ᠯᠢ ᠪᠢᠩ ᠷᠦᠩ ᠬᠠᠳᠤᠨ ᠭᠤᠤᠯ ᠤᠨ ᠦᠶᠠᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2019-07-19
       7 ᠳ᠋ᠤᠭᠠᠷ ᠰᠠᠷ᠎ᠡ ᠶᠢᠨ 17 ᠠᠴᠠ 18 ᠤ ᠡᠳᠦᠷ ᠪᠤᠯᠳᠠᠯ᠎ᠡ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠭᠡᠶᠢᠯᠡᠵᠤ ᠭᠠᠩ ᠬᠠᠭᠰᠠᠷᠠᠭᠠᠨ ᠲᠠᠢ ᠲᠠᠮᠠᠴᠡᠬᠦ ᠠᠵᠢᠯ ᠢ ᠵᠢᠯᠤᠭᠤᠳᠬᠤ ᠬᠡᠯᠳᠡᠰ ᠤᠨ ᠲᠡᠳ᠋ ᠶᠡᠷᠤᠩᠭᠡᠢ ᠵᠢᠯᠤᠭᠤᠳᠤᠬᠴᠢ ᠯᠢ ᠪᠢᠩ ᠷᠦᠩ ᠬᠠᠳᠤᠨ ᠭᠤᠤᠯ ᠤᠨ ᠪᠠᠶᠠᠨᠨᠠᠭᠤᠷ ᠤᠨ ᠭᠡᠰᠡᠭ ᠪᠤᠯᠤᠨ ᠦᠬᠠᠢ ᠶᠢᠨ ᠭᠡᠰᠡᠭ ᠲᠤ ᠬᠦᠷᠴᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ᠃ ᠯᠢ ᠪᠢᠩ ᠷᠦᠩ ᠦᠶᠤᠸᠠᠨ ᠰᠢᠶᠠᠨ ᠤ ᠫᠢ ᠹᠠᠩ ᠭᠧ ᠳ᠋ᠠᠨ᠂ ᠰᠢᠶᠧ ᠯᠠ ᠡᠤ ᠰᠢᠶᠠᠨ ᠠᠵᠢᠯ ᠤᠨ ᠭᠡᠰᠡᠭ ᠤᠨ ᠲᠦᠭᠰᠢᠬᠦᠷᠢ ᠶᠢ ᠠᠷᠢᠯᠭᠠᠵᠤ ᠪᠠᠬᠢᠵᠢᠬᠦᠯᠬᠦ ᠪᠠᠷᠢᠯᠭ᠎ᠠ ᠶᠢᠨ ᠠᠬᠤᠢ ᠲᠠᠯᠠᠪᠠᠢ᠂ ᠳ᠋ᠧᠩᠺᠸᠤ ᠰᠢᠶᠠᠨ ᠤ ᠰᠠᠨ ᠱᠧᠩ ᠬᠦᠩ ᠬᠠᠳᠤᠨ ᠭᠤᠤᠯ ᠤᠨ ᠤᠰᠤᠨ ᠠᠰᠢᠬᠯᠠᠯᠳᠠ ᠶᠢᠨ ᠬᠦᠢᠰᠤ ᠪᠠᠷᠢᠯᠭ᠎ᠠ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠤᠰᠤᠨ ᠠᠰᠢᠬᠯᠠᠯᠳᠠ ᠶᠢᠨ ᠬᠦᠢᠰᠤ ᠪᠠᠷᠢᠯᠭ᠎ᠠ ᠵᠢᠴᠢ ᠴᠦᠬᠦᠷᠤᠮ ᠤᠨ ᠭᠤᠤᠯ ᠤᠨ ᠡᠷᠬᠢ ᠶᠢᠨ ᠡᠯᠡᠭᠳᠡᠯ ᠤᠨ ᠠᠶᠤᠯ ᠠᠴᠠ ᠠᠪᠤᠷᠠᠬᠤ ᠪᠠᠷᠢᠯᠭ᠎ᠠ ᠶᠢᠨ ᠠᠬᠤᠢ ᠲᠠᠯᠠᠪᠠᠢ ᠳᠤ ᠬᠦᠨᠵᠡᠭᠡᠶᠢᠷᠠᠵᠤ᠂ ᠠᠶᠤᠯᠲᠠᠢ ᠠᠵᠢᠯ ᠤᠨ ᠭᠡᠰᠡᠭ ᠪᠠ ᠦᠶᠠᠷ ᠢ ᠰᠡᠷᠭᠡᠶᠢᠯᠡᠬᠦ ᠴᠢᠬᠤᠯᠠ ᠲᠦᠬᠦᠭᠡᠷᠤᠮᠵᠢ ᠵᠡᠷᠭᠡ ᠳᠤ ᠪᠦᠬᠦ ᠲᠠᠯ᠎ᠡ ᠪᠠᠷ ᠨᠠᠷᠢᠨ ᠨᠢᠮᠪᠠᠢ ᠪᠠᠶᠢᠴᠠᠭᠠᠯᠳᠠ ᠬᠢᠪᠠ᠃        ᠯᠢ ᠪᠢᠩ ᠷᠦᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠤ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠭᠠᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠤᠰᠤᠭᠠᠷ᠂ ᠤᠳᠤᠬᠠᠨ ᠤ ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠡᠨᠡ ᠵᠢᠯ ᠬᠠᠲᠤᠨ ᠭᠤᠤᠯ ᠤᠨ ᠳᠡᠭᠡᠳᠦ ᠤᠷᠤᠰᠬᠠᠯ ᠤᠨ ᠤᠰᠤ ᠨᠡᠯᠢᠶᠡᠳ ᠨᠡᠮᠡᠭᠳᠡᠵᠦ᠂ ᠪᠦᠬᠦ ᠱᠤᠭᠤᠮ ᠤᠨ ᠬᠠᠰᠢᠯᠭ᠎ᠠ ᠪᠠᠷ ᠲᠤᠭᠤᠷᠢᠵᠤ ᠠᠶᠤᠯ ᠲᠦᠭᠰᠢᠭᠦᠷᠢ ᠶᠢᠨ ᠪᠠᠶᠢᠳᠠᠯ ᠢ ᠪᠠᠶᠢᠴᠠᠭᠠᠵᠤ᠂ ᠠᠮᠤᠷ ᠲᠦᠪᠰᠢᠨ ᠤ ᠭᠡᠮ ᠠᠷᠬᠠᠭ ᠢ ᠴᠠᠭ ᠲᠤᠬᠠᠢ ᠳᠤ ᠨᠢ ᠢᠯᠡᠷᠡᠭᠦᠯᠦᠨ ᠠᠷᠢᠯᠭᠠᠵᠤ᠂ ᠬᠠᠲᠤᠨ ᠭᠤᠤᠯ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠦᠡᠭᠭᠡᠷᠡᠭᠡᠬᠦ ᠶᠢ ᠪᠠᠲᠤᠯᠠᠬᠤ ᠬᠡᠷᠡᠭᠲᠡᠢ᠃ ᠡᠯ᠎ᠠ ᠭᠠᠵᠠᠷ ᠪᠤᠯᠤᠨ ᠡᠯ᠎ᠠ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠴᠢᠨᠠᠬᠰᠢᠲᠠ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠤᠰᠤᠨ ᠤ ᠵᠤᠬᠢᠴᠠᠭᠤᠯᠭ᠎ᠠ ᠶᠢ ᠨᠢᠭᠡᠲᠦᠯᠲᠡᠢ ᠲᠦᠯᠦᠪᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠦᠲᠦᠮᠵᠢᠲᠡᠢ ᠪᠠᠷ ᠰᠡᠷᠭᠡᠶᠢᠯᠡᠨ ᠠᠷᠭᠠᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠢ ᠡᠰᠡᠷᠭᠦᠴᠡᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号