ᠳ᠋ᠤᠸᠠᠨ ᡁᠢ ᠴᠢᠶᠠᠩ ᠬᠤᠩᠱᠠᠨ ᠲᠣᠭᠤᠷᠢᠭ ᠲᠤ ᠵᠤᠭᠠᠴᠠᠯ ᠤᠨ ᠵᠠᠰᠠᠮᠠᠯ ᠵᠠᠮ ᠪᠣᠯᠤᠨ ᠬᠥᠳᠡᠭᠡ ᠶᠢᠨ ᠬᠠᠮ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2019/7/17
        7 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠤᠸᠠᠨ ᡁᠢ ᠴᠢᠶᠠᠩ ᠬᠤᠩᠱᠠᠨ ᠲᠣᠭᠤᠷᠢᠭ ᠲᠤ ᠭᠦᠨᠵᠡᠭᠡᠶᠢᠷᠡᠵᠦ᠂ ᠵᠤᠭᠠᠴᠠᠯ ᠤᠨ ᠵᠠᠰᠠᠮᠠᠯ ᠵᠠᠮ ᠪᠣᠯᠤᠨ ᠬᠥᠳᠡᠭᠡ ᠶᠢᠨ ᠬᠠᠮ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠥᠨᠳᠥᠷ ᠭᠠᠷᠤᠭ᠎ᠠ ᠪᠦᠬᠦᠢ ᠲᠥᠯᠥᠪᠵᠢᠭᠦᠯᠭᠡ ᠶᠢ ᠪᠠᠷᠢᠮᠲᠠᠯᠠᠵᠤ᠂ ᠵᠤᠭᠠᠴᠠᠯ ᠤᠨ ᠵᠠᠰᠠᠮᠠᠯ ᠵᠠᠮ ᠪᠣᠯᠤᠨ ᠬᠥᠳᠡᠭᠡ ᠶᠢᠨ ᠬᠠᠮ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠬᠡᠷᠡᠭᠲᠡᠶ᠃ ᠤᠯᠠᠭᠠᠨᠬᠠᠳᠠ ᠰᠢᠨ ᠶᠢᠩᠽᠢ ᠬᠦᠷᠬᠦ ᠵᠤᠭᠠᠴᠠᠯ ᠤᠨ ᠵᠠᠰᠠᠮᠠᠯ ᠵᠠᠮ ᠵᠢᠴᠢ ᠡᠷᠭᠢᠨ ᠲᠣᠭᠤᠷᠢᠨ ᠤ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠳ᠋ᠤᠸᠠᠨ ᡁᠢ ᠴᠢᠶᠠᠩ ᠢᠨᠵᠧᠨᠧᠷᠢᠩ ᠤᠨ ᠠᠬᠢᠴᠠ ᠪᠣᠯᠤᠨ ᠵᠠᠮ ᠳᠠᠭᠠᠤ ᠶᠢᠨ ᠴᠡᠴᠡᠭ ᠮᠣᠳᠣ ᠲᠠᠷᠢᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠠᠰᠠᠮᠠᠯ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠶᠢᠨ ᠵᠠᠩᠭᠢᠯᠠᠭ᠎ᠠ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠷᠢᠯᠭ᠎ᠠ ᠪᠠᠷᠢᠬᠤ ᠬᠦᠴᠦᠨ ᠢᠶᠠᠨ ᠪᠠᠲᠤᠯᠠᠵᠤ᠂ ᠪᠠᠷᠢᠯᠭ᠎ᠠ ᠶᠢᠨ ᠠᠮᠤᠷ ᠲᠦᠪᠰᠢᠨ ᠢ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠵᠠᠮ ᠢᠶᠠᠷ ᠦᠢᠯᠡᠳᠪᠦᠷᠢᠯᠡᠯ ᠢ ᠳᠠᠶᠢᠴᠢᠯᠠᠬᠤ᠂ ᠦᠢᠯᠡᠳᠪᠦᠷᠢᠯᠡᠯ ᠢᠶᠠᠷ ᠵᠠᠮ ᠢ ᠬᠥᠭᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠪᠠ ᠠᠷᠠᠳ ᠣᠯᠠᠨ ᠤ ᠪᠠᠶᠠᠵᠢᠯᠲᠠ ᠶᠢ ᠠᠬᠢᠭᠤᠯᠬᠤ ᠬᠡᠷᠡᠭᠲᠡᠶ ᠭᠡᠵᠡᠶ᠃
       ᠪᠠᠷᠢᠮᠵᠢᠶ᠎ᠠ ᠶᠢ ᠴᠢᠩᠳᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠠᠰᠠᠮᠠᠯ ᠵᠠᠮ ᠳᠠᠭᠠᠤ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠭᠤᠶᠤᠵᠢᠭᠤᠯᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠮᠵᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠦᠭᠦᠯᠬᠦ ᠶᠢ ᠠᠬᠢᠭᠤᠯᠵᠤ᠂ ᠵᠠᠰᠠᠮᠠᠯ ᠵᠠᠮ ᠳᠠᠭᠠᠤ ᠠᠭᠤᠯᠠ ᠲᠠᠢ ᠤᠰᠤ ᠲᠠᠢ᠂ ᠨᠤᠲᠤᠭ ᠤᠨ ᠮᠥᠷᠥᠭᠡᠳᠦᠯ ᠲᠠᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠬᠡᠷᠡᠭᠲᠡᠶ᠃ ᠳ᠋ᠤᠤ ᠬᠥ᠋ ᠨᠠᠨ ᠱᠠᠨ ᠤ ᠬᠥᠳᠡᠭᠡ ᠶᠢᠨ ᠬᠠᠮ ᠴᠣᠭᠴᠠ ᠪᠣᠯᠤᠨ ᠶᠠᠩ ᠵᠢᠶᠠ ᠸᠠᠨ ᠬᠥᠳᠡᠭᠡ ᠶᠢᠨ ᠬᠠᠮ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠳ᠋ᠤᠸᠠᠨ ᡁᠢ ᠴᠢᠶᠠᠩ ᠣᠨᠴᠠᠯᠢᠭᠲᠤ ᠠᠶᠢᠯ ᠤᠨ ᠪᠠᠭᠤᠳᠠᠯ᠂ ᠵᠤᠭᠠᠴᠠᠯ ᠤᠨ ᠲᠥᠷᠥᠯ ᠵᠦᠢᠯ ᠤᠨ ᠲᠥᠯᠥᠪᠵᠢᠭᠦᠯᠪᠡ ᠵᠢᠴᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠤᠯᠠᠭᠠᠨᠬᠠᠳᠠ ᠰᠢᠨ ᠱᠤᠭᠤᠮ ᠳᠠᠭᠠᠤ ᠠᠮᠢ ᠠᠬᠤᠢ ᠶᠢᠨ ᠣᠷᠴᠢᠨ ᠲᠣᠭᠤᠷᠢᠨ᠂ ᠣᠳᠣ ᠦᠶ᠎ᠡ ᠶᠢᠨ ᠲᠠᠷᠢᠶᠠᠯᠠᠩ ᠤᠨ ᠰᠠᠭᠤᠷᠢ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠠᠭᠤᠰᠤᠯᠴᠠᠯ ᠨᠡᠯᠢᠶᠡᠳ ᠰᠠᠶᠢᠨ ᠪᠠᠶᠢᠵᠤ᠂ ᠬᠥᠳᠡᠭᠡ ᠶᠢᠨ ᠬᠠᠮ ᠴᠣᠭᠴᠠ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠨ᠎ᠡ᠂ ᠬᠤᠩᠱᠠᠨ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ᠂ ᠲᠥᠯᠥᠪᠵᠢᠭᠦᠯᠪᠡ ᠪᠣᠯᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠣᠰᠬᠤᠨ ᠤ ᠪᠠᠭᠤᠴᠠ ᠵᠡᠷᠭᠡ ᠦᠵᠡᠮᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠦᠷᠭᠦᠯᠵᠢᠯᠡᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠬᠡᠷᠡᠭᠲᠡᠶ ᠭᠡᠪᠡ᠃        ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠨᠢᠭᠡᠳᠦᠯᠲᠡᠶ ᠳᠤ ᠲᠥᠯᠥᠪᠵᠢᠭᠦᠯᠦᠨ ᠵᠣᠬᠢᠴᠠᠭᠤᠯᠵᠤ ᠂ ᠬᠥᠳᠡᠭᠡ ᠶᠢᠨ ᠬᠠᠮ ᠴᠣᠭᠴᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠲᠠᠷᠢᠶᠠᠴᠢᠨ ᠡᠷᠦᠬᠡ ᠶᠢ ᠳᠠᠶᠢᠴᠢᠯᠠᠨ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠬᠡᠷᠡᠭᠲᠡᠶ᠃ ᠳ᠋ᠤᠸᠠᠨ ᡁᠢ ᠴᠢᠶᠠᠩ ᠴᠢᠬᠤᠯᠠᠴᠢᠯᠠᠭᠰᠠᠨ ᠨᠢ᠂ ᠵᠠᠮ ᠳᠠᠭᠠᠤ ᠣᠷᠣᠨ ᠪᠠ ᠪᠠᠷᠢᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠲᠥᠯᠥᠪᠵᠢᠭᠦᠯᠭᠡ ᠶᠢ ᠴᠢᠬᠤᠯᠠᠴᠢᠯᠠᠨ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠬᠤᠶᠠᠷ ᠢ ᠵᠥᠷᠢᠴᠡᠬᠦ︾ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂ ᠬᠥᠳᠡᠭᠡ ᠲᠣᠰᠬᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠠᠷᠠᠳ ᠤᠨ ᠵᠠᠩ ᠰᠤᠷᠲᠠᠯ ᠢ ᠨᠠᠩ ᠰᠠᠶᠢᠲᠤᠷ ᠳᠡᠯᠭᠡᠨ ᠦᠵᠡᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ ᠭᠡᠵᠡᠶ᠃        ᠪᠠᠶᠢᠴᠠᠭᠠᠨ ᠰᠤᠳᠤᠯᠤᠯᠲᠠ ᠶᠢᠨ ᠳᠤᠮᠳᠠ᠂ ᠳ᠋ᠤᠸᠠᠨ ᡁᠢ ᠴᠢᠶᠠᠩ ᠵᠠᠰᠠᠮᠠᠯ ᠵᠠᠮ ᠳᠠᠭᠠᠤ ᠶᠢᠨ ᠡᠯ ᠳ᠋ᠤᠤ ᠵᠢᠩᠽᠢ ᠶᠢᠨ ᠨᠡᠭᠦᠳᠡᠯ ᠠᠷᠠᠳ ᠤᠨ ᠰᠢᠨ᠎ᠡ ᠲᠣᠰᠬᠤᠨ ᠳᠤ ᠬᠦᠷᠴᠦ᠂ ᠰᠢᠨ᠎ᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠤᠨ ᠨᠡᠭᠦᠳᠡᠯ ᠠᠷᠠᠳ ᠤᠨ ᠠᠮᠤᠷ ᠲᠠᠶᠢᠪᠤᠩ ᠰᠠᠭᠤᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠣᠰᠬᠤᠨ ᠤ ᠠᠷᠠᠳ ᠸᠠᠩ ᠱᠣ᠋ ᠼᠦᠩ ᠤᠨ ᠭᠡᠷ ᠲᠤ᠂ ᠳ᠋ᠤᠸᠠᠨ ᡁᠢ ᠴᠢᠶᠠᠩ ᠲᠡᠭᠦᠨ ᠤ ᠨᠡᠭᠦᠭᠰᠡᠨ ᠤ ᠳᠠᠷᠠᠭᠠᠬᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠠᠵᠤ ᠦᠢᠯᠡᠰ ᠢ ᠬᠥᠭᠵᠢᠭᠦᠯᠬᠦ ᠪᠠ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠬᠤ ᠶᠢ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠭᠠᠷᠲᠠᠨ ᠪᠣᠯᠭᠠᠵᠤ᠂ ᠨᠡᠭᠦᠭᠰᠡᠨ ᠣᠯᠠᠨ ᠲᠦᠮᠡᠨ ᠤ ᠨᠡᠭᠦᠵᠦ  ᠳᠡᠶᠢᠯᠬᠦ᠂ ᠲᠣᠭᠲᠠᠭᠤᠨ ᠰᠠᠭᠤᠬᠤ᠂ ᠪᠠᠶᠠᠵᠢᠵᠤ ᠳᠡᠶᠢᠯᠬᠦ ᠶᠢ ᠦᠨᠡᠨ ᠬᠦ ᠪᠠᠲᠤᠯᠠᠵᠤ᠂ ᠶᠠᠳᠠᠭᠤ ᠬᠦᠴᠢᠷᠳᠡᠯᠲᠡᠶ ᠡᠷᠦᠬᠡ᠂ ᠠᠷᠠᠳ ᠢᠷᠭᠡᠳ ᠲᠤ ᠬᠥᠳᠡᠭᠡ ᠲᠣᠰᠬᠤᠨ ᠤ ᠵᠤᠭᠠᠴᠠᠯ ᠤᠨ ᠵᠠᠰᠠᠮᠠᠯ ᠵᠠᠮ ᠪᠣᠯᠤᠨ ᠬᠥᠳᠡᠭᠡ ᠶᠢᠨ ᠬᠠᠮ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠨᠠᠩ ᠣᠯᠠᠨ ᠪᠣᠳᠠᠲᠤ ᠠᠰᠢᠭ ᠬᠦᠷᠲᠡᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃        ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠤᠸᠠᠨ ᠸᠧᠨ ᠶᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠶ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号