| 7 ᠳ᠋ᠤᠭᠠᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 5G | ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭ᠎ᠠ ᠵᠢᠩᠬᠢᠨᠢ ᠪᠠᠷ ᠪᠠᠶᠢᠭᠤᠯᠤᠭᠳᠠᠵᠤ᠂ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠬᠤᠷᠢᠨᠭᠡᠷ ᠰᠢᠨ᠎ᠡ ᠲᠣᠭᠤᠷᠢᠭ ᠲᠤ ᠶᠠᠪᠤᠭᠳᠠᠪᠠ᠃ ᠬᠤᠷᠢᠨᠭᠡᠷ | ᠰᠢᠨ᠎ᠡ ᠲᠣᠭᠤᠷᠢᠭ ᠨᠢ ᠲᠣᠰ ᠲᠣᠰ ᠡᠵᠡᠩᠨᠡᠯᠲᠡ ᠶᠢᠨ ᠬᠤᠳᠠᠯᠳᠤᠭᠠᠴᠢᠨ᠂ ᠰᠠᠭᠤᠷᠢ ᠥᠷᠲᠡᠭᠡ ᠶᠢᠨ ᠪᠦᠲᠦᠭᠡᠨ | ᠪᠠᠶᠢᠭᠤᠯᠬᠤ ᠡᠳᠡᠭᠡᠳ᠂ ᠲᠣᠨᠤᠭ ᠲᠥᠬᠦᠭᠡᠷᠦᠮᠵᠢ ᠬᠠᠩᠭᠠᠬᠤ ᠬᠤᠳᠠᠯᠳᠤᠭᠠᠴᠢᠨ ᠤᠨ ᠳᠤᠮᠳᠠᠳᠤ ᠤᠯᠤᠰ ᠤᠨ | ᠰᠢᠯᠵᠢᠮᠡᠯ ᠮᠡᠳᠡᠭᠡ ᠬᠤᠯᠪᠣᠭ᠎ᠠ ᠶᠢᠨ ᠥᠪᠥᠷ ᠮᠣᠩᠭᠤᠯ ᠤᠨ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ | ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ | ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠢᠶᠧ ᠳ᠋ᠠ ᠬᠤᠪᠢ ᠣᠷᠣᠭᠤᠯᠣᠯᠳᠠ ᠶᠢᠨ | ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠵᠢᠴᠢ ᠬᠤᠸᠠ ᠸᠧᠶ ᠮᠡᠷᠭᠡᠵᠢᠯ ᠤᠨ | ᠬᠢᠵᠠᠭᠠᠷᠲᠤ ᠺᠣᠮᠫᠠᠨᠢ ᠯᠤᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 5G ᠠᠵᠤ ᠦᠢᠯᠡᠰ ᠤᠨ | ᠰᠢᠨ᠎ᠡ ᠶᠢ ᠡᠭᠦᠳᠬᠦ ᠬᠤᠯᠪᠣᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠠᠭᠤᠯᠭ᠎ᠠ ᠳᠤ | ᠭᠠᠷ ᠤᠨ ᠦᠰᠦᠭ ᠵᠢᠷᠤᠪᠠ᠃ | ᠲᠠᠨᠢᠯᠴᠠᠭᠤᠯᠤᠭᠰᠠᠨ ᠢᠶᠠᠷ᠂ 5G ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭ᠎ᠠ | ᠪᠠᠶᠢᠭᠤᠯᠤᠭᠳᠠᠭᠰᠠᠨ ᠤ ᠳᠠᠷᠠᠭ᠎ᠠ᠂ ᠡᠯ᠎ᠠ ᠲᠦᠷᠣᠯ ᠤᠨ ᠬᠦᠴᠦᠷᠬᠡᠭ ᠬᠦᠴᠤᠨ ᠲᠠᠢ ᠬᠤᠯᠪᠣᠭᠠᠭᠯᠠᠨ᠂ ᠬᠦᠴᠤ ᠪᠠᠨ | ᠨᠢᠬᠡᠳᠬᠡᠵᠤ᠂ 5G ᠰᠢᠨ᠎ᠡ ᠮᠡᠷᠭᠡᠵᠢᠯ ᠤᠨ ᠬᠡᠷᠡᠭᠯᠡᠯᠲᠡ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠬᠤᠷᠢᠨᠭᠡᠷ ᠰᠢᠨ᠎ᠡ ᠲᠣᠭᠤᠷᠢᠭ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠢ ᠶᠢᠨ | ᠰᠢᠰᠲ᠋ᠧᠮ ᠢ ᠪᠠᠶᠢᠭᠤᠯᠬᠤ ᠪᠠ ᠳᠠᠭᠠᠭᠤᠯᠣᠭᠴᠢ ᠦᠢᠯᠡᠳᠣᠯ ᠢ ᠪᠠᠳᠠᠷᠠᠭᠤᠯᠣᠭᠰᠠᠨ ᠬᠦᠬᠡᠬᠤᠳᠠ᠂ ᠴᠢᠨᠠᠭᠰᠢᠯᠠᠪᠠᠯ | ᠥᠪᠡᠷᠲᠡᠭᠡᠨ ᠵᠠᠰᠠᠬᠤ ᠣᠷᠣᠨ ᠤ ᠤᠶᠤᠨᠲᠤ ᠬᠤᠲᠠ ᠶᠢᠨ ᠪᠦᠲᠦᠭᠡᠨ ᠪᠠᠶᠢᠭᠤᠯᠣᠯᠳᠠ ᠳᠤ ᠬᠦᠴᠤᠨ ᠨᠠᠮᠡᠷᠢᠯᠡᠨᠠ᠃ | ᠭᠤᠣᠯᠳᠠᠭᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠦᠢᠯᠡᠰ ᠤᠨ ᠳᠡᠰ ᠳᠡᠪᠰᠢᠬᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠴᠢᠳᠠᠪᠤᠷᠢ ᠵᠡᠷᠭᠡ ᠣᠯᠠᠨ ᠲᠠᠯ᠎ᠠ ᠪᠠᠷ 5G ᠬᠡᠷᠡᠭᠯᠡᠭᠡᠨ ᠤ ᠬᠠᠮᠲᠤᠷᠠᠯᠴᠠᠭ᠎ᠠ | ᠥᠷᠨᠢᠭᠦᠯᠦᠨ᠎ᠡ᠃ ᠲᠦᠢᠯ ᠤᠨ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠠᠮᠢ ᠠᠬᠤᠢ ᠶᠢᠨ ᠪᠣᠯᠪᠠᠰᠤᠨ ᠤ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠯᠤᠰ | ᠡᠵᠡᠮᠰᠢᠯᠲᠦ ᠰᠤᠷᠭᠠᠨ ᠬᠥᠮᠦᠵᠢᠯ᠂ ᠠᠯᠤᠰ ᠡᠵᠡᠮᠰᠢᠯᠲᠦ ᠡᠮᠴᠢᠯᠡᠭᠡ᠂ ᠣᠷᠴᠢᠨ ᠲᠣᠭᠤᠷᠢᠨ ᠤ ᠬᠢᠨᠠᠨ ᠡᠵᠡᠮᠳᠡᠯ᠂ | ᠣᠶᠤᠨᠴᠢ ᠵᠢᠭᠤᠯᠴᠢᠯᠠᠯ᠂ ᠣᠶᠤᠨᠴᠢ ᠲᠠᠷᠢᠶᠠᠯᠠᠩ ᠮᠠᠯ ᠠᠵᠤ ᠠᠬᠤᠶ ᠵᠡᠷᠭᠡ ᠳᠤ 5G ᠶᠢ ᠬᠡᠷᠡᠭᠯᠡᠬᠦ ᠶᠢ ᠬᠠᠶᠢᠨ | ᠰᠦᠪᠡᠭᠴᠢᠯᠡᠵᠦ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ | ᠠᠯᠬᠤᠮ ᠠᠯᠬᠤᠮ ᠢᠶᠠᠷ ᠤᠶᠤᠨᠲᠤ ᠴᠠᠬᠢᠯᠭᠠᠨ ᠲᠣᠣᠷ᠂ ᠤᠶᠤᠨᠲᠤ ᠦᠢᠯᠡᠳᠬᠦ ᠵᠡᠷᠭᠡ ᠳᠤ 5G ᠬᠡᠷᠡᠭᠯᠡᠭᠡᠨ ᠢ | ᠣᠷᠣᠭᠤᠯᠵᠣ᠂ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠳᠠᠶᠢᠴᠢᠯᠠᠨ᠎ᠠ︔ ᠣᠷᠣᠨ ᠤ ᠳᠣᠲᠣᠷᠠᠬᠢ ᠶᠡᠭᠡ | ᠳᠡᠭᠡᠳᠣ ᠰᠤᠷᠭᠠᠭᠤᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠳᠣ ᠪᠠᠷ 5G ᠲᠤᠷᠰᠢᠯᠲᠠ ᠶᠢᠨ ᠲᠠᠰᠤᠭ ᠢ | ᠪᠠᠶᠢᠭᠤᠯᠣᠨ᠎ᠠ︔ ᠠᠵᠤ ᠦᠢᠯᠡᠰ ᠤᠨ ᠵᠦᠷᠢᠶᠡᠴᠢ ᠪᠦᠲᠦᠴᠡ ᠳᠤ ᠴᠢᠭᠯᠡᠭᠦᠯᠦᠨ᠂ ᠣᠨᠴᠠᠯᠢᠭᠲᠤ 5G ᠬᠡᠷᠡᠭᠯᠡᠭᠡᠨ ᠤ | ᠠᠵᠢᠯ ᠲᠦᠷᠦᠯ ᠢ ᠬᠦᠮᠦᠵᠢᠬᠦᠯᠵᠤ᠂ ᠬᠠᠮᠳᠣ ᠪᠠᠷ ᠥᠪᠡᠷᠲᠡᠭᠡᠨ ᠵᠠᠰᠠᠬᠤ ᠣᠷᠣᠨ ᠤ 5G ᠠᠵᠤ ᠦᠢᠯᠡᠰ ᠤᠨ | ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠢ ᠲᠥᠪᠯᠡᠷᠡᠭᠦᠯᠦᠨ 5G ᠠᠵᠤ | ᠦᠢᠯᠡᠰ ᠢ ᠪᠦᠲᠦᠭᠡᠨ ᠪᠠᠶᠢᠭᠤᠯᠤᠨ᠎ᠠ᠃ | |