| ᠰᠤᠷᠪᠤᠯᠵᠢᠯᠠᠭᠰᠠᠨ ᠴᠠᠭ᠄ 2019 ᠣᠨ ᠤ 01 ᠳ᠋ᠦ᠋ᠭᠡᠷ ᠰᠠᠷ᠎ᠠ ᠶᠢᠨ 17 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠵᠤᠤ ᠳ᠋ᠠ | ᠶᠦᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠷᠢᠯᠠᠭᠤᠯᠤᠨ ᠲᠣᠬᠢᠷᠠᠭᠤᠯᠤᠭᠰᠠᠨ ᠨᠢᠭᠡ | ᠵᠦᠢᠯ ᠤᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠠᠵᠢᠯ ᠪᠣᠯᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠᠶᠢᠭᠤᠯᠤᠭᠳᠠᠬᠤ ᠲᠠᠰᠢᠷᠠᠮ ᠳᠤ | ᠲᠣᠬᠢᠶᠠᠯᠳᠤᠭᠰᠠᠨ ᠤ ᠬᠤᠪᠢ ᠳᠤ᠂ ᠠᠵᠢᠯ ᠤᠨ ᠰᠢᠨᠵᠢ ᠴᠢᠨᠠᠷ ᠤᠨ ᠴᠢᠬᠤᠯᠠ ᠴᠢᠨᠠᠷ ᠵᠢᠴᠢ ᠠᠵᠢᠯ ᠥᠷᠨᠢᠭᠦᠯᠬᠦ | ᠬᠦᠴᠢᠷᠳᠡᠯ ᠨᠢ ᠮᠡᠳᠡᠭᠡᠵᠢ ᠶᠢᠨ ᠬᠡᠷᠡᠭ᠃ 2017 ᠣᠨ ᠤ 12 ᠳ᠋ᠤᠭᠠᠷ ᠰᠠᠷ᠎ᠠ ᠠᠴᠠ ᠪᠦᠬᠦ ᠣᠷᠣᠨ ᠤ | ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠨᠢᠭᠡ | ᠵᠢᠯ ᠤᠨ ᠲᠠᠰᠢᠷᠠᠮ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠵᠤᠤ ᠳ᠋ᠠ | ᠶᠦᠩ ᠢ ᠤᠷᠢᠵᠤ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠣᠳᠠᠲᠤ ᠪᠠᠶᠢᠳᠠᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ | ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠨ ᠲᠣᠬᠢᠷᠠᠭᠤᠯᠤᠭᠰᠠᠨ | ᠨᠢᠭᠡ ᠵᠦᠢᠯ ᠤᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠠᠵᠢᠯ ᠪᠣᠯᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠᠶᠢᠭᠤᠯᠤᠭᠳᠠᠬᠤ ᠲᠠᠰᠢᠷᠠᠮ ᠳᠤ | ᠲᠣᠬᠢᠶᠠᠯᠳᠤᠭᠰᠠᠨ ᠤ ᠬᠤᠪᠢ ᠳᠤ᠂ ᠠᠵᠢᠯ ᠤᠨ ᠰᠢᠨᠵᠢ ᠴᠢᠨᠠᠷ ᠤᠨ ᠴᠢᠬᠤᠯᠠ ᠴᠢᠨᠠᠷ ᠵᠢᠴᠢ ᠠᠵᠢᠯ ᠥᠷᠨᠢᠭᠦᠯᠬᠦ | ᠬᠦᠴᠢᠷᠳᠡᠯ ᠨᠢ ᠮᠡᠳᠡᠭᠡᠵᠢ ᠶᠢᠨ ᠬᠡᠷᠡᠭ᠃ 2017 ᠣᠨ ᠤ 12 ᠳ᠋ᠤᠭᠠᠷ ᠰᠠᠷ᠎ᠠ ᠠᠴᠠ ᠪᠦᠬᠦ ᠣᠷᠣᠨ ᠤ | ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠨᠢᠭᠡ | ᠵᠢᠯ ᠤᠨ ᠲᠠᠰᠢᠷᠠᠮ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠵᠤᠤ ᠳ᠋ᠠ | ᠶᠦᠩ ᠢ ᠤᠷᠢᠵᠤ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠣᠳᠠᠲᠤ ᠪᠠᠶᠢᠳᠠᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃ ᠵᠤᠤ | ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠵᠤᠤ ᠳ᠋ᠠ ᠶᠦᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ ᠪᠢᠳᠡᠨ ᠤ ᠮᠡᠳᠡᠭᠡᠵᠢ ᠪᠠᠷ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ | ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠨᠢᠭᠡᠨᠲᠡ ᠡᠬᠢᠯᠡᠭᠦᠯᠪᠡ᠂ ᠲᠠ ᠡᠨᠡ ᠬᠦ ᠵᠦᠢᠯ ᠤᠨ ᠠᠵᠢᠯ ᠤᠨ | ᠦᠨᠳᠦᠰᠦᠨ ᠪᠠᠶᠢᠳᠠᠯ᠂ ᠡᠨᠡ ᠬᠦ ᠵᠦᠢᠯ ᠤᠨ ᠠᠵᠢᠯ ᠳᠤ ᠶᠠᠮᠠᠷ ᠶᠠᠮᠠᠷ ᠪᠣᠳᠠᠲᠠᠢ ᠠᠴᠢ ᠬᠤᠯᠪᠣᠭᠳᠠᠯ ᠪᠠᠶᠢᠬᠤ ᠶᠢ | ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠵᠤᠤ ᠳ᠋ᠠ ᠶᠦᠩ᠄ 2017 ᠣᠨ ᠤ 12 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠪᠢᠴᠢᠭ ᠮᠠᠲ᠋ᠧᠷᠢᠶᠠᠯ ᠪᠠᠭᠤᠯᠭᠠᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠠᠵᠢᠯ ᠢ ᠡᠬᠢᠯᠡᠭᠦᠯᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠶᠠᠪᠤᠭᠳᠠᠬᠤ ᠶᠢ ᠳᠠᠭᠠᠯᠳᠤᠨ | ᠂ ᠡᠨᠡ ᠵᠢᠯ ᠤᠨ 9 ᠳ᠋ᠦ᠋ᠭᠡᠷ ᠰᠠᠷ᠎ᠠ ᠳᠤ᠂ ᠵᠢᠩᠬᠢᠨᠢ ᠪᠠᠷ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ | ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠭᠡᠵᠦ ᠥᠭᠡᠷᠡᠴᠢᠯᠡᠨ ᠨᠡᠷᠡᠶᠢᠳᠴᠡᠢ᠃ ᠭᠠᠵᠠᠷ ᠰᠢᠷᠣᠢ ᠶᠢᠨ | ᠪᠠᠶᠢᠴᠠᠭᠠᠯᠲᠠ ᠨᠢ ᠨᠢᠭᠡ ᠵᠦᠢᠯ ᠤᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ | ᠪᠣᠯᠣᠭᠰᠠᠨ ᠤ ᠬᠤᠪᠢ ᠳᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠠᠶᠢᠴᠠᠭᠠᠨ ᠰᠢᠯᠭᠠᠵᠤ ᠪᠠᠶᠢᠴᠠᠭᠠᠨ ᠲᠣᠳᠣᠯᠠᠬᠤ | ᠴᠢᠬᠤᠯᠠ ᠠᠷᠭ᠎ᠠ ᠪᠠᠷᠢᠯ ᠪᠣᠯᠣᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠶᠢ ᠥᠷᠨᠢᠭᠦᠯᠬᠦ ᠶᠢᠨ ᠵᠣᠷᠢᠯᠭ᠎ᠠ ᠨᠢ ᠣᠳᠣᠬᠠᠨ ᠤ ᠪᠦᠬᠦ ᠤᠯᠤᠰ ᠤᠨ ᠭᠠᠵᠠᠷ ᠰᠢᠷᠣᠢ ᠶᠢᠨ | ᠠᠰᠢᠭᠯᠠᠭᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠭᠠᠵᠠᠷ ᠰᠢᠷᠣᠢ ᠶᠢᠨ ᠦᠨᠡᠨ ᠪᠣᠳᠠᠲᠠᠢ | ᠪᠥᠭᠡᠳ ᠣᠨᠣᠪᠴᠢᠲᠠᠢ ᠰᠠᠭᠤᠷᠢ ᠲᠤᠭ᠎ᠠ ᠪᠠᠷᠢᠮᠲᠠ ᠶᠢ ᠡᠵᠡᠮᠰᠢᠨ᠂ ᠭᠠᠵᠠᠷ ᠰᠢᠷᠣᠢ ᠶᠢᠨ ᠪᠠᠶᠢᠴᠠᠭᠠᠯᠲᠠ᠂ ᠬᠢᠨᠠᠯᠲᠠ | ᠬᠡᠮᠵᠢᠯᠲᠡ ᠪᠠ ᠲᠤᠭ᠎ᠠ ᠪᠦᠷᠢᠳᠬᠡᠯ ᠤᠨ ᠳᠦᠷᠢᠮ ᠢ ᠪᠦᠷᠢᠨᠰᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠤᠨ | ᠮᠡᠳᠡᠭᠡ ᠵᠠᠩᠭᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠷᠠᠭᠤᠯᠤᠨ᠂ ᠠᠵᠤ ᠠᠬᠤᠢ ᠨᠡᠶᠢᠭᠡᠮ ᠤᠨ | ᠬᠥᠭᠵᠢᠯᠲᠡ ᠪᠠ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ | ᠱᠠᠭᠠᠷᠳᠠᠯᠭ᠎ᠠ ᠶᠢ ᠬᠠᠩᠭᠠᠨ᠎ᠠ᠃ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢ ᠭᠤᠷᠪᠠᠳᠤᠭᠠᠷ | ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠪᠣᠯᠭᠠᠨ ᠬᠤᠪᠢᠷᠠᠭᠤᠯᠬᠤ ᠪᠣᠯ᠂ | ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠳᠣᠲᠣᠷᠠᠬᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠥᠪ ᠤᠨ ᠥᠭᠡᠷᠡᠴᠢᠯᠡᠯᠲᠡ ᠶᠢᠨ | ᠵᠣᠷᠢᠭ ᠰᠠᠨᠠᠭ᠎ᠠ ᠶᠣᠰᠣᠭᠠᠷ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ | ᠠᠵᠢᠯ ᠨᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠤᠯᠭᠠᠭᠤᠷᠢᠯᠠᠬᠤ ᠰᠢᠨ᠎ᠡ | ᠬᠠᠷᠠᠭᠠᠰᠤ ᠪᠠᠷ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠰᠢᠨ᠎ᠡ ᠵᠣᠭᠰᠣᠴᠠ ᠠᠴᠠ | ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠪᠠ | ᠠᠰᠢᠭᠯᠠᠭᠰᠠᠨ ᠣᠳᠣᠬᠢ ᠪᠠᠶᠢᠳᠠᠯ ᠢ ᠪᠤᠰᠤᠳᠴᠢ ᠪᠠᠷ ᠲᠤᠰᠬᠠᠭᠰᠠᠨ ᠰᠠᠭᠤᠷᠢᠨ ᠳᠡᠭᠡᠷ᠎ᠡ᠂ ᠪᠠᠶᠢᠭᠠᠯᠢ ᠶᠢᠨ ᠡᠬᠢ | ᠪᠠᠶᠠᠯᠢᠭ ᠤᠨ ᠠᠮᠢ ᠠᠬᠤᠢ ᠶᠢᠨ ᠳᠡᠪᠢᠰᠬᠡᠷ ᠪᠣᠯᠣᠭᠰᠠᠨ ᠭᠠᠵᠠᠷ ᠰᠢᠷᠣᠢ ᠶᠢᠨ ᠦᠨᠳᠦᠰᠦᠨ ᠬᠠᠷᠢᠶᠠᠲᠤ ᠴᠢᠨᠠᠷ ᠢ | ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠭᠴᠢ ᠨᠢ ᠭᠦᠢᠴᠡᠳ ᠦᠭᠡᠢ᠂ | ᠣᠷᠣᠨ ᠵᠠᠢ ᠶᠢᠨ ᠲᠥᠯᠥᠪᠵᠢᠭᠦᠯᠭᠡ ᠨᠢ ᠳᠠᠪᠬᠤᠷᠳᠠᠭᠰᠠᠨ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ | ᠨᠥᠬᠦᠴᠡᠯ ᠢ ᠡᠭᠦᠳᠴᠦ᠂ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠢ ᠪᠦᠬᠦᠯᠢ ᠴᠣᠭᠴᠠ ᠪᠠᠷ ᠨᠢ ᠬᠠᠮᠠᠭᠠᠯᠠᠨ | ᠂ ᠰᠢᠰᠲ᠋ᠧᠮ ᠲᠠᠢ ᠪᠠᠷ ᠦᠭᠵᠢᠭᠦᠯᠦᠨ ᠰᠡᠷᠭᠦᠭᠡᠵᠦ᠂ ᠶᠡᠷᠦᠩᠬᠡᠶᠢᠯᠡᠨ ᠵᠠᠰᠠᠬᠤ ᠳᠤ ᠯᠠᠪᠳᠠᠭᠤᠨ ᠪᠠᠲᠤᠲᠠᠢ ᠰᠠᠭᠤᠷᠢ ᠶᠢ | ᠲᠠᠯᠪᠢᠵᠤ᠂ ᠪᠦᠬᠦ ᠠᠷᠠᠳ ᠤᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ | ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠦᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠪᠦᠬᠦ ᠬᠡᠷᠡᠭᠯᠡᠭᠡᠨ ᠢ ᠬᠢᠵᠠᠭᠠᠷᠯᠠᠬᠤ ᠪᠠ ᠠᠮᠢ ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ | ᠨᠢᠭᠡᠳᠦᠯᠲᠡᠢ ᠬᠡᠷᠡᠭᠵᠢᠭᠦᠯᠬᠦ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠠᠢ᠃ ᠪᠣᠳᠠᠲᠠᠢ ᠪᠠᠷ ᠬᠡᠯᠡᠪᠡᠯ᠂ ᠡᠩ | ᠲᠡᠷᠢᠭᠦᠨ ᠳᠤ᠂ ᠭᠠᠵᠠᠷ ᠰᠢᠷᠣᠢ ᠶᠢᠨ ᠰᠠᠭᠤᠷᠢ ᠲᠤᠭ᠎ᠠ ᠪᠠᠷᠢᠮᠲᠠ ᠶᠢ ᠦᠨᠡᠨ ᠪᠣᠳᠠᠲᠠᠢ ᠪᠥᠭᠡᠳ ᠣᠨᠣᠪᠴᠢᠲᠠᠢ | ᠡᠵᠡᠮᠰᠢᠬᠦ ᠪᠣᠯ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠤᠨ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠵᠣᠬᠢᠴᠠᠩᠭᠤᠢ ᠦᠷᠭᠦᠯᠵᠢᠯᠡᠬᠦ᠋ᠢᠴᠡ ᠬᠥᠭᠵᠢᠯᠲᠡ ᠶᠢ | ᠠᠬᠢᠭᠤᠯᠬᠤ ᠪᠣᠳᠠᠲᠠᠢ ᠱᠠᠭᠠᠷᠳᠠᠯᠭ᠎ᠠ ᠪᠣᠯᠣᠨ᠎ᠠ︔ ᠮᠥᠨ ᠴᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠪᠠᠶᠢᠴᠠᠭᠠᠯᠲᠠ ᠶᠢᠨ ᠰᠠᠭᠤᠷᠢ ᠶᠢ ᠪᠠᠲᠤᠳᠬᠠᠬᠤ ᠪᠠ ᠨᠢᠭᠡᠳᠦᠯᠲᠡᠢ ᠪᠠᠷ ᠡᠷᠬᠡ ᠶᠢ ᠲᠣᠳᠣᠯᠠᠨ ᠳᠠᠩᠰᠠᠯᠠᠨ | ᠲᠡᠮᠳᠡᠭᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ︔ ᠪᠠᠶᠢᠴᠠᠭᠠᠯᠲᠠ ᠶᠢᠨ ᠦᠷ᠎ᠡ ᠪᠦᠲᠦᠭᠡᠯ ᠪᠣᠯ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠲᠣᠭᠲᠠᠭᠠᠬᠤ᠂ ᠬᠤᠷᠸ᠎ᠠ ᠲᠠᠯ᠎ᠠ ᠶᠢᠨ ᠲᠣᠬᠢᠷᠠᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠴᠢᠬᠤᠯᠠ ᠦᠨᠳᠦᠰᠦᠯᠡᠯ ᠪᠣᠯᠣᠨ᠎ᠠ︔ ᠦᠷ᠎ᠡ | ᠪᠦᠲᠦᠭᠡᠯ ᠤᠨ ᠵᠠᠳᠠᠯᠤᠯᠲᠠ ᠪᠠ ᠬᠡᠷᠡᠭᠯᠡᠭᠡᠨ ᠨᠢ ᠬᠠᠷᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠰᠢᠨ᠎ᠡ ᠠᠵᠤ ᠦᠢᠯᠡᠰ ᠰᠢᠨ᠎ᠡ ᠠᠵᠢᠯ ᠲᠥᠷᠥᠯ ᠤᠨ | ᠬᠥᠭᠵᠢᠯᠲᠡ ᠶᠢ ᠲᠤᠯᠭᠠᠭᠤᠷᠢᠯᠠᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ | ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠬᠠᠮᠢᠶᠠᠷᠤᠨ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ | ᠲᠤᠯᠭᠠᠮᠳᠠᠭᠤ ᠱᠠᠭᠠᠷᠳᠠᠯᠭ᠎ᠠ ᠪᠣᠯᠣᠨ᠎ᠠ︔ ᠡᠭᠦᠨ ᠤ ᠬᠠᠮᠲᠤ᠂ ᠪᠠᠶᠢᠴᠠᠭᠠᠯᠲᠠ ᠶᠢᠨ ᠦᠷ᠎ᠡ ᠪᠦᠲᠦᠭᠡᠯ ᠨᠢ ᠮᠥᠨ ᠴᠤ | ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠢ ᠶᠢ ᠠᠷᠪᠢᠯᠠᠨ ᠠᠰᠢᠭᠯᠠᠬᠤ | ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ | ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠵᠤ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠴᠢᠬᠤᠯᠠ ᠠᠭᠤᠯᠭ᠎ᠠ ᠪᠣᠯᠣᠨ᠎ᠠ︔ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠠᠰᠢᠭᠯᠠᠵᠤ᠂ ᠪᠦᠲᠦᠮᠵᠢᠲᠡᠢ ᠬᠠᠮᠠᠭᠠᠯᠠᠬᠤ ᠦᠨᠳᠦᠰᠦᠨ | ᠤᠷᠢᠳᠠᠯ ᠪᠣᠯᠣᠨ᠎ᠠ᠃ | ᠬᠥᠲᠥᠯᠥᠭᠴᠢ᠄ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ | ᠶᠠᠭᠠᠬᠢᠵᠤ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠢ︖ ᠪᠣᠳᠠᠲᠠᠢ ᠪᠠᠷ ᠶᠠᠮᠠᠷ ᠶᠠᠮᠠᠷ ᠰᠠᠯᠠᠭ᠎ᠠ ᠮᠥᠴᠢᠷ | ᠣᠷᠣᠯᠴᠠᠭᠰᠠᠨ ᠪᠣᠢ︖ | ᠵᠤᠤ ᠳ᠋ᠠ ᠶᠦᠩ᠄ 2017 ᠣᠨ ᠳᠤ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ᠢ | ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠳᠤᠨᠤᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ ︽ᠪᠦᠬᠦ | ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ | ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ᠢ ᠳᠣᠷᠣᠭᠰᠢ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ | ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠪᠡ᠃ ︽ᠭᠠᠵᠠᠷ ᠰᠢᠷᠣᠢ ᠶᠢᠨ | ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠶᠣᠰᠣᠭᠠᠷ᠂ ᠡᠨᠡ ᠬᠦ ᠵᠦᠢᠯ ᠤᠨ ᠠᠵᠢᠯ ᠤᠨ ᠵᠣᠬᠢᠶᠠᠨ | ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠪᠣᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠪᠠᠶᠢᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠠᠴᠠ ᠲᠤᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠭᠠᠵᠠᠷ ᠰᠢᠷᠣᠢ ᠶᠢᠨ ᠪᠠᠶᠢᠴᠠᠭᠠᠯᠲᠠ ᠶᠢᠨ | ᠦᠷ᠎ᠡ ᠪᠦᠲᠦᠭᠡᠯ ᠤᠨ ᠶᠠᠰᠤ ᠴᠢᠨᠠᠷ ᠲᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠂ ᠡᠯ᠎ᠡ ᠱᠠᠲᠤᠨ ᠤ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠡᠯ᠎ᠡ ᠭᠠᠵᠠᠷ ᠤᠨ ᠬᠢᠨ ᠤ ︽ᠪᠦᠬᠦ ᠤᠯᠤᠰ ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ | ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠮᠵᠢᠯᠴᠠᠨ ᠠᠵᠢᠯᠯᠠᠬᠤ᠂ ᠣᠷᠣᠨ ᠨᠤᠲᠤᠭ ᠤᠨ ᠬᠢᠨ ᠱᠠᠲᠤ ᠬᠤᠪᠢᠶᠠᠨ | ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ︾ ᠵᠣᠬᠢᠶᠠᠨ ᠪᠠᠶᠢᠭᠤᠯᠤᠨ ᠬᠡᠷᠡᠭᠵᠢᠭᠦᠯᠬᠦ | ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠠᠮᠵᠢᠯᠴᠠᠨ ᠠᠵᠢᠯᠯᠠᠵᠤ᠂ ᠥᠪᠡᠷᠲᠡᠭᠡᠨ | ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ | ᠬᠠᠮᠲᠤ ᠪᠠᠷ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠨᠢᠭᠡᠨᠲᠡ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ | ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠣᠷᠣᠨ ᠤ ᠪᠠᠶᠢᠴᠠᠭᠠᠯᠲᠠ ᠶᠢᠨ | ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ ᠤᠳᠤᠷᠢᠳᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ | ᠬᠠᠷᠢᠭᠤᠴᠠᠭᠤᠯᠪᠠ︔ ᠭᠡᠰᠢᠭᠦᠳ ᠲᠤ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ | ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ᠂ ᠲᠤᠭ᠎ᠠ | ᠪᠦᠷᠢᠳᠬᠡᠯ ᠤᠨ ᠲᠣᠪᠴᠢᠶ᠎ᠠ ᠪᠠ ᠲᠣᠮᠣ ᠳ᠋ᠠᠶᠢᠲ᠋ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠡᠮᠵᠢᠨ | ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠᠭᠲᠠᠵᠤ ᠪᠠᠶᠢᠨ᠎ᠠ᠃ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠲᠣᠬᠢᠷᠠᠭᠤᠯᠵᠤ᠂ | ᠪᠠᠶᠢᠴᠠᠭᠠᠯᠲᠠ ᠶᠢᠨ ᠠᠵᠢᠯ ᠢ ᠪᠣᠳᠠᠲᠠᠢ ᠪᠠᠷ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠭᠤᠯᠪᠠ᠃ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ᠂ ᠪᠠᠶᠢᠴᠠᠭᠠᠯᠲᠠ ᠶᠢᠨ ᠠᠵᠢᠯ ᠮᠡᠷᠭᠡᠵᠢᠯ ᠤᠨ | ᠵᠢᠯᠣᠭᠤᠳᠤᠯᠭ᠎ᠠ ᠪᠠ ᠪᠠᠶᠢᠴᠠᠭᠠᠯᠲᠠ ᠳᠤ ᠬᠤᠯᠪᠣᠭᠳᠠᠬᠤ ᠠᠵᠢᠯ ᠢ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠠᠴᠠ ᠲᠦᠷᠦᠭᠦᠯᠡᠨ᠎ᠡ︔ ᠪᠠᠶᠢᠴᠠᠭᠠᠯᠲᠠ ᠶᠢᠨ ᠵᠠᠷᠤᠳᠠᠯ ᠪᠠ ᠡᠳ᠋ ᠪᠣᠳᠠᠰ ᠤᠨ ᠪᠠᠲᠤᠯᠠᠭ᠎ᠠ ᠳᠤ | ᠬᠤᠯᠪᠣᠭᠳᠠᠬᠤ ᠠᠵᠢᠯ ᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠶᠠᠮᠤᠨ ᠠᠴᠠ ᠬᠠᠷᠢᠭᠤᠴᠠᠨ ᠵᠣᠬᠢᠴᠠᠭᠤᠯᠤᠨ᠎ᠠ︔ ᠪᠠᠶᠢᠴᠠᠭᠠᠯᠲᠠ ᠶᠢᠨ ᠵᠠᠭᠠᠭ ᠱᠤᠭᠤᠮ ᠳᠤ ᠬᠤᠯᠪᠣᠭᠳᠠᠪᠠᠯ | ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠣᠢ ᠰᠢᠭᠤᠢ᠂ ᠨᠤᠲᠤᠭ ᠪᠡᠯᠴᠢᠭᠡᠷ᠂ | ᠨᠦᠢᠲᠠᠨ ᠭᠠᠵᠠᠷ᠂ ᠤᠰᠤᠨ ᠤᠷᠤᠰᠬᠠᠯ ᠵᠡᠷᠭᠡ ᠪᠠᠶᠢᠭᠠᠯᠢ ᠶᠢᠨ ᠡᠬᠢ ᠪᠠᠶᠠᠯᠢᠭ ᠲᠤ ᠬᠤᠯᠪᠣᠭᠳᠠᠪᠠᠯ ᠲᠤᠰ ᠲᠤᠰ ᠣᠢ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠠᠮᠢ | ᠠᠬᠤᠢ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠨᠡᠭᠡᠭᠡᠨ ᠬᠥᠭᠵᠢᠭᠦᠯᠬᠦ | ᠬᠢᠯᠢ ᠵᠠᠭᠠᠭ ᠵᠡᠷᠭᠡ ᠳᠤ ᠬᠤᠯᠪᠣᠭᠳᠠᠪᠠᠯ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠲᠤᠭ᠎ᠠ | ᠪᠠᠷᠢᠮᠲᠠ ᠶᠢ ᠲᠣᠭᠠᠯᠠᠨ ᠪᠦᠷᠢᠳᠬᠡᠬᠦ ᠪᠠ ᠵᠠᠳᠠᠯᠬᠤ ᠲᠠᠯ᠎ᠠ ᠳᠤ ᠬᠤᠯᠪᠣᠭᠳᠠᠬᠤ ᠠᠵᠢᠯ ᠢ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠠᠴᠠ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠵᠤ ᠬᠠᠷᠢᠭᠤᠴᠠᠨ ᠰᠢᠢᠳᠪᠦᠷᠢᠯᠡᠨ᠎ᠡ︔ | ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠨ ᠬᠡᠷᠡᠭᠯᠡᠬᠦ ᠳᠤ ᠬᠤᠯᠪᠣᠭᠳᠠᠪᠠᠯ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠠᠴᠠ ᠬᠠᠷᠢᠭᠤᠴᠠᠵᠤ᠂ ᠬᠡᠮᠵᠢᠨ ᠵᠢᠷᠤᠭᠯᠠᠬᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠬᠠᠮᠵᠢᠯᠴᠠᠨ᠎ᠠ︔ ᠠᠵᠢᠯ ᠤᠨ ᠡᠭᠦᠷᠭᠡ ᠶᠢ ᠲᠣᠭᠲᠠᠭᠰᠠᠨ ᠴᠠᠭ ᠲᠤ ᠶᠠᠰᠤ ᠴᠢᠨᠠᠷ ᠢ ᠪᠠᠲᠤᠯᠠᠨ | ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠪᠠᠰᠠ ᠲᠤᠰ ᠵᠦᠢᠯ ᠤᠨ ᠠᠵᠢᠯ ᠢ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠤᠨ ᠠᠵᠢᠯ ᠤᠨ ᠰᠢᠮᠳᠠᠭᠤᠯᠤᠨ ᠪᠠᠶᠢᠴᠠᠭᠠᠬᠤ ᠡᠬᠡ ᠳᠠᠩᠰᠠᠨ ᠳᠤ | ᠣᠷᠣᠭᠤᠯᠵᠤ᠂ ᠮᠥᠷᠳᠡᠨ ᠳᠠᠭᠠᠵᠤ ᠰᠢᠮᠳᠠᠭᠤᠯᠤᠨ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠰᠠᠶᠢᠲᠤᠷ ᠬᠠᠮᠵᠢᠯᠴᠠᠬᠤ ᠬᠡᠷᠡᠭᠲᠡᠢ ᠭᠡᠵᠦ ᠱᠠᠭᠠᠷᠳᠠᠵᠠᠢ᠃ | ᠬᠥᠲᠥᠯᠥᠭᠴᠢ᠄ ᠡᠭᠦᠨ ᠠᠴᠠ ᠦᠵᠡᠪᠡᠯ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠠᠵᠢᠯ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠴᠢᠬᠤᠯᠠ ᠪᠠᠶᠢᠳᠠᠭ᠃ ᠲᠡᠭᠡᠪᠡᠯ | ᠲᠠ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠪᠠᠶᠢᠴᠠᠭᠠᠯᠲᠠ ᠬᠢᠬᠦ ᠡᠲᠡᠭᠡᠳ | ᠪᠠ ᠠᠵᠢᠯ ᠤᠨ ᠠᠭᠤᠯᠭ᠎ᠠ ᠶᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠵᠤᠤ ᠳ᠋ᠠ ᠶᠦᠩ᠄ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠡᠲᠡᠭᠡᠳ ᠪᠣᠯ ᠮᠠᠨ ᠤ ᠤᠯᠤᠰ ᠤᠨ ᠬᠠᠭᠤᠷᠠᠢ ᠭᠠᠵᠠᠷ ᠤᠨ ᠤᠯᠤᠰ ᠤᠨ ᠭᠠᠵᠠᠷ ᠰᠢᠷᠣᠢ ᠪᠣᠯᠣᠨ᠎ᠠ | ᠃ ᠪᠠᠶᠢᠴᠠᠭᠠᠯᠲᠠ ᠬᠢᠬᠦ ᠠᠭᠤᠯᠭ᠎ᠠ ᠳᠤ ᠳᠣᠣᠷᠠᠬᠢ ᠬᠡᠳᠦᠨ ᠲᠠᠯ᠎ᠠ ᠪᠠᠭᠲᠠᠵᠤ ᠪᠠᠶᠢᠨ᠎ᠠ᠄ ᠭᠠᠵᠠᠷ ᠰᠢᠷᠣᠢ ᠶᠢ | ᠠᠰᠢᠭᠯᠠᠭᠰᠠᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ᠂ ᠡᠭᠦᠨ ᠳᠤ ᠭᠠᠵᠠᠷ ᠰᠢᠷᠣᠢ ᠶᠢᠨ ᠲᠥᠷᠥᠯ᠂ | ᠪᠠᠶᠢᠷᠢ᠂ ᠲᠠᠯᠠᠪᠠᠢ᠂ ᠲᠠᠷᠬᠠᠯᠲᠠ ᠵᠡᠷᠭᠡ ᠪᠠᠶᠢᠳᠠᠯ ᠪᠠᠭᠲᠠᠵᠤ ᠪᠠᠶᠢᠨ᠎ᠠ︔ ᠭᠠᠵᠠᠷ ᠰᠢᠷᠣᠢ ᠶᠢᠨ ᠡᠷᠬᠡ ᠶᠢᠨ ᠬᠠᠷᠢᠶ᠎ᠠ | ᠵᠢᠴᠢ ᠬᠤᠪᠢᠷᠠᠯᠲᠠ ᠶᠢᠨ ᠪᠠᠶᠢᠳᠠᠯ᠂ ᠡᠭᠦᠨ ᠳᠤ ᠭᠠᠵᠠᠷ ᠰᠢᠷᠣᠢ ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢᠨ | ᠪᠠᠶᠢᠳᠠᠯ ᠪᠠᠭᠲᠠᠵᠤ ᠪᠠᠶᠢᠨ᠎ᠠ︔ ᠭᠠᠵᠠᠷ ᠰᠢᠷᠣᠢ ᠶᠢᠨ ᠨᠥᠬᠦᠴᠡᠯ᠂ ᠡᠭᠦᠨ ᠳᠤ ᠭᠠᠵᠠᠷ ᠰᠢᠷᠣᠢ ᠶᠢᠨ ᠪᠠᠶᠢᠭᠠᠯᠢ ᠶᠢᠨ | ᠨᠥᠬᠦᠴᠡᠯ᠂ ᠨᠡᠶᠢᠭᠡᠮ ᠤᠨ ᠠᠵᠤ ᠠᠬᠤᠢ ᠶᠢᠨ ᠨᠥᠬᠦᠴᠡᠯ ᠵᠡᠷᠭᠡ ᠪᠠᠶᠢᠳᠠᠯ ᠪᠠᠭᠲᠠᠵᠤ ᠪᠠᠶᠢᠨ᠎ᠠ᠃ ᠭᠠᠵᠠᠷ ᠰᠢᠷᠣᠢ ᠶᠢᠨ | ᠠᠰᠢᠭᠯᠠᠭᠰᠠᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠬᠦ ᠦᠶ᠎ᠡ ᠳᠤ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠢ | ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠬᠦ ᠬᠡᠷᠡᠭᠲᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ᠂ ᠲᠠᠷᠬᠠᠯᠲᠠ ᠪᠠ ᠬᠠᠮᠠᠭᠠᠯᠠᠯᠲᠠ ᠶᠢᠨ ᠪᠠᠶᠢᠳᠠᠯ ᠢ ᠪᠠᠭᠲᠠᠭᠠᠵᠤ ᠪᠠᠶᠢᠨ᠎ᠠ᠃ ᠭᠤᠣᠯ | ᠬᠠᠷᠠᠯᠲᠠ ᠨᠢ ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ | ᠪᠦᠲᠦᠭᠡᠯ ᠤᠨ ᠰᠠᠭᠤᠷᠢᠨ ᠳᠡᠭᠡᠷ᠎ᠡ᠂ ᠪᠦᠬᠦ ᠤᠯᠤᠰ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠰᠠᠭᠤᠷᠢ ᠲᠤᠭ᠎ᠠ | ᠪᠠᠷᠢᠮᠲᠠ ᠶᠢ ᠪᠦᠬᠦ ᠲᠠᠯ᠎ᠠ ᠪᠠᠷ ᠨᠠᠷᠢᠯᠢᠭᠵᠢᠭᠤᠯᠬᠤ ᠪᠠ ᠲᠡᠭᠦᠯᠳᠡᠷᠵᠢᠭᠦᠯᠵᠦ᠂ ᠪᠦᠬᠦ ᠤᠯᠤᠰ ᠤᠨ ᠤᠯᠤᠰ ᠤᠨ ᠭᠠᠵᠠᠷ | ᠰᠢᠷᠣᠢ ᠶᠢᠨ ᠠᠰᠢᠭᠯᠠᠭᠰᠠᠨ ᠣᠳᠣᠬᠢ ᠪᠠᠶᠢᠳᠠᠯ ᠪᠠ ᠪᠠᠶᠢᠭᠠᠯᠢ ᠶᠢᠨ ᠡᠬᠢ ᠪᠠᠶᠠᠯᠢᠭ ᠤᠨ ᠬᠤᠪᠢᠷᠠᠯᠲᠠ ᠶᠢᠨ ᠪᠠᠶᠢᠳᠠᠯ ᠢ | ᠪᠣᠳᠠᠲᠠᠢ ᠪᠥᠭᠡᠳ ᠣᠨᠣᠪᠴᠢᠲᠠᠢ ᠪᠠᠷ ᠡᠵᠡᠮᠰᠢᠨ᠂ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ᠂ ᠬᠢᠨᠠᠯᠲᠠ | ᠬᠡᠮᠵᠢᠯᠲᠡ ᠪᠠ ᠲᠤᠭ᠎ᠠ ᠪᠦᠷᠢᠳᠬᠡᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠷ᠎ᠡ | ᠪᠦᠲᠦᠭᠡᠯ ᠤᠨ ᠮᠡᠳᠡᠭᠡ ᠵᠠᠩᠭᠢᠵᠢᠯᠲᠡ ᠶᠢᠨ ᠬᠠᠮᠢᠶᠠᠷᠤᠯᠲᠠ ᠬᠢᠭᠡᠳ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠵᠦ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠂ ᠬᠤᠷᠸ᠎ᠠ ᠲᠠᠯ᠎ᠠ ᠶᠢᠨ | ᠲᠣᠬᠢᠷᠠᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠠ | ᠨᠢᠭᠡᠳᠦᠯᠲᠡᠢ ᠪᠠᠷ ᠡᠷᠬᠡ ᠶᠢ ᠲᠣᠳᠣᠯᠠᠵᠤ ᠳᠠᠩᠰᠠᠯᠠᠨ ᠲᠡᠮᠳᠡᠭᠯᠡᠬᠦ᠂ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠬᠡᠷᠡᠭᠯᠡᠯᠲᠡ ᠶᠢ ᠬᠢᠵᠠᠭᠠᠷᠯᠠᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ | ᠵᠠᠰᠠᠨ ᠰᠡᠷᠭᠦᠭᠡᠬᠦ᠂ ᠣᠷᠣᠨ ᠵᠠᠢ ᠶᠢᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠠ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ | ᠠᠵᠢᠯ ᠤᠨ ᠱᠠᠭᠠᠷᠳᠠᠯᠭ᠎ᠠ ᠶᠢ ᠬᠠᠩᠭᠠᠨ᠎ᠠ᠃ ᠪᠣᠳᠠᠲᠠᠢ ᠪᠠᠷ ᠠᠪᠴᠤ ᠬᠡᠯᠡᠪᠡᠯ ᠳᠠᠷᠤᠢ ︽ᠭᠠᠵᠠᠷ ᠰᠢᠷᠣᠢ ᠶᠢᠨ | ᠠᠰᠢᠭᠯᠠᠭᠰᠠᠨ ᠣᠳᠣᠬᠢ ᠪᠠᠶᠢᠳᠠᠯ ᠤᠨ ᠲᠥᠷᠥᠯ ᠠᠩᠭᠢᠯᠠᠯ︾ ᠪᠠ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠲᠥᠷᠥᠯ ᠠᠩᠭᠢᠯᠠᠯ︾ ᠶᠣᠰᠣᠭᠠᠷ ᠪᠣᠳᠠᠲᠠᠢ ᠭᠠᠵᠠᠷ ᠲᠤ ᠭᠠᠵᠠᠷ | ᠰᠢᠷᠣᠢ ᠶᠢᠨ ᠲᠥᠷᠥᠯ ᠢ ᠮᠠᠭᠠᠳᠯᠠᠨ ᠲᠣᠭᠲᠠᠭᠠᠵᠤ᠂ ᠭᠠᠵᠠᠷ ᠰᠢᠷᠣᠢ ᠶᠢᠨ ᠲᠥᠷᠥᠯ ᠢ ᠳᠠᠪᠬᠤᠷᠳᠠᠭᠤᠯᠬᠤ ᠦᠭᠡᠢ | ᠭᠤᠭᠤᠵᠢᠭᠳᠠᠭᠤᠯᠬᠤ ᠦᠭᠡᠢ ᠪᠠᠷ ᠪᠦᠬᠦᠨ ᠢ ᠬᠠᠮᠤᠷᠤᠭᠤᠯᠬᠤ ᠶᠢ ᠪᠠᠲᠤᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ | ᠪᠠᠶᠢᠴᠠᠭᠠᠯᠲᠠ ᠳᠤ ᠰᠠᠭᠤᠷᠢ ᠴᠢᠨᠠᠷᠲᠠᠢ ᠦᠢᠯᠡᠳᠦᠯ ᠢ ᠨᠢ ᠪᠠᠳᠠᠷᠠᠭᠤᠯᠤᠨ᠎ᠠ᠃ ᠬᠤᠯᠢᠮᠠᠭ ᠬᠠᠮᠢᠶᠠᠷᠤᠯᠲᠠ ᠶᠢᠨ | ᠬᠡᠷᠡᠭᠴᠡᠭᠡ ᠱᠠᠭᠠᠷᠳᠠᠯᠭ᠎ᠠ ᠶᠢᠨ ᠰᠣᠯᠪᠢᠴᠠᠯ ᠣᠷᠣᠰᠢᠵᠤ ᠪᠠᠶᠢᠭ᠎ᠠ ᠲᠠᠷᠢᠶᠠᠨ ᠭᠠᠵᠠᠷ᠂ ᠲᠠᠷᠢᠮᠠᠯ ᠤᠨ ᠬᠦᠷᠢᠶᠡᠯᠡᠩ᠂ | ᠣᠶᠢᠲᠤ ᠭᠠᠵᠠᠷ᠂ ᠡᠪᠡᠰᠦᠲᠦ ᠭᠠᠵᠠᠷ᠂ ᠲᠡᠵᠢᠭᠡᠪᠦᠷᠢ ᠶᠢᠨ ᠤᠰᠤᠨ ᠭᠠᠳᠠᠷᠭᠤ ᠵᠡᠷᠭᠡ ᠭᠠᠵᠠᠷ ᠰᠢᠷᠣᠢ ᠶᠢᠨ | ᠲᠥᠷᠥᠯ ᠳᠤ ᠠᠰᠢᠭᠯᠠᠯᠲᠠ ᠶᠢᠨ ᠣᠳᠣᠬᠢ ᠪᠠᠶᠢᠳᠠᠯ᠂ ᠶᠠᠰᠤ ᠴᠢᠨᠠᠷ ᠤᠨ ᠪᠠᠶᠢᠳᠠᠯ ᠪᠠ ᠬᠠᠮᠢᠶᠠᠷᠤᠯᠲᠠ ᠶᠢᠨ ᠬᠠᠷᠢᠶᠠᠲᠤ | ᠴᠢᠨᠠᠷ ᠤᠨ ᠣᠯᠠᠨ ᠵᠦᠢᠯ ᠤᠨ ᠲᠣᠳᠣᠷᠬᠠᠶᠢᠯᠠᠯᠲᠠ ᠬᠢᠭᠰᠡᠨ ᠰᠠᠭᠤᠷᠢᠨ ᠳᠡᠭᠡᠷ᠎ᠡ᠂ ᠲᠠᠷᠢᠶᠠᠨ ᠭᠠᠵᠠᠷ ᠢ | ᠨᠠᠷᠢᠯᠢᠭᠵᠢᠭᠤᠯᠤᠨ ᠪᠠᠶᠢᠴᠠᠭᠠᠵᠤ᠂ ᠵᠥᠪᠰᠢᠶᠡᠷᠡᠭᠰᠡᠨ ᠪᠣᠯᠪᠠᠴᠤ ᠪᠠᠶᠢᠭᠤᠯᠤᠭ᠎ᠠ ᠦᠭᠡᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠲᠤ ᠪᠠᠶᠢᠴᠠᠭᠠᠯᠲᠠ ᠬᠢᠬᠦ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠪᠠᠶᠢᠴᠠᠭᠠᠯᠲᠠ ᠬᠢᠬᠦ | ᠪᠠ ᠲᠠᠷᠢᠶᠠᠨ ᠭᠠᠵᠠᠷ ᠤᠨ ᠶᠠᠰᠤ ᠴᠢᠨᠠᠷ ᠤᠨ ᠵᠡᠷᠭᠡ ᠳᠡᠰ ᠲᠤ ᠪᠠᠶᠢᠴᠠᠭᠠᠯᠲᠠ ᠦᠨᠡᠯᠡᠯᠲᠡ ᠬᠢᠬᠦ᠂ ᠲᠠᠷᠢᠶᠠᠨ | ᠭᠠᠵᠠᠷ ᠲᠤ ᠳᠡᠰ ᠬᠤᠪᠢᠶᠠᠵᠤ ᠵᠡᠷᠭᠡᠯᠡᠯ ᠲᠣᠭᠲᠠᠭᠠᠭᠰᠠᠨ ᠳᠤ ᠪᠠᠶᠢᠴᠠᠭᠠᠯᠲᠠ ᠦᠨᠡᠯᠡᠯᠲᠡ ᠬᠢᠬᠦ ᠵᠡᠷᠭᠡ ᠲᠤᠰᠬᠠᠢ | ᠵᠦᠢᠯ ᠤᠨ ᠪᠠᠶᠢᠴᠠᠭᠠᠯᠲᠠ ᠶᠢ ᠥᠷᠨᠢᠭᠦᠯᠦᠨ᠎ᠡ︔ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠢ | ᠮᠡᠷᠭᠡᠵᠢᠯ ᠤᠨ ᠪᠠᠶᠢᠴᠠᠭᠠᠯᠲᠠ ᠶᠢᠨ ᠠᠵᠢᠯ ᠢ ᠵᠡᠷᠭᠡ ᠳᠤ ᠨᠢ ᠠᠬᠢᠭᠤᠯᠵᠤ᠂ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠥᠷᠥᠯ ᠬᠤᠪᠢᠶᠠᠬᠤ ᠪᠠᠷᠢᠮᠵᠢᠶ᠎ᠠ ᠪᠠ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ᠂ ᠶᠢᠰᠦᠳᠦᠭᠡᠷ ᠤᠳᠠᠭᠠᠨ ᠤ ᠣᠢ ᠰᠢᠭᠤᠢ ᠶᠢᠨ ᠡᠬᠢ ᠪᠠᠶᠠᠯᠢᠭ ᠲᠤ ᠵᠠᠯᠭᠠᠭ᠎ᠠ ᠪᠠᠷ | ᠪᠠᠶᠢᠴᠠᠭᠠᠯᠲᠠ ᠬᠢᠭᠰᠡᠨ᠂ ᠵᠡᠭᠦᠨ ᠬᠤᠶᠢᠲᠤ ᠶᠢᠨ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠣᠶᠢᠲᠤ ᠣᠷᠣᠨ ᠤ | ᠣᠢ ᠰᠢᠭᠤᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠳᠤ ᠪᠠᠶᠢᠴᠠᠭᠠᠯᠲᠠ ᠬᠢᠭᠰᠡᠨ ᠪᠠ ᠬᠤᠶᠠᠳᠤᠭᠠᠷ ᠤᠳᠠᠭᠠᠨ ᠤ | ᠡᠪᠡᠰᠦᠲᠦ ᠭᠠᠵᠠᠷ ᠡᠬᠢ ᠪᠠᠶᠠᠯᠢᠭ ᠲᠤ ᠪᠠᠶᠢᠴᠠᠭᠠᠯᠲᠠ ᠬᠢᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠳ᠋ᠦᠩᠨᠡᠬᠦ | ᠠᠵᠢᠯ ᠢ ᠰᠠᠶᠢᠲᠤᠷ ᠬᠢᠬᠦ ᠶᠢᠨ ᠬᠠᠮᠲᠤ᠂ ᠪᠠᠶᠢᠴᠠᠭᠠᠯᠲᠠ ᠬᠢᠭᠰᠡᠨ ᠬᠠᠮᠢᠶ᠎ᠠ ᠪᠦᠬᠦᠢ ᠦᠷ᠎ᠡ ᠪᠦᠲᠦᠭᠡᠯ ᠢ ᠭᠤᠷᠪᠠᠳᠤᠭᠠᠷ | ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠳᠤ ᠨᠡᠶᠢᠯᠡᠭᠦᠯᠦᠨ | ᠣᠷᠣᠭᠤᠯᠤᠨ᠎ᠠ᠃ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠭᠤᠣᠯ ᠡᠭᠦᠷᠭᠡ | ᠪᠣᠯ ᠤᠯᠤᠰ ᠤᠨ ᠨᠢᠭᠡᠳᠦᠯᠲᠡᠢ ᠪᠠᠷᠢᠮᠵᠢᠶ᠎ᠠ ᠶᠣᠰᠣᠭᠠᠷ᠂ ᠪᠦᠬᠦ ᠤᠯᠤᠰ ᠤᠨ ᠬᠡᠪᠴᠢᠶᠡᠨ ᠳᠤ ᠠᠯᠤᠰ ᠮᠡᠳᠡᠷᠡᠮᠵᠢ᠂ | ᠬᠡᠮᠵᠢᠯᠲᠡ ᠵᠢᠷᠤᠯᠲᠠ᠂ ᠭᠠᠵᠠᠷ ᠵᠦᠢ ᠶᠢᠨ ᠮᠡᠳᠡᠭᠡ ᠵᠠᠩᠭᠢ᠂ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠢ ᠠᠰᠢᠭᠯᠠᠨ᠂ | ᠣᠳᠣ ᠶᠢᠨ ᠪᠠᠶᠢᠭ᠎ᠠ ᠮᠠᠲ᠋ᠧᠷᠢᠶᠠᠯ ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠠᠰ ᠰᠡᠭᠦᠳᠡᠷᠯᠡᠭᠰᠡᠨ ᠵᠢᠷᠤᠭ | ᠳᠦᠷᠰᠦ ᠪᠠᠷ ᠰᠠᠭᠤᠷᠢ ᠪᠣᠯᠭᠠᠨ᠂ ᠭᠠᠵᠠᠷ ᠰᠢᠷᠣᠢ ᠶᠢᠨ ᠭᠠᠵᠠᠷ ᠤᠨ ᠲᠥᠷᠥᠯ᠂ ᠲᠠᠯᠠᠪᠠᠢ ᠪᠠ ᠡᠷᠬᠡ ᠶᠢᠨ ᠬᠠᠷᠢᠶ᠎ᠠ ᠶᠢ | ᠪᠣᠳᠠᠲᠠᠢ ᠭᠠᠵᠠᠷ ᠲᠤ ᠪᠠᠶᠢᠴᠠᠭᠠᠯᠲᠠ ᠬᠢᠵᠦ᠂ ᠪᠦᠬᠦ ᠤᠯᠤᠰ ᠤᠨ ᠲᠠᠷᠢᠶᠠᠨ ᠭᠠᠵᠠᠷ᠂ ᠲᠠᠷᠢᠮᠠᠯ ᠤᠨ ᠬᠦᠷᠢᠶᠡᠯᠡᠩ᠂ | ᠣᠶᠢᠲᠤ ᠭᠠᠵᠠᠷ᠂ ᠡᠪᠡᠰᠦᠲᠦ ᠭᠠᠵᠠᠷ᠂ ᠨᠦᠢᠲᠠᠨ ᠭᠠᠵᠠᠷ᠂ ᠬᠤᠳᠠᠯᠳᠤᠭᠠᠨ ᠤ ᠦᠢᠯᠡᠴᠢᠯᠡᠭᠡ ᠶᠢᠨ ᠦᠢᠯᠡᠰ᠂ ᠠᠵᠤ | ᠦᠢᠯᠡᠳᠪᠦᠷᠢ ᠠᠭᠤᠷᠬᠠᠢ᠂ ᠣᠷᠣᠨ ᠰᠠᠭᠤᠴᠠ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ | ᠦᠢᠯᠡᠴᠢᠯᠡᠭᠡ᠂ ᠵᠠᠮ ᠬᠠᠷᠢᠯᠴᠠᠭᠠᠨ ᠤ ᠲᠡᠭᠡᠭᠡᠪᠦᠷᠢ᠂ ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ | ᠪᠡᠯᠡᠳᠬᠡᠮᠵᠢ ᠶᠢᠨ ᠬᠡᠷᠡᠭᠯᠡᠬᠦ ᠭᠠᠵᠠᠷ ᠵᠡᠷᠭᠡ ᠭᠠᠵᠠᠷ ᠰᠢᠷᠣᠢ ᠶᠢᠨ ᠲᠥᠷᠥᠯ ᠤᠨ ᠲᠠᠷᠬᠠᠯᠲᠠ ᠵᠢᠴᠢ ᠠᠰᠢᠭᠯᠠᠯᠲᠠ ᠶᠢᠨ | ᠣᠳᠣᠬᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠎ᠡ︔ ᠲᠠᠷᠢᠶᠠᠨ ᠭᠠᠵᠠᠷ ᠤᠨ ᠪᠠᠶᠢᠴᠠᠭᠠᠯᠲᠠ ᠶᠢ ᠨᠠᠷᠢᠯᠢᠭᠵᠢᠭᠤᠯᠤᠨ᠂ | ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠲᠠᠷᠬᠠᠯᠲᠠ ᠪᠠ ᠪᠦᠷᠢᠯᠳᠦᠴᠡ ᠶᠢ ᠪᠦᠬᠦ ᠲᠠᠯ᠎ᠠ ᠪᠠᠷ | ᠡᠵᠡᠮᠰᠢᠨ᠎ᠡ︔ ᠳᠣᠣᠷ᠎ᠠ ᠦᠷ᠎ᠡ ᠠᠰᠢᠭᠲᠤ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠪᠠᠶᠢᠴᠠᠭᠠᠯᠲᠠ ᠶᠢ | ᠥᠷᠨᠢᠭᠦᠯᠵᠦ᠂ ᠬᠤᠲᠠ ᠬᠥᠳᠡᠭᠡ ᠵᠢᠴᠢ ᠨᠡᠭᠡᠭᠡᠯᠲᠡ ᠶᠢᠨ ᠣᠷᠣᠨ ᠤ ᠬᠡᠪᠴᠢᠶᠡᠨ ᠳᠠᠬᠢ ᠭᠠᠵᠠᠷ ᠰᠢᠷᠣᠢ ᠶᠢᠨ | ᠠᠰᠢᠭᠯᠠᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠲᠣᠳᠣᠯᠠᠨ᠎ᠠ︔ ᠬᠠᠮᠢᠶ᠎ᠠ ᠪᠦᠬᠦᠢ ᠪᠠᠶᠢᠭᠠᠯᠢ ᠶᠢᠨ ᠡᠬᠢ | ᠪᠠᠶᠠᠯᠢᠭ ᠤᠨ ᠲᠤᠰᠬᠠᠢ ᠮᠡᠷᠭᠡᠵᠢᠯ ᠤᠨ ᠪᠠᠶᠢᠴᠠᠭᠠᠯᠲᠠ ᠶᠢ ᠵᠡᠷᠭᠡ ᠳᠤ ᠨᠢ ᠠᠬᠢᠭᠤᠯᠵᠤ᠂ ᠬᠠᠮᠢᠶ᠎ᠠ ᠪᠦᠬᠦᠢ | ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠢ ᠮᠡᠷᠭᠡᠵᠢᠯ ᠤᠨ ᠮᠡᠳᠡᠭᠡ ᠵᠠᠩᠭᠢ ᠶᠢ ᠨᠡᠶᠢᠯᠡᠭᠦᠯᠦᠨ᠎ᠡ ᠨᠢᠭᠡᠳᠬᠡᠨ᠎ᠡ︔ | ᠤᠯᠤᠰ᠂ ᠮᠤᠵᠢ᠂ ᠲᠤᠰᠬᠠᠢ ᠣᠷᠣᠨ᠂ ᠰᠢᠶᠠᠨ ᠳᠥᠷᠪᠡᠨ ᠱᠠᠲᠤ ᠶᠢ ᠬᠠᠮᠤᠷᠤᠭᠰᠠᠨ ᠬᠠᠷᠢᠯᠴᠠᠨ ᠬᠤᠯᠪᠣᠯᠳᠤᠵᠤ | ᠬᠠᠮᠲᠤ ᠳᠤ ᠪᠠᠨ ᠬᠦᠷᠲᠡᠭᠰᠡᠨ ᠵᠢᠷᠤᠭ ᠳᠦᠷᠰᠦ᠂ ᠭᠠᠵᠠᠷ ᠰᠢᠷᠣᠢ ᠶᠢᠨ ᠲᠥᠷᠥᠯ᠂ ᠬᠡᠪᠴᠢᠶ᠎ᠡ᠂ ᠲᠠᠯᠠᠪᠠᠢ᠂ | ᠡᠷᠬᠡ ᠶᠢᠨ ᠬᠠᠷᠢᠶ᠎ᠠ ᠪᠠ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠨᠢᠭᠡ | ᠴᠣᠭᠴᠠᠵᠢᠭᠤᠯᠤᠭᠰᠠᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠳ᠋ᠠᠶᠢᠲ᠋ᠠ ᠶᠢᠨ ᠬᠥᠮᠥᠷᠭᠡ ᠶᠢ | ᠪᠠᠶᠢᠭᠤᠯᠵᠤ᠂ ᠡᠯ᠎ᠡ ᠱᠠᠲᠤᠨ ᠤ ᠬᠠᠷᠢᠯᠴᠠᠨ ᠬᠤᠯᠪᠣᠯᠳᠤᠵᠤ ᠬᠠᠮᠲᠤ ᠳᠤ ᠪᠠᠨ ᠬᠦᠷᠲᠡᠭᠰᠡᠨ ᠲᠣᠣᠷ ᠰᠦᠯᠵᠢᠶᠡᠵᠢᠭᠰᠡᠨ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ︔ ᠤᠯᠤᠰ ᠤᠨ ᠭᠠᠵᠠᠷ ᠰᠢᠷᠣᠢ ᠵᠢᠴᠢ ᠣᠢ ᠰᠢᠭᠤᠢ᠂ | ᠨᠤᠲᠤᠭ ᠪᠡᠯᠴᠢᠭᠡᠷ᠂ ᠤᠰᠤ᠂ ᠨᠦᠢᠲᠠᠨ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠤᠪᠢᠷᠠᠯᠲᠠ ᠶᠢᠨ | ᠮᠡᠳᠡᠭᠡ ᠵᠠᠩᠭᠢ ᠶᠢᠨ ᠪᠠᠶᠢᠴᠠᠭᠠᠯᠲᠠ᠂ ᠲᠤᠭ᠎ᠠ ᠪᠦᠷᠢᠳᠬᠡᠯ ᠪᠠ ᠡᠳᠦᠷ ᠲᠣᠵᠢ ᠶᠢᠨ᠂ ᠪᠦᠬᠦᠨ ᠢ ᠬᠠᠮᠤᠷᠤᠭᠰᠠᠨ | ᠠᠯᠤᠰ ᠮᠡᠳᠡᠷᠡᠮᠵᠢ ᠶᠢᠨ ᠬᠢᠨᠠᠯᠲᠠ ᠰᠢᠨᠵᠢᠯᠲᠡ ᠪᠠ ᠲᠦᠷᠭᠡᠨ ᠰᠢᠨᠡᠴᠢᠯᠡᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠡ᠃ | | ᠬᠥᠲᠥᠯᠥᠭᠴᠢ᠄ ᠰᠠᠶ᠋ᠢᠬᠠᠨ ᠬᠤᠶᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ | ᠳᠤᠷᠠᠳᠴᠤ ᠥᠩᠭᠡᠷᠡᠪᠡ᠂ ᠲᠡᠭᠡᠪᠡᠯ ᠡᠨᠡ ᠬᠤᠶᠠᠷ ᠤᠳᠠᠭᠠᠨ ᠤ ᠪᠠᠶᠢᠴᠠᠭᠠᠯᠲᠠ ᠶᠢᠨ ᠠᠳᠠᠯᠢ ᠪᠤᠰᠤ ᠲᠠᠯ᠎ᠠ ᠶᠢ | ᠲᠠᠨᠢᠯᠴᠠᠭᠤᠯᠤᠭᠠᠳ ᠥᠭᠭᠦᠨ᠎ᠡ ᠦᠦ︖ | ᠵᠤᠤ ᠳ᠋ᠠ ᠶᠦᠩ᠄ ︽ᠭᠠᠵᠠᠷ ᠰᠢᠷᠣᠢ ᠶᠢᠨ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠶᠣᠰᠣᠭᠠᠷ᠂ | ᠤᠯᠤᠰ ᠠᠴᠠ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠢ | ᠦᠨᠳᠦᠰᠦᠯᠡᠨ᠂ 10 ᠵᠢᠯ ᠳᠤ ᠨᠢᠭᠡ ᠤᠳᠠᠭ᠎ᠠ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠬᠢᠨ᠎ᠡ︔ | ᠭᠠᠵᠠᠷ ᠰᠢᠷᠣᠢ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠵᠢᠯ ᠪᠦᠷᠢ ᠭᠠᠵᠠᠷ | ᠰᠢᠷᠣᠢ ᠶᠢᠨ ᠬᠤᠪᠢᠷᠠᠭᠠᠭᠰᠠᠨ ᠪᠠᠶᠢᠳᠠᠯ ᠳᠤ ᠪᠠᠶᠢᠴᠠᠭᠠᠯᠲᠠ ᠬᠢᠨ᠎ᠡ᠃ ᠣᠨ ᠤ ᠭᠠᠵᠠᠷ ᠰᠢᠷᠣᠢ ᠶᠢᠨ ᠬᠤᠪᠢᠷᠠᠭᠠᠭᠰᠠᠨ | ᠪᠠᠶᠢᠳᠠᠯ ᠤᠨ ᠪᠠᠶᠢᠴᠠᠭᠠᠯᠲᠠ ᠶᠢᠨ ᠠᠵᠢᠯ ᠨᠢ ᠨᠢᠭᠡᠨᠲᠡ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠰᠢᠰᠲ᠋ᠧᠮ ᠤᠨ ᠨᠢᠭᠡ ᠵᠦᠢᠯ ᠤᠨ ᠰᠠᠭᠤᠷᠢ ᠴᠢᠨᠠᠷᠲᠠᠢ ᠪᠠ ᠡᠳᠦᠷ ᠲᠤᠲᠤᠮ ᠤᠨ ᠴᠢᠨᠠᠷᠲᠠᠢ ᠠᠵᠢᠯ ᠤᠨ ᠨᠢᠭᠡ ᠪᠣᠯᠪᠠ᠃ | ᠳᠣᠣᠷ᠎ᠠ ᠪᠢ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠪᠠ ᠬᠤᠶᠠᠳᠤᠭᠠᠷ | ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠳᠠᠯᠢ ᠪᠤᠰᠤ ᠲᠠᠯ᠎ᠠ ᠶᠢ ᠭᠤᠣᠯᠳᠠᠯᠭ᠎ᠠ ᠲᠠᠢ ᠪᠠᠷ | ᠲᠠᠨᠢᠯᠴᠠᠭᠤᠯᠤᠶ᠎ᠠ᠃ 2009 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠬᠤᠰᠢᠭᠤ ᠰᠢᠶᠠᠨ᠂ ᠠᠶᠢᠮᠠᠭ ᠬᠤᠲᠠ᠂ ᠥᠪᠡᠷᠲᠡᠭᠡᠨ | ᠵᠠᠰᠠᠬᠤ ᠣᠷᠣᠨ ᠪᠠ ᠤᠯᠤᠰ ᠳᠥᠷᠪᠡᠨ ᠱᠠᠲᠤᠨ ᠤ ᠪᠦᠬᠦ ᠤᠯᠤᠰ ᠤᠨ ᠪᠦᠬᠦ ᠭᠠᠵᠠᠷ ᠰᠢᠷᠣᠢ ᠶᠢ ᠬᠠᠮᠤᠷᠤᠭᠰᠠᠨ | ᠭᠠᠵᠠᠷ ᠰᠢᠷᠣᠢ ᠶᠢᠨ ᠪᠠᠶᠢᠴᠠᠭᠠᠯᠲᠠ ᠶᠢᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠡᠯ᠎ᠡ ᠱᠠᠲᠤᠨ ᠤ ᠳ᠋ᠠᠶᠢᠲ᠋ᠠ ᠶᠢᠨ | ᠬᠥᠮᠥᠷᠭᠡ ᠨᠢ ᠬᠠᠷᠢᠶ᠎ᠠ ᠣᠷᠣᠨ ᠤ ᠬᠡᠪᠴᠢᠶᠡᠨ ᠳᠠᠬᠢ ᠪᠦᠬᠦ ᠭᠠᠵᠠᠷ ᠰᠢᠷᠣᠢ ᠶᠢᠨ ᠣᠷᠣᠨ ᠵᠠᠢ ᠶᠢᠨ ᠲᠤᠭ᠎ᠠ ᠪᠠᠷᠢᠮᠲᠠ | ᠪᠠ ᠲᠠᠯᠠᠪᠠᠢ᠂ ᠭᠠᠵᠠᠷ ᠰᠢᠷᠣᠢ ᠶᠢᠨ ᠲᠥᠷᠥᠯ ᠤᠨ ᠬᠠᠮᠢᠶ᠎ᠠ ᠪᠦᠬᠦᠢ ᠬᠠᠷᠢᠶᠠᠲᠤ ᠴᠢᠨᠠᠷ ᠤᠨ ᠲᠤᠭ᠎ᠠ ᠪᠠᠷᠢᠮᠲᠠ ᠶᠢ | ᠪᠠᠭᠲᠠᠭᠠᠵᠤ᠂ ᠲᠣᠭᠠᠵᠢᠭᠤᠯᠤᠨ ᠦᠯᠡᠳᠡᠭᠡᠵᠦ ᠬᠠᠳᠠᠭᠠᠯᠠᠬᠤ ᠶᠢ ᠪᠡᠶᠡᠯᠡᠭᠦᠯᠵᠡᠢ᠃ ᠭᠤᠷᠪᠠᠳᠤᠭᠠᠷ ᠤᠳᠠᠭᠠᠨ ᠤ | ᠪᠠᠶᠢᠴᠠᠭᠠᠯᠲᠠ ᠶᠢᠨ ᠠᠵᠢᠯ ᠢ ᠡᠭᠦᠨ ᠲᠠᠢ ᠬᠠᠷᠢᠴᠠᠭᠤᠯᠪᠠᠯ᠂ ᠡᠯ᠎ᠡ ᠲᠠᠯ᠎ᠠ ᠪᠠᠷ ᠮᠠᠰᠢ ᠶᠡᠭᠡ ᠳᠠᠪᠰᠢᠯᠲᠠ ᠪᠠ | ᠳᠡᠭᠡᠭᠰᠢᠯᠡᠯᠲᠡ ᠲᠠᠢ ᠪᠣᠯᠪᠠ᠃ ᠬᠡᠷᠡᠭᠯᠡᠭᠰᠡᠨ ᠮᠡᠷᠭᠡᠵᠢᠯ ᠤᠨ ᠠᠷᠭ᠎ᠠ ᠪᠠᠷᠢᠯ ᠠᠴᠠ ᠠᠪᠴᠤ ᠦᠵᠡᠪᠡᠯ᠂ ᠬᠤᠶᠠᠳᠤᠭᠠᠷ | ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠨᠢ ᠭᠤᠣᠯᠳᠠᠭᠤ DIS ᠪᠠᠷ ᠳᠠᠮᠵᠢᠭᠤᠯᠤᠨ | ᠬᠥᠮᠥᠷᠭᠡ ᠪᠠᠶᠢᠭᠤᠯᠵᠤ᠂ ᠲᠤᠭ᠎ᠠ ᠪᠠᠷᠢᠮᠲᠠ ᠶᠢ ᠬᠠᠳᠠᠭᠠᠯᠠᠬᠤ ᠬᠢᠭᠡᠳ ᠬᠡᠷᠡᠭᠯᠡᠬᠦ ᠰᠠᠶᠢᠨ ᠰᠠᠶᠢᠬᠠᠨ ᠦᠷ᠎ᠡ | ᠪᠦᠲᠦᠮᠵᠢ ᠶᠢ ᠣᠯᠵᠤ᠂ ᠣᠳᠣ ᠶᠢᠨ ᠮᠠᠨ ᠤ ᠬᠡᠷᠡᠭᠯᠡᠵᠦ ᠪᠠᠶᠢᠭ᠎ᠠ ᠤᠯᠤᠰ ᠤᠨ ᠭᠠᠵᠠᠷ ᠰᠢᠷᠣᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ︽ᠨᠢᠭᠡ ᠵᠢᠷᠤᠭ︾ ᠪᠠ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠠᠪᠴᠠᠩ ᠢ | ᠪᠠᠶᠢᠭᠤᠯᠪᠠ᠃ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠨᠢ ᠠᠯᠬᠤᠮ ᠠᠯᠬᠤᠮ ᠢᠶᠠᠷ ᠪᠣᠯᠪᠠᠰᠤᠷᠠᠩᠭᠤᠢ ᠪᠣᠯᠵᠤ | ᠪᠠᠶᠢᠭ᠎ᠠ ᠥᠨᠳᠥᠷ ᠢᠯᠭᠠᠮᠵᠢᠲᠤ ᠳᠠᠭᠠᠭᠤᠯᠢ ᠣᠳᠣ᠂ ᠵᠢᠯᠣᠭᠤᠴᠢ ᠦᠭᠡᠢ ᠨᠢᠰᠬᠡᠯ ᠵᠡᠷᠭᠡ ᠠᠯᠤᠰ ᠮᠡᠳᠡᠷᠡᠮᠵᠢ ᠪᠠᠷ | ᠬᠡᠮᠵᠢᠨ ᠵᠢᠷᠤᠭᠯᠠᠬᠤ ᠮᠡᠷᠭᠡᠵᠢᠯ ᠤᠨ ᠠᠰᠢᠭᠯᠠᠯᠲᠠ ᠶᠢ ᠴᠢᠩᠭᠠᠷᠠᠭᠤᠯᠵᠤ᠂ ᠲᠣᠮᠣ ᠳ᠋ᠠᠶᠢᠲ᠋ᠠ ᠪᠠ ᠡᠭᠦᠯᠡᠨ | ᠪᠣᠳᠣᠯᠲᠠ ᠶᠢᠨ ᠬᠥᠭᠵᠢᠨ ᠮᠠᠨᠳᠤᠭᠰᠠᠨ᠂ ᠵᠢᠴᠢ ᠠᠷᠪᠠᠨ ᠵᠢᠯ ᠤᠨ ᠲᠤᠷᠰᠢᠬᠢ ᠤᠯᠤᠰ ᠤᠨ ᠡᠯ᠎ᠡ ᠲᠥᠷᠥᠯ ᠤᠨ | ᠭᠠᠵᠠᠷ ᠰᠢᠷᠣᠢ ᠵᠢᠴᠢ ᠭᠠᠵᠠᠷ ᠵᠦᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠪᠣᠢ ᠪᠣᠯᠬᠤ ᠶᠢ ᠳᠠᠭᠠᠯᠳᠤᠨ᠂ | ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠨᠢ ᠴᠤ ᠨᠡᠩ ᠪᠦᠷᠢᠨ ᠲᠡᠭᠦᠯᠳᠡᠷ | ᠠᠵᠢᠯ ᠤᠨ ᠰᠢᠰᠲ᠋ᠧᠮᠵᠢ ᠶᠢ ᠪᠦᠷᠢᠯᠳᠦᠭᠦᠯᠵᠦ ᠪᠠᠶᠢᠭᠠᠳ ᠠᠵᠢᠯ ᠢᠶᠠᠨ ᠤᠷᠤᠭᠰᠢᠲᠠᠢ ᠥᠷᠨᠢᠭᠦᠯᠬᠦ ᠪᠠ ᠦᠷ᠎ᠡ | ᠪᠦᠲᠦᠭᠡᠯ ᠢ ᠥᠷᠭᠡᠨ ᠳᠡᠯᠭᠡᠷ ᠢᠶᠠᠷ ᠬᠡᠷᠡᠭᠯᠡᠪᠡ᠃ ᠪᠠᠶᠢᠴᠠᠭᠠᠯᠲᠠ ᠬᠢᠬᠦ ᠠᠷᠭ᠎ᠠ ᠪᠠᠷᠢᠯ ᠪᠠ ᠠᠷᠭ᠎ᠠ ᠬᠡᠯᠪᠡᠷᠢ ᠠᠴᠠ | ᠠᠪᠴᠤ ᠦᠵᠡᠪᠡᠯ᠂ ᠬᠤᠶᠠᠳᠤᠭᠠᠷ ᠤᠳᠠᠭᠠᠨ ᠤ ᠪᠠᠶᠢᠴᠠᠭᠠᠯᠲᠠ ᠨᠢ ᠥᠷᠨᠢᠭᠦᠯᠦᠭᠰᠡᠨ ᠴᠠᠭ ᠨᠢ ᠨᠡᠯᠢᠶᠡᠳ ᠡᠷᠲᠡ᠂ | ᠡᠯ᠎ᠡ ᠵᠦᠢᠯ ᠤᠨ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ ᠪᠣᠯᠵᠤ᠂ ᠶᠡᠬᠡᠩᠬᠢ ᠬᠡᠰᠡᠭ ᠨᠢ ᠠᠰ | ᠰᠡᠭᠦᠳᠡᠷᠯᠡᠭᠰᠡᠨ ᠵᠢᠷᠤᠭ ᠳᠦᠷᠰᠦ ᠪᠠᠷ ᠰᠠᠭᠤᠷᠢ ᠪᠣᠯᠭᠠᠨ᠂ ᠭᠠᠵᠠᠷ ᠰᠢᠷᠣᠢ ᠶᠢᠨ ᠲᠥᠷᠥᠯ ᠪᠠ ᠲᠠᠯᠠᠪᠠᠢ ᠳᠤ ᠬᠡᠰᠡᠭ | ᠳᠠᠷᠠᠭᠠᠯᠠᠨ ᠪᠣᠳᠠᠲᠠᠢ ᠭᠠᠵᠠᠷ ᠲᠤ ᠪᠠᠶᠢᠴᠠᠭᠠᠯᠲᠠ ᠬᠢᠪᠡ᠃ ᠭᠡᠲᠡᠯ᠎ᠡ ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠬᠠᠷᠢᠶᠠᠯᠠᠯ ᠢ ᠪᠠᠭᠲᠠᠭᠠᠭᠰᠠᠨ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠨᠢ ᠳᠠᠭᠠᠭᠤᠯᠢ ᠣᠳᠣᠨ ᠤ | ᠠᠯᠤᠰ ᠮᠡᠳᠡᠷᠡᠮᠵᠢ᠂ ᠮᠡᠳᠡᠭᠡ ᠵᠠᠩᠭᠢ ᠶᠢᠨ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠲᠠᠪᠴᠠᠩ᠂ ᠪᠣᠳᠠᠲᠠᠢ | ᠭᠠᠵᠠᠷ ᠲᠤ ᠪᠠᠶᠢᠴᠠᠭᠠᠨ ᠬᠠᠷᠭᠤᠭᠤᠯᠵᠤ ᠲᠡᠮᠳᠡᠭᠯᠡᠬᠦ ᠵᠡᠷᠭᠡ ᠠᠷᠭ᠎ᠠ ᠬᠡᠯᠪᠡᠷᠢ ᠶᠢ ᠪᠠᠭᠲᠠᠭᠠᠭᠰᠠᠨ ᠮᠡᠷᠭᠡᠵᠢᠯ ᠤᠨ ᠠᠷᠭ᠎ᠠ | ᠠᠪᠴᠠᠯ ᠢ ᠬᠡᠷᠡᠭᠯᠡᠨ ᠥᠷᠨᠢᠭᠦᠯᠪᠡ᠃ ᠡᠭᠦᠨ ᠳᠤ ᠬᠡᠷᠡᠭᠯᠡᠭᠰᠡᠨ ᠰᠢᠰᠲ᠋ᠧᠮ ᠤᠨ ᠪᠠᠶᠢᠭᠤᠯᠤᠯᠲᠠ ᠶᠢᠨ ᠮᠡᠷᠭᠡᠵᠢᠯ᠂ | ᠮᠡᠳᠡᠭᠡ ᠵᠠᠩᠭᠢ ᠶᠢᠨ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠮᠡᠷᠭᠡᠵᠢᠯ᠂ ᠵᠢᠴᠢ ᠣᠷᠣᠨ ᠨᠤᠲᠤᠭ ᠤᠨ ᠵᠠᠰᠠᠭ ᠤᠨ | ᠣᠷᠳᠣᠨ ᠤ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠤᠨ ᠬᠤᠭᠤᠷᠣᠨᠳᠤᠬᠢ ᠬᠠᠮᠲᠤᠷᠠᠯᠴᠠᠭᠰᠠᠨ ᠲᠤᠷᠰᠢᠯᠭ᠎ᠠ ᠨᠢ᠂ | ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠡ ᠶᠢᠨ ᠳᠡᠰ ᠳᠡᠪᠰᠢᠯᠲᠡ ᠳᠤ ᠴᠢᠬᠤᠯᠠ | ᠡᠳ᠋ ᠬᠥᠷᠥᠩᠭᠡ ᠪᠣᠯᠬᠤ ᠪᠣᠯᠣᠨ᠎ᠠ᠃ | ᠬᠥᠲᠥᠯᠥᠭᠴᠢ᠄ ᠡᠭᠦᠨ ᠠᠴᠠ ᠦᠵᠡᠬᠦ ᠳᠤ ᠮᠡᠷᠭᠡᠵᠢᠯ ᠤᠨ ᠲᠠᠯ᠎ᠠ ᠪᠠᠷ ᠭᠡᠰᠡᠨ ᠦᠭᠡᠢ ᠪᠠᠶᠢᠴᠠᠭᠠᠯᠲᠠ ᠶᠢᠨ | ᠠᠷᠭ᠎ᠠ ᠬᠡᠯᠪᠡᠷᠢ ᠶᠢᠨ ᠲᠠᠯ᠎ᠠ ᠪᠠᠷ ᠴᠤ ᠭᠡᠰᠡᠨ ᠦᠭᠡᠢ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠠᠵᠢᠯ ᠨᠢ ᠮᠠᠰᠢ ᠶᠡᠭᠡ ᠳᠡᠭᠡᠭᠰᠢᠯᠡᠯᠲᠡ ᠲᠠᠢ ᠪᠣᠯᠪᠠ᠃ ᠡᠨᠡ ᠬᠦ ᠵᠦᠢᠯ ᠤᠨ ᠠᠵᠢᠯ ᠢ | ᠬᠡᠵᠢᠶ᠎ᠡ ᠠᠴᠠ ᠡᠬᠢᠯᠡᠭᠦᠯᠦᠭᠰᠡᠨ ᠪᠣᠢ︖ ᠬᠡᠳᠦᠢ ᠬᠤᠭᠤᠴᠠᠭ᠎ᠠ ᠬᠡᠷᠡᠭᠯᠡᠨ ᠪᠡᠶᠡᠯᠡᠭᠦᠯᠬᠦ ᠪᠠᠷ ᠲᠥᠯᠥᠪᠯᠡᠵᠦ ᠪᠠᠶᠢᠬᠤ | ᠪᠣᠢ︖ | ᠵᠤᠤ ᠳ᠋ᠠ ᠶᠦᠩ᠄ ᠤᠯᠤᠰ ᠤᠨ ᠳᠡᠰ ᠳᠠᠪᠬᠤᠷᠭ᠎ᠠ ᠠᠴᠠ ᠪᠣᠯ 2017 ᠣᠨ ᠤ 10 ᠳ᠋ᠤᠭᠠᠷ ᠰᠠᠷ᠎ᠠ ᠶᠢᠨ | 9 ᠤ ᠡᠳᠦᠷ ᠠᠴᠠ ᠡᠬᠢᠯᠡᠭᠦᠯᠵᠦ᠂ 2019 ᠣᠨ ᠤ ᠰᠡᠭᠦᠯᠴᠢ ᠪᠠᠷ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠵᠦ᠂ 2020 ᠣᠨ ᠳᠤ ᠪᠦᠬᠦ ᠤᠯᠤᠰ ᠤᠨ ᠤᠯᠤᠰ ᠤᠨ | ᠭᠠᠵᠠᠷ ᠰᠢᠷᠣᠢ ᠶᠢᠨ ᠪᠠᠶᠢᠭᠤᠯᠤᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠳ᠋ᠦᠩᠨᠡᠬᠦ ᠶᠢᠨ ᠬᠠᠮᠲᠤ᠂ ᠪᠦᠬᠦ | ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ | ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ ᠨᠢᠭᠡᠨᠲᠡ ᠬᠠᠮᠢᠶ᠎ᠠ | ᠪᠦᠬᠦᠢ ᠪᠡᠯᠡᠳᠬᠡᠯ ᠠᠵᠢᠯ ᠢ ᠪᠡᠶᠡᠯᠡᠭᠦᠯᠵᠦ᠂ ᠪᠣᠳᠠᠲᠠᠢ ᠪᠠᠷ ᠪᠠᠶᠢᠴᠠᠭᠠᠯᠲᠠ ᠬᠢᠬᠦ ᠱᠠᠲᠤᠨ ᠳᠤ ᠣᠷᠣᠪᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠰᠢᠶᠠᠨ ᠤ ᠱᠠᠲᠤᠨ ᠤ ᠬᠢᠨ ᠤᠯᠤᠰ ᠠᠴᠠ ᠲᠠᠷᠬᠠᠭᠠᠭᠰᠠᠨ ᠪᠠᠶᠢᠴᠠᠭᠠᠯᠲᠠ ᠶᠢᠨ | ᠰᠠᠭᠤᠷᠢ ᠵᠢᠷᠤᠭ ᠢ ᠲᠣᠰᠣᠭᠰᠠᠨ 3 ᠰᠠᠷ᠎ᠠ ᠶᠢᠨ ᠳᠣᠲᠣᠷ᠎ᠠ᠂ ᠰᠢᠶᠠᠨ ᠤ ᠱᠠᠲᠤᠨ ᠤ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ᠂ ᠲᠣᠭᠲᠠᠭᠰᠠᠨ ᠴᠠᠭ ᠶᠣᠰᠣᠭᠠᠷ ᠥᠪᠡᠷᠲᠡᠭᠡᠨ ᠵᠠᠰᠠᠬᠤ | ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠯᠪᠠᠨ | ᠭᠡᠷ ᠲᠤ ᠮᠡᠳᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠯᠪᠠᠨ ᠭᠡᠷ ᠤᠨ ᠬᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢ | ᠮᠡᠳᠡᠭᠦᠯᠦᠭᠰᠡᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠲᠣᠰᠣᠭᠰᠠᠨ 2 | ᠰᠠᠷ᠎ᠠ ᠶᠢᠨ ᠳᠣᠲᠣᠷ᠎ᠠ᠂ ᠮᠤᠵᠢ ᠶᠢᠨ ᠱᠠᠲᠤᠨ ᠤ ᠪᠦᠬᠦ ᠲᠠᠯ᠎ᠠ ᠶᠢᠨ ᠪᠠᠶᠢᠴᠠᠭᠠᠯᠲᠠ ᠪᠠ ᠴᠡᠭᠴᠡᠯᠡᠨ ᠥᠭᠡᠷᠡᠴᠢᠯᠡᠬᠦ | ᠠᠵᠢᠯ ᠢ ᠪᠡᠶᠡᠯᠡᠭᠦᠯᠬᠦ ᠶᠢᠨ ᠬᠠᠮᠲᠤ᠂ ᠲᠣᠭᠲᠠᠭᠰᠠᠨ ᠴᠠᠭ ᠶᠣᠰᠣᠭᠠᠷ ᠪᠦᠬᠦ ᠤᠯᠤᠰ ᠤᠨ ᠭᠤᠷᠪᠠᠳᠤᠭᠠᠷ ᠤᠳᠠᠭᠠᠨ ᠤ | ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠯᠪᠠᠨ ᠭᠡᠷ ᠳᠤ ᠮᠡᠳᠡᠭᠦᠯᠦᠨ᠎ᠡ᠃ ᠪᠣᠳᠠᠲᠠᠢ ᠪᠠᠷ | ᠠᠪᠴᠤ ᠬᠡᠯᠡᠪᠡᠯ ᠳᠠᠷᠤᠢ 2019 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠡᠯ᠎ᠡ ᠬᠤᠰᠢᠭᠤ | ᠰᠢᠶᠠᠨ ᠤ ᠬᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠨ | ᠳᠡᠭᠡᠭᠰᠢ ᠮᠡᠳᠡᠭᠦᠯᠵᠦ᠂ 2019 ᠣᠨ ᠤ 5 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ | ᠵᠠᠰᠠᠬᠤ ᠣᠷᠣᠨ ᠤ ᠱᠠᠲᠤᠨ ᠤ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ ᠲᠤᠭ᠎ᠠ ᠪᠠᠷᠢᠮᠲᠠ ᠪᠠᠨ | ᠤᠯᠤᠰ ᠲᠤ ᠮᠡᠳᠡᠭᠦᠯᠦᠨ᠎ᠡ᠃ | ᠬᠥᠲᠥᠯᠥᠭᠴᠢ᠄ ᠡᠭᠦᠨ ᠠᠴᠠ ᠦᠵᠡᠬᠦ ᠳᠤ ᠴᠠᠭ ᠨᠢ ᠨᠡᠯᠢᠶᠡᠳ ᠪᠠᠴᠢᠮ ᠪᠠᠶᠢᠨ᠎ᠠ᠃ ᠲᠡᠭᠡᠪᠡᠯ ᠮᠠᠨ ᠤ | ᠥᠪᠡᠷᠲᠡᠭᠡᠨ ᠵᠠᠰᠠᠬᠤ ᠣᠷᠣᠨ ᠤ ᠣᠳᠣᠬᠠᠨ ᠤ ᠠᠵᠢᠯ ᠤᠨ ᠠᠬᠢᠯᠲᠠ ᠶᠢᠨ ᠪᠠᠶᠢᠳᠠᠯ ᠨᠢ ᠶᠠᠮᠠᠷ ᠪᠣᠢ︖ | ᠵᠤᠤ ᠳ᠋ᠠ ᠶᠦᠩ᠄ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ | ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠨᠢ ᠶᠠᠭ ᠰᠠᠶᠢᠬᠠᠨ ᠡᠮᠬᠢ ᠵᠢᠷᠤᠮ ᠲᠠᠢ ᠶᠠᠪᠤᠭᠳᠠᠵᠤ | ᠪᠠᠶᠢᠨ᠎ᠠ᠃ ᠪᠦᠬᠦ ᠠᠶᠢᠮᠠᠭ ᠬᠤᠲᠠ᠂ ᠬᠤᠰᠢᠭᠤ ᠰᠢᠶᠠᠨ ᠳᠤ ᠪᠦᠷ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠᠶᠢᠭᠤᠯᠤᠮᠵᠢ ᠪᠠᠶᠢᠭᠤᠯᠵᠤ᠂ ᠴᠠᠭ ᠲᠤᠬᠠᠢ ᠳᠤ ᠨᠢ ᠠᠵᠢᠯ ᠢᠶᠠᠨ ᠪᠠᠶᠢᠷᠢᠯᠠᠭᠤᠯᠤᠭᠰᠠᠨ ᠤ ᠬᠠᠮᠲᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢ ᠤᠯᠠᠮᠵᠢᠯᠠᠨ ᠨᠠᠶᠢᠳᠠᠪᠤᠷᠢᠵᠢᠭᠤᠯᠪᠠ᠃ | ᠪᠢᠳᠡ ᠨᠢᠭᠡᠨᠲᠡ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠬᠡᠷᠡᠭᠵᠢᠭᠦᠯᠬᠦ | ᠲᠥᠰᠥᠯ ᠢ ᠨᠠᠶᠢᠷᠠᠭᠤᠯᠤᠨ ᠵᠣᠬᠢᠶᠠᠭᠰᠠᠨ ᠤ ᠬᠠᠮᠲᠤ ᠳᠠᠷᠤᠮᠠᠯᠯᠠᠨ ᠲᠠᠷᠬᠠᠭᠠᠬᠤ ᠶᠢ ᠪᠡᠶᠡᠯᠡᠭᠦᠯᠵᠦ᠂ ᠣᠳᠣᠬᠠᠨ ᠳᠤ | ᠶᠠᠭ ᠰᠠᠶᠢᠬᠠᠨ ᠤᠯᠤᠰ ᠤᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠡᠷᠡᠭᠵᠢᠭᠦᠯᠬᠦ ᠲᠥᠰᠥᠯ ᠢ ᠦᠨᠳᠦᠰᠦᠯᠡᠨ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ ᠳᠤ ᠵᠠᠰᠠᠪᠤᠷᠢ ᠣᠷᠣᠭᠤᠯᠵᠤ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠵᠠᠷᠤᠳᠠᠯ ᠤᠨ ᠶᠡᠷᠦᠩᠬᠡᠢ ᠥᠪᠡᠷ ᠤᠨ | ᠥᠷᠲᠡᠭ ᠲᠤ ᠰᠢᠨᠵᠢᠯᠡᠯᠲᠡ ᠪᠣᠳᠣᠯᠲᠠ ᠬᠢᠭᠰᠡᠨ ᠤ ᠬᠠᠮᠲᠤ᠂ ᠵᠠᠷᠤᠳᠠᠯ ᠢ ᠰᠢᠨᠵᠢᠯᠡᠨ ᠪᠣᠳᠣᠬᠤ ᠶᠢᠨ ᠵᠢᠯᠣᠭᠤᠳᠬᠤ | ᠰᠠᠨᠠᠯ ᠢ ᠲᠣᠭᠲᠠᠭᠠᠭᠰᠠᠨ ᠪᠠ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠭᠤᠷᠪᠠᠳᠤᠭᠠᠷ ᠤᠳᠠᠭᠠᠨ ᠤ | ᠪᠠᠶᠢᠴᠠᠭᠠᠯᠲᠠ ᠶᠢᠨ ᠠᠵᠢᠯ ᠤᠨ ᠵᠠᠷᠤᠳᠠᠯ ᠢ ᠰᠢᠮᠳᠠᠭᠤᠯᠤᠨ ᠨᠠᠶᠢᠳᠠᠪᠤᠷᠢᠵᠢᠭᠤᠯᠪᠠ᠃ ᠣᠳᠣᠬᠠᠨ ᠳᠤ 2018 ᠣᠨ ᠤ | ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠷᠤᠳᠠᠯ ᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠵᠤ᠂ ᠬᠤᠰᠢᠭᠤ | ᠰᠢᠶᠠᠨ ᠳᠤ ᠨᠥᠬᠦᠪᠦᠷᠢᠯᠡᠬᠦ ᠵᠠᠷᠤᠳᠠᠯ ᠢ ᠴᠤ ᠪᠦᠬᠦᠨ ᠢ ᠪᠠᠭᠤᠯᠭᠠᠪᠠ᠃ ᠭᠤᠷᠪᠠᠳᠤᠭᠠᠷ ᠤᠳᠠᠭᠠᠨ ᠤ ᠤᠯᠤᠰ ᠤᠨ | ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠤᠷᠢᠳ ᠢᠶᠠᠷ ᠥᠷᠨᠢᠭᠦᠯᠦᠭᠰᠡᠨ ᠬᠤᠰᠢᠭᠤ ᠰᠢᠶᠠᠨ ᠨᠢ ᠨᠢᠭᠡᠨᠲᠡ | ᠪᠠᠶᠢᠴᠠᠭᠠᠯᠲᠠ ᠶᠢᠨ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠤᠳᠠᠭᠠᠨ ᠤ ᠪᠠᠶᠢᠴᠠᠭᠠᠯᠲᠠ ᠶᠢᠨ ᠠᠵᠢᠯ ᠳᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ | ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ | ᠲᠣᠪᠴᠢᠶ᠎ᠠ ᠶᠢ ᠵᠣᠬᠢᠶᠠᠨ ᠪᠠᠶᠢᠭᠤᠯᠵᠤ ᠰᠠᠭᠤᠷᠢ ᠳ᠋ᠠᠶᠢᠲ᠋ᠠ ᠶᠢᠨ ᠰᠣᠯᠪᠢᠴᠠᠯ ᠢ ᠰᠣᠯᠢᠯᠴᠠᠭᠤᠯᠬᠤ ᠪᠠ ᠥᠨᠳᠥᠷ | ᠢᠯᠭᠠᠮᠵᠢᠲᠤ ᠵᠢᠷᠤᠭ ᠳᠦᠷᠰᠦ ᠶᠢᠨ ᠳ᠋ᠠᠶᠢᠲ᠋ᠠ ᠶᠢ ᠪᠣᠯᠪᠠᠰᠤᠷᠠᠭᠤᠯᠬᠤ ᠠᠵᠢᠯ ᠢ ᠪᠡᠶᠡᠯᠡᠭᠦᠯᠵᠦ᠂ ᠬᠠᠮᠢᠶ᠎ᠠ ᠪᠦᠬᠦᠢ | ᠳ᠋ᠠᠶᠢᠲ᠋ᠠ ᠶᠢ ᠨᠢᠭᠡᠨᠲᠡ 9 ᠳ᠋ᠦ᠋ᠭᠡᠷ ᠰᠠᠷ᠎ᠠ ᠶᠢᠨ 13 ᠤ ᠡᠳᠦᠷ ᠠᠴᠠ ᠡᠬᠢᠯᠡᠨ ᠬᠤᠰᠢᠭᠤ ᠰᠢᠶᠠᠨ ᠳᠤ ᠪᠠᠭᠤᠯᠭᠠᠪᠠ᠃ | ᠣᠳᠣᠬᠠᠨ ᠳᠤ ᠪᠦᠬᠦ ᠬᠤᠰᠢᠭᠤ ᠰᠢᠶᠠᠨ ᠤ ᠬᠢᠨ ᠨᠢᠭᠡᠨᠲᠡ ᠥᠪᠡᠷᠲᠡᠭᠡᠨ ᠵᠠᠰᠠᠬᠤ ᠣᠷᠣᠨ ᠠᠴᠠ ᠲᠠᠷᠬᠠᠭᠠᠭᠰᠠᠨ | ᠳ᠋ᠠᠶᠢᠲ᠋ᠠ ᠶᠢ ᠦᠨᠳᠦᠰᠦᠯᠡᠵᠦ ᠬᠤᠰᠢᠭᠤ ᠰᠢᠶᠠᠨ ᠤ ᠱᠠᠲᠤᠨ ᠤ ᠪᠠᠶᠢᠴᠠᠭᠠᠯᠲᠠ ᠶᠢᠨ ᠵᠠᠭᠠᠭ ᠬᠢᠵᠠᠭᠠᠷ ᠤᠨ ᠵᠢᠷᠤᠭ ᠢ | ᠪᠠᠭᠤᠯᠭᠠᠬᠤ ᠠᠵᠢᠯ ᠢ ᠡᠬᠢᠯᠡᠭᠦᠯᠪᠡ᠃ 103 ᠬᠤᠰᠢᠭᠤ ᠰᠢᠶᠠᠨ ᠨᠢ ᠪᠦᠷ ᠳᠠᠭᠠᠭᠠᠴᠢᠯᠠᠯᠲᠠ ᠵᠠᠷᠯᠠᠬᠤ ᠠᠵᠢᠯ ᠢ | ᠪᠡᠶᠡᠯᠡᠭᠦᠯᠦᠨ᠂ 56 ᠮᠡᠷᠭᠡᠵᠢᠯ ᠤᠨ ᠡᠩᠨᠡᠭᠡ ᠶᠢ ᠲᠣᠭᠲᠠᠭᠠᠵᠤ᠂ ᠣᠳᠣᠬᠠᠨ ᠳᠤ ᠮᠡᠷᠭᠡᠵᠢᠯ ᠤᠨ ᠨᠢᠭᠡᠴᠢ ᠶᠢᠨ ᠬᠢᠨ ᠤ | ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠪᠦᠷᠢᠳᠬᠡᠨ ᠳᠠᠩᠰᠠᠯᠠᠭᠤᠯᠵᠤ᠂ ᠬᠢᠨᠠᠨ ᠬᠠᠷᠭᠤᠭᠤᠯᠬᠤ ᠠᠵᠢᠯ ᠨᠢ | ᠨᠢᠭᠡᠨᠲᠡ ᠰᠢᠪᠲᠤᠷᠠᠭᠠᠨ ᠳᠤ ᠪᠠᠨ ᠣᠷᠣᠪᠠ᠃ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠢ | ᠪᠠᠲᠤᠯᠠᠬᠤ ᠶᠢᠨ ᠲᠤᠰᠠᠳᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠬᠠᠮᠢᠶᠠᠷᠤᠯᠲᠠ ᠶᠢᠨ ᠠᠵᠢᠯᠲᠠᠳ ᠪᠠ | ᠪᠠᠶᠢᠴᠠᠭᠠᠯᠲᠠ ᠶᠢᠨ ᠨᠢᠭᠡᠴᠢ ᠶᠢᠨ ᠮᠡᠷᠭᠡᠵᠢᠯ ᠤᠨ ᠠᠵᠢᠯᠲᠠᠳ ᠳᠤ ᠤᠷᠢᠳ ᠬᠤᠵᠢᠳ 8 ᠬᠤᠭᠤᠴᠠᠭᠠᠨ ᠤ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠰᠢᠯᠭᠠᠯᠲᠠ ᠬᠢᠵᠦ᠂ ᠪᠣᠯᠪᠠᠰᠤᠷᠠᠭᠤᠯᠤᠯ ᠬᠦᠷᠲᠡᠭᠰᠡᠨ | ᠬᠥᠮᠥᠨ ᠤ ᠲᠤᠭ᠎ᠠ 2440 ᠬᠥᠮᠥᠨ ᠳᠤ ᠬᠦᠷᠪᠡ᠃ ᠣᠳᠣᠬᠠᠨ ᠳᠤ ᠪᠦᠬᠦ ᠣᠷᠣᠨ ᠤ ᠪᠦᠬᠦ ᠬᠤᠰᠢᠭᠤ ᠰᠢᠶᠠᠨ ᠨᠢ | ᠨᠢᠭᠡᠨᠲᠡ ᠪᠠᠶᠢᠴᠠᠭᠠᠯᠲᠠ ᠬᠢᠬᠦ ᠱᠠᠲᠤᠨ ᠳᠤ ᠣᠷᠣᠪᠠ᠂ ᠤᠴᠢᠷ ᠨᠢ ᠮᠠᠨ ᠤ ᠥᠪᠡᠷᠲᠡᠭᠡᠨ ᠵᠠᠰᠠᠬᠤ ᠣᠷᠣᠨ ᠤ ᠲᠠᠯᠠᠪᠠᠢ | ᠬᠠᠷᠢᠴᠠᠩᠭᠤᠢ ᠶᠡᠭᠡ᠂ ᠡᠭᠦᠨ ᠤ ᠳᠡᠭᠡᠷ᠎ᠡ ᠵᠡᠭᠦᠨ ᠬᠤᠶᠢᠲᠤ ᠶᠢᠨ ᠭᠠᠵᠠᠷ ᠣᠷᠣᠨ ᠤ ᠠᠭᠤᠷ ᠠᠮᠢᠰᠬᠤᠯ ᠤᠨ | ᠣᠨᠴᠠᠯᠢᠭ ᠠᠴᠠ ᠪᠣᠯᠵᠤ᠂ ᠬᠢᠷᠠᠭᠤ ᠦᠭᠡᠢ ᠬᠤᠭᠤᠴᠠᠭ᠎ᠠ ᠨᠢ ᠨᠡᠯᠢᠶᠡᠳ ᠣᠬᠤᠷ᠂ ᠪᠦᠲᠦᠮᠵᠢᠲᠡᠢ ᠪᠠᠷ ᠪᠠᠶᠢᠴᠠᠭᠠᠯᠲᠠ | ᠬᠢᠬᠦ ᠴᠠᠭ ᠨᠢ ᠴᠤ ᠨᠡᠯᠢᠶᠡᠳ ᠣᠬᠤᠷ ᠪᠣᠯᠬᠤᠷ᠂ ᠪᠢᠳᠡ ᠣᠳᠣ ᠪᠠᠶᠢᠴᠠᠭᠠᠯᠲᠠ ᠬᠢᠬᠦ ᠴᠠᠭ ᠢ ᠲᠡᠮᠡᠴᠡᠨ᠂ | ᠠᠵᠢᠯ ᠢᠶᠠᠨ ᠠᠯᠢ ᠴᠢᠳᠠᠬᠤ ᠪᠠᠷ ᠤᠷᠢᠳᠴᠢᠯᠠᠨ ᠬᠢᠵᠦ ᠪᠠᠶᠢᠨ᠎ᠠ᠃ | ᠬᠥᠲᠥᠯᠥᠭᠴᠢ᠄ ᠪᠢᠳᠡ ᠨᠢᠭᠡᠨᠲᠡ ᠣᠶᠢᠯᠠᠭᠠᠪᠠ᠂ ᠡᠭᠦᠨ ᠠᠴᠠ ᠦᠵᠡᠬᠦ ᠳᠤ ᠥᠪᠡᠷᠲᠡᠭᠡᠨ ᠵᠠᠰᠠᠬᠤ | ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠨᠢᠭᠡᠨᠲᠡ ᠬᠦᠷ | ᠬᠥᠭᠵᠢᠶᠡᠨ ᠲᠠᠢ ᠪᠠᠷ ᠥᠷᠨᠢᠵᠦ ᠡᠬᠢᠯᠡᠪᠡ᠃ | ᠵᠤᠤ ᠳ᠋ᠠ ᠶᠦᠩ᠄ ᠰᠦᠯᠵᠢᠶᠡᠨ ᠤ ᠠᠨᠳᠠ ᠨᠠᠷ ᠤᠨ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ | ᠠᠵᠢᠯ᠂ ᠣᠨᠴᠠᠭᠠᠶᠢᠯᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠪᠠᠶᠢᠭᠠᠯᠢ ᠶᠢᠨ ᠡᠬᠢ ᠪᠠᠶᠠᠯᠢᠭ ᠤᠨ | ᠠᠵᠢᠯ ᠤᠨ ᠳᠡᠮᠵᠢᠯᠭᠡ ᠳᠤ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠵᠤᠤ ᠲᠢᠩᠬᠢᠮ ᠤᠨ ᠳᠠᠷᠤᠭ᠎ᠠ ᠶᠢᠨ ᠰᠤᠷᠪᠤᠯᠵᠢᠯᠠᠭ᠎ᠠ ᠶᠢᠨ ᠪᠣᠯᠣᠩ ᠳᠤ ᠮᠣᠷᠢᠯᠠᠨ | ᠰᠠᠭᠠᠲᠠᠭᠰᠠᠨ ᠳᠤ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠪᠠᠶᠠᠷᠯᠠᠯ᠎ᠠ᠂ | ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |