ᠰᠢ ᠶᠢᠨ ᠫᠢᠩ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/7/16
       ᠶᠡᠷᠦᠩᠬᠡᠶ ᠱᠦᠵᠢ ᠰᠢ ᠶᠢᠨ ᠫᠢᠩ 15 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠲᠡᠷᠡ ᠤᠷᠢᠲᠠᠪᠠᠷ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ   ᠤᠨ ᠬᠢᠩᠭᠠᠨ ᠵᠡᠭᠡᠯᠢ ᠶᠢᠨ ᠯᠢᠨ ᠾᠧᠩ ᠵᠢᠶᠠ ᠶᠤᠸᠠᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠠᠭᠤᠰᠤᠯᠴᠠᠯ ᠵᠡᠷᠭᠡ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠲᠡᠷᠡ ᠤᠯᠠᠭᠠᠨᠬᠠᠳᠠ ᠶᠢᠨ ᠮᠦᠽᠧᠶ ᠳᠤ ᠬᠦᠷᠴᠦ᠂ ᠲᠤᠬᠠᠶ ᠶᠢᠨ ᠭᠠᠵᠠᠷ ᠤᠨ ᠲᠡᠦᠬᠡ ᠰᠣᠶᠣᠯ ᠤᠨ ᠤᠯᠠᠷᠢᠯ ᠬᠤᠪᠢᠰᠤᠯᠲᠠ ᠶᠢ ᠣᠶᠢᠯᠠᠭᠠᠵᠤ᠂ ᠦᠨᠳᠦᠰᠦᠲᠡᠨ ᠤ ᠰᠣᠩᠭᠤᠳᠠᠭ ᠲᠤᠤᠯᠢ ︽ᠭᠡᠰᠡᠷ︾ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠠᠢ ᠳᠣᠲᠣᠨᠣ ᠪᠠᠷ ᠶᠠᠷᠢᠯᠴᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号