| ᠳᠡᠯᠬᠡᠷᠡᠬᠦ ᠵᠤᠨ ᠤ ᠵᠢᠷᠭᠤᠭᠠᠨ ᠰᠠᠷ᠎ᠠ ᠳᠤ᠂ ᠦᠪᠦᠷ ᠮᠤᠩᠭᠤᠯ ᠤᠨ ᠳᠠᠯ᠎ᠠ ᠨᠤᠳᠤᠭ ᠨᠤᠮᠢᠨ ᠳᠠᠪᠠᠯᠭᠠᠨ | ᠬᠠᠶᠠᠯᠠᠨ᠂ ᠵᠢᠭᠤᠯᠴᠢᠯᠠᠯ ᠤᠨ ᠬᠦᠭᠵᠢᠶᠡᠨᠳᠤ ᠴᠠᠭ ᠢᠶᠠᠨ ᠤᠭᠳᠤᠨ᠎ᠠ᠃ ᠡᠨᠡ ᠵᠢᠯ ᠪᠤᠯ ᠮᠠᠨ ᠤ ᠤᠯᠤᠰ ᠤᠨ ᠤᠷᠤᠰ | ᠪᠠ ᠮᠤᠩᠭᠤᠯ ᠤᠯᠤᠰ ᠯᠤᠭ᠎ᠠ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠤᠯᠤᠨ᠎ᠠ᠃ ᠲᠦᠷᠦᠬᠦᠬᠡᠨ | ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠲᠦᠷᠦᠬᠦᠴᠦᠳ ᠤᠨ ᠳᠠᠪᠤᠳᠤᠭᠠᠷ ᠤᠳᠠᠭ᠎ᠠ ᠶᠢᠨ ᠠᠭᠤᠯᠵᠠᠯᠳᠠ | ᠬᠢᠵᠦ᠂ ᠭᠤᠷᠪᠠᠨ ᠤᠯᠤᠰ ᠢᠶᠠᠷ ᠢᠶᠠᠨ ᠡᠯ᠎ᠠ ᠬᠦᠷᠢᠶᠡᠨ ᠳᠠᠬᠢ ᠪᠦᠬᠦ ᠳᠠᠯ᠎ᠠ ᠶᠢᠨ ᠬᠠᠮᠳᠤᠷᠠᠯᠴᠠᠭ᠎ᠠ ᠪᠠᠨ ᠤᠯᠠᠮ | ᠴᠢᠨᠠᠭᠰᠢᠳᠠ ᠬᠦᠨᠵᠡᠬᠡᠶᠢᠷᠡᠬᠦᠯᠦᠭᠰᠡᠨ ᠪᠠᠶᠢᠨ᠎ᠠ᠃ ᠶᠠᠭ ᠡᠨᠡ ᠬᠦ ᠴᠢᠬᠤᠯᠠ ᠴᠠᠭ ᠮᠦᠴᠡ ᠳᠤ᠂ 6 ᠳ᠋ᠤᠭᠠᠷ | ᠰᠠᠷ᠎ᠠ ᠶᠢᠨ 23 ᠤ ᠡᠳᠦᠷ᠂ ᠭᠤᠷᠪᠠᠨ ᠤᠯᠤᠰ ᠤᠨ ᠵᠢᠭᠤᠯᠴᠢᠯᠠᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ | ᠨᠠᠷ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠤᠨ ᠤᠯᠠᠭᠠᠨᠴᠠᠪ ᠲᠤ ᠴᠤᠭᠯᠠᠷᠠᠵᠤ᠂ ᠲᠦᠷᠪᠡᠳᠦᠬᠡᠷ | ᠬᠤᠭᠤᠴᠠᠭᠠᠨ ᠤ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ | ᠬᠤᠷᠠᠯ ᠬᠤᠷᠠᠯᠳᠤᠵᠤ᠂ ᠭᠤᠷᠪᠠᠨ ᠤᠯᠤᠰ ᠤᠨ ᠵᠢᠭᠤᠯᠴᠢᠯᠠᠯ ᠤᠨ ᠠᠵᠤ ᠦᠢᠯᠡᠰ ᠤᠨ ᠬᠠᠮᠳᠤᠷᠠᠯᠴᠠᠭ᠎ᠠ ᠶᠢᠨ ᠳᠤᠬᠠᠢ | ᠬᠠᠮᠳᠤ ᠪᠠᠷ ᠵᠦᠪᠳᠡᠯᠴᠡᠭᠰᠡᠨ ᠪᠠᠶᠢᠨ᠎ᠠ᠃ | 5 ᠡᠳᠦᠷ ᠶᠠᠪᠤᠭᠳᠠᠭᠰᠠᠨ ᠠᠵᠢᠯᠯᠠᠭ᠎ᠠ ᠠᠭᠤᠯᠭ᠎ᠠ ᠪᠠᠷ ᠪᠠᠶᠠᠯᠢᠭ ᠦᠷ᠎ᠠ ᠪᠦᠳᠦᠬᠡᠯ ᠢᠶᠠᠷ ᠦᠯᠡᠮᠵᠢ ᠪᠠᠶᠢᠯ᠎ᠠ᠃ | ᠭᠤᠷᠪᠠᠨ ᠳᠠᠯ᠎ᠠ ᠪᠠᠷ ᠢᠶᠠᠨ ︽ᠲᠦᠷᠪᠡᠳᠦᠬᠡᠷ ᠬᠤᠭᠤᠴᠠᠭᠠᠨ ᠤ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ | ᠵᠢᠭᠤᠯᠴᠢᠯᠠᠯ ᠤᠨ ᠰᠠᠶᠢᠳ ᠨᠠᠷ ᠤᠨ ᠬᠤᠷᠠᠯ ᠤᠨ ᠳᠤᠪᠴᠢᠯᠠᠯ︾ ᠳᠤ ᠬᠠᠮᠳᠤ ᠪᠠᠷ ᠭᠠᠷ ᠤᠨ ᠦᠰᠦᠭ ᠵᠢᠷᠤᠵᠤ᠂ | ᠬᠤᠶᠢᠰᠢᠳᠠ ᠶᠢᠨ ᠬᠦᠭᠵᠢᠯᠳᠡ ᠶᠢᠨ ᠳᠤᠬᠠᠢ ᠰᠠᠨᠠᠯ ᠪᠤᠳᠤᠯ ᠢᠶᠠᠨ ᠰᠤᠯᠢᠯᠴᠠᠵᠤ ᠬᠠᠮᠳᠤ ᠶᠢᠨ ᠳᠠᠨᠢᠯᠳᠠ ᠲᠠᠢ ᠪᠤᠯᠵᠠᠢ᠃ | ᠭᠤᠷᠪᠠᠨ ᠳᠠᠯ᠎ᠠ ᠪᠠᠷ ᠢᠶᠠᠨ ᠬᠠᠷᠢᠯᠴᠠᠨ ᠵᠢᠭᠤᠯᠴᠢᠯᠠᠵᠤ ᠪᠠᠶᠢᠭ᠎ᠠ ᠵᠢᠭᠤᠯᠴᠢᠯᠠᠭᠰᠠᠳ ᠤᠨ ᠳᠤᠭ᠎ᠠ ᠵᠢᠯ ᠠᠴᠠ ᠵᠢᠯ | ᠨᠡᠮᠡᠭᠳᠡᠵᠦ ᠪᠠᠶᠢᠭ᠎ᠠ ᠪᠠᠶᠢᠳᠠᠯ᠂ ᠳᠤᠮᠳᠠᠳᠤ ᠤᠷᠤᠰ ᠮᠤᠩᠭᠤᠯ ᠤᠨ ᠵᠠᠰᠠᠭ ᠤᠨ ᠤᠷᠳᠤᠨ ᠤ ᠵᠢᠭᠤᠯᠴᠢᠯᠠᠯ ᠵᠡᠷᠬᠡ | ᠰᠠᠯᠠᠭ᠎ᠠ ᠮᠦᠴᠢᠷ ᠤᠨ ᠬᠠᠮᠳᠤᠷᠠᠯᠴᠠᠭ᠎ᠠ᠂ ᠭᠤᠷᠪᠠᠨ ᠤᠯᠤᠰ ᠤᠨ ᠭᠠᠵᠠᠷ ᠤᠷᠤᠨ ᠤ ᠬᠤᠭᠤᠷᠤᠨᠳᠤᠬᠢ ᠪᠠ ᠬᠢᠯᠢ | ᠬᠢᠵᠠᠭᠠᠷ ᠤᠨ ᠬᠤᠭᠤᠷᠤᠨᠳᠤᠬᠢ ᠬᠠᠮᠳᠤᠷᠠᠯᠴᠠᠭ᠎ᠠ ᠳᠤ ᠬᠠᠨᠤᠮᠵᠢᠳᠠᠢ ᠪᠠᠶᠢᠬᠤ ᠪᠠᠨ ᠢᠯᠡᠳᠬᠡᠵᠡᠢ᠃ ᠳᠠᠷᠠᠭᠠᠴᠢ ᠪᠠᠷ᠂ | ᠭᠤᠷᠪᠠᠨ ᠤᠯᠤᠰ ᠤᠨ ᠬᠢᠯᠢ ᠬᠢᠵᠠᠭᠠᠷ ᠤᠨ ᠬᠤᠳᠠ ᠶᠢᠨ ᠵᠢᠭᠤᠯᠴᠢᠯᠠᠯ ᠤᠨ ᠶᠡᠷᠦᠩᠬᠡᠶᠢᠯᠡᠨ ᠵᠠᠰᠠᠬᠤ ᠲᠦᠪᠰᠢᠨ ᠢ | ᠳᠡᠬᠡᠭᠰᠢᠯᠡᠬᠦᠯᠵᠦ᠂ ᠵᠢᠭᠤᠯᠴᠢᠯᠠᠯ ᠤᠨ ᠠᠮᠤᠷ ᠲᠦᠪᠰᠢᠨ ᠤ ᠪᠠᠳᠤᠯᠠᠭ᠎ᠠ ᠶᠢᠨ ᠳᠤᠭᠳᠠᠴᠠ ᠪᠠᠶᠢᠭᠤᠯᠬᠤ ᠪᠤᠯᠤᠮᠵᠢ | ᠪᠠᠶᠢᠬᠤ ᠡᠰᠡᠬᠦ᠂ ᠵᠢᠭᠤᠯᠴᠢᠯᠠᠯ ᠤᠨ ᠦᠢᠯᠡᠴᠢᠯᠡᠭᠡ ᠶᠢᠨ ᠴᠢᠨᠠᠷ ᠴᠢᠨᠰᠠᠭ᠎ᠠ ᠪᠠᠨ ᠳᠡᠬᠡᠭᠰᠢᠯᠡᠬᠦᠯᠦᠨ᠂ ᠬᠢᠯᠢ | ᠠᠯᠤᠰᠯᠠᠭᠰᠠᠨ ᠵᠢᠭᠤᠯᠴᠢᠯᠠᠯ ᠤᠨ ᠱᠤᠭᠤᠮ ᠨᠡᠬᠡᠬᠡᠬᠦ ᠶᠢ ᠠᠬᠢᠭᠤᠯᠬᠤ︔ ᠰᠠᠭᠤᠷᠢ ᠪᠡᠯᠡᠳᠬᠡᠮᠵᠢ ᠶᠢᠨ ᠪᠦᠳᠦᠬᠡᠨ | ᠪᠠᠶᠢᠭᠤᠯᠤᠯᠳᠠ ᠶᠢᠨ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠬᠦ ᠶᠢ ᠤᠯᠠᠮ ᠴᠢᠩᠭᠠᠳᠬᠠᠨ ᠰᠤᠯᠢᠯᠴᠠᠭ᠎ᠠ | ᠬᠠᠮᠳᠤᠷᠠᠯᠴᠠᠭ᠎ᠠ ᠳᠤ ᠨᠡᠩ ᠲᠦᠬᠦᠮ ᠦᠵᠡᠬᠦᠯᠬᠦ ᠠᠷᠭ᠎ᠠ ᠪᠠᠷᠢᠯ ᠢ ᠠᠬᠢᠭᠤᠯᠬᠤ︔ ︽ᠲᠦᠮᠠᠨ ᠭᠠᠵᠠᠷ ᠤᠨ ᠴᠠᠢ ᠶᠢᠨ | ᠵᠠᠮ︾ ᠤᠨ ᠤᠯᠠᠨ ᠤᠯᠤᠰ ᠤᠨ ᠵᠢᠭᠤᠯᠴᠢᠯᠠᠯ ᠤᠨ ᠲᠦᠷᠦᠯ ᠳᠡᠮᠳᠡᠭ ᠢ ᠦᠷᠬᠦᠯᠵᠢᠯᠡᠨ ᠬᠠᠮᠳᠤ ᠪᠠᠷ ᠡᠬᠦᠳᠬᠦ ᠵᠢᠴᠢ | ᠡᠬᠦᠨ ᠤ ᠰᠠᠭᠤᠷᠢᠨ ᠳᠡᠬᠡᠷ᠎ᠡ ᠪᠠᠨ ᠵᠢᠭᠤᠯᠴᠢᠯᠠᠯ ᠤᠨ ᠬᠠᠮᠳᠤᠷᠠᠯᠴᠠᠭ᠎ᠠ ᠪᠠᠨ ᠴᠢᠩᠭᠠᠳᠬᠠᠨ᠂ ᠭᠤᠷᠪᠠᠨ | ᠳᠠᠯ᠎ᠠ ᠪᠠᠷ ᠢᠶᠠᠨ ᠵᠢᠭᠤᠯᠴᠢᠯᠠᠯ ᠤᠨ ᠳᠠᠨᠢᠯᠴᠠᠭᠤᠯᠭ᠎ᠠ ᠬᠢᠬᠦ᠂ ᠵᠢᠭᠤᠯᠴᠢᠯᠠᠯ ᠤᠨ ᠳᠡᠯᠬᠡᠨ ᠦᠵᠡᠬᠦᠯᠬᠡ ᠬᠢᠬᠦ | ᠠᠵᠢᠯᠯᠠᠭ᠎ᠠ ᠶᠢ ᠳᠡᠮᠵᠢᠬᠦ︔ 2019 ᠤᠨ ᠤ ᠤᠷᠤᠰ ᠤᠨ ᠰᠡᠨᠲ ᠫᠧᠲ᠋ᠧᠷᠪᠦ᠋ᠷᠡᠭ ᠲᠤ ᠡᠷᠬᠢᠯᠡᠬᠦ ᠤᠯᠠᠨ ᠤᠯᠤᠰ ᠤᠨ | ᠬᠤᠯᠪᠤᠭᠠᠳᠤ ᠪᠠᠶᠢᠭᠤᠯᠭ᠎ᠠ ᠶᠢᠨ ᠳᠡᠯᠡᠬᠡᠢ ᠶᠢᠨ ᠵᠤᠬᠢᠶᠠᠨ ᠪᠠᠶᠢᠭᠤᠯᠤᠯᠳᠠ ᠶᠢᠨ 23 ᠳ᠋ᠤᠭᠠᠷ ᠬᠤᠭᠤᠴᠠᠭᠠᠨ ᠤ ᠪᠦᠬᠦ | ᠬᠡᠰᠢᠬᠦᠳ ᠤᠨ ᠬᠤᠷᠠᠯ ᠢ ᠳᠡᠮᠵᠢᠬᠦ ᠲᠠᠯ᠎ᠠ ᠪᠠᠷ ᠪᠤᠳᠠᠳᠠᠢ ᠶᠠᠷᠢᠯᠴᠠᠭᠰᠠᠨ ᠪᠠᠶᠢᠨ᠎ᠠ᠃ | ᠡᠨᠡ ᠤᠳᠠᠭ᠎ᠠ ᠶᠢᠨ ᠶᠡᠭᠡ ᠬᠤᠷᠠᠯ ᠪᠤᠯ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠪᠤᠯᠪᠠᠰᠤᠨ | ᠬᠠᠷᠢᠯᠴᠠᠭ᠎ᠠ ᠪᠠᠨ ᠦᠷᠬᠡᠳᠬᠡᠬᠦ ᠬᠠᠷᠢᠯᠴᠠᠨ ᠳᠤᠯᠢ ᠪᠤᠯᠭᠠᠬᠤ ᠴᠢᠬᠤᠯᠠ ᠠᠷᠭ᠎ᠠ ᠪᠠᠷᠢᠯ ᠪᠤᠯᠤᠨ᠎ᠠ᠂ ᠪᠠᠰᠠ ᠴᠤ ᠦᠪᠦᠷ | ᠮᠤᠩᠭᠤᠯ ᠤᠨ ︽ᠨᠢᠬᠡ ᠪᠦᠰᠡ ᠨᠢᠬᠡ ᠵᠠᠮ︾ ᠪᠠ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ | ︾ ᠢ ᠬᠠᠮᠳᠤ ᠪᠠᠷ ᠪᠠᠶᠢᠭᠤᠯᠬᠤ ᠳᠤ ᠤᠷᠤᠯᠴᠠᠬᠤ ᠪᠠ ᠠᠭᠤᠰᠤᠯᠴᠠᠬᠤ ᠴᠢᠬᠤᠯᠠ ᠵᠠᠪᠰᠢᠶᠠᠨ ᠪᠤᠯᠤᠨ᠎ᠠ᠃ ᠵᠢᠭᠤᠯᠴᠢᠯᠠᠯ | ᠪᠤᠯ ᠠᠳᠠᠯᠢ ᠪᠤᠰᠤ ᠤᠯᠤᠰ᠂ ᠠᠳᠠᠯᠢ ᠪᠤᠰᠤ ᠰᠤᠶᠤᠯ ᠤᠨ ᠰᠤᠯᠢᠯᠴᠠᠭ᠎ᠠ ᠶᠢᠨ ᠬᠠᠷᠢᠯᠴᠠᠨ ᠳᠤᠯᠢ ᠪᠤᠯᠭᠠᠬᠤ ᠴᠢᠬᠤᠯᠠ | ᠠᠷᠭ᠎ᠠ ᠵᠠᠮ ᠮᠦᠨ᠃ ᠳᠤᠮᠳᠠᠳᠤ ᠤᠷᠤᠰ ᠮᠤᠩᠭᠤᠯ ᠭᠤᠷᠪᠠᠨ ᠤᠯᠤᠰ ᠬᠠᠷᠢᠯᠴᠠᠨ ᠬᠦᠷᠰᠢᠯᠡᠵᠦ᠂ ᠠᠭᠤᠯᠠ | ᠤᠰᠤ ᠪᠠᠷ ᠢᠶᠠᠨ ᠵᠠᠯᠭᠠᠯᠳᠤᠭᠰᠠᠨ ᠨᠦᠬᠦᠷᠰᠡᠭ ᠬᠦᠷᠰᠢ᠂ ᠰᠠᠬᠢᠨ ᠪᠠᠷᠠᠭᠠᠯᠠᠵᠤ ᠬᠠᠷᠢᠯᠴᠠᠨ ᠬᠠᠪᠰᠤᠷᠤᠯᠴᠠᠬᠤ | ᠬᠠᠨᠢᠳᠠᠨ ᠨᠠᠶᠢᠵᠠ ᠪᠤᠯᠤᠨ᠎ᠠ᠃ ᠤᠢᠢᠷ᠎ᠠ ᠶᠢᠨ ᠵᠢᠯ ᠠᠴᠠ᠂ ᠳᠤᠮᠳᠠᠳᠤ ᠤᠷᠤᠰ ᠮᠤᠩᠭᠤᠯ ᠭᠤᠷᠪᠠᠨ ᠤᠯᠤᠰ ︽ | ᠳᠤᠮᠳᠠᠳᠤ ᠤᠷᠤᠰ ᠮᠤᠩᠭᠤᠯ ᠤᠨ ᠬᠦᠭᠵᠢᠯᠳᠡ ᠶᠢᠨ ᠭᠤᠷᠪᠠᠨ ᠳᠠᠯ᠎ᠠ ᠶᠢᠨ ᠬᠠᠮᠳᠤᠷᠠᠯᠴᠠᠭ᠎ᠠ︾ ᠶᠢᠨ ᠵᠠᠮ ᠱᠤᠭᠤᠮ ᠢ | ᠦᠨᠳᠦᠰᠦᠯᠡᠵᠦ᠂ ︽ᠳᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ ᠤᠨ ᠲᠦᠯᠦᠪᠵᠢᠬᠦᠯᠬᠡ ᠶᠢᠨ | ᠬᠦᠳᠦᠯᠪᠦᠷᠢ︾ ᠶᠢᠨ ᠵᠢᠭᠤᠯᠴᠢᠯᠠᠯ ᠳᠤ ᠬᠤᠯᠪᠤᠭᠳᠠᠭᠰᠠᠨ ᠬᠠᠮᠳᠤᠷᠠᠯᠴᠠᠭ᠎ᠠ ᠶᠢᠨ ᠲᠦᠷᠦᠯ ᠵᠦᠢᠯ ᠢ ᠬᠠᠮᠳᠤ ᠪᠠᠷ | ᠠᠬᠢᠭᠤᠯᠵᠤ᠂ ︽ᠲᠦᠮᠠᠨ ᠭᠠᠵᠠᠷ ᠤᠨ ᠴᠠᠢ ᠶᠢᠨ ᠵᠠᠮ︾ ᠤᠯᠠᠨ ᠤᠯᠤᠰ ᠤᠨ ᠵᠢᠭᠤᠯᠴᠢᠯᠠᠯ ᠤᠨ ᠬᠠᠮᠳᠤᠷᠠᠯᠴᠠᠭ᠎ᠠ ᠶᠢ | ᠠᠬᠢᠭᠤᠯᠵᠤ᠂ ᠤᠯᠤᠰ ᠠᠯᠤᠰᠯᠠᠭᠰᠠᠨ᠂ ᠤᠷᠤᠨ ᠵᠠᠢ ᠠᠯᠤᠰᠯᠠᠭᠰᠠᠨ᠂ ᠰᠤᠶᠤᠯ ᠪᠤᠯᠪᠠᠰᠤᠨ ᠠᠯᠤᠰᠯᠠᠭᠰᠠᠨ ᠰᠤᠶᠤᠯ | ᠵᠢᠭᠤᠯᠴᠢᠯᠠᠯ ᠪᠠ ᠰᠤᠶᠤᠯ ᠢᠷᠬᠡᠨᠰᠢᠯ ᠤᠨ ᠬᠠᠷᠢᠯᠴᠠᠭᠠᠨ ᠤ ᠠᠵᠢᠯᠯᠠᠭ᠎ᠠ ᠶᠢ ᠦᠷᠬᠡᠨ ᠢᠶᠠᠷ ᠦᠷᠨᠢᠬᠦᠯᠵᠦ᠂ ᠬᠠᠷᠢᠯᠴᠠᠨ | ᠬᠤᠯᠪᠤᠯᠳᠤᠵᠤ ᠬᠠᠷᠢᠯᠴᠠᠨ ᠨᠡᠪᠳᠡᠷᠡᠯᠴᠡᠬᠦ ᠶᠢ ᠠᠬᠢᠭᠤᠯᠬᠤ᠂ ᠨᠡᠬᠡᠬᠡᠯᠳᠡᠳᠤ ᠬᠡᠯᠪᠡᠷᠢ ᠶᠢᠨ ᠳᠡᠯᠡᠬᠡᠢ ᠶᠢᠨ ᠠᠵᠤ | ᠠᠬᠤᠢ ᠶᠢ ᠴᠤᠭᠴᠠᠯᠠᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ | ᠪᠠᠶᠢᠭᠤᠯᠬᠤ ᠳᠤ ᠢᠳᠡᠪᠬᠢᠳᠡᠢ ᠬᠤᠪᠢ ᠨᠡᠮᠡᠷᠢ ᠦᠵᠡᠬᠦᠯᠬᠦ ᠪᠤᠯᠤᠨ᠎ᠠ᠃ ᠰᠤᠶᠤᠯ ᠤᠨ ᠰᠤᠯᠢᠯᠴᠠᠭ᠎ᠠ ᠪᠠ | ᠵᠢᠭᠤᠯᠴᠢᠯᠠᠯ ᠤᠨ ᠬᠠᠮᠳᠤᠷᠠᠯᠴᠠᠭ᠎ᠠ ᠨᠢ ᠭᠤᠷᠪᠠᠨ ᠤᠯᠤᠰ ᠤᠨ ᠪᠦᠬᠦ ᠳᠠᠯ᠎ᠠ ᠶᠢᠨ ᠬᠠᠮᠳᠤᠷᠠᠯᠴᠠᠭ᠎ᠠ ᠳᠤ ᠬᠠᠮᠤᠭ ᠤᠨ | ᠠᠮᠢᠵᠢᠷᠠᠯ ᠤᠨ ᠬᠦᠴᠦᠨ ᠲᠠᠢ ᠬᠦᠷᠢᠶ᠎ᠠ ᠴᠠᠷᠠᠭ᠎ᠠ ᠪᠤᠯᠬᠤ ᠪᠦᠬᠡᠳ ᠭᠤᠷᠪᠠᠨ ᠤᠯᠤᠰ ᠤᠨ ᠠᠷᠠᠳ ᠲᠦᠮᠡᠨ ᠤ | ᠨᠦᠬᠦᠷᠯᠡᠯ ᠤᠨ ᠴᠢᠬᠤᠯᠠ ᠬᠤᠯᠪᠤᠭᠠᠰᠤ ᠪᠤᠯᠤᠨ᠎ᠠ᠃ | ᠦᠪᠦᠷ ᠮᠤᠩᠭᠤᠯ ᠪᠤᠯ ᠳᠤᠮᠳᠠᠳᠤ ᠤᠯᠤᠰ ᠤᠨ ᠤᠮᠠᠷᠠᠰᠢ ᠨᠡᠬᠡᠬᠡᠯᠳᠡ ᠬᠢᠬᠦ ᠶᠢᠨ ᠴᠢᠬᠤᠯᠠ ᠴᠤᠩᠬᠤᠪᠴᠢ᠂ | ︽ᠨᠢᠬᠡ ᠪᠦᠰᠡ ᠨᠢᠬᠡ ᠵᠠᠮ︾ ᠤᠨ ᠪᠦᠳᠦᠬᠡᠨ ᠪᠠᠶᠢᠭᠤᠯᠤᠯᠳᠠ ᠶᠢᠨ ᠴᠢᠬᠤᠯᠠ ᠬᠦᠢᠰᠤ ᠪᠤᠯᠤᠨ᠎ᠠ᠃ ᠤᠢᠢᠷ᠎ᠠ ᠶᠢᠨ | ᠵᠢᠯ ᠳᠤ᠂ ᠮᠠᠨ ᠤ ᠤᠷᠤᠨ ᠨᠢ ᠤᠷᠤᠰ ᠮᠤᠩᠭᠤᠯ ᠲᠠᠢ ᠬᠦᠷᠰᠢᠯᠡᠵᠤ ᠪᠠᠶᠢᠬᠤ ᠤᠷᠤᠨ ᠪᠠᠶᠢᠷᠢ ᠶᠢᠨ ᠳᠠᠪᠠᠭᠤᠯᠢᠭ ᠢᠶᠠᠨ | ᠬᠦᠢᠴᠡᠳ ᠪᠠᠳᠠᠷᠠᠭᠤᠯᠵᠤ᠂ ᠭᠠᠳᠠᠭᠠᠳᠤ ᠯᠤᠭ᠎ᠠ ᠶᠢᠨ ᠵᠢᠭᠤᠯᠴᠢᠯᠠᠯ ᠤᠨ ᠬᠠᠮᠳᠤᠷᠠᠯᠴᠠᠭ᠎ᠠ ᠪᠠᠨ ᠳᠠᠰᠤᠷᠠᠯᠳᠠ ᠦᠬᠡᠢ | ᠬᠦᠨᠵᠡᠬᠡᠶᠢᠷᠡᠬᠦᠯᠵᠦ᠂ ᠤᠷᠤᠰ᠂ ᠮᠤᠩᠭᠤᠯ ᠤᠯᠤᠰ ᠤᠨ ᠤᠯᠠᠨ ᠭᠠᠵᠠᠷ ᠤᠷᠤᠨ ᠲᠠᠢ ᠬᠠᠮᠵᠢᠯᠴᠠᠬᠤ ᠬᠠᠷᠢᠯᠴᠠᠭ᠎ᠠ | ᠪᠠᠶᠢᠭᠤᠯᠵᠤ᠂ ᠳᠤᠮᠳᠠᠳᠤ ᠤᠷᠤᠰ ᠮᠤᠩᠭᠤᠯ ᠤᠨ ︽ᠲᠦᠮᠠᠨ ᠭᠠᠵᠠᠷ ᠤᠨ ᠴᠠᠢ ᠶᠢᠨ ᠵᠠᠮ︾ ᠤᠯᠠᠨ ᠤᠯᠤᠰ ᠤᠨ | ᠮᠠᠰᠢᠨ ᠳᠡᠷᠬᠡ ᠵᠢᠯᠤᠭᠤᠳᠤᠨ ᠵᠢᠭᠤᠯᠴᠢᠯᠠᠬᠤ᠂ ︽ᠬᠦᠯᠦᠨ ᠪᠤᠶᠢᠷ · ᠤᠯᠠᠭᠠᠨ ᠦᠳᠡ︾ ᠠᠮᠳᠠᠳᠤ ᠢᠳᠡᠬᠡᠨ | ᠠᠮᠳᠠᠷᠬᠠᠬᠤ ᠠᠶᠠᠯᠠᠯ᠂ ︽ᠨᠦᠬᠦᠷᠯᠡᠯ · ᠡᠩᠬᠡ ᠳᠠᠶᠢᠪᠤᠩ · ᠵᠠᠯᠠᠭᠤ ᠡᠯᠴᠢ︾ ᠳᠤᠮᠳᠠᠳᠤ ᠤᠷᠤᠰ ᠮᠤᠩᠭᠤᠯ ᠤᠨ | ᠵᠠᠯᠠᠭᠤᠴᠤᠳ ᠪᠠᠭᠠᠴᠤᠳ ᠤᠨ ᠵᠤᠰᠠᠯᠠᠩ ᠤᠨ ᠠᠶᠠᠯᠠᠯ ᠵᠡᠷᠬᠡ ᠰᠢᠷᠢᠰ ᠲᠦᠷᠤᠯ ᠳᠡᠮᠳᠡᠭᠳᠤ ᠵᠢᠭᠤᠯᠴᠢᠯᠠᠯ ᠤᠨ | ᠠᠵᠢᠯᠯᠠᠭ᠎ᠠ ᠡᠷᠬᠢᠯᠡᠵᠦ᠂ 21 ᠵᠤᠷᠪᠤᠰ ᠬᠢᠯᠢ ᠶᠢᠨ ᠵᠢᠭᠤᠯᠴᠢᠯᠠᠯ ᠤᠨ ᠱᠤᠭᠤᠮ ᠢ ᠨᠡᠪᠳᠡᠷᠡᠬᠦᠯᠵᠦ᠂ ︽ᠤᠷᠳᠤᠰ | — ᠢᠷᠺᠦᠼᠧᠺ︾ ᠬᠦᠷᠬᠦ ᠵᠢᠭᠤᠯᠴᠢᠯᠠᠯ ᠤᠨ ᠨᠢᠰᠬᠡᠯ᠂ ︽ᠮᠠᠨᠵᠤᠤᠷ — ᠰᠢᠪᠧᠷᠢᠶ᠎ᠠ ᠨᠡᠷᠡᠮᠵᠢᠳᠤ︾᠂ ︽ | ᠡᠷᠢᠶᠡᠨ ᠬᠤᠳᠠ ᠨᠡᠷᠡᠮᠵᠢᠳᠤ︾ ᠵᠡᠷᠬᠡ ᠵᠢᠭᠤᠯᠴᠢᠯᠠᠯ ᠤᠨ ᠳᠤᠰᠬᠠᠢ ᠭᠠᠯᠳᠤ ᠳᠡᠷᠬᠡ ᠶᠢ ᠨᠡᠪᠳᠡᠷᠡᠬᠦᠯᠵᠦ᠂ | ᠪᠦᠯᠬᠦᠮ ᠢᠶᠠᠷ ᠵᠢᠭᠤᠯᠴᠢᠯᠠᠬᠤ ᠳᠤ ᠬᠠᠷᠢᠯᠴᠠᠨ ᠸᠢᠰᠠ ᠶᠢᠨ ᠭᠠᠷ ᠬᠦᠢᠴᠡᠳᠬᠡᠯ ᠬᠢᠬᠦ ᠦᠬᠡᠢ ᠪᠠᠶᠢᠬᠤ ᠶᠢ | ᠠᠭᠠᠵᠢᠮ ᠢᠶᠠᠷ ᠪᠡᠶᠡᠯᠡᠬᠦᠯᠵᠦ᠂ ᠳᠤᠮᠳᠠᠳᠤ ᠤᠷᠤᠰ ᠮᠤᠩᠭᠤᠯ ᠤᠨ ᠭᠤᠷᠪᠠᠨ ᠤᠯᠤᠰ ᠤᠨ ᠵᠢᠭᠤᠯᠴᠢᠯᠠᠯ ᠤᠨ ᠵᠠᠮ | ᠱᠤᠭᠤᠮ ᠤᠯᠠᠮ ᠰᠢᠯᠤᠭᠤᠳᠬᠠᠵᠠᠢ᠃ 2018 ᠤᠨ ᠳᠤ᠂ ᠦᠪᠦᠷ ᠮᠤᠩᠭᠤᠯ ᠤᠷᠤᠰ ᠤᠨ ᠵᠢᠭᠤᠯᠴᠢᠯᠠᠭᠴᠢᠳ ᠢ | 78 ᠲᠦᠮᠡᠨ ᠬᠦᠮᠦᠨ ᠤᠳᠠᠭ᠎ᠠ᠂ ᠮᠤᠩᠭᠤᠯ ᠤᠯᠤᠰ ᠤᠨ ᠵᠢᠭᠤᠯᠴᠢᠯᠠᠭᠴᠢᠳ ᠢ 95 ᠲᠦᠮᠡᠨ ᠬᠦᠮᠦᠨ ᠤᠳᠠᠭ᠎ᠠ | ᠬᠦᠯᠢᠶᠡᠨ ᠠᠪᠴᠤ᠂ ᠳᠤᠰ ᠪᠦᠷᠢ ᠪᠦᠬᠦ ᠤᠯᠤᠰ ᠤᠨ ᠬᠦᠯᠢᠶᠡᠨ ᠠᠪᠤᠭᠰᠠᠨ ᠬᠡᠮᠵᠢᠶ᠎ᠠ ᠶᠢᠨ 33% ᠪᠠ 50% ᠳᠤ | ᠬᠦᠷᠴᠦ ᠳᠤᠮᠳᠠᠳᠤ ᠤᠯᠤᠰ ᠤᠨ ᠤᠷᠤᠰ ᠮᠤᠩᠭᠤᠯ ᠤᠨ ᠵᠢᠭᠤᠯᠴᠢᠯᠠᠭᠴᠢ ᠶᠢ ᠬᠦᠯᠢᠶᠡᠨ ᠠᠪᠬᠤ ᠴᠢᠬᠤᠯᠠ | ᠬᠠᠷᠠᠯᠳᠠᠳᠤ ᠤᠷᠤᠨ ᠪᠤᠯᠵᠠᠢ᠃ ᠡᠬᠦᠨ ᠤ ᠬᠠᠮᠳᠤ᠂ ᠵᠢᠭᠤᠯᠴᠢᠯᠠᠯ ᠨᠢ ᠡᠳᠦᠷ ᠠᠴᠠ ᠡᠳᠦᠷ ᠳᠤᠮᠳᠠᠳᠤ ᠤᠷᠤᠰ | ᠮᠤᠩᠭᠤᠯ ᠤᠨ ᠠᠷᠠᠳ ᠲᠦᠮᠡᠨ ᠤ ᠬᠠᠷᠢᠯᠴᠠᠨ ᠤᠢᠢᠯᠠᠭᠠᠯᠴᠠᠬᠤ᠂ ᠨᠦᠬᠦᠷᠯᠡᠯ ᠢᠶᠠᠨ ᠵᠤᠵᠠᠭᠠᠳᠬᠠᠬᠤ ᠴᠢᠬᠤᠯᠠ | ᠠᠴᠢᠶᠠᠯᠠᠪᠤᠷᠢ ᠪᠤᠯᠵᠠᠢ᠃ ᠰᠢᠨ᠎ᠡ ᠡᠬᠦᠷᠬᠡ ᠬᠠᠷᠢᠭᠤᠴᠠᠯᠭ᠎ᠠ ᠰᠢᠨ᠎ᠡ ᠵᠢᠳᠬᠦᠯ ᠴᠢᠷᠮᠠᠶᠢᠯᠭ᠎ᠠ ᠶᠢ ᠱᠠᠭᠠᠷᠳᠠᠨ᠎ᠠ᠂ ᠰᠢᠨ᠎ᠡ | ᠠᠶᠠᠨ ᠳᠤ ᠰᠢᠨ᠎ᠡ ᠲᠦᠷᠢ ᠲᠦᠷᠬᠦ ᠶᠢ ᠱᠤᠭᠤᠨ᠎ᠠ᠃ ᠳᠠᠷᠠᠭᠠᠴᠢ ᠪᠠᠷ ᠮᠠᠨ ᠤ ᠤᠷᠤᠨ ᠤᠷᠤᠰ ᠮᠤᠩᠭᠤᠯ ᠯᠤᠭ᠎ᠠ ᠶᠢᠨ | ᠵᠢᠭᠤᠯᠴᠢᠯᠠᠯ ᠤᠨ ᠬᠠᠮᠳᠤᠷᠠᠯᠴᠠᠭ᠎ᠠ ᠪᠠᠨ ᠦᠷᠬᠦᠯᠵᠢᠯᠡᠨ ᠬᠦᠨᠵᠡᠬᠡᠶᠢᠷᠡᠬᠦᠯᠵᠦ᠂ ︽ᠲᠦᠮᠡᠨ ᠭᠠᠵᠠᠷ ᠤᠨ ᠴᠠᠢ ᠶᠢᠨ | ᠠᠶᠠᠨ︾ ᠤᠯᠠᠨ ᠤᠯᠤᠰ ᠤᠨ ᠵᠢᠭᠤᠯᠴᠢᠯᠠᠯ ᠤᠨ ᠲᠦᠷᠤᠯ ᠳᠡᠮᠳᠡᠭ ᠢ ᠡᠬᠦᠳᠬᠦ ᠶᠢ ᠠᠬᠢᠭᠤᠯᠵᠤ᠂ ᠤᠷᠤᠰ | ᠮᠤᠩᠭᠤᠯ ᠯᠤᠭ᠎ᠠ ᠶᠢᠨ ᠰᠤᠶᠤᠯ ᠵᠢᠭᠤᠯᠴᠢᠯᠠᠯ ᠤᠨ ᠰᠤᠯᠢᠯᠴᠠᠭᠠᠨ ᠤ ᠳᠠᠯ᠎ᠠ ᠪᠠᠷ ᠤᠷᠢᠳ ᠢᠶᠠᠷ ᠳᠤᠷᠰᠢᠵᠤ | ᠤᠷᠢᠳ ᠢᠶᠠᠷ ᠬᠡᠷᠡᠭᠵᠢᠬᠦᠯᠦᠨ᠂ ᠤᠷᠤᠰ ᠮᠤᠩᠭᠤᠯ ᠤᠨ ᠰᠤᠶᠤᠯ ᠵᠢᠭᠤᠯᠴᠢᠯᠠᠯ ᠤᠨ ᠳᠠᠯ᠎ᠠ ᠪᠠᠷ ᠭᠤᠷᠪᠠᠨ ᠤᠯᠤᠰ ᠤᠨ | ᠨᠦᠬᠦᠷᠯᠡᠯ ᠤᠨ ᠤᠷᠳᠤ ᠤᠳᠠᠭᠠᠨ ᠬᠦᠭᠵᠢᠯᠳᠡ ᠶᠢ ᠠᠬᠢᠭᠤᠯᠵᠤ᠂ ᠬᠠᠷᠢᠯᠴᠠᠨ ᠠᠰᠢᠭᠳᠠᠢ ᠬᠠᠮᠳᠤ ᠪᠠᠷ ᠠᠰᠢᠭ | ᠬᠦᠷᠳᠡᠬᠦ᠂ ᠠᠭᠤᠰᠤᠯᠴᠠᠨ ᠬᠦᠭᠵᠢᠬᠦ ᠵᠠᠮ ᠢᠶᠠᠷ ᠢᠳᠡᠪᠬᠢᠳᠡᠢ ᠤᠷᠤᠭᠰᠢᠯᠠᠨ᠎ᠠ᠃ | |