ᠦᠪᠡᠷᠳᠡᠬᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠪᠠᠶᠢᠴᠠᠭᠠᠬᠤ ᠳᠤᠭᠤᠢᠢᠯᠠᠩ ᠮᠠᠨ ᠤ ᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠳᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2019-07-16
       ᠨᠠᠮ ᠤᠨ ᠦᠨᠳᠦᠰᠦᠳᠡᠨ ᠤ ᠲᠤᠬᠠᠢ ᠲᠦᠷᠦ ᠶᠢᠨ ᠪᠤᠳᠤᠯᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠬᠦᠯᠵᠦ᠂ ᠮᠤᠩᠭᠤᠯ ᠬᠡᠯᠡ ᠪᠢᠴᠢᠭ ᠤᠨ ᠠᠵᠢᠯ ᠤᠨ ᠴᠡᠴᠡᠭᠯᠡᠯ ᠬᠦᠭᠵᠢᠯᠳᠡ ᠶᠢ ᠤᠯᠠᠮ ᠨᠢᠬᠡ ᠠᠯᠬᠤᠮ ᠠᠬᠢᠭᠤᠯᠬᠤ ᠶᠢᠨ ᠲᠦᠯᠦᠬᠡ᠂ 7 ᠰᠠᠷ᠎ᠠ ᠶᠢᠨ 13 ᠠᠴᠠ 14 ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠪᠠᠶᠢᠴᠠᠭᠠᠬᠤ ᠳᠤᠭᠤᠢᠢᠯᠠᠩ ᠮᠠᠨ ᠤ ᠬᠤᠳᠠ ᠳᠤ ᠢᠷᠡᠵᠦ᠂ ᠮᠤᠩᠭᠤᠯ ᠬᠡᠯᠡ ᠪᠢᠴᠢᠭ ᠤᠨ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠤᠨ ᠳᠤᠬᠠᠢ ᠪᠠᠶᠢᠴᠠᠭᠠᠯᠳᠠ ᠬᠢᠪᠡ᠃        ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠲᠡᠳ᠋ ᠡᠷᠬᠢᠯᠡᠭᠴᠢ ᠰᠠᠴᠤᠷᠠᠯᠳᠤ ᠨᠠᠷ ᠢᠶᠠᠷ ᠪᠦᠷᠢᠯᠳᠦᠭᠰᠡᠨ ᠪᠠᠶᠢᠴᠠᠭᠠᠬᠤ ᠳᠤᠭᠤᠢᠢᠯᠠᠩ ᠤᠨ ᠬᠢᠨ ᠬᠠᠷᠢᠭᠤ ᠮᠡᠳᠡᠬᠦᠯᠦᠯᠳᠡ ᠶᠢ ᠰᠤᠨᠤᠰᠬᠤ ᠂ ᠶᠠᠷᠢᠯᠴᠠᠬᠤ ᠬᠤᠷᠠᠯ ᠬᠢᠬᠦ᠂ ᠪᠤᠳᠠᠳᠠᠢ ᠭᠠᠵᠠᠷ ᠤᠷᠤᠨ ᠢᠶᠠᠷ ᠪᠠᠶᠢᠴᠠᠭᠠᠯᠳᠠ ᠬᠢᠬᠦ ᠬᠡᠯᠪᠡᠷᠢ ᠪᠠᠷ ᠮᠠᠨ ᠤ ᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠶᠡᠷᠦᠩᠬᠡᠢ ᠱᠦᠵᠢ ᠰᠢ ᠶᠢᠨ ᠫᠢᠩ ᠤᠨ ᠦᠬᠡ ᠬᠡᠯᠡ ᠦᠰᠦᠭ ᠪᠢᠴᠢᠭ ᠤᠨ ᠠᠵᠢᠯ ᠤᠨ ᠳᠤᠬᠠᠢ ᠴᠢᠬᠤᠯᠠ ᠦᠬᠦᠯᠡᠯᠳᠡ᠂ ᠨᠠᠮ ᠤᠨ ᠦᠨᠳᠦᠰᠦᠳᠡᠨ ᠤ ᠦᠬᠡ ᠬᠡᠯᠡ ᠪᠢᠴᠢᠭ ᠤᠨ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾ ᠢ ᠳᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠬᠤ᠂ ᠨᠠᠮ ᠵᠠᠰᠠᠭ ᠤᠨ ᠠᠯᠪᠠᠨ ᠪᠠᠶᠢᠭᠤᠯᠤᠯᠭ᠎ᠠ ᠶᠢᠨ ᠤᠷᠴᠢᠭᠤᠯᠭ᠎ᠠ ᠶᠢᠨ ᠪᠠᠶᠢᠭᠤᠯᠤᠮᠵᠢ ᠪᠠ ᠤᠷᠴᠢᠭᠤᠯᠤᠭᠴᠢ ᠳᠤᠬᠢᠷᠠᠭᠤᠯᠵᠤ ᠪᠠᠶᠢᠬᠤ᠂ ︽ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠠᠬᠢᠭᠤᠯᠬᠤ ᠳᠤᠬᠠᠢ ᠰᠠᠨᠠᠯ︾ ᠢ ᠳᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠬᠤ᠂ ᠨᠡᠶᠢᠬᠡᠮ ᠤᠨ ᠦᠩᠬᠡᠨ ᠬᠡᠷᠡᠭᠯᠡᠬᠡᠨ ᠤ ᠦᠰᠦᠭ ᠪᠢᠴᠢᠭ ᠢ ᠵᠠᠰᠠᠨ ᠴᠡᠭᠴᠡᠯᠡᠭᠰᠡᠨ ᠵᠡᠷᠬᠡ ᠪᠠᠶᠢᠳᠠᠯ ᠳᠤ ᠳᠤᠰᠬᠠᠢ ᠪᠠᠶᠢᠴᠠᠭᠠᠯᠳᠠ ᠬᠢᠵᠠᠢ᠃        ᠶᠠᠷᠢᠯᠴᠠᠬᠤ ᠬᠤᠷᠠᠯ ᠲᠡᠬᠡᠷ᠎ᠠ᠂ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠢᠭᠰᠡᠨ 2018 ᠤᠨ ᠪᠠ 2019 ᠤᠨ ᠤ ᠲᠡᠬᠡᠷ᠎ᠠ ᠬᠠᠭᠠᠰ ᠵᠢᠯ ᠤᠨ ᠪᠦᠬᠦ ᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠢ ᠦᠷᠨᠢᠬᠦᠯᠦᠭᠰᠡᠨ ᠪᠠᠶᠢᠳᠠᠯ ᠤᠨ ᠬᠠᠷᠢᠭᠤ ᠮᠡᠳᠡᠬᠦᠯᠤᠯᠳᠠ ᠪᠠ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠶᠢᠨ ᠬᠠᠷᠢᠭᠤᠴᠠᠯᠭᠠᠳᠠᠨ ᠤ ᠲᠡᠪᠰᠢᠬᠦᠯᠦᠭᠰᠡᠨ ᠮᠤᠩᠭᠤᠯ ᠦᠬᠡ ᠬᠡᠯᠡ ᠦᠰᠦᠭ ᠪᠢᠴᠢᠭ ᠤᠨ ᠬᠠᠤᠯᠢ ᠲᠦᠷᠢᠮ ᠤᠨ ᠬᠡᠷᠡᠭᠵᠢᠬᠦᠯᠦᠯᠳᠡ᠂ ᠤᠷᠴᠢᠭᠤᠯᠭ᠎ᠠ ᠶᠢᠨ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠮᠤᠩᠭᠤᠯ ᠬᠡᠯᠡ ᠪᠢᠴᠢᠭ ᠤᠨ ᠮᠡᠳᠡᠭᠡ ᠵᠠᠩᠬᠢᠵᠢᠯᠳᠠ ᠶᠢᠨ ᠠᠬᠢᠴᠠ ᠶᠢ ᠲᠦᠷᠬᠡᠳᠬᠡᠬᠦ᠂ ᠮᠤᠩᠭᠤᠯ ᠬᠡᠯᠡ ᠰᠤᠶᠤᠯ ᠢ ᠬᠡᠷᠬᠢᠨ ᠬᠠᠮᠠᠭᠠᠯᠠᠬᠤ᠂ ᠠᠯᠪᠠᠨ ᠪᠠᠶᠢᠭᠤᠯᠤᠯᠭ᠎ᠠ ᠨᠢᠬᠡᠴᠡ ᠳᠤ ᠮᠤᠩᠭᠤᠯ ᠠᠵᠢᠯᠳᠠᠨ ᠤ ᠨᠤᠷᠮ᠎ᠠ ᠶᠢ ᠨᠡᠮᠡᠭᠳᠡᠬᠦᠯᠬᠦ ᠵᠡᠷᠬᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠤᠨᠤᠰᠴᠠᠢ᠃ ᠪᠠᠶᠢᠴᠠᠭᠠᠬᠤ ᠳᠤᠭᠤᠢᠢᠯᠠᠩ ᠤᠨ ᠬᠢᠨ ᠬᠠᠷᠢᠭᠤ ᠮᠡᠳᠡᠬᠦᠯᠦᠯᠳᠡ ᠪᠠ ᠰᠠᠨᠠᠯ ᠰᠠᠨᠠᠭᠤᠯᠭ᠎ᠠ ᠶᠢ ᠰᠤᠨᠤᠰᠤᠭᠰᠠᠨ ᠤ ᠲᠠᠷᠠᠭ᠎ᠠ᠂ ᠪᠦᠬᠦ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠪᠠᠶᠢᠴᠠᠭᠠᠯᠳᠠ ᠶᠢ ᠦᠷᠨᠢᠬᠦᠯᠬᠦ ᠶᠢᠨ ᠴᠢᠬᠤᠯᠠ ᠴᠢᠨᠠᠷ ᠪᠠ ᠵᠠᠶᠢᠯᠠᠰᠢ ᠦᠬᠡᠢ ᠴᠢᠨᠠᠷ ᠢ ᠲᠠᠶᠢᠯᠪᠤᠷᠢᠯᠠᠵᠤ᠂ ᠰᠢᠨ᠎ᠠ ᠴᠠᠭ ᠦᠶ᠎ᠠ ᠶᠢᠨ ᠮᠤᠩᠭᠤᠯ ᠬᠡᠯᠡ ᠪᠢᠴᠢᠭ ᠤᠨ ᠠᠵᠢᠯ ᠢ ᠬᠡᠷᠬᠢᠨ ᠰᠠᠶᠢᠳᠤᠷ ᠬᠢᠬᠦ ᠳᠤᠬᠠᠢ ᠪᠤᠳᠠᠳᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号