯᠠᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠰᠡᠷᠭᠡᠶᠢᠯᠡᠯᠲᠡ ᠶᠢᠨ | ᠲᠥᠬᠦᠭᠡᠷᠦᠮᠵᠢ ᠵᠢᠴᠢ ᠭᠡᠷ ᠤᠨ ᠬᠡᠷᠡᠭᠰᠡᠯ᠂ ᠵᠠᠰᠠᠨ ᠴᠢᠮᠡᠭᠯᠡᠬᠦ ᠮᠠᠲ᠋ᠧᠷᠢᠶᠠᠯ᠂ ᠰᠢᠷ ᠪᠣᠳᠤᠭ ᠤᠨ ᠮᠠᠲ᠋ᠧᠷᠢᠶᠠᠯ ᠤᠨ | ᠦᠢᠯᠡᠳᠪᠦᠷᠢᠯᠡᠯ ᠪᠠ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠠᠤᠯᠢ ᠬᠡᠷᠡᠭᠵᠢᠭᠦᠯᠵᠦ ᠪᠠᠶᠢᠴᠠᠭᠠᠯᠲᠠ ᠬᠢᠬᠦ ᠪᠠ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ᠃ ᠭᠡᠷᠡᠴᠢ ᠦᠭᠡᠢ ᠪᠠᠷ ᠦᠢᠯᠡᠳᠪᠦᠷᠢᠯᠡᠭᠰᠡᠨ᠂ | ᠦᠨᠡᠮᠯᠡᠯ ᠦᠭᠡᠢ ᠪᠠᠷ ᠡᠵᠡᠩᠨᠡᠭᠰᠡᠨ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠠᠴᠠ ᠵᠥᠷᠢᠴᠡᠭᠰᠡᠨ᠂ | ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ︵ᠳᠥᠷᠪᠡ︶ ᠮᠠᠰᠢᠨ ᠲᠡᠷᠭᠡᠨ ᠤ ᠪᠣᠷᠣᠯᠠᠭᠤᠯᠵᠤ ᠰᠡᠯᠪᠢᠨ ᠵᠠᠰᠠᠬᠤ ᠵᠠᠬ᠎ᠠ ᠳᠡᠯᠭᠡᠭᠦᠷ ᠤᠨ ᠲᠤᠰᠬᠠᠢ | ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠮᠠᠰᠢᠨ ᠲᠡᠷᠭᠡᠨ ᠤ 4S ᠳᠡᠯᠭᠡᠭᠦᠷ᠂ ᠮᠠᠰᠢᠨ ᠲᠡᠷᠭᠡᠨ ᠤ | ᠰᠡᠯᠪᠢᠨ ᠵᠠᠰᠠᠬᠤ ᠳᠡᠯᠭᠡᠭᠦᠷ ᠪᠠ ᠵᠢᠵᠢᠭ ᠲᠣᠨᠤᠭ ᠤᠨ ᠪᠣᠷᠣᠯᠠᠭᠤᠯᠬᠤ ᠬᠤᠳᠠᠯᠳᠤᠭ᠎ᠠ ᠶᠢ ᠭᠤᠣᠯᠳᠠᠯᠭ᠎ᠠ ᠲᠠᠢ ᠪᠠᠷ | ᠴᠡᠭᠴᠡᠯᠡᠨ ᠵᠠᠰᠠᠬᠤ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠮᠠᠰᠢᠨ ᠲᠡᠷᠭᠡᠨ ᠤ ᠵᠢᠵᠢᠭ ᠲᠣᠨᠤᠭ ᠢ | ᠪᠣᠷᠣᠯᠠᠭᠤᠯᠤᠭᠰᠠᠨ ᠪᠠ ᠬᠡᠷᠡᠭᠯᠡᠭᠰᠡᠨ᠂ ᠠᠯᠪᠠᠳᠠᠯᠭ᠎ᠠ ᠪᠠᠷ ᠦᠨ᠎ᠡ ᠨᠡᠮᠡᠵᠦ ᠳᠠᠭᠠᠯᠳᠤᠭᠤᠯᠤᠨ ᠬᠤᠳᠠᠯᠳᠤᠭᠰᠠᠨ᠂ | ᠬᠡᠯᠪᠡᠷᠢᠵᠢᠭᠰᠡᠨ ᠭᠡᠷ᠎ᠡ ᠶᠢᠨ ︽ᠳᠡᠭᠡᠷᠡᠩᠭᠦᠢ ᠵᠤᠷᠪᠤᠰ︾᠂ ᠬᠡᠷᠡᠭᠯᠡᠭᠡ ᠶᠢᠨ ᠮᠡᠬᠡᠯᠡᠯ ᠳᠠᠷᠤᠯᠠᠯ᠂ ᠬᠤᠳᠠᠯᠳᠤᠭᠠᠨ ᠤ | ᠬᠡᠭᠡᠯᠢ ᠬᠠᠭ᠋ᠤᠤᠯᠢ᠂ ᠬᠤᠳᠠᠯ ᠬᠠᠭᠤᠷᠮᠠᠭ ᠤᠬᠠᠭᠤᠯᠭ᠎ᠠ᠂ ᠬᠤᠳᠠᠯᠳᠤᠭᠠᠨ ᠤ ᠲᠡᠮᠳᠡᠭ ᠤᠨ ᠡᠷᠬᠡ ᠳᠤ ᠬᠠᠯᠳᠠᠭᠰᠠᠨ᠂ | ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠶᠢ ᠵᠣᠷᠢᠭᠤᠳᠠ ᠤᠳᠠᠭᠠᠰᠢᠷᠠᠭᠤᠯᠬᠤ ᠪᠤᠶᠤ ᠶᠣᠰᠣ ᠪᠤᠰᠤ ᠪᠠᠷ | ᠲᠡᠪᠴᠢᠭᠰᠡᠨ᠂ ᠳᠠᠭᠠᠳᠬᠠᠯ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠡᠪᠴᠢᠶ᠎ᠡ ᠠᠴᠠ ᠬᠡᠲᠦᠷᠡᠭᠦᠯᠦᠨ | ᠡᠵᠡᠩᠨᠡᠭᠰᠡᠨ ᠵᠡᠷᠭᠡ ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠮᠠᠰᠢᠨᠲᠤ ᠲᠡᠷᠭᠡ ᠰᠡᠯᠪᠢᠨ ᠵᠠᠰᠠᠬᠤ | ᠲᠤᠰᠬᠠᠶᠢᠯᠠᠭᠰᠠᠨ ᠠᠵᠢᠯ ᠤᠨ ᠡᠵᠡᠩᠨᠡᠭᠴᠢᠳ ᠤᠨ ᠦᠢᠯᠡᠳᠬᠦᠨ ᠤ ᠬᠢᠷᠢ ᠭᠡᠮ ᠤᠨ ᠭᠡᠷᠡᠴᠢ ᠦᠭᠡᠢ᠂ | ᠦᠢᠯᠡᠳᠪᠦᠷᠢ ᠶᠢᠨ ᠨᠡᠷ᠎ᠡ ᠦᠭᠡᠢ᠂ ᠦᠢᠯᠡᠳᠪᠦᠷᠢ ᠶᠢᠨ ᠬᠠᠶ᠋ᠢᠭ ᠦᠭᠡᠢ᠂ 3C ᠭᠠᠷᠴᠠᠭ ᠲᠤ ᠵᠢᠭᠰᠠᠭᠠᠭᠳᠠᠭᠰᠠᠨ | ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠢ ᠨᠤᠲᠠᠯᠠᠯᠲᠠ ᠶᠢᠨ ᠭᠡᠷᠡᠴᠢ ᠦᠭᠡᠢ ᠵᠢᠵᠢᠭ ᠲᠣᠨᠤᠭ ᠪᠠ ᠬᠠᠭᠤᠷᠮᠠᠭ | ᠮᠠᠭᠤ ᠲᠣᠨᠤᠭ ᠢ ᠬᠡᠷᠡᠭᠯᠡᠨ ᠮᠠᠰᠢᠨᠲᠤ ᠲᠡᠷᠭᠡ ᠶᠢ ᠰᠡᠯᠪᠢᠨ ᠵᠠᠰᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠥᠲᠥᠯᠥᠭᠴᠢ᠄ ᠣᠳᠣ ᠪᠣᠯᠲᠠᠯ᠎ᠠ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠤᠨ ᠦᠷ᠎ᠡ | ᠪᠦᠲᠦᠮᠵᠢ ᠨᠢ ᠶᠠᠮᠠᠷ ᠪᠣᠢ︖ | ᠯᠢ ᠳ᠋ᠦᠩ ᠱᠧᠩ᠄ ᠣᠳᠣ ᠪᠣᠯᠲᠠᠯ᠎ᠠ᠂ 2 ᠰᠠᠷ᠎ᠠ ᠭᠠᠷᠤᠢ ᠶᠢᠨ ᠲᠤᠰᠬᠠᠢ ᠵᠦᠢᠯ ᠤᠨ ᠴᠡᠭᠴᠡᠯᠡᠯᠲᠡ | ᠵᠠᠰᠠᠯᠲᠠ ᠳᠤ᠂ ᠪᠦᠬᠦ ᠣᠷᠣᠨ ᠳᠤ ᠬᠠᠤᠯᠢ ᠬᠡᠷᠡᠭᠵᠢᠭᠦᠯᠦᠭᠴᠢ ᠶᠢ ᠨᠡᠶᠢᠲᠡ 75625 ᠬᠥᠮᠥᠨ ᠤᠳᠠᠭ᠎ᠠ ᠳᠠᠶᠢᠴᠢᠯᠠᠨ | ᠬᠥᠳᠡᠯᠭᠡᠵᠦ᠂ ᠡᠵᠡᠩᠨᠡᠯᠲᠡ ᠶᠢᠨ ᠭᠤᠣᠯ ᠴᠣᠭᠴᠠ ᠳᠤ 39625 ᠤᠳᠠᠭ᠎ᠠ ᠪᠠᠶᠢᠴᠠᠭᠠᠯᠲᠠ ᠬᠢᠵᠦ᠂ 4 ᠬᠠᠷ᠎ᠠ | ᠡᠭᠦᠷ ᠴᠡᠭ ᠢ ᠠᠷᠢᠯᠭᠠᠨ ᠤᠰᠠᠳᠬᠠᠵᠤ᠂ 989 ᠬᠡᠷᠡᠭ ᠢ ᠬᠡᠷᠡᠭ ᠢᠶᠠᠷ ᠪᠠᠶᠢᠴᠠᠭᠠᠨ ᠰᠢᠢᠳᠪᠦᠷᠢᠯᠡᠵᠦ᠂ ᠲᠣᠮᠣ | ᠴᠢᠬᠤᠯᠠ 2 ᠬᠡᠷᠡᠭ ᠢ ᠪᠠᠶᠢᠴᠠᠭᠠᠨ ᠭᠦᠢᠴᠡᠳᠬᠡᠵᠦ᠂ 3 ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ᠂ ᠬᠡᠷᠡᠭ ᠲᠤ ᠬᠤᠯᠪᠣᠭᠳᠠᠭᠰᠠᠨ ᠦᠢᠯᠡᠳᠬᠦᠨ ᠤ ᠪᠠᠷᠠᠭᠠᠨ ᠤ ᠥᠷᠲᠡᠭ ᠨᠢ 4315. | 3885 ᠲᠦᠮᠡᠨ ᠲᠥᠭᠦᠷᠢᠭ᠂ ᠲᠣᠷᠭᠠᠵᠤ ᠬᠤᠷᠢᠶᠠᠭᠰᠠᠨ ᠵᠣᠭᠤᠰ 617.6228 ᠲᠦᠮᠡᠨ ᠲᠥᠭᠦᠷᠢᠭ ᠲᠤ | ᠬᠦᠷᠴᠦ᠂ ᠬᠠᠭᠤᠷᠮᠠᠭ ᠮᠠᠭᠤ ᠦᠢᠯᠡᠳᠬᠦᠨ ᠳᠤ ᠴᠣᠬᠢᠯᠲᠠ ᠥᠭᠴᠦ ᠵᠠᠬ᠎ᠠ ᠳᠡᠯᠭᠡᠭᠦᠷ ᠢ ᠴᠡᠪᠡᠷᠰᠢᠭᠦᠯᠬᠦ | ᠠᠵᠢᠯᠯᠠᠭ᠎ᠠ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠢ᠃ | ᠬᠥᠲᠥᠯᠥᠭᠴᠢ᠄ ᠳᠠᠷᠠᠭᠠᠴᠢ ᠶᠢᠨ ᠠᠯᠬᠤᠮ ᠤᠨ ︽ᠳᠥᠷᠪᠡᠨ ᠶᠡᠭᠡ ᠬᠦᠷᠢᠶ᠎ᠡ ᠴᠠᠷᠠᠭ᠎ᠠ︾ ᠶᠢᠨ ᠲᠤᠰᠬᠠᠢ | ᠵᠦᠢᠯ ᠤᠨ ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠨᠢ ᠶᠠᠭᠤ ᠪᠣᠢ︖ | ᠯᠢ ᠳ᠋ᠦᠩ ᠱᠧᠩ᠄ ᠳᠠᠷᠠᠭᠠᠴᠢ ᠶᠢᠨ ᠠᠯᠬᠤᠮ ᠳᠤ᠂ ᠮᠠᠨ ᠤ ᠪᠦᠬᠦ ᠰᠢᠰᠲ᠋ᠧᠮ ᠢᠶᠠᠷ ᠢᠶᠠᠨ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠪᠠᠷᠢᠮᠵᠢᠶ᠎ᠠ ᠱᠠᠭᠠᠷᠳᠠᠯᠭ᠎ᠠ ᠲᠠᠢ | ᠬᠠᠷᠢᠴᠠᠭᠤᠯᠵᠤ᠂ ᠵᠦᠢ ᠵᠣᠬᠢᠰᠲᠠᠢ ᠪᠠᠷ ᠪᠠᠶᠢᠷᠢᠯᠠᠭᠤᠯᠤᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠦᠵᠡᠯ | ᠤᠬᠠᠮᠰᠠᠷ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠪᠠᠨ ᠳᠡᠰ ᠳᠡᠰ ᠢᠶᠠᠷ ᠪᠣᠳᠠᠲᠠᠶᠢᠵᠢᠭᠤᠯᠤᠨ ᠴᠢᠩᠭᠠᠳᠬᠠᠵᠤ᠂ | ᠬᠠᠤᠯᠢ ᠬᠡᠷᠡᠭᠵᠢᠭᠦᠯᠦᠨ ᠬᠡᠷᠡᠭ ᠢ ᠭᠦᠢᠴᠡᠳᠬᠡᠬᠦ ᠪᠠᠷ ᠭᠤᠣᠯᠳᠠᠯᠭ᠎ᠠ ᠪᠣᠯᠭᠠᠨ᠂ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠵᠠᠩᠭᠢᠯᠠᠭ᠎ᠠ ᠶᠢ ᠡᠵᠡᠮᠳᠡᠨ᠂ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠨᠢᠭᠡ ᠳᠤ᠂ ᠪᠦᠬᠦ ᠰᠢᠰᠲ᠋ᠧᠮ ᠢᠶᠠᠷ ᠢᠶᠠᠨ ᠵᠣᠬᠢᠴᠠᠯᠳᠤᠨ ᠦᠢᠯᠡᠴᠢᠯᠡᠬᠦ ᠦᠵᠡᠯ ᠰᠠᠨᠠᠭ᠎ᠠ ᠶᠢ ᠪᠣᠢ ᠪᠣᠯᠭᠠᠨ᠎ᠠ᠃ | ᠰᠢᠰᠲ᠋ᠧᠮ ᠤᠨ ᠳᠣᠲᠣᠭᠠᠳᠤ ᠳᠤ ᠪᠠᠨ ᠬᠠᠤᠯᠢ ᠬᠡᠷᠡᠭᠵᠢᠭᠦᠯᠦᠨ ᠬᠡᠷᠡᠭ ᠢ ᠬᠠᠮᠵᠢᠯᠴᠠᠨ ᠪᠠᠶᠢᠴᠠᠭᠠᠵᠤ ᠮᠡᠳᠡᠭᠡᠯᠡᠨ | ᠨᠡᠪᠲᠡᠷᠡᠭᠦᠯᠬᠦ ᠠᠵᠢᠯ ᠤᠨ ᠲᠣᠭᠲᠠᠴᠠ ᠶᠢ ᠴᠢᠩᠭᠠᠳᠬᠠᠨ᠂ ᠬᠡᠷᠡᠭ ᠤᠨ ᠮᠡᠳᠡᠭᠡ ᠵᠠᠩᠭᠢ ᠶᠢ ᠰᠣᠯᠢᠯᠴᠠᠨ ᠰᠠᠭᠠᠳ | ᠦᠭᠡᠢ ᠨᠡᠪᠲᠡᠷᠡᠭᠦᠯᠬᠦ ᠶᠢ ᠭᠦᠢᠴᠡᠳᠬᠡᠵᠦ᠂ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠳᠤ ᠬᠠᠷᠢᠯᠴᠠᠨ ᠦᠢᠯᠡᠳᠦᠯᠴᠡᠨ | ᠬᠠᠷᠢᠯᠴᠠᠨ ᠨᠥᠬᠦᠪᠦᠷᠢᠯᠡᠵᠦ ᠥᠨᠴᠥᠭ ᠪᠤᠯᠤᠩ ᠦᠯᠡᠳᠡᠭᠡᠬᠦ ᠦᠭᠡᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠠᠴᠠ | ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠦᠴᠦ ᠪᠠᠨ ᠬᠠᠮᠲᠤᠳᠬᠠᠨ ᠬᠠᠮᠵᠢᠯᠴᠠᠨ | ᠠᠵᠢᠯᠯᠠᠬᠤ᠂ ᠲᠦᠢᠯ ᠤᠨ ᠣᠨᠣᠪᠴᠢᠲᠠᠢ ᠪᠠᠷ ᠴᠣᠬᠢᠯᠲᠠ ᠥᠭᠬᠦ ᠵᠡᠷᠭᠡ ᠶᠢ ᠭᠦᠢᠴᠡᠳᠬᠡᠵᠦ᠂ ᠰᠦᠷ ᠬᠦᠴᠦᠨ ᠢ | ᠢᠯᠡᠷᠡᠭᠦᠯᠦᠨ᠂ ᠦᠷ᠎ᠡ ᠪᠦᠲᠦᠮᠵᠢ ᠭᠠᠷᠭᠠᠵᠤ᠂ ᠬᠠᠤᠯᠢ ᠪᠤᠰᠤ ᠦᠢᠯᠡ ᠠᠵᠢᠯᠯᠠᠭ᠎ᠠ ᠳᠤ ᠪᠦᠲᠦᠮᠵᠢᠲᠡᠢ ᠪᠠᠷ | ᠰᠦᠷᠳᠡᠭᠦᠯᠦᠯ ᠦᠵᠡᠭᠦᠯᠵᠦ᠂ ︽ᠣᠭᠲᠣ ᠠᠭᠤᠴᠢᠯᠠᠬᠤ ᠦᠭᠡᠢ︾ ᠣᠪᠣᠷ ᠢᠶᠠᠷ ︽ᠢᠳᠡᠬᠦ ᠡᠮᠦᠰᠬᠦ ᠶᠠᠪᠤᠬᠤ | ᠰᠠᠭᠤᠬᠤ︾ ᠳᠤᠮᠳᠠᠬᠢ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠨ᠎ᠠ᠃ | ᠬᠤᠶᠠᠷ ᠲᠤ᠂ ᠭᠤᠣᠯᠳᠠᠯᠭ᠎ᠠ ᠶᠢ ᠲᠣᠪᠤᠶᠢᠯᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠥᠳᠡᠭᠡ | ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ᠂ ᠢᠳᠡᠭᠡᠨ ᠤ ᠠᠮᠤᠷ ᠲᠦᠪᠰᠢᠨ᠂ ᠦᠢᠯᠡᠴᠢᠯᠡᠭᠡᠨ ᠤ ᠬᠦᠷᠢᠶ᠎ᠡ | ᠴᠠᠷᠠᠭᠠᠨ ᠤ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠴᠡᠭᠴᠡᠯᠡᠨ ᠵᠠᠰᠠᠬᠤ ᠡᠷᠴᠢᠮ ᠢ | ᠴᠢᠩᠭᠠᠷᠠᠭᠤᠯᠤᠨ᠎ᠠ᠃ ᠣᠷᠣᠯᠭ᠎ᠠ ᠶᠢᠨ ᠬᠢᠷᠢ ᠲᠦᠪᠰᠢᠨ᠂ ᠬᠡᠷᠡᠭᠯᠡᠭᠡ ᠶᠢᠨ ᠦᠵᠡᠯᠲᠡ ᠵᠢᠴᠢ ᠡᠷᠬᠡ ᠪᠠᠨ ᠬᠠᠮᠠᠭᠠᠯᠠᠬᠤ | ᠦᠵᠡᠯ ᠤᠬᠠᠮᠰᠠᠷ ᠵᠡᠷᠭᠡ ᠲᠠᠯ᠎ᠠ ᠶᠢᠨ ᠬᠢᠵᠠᠭᠠᠷᠯᠠᠯ ᠠᠴᠠ ᠪᠣᠯᠵᠤ᠂ ᠣᠶᠢᠷ᠎ᠠ ᠶᠢᠨ ᠵᠢᠯ ᠤᠳ ᠠᠴᠠ ᠨᠠᠭᠠᠰᠢ᠂ ᠬᠥᠳᠡᠭᠡ | ᠲᠣᠰᠬᠤᠨ ᠤ ᠵᠠᠬ᠎ᠠ ᠳᠡᠯᠭᠡᠭᠦᠷ ᠤᠨ ᠬᠠᠭᠤᠷᠮᠠᠭ ᠮᠠᠭᠤ ᠪᠠᠷᠠᠭᠠᠨ ᠤ ᠢᠯᠡᠷᠡᠬᠦ ᠨᠣᠷᠮ᠎ᠠ ᠨᠢ ᠬᠤᠲᠠ ᠠᠴᠠ ᠬᠤᠯᠠ | ᠥᠨᠳᠥᠷ ᠪᠠᠶᠢᠵᠤ᠂ ᠵᠠᠷᠢᠮ ᠬᠠᠭᠤᠷᠮᠠᠭ ᠪᠠᠷᠠᠭ᠎ᠠ ᠦᠢᠯᠡᠳᠦᠨ ᠪᠣᠷᠣᠯᠠᠭᠤᠯᠬᠤ ᠦᠢᠯᠡ ᠠᠵᠢᠯᠯᠠᠭ᠎ᠠ ᠨᠢ᠂ | ᠴᠢᠨᠠᠭᠰᠢᠯᠠᠭᠠᠳ ᠰᠢᠭᠤᠳ ᠬᠥᠳᠡᠭᠡ ᠲᠣᠰᠬᠤᠨ ᠤ ᠵᠠᠬ᠎ᠠ ᠳᠡᠯᠭᠡᠭᠦᠷ ᠲᠤ ᠴᠢᠭᠯᠡᠭᠦᠯᠵᠦ᠂ ᠬᠥᠳᠡᠭᠡ ᠲᠣᠰᠬᠤᠨ ᠤ | ᠥᠷᠭᠡᠨ ᠣᠯᠠᠨ ᠬᠡᠷᠡᠭᠯᠡᠭᠴᠢ ᠳᠤ ᠮᠠᠰᠢ ᠶᠡᠭᠡ ᠬᠤᠣᠷ ᠬᠥᠨᠥᠭᠡᠯ ᠢ ᠪᠣᠢ ᠪᠣᠯᠭᠠᠪᠠ᠃ ᠳᠡᠭᠡᠷ᠎ᠡ ᠬᠠᠭᠠᠰ ᠵᠢᠯ ᠳᠤ ᠪᠢᠳᠡ | ᠪᠦᠬᠦ ᠬᠤᠲᠠ ᠶᠢᠨ ᠲᠣᠮᠣ ᠬᠡᠯᠪᠡᠷᠢ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠤ ᠪᠥᠭᠡᠮ ᠢᠶᠠᠷ | ᠪᠣᠷᠣᠯᠠᠭᠤᠯᠬᠤ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠬᠦ ᠶᠠᠪᠤᠴᠠ ᠳᠤ ᠢᠯᠡᠷᠡᠭᠦᠯᠦᠭᠰᠡᠨ ᠢᠶᠠᠷ᠂ ᠡᠳᠡᠭᠡᠷ ᠵᠠᠬ᠎ᠠ | ᠳᠡᠯᠭᠡᠭᠦᠷ ᠤᠨ ᠪᠣᠷᠣᠯᠠᠭᠤᠯᠤᠭᠰᠠᠨ ︽ᠳᠥᠷᠪᠡᠨ ᠴᠠᠭᠠᠨ︾ ᠢᠳᠡᠭᠡᠨ᠂ ᠲᠤᠬᠠᠶᠢᠯᠠᠪᠠᠯ ᠹᠧᠨᠲ᠋ᠢᠶᠣᠤᠷ᠂ ᠳ᠋ᠧᠦᠹᠦ᠋᠂ | ᠮᠠᠨᠲᠠᠤ᠂ ᠪᠤᠷᠴᠠᠭ ᠤᠨ ᠨᠠᠬᠢᠶ᠎ᠠ ᠳᠤ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠨᠡᠶᠢᠳᠡᠮ ᠳᠤ ᠪᠠᠨ | ᠣᠷᠣᠰᠢᠵᠤ ᠪᠠᠶᠢᠨ᠎ᠠ᠃ ᠡᠭᠦᠨ ᠳᠤ᠂ ᠳᠣᠣᠷ᠎ᠠ ᠬᠠᠭᠠᠰ ᠵᠢᠯ ᠳᠤ ᠪᠢᠳᠡ ︽ᠳᠥᠷᠪᠡᠨ ᠴᠠᠭᠠᠨ︾ ᠢᠳᠡᠭᠡᠨ ᠤ | ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠳᠤ ᠣᠷᠣᠭᠤᠯᠵᠠᠢ᠃ | ᠭᠤᠷᠪᠠ ᠳᠤ᠂ ᠵᠠᠭᠤᠴᠢᠯᠠᠭᠤᠷ ᠪᠠ ᠨᠡᠶᠢᠭᠡᠮ ᠯᠦᠭᠡ ᠬᠠᠷᠢᠯᠴᠠᠨ ᠦᠢᠯᠡᠳᠦᠯᠴᠡᠬᠦ ᠶᠢ | ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠎ᠠ᠃ ᠡᠷᠬᠡᠰᠢᠶᠡᠬᠦ ᠥᠨᠳᠥᠷᠴᠡ ᠶᠢ ᠡᠵᠡᠮᠳᠡᠨ᠂ ᠤᠬᠠᠭᠤᠯᠭ᠎ᠠ ᠶᠢᠨ ᠳᠠᠶᠢᠨ ᠢ | ᠰᠠᠶᠢᠲᠤᠷ ᠬᠢᠵᠦ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠬᠢᠵᠦ ᠪᠠᠶᠢᠴᠠᠭᠠᠨ ᠰᠢᠢᠳᠪᠦᠷᠢᠯᠡᠭᠰᠡᠨ ᠬᠡᠷᠡᠭ ᠢᠶᠠᠷ | ᠭᠤᠣᠯᠳᠠᠯᠭ᠎ᠠ ᠪᠣᠯᠭᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ ᠮᠡᠳᠡᠭᠡᠯᠡᠵᠦ᠂ ᠬᠠᠤᠯᠢ ᠬᠡᠷᠡᠭᠵᠢᠭᠦᠯᠬᠦ ᠡᠷᠬᠡ | ᠰᠦᠷ ᠢ ᠪᠣᠢ ᠪᠣᠯᠭᠠᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠪᠠ ᠵᠠᠭᠤᠴᠢᠯᠠᠭᠤᠷ ᠤᠨ ᠰᠣᠯᠢᠯᠴᠠᠭᠠᠨ ᠤ ᠬᠤᠷᠠᠯ | ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠥᠪ ᠲᠠᠯ᠎ᠠ ᠠᠴᠠ ᠤᠬᠠᠭᠤᠯᠭ᠎ᠠ ᠬᠢᠵᠦ᠂ ᠨᠡᠶᠢᠭᠡᠮ ᠤᠨ | ᠠᠩᠬᠠᠷᠤᠯ ᠳᠤ ᠴᠠᠭ ᠲᠤᠬᠠᠢ ᠳᠤ ᠨᠢ ᠬᠠᠷᠢᠭᠤ ᠲᠤᠰᠬᠠᠵᠤ᠂ ᠨᠡᠩ ᠣᠯᠠᠨ ᠬᠥᠮᠥᠰ ᠲᠤ ᠮᠡᠳᠡᠭᠦᠯᠦᠨ᠂ ᠨᠡᠩ ᠣᠯᠠᠨ | ᠬᠡᠷᠡᠭᠯᠡᠭᠴᠢ ᠶᠢ ᠣᠷᠣᠯᠴᠠᠭᠤᠯᠵᠤ᠂ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠰᠠᠶᠢᠨ ᠰᠠᠶᠢᠬᠠᠨ ᠪᠠᠶᠢᠳᠠᠯ ᠢ | ᠪᠦᠷᠢᠯᠳᠦᠭᠦᠯᠦᠨ᠎ᠡ᠃ | ᠳᠥᠷᠪᠡ ᠳᠤ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ ᠪᠦᠲᠦᠮᠵᠢ ᠳᠤ ᠦᠨᠡᠯᠡᠨ | ᠵᠢᠱᠢᠯᠲᠡ ᠬᠢᠬᠦ ᠶᠢ ᠥᠷᠨᠢᠭᠦᠯᠦᠨ᠎ᠡ᠃ ᠪᠢᠳᠡ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠢᠯᠡ ᠪᠠᠷ | ᠪᠠᠶᠢᠴᠠᠭᠠᠵᠤ ᠳᠠᠯᠳᠠ ᠪᠠᠷ ᠰᠤᠷᠪᠤᠯᠵᠢᠯᠠᠬᠤ᠂ ᠲᠤᠬᠠᠢ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ ᠪᠠ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠠᠷᠢᠭᠤ ᠲᠤᠰᠬᠠᠯ ᠢ ᠰᠣᠨᠣᠰᠬᠤ ᠵᠡᠷᠭᠡ ᠬᠡᠯᠪᠡᠷᠢ ᠪᠠᠷ᠂ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠶᠢ ᠥᠷᠨᠢᠭᠦᠯᠵᠦ ᠬᠠᠭᠤᠷᠮᠠᠭ ᠮᠠᠭᠤ ᠪᠠᠷᠠᠭ᠎ᠠ ᠳᠤ ᠴᠣᠬᠢᠯᠲᠠ ᠥᠭᠬᠦ ᠡᠷᠴᠢᠮ ᠢ | ᠴᠢᠩᠭᠠᠷᠠᠭᠤᠯᠤᠨ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ ᠪᠦᠲᠦᠮᠵᠢ ᠶᠢ ᠡᠵᠡᠮᠰᠢᠵᠦ᠂ | ᠬᠡᠷᠡᠭᠯᠡᠭᠴᠢᠳ ᠤᠨ ᠬᠠᠨᠤᠮᠵᠢᠲᠠᠢ ᠡᠰᠡᠬᠦ ᠪᠠᠷ ᠪᠠᠷᠢᠮᠵᠢᠶ᠎ᠠ ᠪᠣᠯᠭᠠᠨ᠂ ᠠᠰᠠᠭᠤᠳᠠᠯ ᠢ ᠡᠷᠢᠵᠦ᠂ ᠳᠤᠲᠠᠭᠤᠳᠠᠯ ᠢᠶᠠᠨ | ᠢᠯᠡᠷᠡᠭᠦᠯᠵᠦ᠂ ᠲᠦᠢᠯ ᠤᠨ ᠣᠨᠣᠪᠴᠢᠲᠠᠢ ᠪᠠᠷ ᠬᠢᠨᠠᠨ ᠬᠠᠮᠢᠶᠠᠷᠬᠤ ᠪᠠ ᠴᠢᠩᠭ᠎ᠠ ᠬᠠᠤᠯᠢ ᠬᠡᠷᠡᠭᠵᠢᠭᠦᠯᠬᠦ ᠶᠢ ᠤᠯᠠᠮ | ᠨᠢᠭᠡ ᠠᠯᠬᠤᠮ ᠠᠬᠢᠭᠤᠯᠤᠨ᠎ᠠ᠃ | ᠲᠠᠪᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠤ ᠬᠠᠷ᠎ᠠ ᠪᠦᠯᠦᠭᠲᠡᠨ | ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠵᠠᠯᠬᠠᠭᠠᠨ ᠰᠢᠢᠳᠬᠡᠬᠦ ᠶᠢ | ᠨᠢᠭᠡᠳᠦᠯᠲᠡᠢ ᠪᠠᠷ ᠲᠥᠯᠥᠪᠯᠡᠨ ᠠᠬᠢᠭᠤᠯᠤᠨ᠎ᠠ᠃ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠵᠣᠬᠢᠶᠠᠨ | ᠪᠠᠶᠢᠭᠤᠯᠬᠤ ᠶᠢᠨ ᠬᠠᠮᠲᠤ᠂ ᠪᠢᠳᠡ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠰᠠᠭᠤᠳᠠᠯ ᠤᠨ | ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠣᠷᠣᠨ | ᠬᠡᠪᠴᠢᠶ᠎ᠡ ᠳᠤ ᠠᠩᠬᠠᠷᠤᠭᠤᠯᠤᠨ ᠲᠥᠪᠯᠡᠷᠡᠭᠦᠯᠵᠦ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢᠶᠠᠷ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠨ ᠤᠰᠠᠳᠬᠠᠬᠤ ᠶᠢᠨ ︽ᠭᠤᠣᠯ ᠳᠠᠶᠢᠨ ᠤ ᠲᠠᠯᠠᠪᠤᠷ︾ ᠪᠣᠯᠭᠠᠨ᠂ ᠠᠵᠢᠯ | ᠲᠥᠷᠥᠯ ᠤᠨ ᠬᠢᠨ ᠢ ᠮᠡᠬᠡᠯᠡᠨ ᠵᠠᠬ᠎ᠠ ᠳᠡᠯᠭᠡᠭᠦᠷ ᠢ ᠡᠵᠡᠷᠬᠡᠭᠯᠡᠬᠦ᠂ ᠠᠯᠪᠠᠳᠠᠯᠭ᠎ᠠ ᠪᠠᠷ ᠬᠤᠳᠠᠯᠳᠤᠭᠠᠯᠠᠬᠤ ᠪᠠ | ᠬᠠᠮᠠᠭᠠᠯᠠᠯᠲᠠ ᠶᠢᠨ ᠰᠦᠢᠳᠬᠡᠯ ᠬᠤᠷᠢᠶᠠᠬᠤ ᠵᠡᠷᠭᠡ ᠭᠤᠷᠪᠠᠨ ᠲᠥᠷᠥᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠰᠦᠪᠡᠭᠴᠢ ᠶᠢ ᠭᠤᠣᠯᠳᠠᠯᠭ᠎ᠠ ᠲᠠᠢ ᠪᠠᠷ ᠢᠯᠭᠠᠨ ᠪᠠᠶᠢᠴᠠᠭᠠᠵᠤ᠂ ᠰᠠᠯᠠᠭ᠎ᠠ ᠮᠥᠴᠢᠷ ᠤᠳ ᠤᠨ | ᠬᠤᠭᠤᠷᠣᠨᠳᠤᠬᠢ ᠵᠣᠬᠢᠴᠠᠭᠤᠯᠭ᠎ᠠ ᠣᠶᠢᠯᠠᠭᠠᠯᠴᠠᠭ᠎ᠠ ᠶᠢ ᠴᠢᠩᠭᠠᠳᠬᠠᠨ᠂ ᠬᠡᠷᠡᠭ ᠤᠨ ᠰᠦᠪᠡᠭᠴᠢ ᠶᠢ ᠮᠡᠳᠡᠭᠡᠯᠡᠨ | ᠨᠡᠪᠲᠡᠷᠡᠭᠦᠯᠬᠦ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠡᠷᠡᠭ ᠢ ᠰᠢᠯᠵᠢᠭᠦᠯᠦᠨ ᠬᠦᠷᠭᠡᠬᠦ ᠵᠡᠷᠭᠡ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ ᠪᠠ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠨ ᠤᠰᠠᠳᠬᠠᠬᠤ ᠪᠠ ︽ᠳᠥᠷᠪᠡᠨ ᠶᠡᠭᠡ ᠬᠦᠷᠢᠶ᠎ᠡ ᠴᠠᠷᠠᠭᠠᠨ︾ ᠤ ᠲᠤᠰᠬᠠᠢ ᠵᠦᠢᠯ ᠤᠨ ᠴᠡᠭᠴᠡᠯᠡᠨ ᠵᠠᠰᠠᠬᠤ | ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ᠬᠥᠲᠥᠯᠥᠭᠴᠢ᠄ ᠰᠠᠶᠢᠨ ᠪᠣᠯᠣᠯ᠎ᠠ᠂ ᠯᠢ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ | ᠲᠤᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠥᠷᠭᠡᠨ ᠣᠯᠠᠨ ᠰᠦᠯᠵᠢᠶᠡᠨ ᠤ ᠠᠨᠳᠠ ᠳᠤ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ | ᠬᠡᠪᠴᠢᠶᠡᠨ ᠳᠤ ᠥᠷᠨᠢᠭᠦᠯᠦᠭᠰᠡᠨ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠳᠤ | ᠬᠤᠯᠪᠣᠭᠳᠠᠭᠰᠠᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ | ᠨᠡᠩ ᠭᠦᠨᠵᠡᠭᠡᠢ ᠣᠶᠢᠯᠠᠭᠠᠭᠤᠯᠪᠠ᠃ ᠡᠨᠡ ᠤᠳᠠᠭᠠᠨ ᠤ ᠠᠷᠠᠳ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ | ᠪᠢᠳᠡᠨ ᠳᠤ ᠠᠮᠦᠷ ᠲᠦᠪᠰᠢᠨ ᠪᠥᠭᠡᠳ ᠰᠡᠳᠬᠢᠯ ᠠᠮᠠᠷ ᠬᠡᠷᠡᠭᠯᠡᠭᠡ ᠶᠢᠨ ᠣᠷᠴᠢᠨ ᠲᠣᠭᠤᠷᠢᠨ ᠢ ᠨᠡᠩ ᠰᠠᠶᠢᠲᠤᠷ ᠪᠣᠢ | ᠪᠣᠯᠭᠠᠵᠤ᠂ ᠣᠯᠠᠨ ᠲᠦᠮᠡᠨ ᠤ ᠬᠤᠳᠠᠯᠳᠤᠨ ᠠᠪᠬᠤ ᠳᠤ ᠰᠡᠳᠬᠢᠯ ᠠᠮᠠᠷ᠂ ᠬᠡᠷᠡᠭᠯᠡᠬᠦ ᠳᠤ ᠰᠡᠳᠬᠢᠯ ᠠᠮᠠᠷ᠂ | ᠢᠳᠡᠬᠦ ᠳᠤ ᠰᠡᠳᠬᠢᠯ ᠠᠮᠠᠷ ᠪᠠᠶᠢᠬᠤ ᠶᠢ ᠪᠠᠲᠤᠯᠠᠵᠤ ᠴᠢᠳᠠᠬᠤ ᠶᠢ ᠪᠠᠲᠤ ᠢᠲᠡᠭᠡᠵᠦ ᠪᠠᠶᠢᠨ᠎ᠠ᠃ ᠴᠠᠭ ᠤᠨ | ᠬᠠᠷᠠᠭ᠎ᠠ ᠠᠴᠠ᠂ ᠮᠠᠨ ᠤ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ | ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |