| ᠰᠤᠷᠪᠤᠯᠵᠢᠯᠠᠭᠰᠠᠨ ᠴᠠᠭ᠄ 2018 ᠣᠨ ᠤ 12 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠶᠡᠷᠦᠩᠬᠡᠢ ᠱᠦᠵᠢ ᠰᠢ ᠶᠢᠨ ᠫᠢᠩ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ | ᠬᠢᠨᠠᠨ ᠵᠥᠪᠯᠡᠭᠦᠯᠬᠦ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠳᠤ ︽ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠬᠦ ᠳᠣᠲᠣᠨᠣ ᠬᠦᠰᠡᠯ ᠱᠠᠭᠠᠷᠳᠠᠯᠭ᠎ᠠ ᠳᠤᠷᠠᠳᠴᠤ᠂ ᠰᠢᠨ᠎ᠡ ᠴᠠᠭ | ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ | ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠴᠢ ᠶᠢᠨ ᠢᠦᠢ ᠶᠢ ᠤᠷᠢᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ | ᠲᠤᠬᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ | ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ | ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ︽ | ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ︾ ᠭᠡᠬᠦ ᠳᠣᠲᠣᠨᠣ ᠬᠦᠰᠡᠯ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ | ᠵᠦᠭᠯᠡᠭᠦᠷ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ | ᠲᠤᠬᠠᠢ ᠰᠠᠨᠠᠯ ᠰᠣᠯᠢᠯᠴᠠᠭᠤᠯᠬᠤ ᠪᠠᠷ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠶᠢ ᠤᠷᠢᠨ | ᠠᠪᠴᠢᠷᠠᠪᠠ᠃ ᠴᠢ ᠡᠷᠬᠢᠯᠡᠭᠴᠢ ᠰᠠᠶᠢᠨ ᠪᠠᠶᠢᠨ᠎ᠠ ᠦᠦ︖ | ᠴᠢ ᠶᠢᠨ ᠢᠦᠢ᠄ ᠬᠥᠲᠥᠯᠥᠭᠴᠢ ᠰᠠᠶᠢᠨ ᠪᠠᠶᠢᠨ᠎ᠠ ᠦᠦ︖ | ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ | ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ᠂ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ᠂ ᠦᠨᠳᠦᠰᠦᠨ ᠵᠦᠢᠯ ᠨᠢ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠬᠦ ᠳᠤ ᠪᠠᠶᠢᠳᠠᠭ ᠭᠡᠵᠦ ᠴᠢᠬᠤᠯᠠᠴᠢᠯᠠᠪᠠ᠃ | ᠲᠡᠭᠡᠪᠡᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠶᠢᠰᠢᠳᠠ ᠶᠢᠨ | ᠠᠵᠢᠯ ᠳᠤ ᠪᠠᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠡᠷᠬᠢᠨ ᠪᠠᠷᠢᠮᠲᠠᠯᠠᠬᠤ ᠪᠠ | ᠲᠡᠭᠦᠯᠳᠡᠷᠵᠢᠭᠦᠯᠬᠦ ᠪᠣᠢ︖ | ᠴᠢ ᠶᠢᠨ ᠢᠦᠢ᠄ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ | ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠨᠳᠦᠰᠦᠲᠡᠨ ᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠣᠶᠢᠯᠠᠭᠠᠨ᠂ ᠨᠠᠮ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠤᠶᠠᠷ ᠲᠤ᠂ | ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠪᠠ ᠰᠠᠶᠢᠲᠤᠷ ᠬᠡᠷᠡᠭᠵᠢᠭᠦᠯᠦᠨ᠎ᠡ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠵᠢᠯᠴᠠᠵᠤ ᠴᠥᠭᠡᠨ | ᠲᠣᠭᠠᠲᠤ ᠦᠨᠳᠦᠰᠦᠲᠡᠨ ᠤ ᠺᠠᠳ᠋ᠷ ᠴᠢᠳᠠᠪᠤᠷᠢᠲᠠᠨ ᠪᠠ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠺᠠᠳ᠋ᠷ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ ᠳᠥᠷᠪᠡ ᠳᠤ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ | ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠶᠢ | ᠥᠷᠨᠢᠭᠦᠯᠵᠦ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠭᠠᠳᠠᠭᠤᠷᠴᠢᠯᠠᠯ ᠤᠨ ᠴᠢᠨᠠᠷᠲᠠᠢ ᠦᠭᠡ | ᠶᠠᠷᠢᠶ᠎ᠠ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠵᠠᠰᠠᠨ ᠵᠠᠯᠠᠷᠠᠭᠤᠯᠤᠨ᠎ᠠ᠃ | ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ | ᠦᠨᠳᠦᠰᠦᠲᠡᠨ ᠤ ᠬᠡᠷᠡᠭ ᠶᠠᠪᠤᠳᠠᠯ ᠳᠤ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠶᠢᠨ ᠪᠠᠶᠢᠭᠤᠯᠤᠯᠲᠠ ᠪᠠᠨ | ᠬᠡᠷᠬᠢᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠪᠣᠢ︖ | ᠴᠢ ᠶᠢᠨ ᠢᠦᠢ᠄ ᠨᠢᠭᠡ ᠳᠤ᠂ ᠦᠨᠳᠦᠰᠦᠨ ᠬᠠᠤᠯᠢ ᠪᠠ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ ᠶᠢᠨ ᠰᠤᠷᠤᠯᠴᠠᠯᠭ᠎ᠠ ᠶᠢ ᠴᠢᠩᠭᠠᠳᠬᠠᠨ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠵᠠᠰᠠᠯᠲᠠ ᠬᠢᠵᠦ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠰᠠᠨᠠᠯ ᠤᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠪᠠ ᠬᠢᠷᠢ | ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠶᠠᠷ ᠲᠤ᠂ ᠬᠠᠮᠢᠶ᠎ᠠ ᠪᠦᠬᠦᠢ ᠬᠠᠤᠯᠢ ᠴᠠᠭᠠᠵᠠ | ᠳᠦᠷᠢᠮ ᠲᠣᠭᠲᠠᠭᠠᠯ ᠢ ᠪᠦᠷᠢᠨᠰᠢᠭᠦᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠠᠯᠤ ᠶᠢᠨ | ᠢᠳᠡᠭᠡᠨ ᠤ ᠳᠦᠷᠢᠮ︾ ᠵᠡᠷᠭᠡ ᠣᠷᠣᠨ ᠨᠤᠲᠤᠭ ᠤᠨ ᠬᠠᠤᠯᠢ ᠲᠣᠭᠲᠠᠭᠠᠯ ᠢ ᠲᠣᠭᠲᠠᠭᠠᠬᠤ ᠶᠢ ᠢᠳᠡᠪᠬᠢᠲᠡᠢ | ᠠᠬᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠦᠰᠦᠭ ᠪᠢᠴᠢᠭ ᠤᠨ | ᠠᠵᠢᠯ ᠤᠨ ᠳᠦᠷᠢᠮ︾ ᠤᠨ ᠲᠥᠬᠦᠷ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠣᠭᠲᠠᠭᠠᠨ ᠨᠡᠶᠢᠲᠡᠯᠡᠬᠦ ᠶᠢ | ᠢᠳᠡᠪᠬᠢᠲᠡᠢ ᠠᠬᠢᠭᠤᠯᠵᠤ᠂ ᠡᠯ᠎ᠡ ᠭᠠᠵᠠᠷ ᠤᠨ ᠬᠢᠨ ᠤ ᠦᠨᠳᠦᠰᠦᠲᠡᠨ ᠤ ᠪᠦᠯᠬᠦᠮᠳᠡᠯ ᠢ ᠲᠣᠰᠬᠤᠨ ᠤ ᠲᠣᠭᠲᠠᠭᠠᠯ | ᠠᠷᠠᠳ ᠤᠨ ᠭᠡᠷ᠎ᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠦᠷᠢᠮ᠂ ᠣᠷᠣᠨ ᠨᠤᠲᠤᠭ ᠤᠨ | ᠲᠣᠭᠲᠠᠭᠠᠯ ᠳᠦᠷᠢᠮ ᠳᠤ ᠪᠠᠨ ᠣᠷᠣᠭᠤᠯᠬᠤ ᠶᠢ ᠢᠳᠡᠪᠬᠢᠲᠡᠢ ᠠᠬᠢᠭᠤᠯᠤᠨ᠎ᠠ᠃ ᠭᠤᠷᠪᠠ ᠳᠤ᠂ ᠬᠠᠤᠯᠢ | ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠠᠰᠢᠭ | ᠲᠤᠰᠠ ᠶᠢᠨ ᠭᠤᠮᠣᠳᠠᠯ ᠲᠣᠭᠠᠴᠢᠯᠲᠠ ᠪᠠᠨ ᠬᠠᠤᠯᠢ ᠶᠣᠰᠣᠭᠠᠷ ᠢᠯᠡᠳᠬᠡᠬᠦ ᠠᠷᠭ᠎ᠠ ᠵᠠᠮ ᠢ ᠰᠢᠯᠤᠭᠤᠬᠠᠨ | ᠨᠡᠪᠲᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠪᠠᠲᠤᠯᠠᠨ᠎ᠠ᠃ ᠳᠥᠷᠪᠡ ᠳᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ | ᠮᠥᠷᠭᠦᠯᠳᠦᠭᠡᠨ ᠢ ᠵᠢᠭᠰᠠᠭᠠᠨ ᠪᠠᠶᠢᠴᠠᠭᠠᠵᠤ ᠨᠠᠮᠳᠠᠭᠠᠬᠤ ᠠᠵᠢᠯ ᠢ ᠴᠢᠩᠭᠠᠳᠬᠠᠨ᠂ ᠦᠨᠳᠦᠰᠦᠲᠡᠨ ᠤ ᠬᠠᠷᠢᠴᠠᠭ᠎ᠠ ᠶᠢ | ᠬᠢᠨᠠᠨ ᠰᠢᠨᠵᠢᠵᠦ ᠦᠨᠡᠯᠡᠨ ᠵᠢᠱᠢᠬᠦ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠬᠠᠤᠯᠢ ᠶᠣᠰᠣᠭᠠᠷ ᠵᠣᠬᠢᠰᠲᠠᠢ | ᠰᠢᠢᠳᠪᠦᠷᠢᠯᠡᠨ᠎ᠡ᠃ | ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ ᠶᠢᠨ ᠰᠠᠭᠤᠷᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ | ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠶᠣᠨ ᠰᠠᠨᠠᠭᠠᠨ ᠤ ᠬᠠᠮᠲᠤ ᠶᠢᠨ ᠭᠡᠷ ᠣᠷᠣᠨ ᠢ ᠪᠦᠲᠦᠭᠡᠨ | ᠪᠠᠶᠢᠭᠤᠯᠬᠤ ᠳᠤ ᠪᠠᠶᠢᠳᠠᠭ ᠭᠡᠵᠡᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠠᠴᠠ ᠬᠤᠶᠢᠰᠢᠳᠠ ᠶᠢᠨ ᠠᠵᠢᠯ ᠳᠤ ᠪᠠᠨ ᠡᠨᠡ ᠬᠦ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠢ︖ | ᠴᠢ ᠶᠢᠨ ᠢᠦᠢ᠄ ᠨᠢᠭᠡ ᠳᠤ᠂ ᠣᠯᠠᠨ ᠵᠦᠢᠯ ᠤᠨ ᠬᠡᠯᠪᠡᠷᠢ ᠪᠠᠷ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠵᠢᠯᠯᠠᠭᠠᠨ ᠤ ᠰᠠᠷ᠎ᠠ᠂ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭᠠᠨ ᠵᠡᠷᠭᠡ ᠠᠴᠢᠶᠠᠯᠠᠭᠴᠢ ᠶᠢᠨ ᠲᠠᠪᠴᠠᠩ ᠢᠶᠠᠷ | ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ | ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠥᠵᠢᠯ ᠢ ᠭᠦᠨᠵᠡᠭᠡᠢ ᠥᠷᠨᠢᠭᠦᠯᠵᠦ᠂ | ᠤᠬᠠᠭᠤᠯᠭ᠎ᠠ ᠬᠥᠮᠥᠵᠢᠯ ᠤᠨ ᠴᠢᠭᠯᠡᠯᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨ ᠬᠦ | ᠴᠢᠩᠭᠠᠷᠠᠭᠤᠯᠤᠨ᠎ᠠ᠃ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠠᠮᠵᠢᠯᠠᠯᠲᠤ | ᠵᠠᠭᠤᠴᠢᠯᠠᠭᠤᠷ ᠤᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠰᠢᠨ᠎ᠡ | ᠵᠠᠭᠤᠴᠢᠯᠠᠭᠤᠷ ᠢ ᠢᠳᠡᠪᠬᠢᠲᠡᠢ ᠳᠡᠯᠭᠡᠷᠡᠭᠦᠯᠬᠦ ᠪᠠ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠦᠨᠳᠦᠰᠦᠲᠡᠨ ᠤ | ᠪᠦᠯᠬᠦᠮᠳᠡᠯ︾ ᠤᠨ ᠠᠵᠢᠯᠯᠠᠭ᠎ᠠ ᠶᠢ ᠠᠬᠢᠭᠤᠯᠤᠨ᠎ᠠ᠃ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ | ᠳᠣᠲᠣᠨᠣ ᠨᠥᠬᠦᠷᠰᠡᠭ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠤᠯᠤᠰ ᠤᠨ ᠬᠦᠰᠡᠯ ᠵᠡᠭᠦᠳᠦ ᠶᠢ | ᠬᠠᠮᠲᠤ ᠪᠠᠷ ᠴᠣᠭᠴᠠᠯᠠᠶ᠎ᠠ︾ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠨᠢᠭᠡᠳᠴᠦ ᠴᠢᠷᠮᠠᠶᠢᠨ | ᠲᠡᠮᠡᠴᠡᠶ᠎ᠡ︾ ︽ᠭᠠᠷ ᠭᠠᠷ ᠢᠶᠠᠨ ᠬᠤᠯᠪᠣᠯᠴᠠᠨ︾ ︽ᠰᠡᠳᠬᠢᠯ ᠢᠶᠠᠨ ᠨᠢᠭᠡᠳᠬᠡᠶ᠎ᠡ︾ ᠵᠡᠷᠭᠡ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠭᠤᠣᠯ ᠰᠡᠳᠦᠪᠲᠦ ᠬᠥᠮᠥᠵᠢᠯ ᠢ ᠥᠷᠭᠡᠨ ᠳᠡᠯᠭᠡᠷ ᠥᠷᠨᠢᠭᠦᠯᠦᠨ᠎ᠡ᠃ | ᠬᠤᠶᠠᠷ ᠲᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠥᠵᠢᠭᠦᠯᠦᠨ ᠦᠢᠯᠡᠳᠦᠯᠭᠡᠵᠢᠭᠦᠯᠬᠦ | ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠷᠭᠠᠨᠢᠭ ᠢᠶᠠᠷ ᠨᠢᠭᠡᠳᠦᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠯᠠᠨ ᠲᠦᠮᠡᠨᠴᠢ ᠴᠢᠨᠠᠷᠲᠠᠢ ᠣᠶᠣᠨ ᠤ ᠪᠣᠯᠪᠠᠰᠤᠨ ᠤ | ᠡᠭᠦᠳᠦᠨ ᠪᠠᠶᠢᠭᠤᠯᠬᠤ ᠠᠵᠢᠯᠯᠠᠭᠠᠨ ᠳᠤ ᠠᠭᠤᠰᠤᠯᠴᠠᠭᠤᠯᠤᠨ᠎ᠠ᠃ ᠡᠨᠡ ᠵᠢᠯ ᠤᠨ ᠠᠵᠢᠯᠯᠠᠭᠠᠨ ᠤ ᠰᠠᠷ᠎ᠠ ᠶᠢᠨ | ᠬᠤᠭᠤᠴᠠᠭᠠᠨ ᠳᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠭᠦᠨᠵᠡᠭᠡᠢ | ᠦᠢᠯᠡᠳᠦᠯᠭᠡᠵᠢᠭᠦᠯᠦᠨ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ | ᠪᠠᠲᠤᠲᠠᠢ ᠠᠬᠢᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠤᠶᠢᠰᠢᠳᠠ ᠶᠢᠨ ᠵᠢᠯ ᠪᠦᠷᠢ ᠶᠢᠨ ᠠᠵᠢᠯᠯᠠᠭᠠᠨ ᠤ ᠰᠠᠷ᠎ᠠ ᠳᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠦᠨ᠎ᠡ᠃ ᠭᠤᠷᠪᠠ ᠳᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠰᠠᠶᠢᠲᠤᠷ | ᠪᠠᠳᠠᠷᠠᠭᠤᠯᠤᠨ᠎ᠠ᠃ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠥᠵᠢᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠮᠥᠵᠢᠯ ᠤᠨ | ᠰᠠᠭᠤᠷᠢᠨ ᠭᠠᠵᠠᠷ ᠤᠨ ᠦᠢᠯᠡᠳᠦᠯ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠥᠯᠢᠭᠡᠷ ᠵᠢᠱᠢᠶ᠎ᠡ ᠶᠢ ᠰᠠᠶᠢᠲᠤᠷ ᠶᠠᠷᠢᠭᠤᠯᠤᠨ᠂ ᠲᠣᠭᠤᠷᠢᠨ ᠦᠵᠡᠭᠴᠢ ᠨᠢᠭᠡᠪᠦᠷᠢ ᠳᠤ ᠨᠢᠭᠡ | ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨᠵᠡᠭᠡᠢ ᠬᠥᠮᠥᠵᠢᠯ ᠢ ᠬᠦᠷᠲᠡᠭᠡᠨ᠎ᠡ᠃ | ᠬᠥᠲᠥᠯᠥᠭᠴᠢ᠄ ᠨᠢᠳᠤᠨᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠡᠭᠦᠳᠦᠨ ᠪᠠᠶᠢᠭᠤᠯᠬᠤ ᠠᠵᠢᠯ ᠤᠨ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ ᠤᠨ ᠬᠤᠷᠠᠯ ᠢ ᠥᠪᠥᠷ | ᠮᠣᠩᠭᠤᠯ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠠᠴᠠ ᠲᠤᠬᠠᠢ ᠶᠢᠨ ᠲᠠᠯᠠᠪᠤᠷ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠡᠬᠢᠯᠡᠯᠲᠡ ᠶᠢᠨ ᠴᠡᠭ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠦᠷᠭᠦᠯᠵᠢᠯᠡᠨ ᠠᠬᠢᠭᠤᠯᠬᠤ ᠪᠣᠢ︖ | ᠴᠢ ᠶᠢᠨ ᠢᠦᠢ᠄ ᠨᠢᠭᠡ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ | ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠡᠯ᠎ᠡ ᠱᠠᠲᠤᠨ ᠤ ᠬᠢᠨ ᠤ ᠨᠠᠮ ᠤᠨ ᠬᠤᠷᠢᠶ᠎ᠠ ᠠᠴᠠ | ᠤᠳᠤᠷᠢᠳᠤᠭᠰᠠᠨ᠂ ᠵᠠᠰᠠᠭ ᠤᠨ ᠣᠷᠳᠣᠨ ᠠᠴᠠ ᠬᠠᠷᠢᠭᠤᠴᠠᠭᠰᠠᠨ᠂ ᠨᠡᠶᠢᠭᠡᠮ ᠠᠴᠠ ᠬᠠᠮᠵᠢᠯᠴᠠᠭᠰᠠᠨ᠂ ᠣᠯᠠᠨ | ᠲᠦᠮᠡᠨ ᠢᠶᠠᠷ ᠢᠶᠠᠨ ᠣᠷᠣᠯᠴᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ | ᠠᠵᠢᠯ ᠤᠨ ᠪᠠᠶᠢᠷᠢᠯᠠᠭᠤᠯᠤᠯᠲᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠮᠠᠨ ᠤ ᠣᠷᠣᠨ ᠤ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢᠨ ᠰᠢᠯᠭᠠᠨ ᠦᠨᠡᠯᠡᠵᠦ ᠰᠢᠯᠭᠠᠨ ᠬᠢᠨᠠᠬᠤ ᠪᠠᠷᠢᠮᠵᠢᠶ᠎ᠠ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠰᠢᠯᠭᠠᠷᠠᠭᠤᠯᠤᠨ ᠬᠥᠬᠢᠭᠦᠯᠵᠦ ᠰᠢᠯᠭᠠᠨ ᠬᠤᠷᠢᠶᠠᠵᠤ ᠠᠪᠬᠤ ᠵᠡᠷᠭᠡ ᠠᠵᠢᠯ ᠤᠨ | ᠴᠤᠪᠤᠷᠠᠯ ᠢ ᠵᠢᠷᠤᠮᠵᠢᠭᠤᠯᠤᠨ᠎ᠠ᠃ ᠬᠤᠶᠠᠷ ᠲᠤ᠂ ᠭᠤᠣᠯᠳᠠᠯᠭ᠎ᠠ ᠶᠢ ᠲᠣᠪᠤᠶᠢᠯᠭᠠᠵᠤ᠂ ᠦᠨᠳᠦᠰᠦᠨ ᠱᠠᠲᠤ ᠶᠢ | ᠠᠳᠬᠤᠨ᠂ ᠰᠠᠭᠤᠷᠢ ᠶᠢ ᠪᠠᠲᠤᠳᠬᠠᠬᠤ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ | ᠣᠷᠣᠭᠤᠯᠬᠤ᠂ ᠰᠢᠶᠠᠩ ᠪᠠᠯᠭᠠᠰᠤ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ | ᠣᠷᠣᠭᠤᠯᠬᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠣᠷᠣᠭᠤᠯᠬᠤ ᠶᠢ ᠥᠷᠨᠢᠭᠦᠯᠦᠭᠰᠡᠨ | ᠰᠠᠭᠤᠷᠢᠨ ᠳᠡᠭᠡᠷ᠎ᠡ᠂ ᠡᠭᠦᠳᠦᠨ ᠪᠠᠶᠢᠭᠤᠯᠬᠤ ᠠᠵᠢᠯ ᠤᠨ ᠨᠥᠯᠥᠭᠡ ᠦᠢᠯᠡᠳᠦᠯ ᠢ ᠥᠷᠭᠡᠳᠬᠡᠨ᠂ ᠡᠭᠦᠳᠦᠨ | ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠵᠦ᠂ ᠰᠢᠨ᠎ᠡ ᠶᠢ ᠡᠭᠦᠳᠦᠨ ᠬᠥᠭᠵᠢᠭᠦᠯᠬᠦ ᠲᠡᠶᠢᠰᠢ ᠠᠬᠢᠭᠤᠯᠵᠤ | ᠂ ᠡᠭᠦᠳᠦᠨ ᠪᠠᠶᠢᠭᠤᠯᠬᠤ ᠠᠵᠢᠯ ᠢ ᠲᠣᠰᠬᠤᠨ ᠤ ᠪᠠᠭ᠂ ᠠᠩᠭᠢ ᠶᠢᠨ ᠪᠠᠭ᠂ ᠣᠨ ᠠᠩᠭᠢ ᠵᠡᠷᠭᠡ ᠦᠨᠳᠦᠰᠦᠨ | ᠱᠠᠲᠤᠨ ᠳᠤ ᠬᠦᠷᠲᠡᠯ᠎ᠡ ᠳᠣᠷᠣᠭᠰᠢᠯᠠᠭᠤᠯᠵᠤ᠂ ᠨᠡᠶᠢᠭᠡᠮ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ ᠳᠤ | ᠬᠦᠷᠲᠡᠯ᠎ᠡ ᠥᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠳᠤ ᠨᠡᠶᠢᠲᠡᠯᠢᠭ ᠥᠯᠢᠭᠡᠷ ᠵᠢᠱᠢᠶ᠎ᠡ ᠶᠢ ᠬᠥᠮᠥᠵᠢᠭᠦᠯᠦᠨ | ᠪᠤᠶᠢᠵᠢᠭᠤᠯᠬᠤ ᠪᠠ ᠰᠣᠩᠭᠤᠨ ᠪᠣᠢ ᠪᠣᠯᠭᠠᠬᠤ ᠶᠢ ᠴᠢᠬᠤᠯᠠᠴᠢᠯᠠᠨ᠎ᠠ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠬᠠᠷᠢᠯᠴᠠᠨ ᠲᠣᠭᠤᠷᠢᠨ ᠦᠵᠡᠵᠦ | ᠬᠠᠷᠢᠯᠴᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ | ᠭᠠᠵᠠᠷ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠤᠨ | ᠨᠡᠶᠢᠲᠡᠯᠢᠭ ᠦᠢᠯᠡ ᠶᠠᠪᠤᠳᠠᠯ ᠢ ᠤᠬᠠᠭᠤᠯᠬᠤ ᠪᠠ ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠬᠦ ᠠᠵᠢᠯ ᠢ ᠰᠠᠶᠢᠲᠤᠷ | ᠬᠢᠨ᠎ᠡ᠃ | ᠬᠥᠲᠥᠯᠥᠭᠴᠢ᠄ ︽ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠨᠠᠷᠢᠨ ᠨᠢᠮᠪᠠᠢ ᠰᠠᠶᠢᠲᠤᠷ | ᠬᠢᠬᠦ︾ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠡᠨᠡ ᠬᠦ | ᠠᠵᠢᠯ ᠢ ᠬᠡᠷᠬᠢᠨ ᠰᠠᠶᠢᠲᠤᠷ ᠬᠢᠬᠦ ᠪᠣᠢ︖ | ᠴᠢ ᠶᠢᠨ ᠢᠦᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠣᠷᠣᠨ ᠪᠦᠰᠡ ᠶᠢ | ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠬᠤᠲᠠ ᠶᠢᠨ ᠪᠦᠯᠦᠭᠯᠡᠯ ᠢᠶᠠᠷ ᠭᠤᠣᠯ | ᠴᠣᠭᠴᠠ ᠪᠣᠯᠭᠠᠵᠤ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢ ᠵᠣᠬᠢᠴᠠᠩᠭᠤᠢ ᠪᠠᠷ | ᠬᠥᠭᠵᠢᠭᠦᠯᠬᠦ ᠬᠤᠲᠠ ᠬᠥᠳᠡᠭᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠲᠠᠷᠢᠶᠠᠯᠠᠩ ᠤᠨ ᠨᠡᠭᠦᠳᠡᠯ ᠬᠥᠮᠥᠨ | ᠠᠮᠠ ᠶᠢᠨ ᠬᠤᠲᠠᠴᠢᠯᠠᠯᠲᠠ ᠶᠢ ᠲᠦᠷᠭᠡᠳᠬᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠨᠡ ᠬᠦ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ | ᠠᠮᠠ ᠶᠢ ᠬᠤᠲᠠ᠂ ᠬᠤᠲᠠ ᠪᠠᠯᠭᠠᠰᠤ ᠲᠡᠶᠢᠰᠢ ᠵᠦᠢ ᠵᠣᠬᠢᠰᠲᠠᠢ ᠪᠠᠷ ᠨᠡᠭᠦᠯᠭᠡᠨ ᠰᠢᠯᠵᠢᠭᠦᠯᠬᠦ ᠠᠯᠬᠤᠴᠠ ᠶᠢ ᠤᠯᠠᠮ | ᠨᠢᠭᠡ ᠠᠯᠬᠤᠮ ᠲᠦᠷᠭᠡᠳᠬᠡᠬᠦ ᠨᠢ ᠵᠠᠶᠢᠯᠠᠰᠢ ᠦᠭᠡᠢ᠃ ᠡᠭᠦᠨ ᠳᠤ᠂ ᠪᠢᠳᠡ ᠡᠷᠬᠡᠪᠰᠢ ᠬᠤᠲᠠ ᠶᠢᠨ ᠦᠨᠳᠦᠰᠦᠲᠡᠨ ᠤ | ᠠᠵᠢᠯ ᠢ ᠴᠢᠩᠭᠠᠳᠬᠠᠨ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠶᠢᠲᠤᠷ ᠦᠢᠯᠡᠴᠢᠯᠡᠬᠦ | ᠬᠡᠷᠡᠭᠲᠡᠢ᠃ ᠨᠢᠭᠡ ᠳᠤ᠂ ᠨᠢᠭᠡᠳᠦᠯᠲᠡᠢ ᠲᠥᠯᠥᠪᠵᠢᠭᠦᠯᠵᠦ ᠤᠬᠠᠭᠠᠯᠠᠨ ᠲᠥᠯᠥᠪᠯᠡᠬᠦ ᠶᠢ ᠴᠢᠬᠤᠯᠠᠴᠢᠯᠠᠵᠤ᠂ | ᠬᠤᠲᠠ ᠶᠢᠨ ᠦᠨᠳᠦᠰᠦᠲᠡᠨ ᠤ ᠠᠵᠢᠯ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠤᠨ᠂ ᠬᠤᠲᠠ ᠶᠢᠨ ᠡᠯ᠎ᠡ ᠵᠦᠢᠯ ᠤᠨ ᠦᠢᠯᠡᠰ ᠤᠨ | ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ ᠬᠤᠲᠠ ᠬᠥᠳᠡᠭᠡ ᠣᠷᠣᠨ ᠪᠦᠰᠡ ᠶᠢ ᠵᠣᠬᠢᠴᠠᠩᠭᠤᠢ ᠪᠠᠷ | ᠬᠥᠭᠵᠢᠭᠦᠯᠬᠦ ᠠᠬᠢᠴᠠ ᠶᠢ ᠠᠬᠢᠭᠤᠯᠬᠤ ᠶᠠᠪᠤᠴᠠ ᠳᠤ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠤᠭᠰᠠᠨ᠂ | ᠣᠯᠠᠨ ᠰᠠᠯᠠᠭ᠎ᠠ ᠮᠥᠴᠢᠷ ᠤᠳ ᠴᠤᠭ ᠢᠶᠠᠷ ᠠᠳᠬᠤᠨ ᠬᠠᠮᠲᠤ ᠪᠠᠷ ᠬᠠᠮᠢᠶᠠᠷᠴᠤ᠂ ᠬᠠᠮᠲᠤ ᠪᠠᠷ ᠣᠷᠣᠯᠴᠠᠨ᠂ | ᠬᠠᠮᠲᠤ ᠪᠠᠷ ᠠᠬᠢᠭᠤᠯᠤᠭᠰᠠᠨ ᠬᠤᠲᠠ ᠶᠢᠨ ᠦᠨᠳᠦᠰᠦᠲᠡᠨ ᠤ ᠠᠵᠢᠯ ᠤᠨ ᠪᠠᠶᠢᠷᠢᠯᠠᠭᠤᠯᠤᠯᠲᠠ ᠶᠢ ᠪᠠᠶᠢᠭᠤᠯᠤᠨ | ᠪᠦᠷᠢᠨᠰᠢᠭᠦᠯᠦᠨ᠎ᠡ᠃ ᠬᠤᠶᠠᠷ ᠲᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠬᠤᠲᠠ ᠶᠢᠨ | ᠦᠨᠳᠦᠰᠦᠲᠡᠨ ᠤ ᠠᠵᠢᠯ ᠢ ᠥᠷᠨᠢᠭᠦᠯᠬᠦ ᠶᠢ ᠭᠦᠨᠵᠡᠭᠡᠢ ᠠᠬᠢᠭᠤᠯᠵᠤ᠂ ᠬᠤᠲᠠ ᠶᠢᠨ ᠦᠨᠳᠦᠰᠦᠲᠡᠨ ᠤ ᠠᠵᠢᠯ ᠤᠨ | ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠨᠡᠶᠢᠲᠡᠯᠢᠭ ᠵᠢᠱᠢᠶ᠎ᠡ ᠶᠢ ᠰᠣᠩᠭᠤᠨ | ᠬᠥᠮᠥᠵᠢᠭᠦᠯᠬᠦ ᠶᠢ ᠴᠢᠬᠤᠯᠠᠴᠢᠯᠠᠨ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ ᠪᠣᠯᠪᠠᠰᠤᠷᠠᠭᠤᠯᠬᠤ ᠡᠷᠴᠢᠮ ᠢ | ᠴᠢᠩᠭᠠᠷᠠᠭᠤᠯᠤᠨ᠂ ᠬᠤᠲᠠ ᠬᠥᠳᠡᠭᠡ ᠶᠢᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠲᠤᠬᠠᠶᠢᠯᠠᠭᠰᠠᠨ | ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠶᠢ ᠳᠡᠮᠵᠢᠵᠦ᠂ ᠠᠵᠢᠯ ᠣᠯᠵᠤ ᠠᠳᠠᠯ | ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠭᠤᠷᠪᠠ ᠳᠤ᠂ ᠴᠥᠭᠡᠨ ᠲᠣᠭᠠᠲᠤ ᠦᠨᠳᠦᠰᠦᠲᠡᠨ ᠤ | ᠨᠡᠭᠦᠳᠡᠯ ᠬᠥᠮᠥᠨ ᠠᠮᠠ ᠳᠤ ᠦᠢᠯᠡᠴᠢᠯᠡᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠤᠨ ᠣᠯᠠᠨ ᠨᠡᠶᠢᠲᠡ ᠶᠢᠨ ᠡᠯ᠎ᠡ ᠵᠦᠢᠯ ᠤᠨ ᠦᠨᠳᠦᠰᠦᠨ ᠦᠢᠯᠡᠴᠢᠯᠡᠭᠡ ᠶᠢ ᠴᠥᠭᠡᠨ | ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠳᠤ ᠪᠦᠬᠦ ᠲᠠᠯ᠎ᠠ ᠪᠠᠷ ᠬᠠᠮᠤᠷᠤᠭᠤᠯᠬᠤ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠣᠨᠴᠠ ᠬᠦᠴᠢᠷᠲᠡᠢ ᠣᠯᠠᠨ ᠲᠦᠮᠡᠨ ᠳᠤ | ᠵᠦᠢ ᠵᠣᠬᠢᠰᠲᠠᠢ ᠬᠡᠯᠪᠠᠶᠢᠯᠲᠡ ᠬᠠᠷᠠᠭᠠᠯᠵᠠᠯ ᠣᠯᠭᠤᠵᠤ᠂ ᠨᠡᠭᠦᠯᠭᠡᠨ ᠰᠢᠯᠵᠢᠭᠦᠯᠵᠦ ᠬᠤᠲᠠ ᠳᠤ ᠣᠷᠣᠭᠤᠯᠤᠭᠰᠠᠨ ᠪᠠ | ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠣᠯᠠᠨ ᠲᠦᠮᠡᠨ ᠤ ᠠᠵᠢᠯ ᠣᠯᠬᠤ᠂ ᠠᠳᠠᠯ ᠦᠢᠯᠡᠰ ᠴᠣᠭᠴᠠᠯᠠᠬᠤ᠂ | ᠭᠡᠷ ᠣᠷᠣᠨ ᠢᠶᠠᠨ ᠲᠥᠪᠬᠢᠨᠡᠭᠦᠯᠬᠦ᠂ ᠦᠷ᠎ᠡ ᠬᠡᠦᠬᠡᠳ ᠢᠶᠠᠨ ᠪᠢᠴᠢᠭ ᠦᠵᠡᠭᠦᠯᠬᠦ᠂ ᠡᠪᠡᠳᠴᠢᠨ ᠢᠶᠠᠨ ᠦᠵᠡᠭᠦᠯᠵᠦ | ᠡᠮᠴᠢᠯᠡᠭᠡ ᠬᠢᠬᠦ ᠵᠡᠷᠭᠡ ᠪᠣᠳᠠᠲᠠᠢ ᠠᠰᠠᠭᠤᠳᠠᠯ ᠤᠨ ᠲᠠᠯ᠎ᠠ ᠪᠠᠷ ᠨᠡᠩ ᠣᠯᠠᠨ ᠬᠠᠯᠠᠮᠵᠢᠯᠠᠯ ᠪᠠ ᠬᠠᠷᠠᠭᠠᠯᠵᠠᠯ | ᠦᠵᠡᠭᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠢ ᠶᠢ ᠪᠠᠷᠢᠮᠲᠠᠯᠠᠨ᠂ ᠡᠯ᠎ᠡ ᠦᠨᠳᠦᠰᠦᠲᠡᠨ ᠤ ᠣᠯᠠᠨ ᠲᠦᠮᠡᠨ ᠢ | ᠬᠥᠮᠥᠵᠢᠭᠦᠯᠬᠦ ᠪᠠ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢ ᠰᠤᠷᠴᠤ᠂ ᠬᠠᠤᠯᠢ ᠴᠠᠭᠠᠵᠠ ᠶᠢ | ᠬᠦᠨᠳᠦᠳᠬᠡᠨ᠂ ᠬᠠᠤᠯᠢ ᠴᠠᠭᠠᠵᠠ ᠶᠢ ᠰᠠᠬᠢᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠨ᠂ | ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ︽ᠬᠠᠮᠲᠤ ᠪᠠᠷ ᠣᠷᠣᠰᠢᠨ | ᠬᠠᠮᠲᠤ ᠪᠠᠷ ᠬᠥᠭᠵᠢᠵᠦ᠂ ᠬᠠᠮᠲᠤ ᠪᠠᠷ ᠪᠠᠶᠢᠭᠤᠯᠤᠨ ᠬᠠᠮᠲᠤ ᠳᠤ ᠪᠠᠨ ᠬᠦᠷᠲᠡᠬᠦ︾ ᠶᠢ ᠪᠡᠶᠡᠯᠡᠭᠦᠯᠦᠨ᠎ᠡ᠃ | ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠳᠤ᠂ ᠨᠢᠭᠡ ᠦᠨᠳᠦᠰᠦᠲᠡᠨ ᠢ ᠴᠤ ᠬᠤᠴᠣᠷᠤᠭᠤᠯᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠮᠠᠨ ᠤ | ᠣᠷᠣᠨ ᠤ ᠬᠡᠰᠡᠭ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ | ᠣᠷᠣᠨ ᠪᠠᠶᠢᠷᠢ ᠨᠢ ᠠᠯᠤᠰ ᠪᠤᠶᠢᠳᠠ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠨᠡᠯᠢᠶᠡᠳ ᠮᠠᠭᠤ᠂ ᠠᠵᠤ | ᠠᠬᠤᠢ ᠨᠡᠶᠢᠭᠡᠮ ᠤᠨ ᠬᠥᠭᠵᠢᠯᠲᠡ ᠨᠢ ᠬᠠᠷᠢᠴᠠᠩᠭᠤᠢ ᠬᠤᠴᠣᠷᠴᠤ ᠪᠠᠶᠢᠬᠤ ᠠᠴᠠ ᠪᠣᠯᠵᠤ᠂ ᠵᠠᠷᠢᠮ ᠣᠯᠠᠨ ᠲᠦᠮᠡᠨ | ᠶᠠᠳᠠᠭᠤ ᠬᠦᠴᠢᠷᠲᠡᠢ ᠪᠠᠶᠢᠳᠠᠯ ᠠᠴᠠ ᠠᠩᠭᠢᠵᠢᠷᠠᠵᠤ ᠴᠢᠳᠠᠭ᠎ᠠ ᠦᠭᠡᠢ ᠪᠠᠶᠢᠨ᠎ᠠ᠃ ᠡᠨᠡ ᠪᠣᠯ ᠮᠥᠨ ᠴᠤ ᠮᠠᠨ ᠤ | ᠣᠷᠣᠨ ᠤ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠶᠢᠨ ᠭᠤᠣᠯᠳᠠᠯᠭ᠎ᠠ ᠪᠠ ᠬᠦᠴᠢᠷᠳᠡᠯ ᠪᠣᠯᠣᠨ᠎ᠠ᠃ | ᠲᠡᠭᠡᠪᠡᠯ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠬᠡᠷᠬᠢᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠨ ᠰᠠᠶᠢᠲᠤᠷ ᠬᠢᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠬᠤ ᠳᠤ ᠬᠦᠴᠦᠨ ᠪᠦᠬᠦᠢ | ᠳᠡᠮᠵᠢᠯᠭᠡ ᠬᠠᠩᠭᠠᠬᠤ ᠪᠣᠢ︖ | ᠴᠢ ᠶᠢᠨ ᠢᠦᠢ᠄ ᠨᠢᠭᠡ ᠳᠤ᠂ ᠪᠠᠶᠢᠴᠠᠭᠠᠨ ᠰᠤᠳᠤᠯᠬᠤ ᠶᠢ ᠭᠦᠨᠵᠡᠭᠡᠢ ᠥᠷᠨᠢᠭᠦᠯᠦᠨ᠂ ᠴᠥᠭᠡᠨ ᠲᠣᠭᠠᠲᠤ | ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ | ᠶᠠᠳᠠᠭᠤ ᠬᠤᠴᠣᠷᠤᠩᠭᠤᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠲᠦᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠨ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ | ᠦᠨᠳᠦᠰᠦᠯᠡᠯ ᠬᠠᠩᠭᠠᠬᠤ ᠬᠡᠷᠡᠭᠲᠡᠢ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ | ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ | ᠠᠵᠢᠯᠯᠠᠭ᠎ᠠ ᠶᠢᠨ ᠭᠤᠷᠪᠠᠨ ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ | ᠳᠠᠩᠰᠠ ᠺᠠᠷᠲ ᠲᠠᠢ ᠶᠠᠳᠠᠭᠤ ᠬᠦᠴᠢᠷᠲᠡᠢ ᠬᠥᠮᠥᠨ ᠠᠮᠠ ᠳᠤ ᠠᠩᠬᠠᠷᠤᠭᠤᠯᠤᠨ ᠲᠥᠪᠯᠡᠷᠡᠭᠦᠯᠵᠦ᠂ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠶᠠᠳᠠᠭᠤ ᠬᠦᠴᠢᠷᠲᠡᠢ ᠭᠠᠵᠠᠷ ᠣᠷᠣᠨ ᠳᠠᠬᠢ ᠪᠡᠯᠡ | ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠦᠢᠯ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ | ᠢᠯᠠᠯᠲᠠ ᠣᠯᠬᠤ ᠶᠢ ᠪᠦᠬᠦ ᠬᠦᠴᠦᠨ ᠢᠶᠠᠷ ᠳᠡᠮᠵᠢᠬᠦ ᠬᠡᠷᠡᠭᠲᠡᠢ᠃ ᠭᠤᠷᠪᠠ ᠳᠤ᠂ ᠤᠯᠤᠰ ᠤᠨ ︽︿13 · 5﹀ ᠶᠢᠨ | ᠦᠨᠳᠦᠰᠦᠲᠡᠨ ᠤ ᠣᠷᠣᠨ ᠪᠠ ᠬᠥᠮᠥᠨ ᠠᠮᠠ ᠨᠢ ᠬᠠᠷᠢᠴᠠᠩᠭᠤᠢ ᠴᠥᠭᠡᠨ ᠦᠨᠳᠦᠰᠦᠲᠡᠨ ᠤ ᠬᠥᠭᠵᠢᠯᠲᠡ ᠶᠢ | ᠠᠬᠢᠭᠤᠯᠬᠤ ᠲᠥᠯᠥᠪᠵᠢᠭᠦᠯᠭᠡ︾ ᠪᠠ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠴᠢᠨᠡᠭᠡᠯᠢᠭᠵᠢᠭᠦᠯᠬᠦ | ᠠᠵᠢᠯᠯᠠᠭ᠎ᠠ ᠶᠢᠨ ︿13 · 5﹀ ᠶᠢᠨ ᠲᠥᠯᠥᠪᠵᠢᠭᠦᠯᠭᠡ︾ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ | ᠵᠥᠷᠢᠶᠡᠴᠢᠯᠡᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠯᠢ | ᠬᠢᠵᠠᠭᠠᠷ ᠣᠷᠣᠨ᠂ ᠬᠥᠮᠥᠨ ᠠᠮᠠ ᠨᠢ ᠬᠠᠷᠢᠴᠠᠩᠭᠤᠢ ᠴᠥᠭᠡᠨ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ | ᠭᠠᠵᠠᠷ ᠣᠷᠣᠨ ᠢ ᠭᠤᠣᠯᠳᠠᠯᠭ᠎ᠠ ᠲᠠᠢ ᠪᠠᠷ ᠳᠡᠮᠵᠢᠨ ᠰᠠᠭᠤᠷᠢ ᠪᠡᠯᠡᠳᠬᠡᠵᠡᠢ ᠶᠢᠨ ᠪᠠᠶᠢᠭᠤᠯᠤᠯᠲᠠ ᠶᠢ ᠨᠢ | ᠴᠢᠩᠭᠠᠳᠬᠠᠵᠤ᠂ ᠳᠠᠪᠠᠭᠤᠯᠢᠭ ᠥᠪᠡᠷᠮᠢᠴᠡ ᠠᠵᠤ ᠦᠢᠯᠡᠰ ᠢ ᠬᠥᠮᠥᠵᠢᠭᠦᠯᠦᠨ ᠪᠤᠶᠢᠵᠢᠭᠤᠯᠵᠤ᠂ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠢ᠃ ᠳᠥᠷᠪᠡ ᠳᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠨᠥᠬᠦᠴᠡᠯ ᠲᠠᠢ ᠭᠠᠵᠠᠷ | ᠣᠷᠣᠨ ᠤ ᠬᠢᠨ ᠤ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ | ᠪᠠᠶᠢᠭᠤᠯᠬᠤ ᠶᠢ ᠳᠡᠮᠵᠢᠬᠦ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ | ᠪᠦᠲᠦᠭᠡᠭᠳᠡᠬᠦᠨ ᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠤᠨ ᠠᠷᠠᠳ ᠤᠨ ᠠᠷᠠᠯᠵᠢᠶ᠎ᠠ ᠠᠷᠠᠳ ᠤᠨ ᠪᠦᠲᠦᠭᠡᠭᠳᠡᠬᠦᠨ ᠳᠤ ᠬᠠᠷᠠᠭᠠᠯᠵᠠᠯ ᠦᠵᠡᠭᠦᠯᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠨᠴᠠᠭᠠᠢ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ | ᠬᠡᠷᠡᠭᠲᠡᠢ᠃ | ᠬᠥᠲᠥᠯᠥᠭᠴᠢ᠄ ᠴᠢ ᠡᠷᠬᠢᠯᠡᠭᠴᠢ ᠶᠢᠨ ᠮᠠᠨ ᠤ ᠪᠤᠯᠤᠩ ᠳᠤ ᠮᠣᠷᠢᠯᠠᠨ ᠰᠠᠭᠠᠲᠠᠭᠰᠠᠨ ᠳᠤ ᠳᠠᠬᠢᠨᠲᠠ | ᠪᠠᠶᠠᠷᠯᠠᠵᠤ ᠪᠠᠶᠢᠨ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ | ᠪᠠᠶᠢᠨ᠎ᠠ᠃ ᠮᠠᠨ ᠤ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |