| ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠧᠠ᠄ ᠶᠡᠷᠦᠩᠬᠡᠢ ᠱᠦᠵᠢ ᠰᠢ ᠶᠢᠨ | ᠫᠢᠩ ᠵᠢᠭᠠᠵᠤ ᠭᠠᠷᠭᠠᠬᠤ ᠳᠤ ᠪᠠᠨ᠄ ︽ᠤᠯᠠᠨ ᠲᠦᠮᠡᠨ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ | ᠪᠤᠯ ᠨᠢᠭᠡᠨ ᠬᠡᠶᠢᠰᠪᠦᠷᠢ᠂ ᠭᠦᠨ ᠳᠠᠯᠲᠠ ᠤᠢᠢᠯᠠᠭᠠᠭᠳᠠᠬᠤᠨ ᠪᠢᠰᠢ᠂ ᠵᠦᠪᠬᠡᠨ ᠠᠮᠠᠨ ᠳᠡᠭᠡᠷ᠎ᠠ ᠪᠠᠨ ᠬᠡᠯᠡᠭᠡᠳ ᠯᠠ | ᠪᠤᠯᠬᠤ ᠦᠭᠡᠢ᠂ ᠦᠵᠡᠯ ᠰᠠᠨᠠᠭᠠᠨ ᠳᠡᠭᠡᠷ᠎ᠠ ᠵᠤᠭᠰᠤᠩᠭᠤᠢᠢᠷᠠᠭᠠᠳ ᠴᠤ ᠪᠤᠯᠬᠤ ᠦᠭᠡᠢ᠂ ᠬᠠᠷᠢᠨ ᠠᠵᠤ ᠠᠬᠤᠢ | ᠨᠡᠶᠢᠭᠡᠮ ᠤᠨ ᠬᠦᠭᠵᠢᠯᠲᠠ ᠶᠢᠨ ᠡᠯ᠎ᠠ ᠭᠤᠭᠴᠤᠭᠠᠨ ᠳᠤ ᠢᠯᠡᠷᠡᠭᠦᠯᠬᠦ ᠬᠡᠷᠡᠭᠲᠠᠢ︾ ᠭᠡᠵᠡᠢ᠃ ᠤᠯᠠᠨ ᠲᠦᠮᠡᠨ ᠢᠶᠠᠷ | ᠭᠤᠤᠯ ᠪᠤᠯᠭᠠᠬᠤ ᠦᠵᠡᠯ ᠰᠠᠨᠠᠭ᠎ᠠ ᠶᠢ ᠰᠡᠳᠬᠢᠯ ᠳᠤ ᠪᠠᠨ ᠠᠭᠤᠰᠬᠠᠵᠤ᠂ ᠦᠢᠯᠡᠳᠦᠯᠭᠡ ᠳᠤ ᠪᠠᠨ ᠬᠡᠷᠡᠭᠵᠢᠬᠦᠯᠵᠦ | ᠨᠠᠶᠢᠳᠠᠪᠤᠷᠢᠵᠢᠭᠤᠯᠤᠭᠠᠳ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠳᠦ ᠲᠦᠷᠦᠭᠳᠡᠯ᠂ ᠠᠮᠤᠷ | ᠲᠦᠪᠰᠢᠨ ᠲᠦᠷᠦᠭᠳᠡᠯ ᠢ ᠦᠷᠭᠦᠯᠵᠢᠯᠡᠨ ᠨᠡᠮᠡᠭᠳᠡᠬᠦᠯᠬᠦ ᠬᠡᠷᠡᠭᠳᠡᠢ᠃ ᠬᠦᠭᠵᠢᠯᠲᠠ ᠶᠢᠨ ᠳᠤᠮᠲᠠ ᠠᠷᠠᠳ ᠤᠨ | ᠠᠮᠢᠳᠤᠷᠠᠯ ᠢ ᠪᠠᠲᠤᠯᠠᠬᠤ ᠪᠡ ᠰᠠᠶᠢᠵᠢᠷᠠᠭᠤᠯᠬᠤ ᠶᠢ ᠪᠠᠷᠢᠮᠳᠠᠯᠠᠬᠤ ᠬᠡᠷᠡᠭᠳᠡᠢ᠃ ᠤᠬᠠᠮᠰᠠᠷ ᠠᠴᠠ ᠪᠠᠨ ᠤᠯᠠᠨ | ᠲᠦᠮᠡᠨ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠬᠦᠭᠵᠢᠯᠲᠠ ᠶᠢᠨ ᠪᠦᠬᠦ ᠶᠠᠪᠤᠴᠠ ᠳᠤ | ᠢᠮᠠᠬᠳᠠ ᠲᠤᠭᠤᠰᠢᠯᠠᠭᠤᠯᠵᠦ᠂ ᠨᠠᠮ ᠤᠨ ᠦᠨᠳᠦᠰᠦᠨ ᠱᠤᠭᠤᠮ ᠢ ᠬᠡᠵᠢᠶᠡᠳᠡ ᠭᠤᠶᠢᠪᠢᠰᠢ ᠦᠭᠡᠢ ᠪᠠᠷᠢᠮᠲᠠᠯᠠᠵᠦ᠂ | ᠠᠮᠢ ᠠᠬᠤᠢ ᠶᠢ ᠤᠷᠢᠳᠠᠪᠠᠷ ᠪᠤᠳᠤᠯᠬᠢᠯᠠᠵᠦ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ | ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠠᠢ᠃ ᠮᠠᠨ ᠤ ᠤᠯᠤᠰ ᠤᠨ | ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠳᠠ ᠶᠢ ᠨᠠᠷᠢᠨ ᠠᠵᠢᠵᠦ᠂ ᠠᠷᠠᠳ ᠲᠦᠮᠡᠨ ᠳᠤ ᠨᠡᠩ ᠤᠯᠠᠨ ᠪᠤᠶᠠᠨ | ᠡᠳ᠋ᠯᠡᠬᠦᠯᠬᠦ ᠬᠡᠷᠡᠭᠳᠡᠢ᠃ ᠴᠢᠨᠠᠷ ᠰᠠᠶᠢᠲᠠᠢ ᠬᠦᠭᠵᠢᠯᠲᠠ ᠶᠢᠨ ᠰᠠᠭᠤᠷᠢ ᠳᠡᠭᠡᠷ᠎ᠠ ᠨᠡᠩ ᠤᠯᠠᠨ ᠠᠷᠠᠳ ᠤᠨ | ᠠᠮᠢᠳᠤᠷᠠᠯ ᠤᠨ ᠢᠨᠵᠧᠨᠧᠷᠢᠩ ᠢ ᠲᠦᠰᠦᠪᠯᠡᠨ ᠭᠠᠷᠭᠠᠵᠦ᠂ ᠠᠷᠠᠳ ᠲᠤ ᠬᠠᠷᠠᠭᠠᠯᠵᠠᠯ ᠦᠵᠡᠭᠦᠯᠬᠦ ᠨᠡᠩ ᠤᠯᠠᠨ | ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠨᠡᠩ ᠦᠨᠳᠦᠷ ᠲᠦᠪᠰᠢᠨ ᠳᠤ ᠰᠢᠨ᠎ᠡ ᠶᠢ ᠪᠤᠶᠢᠵᠢᠭᠤᠯᠬᠤ ᠭᠠᠵᠠᠷ ᠲᠠᠢ᠂ | ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ ᠬᠦᠳᠡᠯᠮᠦᠷᠢᠯᠡᠪᠡᠯ ᠬᠦᠯᠦᠰᠦ ᠤᠯᠭᠤᠮᠵᠢ ᠲᠠᠢ᠂ ᠡᠪᠡᠳᠴᠢᠯᠡᠪᠡᠯ | ᠡᠮᠨᠡᠯᠬᠦᠯᠬᠦ ᠡᠮᠨᠡᠯᠭᠡ ᠲᠠᠢ᠂ ᠦᠲᠡᠯᠪᠡᠯ ᠬᠦᠷᠲᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ | ᠪᠠᠭᠤᠷᠠᠶᠢᠴᠤᠤᠯ ᠨᠢ ᠬᠦᠷᠲᠡᠬᠦ ᠲᠤᠰᠠᠯᠠᠮᠵᠢ ᠲᠠᠢ ᠪᠠᠶᠢᠬᠤ ᠶᠢ ᠪᠡᠶᠡᠯᠡᠭᠦᠯᠵᠦ᠂ ᠬᠦᠭᠵᠢᠯᠲᠠ ᠶᠢᠨ ᠦᠷ᠎ᠡ ᠪᠦᠲᠦᠭᠡᠯ ᠢ | ᠨᠡᠩ ᠶᠡᠭᠡ ᠬᠡᠮᠵᠢᠶᠡᠨ ᠳᠤ ᠨᠡᠩ ᠲᠦᠪ ᠭᠤᠤᠯᠴᠢ ᠪᠠᠷ ᠪᠦᠬᠦ ᠤᠯᠠᠨ ᠲᠦᠮᠡᠨ ᠳᠤ ᠬᠦᠷᠳᠡᠬᠡᠬᠦ ᠬᠡᠷᠡᠭᠳᠡᠢ᠃ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠲᠦᠭᠡᠮᠠᠯ ᠴᠢᠨᠠᠷᠲᠠᠢ᠂ ᠰᠠᠭᠤᠷᠢ ᠴᠢᠨᠠᠷᠲᠠᠢ᠂ | ᠪᠠᠳᠣᠯᠠᠭ᠎ᠠ ᠴᠢᠨᠠᠷᠲᠠᠢ ᠠᠷᠠᠳ ᠤᠨ ᠠᠮᠢᠳᠣᠷᠠᠯ ᠤᠨ ᠪᠦᠲᠦᠭᠡᠨ ᠪᠠᠶᠢᠭᠤᠯᠤᠯᠲᠠ ᠶᠢ ᠰᠡᠳᠬᠢᠯ ᠲᠠᠯᠪᠢᠨ ᠰᠠᠶᠢᠳᠦᠷ | ᠬᠢᠵᠦ᠂ ᠤᠯᠠᠨ ᠲᠦᠮᠡᠨ ᠤ ᠰᠠᠨᠠᠭᠠᠰᠢᠷᠠᠵᠦ ᠪᠠᠶᠢᠭ᠎ᠠ ᠵᠦᠢᠯ᠂ ᠬᠦᠴᠢᠷ ᠵᠤᠪᠠᠭᠤᠷᠢ ᠶᠢ ᠨᠢ ᠰᠢᠢᠳᠪᠣᠷᠢᠯᠡᠬᠦ ᠬᠡᠷᠡᠭᠳᠡᠢ᠃ | ᠴᠢᠳᠠᠯ ᠤᠨ ᠴᠢᠨᠡᠭᠡ ᠪᠠᠷ ᠢᠶᠠᠨ ᠴᠢᠷᠮᠠᠶᠢᠬᠤ ᠪᠤᠯᠤᠨ ᠴᠢᠳᠠᠯ ᠤᠨ ᠬᠢᠷᠢ ᠪᠠᠷ ᠢᠶᠠᠨ ᠬᠢᠬᠦ ᠶᠢᠨ ᠬᠤᠪᠢᠰᠦᠩᠭᠤᠢ | ᠨᠢᠭᠡᠳᠦᠯ ᠢ ᠪᠠᠷᠢᠮᠳᠠᠯᠠᠬᠤ ᠬᠡᠷᠡᠭᠳᠡᠢ᠃ | ᠶᠡᠷᠦᠩᠬᠡᠢ ᠱᠦᠵᠢ ᠰᠢ ᠶᠢᠨ ᠫᠢᠩ ᠤᠯᠠᠨᠳᠠ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠢ | ᠪᠠᠲᠤᠯᠠᠬᠤ ᠪᠠ ᠰᠠᠶᠢᠵᠢᠷᠠᠭᠤᠯᠬᠤ ᠳᠤ ᠴᠢᠳᠠᠯ ᠤᠨ ᠴᠢᠨᠡᠭᠡ ᠪᠠᠷ ᠢᠶᠠᠨ ᠴᠢᠷᠮᠠᠶᠢᠵᠦ᠂ ᠴᠢᠳᠠᠯ ᠤᠨ ᠬᠢᠷᠢ ᠪᠠᠷ ᠢᠶᠠᠨ | ᠬᠢᠵᠦ᠂ ᠬᠤᠭᠤᠰᠤᠨ ᠠᠮᠠᠯᠠᠬᠤ ᠦᠭᠡᠢ᠂ ᠱᠠᠲᠤ ᠦᠶ᠎ᠡ ᠠᠴᠠ ᠭᠡᠳᠦᠷᠡᠬᠦ ᠦᠭᠡᠢ ᠪᠠᠶᠢᠵᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠠᠵᠢᠯ ᠢ ᠦᠷᠭᠦᠯᠵᠢᠯᠡᠭᠦ᠋ᠢᠴᠡ ᠴᠢᠨᠠᠷ ᠲᠠᠢ ᠪᠠᠶᠢᠯᠭᠠᠬᠤ ᠬᠡᠷᠡᠭᠲᠡᠢ ᠭᠡᠵᠡᠢ᠃ ᠪᠢᠲᠡ ᠪᠤᠯᠤᠯᠴᠠᠭᠠᠲᠤ | ᠴᠢᠨᠠᠷ᠂ ᠬᠡᠷᠡᠭᠵᠢᠭᠦᠯᠬᠦ᠋ᠢᠴᠡ ᠴᠢᠨᠠᠷ᠂ ᠦᠷᠭᠦᠯᠵᠢᠯᠡᠬᠦ᠋ᠢᠴᠡ ᠴᠢᠨᠠᠷ ᠢ ᠭᠦᠢᠴᠡᠳ ᠪᠣᠳᠣᠯᠬᠢᠯᠠᠬᠤ ᠬᠡᠷᠡᠭᠳᠡᠢ᠂ | ᠪᠡᠶᠡᠯᠡᠬᠦᠯᠵᠦ ᠲᠡᠶᠢᠯᠬᠦ ᠦᠭᠡᠢ ᠵᠦᠢᠯ ᠢ ᠶᠠᠭᠠᠬᠢᠭᠰᠠᠨ ᠴᠤ ᠬᠡᠢ ᠬᠤᠭᠤᠰᠣᠨ ᠶᠠᠷᠢᠵᠤ ᠪᠤᠯᠬᠤ ᠦᠬᠡᠢ᠂ ᠤᠯᠠᠨ | ᠲᠦᠮᠡᠨ ᠤ ᠬᠠᠮᠤᠭ ᠠᠴᠠ ᠬᠠᠯᠠᠮᠵᠢᠯᠠᠵᠦ ᠪᠠᠶᠢᠭ᠎ᠠ ᠬᠠᠮᠤᠭ ᠤᠨ ᠪᠤᠳᠠᠳᠠᠢ ᠠᠰᠠᠭᠤᠳᠠᠯ ᠢ ᠠᠩᠬᠠᠷᠴᠦ᠂ ᠠᠷᠠᠳ ᠲᠤ | ᠬᠠᠷᠠᠭᠠᠯᠵᠠᠯ ᠦᠵᠡᠬᠦᠯᠬᠦ ᠠᠰᠢᠭ ᠬᠦᠷᠲᠡᠭᠡᠬᠦ ᠪᠤᠳᠠᠳᠠᠢ ᠠᠵᠢᠯ ᠢ ᠦᠨᠡᠨ ᠬᠦ ᠬᠢᠵᠦ᠂ ᠰᠠᠶᠢᠨ ᠶᠠᠪᠤᠳᠠᠯ ᠢ ᠰᠠᠶᠢᠳᠦᠷ | ᠬᠢᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠤᠯᠠᠭᠠᠨᠬᠠᠳᠠ ᠬᠤᠲᠠ ᠶᠢᠨ ᠨᠠᠮ ᠤᠨ | ᠬᠤᠷᠢᠶᠠᠨ ᠤ ᠱᠦᠵᠢ ᠳ᠋ᠤᠸᠠᠨ ᡁᠢ ᠴᠢᠶᠠᠩ᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠢᠯᠡᠳᠭᠡᠯ ᠳᠤ ᠵᠢᠭᠠᠵᠣ ᠭᠠᠷᠭᠠᠬᠤ ᠳᠤ ᠪᠠᠨ᠄ ︽ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠮᠠᠭᠴᠠ ᠡᠪ ᠬᠠᠮᠲᠤ ᠶᠣᠰᠣ ᠶᠢ ᠪᠡᠶᠡᠯᠡᠭᠦᠯᠬᠦ ᠶᠠᠪᠤᠳᠠᠯ ᠢ ᠨᠠᠮ ᠤᠨ ᠬᠠᠮᠤᠭ ᠤᠨ ᠳᠡᠭᠡᠳᠦ ᠬᠦᠰᠡᠯᠡᠩ | ᠪᠣᠯᠤᠨ ᠬᠠᠮᠤᠭ ᠤᠨ ᠡᠴᠦᠰ ᠤᠨ ᠬᠠᠷᠠᠯᠲᠠ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠠᠭᠤᠣ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠲᠡᠦᠬᠡᠲᠦ ᠡᠭᠦᠷᠭᠡ ᠶᠢ ᠡᠷᠡᠯᠬᠡᠭ ᠢᠶᠠᠷ ᠡᠭᠦᠷᠭᠡᠯᠡᠨ᠂ ᠠᠷᠠᠳ ᠲᠦᠮᠡᠨ ᠢᠶᠠᠨ | ᠪᠦᠯᠬᠦᠮᠳᠡᠭᠦᠯᠦᠨ ᠳᠠᠭᠠᠭᠤᠯᠵᠤ ᠪᠡᠷᠭᠡ ᠬᠠᠳᠠᠭᠤᠵᠢᠯᠳᠠᠢ ᠳᠡᠮᠡᠴᠡᠨ ᠠᠭᠤᠯᠠ ᠶᠢ ᠲᠤᠩᠰᠤᠯᠭᠠᠵᠤ ᠮᠦᠷᠡᠨ ᠢ | ᠴᠠᠯᠭᠢᠯᠠᠭᠤᠯᠤᠭᠰᠠᠨ ᠢᠷᠠᠭᠤ ᠭᠠᠶᠢᠬᠠᠮᠰᠢᠭᠳᠤ ᠲᠤᠤᠯᠢᠰ ᠢ ᠪᠢᠴᠢᠭᠯᠡᠪᠡ︾ ᠭᠡᠵᠡᠢ᠃ ᠡᠪ ᠬᠠᠮᠲᠤ ᠨᠠᠮ ᠤᠨ ᠭᠡᠰᠢᠭᠦᠨ | ᠪᠤᠯᠤᠭᠰᠠᠨ ᠤ ᠬᠤᠪᠢ ᠳᠤ ᠡᠷᠬᠡᠪᠰᠢ ᠡᠪ ᠬᠠᠮᠲᠤ ᠶᠣᠰᠣ ᠶᠢ ᠪᠡᠶᠡᠯᠡᠭᠦᠯᠬᠦ ᠶᠠᠪᠤᠳᠠᠯ ᠢᠶᠠᠷ ᠢᠮᠠᠭᠲᠠ ᠬᠠᠮᠤᠭ ᠤᠨ | ᠳᠡᠭᠡᠳᠦ ᠬᠦᠰᠡᠯᠡᠩ ᠪᠠ ᠡᠴᠦᠰ ᠤᠨ ᠬᠠᠷᠠᠯᠲᠠ ᠪᠠᠨ ᠪᠣᠯᠭᠠᠵᠤ᠂ ᠵᠢᠩᠬᠢᠨᠢ ᠤᠢᠢᠯᠠᠭᠠᠨ᠂ ᠦᠨᠡᠨ ᠢᠳᠡᠭᠡᠵᠦ᠂ ᠦᠨᠡᠨ | ᠪᠤᠳᠠᠳᠠᠢ ᠬᠢᠬᠦ ᠬᠡᠷᠡᠭᠳᠡᠢ᠃ ︽ᠵᠢᠩᠬᠢᠨᠢ ᠣᠢᠢᠯᠠᠭᠠᠬᠤ︾ ᠭᠡᠳᠡᠭ ᠪᠣᠯ ᠳᠠᠷᠤᠢ ᠡᠪ ᠬᠠᠮᠲᠤ ᠶᠣᠰᠣᠨ ᠤ ᠬᠦᠰᠡᠯᠡᠩ | ᠢᠲᠡᠭᠡᠯ ᠪᠢᠰᠢᠷᠡᠯ ᠢ ᠰᠢᠨᠵᠢᠯᠡᠬᠦ ᠤᠬᠠᠭᠠᠨᠴᠢ ᠪᠠᠷ ᠲᠠᠨᠢᠵᠤ᠂ ᠵᠤᠷᠢᠭ ᠰᠠᠨᠠᠭᠠᠨ ᠤ ᠲᠤᠯᠭᠠᠭᠤᠷᠢᠯᠠᠯ ᠪᠤᠯᠭᠠᠬᠤ ᠬᠡᠷᠡᠭᠳᠡᠢ | ᠃ ᠡᠪ ᠬᠠᠮᠲᠤᠴᠤᠳ ᠤᠨ ᠬᠦᠰᠡᠯᠡᠩ ᠢᠲᠡᠭᠡᠯ ᠪᠢᠰᠢᠷᠡᠯ ᠪᠤᠯ ᠡᠪ ᠬᠠᠮᠲᠤ ᠶᠤᠰᠤᠨ ᠤ ᠠᠯᠤᠰ ᠬᠡᠳᠦ ᠶᠢᠨ ᠬᠦᠰᠡᠯᠡᠩ | ᠪᠣᠯᠤᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠬᠠᠮᠲᠤ ᠶᠢᠨ ᠬᠦᠰᠡᠯᠡᠩ ᠪᠤᠯᠤᠨ᠎ᠠ᠃ | ᠮᠠᠷᠺᠰ ᠤᠨ ᠦᠵᠡᠯ ᠤᠨ ᠦᠵᠡᠬᠦ ᠪᠠᠷ᠂ ᠡᠪ ᠬᠠᠮᠳᠦ ᠶᠢᠨ ᠨᠡᠶᠢᠭᠡᠮ ᠳᠤ ᠦᠢᠯᠡᠳᠪᠦᠷᠢᠯᠡᠯ ᠤᠨ ᠬᠦᠴᠦᠨ ᠳᠡᠭᠡᠳᠦ | ᠬᠡᠮᠵᠢᠶ᠎ᠡ ᠪᠠᠷ ᠬᠥᠭᠵᠢᠨ᠂ ᠨᠡᠶᠢᠭᠡᠮ ᠤᠨ ᠪᠦᠳᠦᠭᠡᠭᠳᠡᠬᠦᠨ ᠲᠦᠢᠯ ᠤᠨ ᠪᠠᠶᠠᠯᠢᠭ ᠪᠠᠶᠢᠵᠤ᠂ ᠠᠩᠭᠢ ᠲᠠᠪᠬᠤᠷᠭ᠎ᠠ | ᠤᠷᠤᠰᠢᠬᠤ ᠦᠭᠡᠢ᠂ ᠳᠠᠷᠤᠯᠠᠯ ᠮᠦᠯᠵᠢᠯ ᠦᠭᠡᠢ᠂ ᠬᠥᠮᠦᠨ ᠲᠥᠷᠥᠯᠬᠢᠲᠡᠨ ᠤ ᠦᠪᠡᠷ ᠢ ᠪᠠᠨ ᠴᠢᠯᠦᠭᠡᠯᠡᠭᠰᠡᠨ | ᠨᠡᠶᠢᠭᠡᠮ ᠪᠠᠶᠢᠵᠤ᠂ ︽ᠴᠢᠳᠠᠯ ᠤᠨ ᠢᠶᠠᠨ ᠬᠢᠷᠢ ᠪᠠᠷ ᠬᠥᠳᠡᠯᠮᠦᠷᠢᠯᠡᠵᠦ ᠬᠦᠳᠡᠯᠮᠦᠷᠢᠯᠡᠭᠰᠡᠨ ᠤ ᠬᠢᠷᠢ ᠪᠠᠷ | ᠬᠤᠪᠢᠶᠠᠷᠢᠯᠠᠬᠤ︾ ᠨᠡᠶᠢᠭᠡᠮ ᠤᠨ ᠪᠠᠶᠢᠭᠤᠯᠤᠯ ᠪᠤᠯᠤᠨ᠎ᠠ᠃ ︽ᠦᠨᠡᠨ ᠢᠲᠡᠭᠡᠭᠦ︾ ᠪᠣᠯ ᠳᠠᠷᠤᠢ ᠨᠠᠮ ᠢᠶᠠᠨ ᠡᠷᠡᠰ | ᠴᠢᠩᠭ᠎ᠠ ᠤᠪᠤᠷ ᠢᠶᠠᠷ ᠢᠳᠡᠭᠡᠨ ᠪᠢᠰᠢᠷᠡᠵᠦ᠂ ᠡᠷᠡᠬᠡᠯᠵᠡᠯ ᠦᠬᠡᠢ ᠪᠠᠳᠤ ᠢᠳᠡᠭᠡᠬᠦ ᠶᠠᠪᠤᠳᠠᠯ ᠪᠤᠯᠤᠨ᠎ᠠ᠃ ᠢᠳᠡᠭᠡᠮᠡᠨᠵᠢᠨ | ᠦᠨᠡᠨᠴᠢ ᠰᠢᠳᠤᠷᠭᠤ ᠪᠠᠷ ᠵᠢᠳᠭᠦᠵᠦ ᠳᠡᠶᠢᠯᠦᠨ᠎ᠠ᠃ ᠢᠳᠡᠬᠡᠬᠦ ᠦᠬᠡᠢ ᠪᠤᠯ ᠰᠢᠳᠤᠷᠭᠤ ᠪᠤᠰᠤ᠂ ᠢᠳᠡᠬᠡᠬᠦ ᠦᠬᠡᠢ | ᠪᠤᠯ ᠵᠢᠳᠬᠦᠬᠦ ᠦᠬᠡᠢ ᠶᠤᠮ᠃ ᠡᠪ ᠬᠠᠮᠲᠤ ᠨᠠᠮ ᠤᠨ ᠭᠡᠰᠢᠭᠦᠨ ᠪᠤᠯᠤᠭᠰᠠᠨ ᠤ ᠬᠤᠪᠢ ᠳᠤ ᠬᠦᠰᠡᠯᠡᠩ ᠢᠲᠡᠭᠡᠯ | ᠪᠢᠰᠢᠷᠡᠯ ᠪᠣᠯ ᠮᠠᠨ ᠤ ᠤᠶᠤᠨ ᠰᠠᠨᠠᠭᠠᠨ ᠤ ᠲᠣᠯᠭᠠᠭᠤᠷᠢ ᠪᠠ ᠤᠯᠤᠰ ᠲᠥᠷᠥ ᠶᠢᠨ ᠰᠦᠭ ᠰᠦᠨᠡᠰᠦ ᠮᠥᠨ᠂ ᠡᠨᠡ | ᠠᠰᠠᠭᠤᠳᠠᠯ ᠳᠤ ᠥᠴᠦᠬᠡᠨ ᠴᠤ ᠬᠦᠩᠬᠡᠨ ᠬᠠᠭᠤᠳᠠᠮ ᠢᠶᠠᠷ ᠬᠠᠨᠳᠤᠵᠤ ᠪᠣᠯᠬᠤ ᠦᠭᠡᠢ᠃ ︽ᠦᠨᠡᠨ ᠪᠣᠳᠠᠲᠠᠢ ᠬᠢᠬᠦ︾ | ᠪᠣᠯ ᠳᠠᠷᠤᠢ ᠦᠨᠡᠨ ᠬᠥᠮᠦᠨ ᠪᠣᠯᠵᠤ᠂ ᠦᠨᠡᠨ ᠪᠣᠳᠠᠲᠠᠢ ᠠᠵᠢᠯ ᠬᠢᠵᠦ᠂ ᠬᠦᠴᠦ ᠬᠦᠯᠦᠰᠦ ᠭᠠᠷᠭᠠᠨ ᠠᠷᠠᠳ ᠤᠨ | ᠰᠡᠳᠭᠢᠯ ᠢ ᠨᠢᠭᠳᠠᠷᠠᠭᠤᠯᠵᠤ ᠨᠠᠮ ᠤᠨ ᠰᠡᠳᠭᠢᠯ ᠪᠤᠯᠭᠠᠬᠤ ᠶᠠᠪᠤᠳᠠᠯ ᠪᠤᠯᠤᠨ᠎ᠠ᠃ ᠠᠷᠠᠳ ᠲᠦᠮᠡᠨ ᠲᠠᠢ | ᠰᠡᠳᠭᠢᠯ ᠢᠶᠠᠨ ᠬᠤᠯᠪᠣᠬᠤ ᠡᠨᠡ ᠬᠦ ᠠᠯᠤᠰ ᠬᠡᠳᠦ ᠶᠢᠨ ᠬᠦᠰᠡᠯᠡᠩ ᠢ ᠪᠡᠶᠡᠯᠡᠬᠦᠯᠬᠦ ᠶᠢᠨ ᠲᠥᠯᠥᠭᠡ ᠯᠠᠪᠳᠠᠭᠤᠨ | ᠲᠤᠭᠳᠠᠭᠤᠨ ᠢᠶᠠᠷ ᠴᠥᠬᠦᠷᠡᠰᠢ ᠦᠭᠡᠢ ᠲᠡᠮᠡᠴᠡᠵᠦ᠂ ᠠᠭᠤᠤ ᠶᠡᠭᠡ ᠦᠢᠯᠡᠳᠦᠯᠭᠡ ᠶᠢᠨ ᠳᠤᠮᠳᠠ ᠠᠷᠠᠳ ᠣᠯᠠᠨ ᠤ | ᠦᠨᠡᠨᠴᠢ ᠬᠦᠷᠢᠶᠡᠯᠡᠯ ᠢ ᠤᠯᠵᠣ᠂ ᠰᠦᠷ ᠬᠦᠴᠦᠨ ᠢᠶᠠᠨ ᠨᠢᠭᠲᠠᠷᠠᠭᠤᠯᠤᠨ ᠰᠠᠶᠢᠨ ᠰᠠᠶᠢᠬᠠᠨ ᠢᠷᠡᠭᠡᠳᠦᠢ ᠶᠢ | ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠳᠡᠢ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ᠄ ᠶᠡᠷᠦᠩᠬᠡᠶ ᠱᠦᠵᠢ | ᠰᠢ ᠶᠢᠨ ᠫᠢᠩ ᠴᠢᠬᠤᠯᠠᠴᠢᠯᠠᠬᠤ ᠳᠤ ᠪᠠᠨ᠂ ︽ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠳᠠᠯᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠮᠠᠨ ᠤ ᠨᠠᠮ ᠤᠨ ᠲᠡᠮᠡᠴᠡᠬᠦ | ᠬᠠᠷᠠᠯᠲᠠ ᠪᠠᠨ ᠪᠣᠯᠭᠠᠬᠤ ᠬᠡᠷᠡᠭᠲᠡᠶ︾ ᠭᠡᠪᠡ᠃ ︽ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠬᠤ︾ ᠪᠣᠯ | ᠮᠠᠨ ᠤ ᠨᠠᠮ ᠤᠨ ︽ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ | ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ︾ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠂ | ᠪᠢᠳᠡᠨ ᠤ ᠰᠢᠨ᠎ᠡ ᠴᠠᠭ ᠦᠶ᠎ᠡ ᠶᠢᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠰᠠᠶᠢᠲᠤᠷ | ᠬᠢᠬᠦ ᠳᠤ ᠦᠨᠳᠦᠰᠦᠨ ᠵᠢᠷᠤᠮᠯᠠᠯ ᠬᠠᠩᠭᠠᠵᠠᠶ᠃ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠬᠦ | ᠵᠤᠭᠰᠤᠴᠡ ᠠᠴᠠ ᠠᠪᠴᠤ ᠦᠵᠡᠪᠡᠯ᠂ ︽ᠤᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾ | ᠳᠤ᠂ ᠠᠷᠠᠳ ᠲᠦᠮᠡᠨ ᠢᠶᠠᠷ ᠭᠤᠤᠯ ᠪᠤᠯᠭᠠᠬᠤ ᠤᠭ ᠰᠠᠨᠠᠭ᠎ᠠ ᠪᠠᠨ ᠪᠠᠲᠤ ᠰᠠᠬᠢᠵᠤ᠂ ᠪᠦᠬᠦ ᠰᠡᠳᠬᠢᠯ ᠪᠦᠬᠦ | ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ ᠪᠢᠳᠡᠨ ᠤ ᠲᠡᠮᠡᠴᠡᠬᠦ ᠬᠠᠷᠠᠯᠲᠠ ᠭᠡᠳᠡᠭ ᠢ | ᠪᠠᠲᠤ ᠴᠡᠭᠡᠵᠢᠯᠡᠬᠦ ᠬᠡᠷᠡᠭᠲᠡᠶ︔ ︽ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠭᠡᠳᠡᠭ ᠨᠢ | ᠳᠠᠷᠤᠶ ᠨᠠᠮ ᠤᠨ ᠲᠥᠪ ᠬᠤᠷᠢᠶᠠᠨ ᠤ ᠰᠢᠢᠳᠪᠣᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠷᠠᠳ ᠲᠦᠮᠡᠨ ᠤ | ᠲᠤᠯᠭᠠᠮ ᠱᠠᠭᠠᠷᠳᠠᠭᠳᠠᠵᠤ ᠪᠠᠶᠢᠭ᠎ᠠ ᠬᠦᠰᠡᠯ ᠡᠷᠡᠮᠡᠯᠵᠡᠯ ᠲᠠᠢ ᠬᠠᠷᠢᠴᠠᠭᠤᠯᠵᠤ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠠᠵᠢᠯ ᠢ ᠨᠠᠷᠢᠨ ᠬᠢᠨᠠᠮᠠᠭᠠᠶ ᠪᠠᠶᠢᠴᠠᠭᠠᠨ ᠲᠤᠩᠭᠠᠵᠤ᠂ ᠬᠦᠴᠢᠷ ᠠᠰᠠᠭᠤᠳᠠᠯ ᠢ ᠰᠢᠢᠳᠪᠣᠷᠢᠯᠡᠬᠦ᠂ | ᠠᠵᠢᠯ ᠢᠶᠠᠨ ᠰᠠᠶᠢᠵᠢᠷᠠᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢ ᠦᠨᠡᠨ ᠬᠦ ᠰᠠᠶᠢᠲᠤᠷ | ᠰᠢᠢᠳᠪᠣᠷᠢᠯᠡᠵᠣ᠂ ᠠᠷᠠᠳ ᠤᠯᠠᠨ ᠤ ᠠᠰᠢᠭ ᠲᠤᠰᠠ ᠶᠢ ᠰᠠᠶᠢᠲᠤᠷ ᠬᠠᠮᠠᠭᠠᠯᠠᠬᠤ ᠶᠠᠪᠤᠳᠠᠯ ᠪᠤᠯᠤᠨ᠎ᠠ᠃ | ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠠᠵᠢᠯ ᠨᠢ | ᠠᠷᠠᠳ ᠢᠷᠭᠡᠳ ᠲᠠᠢ ᠰᠢᠭᠤᠳ ᠨᠢᠭᠤᠷᠳᠠᠵᠤ ᠳᠠᠩᠰᠠ ᠬᠠᠷᠭᠤᠭᠤᠯᠬᠤ ᠪᠤᠯᠬᠤᠷ ᠥᠴᠦᠬᠡᠨ ᠴᠦ ᠬᠤᠳᠠᠯ ᠬᠠᠭᠤᠷᠮᠠᠭ | ᠪᠠᠶᠢᠵᠤ ᠪᠣᠯᠬᠤ ᠦᠭᠡᠢ᠂ ᠠᠮᠠᠯᠳᠠᠭᠰᠠᠨ ᠪᠠᠶᠢᠪᠠᠯ ᠵᠠᠪᠠᠯ ᠪᠡᠶᠡᠯᠡᠭᠦᠯᠬᠦ ᠬᠡᠷᠡᠭᠲᠡᠶ ᠭᠡᠪᠡ᠃ ᠡᠶᠢᠮᠦ ᠠᠴᠠ ᠪᠢᠳᠡ ᠠᠷᠠᠳ | ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠶᠠᠪᠤᠳᠠᠯ ᠠᠴᠠ ᠭᠠᠷᠳᠠᠨ᠂ ᠠᠵᠢᠯᠴᠢ ᠬᠢᠴᠢᠶᠡᠩᠭᠦᠶ ᠪᠠᠷ ᠠᠵᠢᠯ ᠬᠢᠵᠦ | ᠂ ᠨᠠᠶᠢᠳᠠᠪᠤᠷᠢᠵᠢᠭᠤᠯᠤᠯᠲᠠ ᠶᠢ ᠦᠨᠡᠨ ᠪᠣᠳᠠᠲᠠᠶ ᠠᠳᠬᠤᠵᠤ᠂ ᠣᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ | ᠪᠤᠳᠠᠳᠡᠢ ᠠᠰᠢᠭ ᠬᠦᠷᠲᠡᠭᠡᠬᠦ ᠬᠡᠷᠡᠭᠲᠡᠶ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠬᠡᠷᠡᠭᠲᠡᠶ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠪᠠ ᠢᠳᠡᠪᠬᠢᠲᠡᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠦᠴᠤ ᠶᠠᠪᠤᠭᠴᠢ ᠮᠠᠯᠴᠢᠨ ᠲᠠᠷᠢᠶᠠᠴᠢᠨ ᠤᠨ ᠴᠠᠯᠢᠩ ᠦᠷᠢᠳᠤᠯ ᠢ ᠴᠡᠭᠴᠡᠯᠡᠬᠦ ᠠᠵᠢᠯ ᠢ | ᠰᠠᠶᠢᠲᠤᠷ ᠬᠢᠬᠦ ᠬᠡᠷᠡᠭᠳᠡᠢ︔ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ | ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠰᠠᠶᠢᠲᠤᠷ ᠠᠳᠬᠤᠵᠤ ᠰᠠᠶᠢᠲᠤᠷ ᠬᠠᠮᠢᠶᠠᠷᠬᠤ ᠬᠡᠷᠡᠭᠳᠡᠢ᠃ | ᠬᠦᠴᠦᠨ ᠢᠶᠠᠨ ᠲᠥᠪᠯᠡᠷᠡᠭᠦᠯᠵᠦ ᠪᠠᠶᠢᠭᠠᠳ ᠲᠣᠭᠲᠠᠭᠠᠭᠰᠠᠨ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠪᠦᠬᠦᠨ ᠢ ᠲᠣᠭᠤᠰᠢᠳᠠᠢ ᠠᠳᠬᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠴᠥᠬᠦᠷᠡᠰᠢ ᠦᠭᠡᠢ | ᠨᠢᠭᠲᠠ ᠰᠦᠯᠵᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠲᠦᠷᠦᠯ ᠤᠨ ᠠᠵᠢᠯ ᠦᠢᠯᠡᠰ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠳᠡᠢ᠃ | ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠯᠢ ᠪᠢᠩ ᠷᠦᠩ᠄ ᠶᠡᠷᠦᠩᠬᠡᠢ ᠱᠦᠵᠢ ᠰᠢ ᠶᠢᠨ | ᠫᠢᠩ ᠴᠢᠬᠤᠯᠠᠴᠢᠯᠠᠭᠰᠠᠨ ᠨᠢ ︽ᠡᠷᠬᠡᠪᠰᠢ ᠬᠦᠭᠵᠢᠭᠦᠯᠬᠦ ᠶᠢᠨ ᠳᠠᠭᠠᠤ ᠬᠠᠮᠠᠭᠠᠯᠠᠵᠤ᠂ ᠬᠠᠮᠠᠭᠠᠯᠠᠬᠤ ᠶᠢᠨ ᠳᠠᠭᠠᠦ | ᠬᠦᠭᠵᠢᠬᠦᠯᠬᠦ ᠶᠢ ᠪᠠᠷᠢᠮᠳᠠᠯᠠᠬᠤ ᠬᠡᠷᠡᠭᠳᠡᠢ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠬᠢᠬᠡᠳ ᠠᠵᠤ | ᠠᠬᠤᠢ ᠶᠢᠨ ᠬᠦᠭᠵᠢᠯᠳᠡ ᠶᠢ ᠰᠠᠯᠭᠠᠵᠤ ᠪᠤᠯᠬᠤ ᠦᠭᠡᠢ᠂ ᠨᠡᠩ ᠴᠤ ᠡᠰᠡᠷᠭᠦᠴᠠᠯᠳᠦᠭᠦᠯᠵᠦ ᠪᠤᠯᠬᠤ ᠦᠭᠡᠢ︾ ᠭᠡᠵᠡᠢ᠃ | ᠠᠮᠢ ᠠᠬᠤᠢ ᠶᠢᠨ ᠬᠠᠮᠠᠭᠠᠯᠠᠯᠳᠠ ᠪᠤᠯ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠮᠦᠨ᠂ ᠬᠠᠮᠠᠭᠠᠯᠠᠯᠳᠠ ᠦᠭᠡᠢ | ᠪᠤᠯ ᠬᠦᠭᠵᠢᠯᠳᠡ ᠪᠠᠶᠢᠵᠤ ᠴᠢᠳᠠᠬᠤ ᠦᠭᠡᠢ᠂ ᠴᠢᠨᠠᠷ ᠰᠠᠶᠢᠳᠠᠢ ᠬᠦᠭᠵᠢᠯᠳᠡ ᠬᠡᠵᠤ ᠨᠡᠩ ᠳᠤᠷᠠᠳᠬᠤ ᠶᠢᠨ ᠠᠷᠭ᠎ᠠ | ᠦᠭᠡᠢ᠃ ᠠᠵᠤ ᠠᠬᠤᠢ ᠨᠡᠶᠢᠬᠡᠮ ᠤᠨ ᠬᠦᠭᠵᠢᠯᠳᠡ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠨᠢᠬᠡᠳᠦᠯᠳᠠᠢ ᠲᠦᠯᠦᠪᠵᠢᠭᠦᠯᠦᠨ ᠳᠤᠬᠢᠷᠠᠭᠤᠯᠵᠤ᠂ ᠴᠢᠨᠠᠷ ᠰᠠᠶᠢᠳᠠᠢ ᠬᠦᠭᠵᠢᠯᠳᠡ ᠶᠢᠨ ᠳᠤᠮᠳᠠ ᠠᠮᠢ ᠠᠬᠤᠢ ᠶᠢᠨ | ᠦᠨᠳᠦᠷ ᠲᠦᠪᠰᠢᠨ ᠤ ᠬᠠᠮᠠᠭᠠᠯᠠᠯᠳᠠ ᠶᠢ ᠠᠬᠢᠭᠤᠯᠵᠤ᠂ ᠦᠨᠳᠦᠷ ᠲᠦᠪᠰᠢᠨ ᠤ ᠬᠠᠮᠠᠭᠠᠯᠠᠯᠳᠠ ᠶᠢᠨ ᠳᠤᠮᠳᠠ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠵᠤ᠂ ᠠᠮᠢ ᠠᠬᠤᠢ ᠪᠠ ᠠᠵᠤ ᠠᠬᠤᠢ ᠶᠢᠨ ᠬᠤᠤᠰ ᠠᠮᠵᠢᠯᠲᠠ ᠶᠢ ᠪᠡᠶᠡᠯᠡᠭᠦᠯᠬᠦ | ᠬᠡᠷᠡᠭᠳᠠᠢ᠃ ᠡᠭᠦᠨ ᠳᠤ᠂ ᠨᠢᠭᠡ ᠳᠤ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠠᠵᠤ ᠠᠬᠤᠢ ᠶᠢᠨ | ᠪᠦᠳᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠰᠢᠨ᠎ᠡ ᠬᠠᠭᠤᠴᠢᠨ ᠬᠦᠳᠡᠯᠬᠡᠬᠦ ᠡᠨᠧᠷᠬᠢ ᠶᠢᠨ | ᠬᠤᠪᠢᠷᠠᠭᠤᠯᠤᠯᠳᠠ ᠶᠢ ᠬᠦᠴᠦᠯᠡᠨ ᠠᠬᠢᠭᠤᠯᠵᠤ᠂ ᠪᠤᠬᠢᠷᠳᠤᠯ ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠ | ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ | ᠤᠯᠠᠭᠠᠨ ᠱᠤᠭᠤᠮ᠂ ᠤᠷᠴᠢᠨ ᠲᠤᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ | ᠠᠰᠢᠬᠯᠠᠯᠲᠠ ᠶᠢᠨ ᠳᠡᠭᠡᠳᠦ ᠬᠢᠵᠠᠭᠠᠷ ᠵᠡᠷᠭᠡ ᠬᠠᠲᠠᠭᠤ ᠬᠢᠵᠠᠭᠠᠷᠯᠠᠯ ᠢ ᠨᠡᠩ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠠᠢ | ᠃ ᠬᠤᠶᠠᠷ ᠲᠤ ᠰᠢᠰᠲ᠋ᠧᠮᠳᠣ ᠢᠨᠵᠧᠨᠧᠷᠢᠩ ᠬᠢᠬᠡᠳ ᠪᠦᠬᠦ ᠳᠠᠯ᠎ᠠ ᠶᠢᠨ ᠬᠠᠷᠠᠭᠠᠰᠤ ᠠᠴᠠ ᠶᠡᠷᠦᠩᠬᠡᠶᠢᠯᠡᠨ ᠵᠠᠰᠠᠬᠤ ᠶᠢ | ᠡᠷᠢᠯᠬᠢᠯᠡᠵᠦ᠂ ᠠᠮᠢ ᠠᠬᠤᠢ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠴᠦᠬᠦᠷᠡᠰᠢ ᠦᠭᠡᠢ ᠬᠡᠷᠡᠭᠵᠢᠭᠦᠯᠵᠦ᠂ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠲᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠢ ᠲᠦᠯᠦᠪᠵᠢᠭᠦᠯᠵᠦ᠂ ᠠᠮᠢ ᠠᠬᠤᠢ ᠶᠢᠨ ᠪᠤᠯᠪᠠᠰᠤᠨ ᠤ ᠵᠢᠱᠢᠶ᠎ᠡ ᠦᠵᠡᠭᠦᠯᠬᠦ ᠲᠤᠭᠤᠷᠢᠭ ᠢ ᠢᠳᠡᠪᠬᠢᠳᠠᠢ | ᠪᠠᠶᠢᠭᠤᠯᠬᠤ ᠬᠡᠷᠡᠭᠳᠡᠢ᠃ ᠭᠤᠷᠪᠠ ᠳᠤ ᠬᠢᠵᠠᠭᠠᠷ ᠲᠠᠢ ᠡᠬᠢ ᠪᠠᠶᠠᠯᠢᠭ ᠢ ᠰᠢᠯᠢᠳᠡᠭ ᠦᠨᠳᠦᠷ ᠪᠦᠲᠦᠮᠵᠢᠲᠡᠢ ᠨᠡᠭᠡᠭᠡᠨ | ᠠᠰᠢᠬᠯᠠᠬᠤ ᠳᠡᠭᠡᠷ᠎ᠡ ᠬᠦᠴᠦᠯᠠᠵᠦ᠂ ᠪᠤᠬᠢᠷᠳᠤᠯ ᠦᠭᠡᠢ ᠲᠦᠷᠦᠯ ᠳᠡᠮᠳᠡᠭ᠂ ᠤᠷᠭᠠᠨᠢᠭ ᠲᠦᠷᠦᠯ ᠳᠡᠮᠳᠡᠭ ᠢ | ᠪᠠᠶᠢᠭᠤᠯᠬᠤ᠂ ᠦᠢᠯᠡᠳᠭᠦᠨ ᠤ ᠬᠡᠯᠬᠢᠶ᠎ᠡ ᠶᠢ ᠦᠷᠭᠦᠯᠵᠢᠯᠡᠭᠦᠯᠬᠦ᠂ ᠡᠯᠧᠺᠲᠷᠣᠨ ᠬᠤᠳᠠᠯᠳᠤᠭ᠎ᠠ ᠮᠡᠳᠦ ᠶᠢᠨ | ᠤᠳᠤᠬᠢᠴᠢᠯᠠᠭᠰᠠᠨ ᠮᠡᠷᠭᠡᠵᠢᠯ ᠢᠶᠠᠷ ᠳᠠᠮᠵᠢᠭᠤᠯᠤᠨ᠂ ᠦᠢᠯᠡᠳᠪᠦᠷᠢᠯᠡᠯ ᠪᠠ ᠪᠤᠷᠤᠯᠠᠭᠤᠯᠭ᠎ᠠ ᠶᠢ ᠵᠤᠯᠭᠠᠯᠴᠠᠭᠤᠯᠬᠤ | ᠵᠡᠷᠭᠡ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠶᠢ ᠴᠢᠩᠭᠠᠳᠬᠠᠵᠤ᠂ ᠠᠵᠤ ᠦᠢᠯᠡᠰ ᠤᠨ ᠦᠷᠳᠡᠭ ᠢ | ᠨᠡᠮᠡᠭᠳᠡᠭᠦᠯᠬᠦ ᠬᠡᠷᠡᠭᠲᠡᠢ᠃ ᠲᠦᠷᠪᠡ ᠳᠤ ᠠᠮᠢ ᠠᠬᠤᠢ ᠶᠢᠨ ᠪᠤᠯᠪᠠᠰᠤᠨ ᠤ ᠪᠦᠲᠦᠴᠡ ᠶᠢᠨ ᠦᠭᠡᠷᠡᠴᠢᠯᠡᠯᠲᠠ ᠶᠢᠨ | ᠴᠢᠬᠤᠯᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠦᠷᠭᠡᠳᠭᠡᠨ ᠠᠬᠢᠭᠤᠯᠵᠤ᠂ ᠳᠦᠷᠢᠮ ᠤᠨ ᠰᠢᠨ᠎ᠡ ᠶᠢ | ᠡᠭᠦᠳᠬᠦ᠂ ᠲᠦᠷᠢᠮ ᠤᠨ ᠬᠠᠩᠭᠠᠯᠭ᠎ᠠ ᠪᠠ ᠳᠦᠷᠢᠮ ᠤᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠠᠮᠢ | ᠠᠬᠤᠢ ᠶᠢᠨ ᠬᠤᠬᠢᠷᠠᠯ ᠢ ᠲᠦᠯᠦᠬᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠷᠢᠶᠡᠨ ᠤ | ᠨᠡᠶᠢᠳᠡ ᠶᠢᠨ ᠠᠰᠠᠷᠠᠮᠵᠢ ᠶᠢᠨ ᠵᠠᠭᠠᠯᠳᠤᠯᠭ᠎ᠠ ᠵᠡᠷᠭᠡ ᠲᠦᠷᠢᠮ ᠳᠤᠭᠳᠠᠭᠠᠯ ᠢ ᠨᠠᠷᠢᠯᠢᠭᠵᠢᠭᠤᠯᠤᠨ ᠳᠡᠭᠦᠯᠳᠡᠷᠵᠢᠭᠦᠯᠵᠤ᠂ | ᠠᠮᠢ ᠠᠬᠤᠢ ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠳᠠ ᠶᠢᠨ ᠰᠢᠰᠲ᠋ᠧᠮ ᠬᠢᠬᠡᠳ ᠠᠮᠢ ᠠᠬᠤᠢ ᠤᠷᠴᠢᠨ | ᠳᠤᠭᠤᠷᠢᠨ ᠤ ᠬᠠᠮᠠᠭᠠᠯᠠᠯᠲᠠ ᠶᠢᠨ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ᠂ ᠬᠠᠤᠯᠢᠵᠢᠯ ᠤᠨ | ᠰᠢᠰᠲ᠋ᠧᠮ᠂ ᠴᠢᠳᠠᠮᠵᠢ ᠶᠢᠨ ᠪᠠᠳᠤᠯᠠᠭ᠎ᠠ ᠶᠢᠨ ᠰᠢᠰᠲ᠋ᠧᠮ᠂ ᠨᠡᠶᠢᠬᠡᠮ ᠤᠨ ᠦᠢᠯᠡ ᠠᠵᠢᠯᠯᠠᠭ᠎ᠠ ᠶᠢᠨ ᠰᠢᠰᠲ᠋ᠧᠮ ᠢ | ᠪᠦᠷᠢᠨᠰᠢᠭᠦᠯᠬᠦ ᠬᠡᠷᠡᠭᠳᠠᠢ᠃ | ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠨᠭ᠌᠄ ᠶᠡᠷᠦᠩᠭᠡᠢ ᠱᠦᠵᠢ ᠰᠢ ᠶᠢᠨ ᠫᠢᠡᠭ | ᠵᠢᠭᠠᠵᠣ ᠭᠠᠷᠭᠠᠬᠤ ᠳᠤ ᠪᠠᠨ᠂ ᠠᠵᠦ ᠠᠬᠤᠢ ᠶᠢᠨ ᠬᠦᠭᠵᠢᠯᠲᠡ ᠨᠢ ᠡᠬᠢ ᠪᠠᠶᠠᠯᠢᠭ ᠪᠠ ᠠᠮᠢ ᠠᠬᠤᠢ ᠤᠷᠴᠢᠨ | ᠲᠤᠭᠤᠷᠢᠨ ᠢ ᠬᠤᠭᠤᠰᠤᠷᠠᠲᠠᠯ᠎ᠠ ᠰᠢᠪᠬᠠᠬᠤ ᠶᠠᠪᠤᠳᠠᠯ ᠪᠢᠰᠢ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠨᠢ | ᠴᠦ ᠠᠵᠦ ᠠᠬᠤᠢ ᠶᠢᠨ ᠬᠦᠭᠵᠢᠯᠲᠡ ᠶᠢ ᠲᠠᠶᠠᠭᠳᠠᠬᠤ ᠶᠠᠪᠤᠳᠠᠯ ᠪᠢᠰᠢ᠂ ᠬᠠᠷᠢᠨ ᠬᠦᠭᠵᠢᠭᠦᠯᠬᠦ ᠶᠢᠨ ᠳᠠᠭᠠᠤ | ᠬᠠᠮᠠᠭᠠᠯᠠᠵᠦ᠂ ᠬᠠᠮᠠᠭᠠᠯᠠᠬᠤ ᠶᠢᠨ ᠳᠠᠭᠠᠤ ᠬᠦᠭᠵᠢᠭᠦᠯᠬᠦ ᠶᠢ ᠪᠠᠷᠢᠮᠲᠠᠯᠠᠬᠤ ᠭᠡᠷᠡᠭᠲᠠᠢ ᠭᠡᠵᠡᠢ᠃ ᠮᠠᠨ ᠤ ᠤᠷᠤᠨ ᠪᠤᠯ | ᠨᠡᠶᠢᠲᠡᠯᠢᠭ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠪᠠᠶᠢᠵᠦ᠂ ᠠᠵᠦ ᠠᠬᠤᠢ ᠶᠢᠨ ᠬᠦᠭᠵᠢᠯᠲᠡ ᠪᠤᠯᠤᠨ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠳᠠᠪᠬᠤᠷ ᠳᠠᠷᠤᠯᠲᠠ ᠳᠤ ᠲᠤᠯᠭᠠᠷᠠᠵᠦ᠂ ᠡᠬᠢ ᠪᠠᠶᠠᠯᠢᠭ ᠢ ᠨᠡᠭᠡᠭᠡᠨ | ᠠᠰᠢᠬᠯᠠᠬᠤ ᠬᠢᠭᠡᠳ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠵᠦᠷᠢᠴᠡᠯ ᠲᠤᠪᠤᠶᠢᠮ᠎ᠠ ᠪᠠᠶᠢᠨ᠎ᠠ᠃ ᠠᠮᠢ | ᠠᠬᠤᠢ ᠤᠷᠴᠢᠨ ᠲᠤᠭᠤᠷᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠭᠡᠪᠡᠯ᠂ ᠡᠷᠭᠡᠪᠰᠢ ᠰᠢᠨ᠎ᠡ | ᠬᠦᠭᠵᠢᠯᠲᠡ ᠶᠢᠨ ᠣᠨᠣᠯᠵᠢᠬᠤᠨ ᠢ ᠪᠠᠳᠤ ᠪᠤᠢ ᠪᠤᠯᠭᠠᠬᠤ ᠪᠠ ᠦᠢᠯᠡᠳᠦᠯᠭᠡᠵᠢᠭᠦᠯᠵᠦ᠂ ᠬᠦᠭᠵᠢᠯᠲᠡ ᠶᠢᠨ ᠰᠢᠨ᠎ᠡ | ᠠᠷᠭ᠎ᠠ ᠬᠡᠯᠪᠡᠷᠢ ᠶᠢ ᠬᠤᠪᠢᠷᠠᠭᠤᠯᠬᠤ ᠳᠡᠭᠡᠷ᠎ᠡ ᠬᠦᠴᠦᠯᠡᠵᠦ᠂ ᠠᠵᠦ ᠠᠬᠤᠢ ᠶᠢᠨ ᠪᠦᠲᠦᠴᠡ ᠶᠢ ᠲᠤᠬᠢᠷᠠᠭᠤᠯᠬᠤ | ᠲᠠᠯ᠎ᠠ ᠪᠠᠷ ᠠᠷᠭ᠎ᠠ ᠤᠬᠠᠭᠠᠨ ᠭᠠᠷᠭᠠᠵᠦ᠂ ᠨᠤᠮᠢᠨ ᠨᠤᠭᠤᠭᠠᠨ ᠪᠠᠶᠢᠯᠭᠠᠬᠤ ᠪᠠᠷ ᠦᠪᠦᠷ ᠮᠤᠩᠭᠤᠯ ᠤᠨ | ᠬᠦᠭᠵᠢᠯᠲᠡ ᠶᠢᠨ ᠬᠠᠮᠤᠭ ᠤᠨ ᠢᠯᠡ ᠲᠤᠳᠤ᠂ ᠬᠠᠮᠤᠭ ᠤᠨ ᠦᠵᠡᠰᠭᠦᠯᠡᠩᠳᠦ ᠰᠠᠶᠢᠬᠠᠨ ᠠᠷᠤ ᠦᠵᠡᠭᠳᠡᠯ ᠪᠤᠯᠭᠠᠬᠤ | ᠬᠡᠷᠡᠭᠲᠠᠢ᠃ ᠤᠳᠤᠬᠠᠨ ᠳᠤ ᠤᠯᠠᠮᠵᠢᠯᠠᠯᠳᠤ ᠠᠵᠦ ᠦᠢᠯᠡᠰ ᠤᠯᠠᠨ᠂ ᠰᠢᠨ᠎ᠡ ᠪᠠᠷ ᠬᠦᠭᠵᠢᠭᠰᠡᠨ ᠠᠵᠦ ᠦᠢᠯᠡᠰ | ᠴᠦᠭᠡᠨ᠂ ᠲᠤᠤᠷᠠᠳᠤ ᠲᠡᠰ ᠤᠨ ᠠᠵᠦ ᠦᠢᠯᠡᠰ ᠤᠯᠠᠨ᠂ ᠳᠡᠭᠡᠳᠦ ᠲᠡᠰ ᠤᠨ ᠠᠵᠦ ᠦᠢᠯᠡᠰ ᠴᠦᠭᠡᠨ᠂ ᠡᠬᠢ | ᠪᠠᠶᠠᠯᠢᠭ ᠤᠨ ᠮᠠᠶ᠋ᠢᠭ ᠤᠨ ᠠᠵᠦ ᠦᠢᠯᠡᠰ ᠤᠯᠠᠨ᠂ ᠦᠨᠳᠦᠷ ᠨᠡᠮᠡᠭᠳᠡᠯ ᠦᠷᠲᠡᠭ ᠤᠨ ᠠᠵᠦ ᠦᠢᠯᠡᠰ ᠴᠦᠭᠡᠨ᠂ | ᠬᠦᠳᠡᠯᠮᠦᠷᠢ ᠬᠦᠴᠦ ᠬᠤᠷᠠᠮᠳᠤᠭᠰᠠᠨ ᠠᠵᠦ ᠦᠢᠯᠡᠰ ᠤᠯᠠᠨ᠂ ᠬᠦᠷᠦᠩᠭᠡ ᠰᠢᠨᠵᠢᠯᠡᠬᠦ ᠤᠬᠠᠭᠠᠨ ᠮᠡᠷᠭᠡᠵᠢᠯ | ᠬᠤᠷᠠᠮᠳᠤᠭᠰᠠᠨ ᠠᠵᠦ ᠦᠢᠯᠡᠰ ᠴᠦᠭᠡᠨ ︽ᠲᠦᠷᠪᠡᠨ ᠤᠯᠠᠨ ᠲᠦᠷᠪᠡᠨ ᠴᠦᠭᠡᠨ︾ ᠪᠠᠶᠢᠬᠤ ᠪᠠᠶᠢᠷᠢᠰᠢᠯ ᠢ | ᠬᠤᠪᠢᠷᠠᠭᠤᠯᠬᠤ ᠲᠠᠯ᠎ᠠ ᠪᠠᠷ ᠨᠡᠩ ᠢᠯᠡᠭᠦᠦ ᠬᠦᠴᠦᠨ ᠢᠶᠠᠨ ᠲᠦᠪᠯᠡᠷᠡᠭᠦᠯᠵᠦ᠂ ᠰᠢᠨ᠎ᠡ ᠬᠠᠭᠤᠴᠢᠨ ᠬᠦᠳᠡᠯᠭᠡᠬᠦ | ᠬᠦᠴᠦᠨ ᠤ ᠰᠤᠯᠢᠭᠳᠠᠯ ᠢ ᠶᠡᠭᠡ ᠪᠠᠷ ᠠᠬᠢᠭᠤᠯᠬᠤ ᠪᠠᠷ ᠳᠠᠮᠵᠢᠭᠤᠯᠤᠨ᠂ ︽ᠭᠤᠷᠪᠠᠨ ᠤᠷᠤᠨ ᠭᠤᠷᠪᠠᠨ ᠱᠤᠭᠤᠮ︾ | ᠤᠨ ᠬᠠᠳᠠᠭᠤ ᠬᠢᠵᠠᠭᠠᠷᠯᠠᠯ ᠢ ᠴᠢᠩᠭ᠎ᠠ ᠨᠠᠶᠢᠳᠠᠪᠤᠷᠢᠵᠢᠭᠤᠯᠵᠦ᠂ ᠤᠯᠤᠰ ᠤᠨ ᠨᠤᠲᠤᠭ ᠲᠡᠪᠢᠰᠭᠡᠷ ᠤᠨ ᠤᠷᠤᠨ | ᠵᠠᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠦ ᠭᠡᠷᠡᠭᠵᠢᠭᠦᠯᠦᠨ᠂ ᠠᠮᠢ ᠠᠬᠤᠢ ᠶᠢᠨ ᠴᠢᠳᠠᠮᠵᠢ ᠶᠢᠨ ᠪᠠᠶᠢᠷᠢ | ᠲᠤᠭᠲᠠᠭᠠᠯᠲᠠ ᠳᠤ ᠦᠯᠦ ᠨᠡᠶᠢᠴᠡᠬᠦ ᠠᠵᠦ ᠦᠢᠯᠡᠰ ᠤᠨ ᠪᠠᠶᠢᠷᠢᠰᠢᠯ᠂ ᠬᠡᠪᠴᠢᠶ᠎ᠡ ᠪᠠ ᠪᠦᠲᠦᠴᠡ ᠶᠢ ᠲᠤᠬᠢᠷᠠᠭᠤᠯᠤᠨ | ᠰᠢᠯᠢᠳᠡᠭᠵᠢᠭᠦᠯᠵᠦ᠂ ᠤᠯᠠᠨ ᠡᠰᠢᠴᠢᠯᠡᠨ ᠬᠦᠭᠵᠢᠬᠦ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ | ᠠᠵᠦ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ | ᠪᠤᠬᠢᠷᠳᠤᠯ ᠦᠭᠡᠢ ᠪᠠᠷ ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠠ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ | ᠳᠠᠶᠢᠯᠠᠯᠳᠤᠭᠠᠨ ᠪᠤᠯ ᠴᠢᠨᠠᠷ ᠰᠠᠶᠢᠲᠠᠢ ᠬᠦᠭᠵᠢᠯᠲᠡ ᠶᠢᠨ ᠡᠷᠭᠡᠪᠰᠢ ᠳᠠᠪᠠᠭ᠋ᠤ ᠴᠢᠬᠤᠯᠠ ᠶᠡᠭᠡ ᠪᠤᠭᠤᠮᠲᠠ ᠶᠢᠨ ᠨᠢᠭᠡ | ᠮᠦᠨ᠃ ︽ᠬᠦᠯᠦᠨ ᠨᠠᠭᠤᠷ ᠤᠯᠠᠭᠠᠨᠰᠤᠬᠠᠢ ᠨᠠᠭᠤᠷ ᠲᠠᠭ᠎ᠠ ᠶᠢᠨ ᠨᠠᠭᠤᠷ︾ ᠠᠴᠠ ᠭᠠᠳᠠᠨᠠᠬᠢ ᠤᠰᠤᠨ ᠤ ᠠᠮᠢ | ᠠᠬᠤᠢ ᠤᠷᠴᠢᠨ ᠲᠤᠭᠤᠷᠢᠨ ᠤ ᠭᠡᠮ ᠰᠤᠭᠤᠭ ᠢ ᠴᠢᠷᠮᠠᠶᠢᠨ ᠠᠷᠢᠯᠭᠠᠵᠦ᠂ ᠭᠤᠤᠯᠳᠠᠯᠭ᠎ᠠ ᠶᠢ ᠲᠤᠪᠤᠶᠢᠯᠭᠠᠨ᠂ ᠡᠬᠢ | ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠪᠡᠨ ᠶᠡᠭᠡ ᠲᠤᠰᠬᠠᠢ | ᠠᠵᠢᠯᠯᠠᠭ᠎ᠠ ᠶᠢ ᠰᠠᠶᠢᠳᠤᠷ ᠠᠳᠬᠤᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠳᠠᠶᠢᠯᠠᠯᠳᠤᠭᠠᠨ ᠤ | ᠯᠠᠪᠳᠠᠭᠤᠨ ᠪᠠᠳᠤᠲᠠᠢ ᠦᠷ᠎ᠡ ᠪᠦᠲᠦᠮᠵᠢ ᠤᠯᠬᠤ ᠶᠢ ᠠᠬᠢᠭᠤᠯᠵᠦ᠂ ᠪᠢᠳᠡᠨ ᠤ ᠴᠠᠭ ᠦᠶ᠎ᠡ ᠶᠢᠨ ᠬᠠᠷᠢᠭᠤᠴᠠᠯᠭ᠎ᠠ ᠪᠠᠨ | ᠰᠠᠶᠢᠳᠤᠷ ᠡᠬᠦᠷᠬᠡᠯᠡᠬᠦ ᠬᠡᠷᠡᠭᠳᠡᠢ᠃ | ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠧᠩ ᠬᠤᠩ ᠹᠠᠨ᠄ ᠶᠡᠷᠦᠩᠬᠡᠢ ᠱᠦᠵᠢ ᠰᠢ ᠶᠢᠨ | ᠫᠢᠩ ︽ᠨᠠᠮ ᠤᠨ ᠲᠦᠷᠢᠮ ᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠲᠦᠷᠢᠮ ᠢ ᠴᠢᠩᠭ᠎ᠠ ᠰᠠᠬᠢᠶ᠎ᠠ︾ ᠭᠡᠬᠦ | ᠨᠡᠷ᠎ᠡ ᠬᠠᠳᠠᠬᠰᠠᠨ ᠵᠤᠬᠢᠶᠠᠯ ᠳᠤ ᠪᠠᠨ ᠱᠠᠭᠠᠷᠳᠠᠭᠰᠠᠨ ᠨᠢ᠄ ︽ᠨᠠᠮ ᠤᠨ ᠬᠡᠰᠢᠭᠦᠨ ᠤᠳᠤᠷᠢᠳᠬᠤ ᠺᠠᠳ᠋ᠷ ᠨᠠᠷ ᠡᠷᠬᠡᠪᠰᠢ | ᠨᠠᠮ ᠤᠨ ᠲᠦᠷᠢᠮ ᠢ ᠰᠤᠷᠤᠯᠴᠠᠨ᠂ ᠨᠠᠮ ᠤᠨ ᠲᠦᠷᠢᠮ ᠢ ᠰᠠᠬᠢᠭᠰᠠᠨ ᠵᠢᠱᠢᠶᠡᠴᠢ ᠪᠤᠯᠬᠤ ᠬᠡᠷᠡᠭᠳᠡᠢ᠃ ᠡᠯ᠎ᠡ | ᠱᠠᠳᠤᠨ ᠤ ᠤᠳᠤᠷᠢᠳᠬᠤ ᠺᠠᠳ᠋ᠷ ᠡᠷᠬᠡᠪᠰᠢ ᠨᠠᠮ ᠤᠨ ᠲᠦᠷᠢᠮ ᠢ ᠵᠠᠪᠠᠯ ᠰᠤᠷᠬᠤ ᠬᠢᠴᠢᠶᠡᠯ ᠪᠤᠯᠭᠠᠵᠤ᠂ ᠰᠢᠨ᠎ᠡ | ᠤᠳᠤᠷᠢᠳᠬᠤ ᠪᠠᠶᠢᠷᠢᠨ ᠳᠤ ᠭᠠᠷᠤᠬᠰᠠᠨ ᠨᠦᠬᠦᠳ ᠵᠠᠪᠠᠯ ᠨᠠᠮ ᠤᠨ ᠲᠦᠷᠢᠮ ᠢ ᠠᠩᠬᠠᠨ ᠤ ᠬᠢᠴᠢᠶᠡᠯ ᠪᠤᠯᠭᠠᠵᠤ᠂ | ᠨᠠᠮ ᠤᠨ ᠲᠦᠷᠢᠮ ᠤᠨ ᠡᠯ᠎ᠡ ᠵᠦᠢᠯ ᠤᠨ ᠲᠤᠬᠳᠠᠭᠠᠯ ᠢ ᠲᠦᠷᠦᠭᠦᠯᠡᠨ ᠰᠠᠬᠢᠬᠤ ᠬᠡᠷᠡᠭᠳᠡᠢ︾᠂ ︽ᠤᠭ ᠰᠠᠨᠠᠭ᠎ᠠ ᠪᠠᠨ | ᠰᠠᠬᠢᠨ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠵᠦᠷᠢᠶ᠎ᠡ ᠪᠠᠨ ᠡᠷᠢᠨ᠂ ᠨᠠᠶᠢᠳᠠᠪᠤᠷᠢᠵᠢᠭᠤᠯᠤᠯᠳᠠ ᠶᠢ ᠠᠳᠬᠤᠬᠤ︾ | ᠶᠡᠷᠦᠩᠬᠡᠢ ᠱᠠᠭᠠᠷᠳᠠᠯᠭ᠎ᠠ ᠶᠤᠰᠤᠭᠠᠷ᠂ ᠤᠬᠠᠮᠰᠠᠷ ᠠᠴᠠ ᠪᠠᠨ ᠨᠠᠮ ᠤᠨ ᠲᠦᠷᠢᠮ ᠤᠨ ᠰᠠᠨᠠᠭᠠᠴᠢᠯᠠᠭ᠎ᠠ ᠲᠠᠢ | ᠰᠤᠷᠤᠯᠴᠠᠬᠴᠢ᠂ ᠭᠤᠶᠢᠪᠢᠰᠢ ᠦᠭᠡᠢ ᠬᠡᠷᠡᠭᠵᠢᠭᠦᠯᠦᠭᠴᠢ᠂ ᠰᠢᠳᠤᠷᠭᠤ ᠬᠠᠮᠠᠭᠠᠯᠠᠬᠴᠢ ᠪᠤᠯᠬᠤ ᠬᠡᠷᠡᠭᠳᠡᠢ᠃ ᠨᠡᠩ | ᠢᠯᠡᠭᠦᠦ ᠤᠬᠠᠮᠰᠠᠷ ᠠᠴᠠ ᠪᠠᠨ ᠬᠦᠰᠡᠯᠡᠩ ᠢᠳᠡᠭᠡᠯ ᠪᠢᠰᠢᠷᠠᠯ ᠢᠶᠠᠨ ᠭᠤᠶᠢᠪᠢᠰᠢ ᠦᠭᠡᠢ ᠪᠠᠷᠢᠮᠳᠠᠯᠠᠬᠤ ᠲᠠᠯ᠎ᠡ ᠪᠠᠷ | ᠳᠠᠭᠤᠷᠢᠶᠠᠯ ᠦᠵᠡᠭᠦᠯᠬᠦ ᠬᠡᠷᠡᠭᠳᠡᠢ᠃ ᠮᠠᠷᠺᠰ ᠤᠨ ᠦᠵᠡᠯ ᠤᠨ ᠢᠳᠡᠭᠡᠯ ᠪᠢᠰᠢᠷᠡᠯ᠂ ᠨᠡᠶᠢᠭᠡᠮ ᠵᠢᠷᠤᠮ ᠬᠢᠭᠡᠳ ᠡᠪ | ᠬᠠᠮᠳᠤ ᠶᠢᠨ ᠦᠵᠡᠯ ᠤᠨ ᠢᠳᠡᠭᠡᠯ ᠪᠢᠰᠢᠷᠡᠯ ᠪᠤᠯ ᠡᠪ ᠬᠠᠮᠳᠤᠴᠤᠳ ᠤᠨ ᠤᠯᠤᠰ ᠲᠦᠷᠦ ᠶᠢᠨ ᠰᠦᠭ ᠰᠦᠨᠡᠰᠦ | ᠪᠤᠯᠤᠨ᠎ᠠ᠂ ᠡᠷᠬᠡᠪᠰᠢ ᠠᠭᠤᠤ ᠶᠡᠭᠡ ᠳᠡᠮᠡᠴᠡᠬᠦ ᠬᠠᠷᠠᠯᠳᠠ ᠶᠢᠨ ᠳᠤᠬᠠᠢ ᠳᠤᠳᠤᠷᠬᠠᠢ ᠳᠠᠨᠢᠯᠳᠠ ᠪᠤᠯᠤᠨ ᠴᠦᠬᠦᠷᠡᠰᠢ | ᠦᠭᠡᠢ ᠬᠦᠬᠡᠬᠡᠴᠡᠯᠳᠦᠯ ᠢ ᠢᠮᠠᠬᠳᠠ ᠪᠠᠷᠢᠮᠳᠠᠯᠠᠵᠤ᠂ ᠦᠵᠡᠯ ᠰᠠᠨᠠᠭᠠᠨ ᠤ ᠤᠬᠠᠮᠰᠠᠷ ᠪᠤᠯᠤᠨ ᠤᠨᠤᠯ ᠤᠨ ᠬᠢᠷᠢ | ᠲᠦᠪᠰᠢᠨ ᠤ ᠳᠡᠭᠡᠭᠰᠢᠯᠡᠭᠦᠯᠦᠯᠳᠡ ᠪᠠᠷ ᠬᠦᠰᠡᠯᠡᠩ ᠢᠳᠡᠭᠡᠯ ᠪᠢᠰᠢᠷᠡᠯ ᠤᠨ ᠭᠤᠶᠢᠪᠢᠰᠢ ᠦᠭᠡᠢ ᠪᠠᠶᠢᠬᠤ ᠶᠢ ᠦᠨᠡᠨ ᠬᠦ | ᠪᠠᠳᠤᠯᠠᠬᠤ ᠬᠡᠷᠡᠭᠳᠡᠢ᠃ ᠨᠡᠩ ᠢᠯᠡᠭᠦᠤ ᠤᠬᠠᠮᠰᠠᠷ ᠠᠴᠠ ᠪᠠᠨ ᠵᠤᠷᠢᠯᠳᠠ ᠶᠢᠨ ᠤᠬᠠᠮᠰᠠᠷ ᠢ ᠦᠢᠯᠡᠳᠦᠯᠭᠡᠵᠢᠭᠦᠯᠬᠦ | ᠲᠠᠯ᠎ᠠ ᠪᠠᠷ ᠳᠠᠭᠤᠷᠢᠶᠠᠯ ᠦᠵᠡᠭᠦᠯᠬᠦ ᠬᠡᠷᠡᠭᠳᠡᠢ᠃ ᠨᠠᠮ ᠤᠨ ᠲᠦᠷᠢᠮ ᠳᠤ ᠵᠤᠷᠢᠯᠳᠠ ᠶᠢᠨ ᠤᠬᠠᠮᠰᠠᠷ ᠢ | ᠦᠢᠯᠡᠳᠦᠯᠭᠡᠵᠢᠭᠦᠯᠬᠦ᠂ ᠤᠯᠠᠨ ᠲᠦᠮᠡᠨᠴᠢ ᠱᠤᠭᠤᠮ ᠢᠶᠠᠷ ᠶᠠᠪᠤᠬᠤ ᠳᠤᠬᠠᠢ ᠭᠦᠨᠵᠡᠬᠡᠢ ᠦᠬᠦᠯᠡᠵᠤ᠂ ᠡᠷᠬᠡᠪᠰᠢ ᠪᠦᠬᠦ | ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠶᠢ ᠪᠠᠳᠤ ᠴᠡᠭᠡᠵᠢᠯᠡᠵᠤ | ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠳᠤᠬᠠᠢ ᠬᠦᠰᠡᠯ ᠬᠦᠭᠡᠭᠡᠴᠡᠯᠳᠦᠯ ᠪᠤᠯ ᠪᠢᠳᠡᠨ ᠤ ᠳᠡᠮᠡᠴᠡᠬᠦ | ᠬᠠᠷᠠᠯᠳᠠ ᠪᠤᠯᠬᠤ ᠶᠢ ᠪᠠᠳᠤ ᠴᠡᠭᠡᠵᠢᠯᠡᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠲᠦᠮᠡᠨ ᠤ ᠠᠰᠢᠭ ᠲᠤᠰᠠ ᠶᠢ | ᠰᠠᠶᠢᠳᠤᠷ ᠪᠡᠶᠡᠯᠡᠭᠦᠯᠵᠤ᠂ ᠰᠠᠶᠢᠳᠤᠷ ᠬᠠᠮᠠᠭᠠᠯᠠᠨ᠂ ᠰᠠᠶᠢᠳᠤᠷ ᠬᠦᠭᠵᠢᠬᠦᠯᠬᠦ ᠬᠡᠷᠡᠭᠳᠡᠢ᠃ ᠨᠡᠩ ᠢᠯᠡᠭᠦᠦ | ᠤᠬᠠᠮᠰᠠᠷ ᠠᠴᠠ ᠪᠠᠨ ᠠᠵᠢᠯ ᠬᠢᠵᠤ ᠦᠢᠯᠡᠰ ᠪᠤᠰᠬᠠᠬᠤ ᠲᠠᠯ᠎ᠠ ᠪᠠᠷ ᠲᠠᠭᠤᠷᠢᠶᠠᠯ ᠦᠵᠡᠭᠦᠯᠬᠦ ᠬᠡᠷᠡᠭᠳᠡᠢ᠃ ᠨᠠᠮ ᠤᠨ | ᠲᠦᠷᠢᠮ ᠢ ᠰᠤᠷᠤᠯᠴᠠᠵᠤ ᠰᠠᠬᠢᠬᠤ ᠶᠢ ᠪᠤᠳᠠᠲᠠᠢ ᠨᠠᠶᠢᠳᠠᠪᠤᠷᠢᠵᠢᠭᠤᠯᠬᠤ ᠳᠤᠰᠤᠯᠲᠠ ᠨᠢ ᠦᠢᠯᠡᠳᠦᠯᠭᠡ ᠶᠢ | ᠵᠢᠯᠤᠭᠤᠳᠴᠤ᠂ ᠠᠵᠢᠯ ᠢ ᠠᠭᠢᠭᠤᠯᠬᠤ ᠶᠠᠪᠤᠳᠠᠯ ᠪᠤᠯᠤᠨ᠎ᠠ᠃ ᠤᠳᠤᠬᠠᠨ ᠳᠤ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠡᠭᠦᠷᠭᠡ ᠬᠠᠳᠠᠭᠤ ᠪᠡᠷᠬᠡ ᠪᠠᠶᠢᠭᠰᠠᠭᠠᠷ᠂ ᠶᠠᠳᠠᠭᠤ ᠠᠴᠠ ᠠᠩᠬᠢᠵᠢᠷᠠᠭᠤᠯᠬᠤ | ᠰᠢᠪᠳᠣᠯᠣᠯᠳᠠ ᠶᠢᠨ ᠳᠠᠶᠢᠯᠠᠯᠳᠤᠭᠠᠨ ᠳᠤ ᠢᠯᠠᠯᠲᠠ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠳᠤ ᠪᠠᠰᠠ ᠬᠠᠳᠠᠭᠤᠵᠢᠯᠳᠠᠢ ᠴᠢᠷᠮᠠᠶᠢᠬᠤ ᠬᠡᠷᠡᠭᠳᠡᠢ᠃ ᠡᠷᠬᠡᠪᠰᠢ ᠨᠠᠮ ᠤᠨ ᠲᠦᠷᠢᠮ ᠤᠨ ᠱᠠᠭᠠᠷᠳᠠᠯᠭ᠎ᠠ ᠶᠢ | ᠦᠨᠡᠨ ᠬᠦ ᠦᠢᠯᠡᠳᠦᠯᠭᠡᠵᠢᠭᠦᠯᠵᠤ᠂ ᠵᠤᠷᠢᠬᠳᠠᠢ ᠪᠠᠷ ᠡᠭᠦᠷᠭᠡᠯᠡᠨ ᠬᠠᠷᠢᠭᠤᠴᠠᠵᠤ᠂ ᠢᠳᠡᠪᠬᠢᠳᠡᠢ | ᠰᠠᠨᠠᠭᠠᠴᠢᠯᠠᠭ᠎ᠠ ᠲᠠᠢ ᠪᠠᠷ ᠠᠵᠢᠯ ᠬᠢᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ ᠶᠢᠨ ᠬᠠᠳᠠᠭᠤ ᠰᠢᠯᠭᠠᠯᠳᠠ ᠶᠢ | ᠳᠠᠭᠠᠭᠠᠵᠤ ᠳᠡᠶᠢᠯᠬᠦ ᠪᠤᠳᠠᠳᠠᠢ ᠠᠵᠢᠯ ᠤᠨ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠳᠡᠢ᠃ ᠨᠡᠩ ᠢᠯᠡᠭᠦᠦ | ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠳᠤ ᠶᠢ ᠴᠢᠩᠭ᠎ᠠ ᠰᠠᠬᠢᠬᠤ ᠲᠠᠯ᠎ᠠ ᠪᠠᠷ ᠳᠠᠭᠤᠷᠢᠶᠠᠯ ᠦᠵᠡᠭᠦᠯᠬᠦ ᠬᠡᠷᠡᠭᠳᠡᠢ᠃ | ᠨᠠᠮ ᠤᠨ ᠲᠦᠷᠢᠮ ᠳᠤᠬᠳᠠᠭᠠᠯ ᠢ ᠰᠤᠷᠤᠯᠴᠠᠬᠤ ᠶᠢ ᠢᠮᠠᠭᠲᠠ ᠲᠦᠢᠯ ᠤᠨ ᠴᠢᠬᠤᠯᠠ ᠪᠠᠶᠢᠷᠢᠨ ᠳᠤ ᠳᠠᠯᠪᠢᠵᠤ᠂ | ᠨᠠᠮ ᠤᠨ ᠲᠦᠷᠢᠮ ᠳᠤᠬᠳᠠᠭᠠᠯ ᠢᠶᠠᠷ ᠨᠠᠮᠴᠢ ᠴᠢᠨᠠᠷ ᠤᠨ ᠬᠡᠪ ᠪᠤᠯᠪᠠᠰᠤᠷᠠᠯ ᠢ ᠴᠢᠩᠭᠠᠳᠬᠠᠬᠤ ᠪᠠᠷᠢᠮᠵᠢᠶ᠎ᠠ ᠪᠤᠯᠭᠠᠵᠤ᠂ | ᠰᠠᠬᠢᠯᠭ᠎ᠠ ᠪᠠᠳᠤ ᠲᠦᠷᠢᠮ ᠳᠤᠬᠳᠠᠭᠠᠯ ᠢ ᠲᠡᠷᠢᠭᠦᠨ ᠳᠤ ᠳᠠᠯᠪᠢᠵᠤ᠂ ᠤᠯᠤᠰ ᠲᠦᠷᠦ ᠶᠢ ᠡᠷᠬᠢᠮᠯᠡᠵᠦ᠂ ᠲᠦᠷᠢᠮ | ᠳᠤᠬᠳᠠᠭᠠᠯ ᠢ ᠤᠢᠢᠯᠠᠭᠠᠨ᠂ ᠰᠠᠬᠢᠯᠭ᠎ᠠ ᠪᠠᠳᠤ ᠶᠢ ᠰᠠᠬᠢᠵᠤ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ | ᠬᠠᠷᠢᠭᠤᠴᠠᠯᠭ᠎ᠠ ᠡᠭᠦᠷᠭᠡᠯᠡᠭᠰᠡᠨ ᠪᠠᠶᠢᠬᠤ ᠬᠡᠷᠡᠭᠳᠡᠢ᠃ | |