| 7 ᠳ᠋ᠤᠭᠠᠷ ᠰᠠᠷ᠎ᠠ ᠶᠢᠨ ᠬᠦᠬᠡᠬᠤᠳᠠ ᠡᠪᠡᠰᠤ ᠮᠤᠳᠤ ᠴᠡᠯᠡᠭᠡᠷᠡᠨ᠂ ᠬᠤᠸᠠᠷ ᠴᠡᠴᠡᠭ ᠮᠢᠷᠠᠯᠵᠠᠨ ᠲᠡᠯᠬᠡᠷᠡᠨ᠎ᠠ᠃ | 7 ᠳ᠋ᠤᠭᠠᠷ ᠰᠠᠷ᠎ᠠ ᠶᠢᠨ 12 ᠤᠨ ᠤᠷᠤᠢ᠂ ᠶᠢᠰᠤᠳᠤᠭᠡᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠳᠠ ᠶᠢᠨ | ᠴᠦᠬᠡᠨ ᠲᠤᠭᠠᠳᠤ ᠦᠨᠳᠤᠰᠤᠳᠠᠨ ᠤ ᠰᠤᠶᠤᠯ ᠵᠢᠭᠤᠯᠴᠢᠯᠠᠯ ᠤᠷᠠᠯᠢᠬ ᠤᠨ ᠠᠵᠢᠯᠯᠠᠭ᠎ᠠ ᠵᠢᠴᠢ ᠬᠤᠷᠢᠳᠤᠭᠠᠷ | ᠬᠤᠭᠤᠴᠠᠭᠠᠨ ᠤ ᠳᠤᠮᠳᠠᠳᠤ ᠤᠯᠤᠰ · ᠬᠦᠬᠡᠬᠤᠳᠠ ᠶᠢᠨ ᠵᠤᠤ ᠵᠢᠶᠦ᠋ᠨ ᠰᠤᠶᠤᠯ ᠤᠨ ᠨᠠᠶᠢᠷ ᠤᠨ ᠡᠬᠢᠯᠡᠬᠦ | ᠶᠤᠰᠤᠯᠠᠯ ᠤᠨ ᠦᠳᠡᠰᠢᠯᠡᠭᠡ ᠦᠪᠤᠷ ᠮᠤᠩᠭᠤᠯ ᠤᠨ ᠤᠯᠠᠭᠠᠨ ᠲᠢᠶᠠᠲᠷ ᠲᠤ ᠦᠪᠡᠳᠡᠭᠰᠢ ᠶᠡᠭᠡ ᠪᠠᠷ ᠶᠠᠪᠤᠬᠳᠠᠪᠠ᠃ | ᠤᠯᠤᠰ ᠤᠨ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ ᠤᠨ ᠲᠡᠳ᠋ ᠡᠷᠬᠢᠯᠡᠭᠴᠢ ᠬᠦᠸᠧ ᠸᠧᠢ ᠫᠢᠩ᠂ | ᠡᡁᠧᠨᠠᠨ ᠮᠤᠵᠢ ᠶᠢᠨ ᠲᠡᠳ᠋ ᠲᠠᠷᠤᠭ᠎ᠠ ᠳ᠋ᠠᠢ ᠪᠦᠸᠧ ᠬᠤᠸᠠ᠂ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠤᠮᠠᠯ ᠹᠷᠣᠨᠲ ᠤᠨ ᠲᠠᠷᠤᠭ᠎ᠠ ᠸᠠᠩ ᠯᠢ ᠰᠢᠶᠠ᠂ ᠦᠪᠡᠷᠳᠡᠬᠡᠨ | ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠨᠠᠷ ᠡᠬᠢᠯᠡᠬᠦ ᠶᠤᠰᠤᠯᠠᠯ ᠳᠤ ᠤᠷᠤᠯᠴᠠᠪᠠ᠃ ᠦᠪᠡᠷᠳᠡᠬᠡᠨ | ᠵᠠᠰᠠᠬᠤ ᠤᠷᠤᠨ ᠤ ᠲᠡᠳ᠋ ᠲᠡᠷᠢᠬᠦᠯᠡᠭᠴᠢ ᠵᠧᠩ ᠬᠤᠩ ᠹᠠᠨ ᠡᠬᠢᠯᠡᠬᠦ ᠶᠤᠰᠤᠯᠠᠯ ᠲᠡᠭᠡᠷ᠎ᠠ ᠪᠠᠶᠠᠷ ᠤᠨ ᠦᠭᠡ ᠶᠠᠷᠢᠵᠠᠢ᠃ | | ᠵᠧᠩ ᠬᠤᠩ ᠹᠠᠨ ᠶᠠᠷᠢᠶᠠᠨ ᠳᠤ ᠪᠠᠨ᠂ ᠲᠠᠯ᠎ᠠ ᠨᠤᠳᠤᠬ ᠤᠨ ᠰᠤᠶᠤᠯ ᠪᠤᠯ ᠦᠪᠤᠷ ᠮᠤᠩᠭᠤᠯ ᠤᠨ | ᠬᠠᠮᠤᠬ ᠤᠨ ᠢᠯᠠ ᠳᠤᠳᠤᠷᠬᠠᠢ ᠰᠤᠶᠤᠯ ᠤᠨ ᠰᠢᠨᠵᠢ ᠲᠡᠮᠳᠡᠭ ᠪᠤᠯᠤᠨ᠎ᠠ᠂ ᠮᠦᠨ ᠴᠤ ᠳᠤᠮᠳᠠᠳᠤ ᠶᠢᠨ ᠰᠢᠯᠢᠳᠡᠭ | ᠤᠯᠠᠮᠵᠢᠯᠠᠯᠳᠤ ᠰᠤᠶᠤᠯ ᠤᠨ ᠴᠢᠬᠤᠯᠠ ᠪᠦᠷᠢᠯᠳᠤᠬᠦᠨ ᠬᠡᠰᠡᠭ ᠪᠤᠯᠤᠨ᠎ᠠ᠃ ᠳᠤᠮᠳᠠᠳᠤ ᠤᠯᠤᠰ · ᠬᠦᠬᠡᠬᠤᠳᠠ ᠶᠢᠨ | ᠴᠦᠬᠡᠨ ᠳᠤᠭᠠᠳᠦ ᠦᠨᠳᠦᠰᠦᠳᠡᠨ ᠤ ᠰᠤᠶᠤᠯ ᠵᠢᠭᠤᠯᠴᠢᠯᠡᠯ ᠤᠷᠠᠯᠢᠬ ᠤᠨ ᠠᠵᠢᠯᠯᠠᠭ᠎ᠠ ᠪᠤᠯᠤᠨ ᠵᠤᠤ ᠵᠢᠶᠦ᠋ᠨ | ᠰᠤᠶᠤᠯ ᠤᠨ ᠨᠠᠶᠢᠷ ᠪᠤᠯ ᠦᠪᠦᠷ ᠮᠤᠩᠭᠤᠯ ᠤᠨ ᠳᠦᠷᠦᠯ ᠳᠡᠮᠳᠡᠭᠳᠦ ᠰᠤᠶᠤᠯ ᠤᠨ ᠠᠵᠢᠯᠯᠠᠭ᠎ᠠ ᠪᠤᠯᠤᠨ᠎ᠠ᠂ ᠡᠷᠬᠡᠪᠰᠢ | ᠬᠠᠮᠳᠤ ᠪᠠᠷ ᠪᠦᠯᠬᠦᠮᠳᠡᠨ ᠳᠡᠮᠡᠴᠡᠬᠦ᠂ ᠬᠠᠮᠳᠤ ᠪᠠᠷ ᠬᠦᠭᠵᠢᠨ ᠴᠡᠴᠡᠭᠯᠡᠬᠦ᠂ ᠦᠨᠳᠦᠰᠦᠳᠡᠨ ᠤ ᠰᠤᠶᠤᠯ ᠢ | ᠪᠠᠳᠠᠷᠠᠭᠤᠯᠬᠤ᠂ ᠡᠶ᠎ᠡ ᠵᠤᠬᠢᠴᠠᠩᠭᠤᠢ ᠨᠡᠶᠢᠭᠡᠮ ᠢ ᠴᠤᠬᠴᠠᠯᠠᠨ ᠪᠠᠶᠢᠭᠤᠯᠬᠤ ᠠᠵᠢᠯᠯᠠᠭᠠᠨ ᠤ ᠵᠤᠷᠢᠯᠳᠠ ᠶᠢ ᠤᠯᠠᠮᠵᠢᠯᠠᠨ | ᠪᠠᠳᠠᠷᠠᠭᠤᠯᠵᠦ᠂ ᠠᠷᠠᠳ ᠳᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠤᠯᠠᠭᠠᠨᠮᠦ᠋ᠴᠢᠷ ᠤᠨ ᠵᠤᠷᠢᠬ | ᠰᠠᠨᠠᠭ᠎ᠠ ᠶᠢ ᠪᠠᠳᠠᠷᠠᠭᠤᠯᠵᠦ᠂ ᠦᠨᠳᠦᠰᠦᠳᠡᠨ ᠪᠦᠬᠦᠨ ᠤ ᠰᠤᠶᠤᠯ ᠤᠨ ᠰᠤᠯᠢᠯᠴᠠᠭ᠎ᠠ ᠪᠠᠷ ᠳᠤᠯᠢ ᠪᠤᠯᠭᠠᠬᠤ ᠶᠢ | ᠴᠢᠩᠭᠠᠳᠬᠠᠵᠦ᠂ ᠦᠨᠳᠦᠰᠦᠳᠡᠨ ᠤ ᠰᠤᠶᠤᠯ ᠢ ᠴᠠᠬ ᠦᠶ᠎ᠠ ᠯᠦᠭᠡ ᠵᠡᠷᠬᠡ ᠪᠠᠷ ᠤᠷᠤᠬᠰᠢᠯᠠᠭᠤᠯᠬᠤ ᠶᠢ ᠠᠬᠢᠭᠤᠯᠵᠦ᠂ | ᠨᠠᠶᠢᠷ ᠠᠵᠢᠯᠯᠠᠭ᠎ᠠ ᠪᠦᠬᠦᠨ ᠢ ᠳᠠᠯ᠎ᠠ ᠨᠤᠳᠤᠬ ᠤᠨ ᠰᠤᠶᠤᠯ ᠢ ᠳᠡᠯᠬᠡᠨ ᠦᠵᠡᠬᠦᠯᠬᠦ᠂ ᠦᠨᠳᠦᠰᠦᠳᠡᠨ ᠤ ᠪᠦᠯᠬᠦᠮᠳᠡᠯ ᠢ | ᠠᠬᠢᠭᠤᠯᠬᠤ ᠰᠤᠶᠤᠯ ᠢᠷᠬᠡᠨᠰᠢᠯ ᠤᠨ ᠦᠪᠡᠳᠡᠭᠰᠢ ᠴᠤᠬᠯᠠᠭᠠᠨ ᠪᠤᠯᠭᠠᠬᠤ ᠪᠠᠷ ᠬᠦᠴᠦᠯᠡᠨ ᠴᠢᠷᠮᠠᠶᠢᠵᠦ᠂ | ᠦᠨᠳᠦᠰᠦᠳᠡᠨ ᠤ ᠤᠷᠤᠨ ᠢ ︽ᠨᠢᠬᠡ ᠪᠦᠰᠡ ᠨᠢᠬᠡ ᠵᠡᠮ︾ ᠤᠨ ᠪᠦᠳᠦᠬᠡᠨ ᠪᠠᠶᠢᠭᠤᠯᠤᠯᠳᠠ ᠳᠤ ᠠᠭᠤᠰᠤᠯᠴᠠᠭᠤᠯᠬᠤ | ᠴᠢᠬᠤᠯᠠ ᠠᠴᠢᠶᠠᠯᠠᠪᠤᠷᠢ ᠪᠤᠯᠭᠠᠵᠦ᠂ ᠨᠢᠬᠡ ᠨᠠᠶᠢᠷ ᠨᠢᠬᠡ ᠠᠵᠢᠯᠯᠠᠭ᠎ᠠ ᠵᠡᠷᠬᠡ ᠰᠤᠶᠤᠯ ᠤᠨ ᠠᠵᠢᠯᠯᠠᠭ᠎ᠠ ᠪᠠᠷ ᠳᠡᠮᠵᠢᠨ | ᠳᠠᠯ᠎ᠠ ᠨᠤᠳᠤᠬ ᠤᠨ ᠰᠤᠶᠤᠯ ᠢ ᠳᠠᠶᠢᠴᠢᠯᠠᠵᠦ᠂ ︽ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠬᠡᠨ | ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠬᠦᠳᠦ ᠶᠢ ᠳᠡᠷᠬᠡᠯᠰᠢᠬᠦᠯᠬᠦ︾ ᠳᠤ ᠠᠮᠢᠵᠢᠷᠠᠯ ᠤᠨ ᠬᠦᠴᠦᠨ ᠪᠤᠯᠤᠨ | ᠷᠢᠳᠢ ᠰᠢᠳᠢ ᠨᠠᠮᠠᠷᠢᠯᠠᠬᠦ ᠬᠡᠷᠡᠭᠳᠡᠢ ᠬᠡᠵᠦ ᠬᠡᠯᠡᠪᠡ᠃ | ᠡᠬᠢᠯᠡᠯᠳᠡ ᠶᠢᠨ ᠶᠤᠰᠤᠯᠠᠯ ᠤᠨ ᠦᠳᠡᠰᠢᠯᠡᠭᠡ ᠨᠢ ︽ᠵᠤᠤ ᠵᠢᠶᠦ᠋ᠨ︾ ᠬᠡᠬᠦ ᠳᠤᠮᠤ ᠬᠡᠯᠪᠡᠷᠢ ᠶᠢᠨ | ᠦᠨᠳᠦᠰᠦᠳᠡᠨ ᠤ ᠳᠠᠭᠤᠯᠠᠯᠳᠤ ᠵᠦᠴᠦᠬᠡ ᠶᠢᠨ ᠭᠤᠶᠢᠳᠠ ᠰᠠᠶᠢᠬᠠᠨ ᠳᠤᠬᠯᠠᠯᠳᠠ ᠪᠠᠷ ᠬᠦᠰᠢᠬᠡ ᠪᠠᠨ ᠢᠷᠠᠪᠠ᠃ | ᠤᠢᠢᠯᠠᠭᠠᠬᠰᠠᠨ ᠢᠶᠠᠷ᠂ ︽ᠨᠢᠬᠡ ᠨᠠᠶᠢᠷ ᠨᠢᠬᠡ ᠠᠵᠢᠯᠯᠠᠭ᠎ᠠ︾ ᠨᠢ 2 ᠰᠠᠷ᠎ᠠ ᠭᠠᠷᠤᠢ ᠶᠢᠨ ᠬᠤᠭᠤᠴᠠᠭ᠎ᠠ ᠲᠠᠢ | ᠶᠠᠪᠤᠬᠳᠠᠵᠦ᠂ ᠤᠷᠠᠯᠢᠬ ᠤᠨ ᠳᠤᠬᠯᠠᠯᠳᠠ᠂ ᠪᠦᠵᠢᠭ ᠤᠨ ᠳᠤᠬᠯᠠᠯᠳᠠ᠂ ᠺᠢᠨᠣ᠋ ᠶᠢᠨ ᠦᠵᠡᠬᠦᠯᠬᠡ᠂ ᠤᠷᠠᠨ | ᠰᠠᠶᠢᠬᠠᠨ ᠤ ᠳᠤᠬᠯᠠᠯᠳᠠ ᠵᠡᠷᠬᠡ ᠤᠯᠠᠨ ᠵᠦᠢᠯ ᠤᠨ ᠠᠭᠤᠯᠭ᠎ᠠ ᠪᠠᠷ ᠶᠠᠪᠤᠬᠳᠠᠵᠦ᠂ ᠤᠷᠤᠨ ᠤ ᠳᠤᠳᠤᠭᠠᠳᠤ | ᠭᠠᠳᠠᠭᠠᠳᠤ ᠶᠢᠨ ᠵᠤᠴᠢᠳᠤᠨ ᠬᠠᠷᠠᠭ᠎ᠠ ᠰᠤᠨᠤᠷ ᠢ ᠪᠠᠶᠠᠰᠬᠠᠨ ᠦᠪᠡᠳᠡᠭᠰᠢ ᠰᠠᠶᠢᠬᠠᠨ ᠬᠦᠷᠳᠡᠬᠡᠯ ᠤᠯᠭᠤᠬᠤ ᠪᠤᠯᠤᠨ᠎ᠠ | ᠃ | |