| | ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠦᠪᠦᠷ ᠮᠤᠩᠭᠤᠯ ᠳᠤ ᠰᠢᠨᠵᠢᠯᠡᠨ | ᠪᠠᠶᠢᠴᠠᠭᠠᠬᠰᠠᠨ ᠪᠦᠭᠡᠳ ︽ᠤᠬ ᠰᠠᠨᠠᠭ᠎ᠠ ᠪᠠᠨ ᠦᠯᠦ ᠮᠠᠷᠳᠠᠵᠦ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠦᠪᠳᠦ ᠬᠦᠮᠦᠵᠢᠯ ᠢ ᠦᠷᠨᠢᠭᠦᠯᠬᠦ ᠶᠢ ᠵᠢᠭᠠᠨ ᠵᠢᠯᠤᠭᠤᠳᠬᠤ ᠳᠤ ᠪᠠᠨ᠂ ᠤᠬ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠳᠦ ᠴᠡᠭᠡᠵᠢᠯᠡᠨ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ | ᠰᠠᠨᠠᠭ᠎ᠠ ᠶᠢ ᠲᠤᠭᠤᠰᠢᠯᠠᠭᠤᠯᠵᠦ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠤᠨ᠂ ᠨᠡᠮᠡᠭᠳᠡᠯ ᠢ | ᠲᠤᠬᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠬ ᠬᠦᠷᠳᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠤᠬᠳᠠᠭᠤᠨ ᠢ ᠪᠠᠳᠤᠯᠠᠬᠤ ᠡᠯ᠎ᠡ | ᠵᠦᠢᠯ ᠤᠨ ᠠᠵᠢᠯ ᠢ ᠰᠠᠶᠢᠳᠦᠷ ᠬᠢᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠬᠦᠷᠳᠡᠮᠵᠢ ᠶᠢᠨ | ᠲᠦᠷᠦᠭᠳᠡᠯ᠂ ᠵᠢᠷᠭᠠᠯᠳᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ | ᠡᠬᠡ ᠤᠯᠤᠰ ᠤᠨ ᠤᠮᠠᠷᠠᠳᠦ ᠬᠢᠯᠢ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ | ᠪᠦᠳᠦᠭᠡᠨ ᠪᠠᠶᠢᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃ | | | | | | | ᠲᠡᠯᠭᠡᠷ ᠵᠤᠨ ᠤ ᠦᠪᠦᠷ ᠮᠤᠩᠭᠤᠯ ᠤᠷᠤᠨ ᠳᠤ ᠬᠦᠬᠡ ᠤᠬᠳᠠᠷᠭᠤᠢ ᠳᠤ ᠬᠦᠪᠦᠩ ᠴᠠᠭᠠᠨ ᠡᠭᠦᠯᠡ | ᠬᠦᠪᠪᠤᠨ᠂ ᠬᠦᠳᠡᠭᠡ ᠲᠠᠯ᠎ᠠ ᠳᠤ ᠡᠪᠡᠰᠦ ᠪᠡᠯᠴᠢᠭᠡᠷ ᠬᠠᠯᠢᠭᠤᠷᠠᠨ᠎ᠠ᠃ 7 ᠳ᠋ᠤᠭᠠᠷ ᠰᠠᠷ᠎ᠠ ᠶᠢᠨ 15 ᠠᠴᠠ 16 ᠤ | ᠡᠳᠦᠷ ᠪᠤᠯᠳᠠᠯ᠎ᠠ᠂ ᠰᠢ ᠶᠢᠨ ᠫᠢᠩ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠱᠦᠵᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠲᠡᠷᠢᠭᠦᠯᠡᠭᠴᠢ ᠪᠦ᠋ | ᠰᠢᠶᠤᠤ ᠯᠢᠨ ᠤ ᠪᠠᠷ᠎ᠠ ᠪᠤᠯᠤᠯᠭ᠎ᠠ ᠪᠠᠷ ᠨᠡᠶᠢᠭᠡᠮ ᠲᠤᠭᠤᠷᠢᠬ᠂ ᠤᠢ ᠰᠢᠭᠤᠢ ᠶᠢᠨ ᠲᠠᠯᠠᠪᠠᠢ᠂ ᠬᠦᠳᠡᠭᠡ ᠲᠤᠰᠬᠤᠨ᠂ | ᠶᠡᠭᠡ ᠲᠡᠭᠡᠳᠦ ᠰᠤᠷᠭᠠᠭᠤᠯᠢ᠂ ᠪᠠᠶᠢᠭᠤᠯᠭ᠎ᠠ ᠨᠢᠭᠡᠴᠢ ᠳᠤ ᠭᠦᠨᠵᠡᠭᠡᠶᠢᠷᠡᠨ᠂ ᠦᠨᠳᠦᠰᠦᠳᠡᠨ ᠨᠦᠭᠦᠳ ᠤᠨ ᠺᠠᠳ᠋ᠷ | ᠤᠯᠠᠨ ᠲᠦᠮᠡᠨ ᠢ ᠡᠷᠭᠢᠨ ᠦᠵᠡᠵᠦ᠂ ᠠᠵᠤ ᠠᠬᠤᠢ ᠨᠡᠶᠢᠭᠡᠮ ᠤᠨ ᠬᠦᠭᠵᠢᠯᠳᠡ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢ ᠰᠢᠨᠵᠢᠯᠡᠨ ᠪᠠᠶᠢᠴᠠᠭᠠᠵᠤ ᠰᠤᠳᠤᠯᠤᠨ᠂ ︽ᠤᠬ ᠰᠠᠨᠠᠭ᠎ᠠ ᠪᠠᠨ ᠦᠯᠦ ᠮᠠᠷᠳᠡᠵᠤ ᠡᠭᠦᠷᠭᠡ | ᠬᠠᠷᠢᠭᠤᠴᠠᠯᠭ᠎ᠠ ᠪᠠᠨ ᠪᠠᠳᠦ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠦᠷᠨᠢᠭᠦᠯᠵᠦ ᠪᠠᠶᠢᠬᠤ ᠶᠢ ᠲᠤᠬᠠᠢ ᠶᠢᠨ | ᠭᠠᠵᠠᠷ ᠲᠤ ᠨᠢ ᠵᠢᠭᠠᠨ ᠵᠢᠯᠤᠭᠤᠳᠪᠠ᠃ | | | | | | 15 ᠤ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠪᠡᠭᠡᠵᠢᠩ ᠠᠴᠠ ᠨᠢᠰᠭᠡᠯ ᠢᠶᠠᠷ ᠦᠪᠦᠷ | ᠮᠤᠩᠭᠤᠯ ᠤᠨ ᠤᠯᠠᠭᠠᠨᠬᠠᠳᠠ ᠬᠤᠳᠠ ᠳᠤ ᠬᠦᠷᠴᠦ᠂ ᠡᠩ ᠲᠡᠷᠢᠭᠦᠨ ᠳᠤ ᠰᠦᠡᠭᠱᠠᠨ ᠲᠤᠭᠤᠷᠢᠬ ᠤᠨ ᠬᠢᠨᠭ᠍ᠭᠠᠨ ᠵᠡᠭᠡᠯᠢ | ᠭᠤᠳᠤᠮᠵᠢ ᠶᠢᠨ ᠯᠢᠨ ᠬᠤᠸᠠᠩ ᠬᠦᠷᠢᠶᠡᠯᠡᠩ ᠤᠨ ᠨᠡᠶᠢᠬᠡᠮ ᠲᠤᠭᠤᠷᠢᠭ ᠲᠤ ᠬᠦᠷᠴᠦ ᠰᠢᠨᠵᠢᠯᠡᠨ ᠪᠠᠶᠢᠴᠠᠭᠠᠵᠦ | ᠰᠤᠳᠤᠯᠪᠠ᠃ ᠯᠢᠨ ᠬᠤᠸᠠᠩ ᠬᠦᠷᠢᠶᠡᠯᠡᠩ ᠤᠨ ᠨᠡᠶᠢᠭᠡᠮ ᠲᠤᠭᠤᠷᠢᠬ ᠪᠤᠯ ᠤᠯᠠᠨ ᠦᠨᠳᠦᠰᠦᠳᠡᠨ ᠤ ᠠᠷᠠᠳ ᠢᠷᠭᠡᠳ | ᠲᠦᠪᠯᠡᠷᠡᠨ ᠰᠠᠭᠤᠬᠰᠠᠨ ᠨᠡᠶᠢᠭᠡᠮ ᠲᠤᠭᠤᠷᠢᠬ ᠪᠤᠯᠤᠨ᠎ᠠ᠂ ᠤᠢᠢᠷ᠎ᠠ ᠶᠢᠨ ᠵᠢᠯ ᠤᠳ ᠲᠤ ︽ᠴᠦᠬᠡᠨ ᠲᠤᠭᠠᠳᠦ | ᠦᠨᠳᠦᠰᠦᠳᠡᠨ ᠤ ᠭᠡᠷ ᠪᠦᠯᠢ︾ ᠶᠢᠨ ᠤᠨᠴᠠᠯᠢᠬᠳᠦ ᠦᠢᠯᠡᠴᠢᠯᠡᠭᠡᠨ ᠤ ᠶᠡᠷᠦᠩᠬᠡᠶᠢᠯᠡᠭᠰᠡᠡ ᠴᠤᠬᠴᠠ ᠶᠢ ᠲᠦᠷᠦᠭᠦᠯᠡᠨ | ᠪᠠᠶᠢᠭᠤᠯᠤᠬᠰᠠᠨ ᠶᠤᠮ᠃ ᠰᠢ ᠶᠢᠨ ᠫᠢᠩ ᠨᠡᠶᠢᠭᠡᠮ ᠲᠤᠭᠤᠷᠢᠬ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ | ᠲᠦᠪ ᠲᠤ ᠬᠦᠷᠴᠦ᠂ ᠨᠡᠶᠢᠭᠡᠮ ᠲᠤᠭᠤᠷᠢᠬ ᠤᠨ ᠦᠨᠳᠦᠰᠦᠨ ᠱᠠᠳᠦᠨ ᠤ ᠨᠠᠮ ᠤᠨ ᠪᠠᠶᠢᠭᠤᠯᠤᠯᠳᠠ᠂ | ᠦᠨᠳᠦᠰᠦᠳᠡᠨ ᠤ ᠪᠦᠯᠬᠦᠮᠳᠡᠯ ᠠᠭᠤᠰᠤᠯᠴᠠᠯ ᠵᠡᠷᠭᠡ ᠲᠠᠯ᠎ᠠ ᠶᠢᠨ ᠪᠠᠶᠢᠳᠠᠯ ᠢ ᠠᠰᠠᠭᠤᠨ ᠯᠠᠪᠯᠠᠵᠦ᠂ ᠴᠦᠬᠡᠨ ᠲᠤᠭᠠᠳᠦ | ᠦᠨᠳᠦᠰᠦᠳᠡᠨ ᠤ ᠬᠤᠪᠴᠠᠰᠤ ᠵᠠᠰᠠᠯ᠂ ᠡᠳ᠋ᠯᠡᠯ ᠬᠡᠷᠡᠭᠰᠡᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ | ᠬᠡᠤᠬᠡᠳ ᠤᠳ ᠪᠤᠯᠤᠨ ᠨᠡᠶᠢᠭᠡᠮ ᠲᠤᠭᠤᠷᠢᠬ ᠤᠨ ᠰᠠᠭᠤᠭᠠᠯᠢ ᠠᠷᠠᠳ ᠲᠠᠢ ᠲᠤᠳᠤᠨᠤ ᠪᠠᠷ ᠶᠠᠷᠢᠯᠴᠠᠵᠠᠢ᠃ ᠰᠢ ᠶᠢᠨ | ᠫᠢᠩ ᠴᠢᠬᠤᠯᠠᠴᠢᠯᠠᠭᠰᠠᠨ ᠨᠢ᠂ ᠨᠡᠶᠢᠭᠡᠮ ᠲᠤᠭᠤᠷᠢᠬ ᠪᠤᠯ ᠦᠨᠳᠦᠰᠦᠳᠡᠨ ᠨᠦᠭᠦᠳ ᠤᠨ ᠤᠯᠠᠨ ᠲᠦᠮᠡᠨ ᠤ | ᠬᠠᠮᠳᠦ ᠶᠢᠨ ᠭᠡᠷ ᠪᠦᠯᠢ ᠮᠦᠨ᠂ ᠦᠨᠳᠦᠰᠦᠳᠡᠨ ᠨᠦᠭᠦᠳ ᠨᠢᠬᠳᠠᠷᠠᠨ ᠪᠦᠯᠬᠦᠮᠳᠡᠵᠦ ᠨᠢᠭᠡ ᠭᠡᠷ ᠤᠨ ᠬᠦᠮᠦᠨ ᠮᠡᠳᠦ | ᠪᠤᠯᠬᠤ ᠬᠡᠷᠡᠭᠳᠠᠢ᠃ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠨᠡᠶᠢᠭᠡᠮ | ᠲᠤᠭᠤᠷᠢᠬ ᠲᠤ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠦ᠂ ᠨᠡᠶᠢᠭᠡᠮ ᠲᠤᠭᠤᠷᠢᠬ ᠢ | ᠦᠨᠳᠦᠰᠦᠳᠡᠨ ᠨᠦᠭᠦᠳ ᠤᠨ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠡᠭᠡ ᠭᠡᠷ ᠪᠦᠯᠢ | ᠪᠤᠯᠭᠠᠨ ᠪᠠᠶᠢᠭᠤᠯᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠠᠵᠠ ᠵᠢᠷᠭᠠᠯ ᠲᠠᠢ ᠠᠵᠢᠯᠯᠠᠵᠤ | ᠠᠮᠢᠳᠤᠷᠠᠬᠤ ᠰᠠᠶᠢᠨ ᠰᠠᠶᠢᠬᠠᠨ ᠨᠡᠶᠢᠭᠡᠮ ᠲᠤᠭᠤᠷᠢᠭ ᠤᠨ ᠤᠷᠴᠢᠨ ᠲᠤᠭᠤᠷᠢᠨ ᠢ ᠢᠳᠡᠪᠬᠢᠳᠠᠢ ᠪᠦᠷᠢᠯᠳᠦᠭᠦᠯᠬᠦ | ᠬᠡᠷᠡᠭᠳᠠᠢ ᠭᠡᠵᠡᠢ᠃ | | | | | | | ᠤᠯᠠᠭᠠᠡᠨᠬᠳᠠ ᠪᠣᠯ ᠦᠨᠢ ᠤᠳᠠᠭᠠᠨ ᠲᠡᠦᠭᠡ ᠲᠠᠢ᠂ ᠦᠪ ᠵᠤᠵᠠᠭᠠᠨ ᠰᠤᠶᠤᠯ ᠲᠠᠢ ᠶᠤᠮ᠃ ᠦᠳᠡ | ᠪᠤᠯᠬᠤ ᠦᠶ᠎ᠡ ᠪᠠᠷ᠂ ᠰᠢ ᠶᠢᠨ ᠫᠢᠩ ᠤᠯᠠᠭᠠᠨᠬᠠᠳᠠ ᠶᠢᠨ ᠮᠦᠽᠸᠢ ᠳᠤ ᠬᠦᠷᠴᠦ᠂ ᠬᠤᠩᠱᠠᠨ ᠰᠤᠶᠤᠯ ᠵᠡᠷᠭᠡ | ᠦᠰᠦᠭ ᠪᠢᠴᠢᠭ ᠪᠤᠢ ᠪᠤᠯᠬᠤ ᠠᠴᠠ ᠡᠮᠦᠨᠡᠬᠢ ᠰᠤᠶᠤᠯ ᠤᠨ ᠠᠭᠤᠲᠠᠯᠤᠯᠲᠠ ᠬᠠᠮᠠᠭᠠᠯᠠᠯᠳᠠ ᠶᠢᠨ ᠪᠠᠶᠢᠳᠠᠯ ᠪᠤᠯᠤᠨ | ᠬᠢᠳᠠᠨ ᠰᠤᠶᠤᠯ᠂ ᠮᠤᠩᠭᠤᠯ ᠶᠤᠸᠠᠨ ᠤ ᠰᠤᠶᠤᠯ ᠵᠡᠷᠭᠡ ᠶᠢᠨ ᠲᠡᠦᠭᠡ ᠶᠢᠨ ᠬᠤᠪᠢᠰᠤᠯᠳᠠ ᠶᠢ ᠤᠢᠢᠯᠠᠭᠠᠪᠠ᠃ | ᠮᠦᠽᠸᠢ ᠶᠢᠨ ᠬᠤᠶᠠᠳᠤᠭᠠᠷ ᠲᠠᠪᠬᠤᠷᠯᠢᠭ ᠲᠤ᠂ ᠰᠢ ᠶᠢᠨ ᠫᠢᠩ ᠡᠷᠳᠡᠨ ᠤ ᠰᠤᠩᠭᠤᠳᠠᠭ ᠦᠨᠳᠦᠰᠦᠳᠡᠨ ᠤ ᠲᠤᠤᠯᠢ | ︽ᠬᠡᠰᠡᠷ︾ ᠬᠠᠶᠢᠯᠠᠬᠤ ᠦᠵᠡᠬᠦᠯᠭᠡ ᠶᠢ ᠰᠤᠨᠢᠷᠬᠠᠬᠤ ᠶᠢᠨ ᠬᠠᠮᠳᠤ ︽ᠬᠡᠰᠡᠷ︾ ᠪᠤᠳᠠᠰ ᠤᠨ ᠪᠤᠰᠤ ᠰᠤᠶᠤᠯ ᠤᠨ | ᠦᠪ ᠤᠨ ᠤᠯᠠᠮᠵᠢᠯᠠᠭᠴᠢᠳ ᠲᠠᠢ ᠲᠤᠳᠤᠨᠤ ᠪᠠᠷ ᠶᠠᠷᠢᠯᠴᠠᠪᠠ᠃ ᠰᠢ ᠶᠢᠨ ᠫᠢᠩ ᠵᠢᠭᠠᠵᠤ ᠭᠠᠷᠭᠠᠭᠰᠠᠨ ᠨᠢ᠂ ᠮᠠᠨ ᠤ | ᠤᠯᠤᠰ ᠪᠤᠯ ᠨᠢᠭᠡᠳᠦᠭᠰᠡᠨ ᠤᠯᠠᠨ ᠦᠨᠳᠦᠰᠦᠳᠡᠨ ᠲᠠᠢ ᠤᠯᠤᠰ ᠮᠦᠨ᠂ ᠲᠤᠮᠳᠠᠳᠤ ᠶᠢᠨ ᠦᠨᠳᠦᠰᠦᠳᠡᠨ ᠪᠤᠯ ᠤᠯᠠᠨ | ᠦᠨᠳᠦᠰᠦᠳᠡᠨ ᠤ ᠲᠠᠰᠤᠷᠠᠯᠳᠠ ᠦᠭᠡᠢ ᠶᠠᠪᠤᠭᠲᠠᠭᠤᠯᠤᠭᠰᠠᠠ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ ᠢᠶᠠᠷ ᠲᠠᠮᠵᠢᠨ | ᠪᠦᠷᠢᠯᠳᠦᠭᠰᠡᠨ ᠶᠤᠮ᠃ ᠲᠤᠮᠳᠠᠳᠤ ᠶᠢᠨ ᠪᠤᠯᠪᠠᠰᠤᠨ ᠪᠤᠯ ᠡᠶ᠎ᠡ ᠨᠠᠶᠢᠷᠲᠠᠢ ᠠᠲᠠᠯ᠎ᠠ ᠠᠳᠠᠯᠢ ᠪᠤᠰᠤ ᠪᠠᠶᠢᠲᠠᠭ ᠤᠯᠠᠨ | ᠦᠨᠳᠦᠰᠦᠳᠡᠨ ᠤ ᠰᠤᠶᠤᠯ ᠤᠨ ᠰᠢᠮᠡᠳᠤ ᠬᠦᠷᠦᠰᠦᠨ ᠳᠤ ᠦᠨᠳᠦᠰᠦᠯᠡᠭᠰᠡᠨ ᠦᠨᠢ ᠤᠳᠠᠭᠠᠨ ᠲᠡᠦᠭᠡ ᠲᠠᠢ᠂ ᠲᠡᠯᠡᠭᠡᠢ | ᠳ᠋ᠠᠬᠢᠨ ᠳᠤ ᠤᠳᠤ ᠪᠤᠯᠳᠠᠯ᠎ᠠ ᠲᠠᠰᠤᠷᠠᠰᠢ ᠦᠭᠡᠢ ᠬᠦᠭᠵᠢᠵᠤ ᠢᠷᠡᠭᠰᠡᠡ ᠴᠤᠷ ᠤᠨ ᠭᠠᠭᠴᠠ ᠪᠤᠯᠪᠠᠰᠤᠨ ᠮᠦᠨ᠃ | ᠴᠦᠭᠡᠨ ᠲᠤᠭᠠᠳᠤ ᠦᠨᠳᠦᠰᠦᠳᠡᠨ ᠤ ᠰᠤᠶᠤᠯ ᠤᠨ ᠬᠠᠮᠠᠭᠠᠯᠠᠯᠳᠠ ᠪᠠ ᠤᠯᠠᠮᠵᠢᠯᠠᠯ ᠢ ᠴᠢᠬᠤᠯᠠᠴᠢᠯᠠᠵᠤ᠂ ︽ᠬᠡᠰᠡᠷ︾ | ᠮᠡᠳᠦ ᠶᠢᠨ ᠪᠤᠳᠠᠰ ᠤᠨ ᠪᠤᠰᠤ ᠰᠤᠶᠤᠯ ᠤᠨ ᠦᠪ ᠢ ᠲᠡᠮᠵᠢᠨ ᠲᠡᠳᠬᠦᠵᠦ᠂ ᠤᠯᠠᠮᠵᠢᠯᠠᠭᠴᠢ ᠶᠢ ᠰᠠᠶᠢᠳᠤᠷ | ᠬᠦᠮᠦᠵᠢᠬᠦᠯᠵᠦ᠂ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠳᠡᠢ᠃ ᠬᠦᠮᠦᠰ ᠢ ᠬᠦᠳᠦᠯᠦᠨ ᠵᠢᠯᠤᠭᠤᠳᠴᠤ ᠵᠦᠪ | ᠲᠡᠦᠭᠡ ᠶᠢᠨ ᠦᠵᠡᠯᠳᠡ᠂ ᠤᠯᠤᠰ ᠬᠦᠷᠦᠨ ᠤ ᠦᠵᠡᠯᠳᠡ᠂ ᠦᠨᠳᠦᠰᠦᠳᠡᠨ ᠤ ᠦᠵᠡᠯᠳᠡ᠂ ᠰᠤᠶᠤᠯ ᠤᠨ | ᠦᠵᠡᠯᠳᠡ ᠲᠠᠢ ᠪᠤᠯᠭᠠᠵᠤ᠂ ᠦᠨᠳᠦᠰᠦᠳᠡᠨ ᠨᠦᠬᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ ᠤᠨ ᠢᠶᠠᠨ | ᠲᠤᠬᠠᠢ ᠬᠠᠮᠲᠦ ᠶᠢᠨ ᠲᠠᠨᠢᠯᠲᠠ᠂ ᠲᠤᠮᠳᠠᠳᠤ ᠶᠢᠨ ᠦᠨᠳᠦᠰᠦᠳᠡᠨ ᠤ ᠲᠤᠬᠠᠢ ᠬᠠᠮᠲᠦ ᠶᠢᠨ ᠲᠠᠨᠢᠯᠲᠠ᠂ ᠲᠤᠮᠳᠠᠳᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠵᠠᠮ ᠤᠨ ᠲᠤᠬᠠᠢ ᠬᠠᠮᠲᠦ ᠶᠢᠨ ᠲᠠᠨᠢᠯᠲᠠ ᠶᠢ ᠲᠠᠰᠤᠷᠠᠯᠳᠠ ᠦᠭᠡᠢ | ᠪᠠᠬᠢᠵᠢᠬᠦᠯᠬᠦ ᠬᠡᠷᠡᠭᠳᠡᠢ ᠭᠡᠵᠡᠢ᠃ | | | | | ᠰᠢ ᠶᠢᠨ ᠫᠢᠩ ᠦᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠲᠦᠢᠯ ᠢᠶᠠᠷ | ᠬᠠᠯᠠᠮᠵᠢᠯᠠᠵᠤ ᠪᠠᠶᠢᠯ᠎ᠠ᠃ 15 ᠤ ᠡᠳᠦᠷ ᠤᠨ ᠦᠳᠡ ᠶᠢᠨ ᠬᠤᠶᠢᠨ᠎ᠠ᠂ ᠲᠡᠷᠡ ᠤᠯᠠᠭᠠᠨᠬᠠᠳᠠ ᠬᠤᠳᠠ ᠶᠢᠨ ᠬᠠᠷᠠᠴᠢᠨ | ᠬᠤᠰᠢᠭᠤᠨ ᠤ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠤᠨ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠶᠢᠨ ᠤᠢᠢᠵᠢᠭᠤᠯᠤᠯᠳᠠ | ᠬᠠᠮᠠᠭᠠᠯᠠᠯᠳᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠪᠠ᠃ ᠨᠠᠷᠠ ᠰᠢᠷᠠᠭᠰᠠᠠ | ᠠᠭᠠᠬᠢᠮ᠎ᠠ ᠬᠠᠯᠠᠭᠤᠨ ᠳᠤ᠂ ᠰᠢ ᠶᠢᠨ ᠫᠢᠩ ᠤᠢ ᠰᠢᠭᠤᠢ ᠶᠢᠨ ᠬᠠᠮᠠᠭᠠᠯᠠᠯᠳᠠ ᠶᠢᠨ ᠨᠠᠷᠢᠨ ᠵᠦᠷᠢᠭ ᠢᠶᠠᠷ ᠰᠢᠭᠤᠢᠢᠳᠤ | ᠤᠷᠤᠨ ᠳᠤ ᠤᠷᠤᠵᠦ᠂ ᠤᠢ ᠮᠤᠲᠤᠨ ᠤ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠳᠤ ᠶᠠᠭ | ᠠᠵᠢᠯᠯᠠᠵᠤ ᠪᠠᠶᠢᠭᠰᠠᠠ ᠤᠢ ᠰᠢᠭᠤᠢ ᠶᠢᠨ ᠬᠠᠮᠠᠭᠠᠯᠠᠬᠴᠢᠳ ᠲᠠᠢ ᠶᠠᠷᠢᠯᠴᠠᠵᠤ᠂ ᠲᠡᠳᠡᠨ ᠤ ᠠᠵᠢᠯ᠂ ᠠᠮᠢᠳᠤᠷᠠᠯ᠂ | ᠬᠡᠷ ᠪᠦᠯᠢ ᠶᠢᠨ ᠪᠠᠶᠢᠳᠠᠯ ᠢ ᠤᠢᠢᠯᠠᠭᠠᠪᠠ᠃ ᠤᠯᠠᠨ ᠢᠶᠠᠷ ᠢᠶᠠᠨ ᠶᠡᠷᠦᠩᠭᠡᠢ ᠱᠦᠵᠢ ᠳᠤ᠂ ᠤᠢᠢᠷ᠎ᠠ ᠶᠢᠨ ᠵᠢᠯ ᠠᠴᠠ | ᠤᠢ ᠰᠢᠭᠤᠢ ᠶᠢᠨ ᠲᠠᠯᠠᠪᠠᠢ ᠶᠢᠨ ᠤᠢ ᠮᠤᠳᠤᠨ ᠤ ᠬᠡᠪᠴᠢᠶ᠎ᠠ ᠵᠢᠯ ᠲᠤᠳᠤᠮ ᠨᠡᠮᠡᠭᠳᠡᠵᠦ᠂ ᠬᠡᠭᠡᠷ᠎ᠡ ᠶᠢᠨ ᠠᠮᠢᠳᠠᠨ | ᠠᠷᠢᠶᠠᠳᠠᠨ ᠤᠯᠠᠰᠢᠷᠠᠨ᠂ ᠠᠮᠢ ᠠᠬᠤᠢ ᠤᠷᠴᠢᠨ ᠲᠤᠭᠤᠷᠢᠨ ᠰᠠᠶᠢᠵᠢᠷᠠᠭᠰᠠᠨ ᠠᠴᠠ ᠠᠰᠢᠭ ᠤᠷᠤᠯᠭ᠎ᠠ ᠴᠦ | ᠨᠡᠮᠡᠭᠳᠡᠯ᠎ᠡ᠂ ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠤᠰᠤ ᠮᠦᠨ ᠬᠡᠳᠡᠭ ᠢ ᠨᠡᠩ | ᠬᠦᠨᠵᠡᠭᠡᠢ ᠤᠢᠢᠯᠠᠭᠠᠭᠰᠠᠨ ᠬᠡᠵᠦ ᠬᠡᠯᠡᠵᠡᠭᠡᠬᠦ ᠶᠢ ᠰᠤᠨᠤᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ | ᠴᠢᠬᠤᠯᠠᠴᠢᠯᠠᠭᠰᠠᠨ ᠨᠢ᠂ ᠲᠤᠮᠳᠠᠳᠤ ᠤᠯᠤᠰ ᠪᠤᠯ ᠲᠡᠯᠡᠭᠡᠢ ᠲᠡᠭᠡᠷᠡᠬᠢ ᠬᠦᠮᠦᠨ ᠤ ᠬᠦᠴᠦ ᠪᠠᠷ ᠤᠢᠢᠵᠢᠭᠤᠯᠤᠯᠳᠠ | ᠬᠢᠬᠦ ᠦᠢᠯᠡᠰ ᠲᠤ ᠬᠠᠮᠤᠭ ᠤᠨ ᠶᠡᠭᠡ ᠬᠤᠪᠢ ᠨᠡᠮᠡᠷᠢ ᠦᠵᠡᠬᠦᠯᠦᠭᠰᠡᠨ ᠤᠯᠤᠰ ᠮᠦᠨ᠃ ᠡᠶᠢᠮᠦ ᠶᠡᠭᠡ ᠬᠡᠪᠴᠢᠶ᠎ᠡ ᠪᠠᠷ | ᠲᠠᠰᠤᠷᠠᠯᠳᠠ ᠦᠭᠡᠢ ᠬᠦᠮᠦᠨ ᠤ ᠬᠦᠴᠦ ᠪᠠᠷ ᠤᠢᠢᠵᠢᠭᠤᠯᠤᠯᠳᠠ ᠬᠢᠬᠦ ᠶᠢ ᠭᠠᠭᠴᠠ ᠬᠦ ᠮᠠᠨ ᠤ ᠤᠯᠤᠰ ᠤᠨ ᠨᠡᠶᠢᠭᠡᠮ | ᠵᠢᠷᠦᠮ ᠤᠨ ᠪᠠᠶᠢᠭᠤᠯᠤᠯ ᠲᠤᠤᠷ᠎ᠠ ᠰᠠᠶ᠋ᠢ ᠬᠢᠵᠦ ᠲᠡᠶᠢᠯᠦᠨ᠎ᠡ᠃ ᠡᠭᠡ ᠤᠯᠤᠰ ᠤᠨ ᠤᠮᠠᠷᠠᠳᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠨ᠂ ᠡᠨᠡ ᠬᠦ ᠨᠤᠮᠢᠨ ᠨᠤᠭᠤᠭᠠᠨ᠂ ᠡᠨᠡ ᠬᠦ | ᠴᠡᠩᠭᠡᠷ ᠬᠦᠭᠡ᠂ ᠡᠨᠡ ᠬᠦ ᠴᠡᠪᠡᠷ ᠠᠷᠢᠭᠤᠨ ᠠᠭᠤᠯᠠ ᠤᠰᠤ ᠪᠠᠨ ᠰᠠᠶᠢᠳᠤᠷ ᠬᠠᠮᠠᠭᠠᠯᠠᠵᠤ᠂ ᠠᠮᠢ ᠠᠬᠤᠢ ᠶᠢ | ᠤᠷᠢᠳ ᠢᠶᠠᠷ ᠪᠤᠳᠤᠯᠬᠢᠯᠠᠭᠰᠠᠨ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠦᠶ᠎ᠡ ᠶᠢᠨ ᠦᠶ᠎ᠡ ᠪᠠᠷ ᠪᠤᠤᠬᠢᠶ᠎ᠠ ᠲᠠᠮᠵᠢᠭᠤᠯᠤᠨ ᠠᠵᠢᠯᠯᠠᠵᠤ᠂ ᠬᠦᠬᠡᠮᠳᠦᠭ ᠠᠭᠤᠯᠠ ᠮᠦᠩᠬᠡ ᠨᠤᠭᠤᠭᠠᠨ᠂ | ᠤᠷᠤᠰᠬᠠᠯ ᠤᠰᠤ ᠦᠨᠢᠳᠡ ᠴᠡᠩᠭᠡᠭ᠂ ᠠᠭᠠᠷ ᠮᠠᠨᠳᠠᠯ ᠡᠬᠦᠷᠢᠳᠡ ᠴᠡᠯᠮᠡᠭ ᠪᠠᠶᠢᠬᠤ ᠦᠵᠡᠰᠬᠦᠯᠡᠩᠳᠦ ᠰᠠᠶᠢᠬᠠᠨ | ᠲᠤᠮᠳᠠᠳᠤ ᠤᠯᠤᠰ ᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠳᠡᠢ ᠭᠡᠵᠡᠢ᠃ | | | | | | | ᠲᠠᠷᠠᠭ᠎ᠠ ᠨᠢ᠂ ᠰᠢ ᠶᠢᠨ ᠫᠢᠩ ᠲᠡᠷᠭᠡᠨ ᠳᠤ ᠰᠠᠭᠤᠵᠤ ᠾᠧ ᠨᠠᠨ ᠵᠡᠭᠡᠯᠢ ᠶᠢᠨ ᠡᠮᠡᠭᠡᠯ ᠠᠭᠤᠯᠠ | ᠲᠤᠰᠬᠤᠨ ᠳᠤ ᠬᠦᠷᠴᠦ ᠢᠷᠡᠪᠡ᠃ ᠲᠤᠰ ᠲᠤᠰᠬᠤᠨ ᠤ ᠬᠢᠨ ᠠᠮᠢ ᠠᠬᠤᠢ ᠪᠠᠷ ᠲᠤᠰᠬᠤᠨ ᠢᠶᠠᠨ ᠪᠠᠶᠢᠭᠤᠯᠬᠤ᠂ | ᠠᠵᠤ ᠦᠢᠯᠡᠰ ᠢᠶᠠᠷ ᠲᠤᠰᠬᠤᠨ ᠢᠶᠠᠨ ᠪᠠᠶᠠᠵᠢᠭᠤᠯᠬᠤ᠂ ᠵᠢᠭᠤᠯᠴᠢᠯᠠᠯ ᠢᠶᠠᠷ ᠲᠤᠰᠬᠤᠨ ᠢᠶᠠᠨ ᠬᠦᠴᠦᠷᠭᠡᠭᠵᠢᠬᠦᠯᠬᠦ ᠶᠢ | ᠪᠠᠷᠢᠮᠳᠠᠯᠠᠨ᠂ ︽ᠵᠠᠬᠢᠶᠠᠯᠠᠭ᠎ᠠ ᠶᠢᠨ ᠬᠡᠯᠪᠡᠷᠢ︾ ᠪᠠᠷ ᠶᠠᠳᠠᠭᠤ ᠶᠢ ᠲᠡᠳᠬᠦᠬᠦ ᠪᠠ ᠬᠦᠴᠦᠷᠭᠡᠭ ᠢ ᠲᠡᠮᠵᠢᠵᠤ ᠶᠠᠳᠠᠭᠤ ᠶᠢ | ᠲᠠᠶᠢᠴᠢᠯᠠᠬᠤ ᠵᠠᠭᠪᠤᠷ ᠢ ᠬᠡᠷᠡᠭᠵᠢᠬᠦᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠦᠷᠬᠦᠬᠦᠯᠪᠡ᠃ ᠡᠮᠡᠭᠡᠯ | ᠠᠭᠤᠯᠠ ᠲᠤᠰᠬᠤᠨ ᠤ ᠨᠠᠮ ᠤᠨ ᠬᠡᠰᠢᠬᠦᠨ ᠤᠯᠠᠨ ᠲᠦᠮᠡᠨ ᠤ ᠦᠢᠯᠡᠴᠢᠯᠡᠭᠡᠨ ᠤ ᠲᠦᠪ ᠲᠤ ᠰᠢ ᠶᠢᠨ ᠫᠢᠩ | ᠲᠤᠰᠬᠤᠨ ᠤ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠴᠠᠢ᠃ ᠲᠤᠰᠬᠤᠨ ᠳᠤ ᠰᠠᠭᠤᠭ᠎ᠠ ᠺᠠᠳ᠋ᠷ ᠤᠨ ᠬᠡᠷ᠂ | ᠬᠠᠶᠢᠷ᠎ᠠ ᠬᠠᠯᠠᠮᠵᠢ ᠶᠢᠨ ᠬᠠᠮ ᠲᠡᠯᠭᠡᠬᠦᠷ ᠲᠤ ᠶᠡᠷᠦᠩᠭᠡᠢ ᠱᠦᠵᠢ ᠲᠤᠰᠬᠤᠨ ᠤ ᠬᠠᠮᠢᠶᠠᠷᠤᠯᠳᠠ ᠡᠮᠬᠢ ᠲᠢᠭᠯᠢᠮ ᠲᠠᠢ᠂ | ᠲᠤᠰᠬᠤᠨ ᠤ ᠠᠷᠠᠳ ᠤᠨ ᠠᠮᠢᠳᠤᠷᠠᠯ ᠵᠤᠯ ᠵᠢᠷᠭᠠᠯ ᠲᠠᠢ ᠪᠠᠶᠢᠬᠤ ᠶᠢ ᠬᠠᠷᠠᠭᠠᠳ ᠰᠡᠳᠬᠢᠯ ᠦᠨᠳᠦᠷ ᠪᠠᠶᠢᠯ᠎ᠠ᠃ | ᠰᠢ ᠶᠢᠨ ᠫᠢᠩ ᠵᠢᠭᠠᠵᠤ ᠭᠠᠷᠭᠠᠭᠰᠠᠨ ᠨᠢ᠂ ᠠᠵᠤ ᠦᠢᠯᠡᠰ ᠪᠤᠯ ᠬᠦᠭᠵᠢᠯᠳᠡ ᠶᠢᠨ ᠦᠨᠳᠦᠰᠦ ᠰᠠᠭᠤᠷᠢ ᠮᠦᠨ᠂ | ᠠᠵᠤ ᠦᠢᠯᠡᠰ ᠬᠦᠭᠵᠢᠪᠡᠯ ᠨᠤᠳᠤᠭ ᠤᠨ ᠠᠬ᠎ᠠ ᠲᠡᠭᠦᠤ ᠨᠠᠷ ᠤᠨ ᠤᠷᠤᠯᠭ᠎ᠠ ᠰᠠᠶ᠋ᠢ ᠲᠤᠭᠳᠠᠭᠤᠨ ᠢᠶᠠᠷ ᠨᠡᠮᠡᠭᠳᠡᠵᠦ | ᠴᠢᠳᠠᠨ᠎ᠠ᠃ ᠭᠠᠵᠠᠷ ᠤᠷᠤᠨ ᠤ ᠤᠨᠴᠠᠯᠢᠭ ᠲᠤ ᠪᠠᠨ ᠲᠤᠬᠢᠷᠠᠭᠤᠯᠤᠨ ᠲᠤᠰᠬᠤᠨ ᠤ ᠪᠠᠶᠢᠳᠠᠯ ᠢᠶᠠᠨ ᠦᠨᠳᠦᠰᠦᠯᠡᠵᠤ | ᠠᠷᠭ᠎ᠠ ᠪᠤᠳᠤᠯᠭ᠎ᠠ ᠬᠡᠷᠡᠭᠵᠢᠬᠦᠯᠬᠦ ᠬᠡᠷᠡᠭᠳᠡᠢ᠃ ᠲᠠᠷᠢᠶᠠᠯᠠᠬᠤ ᠳᠤ ᠲᠤᠬᠢᠷᠠᠮᠵᠢᠳᠠᠢ ᠪᠤᠯ ᠲᠠᠷᠢᠵᠤ ᠤᠷᠭᠤᠭᠤᠯᠤᠨ᠂ | ᠮᠠᠯᠵᠢᠬᠤ ᠳᠤ ᠲᠤᠬᠢᠷᠠᠮᠵᠢᠳᠠᠢ ᠪᠤᠯ ᠲᠡᠵᠢᠭᠡᠨ ᠦᠷᠡᠵᠢᠬᠦᠯᠵᠦ᠂ ᠤᠢᠢᠵᠢᠭᠤᠯᠬᠤ ᠳᠤ ᠲᠤᠬᠢᠷᠠᠮᠵᠢᠳᠠᠢ ᠪᠤᠯ | ᠤᠢᠢᠵᠢᠭᠤᠯᠤᠨ ᠨᠤᠭᠤᠭᠠᠷᠠᠭᠤᠯᠵᠤ᠂ ᠠᠵᠤ ᠦᠢᠯᠡᠰ ᠤᠨ ᠬᠦᠭᠵᠢᠯᠳᠡ ᠶᠢ ᠲᠠᠷᠢᠶᠠᠴᠢᠳ ᠤᠨ ᠤᠷᠤᠯᠭ᠎ᠠ ᠶᠢᠨ | ᠨᠡᠮᠡᠭᠳᠡᠯ ᠢ ᠠᠬᠢᠭᠤᠯᠬᠤ ᠲᠡᠭᠡᠷ᠎ᠡ ᠨᠠᠶᠢᠳᠠᠪᠤᠷᠢᠵᠢᠭᠤᠯᠬᠤ ᠬᠡᠷᠡᠭᠳᠡᠢ᠃ ᠬᠦᠳᠡᠭᠡ ᠲᠤᠰᠬᠤᠨ ᠤ ᠦᠨᠳᠦᠰᠦᠨ ᠱᠠᠳᠤᠨ ᠤ | ᠨᠠᠮ ᠤᠨ ᠡᠬᠦᠷ ᠢ ᠪᠠᠶᠢᠭᠤᠯᠵᠤ ᠬᠦᠴᠦᠷᠭᠡᠭᠵᠢᠬᠦᠯᠦᠨ᠂ ᠰᠢᠶᠠᠩ ᠪᠠᠯᠭᠠᠰᠤ ᠪᠠ ᠲᠤᠰᠬᠤᠨ ᠤ ᠬᠢᠨ ᠤ ᠲᠠᠷᠢᠶᠠᠴᠢᠨ | ᠪᠤᠯᠤᠨ ᠬᠦᠳᠡᠭᠡ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ ᠭᠡᠵᠡᠢ᠃ | | | | | | | | 15 ᠤ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠤᠯᠠᠭᠠᠨᠬᠠᠳᠠ ᠬᠤᠲᠠ ᠶᠢᠨ ᠬᠠᠷᠠᠴᠢᠨ | ᠬᠤᠰᠢᠭᠤᠨ ᠤ ᠾᠧ ᠨᠠᠨ ᠵᠡᠭᠡᠯᠢ ᠶᠢᠨ ᠡᠮᠡᠭᠡᠯ ᠠᠭᠤᠯᠠ ᠲᠤᠰᠬᠤᠨ ᠤ ᠨᠠᠮ ᠤᠨ ᠭᠡᠰᠢᠭᠦᠨ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠲᠡᠨ ᠤ ᠪᠦᠯᠭᠦᠮᠳᠡᠯ ᠪᠠ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠵᠤ ᠪᠠᠶᠢᠬᠤ ᠪᠠᠶᠢᠳᠠᠯ ᠢ ᠣᠶᠢᠯᠠᠭᠠᠵᠤ ᠪᠠᠶᠢᠭ᠎ᠠ ᠨᠢ᠃ ᠡᠮᠡᠭᠡᠯ | ᠠᠭᠤᠯᠠ ᠲᠤᠰᠬᠤᠨ ᠳᠤ ᠬᠢᠳᠡᠳ᠂ ᠮᠤᠩᠭᠤᠯ᠂ ᠮᠠᠨᠵᠦ ᠵᠡᠷᠭᠡ ᠤᠯᠠᠨ ᠦᠨᠳᠦᠰᠦᠳᠡᠨ ᠤ ᠤᠯᠠᠨ ᠲᠦᠮᠡᠨ ᠲᠦᠪᠯᠡᠷᠡᠨ | ᠰᠠᠭᠤᠷᠢᠰᠢᠵᠦ ᠪᠤᠢ᠃ ᠰᠢ ᠶᠢᠨ ᠫᠢᠩ ᠲᠦᠷᠪᠡᠨ ᠦᠶ᠎ᠡ ᠪᠠᠷ ᠢᠶᠠᠨ ᠬᠠᠮᠳᠤ ᠠᠮᠢᠳᠤᠷᠠᠵᠦ ᠪᠠᠶᠢᠭ᠎ᠠ ︽ᠤᠯᠠᠨ | ᠦᠨᠳᠦᠰᠦᠳᠡᠨ ᠤ ᠭᠡᠷ ᠪᠦᠯᠢ︾ ᠪᠤᠯᠬᠤ ᠲᠤᠰᠬᠤᠨ ᠤ ᠠᠷᠠᠳ ᠵᠠᠩ ᠬᠦᠸᠧ ᠯᠢ ᠶᠢᠨ ᠭᠡᠷ ᠲᠤ ᠬᠦᠷᠴᠤ ᠢᠷᠡᠪᠡ᠃ | ᠵᠢᠵᠢᠭᠬᠡᠨ ᠬᠦᠷᠢᠶ᠎ᠠ ᠬᠠᠰᠢᠶᠠᠨ ᠳᠤ ᠨᠢ ᠤᠷᠠᠨ ᠪᠤᠯᠵᠤᠮᠤᠷ ᠵᠢᠷᠬᠢᠵᠦ ᠦᠩᠭᠡ ᠶᠢᠨ ᠴᠡᠴᠡᠭ ᠲᠡᠯᠭᠡᠷᠡᠨ᠂ ᠸᠠᠭᠠᠷ ᠤᠨ | ᠪᠠᠶᠢᠰᠢᠩ ᠴᠡᠪᠡᠷ ᠲᠤᠬᠢᠯᠢᠬ ᠠᠭᠤᠵᠢᠮ ᠰᠠᠷᠠᠭᠤᠯᠬᠠᠨ᠃ ᠵᠠᠩ ᠬᠦᠸᠧ ᠯᠢ ᠶᠢᠨ ᠡᠵᠢ ᠨᠢ ᠡᠨᠡ ᠵᠢᠯ 86 ᠨᠠᠰᠤᠳᠠᠢ᠂ | ᠡᠷᠡᠬᠦᠯ ᠲᠡᠩᠬᠡᠯᠡᠬᠦᠨ ᠪᠦᠭᠡᠳ ᠴᠤᠭ ᠵᠢᠪᠬᠤᠭ᠎ᠠ ᠲᠡᠬᠦᠯᠳᠡᠷ ᠪᠠᠶᠢᠭᠰᠠᠭᠠᠷ᠃ ᠶᠡᠷᠦᠩᠬᠡᠢ ᠱᠦᠵᠢ ᠲᠡᠬᠦᠨ ᠤ ᠭᠠᠷ ᠢ | ᠠᠳᠬᠤᠨ ᠲᠤᠳᠤᠨᠤᠰᠤᠭ ᠢᠶᠠᠷ ᠮᠡᠨᠳᠦᠴᠢᠯᠡᠪᠡ᠃ ᠰᠢ ᠶᠢᠨ ᠫᠢᠩ ᠬᠦᠷᠢᠶ᠎ᠠ ᠬᠠᠰᠢᠶ᠎ᠠ᠂ ᠵᠤᠴᠢᠯᠠᠬᠤ ᠦᠷᠦᠭᠡ᠂ | ᠤᠨᠳᠠᠬᠤ ᠦᠷᠦᠭᠡ᠂ ᠲᠤᠭᠤᠭᠠᠨ ᠭᠡᠷ᠂ ᠵᠤᠷᠯᠤᠩ ᠵᠡᠷᠭᠡ ᠶᠢ ᠨᠢ ᠪᠠᠶᠢᠴᠠᠭᠠᠨ ᠦᠵᠡᠪᠡ᠃ ᠰᠢ ᠶᠢᠨ ᠫᠢᠩ ᠵᠢᠭᠠᠵᠤ | ᠭᠠᠷᠭᠠᠭᠰᠠᠨ ᠨᠢ᠂ ᠬᠦᠳᠡᠭᠡ ᠲᠤᠰᠬᠤᠨ ᠬᠦᠭᠵᠢᠨ ᠮᠠᠨᠳᠤᠵᠤ ᠤᠷᠴᠢᠨ ᠲᠤᠭᠤᠷᠢᠨ ᠰᠠᠶᠢᠵᠢᠷᠠᠯ᠎ᠠ᠂ ᠬᠦᠳᠡᠭᠡ | ᠲᠤᠰᠬᠤᠨ ᠤ ᠠᠮᠢᠳᠤᠷᠠᠯ ᠶᠠᠪᠤᠬᠤ ᠲᠤᠳᠤᠮ ᠰᠠᠶᠢᠵᠢᠷᠠᠪᠠ᠃ ᠬᠦᠳᠡᠭᠡ ᠲᠤᠰᠬᠤᠨ ᠤ ᠤᠯᠠᠨ ᠨᠡᠶᠢᠳᠡ ᠶᠢᠨ ᠰᠠᠭᠤᠷᠢ | ᠪᠡᠯᠡᠳᠬᠡᠮᠵᠢ ᠶᠢ ᠦᠷᠬᠦᠯᠵᠢᠯᠡᠨ ᠲᠡᠬᠦᠯᠳᠡᠷᠵᠢᠬᠦᠯᠵᠦ᠂ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ | ᠲᠤᠭᠤᠷᠢᠨ ᠢ ᠰᠠᠶᠢᠵᠢᠷᠠᠭᠤᠯᠵᠤ᠂ ᠬᠤᠭ ᠨᠤᠪᠰᠢ ᠪᠤᠬᠢᠷ ᠤᠰᠤᠨ ᠤ ᠵᠠᠰᠠᠯᠳᠠ᠂ ᠵᠤᠷᠯᠤᠩ ᠤᠨ ᠬᠤᠪᠢᠰᠬᠠᠯ᠂ | ᠬᠦᠳᠡᠭᠡ ᠲᠤᠰᠬᠤᠨ ᠤ ᠲᠦᠷᠰᠦ ᠪᠠᠶᠢᠳᠠᠯ ᠤᠨ ᠰᠠᠶᠢᠵᠢᠷᠠᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠬᠢᠵᠦ᠂ | ᠬᠦᠳᠡᠭᠡ ᠲᠤᠰᠬᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠭᠡᠷᠡᠭᠳᠡᠢ ᠭᠡᠵᠡᠢ᠃ | ᠤᠯᠠᠭᠠᠨᠬᠠᠳᠠ ᠬᠤᠳᠠ ᠠᠴᠠ ᠬᠦᠷᠦᠯᠴᠡᠨ ᠢᠷᠡᠭᠰᠡᠨ ᠺᠠᠳ᠋ᠷ ᠤᠯᠠᠨ ᠲᠦᠮᠡᠨ ᠤ 10 ᠲᠦᠯᠦᠭᠡᠯᠡᠭᠴᠢ ᠴᠤ | ᠲᠠᠷᠢᠶᠠᠴᠢᠨ ᠠᠶᠢᠯ ᠳᠤ ᠬᠦᠷᠦᠯᠴᠡᠨ ᠢᠷᠡᠵᠦ᠂ ᠶᠡᠷᠦᠩᠬᠡᠢ ᠱᠦᠵᠢ ᠲᠡᠳᠡᠨ ᠲᠠᠢ ᠶᠠᠷᠢᠯᠴᠠᠵᠤ ᠪᠤᠳᠤᠯ ᠰᠠᠨᠠᠯ ᠢᠶᠠᠨ | ᠰᠤᠯᠢᠯᠴᠠᠪᠠ᠃ ᠰᠦᠩᠱᠠᠨ ᠲᠤᠭᠤᠷᠢᠬ ᠤᠨ ᠶᠡᠭᠡ ᠰᠦᠮ᠎ᠠ ᠪᠠᠯᠭᠠᠰᠤ ᠶᠢᠨ ᠪᠠᠭ᠎ᠠ ᠰᠦᠮ᠎ᠡ ᠲᠤᠰᠬᠤᠨ ᠤ ᠨᠠᠮ ᠤᠨ | ᠡᠬᠦᠷ ᠤᠨ ᠱᠦᠵᠢ ᠵᠤᠤ ᠬᠤᠢ ᠵᠢᠶᠧ ᠨᠢᠳᠤᠨᠤᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ | ᠶᠡᠷᠦᠩᠬᠡᠢ ᠱᠦᠵᠢ ᠶᠢ ᠲᠤᠰᠬᠤᠨ ᠳᠤ ᠪᠠᠨ ᠤᠷᠢᠬᠰᠠᠨ ᠶᠤᠮ᠂ ᠡᠨᠡ ᠤᠳᠠᠭ᠎ᠠ ᠶᠡᠷᠦᠩᠬᠡᠢ ᠱᠦᠵᠢ ᠲᠡᠬᠦᠨ ᠢ | ᠲᠤᠰᠬᠠᠢᠢᠯᠠᠨ ᠡᠮᠡᠭᠡᠯ ᠠᠭᠤᠯᠠ ᠪᠠᠯᠭᠠᠰᠤᠨ ᠳᠤ ᠢᠷᠡᠬᠦᠯᠦᠨ ᠠᠭᠤᠯᠵᠠᠪᠠ᠃ ᠰᠢ ᠶᠢᠨ ᠫᠢᠩ᠂ ᠲᠠᠨ ᠤ ᠤᠷᠢᠯᠭ᠎ᠠ ᠶᠢ | ᠪᠢ ᠶᠡᠷᠦ ᠨᠢ ᠴᠡᠭᠡᠵᠢᠯᠡᠭᠰᠡᠭᠡᠷ᠂ ᠡᠨᠡ ᠡᠳᠦᠷ ᠪᠢ ᠪᠤᠯᠵᠤᠭ᠎ᠠ ᠪᠠᠨ ᠬᠦᠢᠴᠡᠳᠭᠡᠨ ᠬᠦᠷᠴᠦ ᠢᠷᠡᠭᠰᠡᠨ ᠨᠢ | ᠲᠤᠬᠠᠢ ᠶᠢᠨ ᠭᠠᠵᠠᠷ ᠤᠨ ᠬᠦᠳᠡᠭᠡ ᠲᠤᠰᠬᠤᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ | ᠤᠢᠢᠯᠠᠭᠠᠨ ᠦᠵᠡᠬᠦ ᠭᠡᠰᠡᠨ ᠶᠤᠮ ᠭᠡᠵᠦ ᠲᠡᠬᠦᠨ ᠳᠤ ᠪᠠᠶᠠᠷᠳᠡᠢ ᠶᠠᠷᠢᠪᠠ᠃ ᠤᠯᠠᠨ ᠢᠶᠠᠷ ᠢᠶᠠᠨ ᠢᠳᠡᠪᠬᠢᠳᠡᠢ | ᠶᠠᠷᠢᠵᠠᠭᠠᠵᠤ᠂ ᠦᠪᠡᠷ ᠤᠨ ᠲᠤᠰᠬᠤᠨ ᠤ ᠪᠠᠨ ᠰᠢᠨ᠎ᠠ ᠬᠤᠪᠢᠷᠠᠯᠳᠠ ᠶᠢ ᠶᠡᠷᠦᠩᠬᠡᠢ ᠱᠦᠵᠢ ᠳᠤ ᠪᠤᠯᠢᠶᠠᠯᠴᠠᠨ | ᠬᠠᠷᠢᠭᠤ ᠮᠡᠳᠡᠬᠦᠯᠵᠡᠭᠡᠯᠡ᠃ ᠰᠢ ᠶᠢᠨ ᠫᠢᠩ ᠵᠢᠭᠠᠵᠤ ᠭᠠᠷᠭᠠᠭᠰᠠᠨ ᠨᠢ᠂ ᠰᠢᠨ᠎ᠠ ᠲᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠲᠤᠷᠰᠢ᠂ ᠮᠠᠨ ᠤ ᠤᠯᠤᠰ ᠤᠨ ᠬᠤᠳᠠ ᠬᠦᠳᠡᠭᠡ ᠶᠢᠨ ᠲᠦᠷᠰᠦ ᠪᠠᠶᠢᠳᠠᠯ ᠳᠤ | ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠳᠠ ᠭᠠᠷᠴᠤ᠂ ᠡᠭᠡᠯ ᠠᠷᠠᠳ ᠤᠨ ᠠᠮᠢᠳᠤᠷᠠᠯ ᠲᠠᠰᠤᠷᠠᠯᠳᠠ ᠦᠭᠡᠢ | ᠰᠠᠶᠢᠵᠢᠷᠠᠪᠠ᠂ ᠡᠨᠡ ᠨᠢ ᠮᠠᠨ ᠤ ᠵᠠᠮᠨᠠᠵᠤ ᠪᠠᠶᠢᠭ᠎ᠠ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠡᠨᠡ | ᠬᠦ ᠵᠠᠮ ᠵᠦᠪ ᠤᠨᠤᠪᠴᠢᠳᠠᠢ ᠪᠤᠯᠬᠤ ᠶᠢ ᠬᠦᠢᠴᠡᠳ ᠭᠡᠷᠡᠴᠢᠯᠡᠵᠠᠢ᠃ ᠲᠤᠮᠳᠠᠳᠤ ᠤᠯᠤᠰ ᠤᠨ ᠡᠪ ᠬᠠᠮᠳᠤ ᠨᠠᠮ | ᠠᠷᠠᠳ ᠲᠦᠮᠡᠨ ᠤ ᠬᠦᠷᠢᠶᠡᠯᠡᠯ ᠪᠠ ᠲᠡᠮᠵᠢᠯᠭᠡ ᠶᠢ ᠤᠯᠤᠬᠰᠠᠨ ᠨᠢ ᠲᠠᠷᠤᠢ ᠮᠠᠨ ᠤ ᠨᠠᠮ ᠲᠤᠮᠳᠠᠳᠤ ᠤᠯᠤᠰ ᠤᠨ | ᠠᠷᠠᠳ ᠲᠦᠮᠡᠨ ᠳᠤ ᠵᠤᠯ ᠵᠢᠷᠭᠠᠯ ᠡᠳ᠋ᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠰᠡᠷᠬᠦᠨ ᠮᠠᠨᠳᠤᠯᠳᠠ ᠶᠢ | ᠪᠡᠶᠡᠯᠡᠬᠦᠯᠬᠦ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠪᠠᠨ ᠢᠮᠠᠬᠳᠠ ᠪᠠᠷᠢᠮᠳᠠᠯᠠᠬᠰᠠᠭᠠᠷ ᠢᠷᠡᠭᠰᠡᠨ ᠳᠤ ᠪᠠᠶᠢᠭ᠎ᠠ | ᠶᠤᠮ᠃ ᠮᠠᠨ ᠤ ᠨᠠᠮ 9000 ᠭᠠᠷᠤᠢ ᠲᠦᠮᠡᠨ ᠨᠠᠮ ᠤᠨ ᠭᠡᠰᠢᠬᠦᠨ ᠪᠠ 400 ᠭᠠᠷᠤᠢ ᠲᠦᠮᠡᠨ ᠦᠨᠳᠦᠰᠦᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠲᠠᠢ ᠶᠤᠮ᠂ ᠴᠠᠭ ᠢᠮᠠᠭᠳᠠ ᠤᠭ ᠰᠠᠨᠠᠭ᠎ᠠ ᠪᠠᠨ ᠰᠠᠬᠢᠨ ᠡᠬᠦᠷᠭᠡ | ᠬᠠᠷᠢᠭᠤᠴᠠᠯᠭ᠎ᠠ ᠪᠠᠨ ᠡᠬᠦᠷᠭᠡᠯᠡᠪᠡᠯ ᠰᠢᠪᠳᠤᠯᠵᠦ ᠲᠡᠶᠢᠯᠬᠦ ᠦᠭᠡᠢ ᠪᠡᠷᠬᠡ ᠪᠤᠭᠤᠮᠳᠠ ᠭᠡᠮᠠᠨ ᠠᠯᠠᠭ᠎ᠠ ᠶᠤᠮ᠃ ︽ᠤᠭ | ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠢ | ᠦᠷᠨᠢᠬᠦᠯᠵᠤ ᠪᠠᠶᠢᠭ᠎ᠠ ᠨᠢ ᠲᠠᠷᠤᠢ ᠲᠤᠮᠳᠠᠳᠤ ᠤᠯᠤᠰ ᠤᠨ ᠡᠪ ᠬᠠᠮᠳᠤ ᠨᠠᠮ ᠢᠮᠠᠬᠳᠠ ᠲᠤᠮᠳᠠᠳᠤ ᠤᠯᠤᠰ ᠤᠨ | ᠠᠷᠠᠳ ᠲᠦᠮᠡᠨ ᠳᠤ ᠵᠤᠯ ᠵᠢᠷᠭᠠᠯ ᠡᠳ᠋ᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠰᠡᠷᠬᠦᠨ ᠮᠠᠨᠳᠤᠯᠳᠠ ᠶᠢ | ᠪᠡᠶᠡᠯᠡᠬᠦᠯᠬᠦ ᠶᠢᠨ ᠲᠦᠯᠦᠭᠡ ᠶᠤᠮ᠃ ᠭᠠᠭᠴᠠ ᠬᠦ ᠡᠶᠢᠮᠦ ᠪᠠᠶᠢᠪᠠᠯ᠂ ᠮᠠᠨ ᠤ ᠨᠠᠮ ᠰᠠᠶ᠋ᠢ ᠤᠷᠳᠤ ᠬᠤᠭᠤᠴᠠᠭ᠎ᠠ ᠪᠠᠷ | ᠲᠦᠷᠦ ᠪᠠᠷᠢᠵᠦ᠂ ᠤᠯᠤᠰ ᠭᠡᠷ ᠰᠠᠶ᠋ᠢ ᠦᠨᠢ ᠤᠳᠠᠭᠠᠨ ᠠᠮᠤᠷ ᠲᠤᠭᠳᠠᠭᠤᠨ ᠪᠠᠶᠢᠵᠤ᠂ ᠡᠭᠡᠯ ᠠᠷᠠᠳ ᠤᠨ ᠠᠮᠢᠳᠤᠷᠠᠯ | ᠰᠠᠶ᠋ᠢ ᠨᠡᠩ ᠵᠤᠯ ᠵᠢᠷᠭᠠᠯ ᠲᠠᠢ ᠪᠤᠯᠵᠤ ᠲᠡᠶᠢᠯᠦᠨ᠎ᠡ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠨᠢᠭᠡ | ᠦᠨᠳᠦᠰᠦᠳᠡᠨ ᠢ ᠴᠤ ᠡᠩᠨᠡᠭᠡ ᠠᠴᠠ ᠪᠠᠨ ᠬᠤᠴᠤᠷᠤᠭᠤᠯᠵᠦ ᠪᠤᠯᠬᠤ ᠦᠭᠡᠢ︔ ᠲᠤᠮᠳᠠᠳᠤ ᠶᠢᠨ ᠦᠨᠳᠦᠰᠦᠳᠡᠨ ᠤ | ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ ᠨᠢᠭᠡ ᠦᠨᠳᠦᠰᠦᠳᠡᠨ ᠢ ᠴᠤ ᠡᠩᠨᠡᠭᠡ ᠠᠴᠠ ᠪᠠᠨ | ᠬᠤᠴᠤᠷᠤᠭᠤᠯᠵᠦ ᠪᠤᠯᠬᠤ ᠦᠭᠡᠢ᠃ ᠡᠪ ᠬᠠᠮᠳᠤ ᠨᠠᠮ ᠭᠡᠯᠡᠪᠡᠯ ᠬᠢᠵᠦ ᠲᠡᠶᠢᠯᠬᠦ ᠪᠦᠭᠡᠳ ᠡᠷᠭᠡᠪᠰᠢ ᠬᠢᠵᠦ ᠲᠡᠶᠢᠯᠬᠦ | ᠭᠡᠷᠡᠭᠳᠡᠢ᠃ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠪᠤᠯ ᠮᠠᠨ ᠤ ᠤᠯᠤᠰ ᠤᠨ ᠦᠨᠳᠦᠰᠦᠨ | ᠤᠯᠤᠰ ᠲᠦᠷᠦ ᠶᠢᠨ ᠪᠠᠶᠢᠭᠤᠯᠤᠯ ᠮᠦᠨ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ | ᠤᠨᠤᠯ ᠪᠠ ᠦᠢᠯᠡᠳᠦᠯᠭᠡ ᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠡᠭᠨᠡᠨ᠂ ᠡᠨᠡ ᠬᠦ ᠪᠠᠶᠢᠭᠤᠯᠤᠯ ᠢ ᠢᠮᠠᠬᠳᠠ | ᠪᠠᠷᠢᠮᠳᠠᠯᠠᠨ ᠲᠡᠬᠦᠯᠳᠡᠷᠵᠢᠬᠦᠯᠵᠤ᠂ ᠦᠨᠳᠦᠰᠦᠳᠡᠨ ᠤ ᠪᠦᠯᠬᠦᠮᠳᠡᠯ ᠠᠭᠤᠰᠤᠯᠴᠠᠯ ᠢ ᠠᠬᠢᠭᠤᠯᠤᠨ᠂ ᠡᠯ᠎ᠠ | ᠦᠨᠳᠦᠰᠦᠳᠡᠨ ᠠᠨᠠᠷ ᠤᠨ ᠮᠦᠬᠦᠯᠢᠭ ᠰᠢᠭ ᠨᠢᠭᠳᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠡᠢ᠃ | ᠵᠠᠩ ᠭᠦᠸᠧ ᠯᠢ ᠶᠢᠨ ᠭᠡᠷ ᠠᠴᠠ ᠠᠶᠠᠷᠯᠠᠬᠤ ᠦᠶᠡᠰ ᠨᠤᠳᠤᠭ ᠤᠨ ᠠᠬ᠎ᠠ ᠲᠡᠭᠦᠤ ᠨᠠᠷ ᠵᠠᠮ ᠤᠨ | ᠬᠠᠵᠠᠭᠤ ᠪᠠᠷ ᠵᠤᠭᠰᠤᠨ ᠬᠦᠯᠢᠶᠡᠵᠡᠭᠡᠨᠠ᠂ ᠰᠢ ᠶᠢᠨ ᠫᠢᠩ ᠢᠨᠢᠶᠡᠮᠰᠦᠭᠯᠡᠭᠰᠡᠭᠡᠷ ᠤᠯᠠᠨ ᠲᠠᠢ ᠭᠠᠷ ᠠᠳᠬᠤᠨ | ᠠᠶᠠᠷᠯᠠᠪᠠ᠃ | | | | | | | | | | | 16 ᠤ ᠡᠳᠦᠷ ᠤᠨ ᠦᠳᠡ ᠶᠢᠨ ᠡᠮᠤᠨ᠎ᠠ᠂ ᠰᠢ ᠶᠢᠨ ᠫᠢᠩ ᠬᠦᠬᠡᠬᠤᠳᠠ ᠳᠤ ᠰᠢᠨᠵᠢᠯᠡᠨ ᠪᠠᠶᠢᠴᠠᠭᠠᠵᠤ᠂ | ᠡᠩ ᠲᠠᠷᠢᠬᠦᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠬᠦᠷᠴᠤ ᠢᠷᠡᠪᠡ᠃ ᠮᠠᠨ ᠤ ᠨᠠᠮ ᠤᠨ | ᠦᠨᠳᠦᠰᠦᠳᠡᠨ ᠤ ᠭᠠᠵᠠᠷ ᠤᠷᠤᠨ ᠳᠤ ᠪᠠᠶᠢᠭᠤᠯᠤᠭᠰᠠᠨ ᠠᠩᠬᠠᠲᠠᠭᠴᠢ ᠶᠡᠷᠦᠩᠭᠡᠶᠢᠯᠡᠭᠰᠡᠨ ᠴᠢᠨᠠᠷᠳᠠᠢ ᠶᠡᠭᠡ | ᠰᠤᠷᠭᠠᠭᠤᠯᠢ ᠪᠤᠯᠤᠭᠰᠠᠨ ᠤ ᠬᠤᠪᠢ ᠳᠤ᠂ ᠦᠨᠳᠦᠰᠦᠳᠡᠨ ᠤ ᠭᠠᠵᠠᠷ ᠤᠷᠤᠨ ᠤ ᠴᠢᠳᠠᠪᠤᠷᠢᠳᠠᠨ ᠢ ᠬᠦᠮᠦᠵᠢᠭᠦᠯᠬᠦ | ᠪᠤᠯᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠤᠪᠢ ᠨᠡᠮᠡᠷᠢ ᠦᠵᠡᠬᠦᠯᠵᠡᠢ᠃ ᠨᠤᠮ ᠤᠨ ᠰᠠᠩ ᠳᠤ᠂ | ᠰᠢ ᠶᠢᠨ ᠫᠢᠩ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠬᠦᠭᠵᠢᠯᠳᠡ᠂ ᠵᠢᠭᠠᠨ ᠰᠤᠷᠭᠠᠯᠳᠠ ᠰᠢᠨᠵᠢᠯᠡᠭᠡᠨ | ᠰᠤᠳᠤᠯᠭᠠᠨ᠂ ᠴᠢᠳᠠᠪᠤᠷᠢᠳᠠᠨ ᠢ ᠬᠦᠮᠦᠵᠢᠭᠦᠯᠬᠦ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠳᠠ ᠵᠡᠷᠭᠡ | ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠤ᠂ ᠮᠤᠩᠭᠤᠯ ᠬᠡᠯᠡ ᠤᠳᠬ᠎ᠠ ᠵᠤᠬᠢᠶᠠᠯ ᠤᠨ ᠲᠡᠤᠭᠡᠨ ᠦᠷ᠎ᠠ | ᠪᠦᠳᠦᠭᠡᠯ ᠤᠨ ᠨᠤᠮ ᠪᠢᠴᠢᠭ ᠤᠨ ᠲᠡᠯᠭᠡᠨ ᠦᠵᠡᠭᠦᠯᠭᠡ ᠶᠢ ᠪᠠᠶᠢᠴᠠᠭᠠᠨ ᠦᠵᠡᠪᠡ᠃ ᠮᠤᠩᠭᠤᠯ ᠬᠡᠯᠡᠨ ᠤ ᠡᠷᠳᠡᠨ ᠤ | ᠨᠤᠮ ᠰᠤᠳᠤᠷ ᠢ ᠲᠡᠯᠭᠡᠨ ᠦᠵᠡᠭᠦᠯᠬᠦ ᠤᠡᠭᠰᠢᠯᠭ᠎ᠠ ᠶᠢᠨ ᠦᠷᠦᠭᠡᠨ ᠳᠤ ᠤᠯᠠᠨ ᠠᠷᠪᠢᠨ ᠲᠡᠤᠭᠡ ᠰᠤᠶᠤᠯ ᠤᠨ | ᠰᠤᠳᠤᠷ ᠪᠢᠴᠢᠭ ᠢ ᠬᠤᠷᠢᠶᠠᠨ ᠬᠠᠳᠠᠭᠠᠯᠠᠵᠤ᠂ ᠮᠤᠩᠭᠤᠯ ᠦᠨᠳᠦᠰᠦᠳᠡᠨ ᠤ ᠰᠤᠶᠤᠯ ᠪᠠ ᠪᠤᠰᠤᠳ ᠦᠨᠳᠦᠰᠦᠳᠡᠨ ᠤ | ᠰᠤᠶᠤᠯ ᠤᠨ ᠠᠭᠤᠰᠤᠯᠴᠠᠨ ᠬᠦᠭᠵᠢᠭᠰᠡᠨ ᠲᠡᠤᠭᠡ ᠶᠢ ᠲᠡᠮᠳᠡᠭᠯᠡᠵᠦ ᠪᠠᠶᠢᠭ᠎ᠠ ᠠᠵᠢ᠃ ᠰᠢ ᠶᠢᠨ ᠫᠢᠩ ᠲᠠᠶᠢᠯᠪᠤᠷᠢᠯᠠᠨ | ᠶᠠᠷᠢᠬᠤ ᠶᠢ ᠨᠠᠷᠢᠨ ᠬᠢᠨᠠᠮᠠᠭᠠᠢ ᠰᠤᠨᠤᠰᠴᠤ᠂ ᠪᠠᠶᠢᠨ ᠪᠠᠶᠢᠨ ᠵᠤᠭᠰᠤᠰᠬᠢᠨ ᠨᠠᠷᠢᠨ ᠨᠢᠮᠪᠠᠢ ᠯᠠᠪᠯᠠᠨ ᠦᠵᠡᠨ᠎ᠠ᠃ | ᠰᠢ ᠶᠢᠨ ᠫᠢᠩ ᠴᠢᠬᠤᠯᠠᠴᠢᠯᠠᠭᠰᠠᠨ ᠨᠢ᠂ ᠮᠤᠩᠭᠤᠯ ᠬᠡᠯᠡᠨ ᠤ ᠡᠷᠳᠡᠨ ᠤ ᠰᠤᠳᠤᠷ ᠪᠢᠴᠢᠭ ᠢ ᠡᠷᠢᠵᠤ ᠴᠤᠭᠯᠠᠭᠤᠯᠬᠤ᠂ | ᠡᠮᠬᠢᠯᠡᠵᠤ ᠬᠠᠮᠠᠭᠠᠯᠠᠬᠤ ᠶᠢ ᠴᠢᠩᠭᠠᠳᠬᠠᠨ᠂ ᠲᠡᠭᠦᠨ ᠤ ᠲᠤᠳᠤᠷ᠎ᠠ ᠠᠭᠤᠯᠤᠭᠳᠠᠵᠤ ᠪᠦᠬᠦᠢ ᠦᠨᠳᠦᠰᠦᠳᠡᠨ ᠤ | ᠪᠦᠯᠭᠦᠮᠳᠡᠯ ᠲᠠᠪᠰᠢᠯᠳᠠ ᠶᠢᠨ ᠦᠵᠡᠯ ᠰᠠᠨᠠᠭᠠᠨ ᠤ ᠲᠤᠳᠤᠭᠠᠳᠤ ᠠᠭᠤᠯᠬᠤᠨ ᠢ ᠠᠭᠤᠳᠠᠯᠤᠨ ᠪᠠᠲᠠᠷᠠᠭᠤᠯᠵᠤ᠂ | ᠦᠨᠳᠦᠰᠦᠳᠡᠨ ᠨᠦᠭᠦᠳ ᠤᠨ ᠠᠷᠠᠳ ᠲᠦᠮᠡᠨ ᠬᠠᠮᠳᠤ ᠪᠠᠷ ᠪᠦᠯᠬᠦᠮᠳᠡᠨ ᠲᠡᠮᠡᠴᠡᠬᠦ᠂ ᠬᠠᠮᠳᠤ ᠪᠠᠷ ᠴᠡᠴᠡᠭᠯᠡᠨ | ᠬᠦᠭᠵᠢᠬᠦ ᠶᠢ ᠤᠷᠮᠠᠰᠢᠭᠤᠯᠤᠨ ᠵᠤᠷᠢᠭᠵᠢᠭᠤᠯᠬᠤ ᠬᠡᠷᠡᠭᠳᠡᠢ ᠭᠡᠵᠡᠢ᠃ ᠵᠤᠨ ᠤ ᠠᠮᠠᠷᠠᠯᠳᠠ ᠶᠢᠨ ᠬᠤᠭᠤᠴᠠᠭ᠎ᠠ | ᠪᠠᠶᠢᠭᠰᠠᠠ ᠴᠤ ᠨᠤᠮ ᠤᠨ ᠰᠠᠩ ᠤᠨ ᠤᠡᠭᠰᠢᠯᠭ᠎ᠠ ᠶᠢᠨ ᠦᠷᠦᠭᠡᠨ ᠳᠤ ᠴᠦᠬᠡᠨ ᠪᠤᠰᠤ ᠤᠶᠤᠳᠠᠨ ᠲᠠᠪᠳᠠᠨ | ᠰᠤᠷᠤᠯᠴᠠᠵᠤ ᠪᠠᠶᠢᠪᠠ᠃ ᠶᠡᠷᠦᠩᠭᠡᠢ ᠱᠦᠵᠢ ᠰᠢ ᠶᠢᠨ ᠫᠢᠩ ᠤᠨ ᠤᠷᠤᠵᠤ ᠢᠷᠡᠬᠦ ᠶᠢ ᠬᠠᠷᠠᠭᠠᠳ ᠤᠯᠠᠨ ᠢᠶᠠᠷ ᠢᠶᠠᠨ | ᠬᠦᠭᠰᠡᠨ ᠪᠠᠶᠠᠷᠯᠠᠵᠤ ᠶᠡᠷᠦᠩᠭᠡᠢ ᠱᠦᠵᠢ ᠶᠢᠨ ᠬᠠᠵᠠᠭᠤ ᠳᠤ ᠪᠦᠭᠡᠮᠨᠡᠷᠡᠨ ᠴᠤᠭᠯᠠᠷᠠᠪᠠ᠃ ᠰᠢ ᠶᠢᠨ ᠫᠢᠩ ᠲᠡᠳᠡᠨ ᠲᠠᠢ | ᠲᠤᠳᠤᠨᠤᠰᠤᠭ ᠢᠶᠠᠷ ᠮᠠᠨᠳᠤᠴᠢᠯᠠᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠨᠢ ᠠᠰᠠᠭᠤᠨ ᠤᠢᠢᠯᠠᠭᠠᠪᠠ᠃ ᠲᠡᠷᠡ | ᠵᠢᠭᠠᠵᠤ ᠭᠠᠷᠭᠠᠭᠰᠠᠨ ᠨᠢ᠂ ᠪᠠᠭᠠᠴᠤᠳ ᠬᠦᠴᠦᠷᠭᠡᠭ ᠪᠤᠯᠪᠠᠰᠦ ᠲᠤᠮᠳᠠᠳᠤ ᠤᠯᠤᠰ ᠰᠠᠶ᠋ᠢ ᠬᠦᠴᠦᠷᠭᠡᠭ ᠪᠤᠯᠤᠮᠤᠢ᠃ | ᠢᠷᠡᠭᠡᠳᠦᠢ ᠶᠢᠨ ᠦᠷᠢᠰᠦᠯᠳᠦᠭᠡᠨ ᠪᠤᠯ ᠵᠠᠯᠠᠭᠤ ᠬᠦᠮᠦᠰ ᠤᠨ ᠦᠷᠢᠰᠦᠯᠳᠦᠭᠡᠨ ᠮᠦᠨ᠂ ᠦᠨᠦᠳᠦᠷ ᠤᠨ ᠵᠠᠯᠠᠭᠤ | ᠬᠦᠮᠦᠰ ᠪᠤᠯ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠭᠤᠤᠯᠯᠠᠭᠴᠢ ᠬᠦᠴᠦᠨ ᠪᠠ | ᠲᠤᠯᠭᠠᠭᠤᠷᠢ ᠬᠦᠴᠦᠨ ᠮᠦᠨ᠃ ᠲᠠ ᠨᠠᠷ ᠠᠯᠤᠰ ᠬᠡᠳᠤ ᠶᠢᠨ ᠬᠦᠰᠡᠯ ᠵᠤᠷᠢᠯᠳᠠ ᠲᠠᠢ ᠮᠦᠷᠳᠡᠬᠡᠨ ᠯᠠᠪᠳᠠᠭᠤᠨ | ᠪᠠᠲᠤᠲᠠᠢ ᠪᠠᠶᠢᠵᠤ᠂ ᠮᠡᠳᠡᠯᠭᠡ ᠮᠡᠷᠬᠡᠵᠢᠯ ᠢ ᠰᠠᠶᠢᠳᠤᠷ ᠰᠤᠷᠴᠦ᠂ ᠰᠠᠭᠤᠷᠢ ᠪᠠᠨ ᠪᠠᠳᠤ ᠲᠠᠯᠪᠢᠨ᠂ ᠴᠢᠳᠠᠪᠤᠷᠢ ᠪᠠᠨ | ᠨᠡᠮᠡᠭᠳᠡᠭᠦᠯᠵᠤ᠂ ᠬᠤᠵᠢᠮ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠡᠨᠳᠤᠯᠳᠠ ᠳᠤ ᠦᠪᠡᠷ ᠤᠨ | ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠳᠡᠢ ᠭᠡᠵᠡᠢ᠃ | | | | | ᠲᠠᠷᠠᠭ᠎ᠠ ᠨᠢ᠂ ᠰᠢ ᠶᠢᠨ ᠫᠢᠩ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠭᠢᠮ ᠳᠤ ᠬᠦᠷᠴᠤ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠤᠨ ︽ᠤᠭ ᠰᠠᠨᠠᠭ᠎ᠠ ᠪᠠᠨ | ᠦᠯᠦ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠢ ᠦᠷᠨᠢᠭᠦᠯᠵᠤ | ᠪᠠᠶᠢᠬᠤ ᠳᠤᠬᠠᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ᠃ ᠲᠡᠷᠡ ᠴᠢᠬᠤᠯᠠᠴᠢᠯᠠᠭᠰᠠᠨ ᠨᠢ᠂ ᠡᠯ᠎ᠠ ᠭᠠᠵᠠᠷ | ᠤᠷᠤᠨ ᠡᠯ᠎ᠠ ᠰᠠᠯᠠᠭ᠎ᠠ ᠮᠦᠴᠢᠷ ᠤᠨ ᠬᠢᠨ ᠭᠤᠤᠯ ᠰᠡᠳᠦᠪᠳᠤ ᠬᠦᠮᠦᠵᠢᠯ ᠢ ᠦᠷᠨᠢᠭᠦᠯᠬᠦ ᠶᠠᠪᠤᠴᠠ ᠳᠤ ᠪᠠᠨ ︽ | ᠲᠦᠷᠪᠡ ᠶᠢ ᠪᠤᠲᠠᠲᠠᠶᠢᠵᠢᠭᠤᠯᠬᠤ︾ ᠶᠢ ᠠᠩᠬᠠᠷᠬᠤ ᠬᠡᠷᠡᠭᠳᠡᠢ᠄ ᠨᠢᠭᠡ ᠳᠤ᠂ ᠦᠵᠡᠯ ᠰᠠᠨᠠᠭ᠎ᠠ ᠲᠠᠨᠢᠯᠳᠠ ᠪᠠᠨ | ᠪᠤᠲᠠᠲᠠᠶᠢᠵᠢᠭᠤᠯᠵᠤ᠂ ᠰᠤᠷᠤᠯᠴᠠᠯᠭ᠎ᠠ ᠶᠢ ᠢᠮᠠᠭᠳᠠ ᠲᠤᠭᠤᠰᠢᠯᠠᠭᠤᠯᠤᠨ᠂ ᠭᠤᠤᠯ ᠰᠡᠳᠦᠪᠳᠤ ᠬᠦᠮᠦᠵᠢᠯ ᠤᠨ | ᠴᠢᠬᠤᠯᠠ ᠶᠡᠭᠡ ᠤᠳᠬ᠎ᠠ ᠠᠭᠤᠯᠭ᠎ᠠ ᠶᠢᠨ ᠲᠤᠬᠠᠢ ᠲᠠᠨᠢᠯᠳᠠ ᠪᠠᠨ ᠲᠠᠰᠤᠷᠠᠯᠳᠠ ᠦᠭᠡᠢ ᠬᠦᠨᠵᠡᠭᠡᠶᠢᠷᠡᠭᠦᠯᠵᠤ᠂ | ᠨᠠᠮ ᠤᠨ ᠤᠭ ᠰᠠᠨᠠᠭ᠎ᠠ ᠪᠤᠯᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠠᠨᠢᠯᠳᠠ ᠪᠠᠨ ᠬᠦᠨᠵᠡᠭᠡᠶᠢᠷᠡᠭᠦᠯᠵᠤ᠂ | ᠨᠠᠮ ᠳᠤ ᠲᠤᠯᠭᠠᠷᠠᠵᠤ ᠪᠠᠶᠢᠬᠤ ᠠᠶᠤᠯ ᠲᠦᠭᠰᠢᠭᠦᠷᠢ ᠶᠢᠨ ᠰᠢᠯᠭᠠᠯᠳᠠ ᠶᠢᠨ ᠲᠤᠬᠠᠢ ᠲᠠᠨᠢᠯᠳᠠ ᠪᠠᠨ ᠬᠦᠨᠵᠡᠭᠡᠶᠢᠷᠡᠭᠦᠯᠬᠦ | ᠬᠡᠷᠡᠭᠳᠡᠢ᠃ ᠰᠤᠷᠤᠯᠴᠠᠬᠤ ᠳᠤ ᠪᠠᠨ ᠬᠡᠯᠪᠡᠷᠢᠴᠢ ᠦᠵᠡᠯ ᠢ ᠠᠪᠴᠤ ᠪᠤᠯᠬᠤ ᠦᠭᠡᠢ᠂ ᠠᠪᠤᠨ ᠲᠤᠤᠷ᠎ᠠ ᠨᠢ ᠠᠮᠵᠢᠯᠳᠠ | ᠤᠯᠬᠤ ᠪᠠᠷ ᠶᠠᠭᠠᠷᠠᠵᠤ ᠪᠤᠯᠬᠤ ᠦᠭᠡᠢ᠂ ᠤᠳᠠᠭ᠎ᠠ ᠪᠦᠷᠢ ᠰᠢᠨ᠎ᠠ ᠲᠠᠪᠰᠢᠯᠳᠠ ᠲᠠᠢ ᠰᠢᠨ᠎ᠠ ᠤᠢᠢᠯᠠᠭᠠᠯᠳᠠ ᠲᠠᠢ | ᠪᠠᠶᠢᠵᠤ᠂ ᠤᠳᠠᠭᠠᠨ ᠡᠳᠦᠷ ᠵᠤᠵᠠᠭᠠᠨ ᠬᠤᠨᠤᠭ ᠢᠶᠠᠷ ᠬᠤᠷᠠᠮᠳᠤᠭᠤᠯᠬᠤ ᠬᠡᠷᠡᠭᠳᠡᠢ᠃ ᠪᠤᠳᠠᠳᠠᠢ ᠲᠠᠢ ᠪᠠᠨ | ᠤᠶᠠᠯᠳᠤᠭᠤᠯᠤᠨ ᠰᠤᠷᠤᠯᠴᠠᠬᠤ ᠶᠢ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠴᠢᠬᠤᠯᠠ | ᠴᠢᠨᠠᠷ ᠤᠨ ᠲᠤᠬᠠᠢ ᠤᠢᠢᠯᠠᠭᠠᠯᠳᠠ ᠪᠠᠨ ᠬᠦᠨᠵᠡᠭᠡᠶᠢᠷᠡᠭᠦᠯᠤᠨ᠂ ᠨᠠᠮ ᠤᠨ ᠲᠦᠪ ᠬᠤᠷᠢᠶᠠᠨ ᠤ ᠦᠪᠦᠷ ᠮᠤᠩᠭᠤᠯ ᠤᠨ | ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢᠨ ᠲᠤᠬᠠᠢ ᠤᠢᠢᠯᠠᠭᠠᠯᠳᠠ ᠪᠠᠨ ᠬᠦᠨᠵᠡᠭᠡᠶᠢᠷᠡᠭᠦᠯᠵᠤ᠂ ᠲᠤᠰ | ᠪᠡᠶ᠎ᠠ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠤᠢᠢᠯᠠᠭᠠᠯᠳᠠ ᠪᠠᠨ ᠬᠦᠨᠵᠡᠭᠡᠶᠢᠷᠡᠭᠦᠯᠬᠦ ᠬᠡᠷᠡᠭᠳᠡᠢ᠃ ᠬᠤᠶᠠᠷ ᠲᠤ᠂ | ᠠᠰᠠᠭᠤᠳᠠᠯ ᠢ ᠪᠠᠶᠢᠴᠠᠭᠠᠨ ᠰᠢᠨᠵᠢᠬᠦ ᠶᠢ ᠪᠤᠲᠠᠲᠠᠶᠢᠵᠢᠭᠤᠯᠵᠤ᠂ ᠬᠦᠨᠵᠡᠭᠡᠢ ᠪᠠᠶᠢᠴᠠᠭᠠᠨ ᠰᠤᠳᠤᠯᠤᠯᠳᠠ ᠬᠢᠵᠤ᠂ | ᠠᠰᠠᠭᠤᠳᠠᠯ ᠢ ᠤᠨᠤᠪᠴᠢᠳᠠᠢ ᠡᠷᠢᠵᠤ ᠤᠯᠵᠤ᠂ ᠦᠨᠳᠦᠰᠦ ᠰᠢᠯᠲᠠᠭᠠᠨ ᠢ ᠨᠢ ᠬᠦᠨᠵᠡᠭᠡᠢ ᠮᠠᠯᠳᠠᠨ᠂ ᠴᠢᠷᠮᠠᠶᠢᠬᠤ | ᠴᠢᠭᠯᠡᠯ ᠪᠠ ᠬᠠᠯᠠᠨ ᠰᠠᠶᠢᠵᠢᠷᠠᠭᠤᠯᠬᠤ ᠠᠷᠭ᠎ᠠ ᠠᠪᠴᠠᠯ ᠢᠶᠠᠨ ᠲᠤᠳᠤᠷᠬᠠᠢᠢᠯᠠᠬᠤ ᠬᠡᠷᠡᠭᠳᠡᠢ᠃ ᠭᠤᠷᠪᠠ ᠳᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠤᠲᠠᠲᠠᠶᠢᠵᠢᠭᠤᠯᠵᠤ᠂ ᠡᠪᠡᠳᠴᠢᠨ ᠳᠤ ᠨᠢ ᠲᠠᠭᠠᠷᠠᠭᠤᠯᠤᠨ | ᠡᠮ ᠦᠭᠴᠤ᠂ ᠲᠡᠭᠦᠯᠳᠡᠷᠵᠢᠭᠦᠯᠬᠦ ᠴᠢᠬᠤᠯᠠᠳᠠᠢ ᠪᠠᠶᠢᠭᠤᠯᠤᠮᠵᠢ ᠲᠤᠭᠳᠠᠴᠠ ᠶᠢ ᠲᠡᠭᠦᠯᠳᠡᠷᠵᠢᠭᠦᠯᠦᠨ᠂ ᠬᠤᠷᠢᠬᠯᠠᠬᠤ | ᠴᠢᠬᠤᠯᠠᠳᠠᠢ ᠠᠯᠲᠠᠰᠢ ᠶᠢ ᠰᠠᠶᠢᠲᠤᠷ ᠬᠤᠷᠢᠬᠯᠠᠵᠤ᠂ ᠰᠢᠭᠦᠮᠵᠢᠯᠡᠬᠦ ᠶᠤᠰᠤᠳᠠᠢ ᠶᠢ ᠨᠢ ᠨᠠᠷᠢᠨ ᠬᠢᠨᠠᠮᠠᠭᠠᠢ ᠰᠢᠭᠦᠮᠵᠢᠯᠡᠨ᠂ | ᠰᠢᠢᠳᠪᠤᠷᠢᠯᠡᠬᠦ ᠶᠤᠰᠤᠳᠠᠢ ᠶᠢ ᠨᠢ ᠲᠦᠪ ᠴᠢᠩᠭ᠎ᠠ ᠪᠠᠷ ᠰᠢᠢᠳᠪᠦᠷᠢᠯᠡᠬᠦ ᠬᠡᠷᠡᠭᠳᠡᠢ᠃ ᠪᠤᠳᠠᠳᠤ ᠠᠰᠠᠭᠤᠳᠠᠯ ᠢ | ᠰᠢᠢᠳᠪᠤᠷᠢᠯᠡᠭᠰᠡᠡ ᠦᠷ᠎ᠠ ᠪᠦᠳᠦᠮᠵᠢ ᠪᠠᠷ ᠬᠡᠮᠵᠢᠬᠦᠷ ᠪᠠᠷᠢᠮᠵᠢᠶ᠎ᠠ ᠪᠤᠯᠭᠠᠨ᠂ ᠠᠰᠠᠭᠤᠳᠠᠯ ᠢ ᠢᠯᠡᠷᠡᠭᠦᠯᠪᠡᠯ | ᠲᠠᠷᠤᠢ ᠳᠤ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠠᠯᠭᠤᠷᠯᠠᠵᠤ ᠪᠤᠯᠬᠤ ᠦᠭᠡᠢ᠂ ᠬᠤᠲᠠᠯ ᠬᠠᠭᠤᠷᠮᠠᠭ ᠢᠶᠠᠷ | ᠠᠷᠭᠠᠴᠠᠭᠠᠵᠤ ᠪᠤᠯᠬᠤ ᠦᠭᠡᠢ᠃ ᠲᠦᠷᠪᠡ ᠳᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ | ᠪᠤᠲᠠᠲᠠᠶᠢᠵᠢᠭᠤᠯᠵᠤ᠂ ᠭᠤᠤᠯ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ᠂ ᠲᠦᠷᠦᠭᠦᠯᠡᠨ ᠪᠠᠶᠢᠴᠠᠭᠠᠨ | ᠰᠤᠳᠤᠯᠤᠯᠳᠠ ᠬᠢᠬᠦ᠂ ᠲᠦᠷᠦᠭᠦᠯᠡᠨ ᠠᠰᠠᠭᠤᠳᠠᠯ ᠢ ᠪᠠᠶᠢᠴᠠᠭᠠᠨ ᠰᠢᠨᠵᠢᠬᠦ᠂ ᠲᠦᠷᠦᠭᠦᠯᠡᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠦᠢᠴᠡᠳᠭᠡᠵᠤ᠂ ᠦᠯᠢᠭᠡᠷ ᠳᠠᠭᠤᠷᠢᠶᠠᠯ ᠤᠨ ᠦᠢᠯᠡᠳᠤᠯ ᠢᠶᠠᠨ | ᠪᠠᠳᠠᠷᠠᠭᠤᠯᠬᠤ ᠬᠡᠷᠡᠭᠳᠡᠢ᠃ ᠨᠠᠮ ᠤᠨ ᠲᠦᠪ ᠬᠤᠷᠢᠶᠠᠨ ᠤ ᠳᠤᠬᠢᠷᠠᠭᠤᠯᠤᠯᠳᠠ ᠪᠠᠶᠢᠷᠢᠯᠠᠭᠤᠯᠤᠯᠳᠠ ᠪᠠᠷ ᠬᠠᠷᠭᠤᠭᠤᠯᠵᠤ | ᠪᠠᠷᠢᠮᠵᠢᠶᠠᠯᠠᠬᠤ ᠶᠢᠨ ᠬᠠᠮᠳᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠠᠷᠭ᠎ᠠ ᠪᠠᠷᠢᠯ ᠠᠷᠭ᠎ᠠ ᠬᠡᠯᠪᠡᠷᠢ ᠪᠠᠨ | ᠪᠠᠶᠠᠯᠢᠬᠵᠢᠭᠤᠯᠬᠤ ᠬᠡᠷᠡᠭᠳᠡᠢ᠃ ᠨᠠᠮ ᠤᠨ ᠳᠤᠳᠤᠭᠠᠳᠤ ᠶᠢᠨ ᠬᠠᠤᠯᠢ ᠴᠠᠭᠠᠵᠠ ᠲᠦᠷᠢᠮ ᠳᠤᠬᠳᠠᠭᠠᠯ ᠪᠠᠭ᠎ᠠ ᠪᠤᠰᠤ | ᠪᠠᠶᠢᠳᠠᠭ ᠪᠤᠯᠪᠠᠴᠦ ᠭᠤᠤᠯ ᠠᠰᠠᠭᠤᠳᠠᠯ ᠨᠢ ᠬᠡᠷᠡᠭᠵᠢᠬᠦᠯᠤᠯᠳᠠ ᠬᠦᠴᠦᠨ ᠲᠠᠢ ᠪᠢᠰᠢ ᠪᠠᠶᠢᠬᠤ ᠳᠤ ᠪᠤᠢ᠂ ᠵᠠᠷᠢᠮ ᠨᠢ | ᠬᠡᠷᠡᠭᠵᠢᠬᠦᠯᠬᠦ ᠴᠢᠳᠠᠪᠤᠷᠢ ᠪᠠᠷ ᠳᠤᠳᠠᠮᠠᠭ᠂ ᠵᠠᠷᠢᠮ ᠨᠢ ᠬᠡᠷᠡᠭᠵᠢᠬᠦᠯᠬᠦ ᠵᠤᠷᠢᠭ ᠢᠶᠠᠷ ᠳᠤᠳᠠᠮᠠᠭ ᠪᠠᠶᠢᠨ᠎ᠠ᠃ ᠬᠠᠤᠯᠢ | ᠴᠠᠭᠠᠵᠠ ᠲᠦᠷᠢᠮ ᠳᠤᠬᠳᠠᠭᠠᠯ ᠤᠨ ᠬᠡᠷᠡᠭᠵᠢᠬᠦᠯᠦᠯᠳᠡ ᠶᠢ ᠴᠢᠩᠭᠠᠳᠬᠠᠵᠤ᠂ ᠳᠤᠳᠠᠭᠤ ᠳᠤᠷᠭᠤᠨ ᠳᠠᠯᠪᠢᠵᠤ ᠪᠤᠯᠬᠤ | ᠦᠭᠡᠢ ᠭᠡᠵᠡᠢ᠃ | | | | | | | | | | ᠰᠢ ᠶᠢᠨ ᠫᠢᠩ ᠪᠠᠰᠠ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠤᠨ ᠶᠠᠪᠤᠳᠠᠯ ᠤᠨ ᠶᠡᠭᠡ ᠳᠢᠩᠬᠢᠮ ᠳᠤ | ᠬᠦᠷᠴᠤ᠂ ᠠᠵᠢᠯᠳᠡᠳ ᠪᠤᠯᠤᠨ ᠶᠠᠪᠤᠳᠠᠯ ᠬᠦᠢᠴᠡᠳᠭᠡᠵᠤ ᠪᠠᠶᠢᠬᠰᠠᠨ ᠤᠯᠠᠨ ᠲᠦᠮᠡᠨ ᠲᠠᠢ ᠶᠠᠷᠢᠯᠴᠠᠵᠤ᠂ ᠭᠤᠤᠯ | ᠰᠡᠳᠤᠪᠳᠤ ᠬᠦᠮᠦᠵᠢᠯ ᠦᠷᠨᠢᠭᠦᠯᠵᠤ ᠪᠠᠶᠢᠭ᠎ᠠ ᠪᠠᠶᠢᠲᠠᠯ ᠪᠤᠯᠤᠨ ᠲᠦᠭᠦᠮ ᠲᠦᠳᠡ ᠦᠨᠳᠤᠷ ᠦᠷ᠎ᠡ ᠪᠦᠲᠦᠮᠵᠢᠲᠡᠢ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠤᠢᠢᠯᠠᠭᠠᠪᠠ᠃ | ᠰᠢ ᠶᠢᠨ ᠫᠢᠩ ᠵᠢᠭᠠᠵᠤ ᠭᠠᠷᠭᠠᠭᠰᠠᠨ ᠨᠢ᠂ ᠤᠯᠠᠨ ᠲᠦᠮᠡᠡᠴᠢ ᠦᠵᠡᠯᠳᠡ ᠪᠤᠯᠤᠨ ᠤᠯᠠᠨ ᠲᠦᠮᠡᠨᠴᠢ ᠱᠤᠭᠤᠮ ᠢ | ᠠᠵᠢᠯ ᠤᠨ ᠡᠯ᠎ᠡ ᠭᠤᠬᠴᠤᠭ᠎ᠠ ᠪᠠ ᠪᠤᠳᠠᠳᠠᠢ ᠠᠵᠢᠯᠯᠠᠭ᠎ᠠ ᠳᠤ ᠪᠠᠨ ᠨᠠᠶᠢᠳᠠᠪᠤᠷᠢᠵᠢᠭᠤᠯᠵᠤ᠂ ᠤᠯᠠᠨ ᠲᠦᠮᠡᠨ ᠢ | ᠶᠠᠪᠤᠳᠠᠯ ᠬᠦᠢᠴᠡᠳᠭᠡᠬᠦ ᠳᠤ ᠨᠡᠩ ᠳᠦᠭᠦᠮ᠂ ᠨᠡᠩ ᠬᠠᠨᠤᠮᠵᠢᠳᠠᠢ ᠪᠤᠯᠭᠠᠬᠤ ᠬᠡᠷᠡᠭᠳᠡᠢ᠃ ᠦᠨᠳᠤᠷ ᠦᠷ᠎ᠡ | ᠪᠦᠲᠦᠮᠵᠢᠲᠡᠢ ᠪᠠᠷ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠬᠠᠩᠭᠠᠬᠤ ᠶᠢ ᠠᠬᠢᠭᠤᠯᠬᠤ ᠶᠢᠨ ᠬᠠᠮᠳᠤ ᠡᠯ᠎ᠡ | ᠲᠠᠯ᠎ᠠ ᠪᠠᠷ ᠪᠦᠷᠢᠨ ᠬᠦᠢᠴᠡᠳ ᠪᠤᠳᠤᠯᠬᠢᠯᠠᠵᠤ᠂ ᠨᠡᠩ ᠴᠢᠯᠦᠭᠡᠳᠡᠢ ᠪᠤᠯᠭᠠᠨ ᠵᠠᠬ᠎ᠠ ᠳᠡᠯᠭᠡᠬᠦᠷ ᠲᠤ ᠬᠠᠨᠳᠤᠭᠤᠯᠬᠤ | ᠲᠤᠲᠤᠮ ᠬᠢᠨᠠᠯᠳᠠ ᠬᠠᠮᠢᠶᠠᠷᠤᠯᠳᠠ ᠪᠠᠨ ᠨᠡᠩ ᠴᠢᠩᠭᠠᠳᠬᠠᠵᠤ᠂ ᠬᠠᠤᠯᠢ ᠳᠤᠬᠳᠠᠭᠠᠯ ᠶᠤᠰᠤᠭᠠᠷ ᠴᠢᠩᠭ᠎ᠠ ᠬᠠᠮᠢᠶᠠᠷᠤᠨ | ᠴᠢᠩᠭ᠎ᠠ ᠬᠢᠨᠠᠯᠳᠠ ᠲᠠᠯᠪᠢᠵᠤ᠂ ᠢᠯᠵᠠᠷᠠᠨ ᠳᠤᠷᠦ᠋ᠢᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠳᠡᠢ ᠭᠡᠵᠡᠢ᠃ 16 ᠤ | ᠦᠳᠡ ᠶᠢᠨ ᠬᠤᠶᠢᠨ᠎ᠠ᠂ ᠰᠢ ᠶᠢᠨ ᠫᠢᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠪᠤᠯᠤᠨ ᠵᠠᠰᠠᠭ ᠤᠨ ᠤᠷᠳᠤᠨ ᠤ ᠠᠵᠢᠯ ᠬᠢᠬᠡᠳ ︽ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠢ ᠦᠷᠨᠢᠬᠦᠯᠵᠤ ᠪᠠᠶᠢᠭ᠎ᠠ ᠪᠠᠶᠢᠳᠠᠯ ᠤᠨ | ᠬᠠᠷᠢᠭᠤ ᠮᠡᠳᠡᠭᠦᠯᠦᠯᠳᠡ ᠶᠢ ᠰᠤᠨᠤᠰᠴᠤ᠂ ᠦᠪᠤᠷ ᠮᠤᠩᠭᠤᠯ ᠤᠨ ᠡᠯ᠎ᠡ ᠵᠦᠢᠯ ᠤᠨ ᠠᠵᠢᠯ ᠤᠨ ᠠᠮᠵᠢᠯᠳᠠ ᠶᠢ | ᠨᠤᠳᠠᠯᠠᠨ᠂ ᠦᠪᠤᠷ ᠮᠤᠩᠭᠤᠯ ᠤᠨ ᠨᠦᠬᠦᠳ ᠤᠨ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠳᠤᠭᠤᠰᠢᠯᠠᠭᠤᠯᠵᠤ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠡᠯ᠎ᠡ ᠵᠦᠢᠯ ᠤᠨ ᠠᠵᠢᠯ ᠢᠶᠠᠨ ᠨᠡᠩ | ᠰᠠᠶᠢᠨ ᠬᠢᠬᠦ ᠪᠠᠷ ᠴᠢᠷᠮᠠᠶᠢᠬᠤ ᠶᠢ ᠬᠦᠰᠡᠵᠠᠢ᠃ ᠰᠢ ᠶᠢᠨ ᠫᠢᠩ ᠴᠢᠬᠤᠯᠠᠴᠢᠯᠠᠭᠰᠠᠨ ᠨᠢ᠂ ᠤᠯᠠᠨ ᠤᠯᠤᠰ ᠤᠨ | ᠪᠠᠶᠢᠳᠠᠯ ᠲᠦᠷᠭᠡᠳᠤᠨ ᠬᠤᠪᠢᠷᠠᠨ ᠤᠯᠠᠷᠢᠵᠤ᠂ ᠤᠯᠠᠨ ᠤᠯᠤᠰ ᠤᠨ ᠪᠠᠶᠢᠳᠠᠯ ᠳᠠᠬᠢ ᠳᠤᠬᠳᠠᠭᠤᠨ ᠪᠤᠰᠤ | ᠳᠤᠭᠲᠠᠭᠠᠯᠲᠦ ᠪᠤᠰᠤ ᠡᠯᠧᠮᠧᠨ᠋ᠲ ᠨᠡᠮᠡᠭᠳᠡᠨ᠂ ᠮᠠᠨ ᠤ ᠤᠯᠤᠰ ᠤᠨ ᠬᠦᠭᠵᠢᠯᠳᠡ ᠶᠢᠨ ᠭᠠᠳᠠᠭᠠᠳᠤ ᠤᠷᠴᠢᠨ ᠳᠠᠬᠢ | ᠦᠷᠢᠰᠦᠯᠳᠦᠭᠡᠨᠳᠤ ᠡᠯᠧᠮᠧᠨ᠋ᠲ ᠢᠯᠡᠳᠳᠡ ᠨᠡᠮᠡᠭᠳᠡᠪᠡ᠃ ᠡᠭᠦᠨ ᠤ ᠬᠠᠮᠳᠤ᠂ ᠤᠯᠤᠰ ᠤᠨ ᠳᠤᠳᠤᠭᠠᠳᠤ ᠶᠢᠨ ᠠᠵᠤ | ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠤᠳᠦᠴᠡ ᠪᠠᠨ | ᠰᠢᠯᠢᠳᠡᠭᠵᠢᠭᠦᠯᠬᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠠᠵᠢᠯ ᠨᠢᠭᠡᠨᠳᠡ ᠬᠦᠴᠢᠷ ᠢ ᠲᠤᠭᠤᠯᠵᠤ ᠪᠡᠷᠬᠡ ᠶᠢ | ᠳᠠᠪᠠᠭ᠋ᠤ ᠵᠠᠩᠬᠢᠯᠠᠭ᠎ᠠ ᠶᠢᠨ ᠱᠠᠳᠤᠨ ᠳᠤ ᠤᠷᠤᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠳᠤᠷ | ᠬᠢᠬᠦ ᠳᠤ ᠨᠡᠩ ᠬᠠᠳᠠᠭᠤᠵᠢᠯᠳᠠᠢ ᠴᠢᠷᠮᠠᠶᠢᠯᠭ᠎ᠠ ᠭᠠᠷᠭᠠᠬᠤ ᠬᠡᠷᠡᠭᠳᠡᠢ ᠪᠠᠶᠢᠨ᠎ᠠ᠃ ᠪᠢᠳᠡ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠳᠤᠬᠳᠠᠭᠤᠨ ᠢ ᠪᠠᠳᠤᠯᠠᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠡᠷᠬᠡᠪᠰᠢ ᠨᠠᠮ ᠤᠨ ᠲᠦᠪ ᠬᠤᠷᠢᠶᠠᠨ ᠤ ᠴᠠᠭ ᠤᠨ ᠪᠠᠶᠢᠳᠠᠯ ᠤᠨ ᠲᠤᠬᠠᠢ | ᠮᠠᠭᠠᠳᠯᠠᠯᠲᠠ ᠪᠤᠯᠤᠨ ᠰᠢᠢᠳᠪᠤᠷᠢᠳᠤ ᠪᠤᠲᠤᠯᠭ᠎ᠠ ᠶᠢᠨ ᠪᠠᠶᠢᠷᠢᠯᠠᠭᠤᠯᠤᠯᠳᠠ ᠲᠠᠢ ᠨᠢᠭᠡᠳᠬᠡᠵᠤ᠂ ᠦᠪᠡᠷ ᠤᠨ | ᠶᠠᠪᠤᠳᠠᠯ ᠢᠶᠠᠨ ᠡᠷᠡᠰ ᠭᠤᠶᠢᠪᠢᠰᠢ ᠦᠭᠡᠢ ᠪᠠᠷ ᠰᠠᠶᠢᠳᠤᠷ ᠬᠢᠬᠦ ᠬᠡᠷᠡᠭᠳᠡᠢ ᠭᠡᠵᠡᠢ᠃ ᠰᠢ ᠶᠢᠨ ᠫᠢᠡᠭ ᠵᠢᠭᠠᠵᠤ | ᠭᠠᠷᠭᠠᠭᠰᠠᠨ ᠨᠢ᠂ ᠦᠪᠤᠷ ᠮᠤᠩᠭᠤᠯ ᠡᠭᠡ ᠤᠯᠤᠰ ᠤᠨ ᠤᠮᠠᠷᠠᠳᠤ ᠬᠢᠯᠢ ᠳᠤ ᠪᠠᠶᠢᠷᠢᠯᠠᠵᠤ᠂ ᠪᠠᠶᠢᠭᠠᠯᠢ ᠶᠢᠨ ᠪᠠ ᠠᠮᠢ | ᠠᠬᠤᠢ ᠶᠢᠨ ᠡᠬᠢ ᠪᠠᠶᠠᠯᠢᠭ ᠢᠶᠠᠷ ᠮᠠᠰᠢ ᠡᠯᠪᠡᠭ᠂ ᠦᠨᠳᠤᠰᠤᠳᠠᠨ ᠤ ᠰᠤᠶᠤᠯ ᠦᠡᠭᠭᠡ ᠢᠯᠭᠠᠷᠠᠨ ᠰᠤᠯᠤᠩᠭᠠᠷᠠᠵᠤ᠂ | ᠬᠦᠭᠵᠢᠯᠳᠠ ᠶᠢᠨ ᠲᠠᠯᠳᠠ ᠬᠦᠴᠤᠨ ᠢᠶᠠᠷ ᠯᠤᠳᠤ ᠶᠡᠭᠡ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠪᠠᠷ | ᠮᠠᠰᠢ ᠴᠢᠬᠤᠯᠡ ᠪᠠᠶᠢᠳᠠᠭ ᠶᠤᠮ᠃ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ | ᠬᠠᠨᠭ᠍ᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠭᠡᠷᠡᠴᠢᠯᠡᠯᠳᠠ ᠶᠢ ᠲᠤᠳᠠᠭᠤᠳᠠᠯ ᠢᠶᠠᠨ ᠨᠦᠬᠦᠪᠤᠷᠢᠯᠡᠬᠦ | ᠲᠡᠭᠡᠷ᠎ᠡ ᠲᠦᠪᠯᠡᠷᠡᠬᠦᠯᠤᠨ᠂ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠦᠬᠦᠪᠤᠷᠢᠯᠡᠬᠦ︾ ᠦᠷ᠎ᠠ | ᠪᠦᠳᠤᠮᠵᠢ ᠪᠠᠨ ᠪᠠᠳᠤᠳᠬᠠᠨ᠂ ᠡᠷᠡᠰ ᠭᠤᠶᠢᠪᠢᠰᠢ ᠦᠭᠡᠢ ᠪᠠᠷ ᠦᠭᠡᠷᠡᠴᠢᠯᠡᠯᠳᠠ ᠨᠡᠭᠡᠭᠡᠯᠳᠠ ᠶᠢ ᠬᠦᠨᠵᠡᠭᠡᠶᠢᠷᠡᠬᠦᠯᠵᠤ᠂ | ᠬᠤᠮᠠᠬᠢ ᠲᠠᠯ᠎ᠠ ᠶᠢᠨ ᠭᠤᠤᠯ ᠴᠤᠭᠴᠠ ᠶᠢᠨ ᠠᠮᠢᠵᠢᠷᠠᠯ ᠤᠨ ᠬᠦᠴᠤᠨ ᠢ ᠴᠢᠩᠭᠠᠳᠬᠠᠨ᠂ ᠠᠵᠤ ᠦᠢᠯᠡᠰ ᠤᠨ | ᠭᠡᠯᠬᠢᠶᠠᠵᠢᠯ ᠤᠨ ᠲᠦᠪᠰᠢᠨ ᠢ ᠲᠡᠭᠡᠭᠰᠢᠯᠡᠬᠦᠯᠵᠤ᠂ ᠠᠵᠤ ᠠᠬᠤᠢ ᠶᠢᠨ ᠡᠷᠬᠢᠯᠳᠠ ᠶᠢ ᠰᠢᠯᠤᠭᠤᠳᠬᠠᠨ᠂ ᠮᠠᠯ ᠠᠵᠤ | ᠠᠬᠤᠢ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠬᠤᠳᠠ ᠬᠦᠳᠡᠭᠡ ᠶᠢᠨ ᠤᠷᠤᠨ ᠪᠦᠰᠡ ᠶᠢᠨ | ᠵᠤᠬᠢᠴᠠᠩᠭᠤᠢ ᠬᠦᠭᠵᠢᠯᠳᠠ ᠶᠢ ᠠᠬᠢᠭᠤᠯᠬᠤ ᠭᠡᠷᠡᠭᠳᠡᠢ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠤᠬᠢᠷᠳᠤᠯ | ᠦᠭᠡᠢ ᠬᠦᠭᠵᠢᠯᠳᠠ ᠶᠢ ᠪᠠᠷᠢᠮᠳᠠᠯᠠᠵᠤ᠂ ᠲᠦᠪᠯᠡᠷᠡᠬᠦᠯᠬᠦ ᠴᠤᠬᠯᠠᠷᠠᠭᠤᠯᠬᠤ ᠡᠷᠴᠢᠮᠵᠢᠬᠦᠯᠬᠦ ᠲᠠᠯ᠎ᠠ ᠠᠴᠠ ᠭᠠᠷᠬᠤ ᠵᠠᠮ | ᠡᠷᠢᠯᠬᠢᠯᠡᠨ᠂ ᠨᠤᠳᠤᠭ ᠪᠡᠯᠴᠢᠭᠡᠷ ᠤᠨ ᠬᠠᠮᠠᠭᠠᠯᠠᠯᠳᠠ ᠶᠢ ᠴᠢᠩᠭᠠᠳᠬᠠᠨ᠂ ᠬᠦᠷᠦᠰᠤ ᠰᠢᠷᠤᠢ ᠶᠢᠨ ᠡᠯᠡᠰᠤᠷᠭᠡᠭᠵᠢᠯ | ᠴᠦᠯᠯᠡᠷᠭᠡᠭᠵᠢᠯ ᠢ ᠰᠡᠷᠭᠡᠶᠢᠯᠡᠨ ᠵᠠᠰᠬᠠᠤ ᠠᠵᠢᠯ ᠢᠶᠠᠨ ᠴᠢᠩᠭᠠᠳᠬᠠᠵᠤ᠂ ᠠᠮᠢ ᠠᠬᠤᠢ ᠤᠷᠴᠢᠨ ᠲᠤᠭᠤᠷᠢᠨ ᠢ | ᠰᠠᠶᠢᠲᠤᠷ ᠬᠠᠮᠠᠭᠠᠯᠠᠨ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠳᠤ ᠴᠤᠭᠴᠠᠯᠠᠬᠤ ᠭᠡᠷᠡᠭᠳᠡᠢ᠃ ᠠᠷᠠᠳ ᠤᠨ ᠠᠮᠢᠳᠤᠷᠠᠯ ᠢ ᠦᠨᠡᠨ ᠬᠦ ᠪᠠᠳᠤᠯᠠᠨ ᠰᠠᠶᠢᠵᠢᠷᠠᠭᠤᠯᠵᠤ᠂ | ᠰᠤᠷᠭᠠᠨ ᠬᠦᠮᠦᠵᠢᠯ᠂ ᠠᠵᠢᠯ ᠤᠯᠭᠤᠯᠳᠠ᠂ ᠨᠡᠶᠢᠭᠡᠮ ᠤᠨ ᠲᠠᠭᠠᠳᠬᠠᠯ᠂ ᠡᠮ ᠡᠮᠨᠡᠯᠭᠡ᠂ ᠤᠷᠤᠨ ᠰᠠᠭᠤᠴᠠ ᠵᠡᠷᠭᠡ | ᠡᠯ᠎ᠠ ᠲᠠᠯ᠎ᠠ ᠳᠤ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ᠂ ᠪᠠᠴᠢᠮ ᠲᠤᠯᠭᠠᠮ ᠠᠰᠠᠭᠤᠳᠠᠯ ᠢ ᠬᠦᠴᠤᠯᠠᠨ | ᠰᠢᠢᠳᠪᠤᠷᠢᠯᠡᠵᠤ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ ᠲᠠᠮᠠᠴᠡᠨ ᠤᠯᠵᠤ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠭᠤᠤᠯᠳᠠᠯᠭ᠎ᠠ ᠶᠢ ᠤᠨᠴᠠ ᠶᠠᠳᠠᠭᠤ ᠬᠦᠴᠢᠷᠳᠠᠯᠳᠠᠢ | ᠤᠷᠤᠨ ᠲᠠᠶᠢᠰᠢ ᠲᠦᠪᠯᠡᠷᠡᠬᠦᠯᠵᠤ᠂ ︽ᠭᠤᠷᠪᠠ ᠶᠢ ᠪᠠᠳᠤᠯᠠᠬᠤ︾ ᠲᠠᠯ᠎ᠠ ᠪᠠᠷ ᠲᠤᠯᠭᠠᠷᠠᠵᠤ ᠪᠠᠶᠢᠭ᠎ᠠ ᠬᠦᠴᠢᠷ | ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠨ᠂ ᠲᠤᠭᠳᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠠᠯᠠᠬᠦᠯᠬᠦ ᠶᠢ ᠪᠠᠳᠤᠯᠠᠬᠤ ᠭᠡᠷᠡᠭᠳᠡᠢ ᠭᠡᠵᠡᠢ᠃ ᠰᠢ ᠶᠢᠨ ᠫᠢᠡᠭ ᠴᠢᠬᠤᠯᠠᠴᠢᠯᠠᠭᠰᠠᠨ ᠨᠢ᠂ ᠭᠤᠤᠯ | ᠰᠡᠳᠤᠪᠳᠤ ᠬᠦᠮᠦᠵᠢᠯ ᠳᠤ ᠡᠷᠭᠡᠪᠰᠢ ᠤᠭ ᠰᠠᠨᠠᠭ᠎ᠠ ᠪᠠᠨ ᠰᠠᠬᠢᠵᠤ ᠡᠬᠦᠷᠭᠡ ᠬᠠᠷᠢᠭᠤᠴᠠᠯᠭ᠎ᠠ ᠡᠬᠦᠷᠭᠡᠯᠡᠬᠦ᠂ | ᠵᠦᠷᠢᠶ᠎ᠠ ᠪᠠᠨ ᠡᠷᠢᠵᠤ ᠨᠠᠶᠢᠳᠠᠪᠤᠷᠢᠵᠢᠭᠤᠯᠤᠯᠳᠠ ᠶᠢ ᠠᠳᠬᠤᠬᠤ ᠡᠨᠡ ᠬᠦ ᠶᠡᠷᠦᠩᠭᠡᠢ ᠱᠠᠭᠠᠷᠳᠠᠯᠭ᠎ᠠ ᠶᠢ ᠪᠦᠬᠦ | ᠲᠠᠯ᠎ᠠ ᠪᠠᠷ ᠪᠠᠳᠤ ᠡᠵᠡᠮᠳᠠᠵᠤ᠂ ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠳᠠ᠂ ᠠᠰᠠᠭᠤᠲᠠᠯ ᠢ ᠪᠠᠶᠢᠴᠠᠭᠠᠨ | ᠰᠢᠨᠵᠢᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠤᠭᠤᠰᠢᠯᠠᠭᠤᠯᠵᠤ᠂ ᠦᠨᠡᠨ ᠬᠦ ᠪᠤᠳᠠᠳᠠᠢ ᠦᠷ᠎ᠠ | ᠪᠦᠳᠤᠮᠵᠢ ᠭᠠᠷᠭᠠᠬᠤ ᠪᠠᠷ ᠴᠢᠷᠮᠠᠶᠢᠬᠤ ᠭᠡᠷᠡᠭᠳᠡᠢ᠃ ᠰᠢᠮᠳᠠᠭᠤᠯᠤᠨ ᠵᠢᠯᠤᠭᠤᠳᠬᠤ ᠶᠢ ᠴᠢᠩᠭᠠᠳᠬᠠᠨ᠂ ᠰᠠᠶᠢᠨ | ᠬᠢᠭᠰᠡᠨ ᠢ ᠨᠢ ᠴᠠᠭ ᠲᠤᠬᠠᠢ ᠳᠤ ᠨᠢ ᠮᠠᠬᠳᠠᠨ ᠰᠠᠶᠢᠰᠢᠶᠠᠵᠤ ᠠᠨᠠᠢ ᠪᠠᠶᠢᠭ᠎ᠠ ᠶᠢ ᠨᠢ ᠴᠠᠭ ᠲᠤᠬᠠᠢ ᠳᠤ ᠨᠢ | ᠰᠢᠬᠦᠮᠵᠢᠯᠡᠨ ᠰᠡᠷᠡᠮᠵᠢᠯᠡᠬᠦᠯᠵᠤ᠂ ᠠᠯᠲᠠᠰᠢ ᠵᠦᠷᠢᠶ᠎ᠠ ᠭᠠᠷᠪᠠᠯ ᠲᠠᠷᠦ᠋ᠢᠬᠠᠨ ᠵᠠᠯᠠᠷᠠᠭᠤᠯᠬᠤ ᠭᠡᠷᠡᠭᠳᠡᠢ ᠭᠡᠵᠡᠢ᠃ ᠰᠢ ᠶᠢᠨ | ᠫᠢᠡᠭ ᠵᠢᠭᠠᠵᠤ ᠭᠠᠷᠭᠠᠭᠰᠠᠨ ᠨᠢ᠂ ᠦᠪᠤᠷ ᠮᠤᠩᠭᠤᠯ ᠪᠤᠯ ᠮᠠᠨ ᠤ ᠤᠯᠤᠰ ᠤᠨ ᠦᠨᠳᠤᠰᠤᠳᠠᠨ ᠤ ᠤᠷᠤᠨ ᠤ | ᠦᠪᠡᠷᠳᠡᠭᠡᠨ ᠵᠠᠰᠬᠠᠤ ᠪᠠᠶᠢᠭᠤᠯᠤᠯ ᠤᠨ ᠡᠬᠦᠰᠦᠯᠳᠠ ᠶᠢᠨ ᠭᠠᠵᠠᠷ ᠪᠠᠶᠢᠵᠤ᠂ ᠦᠨᠳᠤᠰᠤᠳᠠᠨ ᠤ ᠪᠦᠯᠬᠦᠮᠳᠠᠯ ᠤᠨ | ᠢᠷᠠᠭᠤ ᠠᠯᠲᠠᠷᠲᠦ ᠤᠯᠠᠮᠵᠢᠯᠠᠯ ᠲᠠᠢ ᠶᠤᠮ᠃ ᠡᠯ᠎ᠡ ᠦᠨᠳᠤᠰᠤᠳᠠᠨ ᠤ ᠶᠡᠭᠡ ᠪᠦᠯᠬᠦᠮᠳᠠᠯ ᠤᠨ ᠲᠤᠭ ᠢ ᠦᠨᠳᠤᠷ | ᠮᠠᠨᠳᠤᠭᠤᠯᠵᠤ᠂ ᠨᠠᠮ ᠤᠨ ᠦᠨᠳᠤᠰᠤᠳᠠᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠬᠦᠮᠦᠵᠢᠯ ᠢ ᠬᠦᠨᠵᠡᠭᠡᠶᠢᠷᠡᠬᠦᠯᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠣᠨᠣᠯᠵᠢᠬᠤᠨ ᠢ ᠦᠢᠯᠡᠳᠤᠯᠭᠡᠵᠢᠬᠦᠯᠤᠨ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ | ᠴᠤᠭᠴᠠ ᠶᠢᠨ ᠤᠬᠠᠮᠰᠠᠷ ᠢ ᠪᠠᠲᠦ ᠱᠤᠭᠤᠵᠤ᠂ ᠦᠨᠳᠤᠰᠤᠳᠠᠨ ᠨᠦᠭᠦᠳ ᠤᠨ ᠠᠷᠠᠳ ᠲᠦᠮᠡᠨ ᠢ ᠨᠠᠮ ᠤᠨ | ᠲᠤᠭᠤᠷᠢᠨ ᠳᠤ ᠨᠢᠬᠳᠠᠷᠠᠨ ᠪᠦᠯᠬᠦᠮᠳᠠᠬᠦᠯᠵᠤ᠂ ᠡᠭᠡ ᠤᠯᠤᠰ ᠤᠨ ᠤᠮᠠᠷᠠᠳᠤ ᠬᠢᠯᠢ ᠶᠢ ᠬᠠᠮᠳᠤ ᠪᠠᠷ ᠰᠠᠬᠢᠨ | ᠬᠠᠮᠠᠭᠠᠯᠠᠵᠤ᠂ ᠲᠠᠩᠰᠤᠭ ᠰᠠᠶᠢᠬᠠᠨ ᠠᠮᠢᠳᠤᠷᠠᠯ ᠢ ᠬᠠᠮᠳᠤ ᠪᠠᠷ ᠴᠤᠭᠴᠠᠯᠠᠨ᠂ ᠰᠢᠨ᠎ᠠ ᠴᠠᠭ ᠦᠶ᠎ᠠ ᠳᠤ ᠵᠢᠱᠢᠶᠠᠴᠢ | ᠦᠪᠡᠷᠳᠡᠭᠡᠨ ᠵᠠᠰᠠᠬᠤ ᠤᠷᠤᠨ ᠤ ᠡᠷᠬᠢᠮ ᠲᠡᠭᠡᠳᠤ ᠢᠷᠠᠭᠤ ᠠᠯᠳᠠᠷ ᠢᠶᠠᠨ ᠦᠷᠬᠦᠯᠵᠢᠯᠡᠨ ᠪᠠᠷᠢᠮᠳᠠᠯᠠᠬᠤ ᠭᠡᠷᠡᠭᠳᠡᠢ | ᠭᠡᠵᠡᠢ᠃ | | | | | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠰᠢ ᠶᠢᠨ ᠫᠢᠡᠭ ᠬᠦᠬᠡᠬᠤᠳᠠ ᠳᠤ ᠦᠪᠤᠷ ᠮᠤᠩᠭᠤᠯ ᠳᠤ | ᠰᠠᠭᠤᠭ᠎ᠠ ᠴᠡᠷᠢᠭ ᠠᠩᠬᠢ ᠶᠢᠨ ᠲᠠᠳ᠋ ᠳ᠋ᠢᠸᠢᠽᠢ ᠶᠢᠨ ᠲᠤᠰᠢᠶᠠᠯ ᠠᠴᠠ ᠲᠡᠭᠡᠭᠰᠢᠬᠢ ᠤᠳᠤᠷᠢᠳᠬᠤ ᠺᠠᠳ᠋ᠷᠴᠤᠳ ᠪᠤᠯᠤᠨ | ᠬᠤᠷᠢᠶᠠᠨ ᠲᠠᠰ ᠤᠨ ᠨᠢᠭᠡᠴᠢ ᠶᠢᠨ ᠭᠤᠤᠯ ᠤᠹᠢᠼᠧᠷ ᠨᠠᠷ ᠲᠠᠢ ᠲᠤᠳᠤᠨᠤ ᠪᠠᠷ ᠠᠭᠤᠯᠵᠠᠵᠤ᠂ ᠨᠠᠮ ᠤᠨ ᠲᠦᠪ | ᠬᠤᠷᠢᠶ᠎ᠠ ᠪᠠ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠦᠯᠦᠭᠡᠯᠡᠨ ᠦᠪᠤᠷ ᠮᠤᠩᠭᠤᠯ ᠳᠤ ᠰᠠᠭᠤᠭ᠎ᠠ | ᠴᠡᠷᠢᠭ ᠠᠩᠬᠢ ᠶᠢᠨ ᠪᠦᠬᠦ ᠲᠠᠷᠤᠭ᠎ᠠ ᠪᠠᠶᠢᠯᠳᠤᠭᠴᠢ ᠳᠤ ᠴᠢᠩ ᠰᠡᠳᠬᠢᠯ ᠤᠨ ᠮᠠᠨᠳᠤᠴᠢᠯᠠᠯ ᠲᠠᠪᠰᠢᠬᠦᠯᠪᠠ᠃ ᠰᠢᠤᠢ | ᠴᠢ ᠯᠢᠶᠠᠩ ᠪᠠᠷ᠎ᠠ ᠪᠤᠯᠵᠤ ᠠᠭᠤᠯᠵᠠᠪᠠ᠃ ᠳ᠋ᠢᠩ ᠰᠢᠤᠸᠠᠢ ᠰᠢᠶᠠᠩ᠂ ᠯᠢᠤ ᠾᠧ᠂ ᠴᠧᠨ ᠰᠢ᠂ ᠾᠧ ᠯᠢ ᠹᠸᠡᠭ | ᠪᠤᠯᠤᠨ ᠲᠦᠪ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ ᠪᠠᠷ᠎ᠠ ᠪᠤᠯᠵᠤ ᠰᠢᠨᠵᠢᠯᠡᠨ | ᠪᠠᠶᠢᠴᠠᠭᠠᠯᠳᠠ ᠬᠢᠭᠰᠡᠨ ᠪᠤᠶᠤ ᠬᠤᠯᠪᠤᠭᠳᠠᠯ ᠪᠦᠬᠦᠢ ᠠᠵᠢᠯᠯᠠᠭ᠎ᠠ ᠳᠤ ᠤᠷᠤᠯᠴᠠᠵᠠᠢ᠃ | |