ᠮᠧᠩ ᠰᠢᠶᠠᠨ ᠳ᠋ᠦᠩ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠪᠠ ᠬᠤᠳᠠ ᠶᠢᠨ ᠦᠯᠦ ᠬᠦᠳᠡᠯᠬᠦ ᠬᠦᠷᠦᠩᠬᠡ ᠶᠢ ᠲᠡᠮᠳᠡᠭᠯᠡᠬᠦ ᠲᠦᠪ ᠲᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-07-16
        7 ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠮᠧᠩ ᠰᠢᠶᠠᠨ ᠳ᠋ᠥᠩ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠪᠠ ᠬᠤᠳᠠ ᠶᠢᠨ ᠦᠯᠦ ᠬᠦᠳᠡᠯᠬᠦ ᠬᠦᠷᠦᠩᠬᠡ ᠶᠢ ᠲᠡᠮᠳᠡᠭᠯᠡᠬᠦ ᠲᠦᠪ ᠲᠤ ᠬᠦᠷᠴᠦ ᠪᠠᠶᠢᠴᠠᠭᠠᠠ ᠰᠤᠳᠤᠯᠤᠯᠳᠠ ᠬᠢᠵᠦ ᠠᠵᠢᠯ ᠢ ᠵᠢᠭᠠᠨ ᠵᠢᠯᠤᠭᠤᠳᠬᠤ ᠳᠠᠭᠠᠨ᠂ ᠬᠡᠷᠡᠭ ᠬᠦᠢᠴᠡᠳᠬᠡᠬᠦ ᠦᠷ᠎ᠠ ᠪᠦᠳᠦᠮᠵᠢ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠤᠨ᠂ ᠬᠢᠨᠡᠨ ᠵᠦᠪᠰᠢᠶᠡᠷᠡᠬᠦ ᠵᠦᠢᠯᠡᠰ ᠢᠶᠠᠨ ᠴᠤᠮᠬᠠᠳᠬᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠠᠬᠢᠭᠤᠯᠤᠨ᠂ ᠠᠷᠠᠯᠵᠢᠶ᠎ᠠ ᠡᠷᠬᠢᠯᠡᠬᠦ ᠰᠠᠶᠢᠨ ᠰᠠᠶᠢᠬᠠᠨ ᠤᠷᠴᠢᠨ ᠳᠤᠭᠤᠷᠢᠨ ᠢ ᠪᠤᠢ ᠪᠤᠯᠭᠠᠵᠤ᠂ ᠮᠠᠨ ᠤ ᠬᠤᠳᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠬᠦᠳᠡᠯᠭᠡᠭᠴᠢ ᠬᠦᠴᠦᠨ ᠬᠠᠩᠭᠠᠬᠤ ᠬᠡᠷᠡᠭᠳᠡᠢ ᠬᠡᠵᠦ ᠴᠢᠬᠤᠯᠠᠴᠢᠯᠠᠪᠠ᠃
       ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠲᠤ᠂ ᠮᠧᠩ ᠰᠢᠶᠠᠨ ᠳ᠋ᠦᠩ ᠡᠯ᠎ᠠ ᠰᠠᠭᠤᠭ᠎ᠠ ᠪᠠᠶᠢᠭᠤᠯᠤᠯᠭ᠎ᠠ ᠴᠤᠩᠬᠤᠪᠴᠢ ᠶᠢᠨ ᠠᠵᠢᠯᠳᠠᠨ ᠠᠴᠠ ᠦᠢᠯᠡᠴᠢᠯᠡᠬᠡᠨ ᠤ ᠵᠦᠢᠯᠡᠰ᠂ ᠬᠡᠷᠡᠭ ᠬᠦᠢᠴᠡᠳᠬᠡᠬᠦ ᠠᠯᠬᠤᠮ ᠲᠠᠷᠠᠭ᠎ᠠ᠂ ᠴᠠᠭ ᠤᠨ ᠬᠢᠵᠠᠭᠠᠷ ᠵᠡᠷᠬᠡ ᠪᠤᠳᠠᠳᠠᠢ ᠪᠠᠶᠢᠳᠠᠯ ᠢ ᠨᠠᠷᠢᠯᠢᠭ ᠯᠠᠪᠯᠠᠵᠦ᠂ ᠲᠦᠷᠪᠡᠨ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠠᠨ ᠲᠠᠪᠴᠠᠩ ᠢᠶᠠᠷ ᠲᠠᠮᠵᠢᠨ ᠶᠤᠸᠠᠨ ᠪᠤᠤ ᠱᠠᠨ ᠳᠤᠭᠤᠷᠢᠭ ᠤᠨ ᠫᠢᠩᠵᠤᠸᠠᠩ ᠪᠠᠯᠭᠠᠰᠤᠨ ᠤ ᠰᠢᠶᠠᠩ ᠶᠠᠩ ᠳᠤᠰᠬᠤᠨ ᠤ ᠤᠷᠤᠯᠠᠨ ᠬᠦᠢᠴᠡᠳᠬᠡᠭᠴᠢ ᠯᠦᠭᠡ ᠬᠠᠷᠢᠴᠠᠭ᠎ᠠ ᠠᠪᠴᠤ᠂ ᠳᠤᠬᠠᠢ ᠶᠢᠨ ᠭᠠᠵᠠᠷ ᠤᠨ ᠳᠤᠰᠬᠤᠨ ᠤ ᠠᠷᠠᠳ ᠤᠨ ᠬᠡᠷᠡᠭ ᠬᠦᠢᠴᠡᠳᠬᠡᠵᠦ ᠪᠠᠶᠢᠬᠤ ᠪᠠᠶᠢᠳᠠᠯ ᠢ ᠤᠢᠢᠯᠠᠭᠠᠵᠤ᠂ ᠲᠠᠳᠠᠨᠤᠰ ᠲᠤ ᠰᠦᠯᠵᠢᠶᠠᠨ ᠲᠠᠪᠴᠠᠩ ᠤᠨ ᠦᠢᠯᠡᠳᠦᠯ ᠢ ᠰᠠᠶᠢᠳᠤᠷ ᠪᠠᠳᠠᠷᠠᠭᠤᠯᠵᠦ᠂ ᠰᠦᠯᠵᠢᠶ᠎ᠠ ᠶᠢ ︽ᠢᠯᠡᠬᠦᠬᠡᠨ ᠬᠦᠶᠤᠯᠬᠡᠵᠦ︾᠂ ᠳᠤᠰᠬᠤᠨ ᠤ ᠠᠷᠠᠳ ᠢ ︽ᠳᠤᠳᠠᠭᠤ ᠬᠦᠶᠦᠯᠬᠡᠬᠦ︾ ᠬᠡᠷᠡᠭᠳᠡᠢ ᠬᠡᠵᠦ ᠵᠠᠬᠢᠭᠰᠠᠨ ᠪᠠᠶᠢᠨ᠎ᠠ᠃ ᠬᠤᠳᠠ ᠶᠢᠨ ᠦᠯᠦ ᠬᠦᠳᠡᠯᠬᠦ ᠬᠦᠷᠦᠩᠬᠡ ᠶᠢ ᠲᠡᠮᠳᠡᠭᠯᠡᠬᠦ ᠲᠦᠪ ᠲᠤ᠂ ᠮᠧᠩ ᠰᠢᠶᠠᠨ ᠳ᠋ᠦᠩ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠤᠷᠠᠨ ᠠᠯᠪᠠᠯᠠᠵᠤ ᠪᠠᠶᠢᠬᠤ ᠪᠠᠶᠢᠳᠠᠯ ᠤᠨ ᠳᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠤ᠂ ᠠᠵᠢᠯ ᠤᠨ ᠳᠤᠮᠳᠠ ᠤᠷᠤᠰᠢᠵᠤ ᠪᠠᠶᠢᠬᠤ ᠠᠰᠠᠭᠤᠳᠠᠯ ᠤᠨ ᠳᠤᠬᠠᠢ ᠵᠢᠯᠤᠭᠤᠳᠬᠤ ᠰᠠᠨᠠᠯ ᠳᠤᠷᠠᠳᠴᠠᠢ᠃ ᠮᠧᠩ ᠰᠢᠶᠠᠨ ᠳ᠋ᠦᠩ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠨᠢ ᠤᠯᠠᠨ ᠲᠦᠮᠡᠨ ᠤ ᠦᠨᠳᠦᠰᠦᠨ ᠠᠰᠢᠭ ᠳᠤᠰᠠ ᠲᠠᠢ ᠬᠤᠯᠪᠤᠭᠳᠠᠵᠤ᠂ ᠠᠵᠤ ᠠᠬᠤᠢ ᠨᠡᠶᠢᠬᠡᠮ ᠤᠨ ᠠᠯᠤᠰ ᠬᠡᠳᠦ ᠶᠢᠨ ᠬᠦᠭᠵᠢᠯᠳᠡ ᠲᠠᠢ ᠬᠤᠯᠪᠤᠭᠳᠠᠵᠦ ᠪᠠᠶᠢᠳᠠᠭ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠠᠯᠠᠭ᠎ᠠ ᠮᠦᠴᠢᠷ ᠤᠨ ᠬᠢᠨ ᠡᠷᠬᠡᠪᠰᠢ ᠦᠢᠯᠡᠴᠢᠯᠡᠬᠡᠨ ᠤ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠴᠤ᠂ ᠠᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠳᠤᠷᠰᠢᠯᠭ᠎ᠠ ᠪᠠᠨ ᠳ᠋ᠦᠩᠨᠠᠨ ᠠᠰᠠᠭᠤᠳᠠᠯ ᠢᠶᠠᠨ ᠡᠷᠢᠵᠦ᠂ ᠴᠠᠭ ᠳᠤᠬᠠᠢ ᠳᠤᠨᠢ ᠵᠠᠯᠠᠷᠠᠭᠤᠯᠵᠤ᠂ ᠦᠢᠯᠡᠴᠢᠯᠡᠬᠡᠨ ᠤ ᠤᠷᠴᠢᠨ ᠳᠤᠭᠤᠷᠢᠨ ᠢ ᠰᠢᠯᠢᠳᠡᠭᠵᠢᠬᠦᠯᠬᠦ᠂ ᠬᠡᠷᠡᠭ ᠬᠦᠢᠴᠡᠳᠬᠡᠬᠦ ᠦᠷ᠎ᠠ ᠪᠦᠳᠦᠮᠵᠢ ᠪᠠᠨ ᠲᠡᠭᠡᠭᠰᠢᠯᠡᠬᠦᠯᠬᠦ ᠲᠠᠯ᠎ᠠ ᠪᠠᠷ ᠬᠦᠴᠦ ᠤᠷᠤᠭᠤᠯᠵᠤ᠂ ᠤᠯᠠᠨ ᠲᠦᠮᠡᠨ ᠪᠠ ᠠᠵᠤ ᠠᠬᠤᠢᠢᠯᠠᠯ ᠤᠨ ᠳᠤᠰᠬᠠᠵᠤ ᠪᠠᠶᠢᠭ᠎ᠠ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠮᠠᠨ ᠤ ᠬᠤᠳᠠ ᠶᠢᠨ ᠠᠷᠠᠯᠵᠢᠶ᠎ᠠ ᠡᠷᠬᠢᠯᠡᠬᠦ ᠤᠷᠴᠢᠨ ᠳᠤᠭᠤᠷᠢᠨ ᠢ ᠰᠠᠶᠢᠵᠢᠷᠠᠭᠤᠯᠬᠤ ᠳᠤ ᠬᠤᠪᠢ ᠨᠠᠮᠠᠷᠢ ᠪᠠᠨ ᠦᠵᠡᠬᠦᠯᠬᠦ ᠬᠡᠷᠡᠭᠳᠡᠢ ᠬᠡᠵᠦ ᠵᠢᠭᠠᠵᠤ ᠭᠠᠷᠭᠠᠪᠠ᠃        ᠮᠧᠩ ᠰᠢᠶᠠᠨ ᠳ᠋ᠦᠩ᠂ ᠤᠭ ᠰᠠᠨᠠᠭ᠎ᠠ ᠪᠠᠨ ᠪᠠᠳᠤ ᠴᠡᠬᠡᠵᠢᠯᠡᠵᠤ᠂ ᠢᠮᠠᠭᠳᠠ ᠤᠯᠠᠨ ᠲᠦᠮᠡᠨ ᠳᠤ ᠦᠢᠯᠡᠴᠢᠯᠡᠬᠦ ᠪᠠᠷ ᠵᠤᠭᠰᠤᠯᠳᠠ ᠶᠢᠨ ᠴᠡᠭ ᠪᠤᠯᠭᠠᠵᠤ᠂ ᠦᠢᠯᠡᠴᠢᠯᠡᠬᠡᠨ ᠤ ᠶᠠᠰᠤ ᠴᠢᠨᠠᠷ ᠪᠠ ᠬᠡᠷᠡᠭ ᠬᠦᠢᠴᠡᠳᠬᠡᠬᠦ ᠦᠷ᠎ᠠ ᠪᠦᠳᠦᠮᠵᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠳᠡᠢ᠃ ᠡᠯ᠎ᠠ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠰᠠᠯᠠᠭ᠎ᠠ ᠮᠦᠴᠢᠷ ᠤᠨ ᠬᠢᠨ ᠡᠷᠬᠡᠪᠰᠢ ᠠᠵᠢᠯ ᠤᠨ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠵᠤ᠂ ᠦᠷᠬᠦᠯᠵᠢᠯᠡᠨ ᠵᠠᠰᠠᠭ ᠢ ᠴᠤᠮᠬᠠᠳᠬᠠᠨ ᠡᠷᠬᠡ ᠶᠢ ᠲᠠᠯᠪᠢᠵᠤ᠂ ᠬᠢᠨᠡᠨ ᠵᠦᠪᠰᠢᠶᠡᠷᠡᠬᠦ ᠠᠯᠬᠤᠮ ᠲᠠᠷᠠᠭ᠎ᠠ ᠪᠠᠨ ᠰᠢᠯᠢᠳᠡᠭᠵᠢᠬᠦᠯᠵᠦ᠂ ᠭᠤᠶᠤᠴᠢᠯᠠᠬᠤ ᠳᠤ ᠬᠡᠷᠡᠭᠰᠡᠬᠦ ᠮᠠᠲ᠋ᠧᠷᠢᠶᠠᠯ ᠢ ᠴᠤᠮᠬᠠᠳᠬᠠᠨ᠂ ᠬᠦᠮᠦᠨ ᠤ ᠬᠦᠴᠦᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠷ ᠳᠤᠬᠢᠷᠠᠭᠤᠯᠵᠤ᠂ ᠵᠠᠰᠠᠭ ᠵᠠᠬᠢᠷᠭᠠᠨ ᠤ ᠦᠢᠯᠡᠴᠢᠯᠡᠬᠡᠨ ᠤ ᠴᠢᠳᠠᠪᠤᠷᠢ ᠪᠠ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠲᠦᠬᠦᠮ ᠦᠨᠳᠦᠷ ᠦᠷ᠎ᠠ ᠪᠦᠳᠦᠮᠵᠢᠳᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠬᠡᠷᠡᠭᠳᠡᠢ᠃ ᠠᠵᠢᠯᠳᠠᠨ ᠤ ᠪᠤᠯᠪᠠᠰᠤᠷᠠᠯ ᠪᠠ ᠬᠠᠮᠢᠶᠠᠷᠤᠯᠳᠠ ᠶᠢ ᠴᠢᠩᠭᠠᠳᠬᠠᠵᠤ᠂ ᠦᠢᠯᠡᠴᠢᠯᠡᠬᠡᠨ ᠤ ᠤᠬᠠᠮᠰᠠᠷ ᠢ ᠨᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠦᠢᠯᠡᠴᠢᠯᠡᠬᠡᠨ ᠤ ᠤᠢᠢᠯᠠᠭᠠᠭᠳᠠᠬᠤᠨ ᠢ ᠨᠢ ᠴᠢᠩᠭᠠᠷᠠᠭᠤᠯᠵᠤ᠂ ᠤᠯᠠᠨ ᠲᠦᠮᠡᠨ ᠤ ᠬᠡᠷᠡᠭ ᠬᠦᠢᠴᠡᠳᠬᠡᠬᠦ ᠳᠤ ᠨᠡᠩ ᠲᠦᠬᠦᠮ ᠪᠤᠯᠭᠠᠬᠤ ᠬᠡᠷᠡᠭᠳᠡᠢ᠃ ᠰᠦᠯᠵᠢᠶᠠᠨ ᠲᠡᠬᠡᠷ᠎ᠠ ᠬᠡᠷᠡᠭ ᠬᠦᠢᠴᠡᠳᠬᠡᠬᠦ ᠠᠵᠢᠯ ᠤᠨ ᠵᠠᠭᠪᠤᠷ ᠢ ᠢᠳᠡᠪᠬᠢᠳᠡᠢ ᠲᠡᠯᠭᠡᠷᠡᠬᠦᠯᠵᠦ᠂ ᠤᠷᠤᠯᠠᠨ ᠬᠦᠢᠴᠡᠳᠬᠡᠬᠦ ᠦᠢᠯᠡᠴᠢᠯᠡᠬᠡᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠠᠷᠠᠳ ᠲᠤ ᠲᠦᠬᠦᠮ ᠪᠦᠬᠡᠳ ᠠᠰᠢᠭᠳᠠᠢ ᠦᠢᠯᠡᠴᠢᠯᠡᠬᠡᠨ ᠤ ᠲᠠᠪᠴᠠᠩ ᠢ ᠪᠠᠶᠢᠭᠤᠯᠬᠤ ᠬᠡᠷᠡᠭᠳᠡᠢ᠃ ᠠᠵᠢᠯ ᠤᠨ ᠠᠮᠵᠢᠯᠳᠠ ᠪᠦᠳᠦᠮᠵᠢ ᠪᠠᠨ ᠪᠠᠳᠤᠳᠬᠠᠵᠤ᠂ ᠠᠵᠤ ᠠᠬᠤᠢᠢᠯᠠᠯ ᠪᠠ ᠬᠡᠷᠡᠭ ᠬᠦᠢᠴᠡᠳᠬᠡᠬᠦ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠠ ᠶᠢ ᠲᠡᠭᠡᠭᠰᠢᠯᠡᠬᠦᠯᠵᠦ᠂ ᠤᠯᠠᠭᠠᠨᠬᠠᠳᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠲᠠᠪᠠᠯᠳᠠ ᠬᠦᠭᠵᠢᠯᠳᠡ ᠶᠢ ᠪᠡᠶᠡᠯᠡᠬᠦᠯᠬᠦ ᠳᠤ ᠪᠡᠳᠤ ᠪᠠᠬᠢ ᠪᠠᠳᠤᠯᠠᠭ᠎ᠠ ᠬᠠᠩᠭᠠᠬᠤ ᠬᠡᠷᠡᠭᠳᠡᠢ ᠬᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号