5 ᠳ᠋ᠤᠭᠠᠷ ᠰᠠᠷ᠎ᠡ ᠶᠢᠨ 11 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠳᠡᠰ ︽ᠬᠠᠷᠠᠭ᠎ᠠ ᠰᠡᠷᠭᠦᠭᠡᠬᠦ ᠠᠶᠠᠯᠡᠯ︾ ᠨᠠᠶᠢᠳᠠ ᠶᠢᠨ ᠠᠰᠠᠷᠠᠮᠵᠢ ᠶᠢᠨ ᠪᠦᠯᠬᠦᠮ ᠤᠨ ᠲᠡᠷᠢᠬᠦᠨ ᠤ | ᠦᠢᠯᠡ ᠠᠵᠢᠯᠯᠠᠭ᠎ᠠ ᠶᠢ ᠨᠠᠶᠢᠳᠠᠯᠠᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠡᠨᠡ ᠬᠦ ᠨᠠᠶᠢᠳᠠ ᠶᠢᠨ ᠠᠰᠠᠷᠠᠮᠵᠢ ᠶᠢᠨ | ᠪᠦᠯᠬᠦᠮ ᠳᠤ ︽ᠤᠮᠠᠷᠠᠳᠤ ᠬᠢᠯᠢ ᠶᠢᠨ ᠵᠢᠱᠢᠶᠡᠴᠢ︾ ᠶᠢᠨ ᠢᠷᠠᠭᠤ ᠠᠯᠳᠠᠷ ᠣᠯᠭᠤᠪᠠ᠃ ᠦᠪᠡᠷᠳᠡᠭᠡᠨ ᠵᠠᠰᠠᠬᠤ | ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠪᠠᠢ ᠢᠦᠢ ᠭᠠᠩ᠂ ᠡᠤ ᠲᠤᠸᠠᠨ ᠶᠢᠩ᠂ ᠡᠸᠤ ᠶᠠᠩ ᠰᠢᠶᠤᠤ ᠬᠤᠢ | ᠂ ᠳ᠋ᠦᠩ ᠾᠧᠩ ᠢᠦᠢ ︽ᠤᠮᠠᠷᠠᠳᠤ ᠬᠢᠯᠢ ᠶᠢᠨ ᠵᠢᠱᠢᠶᠡᠴᠢ︾ ︽ᠬᠠᠷᠠᠭ᠎ᠠ ᠰᠡᠷᠭᠦᠭᠡᠬᠦ ᠠᠶᠠᠯᠡᠯ︾ ᠨᠡᠶᠢᠳᠠ ᠶᠢᠨ | ᠠᠰᠠᠷᠠᠮᠵᠢ ᠶᠢᠨ ᠪᠦᠯᠬᠦᠮ ᠳᠤ ᠱᠠᠩᠨᠠᠯ ᠭᠠᠷᠳᠠᠭᠤᠯᠪᠠ᠃ | ᠨᠠᠶᠢᠳᠠᠯᠡᠬᠦ ᠬᠤᠷᠠᠯ ᠤᠨ ᠠᠬᠤᠢ ᠲᠠᠯᠠᠪᠠᠢ ᠳᠤ᠂ ᠠᠰᠢᠭ ᠬᠦᠷᠳᠡᠭᠰᠡᠨ ᠶᠠᠳᠠᠭᠤ ᠬᠦᠴᠢᠷᠳᠠᠯᠳᠠᠢ | ᠡᠪᠡᠳᠴᠢᠳᠡᠨ ᠪᠤᠯᠤᠨ ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠡᠯ︾ ᠤᠨ ᠮᠤᠩᠭᠤᠯ ᠤᠯᠤᠰ ᠲᠠᠬᠢ | ᠠᠵᠢᠯᠯᠠᠭ᠎ᠠ ᠠᠴᠠ ᠠᠰᠢᠭ ᠬᠦᠷᠳᠡᠭᠰᠡᠨ ᠡᠪᠡᠳᠴᠢᠳᠠᠨ ᠬᠠᠷᠠᠭ᠎ᠠ ᠤᠷᠤᠭᠰᠠᠨ ᠤ ᠳᠠᠷᠠᠭᠠᠬᠢ ᠲᠦᠷᠦᠭᠳᠡᠯ ᠢᠶᠠᠨ ᠶᠠᠷᠢᠵᠤ | ᠂ ᠮᠦᠡᠭᠭᠦ ᠬᠠᠨᠳᠢᠪᠯᠠᠭᠰᠠᠨ ᠡᠳᠡᠭᠡᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠳᠠᠨ ᠪᠤᠯᠤᠨ ᠰᠠᠶᠢᠨ | ᠲᠤᠷᠠᠴᠤᠤᠯ᠂ ᠡᠮᠴᠢ ᠰᠤᠪᠢᠯᠠᠭᠴᠢ ᠶᠢᠨ ᠲᠦᠯᠦᠭᠡᠯᠡᠭᠴᠢ ᠵᠢᠴᠢ ᠪᠦᠬᠦ ᠤᠷᠤᠨ ᠤ ︽ᠬᠠᠷᠠᠭ᠎ᠠ ᠰᠡᠷᠭᠦᠭᠡᠬᠦ ᠠᠶᠠᠯᠡᠯ︾ | ᠨᠡᠶᠢᠭᠡᠮ ᠤᠨ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠠᠯᠪᠡᠨ ᠭᠡᠷ ᠤᠨ | ᠬᠠᠷᠢᠭᠤᠴᠠᠯᠭᠠᠳᠡᠨ ᠠᠴᠠ ︽ᠬᠠᠷᠠᠭ᠎ᠠ ᠰᠡᠷᠭᠦᠭᠡᠬᠦ ᠠᠶᠠᠯᠡᠯ︾ ᠨᠠᠶᠢᠳᠠ ᠶᠢᠨ ᠠᠰᠠᠷᠠᠮᠵᠢ ᠶᠢᠨ ᠪᠦᠯᠬᠦᠮ ᠤᠨ ᠬᠢᠨ ᠤ | ᠶᠡᠭᠡ ᠬᠠᠶᠢᠷ᠎ᠡ ᠪᠠᠷ ᠰᠡᠳᠬᠢᠯ ᠢ ᠤᠮᠳᠠᠯᠠᠵᠤ᠂ ᠬᠡᠷᠡᠯ ᠬᠡᠭᠡ ᠪᠠᠷ ᠲᠡᠮᠡᠴᠡᠯ ᠢ ᠵᠣᠷᠢᠭᠵᠢᠭᠤᠯᠵᠤ᠂ ᠬᠤᠪᠢ ᠨᠡᠮᠡᠷᠢ ᠪᠠᠷ | ᠢᠷᠡᠭᠡᠳᠦᠢ ᠶᠢ ᠡᠭᠦᠳᠦᠭᠰᠡᠨ ᠬᠥᠮᠥᠰ ᠤᠨ ᠰᠡᠳᠬᠢᠯ ᠢ ᠬᠦᠳᠡᠯᠭᠡᠮ᠎ᠡ ᠦᠯᠢᠭᠡᠷ ᠤᠳ ᠢ ᠶᠠᠷᠢᠭᠰᠠᠨ ᠪᠠᠶᠢᠨ᠎ᠠ᠃ | | | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠢ ︽ᠬᠠᠷᠠᠭ᠎ᠠ ᠰᠡᠷᠭᠦᠭᠡᠬᠦ ᠠᠶᠠᠯᠠᠯ︾ ᠨᠠᠶᠢᠳᠠ ᠶᠢᠨ ᠠᠰᠠᠷᠠᠮᠵᠢ ᠶᠢᠨ | ᠪᠦᠯᠬᠦᠮ ᠠᠴᠠ ᠲᠠᠭᠠᠨ ᠰᠤᠷᠤᠯᠴᠠᠵᠤ᠂ ᠲᠡᠳᠡᠨ ᠤ ᠲᠡᠷᠢᠬᠦᠨ ᠤ ᠦᠢᠯᠡ ᠠᠵᠢᠯᠯᠠᠭ᠎ᠠ ᠶᠢ ᠰᠤᠷᠤᠯᠴᠠᠨ ᠤᠬᠠᠭᠤᠯᠵᠤ᠂ | ᠨᠡᠶᠢᠭᠡᠮ ᠤᠨ ᠰᠢᠨ᠎ᠡ ᠬᠡᠪ ᠰᠤᠷᠳᠠᠯ ᠢ ᠤᠬᠠᠮᠰᠠᠷ ᠠᠴᠠ ᠪᠠᠨ ᠪᠠᠳᠠᠷᠠᠭᠤᠯᠤᠨ ᠮᠠᠨᠳᠤᠭᠤᠯᠵᠤ᠂ ᠨᠡᠶᠢᠭᠡᠮ ᠤᠨ ᠢᠳᠡᠪᠬᠢ | ᠬᠦᠴᠦᠨ ᠢ ᠰᠠᠨᠠᠭᠠᠴᠢᠯᠠᠭ᠎ᠠ ᠠᠴᠠ ᠪᠠᠨ ᠲᠠᠮᠵᠢᠭᠤᠯᠵᠤ᠂ ᠨᠡᠶᠢᠭᠡᠮ ᠤᠨ ᠨᠠᠶᠢᠳᠠ ᠶᠢᠨ ᠠᠰᠠᠷᠠᠮᠵᠢ ᠶᠢᠨ ᠦᠢᠯᠡᠰ ᠲᠤ | ᠢᠳᠡᠪᠬᠢᠳᠠᠢ ᠤᠷᠤᠯᠴᠠᠵᠤ᠂ ᠡᠭᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢ ᠨᠡᠩ | ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠰᠢᠨ᠎ᠡ ᠨᠡᠩ ᠶᠡᠭᠡ ᠬᠤᠪᠢ ᠨᠠᠮᠠᠷᠢ ᠦᠵᠡᠬᠦᠯᠵᠤ᠂ | ᠰᠢᠯᠢᠳᠡᠭ ᠠᠮᠵᠢᠯᠳᠠ ᠪᠠᠷ ᠢᠶᠠᠨ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 70 | ᠵᠢᠯ ᠤᠨ ᠤᠢ ᠶᠢ ᠪᠠᠶᠠᠷᠯᠡᠨ ᠪᠡᠯᠭᠡᠯᠡᠰᠦᠭᠡᠢ ᠭᠡᠵᠤ ᠤᠷᠢᠶᠠᠯᠠᠪᠠ᠃ | ᠤᠶᠢᠯᠠᠭᠠᠭᠰᠠᠨ ᠢᠶᠠᠷ᠂ ︽ᠬᠠᠷᠠᠭ᠎ᠠ ᠰᠡᠷᠭᠦᠭᠡᠬᠦ ᠠᠶᠠᠯᠡᠯ︾ ᠨᠡᠶᠢᠭᠡᠮ ᠤᠨ ᠨᠠᠶᠢᠳᠠ ᠶᠢᠨ ᠠᠰᠠᠷᠠᠮᠵᠢ ᠶᠢᠨ | ᠠᠵᠢᠯᠯᠠᠭ᠎ᠠ ᠶᠢ 2015 ᠣᠨ ᠤ 6 ᠳ᠋ᠤᠭᠠᠷ ᠰᠠᠷ᠎ᠡ ᠠᠴᠠ ᠡᠬᠢᠯᠡᠨ ᠬᠡᠷᠡᠭᠵᠢᠬᠦᠯᠦᠭᠰᠡᠨ ᠠᠴᠠ ᠨᠠᠭᠠᠰᠢ᠂ ᠨᠢᠭᠡᠨᠳᠠ | ᠪᠦᠬᠦ ᠤᠷᠤᠨ ᠤ ᠶᠠᠳᠠᠭᠤ ᠬᠦᠴᠢᠷᠳᠠᠯᠳᠠᠢ ᠬᠡᠷ ᠪᠦᠯᠢ ᠶᠢᠨ ᠴᠠᠭᠠᠨ ᠬᠠᠷᠠᠩ ᠡᠪᠡᠳᠴᠢᠳᠠᠨ ᠳᠤ ᠦᠨ᠎ᠡ ᠲᠦᠯᠦᠪᠤᠷᠢ | ᠦᠭᠡᠢ ᠪᠠᠷ ᠬᠠᠷᠠᠭ᠎ᠠ ᠤᠷᠤᠭᠤᠯᠬᠤ ᠮᠠᠰᠡ ᠵᠠᠰᠠᠯ ᠢ 20959 ᠵᠢᠱᠢᠶ᠎ᠠ ᠬᠢᠵᠤ᠂ 31.39 ᠲᠦᠮᠡᠨ ᠵᠠᠯᠠᠭᠤᠴᠤᠳ | ᠪᠠᠭᠠᠴᠤᠳ ᠲᠤ ᠨᠢᠳᠤᠨ ᠬᠠᠷᠠᠭ᠎ᠠ ᠶᠢᠨ ᠪᠠᠶᠢᠴᠠᠭᠠᠯᠳᠠ ᠬᠢᠵᠤ᠂ ᠶᠠᠳᠠᠭᠤ ᠬᠦᠴᠢᠷᠳᠠᠯᠳᠠᠢ ᠭᠡᠷ ᠪᠦᠯᠢ ᠶᠢᠨ 2901 | ᠵᠠᠯᠠᠭᠤᠴᠤᠳ ᠪᠠᠭᠠᠴᠤᠳ ᠲᠤ ᠦᠨ᠎ᠡ ᠲᠦᠯᠦᠪᠤᠷᠢ ᠦᠭᠡᠢ ᠪᠠᠷ ᠤᠶᠢᠷ᠎ᠠ ᠬᠠᠷᠠᠭ᠎ᠠ ᠶᠢᠨ ᠨᠢᠳᠤᠨ ᠰᠢᠯ ᠲᠠᠭᠠᠷᠠᠭᠤᠯᠤᠨ | ᠦᠭᠴᠦ᠂ ᠶᠠᠳᠠᠭᠤ ᠬᠦᠴᠢᠷᠳᠠᠯᠳᠠᠢ ᠭᠡᠷ ᠪᠦᠯᠢ ᠶᠢᠨ 493 ᠵᠠᠯᠠᠭᠤᠴᠤᠳ ᠪᠠᠭᠠᠴᠤᠳ ᠲᠤ ᠰᠤᠯᠢᠷ ᠬᠠᠷᠠᠭ᠎ᠠ ᠶᠢ | ᠲᠡᠭᠰᠢᠷᠡᠭᠦᠯᠬᠦ ᠮᠠᠰᠡ ᠵᠠᠰᠠᠯ ᠬᠢᠵᠤ᠂ ᠮᠤᠩᠭᠤᠯ ᠤᠯᠤᠰ ᠤᠨ ᠴᠠᠭᠠᠨ ᠬᠠᠷᠠᠩ ᠡᠪᠡᠳᠴᠢᠳᠡᠨ ᠳᠤ ᠬᠠᠷᠠᠭ᠎ᠠ | ᠤᠷᠤᠭᠤᠯᠬᠤ ᠮᠠᠰᠡ ᠵᠠᠰᠠᠯ ᠢ 109 ᠵᠢᠱᠢᠶ᠎ᠠ ᠶᠢ ᠠᠮᠵᠢᠯᠳᠠᠳᠠᠢ ᠪᠠᠷ ᠬᠢᠵᠤ᠂ ᠮᠠᠰᠡ ᠵᠠᠰᠠᠯ ᠤᠨ ᠠᠮᠵᠢᠯᠳᠠ | ᠤᠯᠤᠬᠰᠡᠨ ᠨᠤᠷᠮ᠎ᠡ 100% ᠳᠤ ᠬᠦᠷᠴᠠᠢ᠂ ︽ᠨᠠᠮ ᠤᠨ ᠬᠤᠷᠢᠶ᠎ᠡ ᠳᠡᠮᠵᠢᠭᠰᠡᠨ᠂ ᠵᠠᠰᠠᠭ ᠤᠨ ᠤᠷᠳᠤᠨ | ᠬᠦᠳᠤᠯᠤᠨ ᠲᠠᠭᠠᠭᠤᠯᠤᠬᠰᠡᠨ᠂ ᠰᠠᠯᠠᠭ᠎ᠠ ᠮᠦᠴᠢᠷ ᠬᠠᠮᠳᠤᠷᠠᠯᠴᠠᠬᠰᠡᠨ᠂ ᠨᠠᠶᠢᠳᠠ ᠶᠢᠨ ᠠᠰᠠᠷᠠᠮᠵᠢ ᠶᠢᠨ ᠵᠤᠬᠢᠶᠠᠨ | ᠪᠠᠶᠢᠭᠤᠯᠤᠯᠳᠠ ᠲᠠᠪᠴᠠᠩ ᠬᠠᠩᠭᠠᠭᠰᠠᠨ᠂ ᠨᠡᠶᠢᠭᠡᠮ ᠤᠨ ᠬᠦᠴᠦᠨ ᠦᠷᠭᠡᠨ ᠢᠶᠠᠷ ᠤᠷᠤᠯᠴᠠᠬᠰᠡᠨ︾ ᠨᠠᠶᠢᠳᠠ ᠶᠢᠨ | ᠠᠰᠠᠷᠠᠮᠵᠢ ᠶᠢᠨ ᠠᠪᠤᠷᠠᠨ ᠲᠤᠰᠠᠯᠠᠬᠤ ᠰᠢᠨ᠎ᠡ ᠬᠡᠪ ᠵᠠᠬᠪᠤᠷ ᠢ ᠰᠦᠪᠡᠭᠴᠢᠯᠡᠨ ᠪᠠᠶᠢᠭᠤᠯᠵᠤ᠂ ᠤᠯᠤᠰ ᠤᠨ | ᠲᠤᠳᠤᠭᠠᠳᠤ ᠭᠠᠳᠠᠭᠠᠳᠤ ᠳᠤ ᠢᠳᠡᠪᠬᠢᠳᠠᠢ ᠨᠦᠯᠦᠭᠡ ᠲᠤᠰᠬᠠᠯ ᠭᠠᠷᠭᠠᠬᠰᠡᠨ ᠪᠦᠭᠡᠳ ᠦᠷᠭᠡᠨ ᠲᠡᠯᠭᠡᠷ ᠮᠠᠬᠳᠠᠭᠠᠯ | ᠰᠠᠶᠢᠰᠢᠶᠠᠯ ᠢ ᠤᠯᠵᠤ᠂ ᠤᠷᠢᠳ ᠬᠤᠵᠢᠳ ᠠᠽᠢᠶ᠎ᠡ ᠲᠢᠪ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠰᠠᠭᠤᠷᠢ | ᠮᠦᠡᠭᠭᠦᠨ ᠤ ᠨᠡᠶᠢᠭᠡᠮᠯᠢᠭ ᠤᠨ ︽ᠴᠤᠷ ᠤᠨ ᠭᠠᠭᠴᠠ ᠤᠨᠴᠠᠭᠠᠢ ᠬᠤᠪᠢ ᠨᠠᠮᠠᠷᠢ ᠦᠵᠡᠬᠦᠯᠦᠭᠰᠡᠨ ᠱᠠᠩᠨᠠᠯ︾᠂ | ᠵᠢᠷᠭᠤᠳᠤᠭᠠᠷ ᠬᠤᠭᠤᠴᠠᠭᠠᠨ ᠤ ᠦᠪᠤᠷ ᠮᠤᠩᠭᠤᠯ ᠢ ᠲᠤᠬᠳᠤᠯᠤᠭᠤᠯᠤᠬᠰᠡᠨ ᠬᠦᠮᠦᠨ ᠤ ᠤᠨᠴᠠᠭᠠᠢ ᠱᠠᠩᠨᠠᠯ ︵ | ᠬᠠᠮᠳᠤ ᠨᠡᠶᠢᠳᠠ︶ ᠪᠤᠯᠤᠨ ᠠᠷᠪᠡᠳᠤᠭᠠᠷ ᠬᠤᠭᠤᠴᠠᠭᠠᠨ ᠤ ︽ᠲᠤᠮᠳᠠᠳᠤ ᠶᠢᠨ ᠨᠢᠬᠦᠯᠡᠰᠦᠩᠭᠦᠢ ᠶᠢᠨ ᠱᠠᠩᠨᠠᠯ︾ | ᠵᠡᠷᠭᠡ ᠢᠷᠠᠭᠤ ᠠᠯᠳᠠᠷ ᠢ ᠣᠯᠭᠤᠪᠠ᠃ | |