| ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ | ᠵᠥᠪᠯᠡᠯ ︽2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠨᠡᠶᠢᠲᠡᠯᠡᠵᠦ᠂ 2019 ᠣᠨ ᠤ 11 ᠳ᠋ᠤᠭᠡᠷ ᠰᠠᠷ᠎ᠠ ᠶᠢᠨ 18 ᠤ ᠡᠳᠦᠷ ᠠᠴᠠ ᠡᠬᠢᠯᠡᠨ 2020 ᠣᠨ ᠤ ᠡᠩ ᠤᠨ | ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃ | ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ᠮᠠᠨ ᠤ ᠣᠷᠣᠨ ᠳᠤ 2020 ᠣᠨ ᠤ ᠡᠩ ᠤᠨ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠵᠢᠴᠢ ᠡᠯᠰᠡᠭᠳᠡᠭᠰᠡᠨ ᠬᠦᠮᠦᠰ᠂ ᠳᠠᠷᠤᠢ ᠨᠢᠭᠡᠳᠦᠯᠲᠡᠶ ᠰᠢᠯᠭᠠᠭᠤᠯᠤᠭᠴᠢ᠂ | ᠪᠠᠲᠤᠯᠠᠨ ᠬᠦᠷᠭᠡᠬᠦ ᠰᠤᠷᠤᠭᠴᠢ᠂ ᠪᠠᠭᠠᠴᠤᠳ ᠤᠨ ᠠᠩᠭᠢ ᠶᠢᠨ ᠰᠤᠷᠤᠭᠴᠢ᠂ ᠪᠡᠶ᠎ᠡ ᠪᠠᠨ ᠳᠠᠭᠠᠭᠠᠵᠤ ᠡᠯᠰᠡᠭᠰᠡᠨ ᠰᠤᠷᠤᠭᠴᠢ | ᠂ ᠥᠨᠳᠥᠷ ᠬᠢᠷᠢ ᠲᠦᠪᠰᠢᠨ ᠪᠦᠬᠦᠢ ᠤᠷᠠᠯᠢᠭ ᠤᠨ ᠪᠦᠯᠬᠦᠮ ᠤᠨ ᠰᠤᠷᠤᠭᠴᠢ᠂ ᠥᠨᠳᠥᠷ ᠬᠢᠷᠢ ᠲᠦᠪᠰᠢᠨ ᠪᠦᠬᠦᠢ | ᠲᠠᠮᠢᠷ ᠤᠨ ᠠᠩᠭᠢ ᠶᠢᠨ ᠰᠤᠷᠤᠭᠴᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ᠂ ᠪᠡᠶ᠎ᠡ ᠶᠢᠨ ᠲᠠᠮᠢᠷ ᠤᠨ | ᠪᠣᠯᠪᠠᠰᠤᠷᠠᠭᠤᠯᠤᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠮᠡᠷᠭᠡᠵᠢᠯ ᠤᠨ ᠰᠤᠷᠤᠭᠴᠢ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠠᠩᠭᠢ ᠶᠢᠨ ᠰᠤᠷᠤᠭᠴᠢ᠂ ᠭᠤᠷᠪᠠ ᠬᠤᠶᠠᠷ ᠬᠤᠪᠢᠶᠠᠷᠢ ᠠᠩᠭᠢ ᠶᠢᠨ ᠰᠤᠷᠤᠭᠴᠢ᠂ ᠡᠯ᠎ᠡ | ᠲᠥᠷᠥᠯ ᠤᠨ ᠲᠤᠰᠬᠠᠶ ᠡᠯᠰᠡᠬᠦ ᠰᠤᠷᠤᠭᠴᠢ ᠵᠡᠷᠭᠡ ᠶᠢ ᠪᠠᠭᠲᠠᠭᠠᠭᠰᠠᠨ ᠬᠦᠮᠦᠰ ᠳᠡᠭᠡᠳᠦ ᠰᠤᠷᠭᠠᠭᠤᠯᠢ ᠳᠤ ᠰᠤᠷᠤᠭᠴᠢ | ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠭᠠᠷ ᠭᠦᠢᠴᠡᠳᠬᠡᠯ ᠢ ᠲᠣᠭᠲᠠᠭᠠᠯ ᠶᠣᠰᠣᠭᠠᠷ ᠭᠦᠶ᠋ᠴᠡᠳᠬᠡᠬᠦ ᠬᠡᠷᠡᠭᠲᠡᠶ᠃ | ᠪᠣᠳᠠᠲᠠᠶ ᠨᠡᠷ᠎ᠡ ᠮᠡᠳᠡᠭᠦᠯᠬᠦ ᠴᠠᠭ ᠨᠢ 2019 ᠣᠨ ᠤ 11 ᠳ᠋ᠤᠭᠡᠷ ᠰᠠᠷ᠎ᠠ ᠶᠢᠨ 18 ᠤ ᠡᠳᠦᠷ ᠤᠨ 9 : | 00 ᠠᠴᠠ 2019 ᠣᠨ ᠤ 11 ᠳ᠋ᠤᠭᠡᠷ ᠰᠠᠷ᠎ᠠ ᠶᠢᠨ 29 ᠤ ᠡᠳᠦᠷ ᠤᠨ 18 : 00 ᠪᠤᠯᠤᠨ᠎ᠠ᠂ ᠪᠣᠶ ᠪᠦᠬᠦᠢ | ᠰᠢᠯᠭᠠᠭᠤᠯᠤᠭᠰᠠᠳ ᠲᠣᠭᠲᠠᠭᠰᠠᠨ ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ | ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠶ ᠶᠢᠨ ᠲᠠᠯᠠᠪᠤᠷ ᠲᠤ ᠨᠤᠲᠠᠯᠠᠬᠤ ᠵᠡᠷᠭᠡ ᠳᠤ ᠨᠡᠷ᠎ᠡ ᠮᠡᠳᠡᠭᠦᠯᠬᠦ ᠭᠠᠷ | ᠭᠦᠢᠴᠡᠳᠬᠡᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠦᠩᠭᠡᠷᠡᠪᠡᠯ ᠬᠠᠮᠢᠶ᠎ᠠ ᠪᠦᠬᠦᠢ ᠨᠡᠷ᠎ᠡ ᠮᠡᠳᠡᠭᠦᠯᠬᠦ ᠭᠠᠷ ᠭᠦᠢᠴᠡᠳᠬᠡᠯ ᠢ | ᠬᠦᠯᠢᠶᠡᠨ ᠠᠪᠴᠤ ᠰᠢᠢᠳᠪᠦᠷᠢᠯᠡᠬᠦ ᠥᠬᠡᠶ᠃ ᠰᠢᠯᠭᠠᠭᠤᠯᠤᠭᠰᠠᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ | ᠬᠤᠰᠢᠭᠤ ᠰᠢᠶᠠᠨ ︵ᠬᠤᠲᠠ᠂ ᠲᠣᠭᠤᠷᠢᠭ︶ ︵ᠳᠣᠷᠣᠭᠰᠢ ᠬᠤᠰᠢᠭᠤ ᠰᠢᠶᠠᠨ ᠭᠡᠵᠦ ᠲᠣᠪᠴᠢᠯᠠᠨ᠎ᠠ︶ ᠤ ᠰᠤᠷᠤᠭᠴᠢ | ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠡᠷ᠎ᠡ ᠮᠡᠳᠡᠭᠦᠯᠦᠨ᠎ᠡ᠃ ᠡᠴᠢᠬᠡ ᠡᠬᠡ ᠶᠢᠨ ᠠᠵᠢᠯ ᠤᠨ ᠰᠢᠯᠲᠠᠭᠠᠨ ᠢᠶᠠᠷ | ᠳᠠᠭᠠᠵᠤ ᠨᠡᠭᠦᠭᠰᠡᠨ ᠣᠷᠣᠨ ᠤ ᠭᠠᠳᠠᠨ᠎ᠠ ᠪᠠᠶᠢᠭ᠎ᠠ ᠰᠢᠯᠭᠠᠭᠤᠯᠤᠭᠰᠠᠳ ᠡᠴᠢᠭᠡ ᠡᠬᠡ ᠶᠢᠨ ᠰᠠᠭᠤᠭ᠎ᠠ ᠭᠠᠵᠠᠷ ᠤᠨ ᠬᠤᠰᠢᠭᠤ | ᠰᠢᠶᠠᠨ ᠳᠤ ᠨᠡᠷ᠎ᠡ ᠮᠡᠳᠡᠭᠦᠯᠦᠨ᠎ᠡ᠃ | ᠡᠭᠦᠨ ᠠᠴᠠ ᠭᠠᠳᠠᠨ᠎ᠠ᠂ ᠮᠡᠳᠡᠭᠳᠡᠯ ᠳᠤ ᠪᠠᠰᠠ ᠠᠶᠢᠮᠠᠭ ᠬᠤᠲᠠ᠂ ᠬᠤᠰᠢᠭᠤ ᠰᠢᠶᠠᠨ ᠠᠯᠤᠰᠯᠠᠨ ᠨᠡᠷ᠎ᠡ | ᠮᠡᠳᠡᠭᠦᠯᠵᠦ ᠪᠣᠯᠬᠤ ᠬᠡᠳᠦᠨ ᠵᠦᠢᠯ ᠤᠨ ᠪᠠᠶᠢᠳᠠᠯ ᠢ ᠵᠢᠭᠰᠠᠭᠠᠪᠠ᠂ ᠰᠢᠯᠭᠠᠭᠤᠯᠤᠭᠰᠠᠳ ᠪᠠ ᠭᠡᠷ ᠤᠨ ᠠᠬᠠᠮᠠᠳ ᠥᠪᠥᠷ | ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠠᠴᠠ ᠨᠠᠷᠢᠨ ᠪᠠᠶᠢᠳᠠᠯ ᠢ ᠣᠶᠢᠯᠠᠭᠠᠵᠤ | ᠪᠣᠯᠤᠨ᠎ᠠ᠃ | ᠨᠡᠷ᠎ᠡ ᠮᠡᠳᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ᠂ ᠮᠠᠨ ᠤ ᠣᠷᠣᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ | ᠦᠷᠭᠦᠯᠵᠢᠯᠡᠨ ᠬᠡᠷᠡᠭᠵᠢᠭᠦᠯᠵᠦ᠂ ᠪᠣᠳᠠᠲᠠᠶ ᠠᠵᠢᠯᠯᠠᠭ᠎ᠠ ᠶᠢ ︽2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢ | ᠴᠤᠭᠯᠠᠭᠤᠯᠬᠤ ᠠᠷᠭ᠎ᠠ︾ ᠶᠣᠰᠣᠭᠠᠷ ᠬᠡᠷᠡᠭᠵᠢᠭᠦᠯᠦᠨ᠎ᠡ᠃ | |