| ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ | ᠣᠶᠢᠯᠠᠭᠠᠭᠰᠠᠨ ᠢᠶᠠᠷ᠂ ᠡᠨᠡ ᠵᠢᠯ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ | ᠮᠥᠩᠭᠦᠨ ᠤ ᠨᠡᠶᠢᠭᠡᠮᠯᠢᠭ ᠮᠠᠨ ᠤ ᠣᠷᠣᠨ ᠳᠤ 4 ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾ | ᠬᠠᠨᠳᠢᠪᠯᠠᠪᠠ᠃ ᠣᠳᠣ ᠪᠣᠯᠲᠠᠯ᠎ᠠ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ | ᠮᠥᠩᠭᠦᠨ ᠤ ᠨᠡᠶᠢᠭᠡᠮᠯᠢᠭ ᠮᠠᠨ ᠤ ᠣᠷᠣᠨ ᠳᠤ ᠨᠡᠶᠢᠲᠡ 122 ︽ᠡᠬᠡ ᠶᠢᠨ ᠡᠷᠡᠭᠦᠯ ᠮᠡᠨᠳᠦ ᠶᠢᠨ ᠲᠦᠷᠭᠡᠨ ᠲᠡᠷᠭᠡ︾ | ᠬᠠᠨᠳᠢᠪᠯᠠᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ︽ᠲᠠᠯ᠎ᠠ ᠨᠤᠲᠤᠭ ᠤᠨ ᠡᠬᠡ ᠶᠢᠨ | ᠡᠷᠡᠭᠦᠯ ᠮᠡᠨᠳᠦ ᠶᠢᠨ ᠲᠦᠷᠭᠡᠨ ᠲᠡᠷᠭᠡ︾ ᠶᠢ 38 ᠲᠠᠯᠪᠢᠵᠤ᠂ ᠮᠠᠨ ᠤ ᠣᠷᠣᠨ ︽ᠡᠵᠢ ᠨᠡᠷᠡᠮᠵᠢᠲᠦ ᠡᠷᠡᠭᠦᠯ | ᠮᠡᠨᠳᠦ ᠶᠢᠨ ᠲᠦᠷᠭᠡᠨ ᠲᠡᠷᠭᠡ︾ ᠶᠢ 103 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠨᠡᠶᠢᠳᠡᠮ | ᠪᠦᠷᠬᠦᠭᠦᠯᠵᠡᠢ᠃ | ᠣᠶᠢᠯᠠᠭᠠᠭᠰᠠᠨ ᠢᠶᠠᠷ᠂ ᠡᠨᠡ ᠵᠢᠯ ᠤᠨ ᠬᠠᠨᠳᠢᠪᠯᠠᠭᠰᠠᠨ 4 ︽ᠡᠵᠢ ᠨᠡᠷᠡᠮᠵᠢᠲᠦ ᠡᠷᠡᠭᠦᠯ ᠮᠡᠨᠳᠦ ᠶᠢᠨ | ᠲᠦᠷᠭᠡᠨ ᠲᠡᠷᠭᠡ︾ ᠶᠢ ᠣᠶᠢᠷ᠎ᠠ ᠳᠤ ᠬᠦᠬᠡᠬᠤᠲᠠ ᠶᠢᠨ ᠲᠦᠮᠡᠳ ᠵᠡᠭᠦᠨ ᠬᠤᠰᠢᠭᠤᠨ ᠤ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ᠂ ᠬᠥᠯᠥᠨ ᠪᠤᠶᠢᠷ ᠬᠤᠲᠠ ᠶᠢᠨ ᠣᠷᠴᠣᠨ ᠥᠪᠡᠷᠲᠡᠭᠡᠨ ᠵᠠᠰᠠᠬᠤ ᠬᠤᠰᠢᠭᠤᠨ ᠤ ᠠᠯᠢ ᠭᠤᠤᠯ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠤᠯᠠᠭᠠᠨᠬᠠᠳᠠ ᠬᠤᠲᠠ ᠶᠢᠨ ᠠᠤᠬᠠᠨ | ᠬᠤᠰᠢᠭᠤᠨ ᠤ ᠰᠢᠨ ᠬᠤᠢ ᠪᠠᠯᠭᠠᠰᠤ ᠶᠢᠨ ᠰᠢᠨ ᠳ᠋ᠢ ᠡᠷᠡᠭᠦᠯ ᠬᠠᠮᠠᠭᠠᠯᠠᠯ ᠤᠨ ᠬᠤᠷᠢᠶ᠎ᠠ᠂ ᠪᠠᠶᠠᠨᠨᠠᠭᠤᠷ ᠬᠤᠲᠠ ᠶᠢᠨ | ᠬᠠᠩᠭᠢᠨ ᠬᠤᠶᠢᠲᠤ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠦᠷᠢᠶᠡᠯᠡᠩ ᠳᠤ ᠲᠤᠰ ᠲᠤᠰ | ᠥᠭᠴᠡᠢ᠃ ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾ ᠶᠢᠨ ᠲᠥᠷᠥᠯ ᠵᠦᠢᠯ ᠪᠣᠯ ᠪᠦᠬᠦ | ᠤᠯᠤᠰ ᠤᠨ ᠡᠮᠡᠭᠲᠡᠶᠢᠴᠦᠳ ᠤᠨ ᠬᠤᠯᠪᠣᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠬᠡ ᠨᠢᠯᠬᠠᠰ ᠤᠨ | ᠠᠵᠢᠯ ᠤᠨ ᠵᠥᠪᠯᠡᠯ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ | ᠰᠠᠭᠤᠷᠢ ᠮᠥᠩᠭᠦᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠨᠢᠭᠡ ᠵᠦᠢᠯ ᠤᠨ ᠲᠣᠮᠣ ᠬᠡᠯᠪᠡᠷᠢ ᠶᠢᠨ | ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯᠣᠨ᠎ᠠ᠂ ᠮᠠᠨ ᠤ ᠤᠯᠤᠰ ᠤᠨ ᠪᠠᠷᠠᠭᠤᠨ ᠣᠷᠣᠨ ᠳᠤ ᠥᠭᠴᠦ᠂ | ᠨᠡᠭᠦᠳᠡᠯ ᠡᠮᠴᠢᠯᠡᠭᠡᠨ ᠤ ᠬᠡᠯᠪᠡᠷᠢ ᠪᠠᠷ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠡᠷᠡᠭᠦᠯ ᠮᠡᠨᠳᠦ ᠶᠢᠨ ᠮᠡᠳᠡᠯᠭᠡ᠂ | ᠡᠷᠡᠭᠦᠯ ᠮᠡᠨᠳᠦ ᠶᠢᠨ ᠣᠨᠣᠯᠵᠢᠬᠤᠨ᠂ ᠡᠷᠡᠭᠦᠯ ᠮᠡᠨᠳᠦ ᠶᠢᠨ ᠦᠢᠯᠡᠴᠢᠯᠡᠭᠡ ᠬᠦᠷᠭᠡᠵᠦ ᠪᠠᠶᠢᠭ᠎ᠠ ᠶᠤᠮ᠃ 2005 | ᠣᠨ ᠳᠤ ᠲᠤᠰ ᠲᠥᠷᠥᠯ ᠵᠦᠶᠯ ᠢ ᠮᠠᠨ ᠤ ᠣᠷᠣᠨ ᠳᠤ ᠬᠡᠷᠡᠭᠵᠢᠭᠦᠯᠦᠭᠰᠡᠨ ᠠᠴᠠ ᠨᠠᠭᠠᠰᠢ᠂ ᠲᠥᠷᠥᠯ ᠵᠦᠶᠯ ᠤᠨ | ᠡᠮᠨᠡᠯᠭᠡ ᠶᠢᠨ ᠬᠤᠷᠢᠶ᠎ᠠ ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾ ᠳᠤ ᠲᠦᠰᠢᠭᠯᠡᠨ ᠠᠯᠪᠠᠨ | ᠵᠢᠷᠤᠮ ᠤᠨ ᠡᠮᠴᠢᠯᠡᠭᠡᠨ ᠤ ᠵᠥᠪᠯᠡᠯᠭᠡ ᠥᠭᠬᠦ᠂ ᠡᠷᠡᠭᠦᠯ ᠮᠡᠨᠳᠦ ᠶᠢᠨ ᠨᠡᠶᠢᠳᠡᠮ ᠪᠠᠶᠢᠴᠠᠭᠠᠯᠲᠠ ᠬᠢᠬᠦ᠂ ᠰᠦᠢᠳᠬᠡᠯ | ᠬᠤᠷᠢᠶᠠᠬᠤ ᠦᠭᠡᠢ ᠪᠠᠷ ᠡᠮ ᠤᠨ ᠵᠦᠶᠯ ᠣᠯᠭᠤᠬᠤ᠂ ᠵᠢᠷᠮᠦᠰᠦᠨ ᠡᠮᠡᠭᠲᠡᠶ ᠵᠢᠴᠢ ᠪᠤᠰᠤᠳ ᠬᠦᠨᠳᠦ ᠲᠦᠭᠰᠢᠭᠦᠷᠢᠲᠡᠶ | ᠡᠪᠡᠳᠴᠢᠲᠡᠨ ᠢ ᠲᠦᠷᠭᠡᠨ ᠠᠪᠤᠷᠠᠬᠤ᠂ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠵᠡᠷᠭᠡ ᠶᠢ ᠦᠷᠨᠢᠭᠦᠯᠵᠦ᠂ | ᠡᠬᠡ ᠨᠢᠯᠬᠠᠰ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠭᠰᠠᠨ ᠢᠶᠠᠷ ᠪᠠᠷᠠᠬᠤ ᠥᠬᠡᠶ ᠪᠠᠰᠠ ᠮᠠᠯᠵᠢᠬᠤ | ᠲᠠᠷᠢᠶᠠᠯᠠᠬᠤ ᠣᠷᠣᠨ ᠤ ᠵᠢᠷᠮᠦᠰᠦᠨ ᠡᠮᠡᠭᠲᠡᠶ᠂ ᠨᠢᠯᠬ᠎ᠠ ᠬᠡᠦᠬᠡᠳ ᠤᠨ ᠦᠬᠦᠯ ᠤᠨ ᠨᠣᠷᠮ᠎ᠠ ᠪᠠ ᠡᠮᠡᠭᠲᠡᠶ ᠶᠢᠨ | ᠡᠪᠡᠳᠴᠢᠨ ᠡᠭᠦᠰᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠭᠰᠠᠨ ᠢᠶᠠᠷ ᠣᠯᠠᠨ ᠲᠦᠮᠡᠨ ︽ᠨᠡᠭᠦᠳᠡᠯ ᠡᠮᠴᠢᠯᠡᠭᠡ | ᠡᠷᠡᠭᠦᠯᠵᠢᠯ ᠤᠨ ᠲᠡᠷᠭᠡ︾ ᠪᠣᠯᠣᠨ ᠵᠢᠷᠮᠦᠰᠦᠨ ᠪᠦᠰᠡᠭᠦᠶ ᠶᠢᠨ ︽ᠠᠮᠢ ᠨᠠᠰᠤᠨ ᠤ ᠡᠷᠡᠭᠦᠯ ᠮᠡᠨᠳᠦ ᠶᠢᠨ ᠲᠡᠷᠭᠡ︾ | ᠬᠡᠮᠡᠨ ᠲᠤᠲᠤᠨᠤᠴᠢᠯᠠᠨ ᠨᠡᠷᠡᠶᠢᠳᠳᠡᠭ ᠪᠠᠶᠢᠨ᠎ᠠ᠃ | |