7 ᠰᠠᠷ᠎ᠠ ᠶᠢᠨ 12 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠬᠤᠳᠠ ᠶᠢᠨ | ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠦᠪᠦᠷ ᠮᠤᠩᠭᠤᠯ ᠯᠢᠶᠤᠤᠨᠢᠩ ᠤᠨ ᠲᠡᠮᠦᠷ ᠵᠠᠮ ᠤᠨ | ᠠᠶᠠᠨᠴᠢᠳ ᠵᠦᠭᠡᠭᠡᠪᠦᠷᠢᠯᠡᠬᠦ ᠲᠤᠰᠬᠠᠢ ᠱᠤᠭᠤᠮ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠡᠦ ᠪᠢᠨ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠤᠯᠠᠭᠠᠨᠬᠠᠳᠠ ᠠᠴᠠ ᠪᠡᠭᠡᠵᠢᠩ ᠮᠦᠭᠳᠡᠨ ᠭᠦ᠋ᠷᠭᠦ | ᠲᠦᠷᠭᠡᠨ ᠳᠡᠮᠦᠷ ᠵᠠᠮ ᠤᠨ ᠬᠠᠷᠠᠴᠢᠨ ᠵᠡᠬᠦᠨ ᠭᠠᠷᠤᠨ ᠮᠤᠩᠭᠤᠯ ᠦᠨᠳᠦᠰᠦᠲᠡᠨ ᠤ ᠦᠪᠡᠷᠳᠡᠭᠡᠨ ᠵᠠᠰᠠᠬᠤ ᠰᠢᠶᠠᠨ ᠤ | ᠦᠷᠳᠡᠭᠡ ᠬᠦᠷᠬᠦ ᠲᠡᠮᠦᠷ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠬᠠᠮᠢᠶ᠎ᠠ ᠪᠦᠬᠦᠢ ᠵᠦᠢᠯ ᠤᠨ | ᠲᠤᠭᠤᠷᠢᠨ ᠳᠤ ᠬᠦᠨᠵᠡᠬᠡᠢ ᠶᠠᠷᠢᠯᠴᠠᠪᠠ᠃ | | | | | | | | | ᠳ᠋ᠤᠸᠠᠨ ᡁᠢ ᠴᠢᠶᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠢ | ᠲᠦᠯᠦᠭᠡᠯᠡᠵᠦ ᠦᠪᠦᠷ ᠮᠤᠩᠭᠤᠯ ᠯᠢᠶᠤᠤᠨᠢᠩ ᠤᠨ ᠲᠡᠮᠦᠷ ᠵᠠᠮ ᠤᠨ ᠠᠶᠠᠨᠴᠢᠳ ᠵᠦᠭᠡᠭᠡᠪᠦᠷᠢᠯᠡᠬᠦ ᠲᠤᠰᠬᠠᠢ | ᠱᠤᠭᠤᠮ ᠤᠨ ᠬᠢᠵᠠᠭᠠᠷᠳᠤ ᠺᠤᠮᠫᠠᠨᠢ ᠶᠢᠨ ᠤᠯᠠᠭᠠᠨᠬᠠᠳᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠳᠤ | ᠦᠵᠡᠭᠦᠯᠦᠭᠰᠡᠨ ᠶᠡᠭᠡᠭᠡᠨ ᠲᠤᠰᠠ ᠳᠡᠮᠵᠢᠯᠭᠡ ᠳᠤ ᠴᠢᠩ ᠰᠡᠳᠬᠢᠯ ᠤᠨ ᠳᠠᠯᠠᠷᠬᠠᠯ ᠳᠡᠪᠰᠢᠬᠦᠯᠵᠡᠢ᠃ ᠲᠡᠷᠡ᠂ | ᠤᠯᠠᠭᠠᠨᠬᠠᠳᠠ ᠠᠴᠠ ᠪᠡᠭᠡᠵᠢᠩ ᠮᠦᠭᠳᠡᠨ ᠭᠦ᠋ᠷᠭᠦ ᠲᠦᠷᠭᠡᠨ ᠳᠡᠮᠦᠷ ᠵᠠᠮ ᠤᠨ ᠬᠠᠷᠠᠴᠢᠨ ᠵᠡᠬᠦᠨ ᠭᠠᠷᠤᠨ ᠮᠤᠩᠭᠤᠯ | ᠦᠨᠳᠦᠰᠦᠲᠡᠨ ᠤ ᠦᠪᠡᠷᠳᠡᠭᠡᠨ ᠵᠠᠰᠠᠬᠤ ᠰᠢᠶᠠᠨ ᠤ ᠦᠷᠳᠡᠭᠡ ᠬᠦᠷᠬᠦ ᠲᠡᠮᠦᠷ ᠵᠠᠮ ᠪᠤᠯ ᠤᠯᠠᠭᠠᠨᠬᠠᠳᠠ ᠪᠠ ᠪᠡᠭᠡᠵᠢᠩ | ᠲᠢᠶᠠᠨᠵᠢᠨ ᠾᠧᠪᠸᠢ ᠪᠤᠯᠤᠨ ᠵᠡᠬᠦᠨ ᠬᠤᠶᠢᠳᠤ ᠤᠷᠤᠨ ᠢ ᠬᠤᠯᠪᠤᠵᠤ᠂ ᠪᠦᠬᠦ ᠤᠯᠤᠰ ᠤᠨ ᠲᠦᠷᠭᠡᠨ ᠲᠡᠮᠦᠷ | ᠵᠠᠮ ᠤᠨ ᠳᠤᠤᠷ ᠲᠤ ᠠᠭᠤᠰᠤᠯᠴᠠᠬᠤ ᠭᠤᠤᠯ ᠪᠤᠯᠬᠤ ᠠᠶᠠᠨᠴᠢᠤᠨ ᠵᠦᠬᠡᠬᠡᠪᠦᠷᠢᠯᠡᠬᠦ ᠲᠦᠷᠭᠡᠨ ᠬᠤᠷᠳᠤᠴᠠᠳᠤ ᠵᠠᠮ | ᠨᠠᠪᠳᠡᠷᠡᠯᠭᠡ ᠪᠠᠶᠢᠵᠤ᠂ ᠤᠯᠠᠭᠠᠨᠬᠠᠳᠠ ᠬᠤᠳᠠ ᠶᠢᠨ ᠠᠵᠤ ᠠᠬᠤᠢ ᠨᠡᠶᠢᠬᠡᠮ ᠤᠨ ᠠᠯᠤᠰ ᠤᠨ ᠬᠦᠭᠵᠢᠯᠳᠡ᠂ ᠠᠷᠠᠳ | ᠤᠯᠠᠨ ᠤ ᠠᠮᠢᠳᠤᠷᠠᠯ ᠲᠠᠢ ᠬᠤᠯᠪᠤᠭᠳᠠᠵᠤ ᠪᠠᠶᠢᠨ᠎ᠠ᠃ ᠪᠦᠬᠦ ᠬᠤᠳᠠ ᠶᠢᠨ ᠳᠡᠭᠡᠳᠦ ᠳᠤᠤᠷᠠᠳᠤ ᠱᠠᠳᠤ ᠲᠦᠷᠦᠯ | ᠵᠦᠢᠯ ᠤᠨ ᠪᠦᠲᠦᠭᠡᠨ ᠪᠠᠶᠢᠭᠤᠯᠤᠯᠳᠠ ᠶᠢ ᠪᠦᠬᠦ ᠬᠦᠴᠦ ᠪᠠᠷ ᠲᠦᠯᠬᠢᠨ ᠠᠭᠢᠭᠤᠯᠵᠤ᠂ ᠬᠠᠮᠤᠭ ᠰᠠᠶᠢᠬᠠᠨ ᠲᠦᠷᠢ | ᠲᠦᠷᠬᠦ᠂ ᠬᠠᠮᠤᠭ ᠰᠠᠶᠢᠬᠠᠨ ᠤᠷᠴᠢᠨ ᠲᠤᠭᠤᠷᠢᠨ᠂ ᠬᠠᠮᠤᠭ ᠰᠠᠶᠢᠬᠠᠨ ᠦᠢᠯᠡᠴᠢᠯᠡᠭᠡ ᠪᠠᠷ ︽ᠲᠦᠷᠭᠡᠨ ᠲᠡᠮᠦᠷ | ᠵᠠᠮ ᠤᠨ ᠴᠠᠭ ᠦᠶ᠎ᠡ︾ ᠶᠢ ᠤᠭᠳᠤᠨ ᠠᠪᠴᠤ᠂ ᠤᠯᠠᠭᠠᠨᠬᠠᠳᠠ ᠶᠢᠨ 460 ᠲᠦᠮᠡᠨ ᠬᠦᠮᠦᠨ ᠠᠮᠠ ᠶᠢᠨ ︽ | ᠲᠦᠷᠭᠡᠨ ᠳᠡᠮᠦᠷ ᠵᠠᠮ︾ ᠤᠨ ᠬᠦᠰᠡᠯ ᠵᠡᠬᠦᠳᠦ ᠶᠢ ᠡᠷᠳᠡ ᠨᠢᠭᠡᠨ ᠡᠳᠦᠷ ᠳᠡᠷᠭᠡᠯᠰᠢᠬᠦᠯᠬᠦ ᠬᠡᠷᠡᠭᠲᠡᠢ᠃ ᠬᠠᠮᠢᠶ᠎ᠠ | ᠪᠦᠬᠦᠢ ᠭᠠᠵᠠᠷ ᠤᠷᠤᠨ ᠪᠠ ᠳᠠᠭᠠᠭᠠᠴᠢᠯᠠᠨ ᠪᠠᠶᠢᠭᠤᠯᠵᠤ ᠪᠠᠶᠢᠭ᠎ᠠ ᠨᠢᠭᠡᠴᠡ ᠪᠦᠲᠦᠭᠡᠨ ᠪᠠᠶᠢᠭᠤᠯᠤᠯᠳᠠ ᠶᠢᠨ | ᠵᠠᠩᠬᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠦᠨᠳᠦᠷ ᠪᠠᠷᠢᠮᠵᠢᠶ᠎ᠠ᠂ ᠦᠨᠳᠦᠷ ᠶᠠᠰᠤ ᠴᠢᠨᠠᠷ ᠢ ᠪᠠᠲᠤᠯᠠᠬᠤ | ᠤᠷᠢᠳᠠᠯ ᠳᠤᠤᠷ᠎ᠠ᠂ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠢᠨᠵᠧᠨᠧᠷᠢᠩ ᠤᠨ ᠠᠬᠢᠴᠠ ᠶᠢ ᠴᠢᠩᠭ᠎ᠠ ᠠᠳᠬᠤᠵᠤ᠂ ᠳᠠᠷᠠᠭ᠎ᠠ ᠵᠢᠯ ᠤᠨ 7 ᠰᠠᠷ᠎ᠠ ᠶᠢᠨ 1 ᠤ ᠡᠳᠦᠷ ᠲᠡᠷᠭᠡ | ᠨᠡᠪᠳᠡᠷᠡᠬᠦ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠲᠦᠷᠭᠡᠨ ᠲᠡᠮᠦᠷ ᠤᠨ | ᠵᠦᠬᠡᠬᠡᠪᠦᠷᠢᠯᠡᠯᠳᠡ ᠶᠢᠨ ᠵᠠᠮ ᠱᠤᠭᠤᠮ ᠢ ᠤᠷᠢᠳᠴᠢᠯᠠᠨ ᠰᠢᠨᠵᠢᠯᠡᠬᠦ ᠤᠬᠠᠭᠠᠨᠴᠢ ᠪᠠᠷ ᠲᠦᠰᠦᠪᠯᠡᠵᠦ᠂ ᠲᠡᠮᠦᠷ | ᠵᠠᠮ ᠤᠨ ᠦᠷᠳᠡᠭᠡᠨ ᠤ ᠤᠢᠢᠷ᠎ᠠ ᠬᠠᠪᠢ ᠶᠢᠨ ᠬᠤᠳᠠᠯᠳᠤᠭᠠᠨ ᠤ ᠪᠦᠲᠦᠴᠡ ᠶᠢ ᠵᠤᠬᠢᠰᠳᠠᠢ ᠪᠠᠶᠢᠷᠢᠯᠠᠭᠤᠯᠵᠤ᠂ | ᠲᠦᠷᠭᠡᠨ ᠳᠡᠮᠦᠷ ᠵᠠᠮ ᠢ ᠬᠤᠳᠠ ᠶᠢᠨ ᠪᠡᠯᠭᠡ ᠳᠡᠮᠳᠡᠭ ᠪᠠ ᠬᠢᠯᠠᠰ ᠴᠡᠭ ᠪᠤᠯᠭᠠᠵᠤ᠂ ᠲᠦᠷᠭᠡᠨ ᠳᠡᠮᠦᠷ ᠵᠠᠮ ᠤᠨ | ᠠᠵᠤ ᠠᠬᠤᠢ ᠶᠢᠨ ᠳᠤᠮᠤ ᠬᠠᠭᠤᠳᠠᠰᠤ ᠶᠢ ᠰᠠᠶᠢᠳᠤᠷ ᠪᠢᠴᠢᠭᠯᠡᠬᠦ ᠬᠡᠷᠡᠭᠳᠡᠢ᠃ ᠲᠡᠮᠦᠷ ᠵᠠᠮ ᠤᠨ ᠱᠤᠭᠤᠮ ᠤᠨ ᠤᠢᠢᠷ᠎ᠠ | ᠬᠠᠪᠢ ᠶᠢᠨ ᠤᠷᠴᠢᠨ ᠳᠤᠭᠤᠷᠢᠨ ᠢ ᠲᠦᠪᠯᠡᠷᠡᠬᠦᠯᠦᠨ ᠵᠠᠰᠠᠨ ᠴᠡᠭᠴᠡᠯᠡᠵᠦ᠂ ᠲᠦᠷᠭᠡᠨ ᠳᠡᠮᠦᠷ ᠵᠠᠮ ᠤᠨ ᠳᠠᠭᠠᠤ | ᠨᠤᠭᠤᠭᠠᠷᠠᠭᠤᠯᠬᠤ᠂ ᠬᠡᠷᠡᠯᠳᠦᠬᠦᠯᠬᠦ᠂ ᠭᠤᠶᠤᠵᠢᠭᠤᠯᠬᠤ ᠠᠵᠢᠯ ᠢ ᠰᠠᠶᠢᠳᠤᠷ ᠬᠢᠵᠦ᠂ ᠲᠦᠷᠭᠡᠨ ᠲᠡᠮᠦᠷ ᠵᠠᠮ ᠤᠨ | ᠱᠤᠭᠤᠮ ᠢ ᠮᠠᠨ ᠤ ᠬᠤᠳᠠ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠱᠤᠭᠤᠮ ᠪᠤᠯᠭᠠᠬᠤ ᠬᠡᠷᠡᠭᠲᠡᠢ ᠭᠡᠵᠤ | ᠵᠢᠭᠠᠨ ᠭᠠᠷᠭᠠᠪᠡ᠃ | ᠳ᠋ᠤᠸᠠᠨ ᡁᠢ ᠴᠢᠶᠠᠩ ᠦᠪᠦᠷ ᠮᠤᠩᠭᠤᠯ ᠯᠢᠶᠤᠤᠨᠢᠩ ᠤᠨ ᠲᠡᠮᠦᠷ ᠵᠠᠮ ᠤᠨ ᠠᠶᠠᠨᠴᠢᠤᠨ ᠵᠦᠭᠡᠭᠡᠪᠦᠷᠢᠯᠡᠬᠦ | ᠲᠤᠰᠬᠠᠢ ᠱᠤᠭᠤᠮ ᠤᠨ ᠬᠢᠵᠠᠭᠠᠷᠳᠤ ᠺᠤᠮᠫᠠᠨᠢ ᠶᠢ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠡᠯ᠎ᠡ | ᠲᠦᠷᠦᠯ ᠤᠨ ᠠᠵᠢᠯ ᠢᠶᠠᠨ ᠰᠠᠶᠢᠳᠤᠷ ᠬᠢᠵᠦ᠂ ᠢᠨᠵᠧᠨᠧᠷᠢᠩ ᠢ ᠲᠤᠭᠳᠠᠭᠰᠠᠨ ᠴᠠᠭ ᠲᠤ ᠠᠰᠢᠭᠯᠠᠯᠳᠠ ᠳᠤ | ᠤᠷᠤᠭᠤᠯᠤᠨ᠂ ᠵᠦᠬᠡᠬᠡᠪᠦᠷᠢᠯᠡᠯᠳᠡ ᠬᠢᠬᠦ ᠶᠢ ᠪᠠᠲᠤᠯᠠᠵᠤ᠂ ᠤᠯᠠᠭᠠᠨᠬᠠᠳᠠ ᠶᠢᠨ ︽ᠳᠠᠪᠤᠨ ᠳᠠᠯ᠎ᠠ ᠶᠢᠨ ᠶᠡᠭᠡ ᠬᠤᠳᠠ︾ | ᠶᠢᠨ ᠪᠦᠲᠦᠭᠡᠨ ᠪᠠᠶᠢᠭᠤᠯᠤᠯᠳᠠ ᠳᠤ ᠬᠠᠪᠰᠤᠷᠤᠮᠵᠢ ᠦᠵᠡᠬᠦᠯᠵᠦ᠂ ᠤᠯᠠᠭᠠᠨᠬᠠᠳᠠ ᠶᠢᠨ ᠳᠠᠪᠠᠯᠳᠠ ᠬᠦᠭᠵᠢᠯᠳᠡ ᠶᠢ | ᠠᠭᠢᠭᠤᠯᠬᠤ ᠶᠢ ᠭᠦᠰᠠᠵᠤ ᠪᠤᠢ ᠭᠡᠪᠡ᠃ ᠡᠦ ᠪᠢᠨ ᠤᠯᠠᠭᠠᠨᠬᠠᠳᠠ ᠠᠴᠠ ᠪᠡᠭᠡᠵᠢᠩ ᠮᠦᠭᠳᠡᠨ ᠭᠦᠷᠭᠦ ᠳᠡᠮᠦᠷ ᠵᠠᠮ ᠤᠨ | ᠬᠠᠷᠠᠴᠢᠨ ᠵᠡᠬᠦᠨ ᠭᠠᠷᠤᠨ ᠮᠤᠩᠭᠤᠯ ᠦᠨᠳᠦᠰᠦᠲᠡᠨ ᠤ ᠦᠪᠡᠷᠳᠡᠭᠡᠨ ᠵᠠᠰᠠᠬᠤ ᠰᠢᠶᠠᠨ ᠤ ᠦᠷᠳᠡᠭᠡ ᠬᠦᠷᠬᠦ ᠲᠡᠮᠦᠷ | ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠪᠠᠶᠢᠳᠠᠯ ᠢ ᠳᠠᠨᠢᠯᠴᠠᠭᠤᠯᠵᠠᠢ᠃ ᠲᠡᠷᠡ᠂ ᠦᠪᠦᠷ | ᠮᠤᠩᠭᠤᠯ ᠯᠢᠶᠤᠤᠨᠢᠩ ᠤᠨ ᠲᠡᠮᠦᠷ ᠵᠠᠮ ᠤᠨ ᠠᠶᠠᠨᠴᠢᠤᠨ ᠵᠦᠭᠡᠭᠡᠪᠦᠷᠢᠯᠡᠬᠦ ᠲᠤᠰᠬᠠᠢ ᠱᠤᠭᠤᠮ ᠤᠨ ᠬᠢᠵᠠᠭᠠᠷᠳᠤ | ᠺᠤᠮᠫᠠᠨᠢ ᠶᠢᠨ ᠪᠦᠲᠦᠭᠡᠨ ᠪᠠᠶᠢᠭᠤᠯᠤᠯᠳᠠ ᠳᠤ ᠤᠷᠤᠯᠴᠠᠭᠰᠠᠨ ᠡᠯ᠎ᠡ ᠨᠢᠭᠡᠴᠡ ᠪᠦᠬᠦ ᠬᠦᠴᠦ ᠪᠠᠨ ᠰᠢᠪᠬᠠᠵᠤ᠂ | ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠠᠲᠤᠯᠠᠬᠤ ᠤᠷᠢᠳᠠᠯ ᠳᠤᠤᠷ᠎ᠠ᠂ ᠢᠨᠵᠧᠨᠧᠷᠢᠩ ᠤᠨ ᠶᠠᠰᠤ ᠴᠢᠨᠠᠷ ᠢ | ᠴᠢᠩᠭ᠎ᠠ ᠠᠳᠬᠤᠵᠤ᠂ ᠲᠡᠮᠦᠷ ᠵᠠᠮ ᠤᠨ ᠪᠦᠲᠦᠭᠡᠨ ᠪᠠᠶᠢᠭᠤᠯᠤᠯᠳᠠ ᠶᠢᠨ ᠬᠤᠷᠳᠤᠴᠠ ᠶᠢ ᠦᠨᠠᠨᠬᠦ ᠲᠦᠷᠭᠡᠳᠬᠡᠨ᠂ | ᠲᠤᠭᠳᠠᠭᠰᠠᠨ ᠴᠠᠭ ᠲᠠᠭᠠᠨ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠬᠦ ᠶᠢ ᠪᠠᠲᠤᠯᠠᠵᠤ᠂ ᠤᠯᠠᠭᠠᠨᠬᠠᠳᠠ ᠠᠴᠠ | ᠪᠡᠭᠡᠵᠢᠩ ᠮᠦᠭᠳᠡᠨ ᠭᠦᠷᠭᠦ ᠳᠡᠮᠦᠷ ᠵᠠᠮ ᠤᠨ ᠬᠠᠷᠠᠴᠢᠨ ᠵᠡᠬᠦᠨ ᠭᠠᠷᠤᠨ ᠮᠤᠩᠭᠤᠯ ᠦᠨᠳᠦᠰᠦᠲᠡᠨ ᠤ ᠦᠪᠡᠷᠳᠡᠬᠡᠨ | ᠵᠠᠰᠠᠬᠤ ᠰᠢᠶᠠᠨ ᠤ ᠦᠷᠳᠡᠭᠡ ᠬᠦᠷᠬᠦ ᠲᠡᠮᠦᠷ ᠵᠠᠮ ᠢ ᠨᠢᠭᠡᠨ ᠰᠤᠳᠤᠨ ᠢᠨᠵᠧᠨᠧᠷᠢᠩ ᠪᠠ ᠦᠵᠡᠰᠬᠦᠯᠡᠩᠳᠦ ᠰᠠᠶᠢᠬᠠᠨ | ᠦᠵᠡᠮᠵᠢ ᠶᠢᠨ ᠱᠤᠭᠤᠮ ᠪᠤᠯᠭᠠᠨ ᠪᠦᠲᠦᠭᠡᠨ ᠪᠠᠶᠢᠭᠤᠯᠵᠤ᠂ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ | ᠬᠦᠭᠵᠢᠯᠳᠡ ᠳᠤ ᠬᠦᠴᠦ ᠨᠡᠮᠡᠷᠢᠯᠡᠬᠦ ᠪᠤᠯᠤᠨ᠎ᠠ ᠭᠡᠵᠤ ᠢᠯᠡᠷᠬᠡᠶᠢᠯᠡᠪᠡ᠃ ᠬᠤᠳᠠ ᠶᠢᠨ ᠳᠡᠳ᠋ ᠳᠠᠷᠤᠭ᠎ᠠ ᠬᠤᠸᠠᠩ | ᠭᠦᠸᠧ ᠸᠧᠨ ᠠᠭᠤᠯᠵᠠᠯᠳᠠ ᠳᠤ ᠤᠷᠤᠯᠴᠠᠪᠠ᠃ |