| 7 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ | ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ︽ᠤᠬ ᠰᠠᠨᠠᠭ᠎ᠠ ᠪᠠᠨ ᠦᠯᠦ ᠮᠠᠷᠳᠠᠵᠥ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠳᠤᠰᠬᠠᠢ ᠬᠤᠷᠠᠯ ᠬᠤᠷᠠᠯᠳᠤᠭᠤᠯᠵᠥ᠂ | ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠰᠢᠨᠵᠢᠯᠠᠨ ᠪᠠᠶᠢᠴᠠᠭᠠᠬᠤ ᠦᠶ᠎ᠡ ᠳᠤ ᠶᠠᠷᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠪᠠ᠃ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ᠂ ᠦᠪᠡᠷᠳᠡᠬᠡᠨ | ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ | ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ᠃ ᠬᠤᠷᠠᠯ ᠳᠡᠬᠡᠷ᠎ᠡ᠂ ᠮᠠ ᠰᠢᠤᠸᠠᠢ ᠵᠢᠶᠦ᠋ᠨ᠂ ᠠᠢ ᠯᠢ ᠬᠤᠸᠠ᠂ | ᠳ᠋ᠤᠸᠠᠨ ᡁᠢ ᠴᠢᠶᠠᠩ᠂ ᠵᠧᠩ ᠬᠤᠩ ᠹᠠᠨ᠂ ᠪᠤᠤ ᠵᠧᠨ ᠢᠥᠢ ᠤᠷᠢᠳ ᠬᠤᠵᠢᠳ ᠦᠬᠡ ᠶᠠᠷᠢᠵᠥ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ | ᠳᠤᠭᠤᠰᠢᠯᠠᠭᠤᠯᠬᠤ ᠪᠠᠷ ᠭᠤᠤᠯᠳᠠᠭᠤᠯᠵᠤ᠂ ᠦᠪᠡᠷᠳᠡᠬᠡᠨ ᠵᠠᠰᠠᠬᠤ ᠤᠷᠤᠨ ᠤ ᠪᠤᠲᠠᠲᠠᠢ ᠪᠠᠶᠢᠳᠠᠯ ᠲᠠᠢ ᠪᠠᠨ | ᠤᠶᠠᠯᠳᠤᠭᠤᠯᠤᠨ᠂ ᠦᠵᠡᠯᠳᠡ ᠳᠠᠨᠢᠯᠳᠠ᠂ ᠳᠦᠷᠦᠭᠳᠡᠯ ᠪᠤᠯᠤᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ | ᠰᠠᠨᠠᠯ ᠢᠶᠠᠨ ᠶᠠᠷᠢᠪᠠ᠃ | ᠪᠦ᠋ ᠰᠢᠶᠤᠤ ᠯᠢᠨ ᠵᠢᠭᠠᠵᠤ ᠭᠠᠷᠭᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠪᠤᠯᠤᠨ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠨᠢ ᠦᠪᠦᠷ | ᠮᠤᠩᠭᠤᠯ ᠢ ᠬᠦᠨᠵᠡᠬᠡᠢ ᠬᠠᠯᠠᠮᠵᠢᠯᠠᠵᠥ ᠪᠠᠶᠢᠬᠤ ᠪᠠ ᠨᠠᠨᠳᠢᠨ ᠬᠦᠰᠡᠯ ᠨᠠᠶᠢᠳᠠᠯᠭ᠎ᠠ ᠲᠠᠯᠪᠢᠵᠤ ᠪᠠᠶᠢᠭ᠎ᠠ ᠶᠢ ᠬᠦᠢᠴᠡᠳ | ᠬᠠᠷᠠᠭᠤᠯᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠳᠤᠷ ᠬᠢᠬᠦ ᠳᠤ ᠴᠢᠭᠯᠡᠯ ᠢ ᠤᠯᠠᠮ ᠨᠢᠭᠡ ᠠᠯᠬᠤᠮ | ᠲᠤᠳᠤᠷᠬᠠᠶᠢᠯᠠᠨ ᠦᠭᠴᠤ᠂ ᠦᠨᠳᠦᠰᠦᠨ ᠵᠢᠷᠤᠮᠯᠠᠯ ᠬᠠᠩᠭᠠᠪᠠ᠃ ᠵᠤᠷᠢᠭ ᠰᠠᠨᠠᠭᠠᠨ ᠤ ᠮᠦᠨ ᠴᠢᠨᠠᠷ ᠢ ᠨᠢ ᠵᠦᠪ | ᠤᠨᠤᠪᠴᠢᠳᠠᠢ ᠡᠵᠡᠮᠰᠢᠵᠤ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠨ ᠡᠷᠡᠰ ᠭᠤᠶᠢᠪᠢᠰᠢ ᠦᠭᠡᠢ ᠰᠠᠶᠢᠳᠤᠷ | ᠠᠳᠬᠤᠵᠥ᠂ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠪᠤᠯᠤᠨ ᠠᠷᠠᠳ ᠳᠦᠮᠡᠨ ᠤ ᠬᠦᠰᠡᠯ ᠡᠷᠡᠮᠡᠯᠵᠡᠯ ᠢ | ᠬᠦᠰᠡᠷᠳᠡᠬᠦᠯᠵᠥ ᠪᠣᠯᠬᠤ ᠦᠭᠡᠢ ᠬᠡᠪᠠ᠃ | ᠪᠦ᠋ ᠰᠢᠶᠤᠤ ᠯᠢᠨ ᠴᠢᠬᠤᠯᠠᠴᠢᠯᠠᠬᠤ ᠳᠤ ᠪᠠᠨ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠵᠤ᠂ | ᠦᠵᠡᠯ ᠰᠠᠨᠠᠭ᠎ᠠ ᠪᠡ ᠦᠢᠯᠡ ᠠᠵᠢᠯᠯᠠᠭ᠎ᠠ ᠪᠠᠨ ᠶᠡᠷᠤᠩᠭᠡᠢ ᠱᠦᠵᠢ ᠰᠢ ᠶᠢᠨ ᠫᠢᠩ ᠪᠤᠯᠤᠨ ᠨᠠᠮ ᠤᠨ ᠲᠦᠪ | ᠬᠤᠷᠢᠶᠠᠨ ᠤ ᠱᠠᠭᠠᠷᠳᠠᠯᠭ᠎ᠠ ᠪᠠᠶᠢᠷᠢᠯᠠᠭᠤᠯᠤᠯᠳᠠ ᠲᠠᠢ ᠦᠨᠡᠨ ᠬᠦ ᠨᠢᠭᠡᠳᠭᠡᠵᠤ᠂ ︽ᠲᠦᠷᠪᠡᠨ ᠤᠬᠠᠮᠰᠠᠷ︾᠂ ︽ | ᠲᠦᠷᠪᠡᠨ ᠢᠳᠡᠭᠡᠯ︾ ᠪᠠ ︽ᠬᠤᠶᠠᠷ ᠢ ᠬᠠᠮᠠᠭᠠᠯᠠᠬᠤ︾ ᠶᠢ ᠪᠤᠳᠠᠳᠤ ᠦᠢᠯᠡ ᠠᠵᠢᠯᠯᠠᠭ᠎ᠠ ᠳᠤ ᠪᠠᠨ | ᠨᠠᠶᠢᠳᠠᠪᠤᠷᠢᠵᠢᠭᠤᠯᠬᠤ ᠭᠡᠷᠡᠭᠳᠠᠢ᠃ ᠦᠵᠡᠯ ᠰᠠᠨᠠᠭ᠎ᠠ ᠤᠨᠤᠯ ᠤᠨ ᠵᠡᠪᠰᠡᠭᠯᠡᠯ ᠢᠶᠠᠨ ᠴᠦᠬᠦᠷᠡᠰᠢ ᠦᠭᠡᠢ ᠰᠠᠶᠢᠳᠤᠷ | ᠠᠳᠬᠤᠬᠤ ᠶᠢ ᠪᠠᠷᠢᠮᠳᠠᠯᠠᠵᠤ᠂ ᠶᠡᠷᠤᠩᠭᠡᠢ ᠱᠦᠵᠢ ᠶᠢᠨ ᠴᠢᠬᠤᠯᠠ ᠶᠠᠷᠢᠶ᠎ᠡ ᠶᠢ ᠰᠤᠷᠤᠯᠴᠠᠬᠤ ᠶᠢ ᠴᠢᠬᠤᠯᠠ ᠶᠡᠭᠡ | ᠤᠯᠤᠰ ᠲᠦᠷᠦ ᠶᠢᠨ ᠡᠬᠦᠷᠭᠡ ᠪᠤᠯᠭᠠᠵᠤ᠂ ᠦᠨᠡᠨ ᠮᠦᠨ ᠢᠶᠠᠷ ᠨᠢ ᠰᠤᠷᠤᠯᠴᠠᠵᠤ᠂ ᠪᠦᠬᠦ ᠲᠠᠯ᠎ᠡ ᠪᠠᠷ ᠤᠨᠤᠪᠴᠢᠳᠠᠢ | ᠡᠵᠡᠮᠳᠡᠬᠦ᠂ ᠦᠨᠡᠨ ᠬᠦ ᠨᠡᠪᠳᠡᠷᠡᠳᠡᠯ᠎ᠡ ᠤᠶᠢᠯᠠᠭᠠᠬᠤ ᠶᠢ ᠪᠠᠷᠢᠮᠳᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ | ᠳᠡᠭᠡᠷ᠎ᠠ ᠪᠠᠨ ᠤᠬᠠᠮᠰᠠᠷ ᠠᠴᠠ ᠪᠠᠨ ᠴᠢᠩᠭ᠎ᠠ ᠪᠠᠷᠢᠮᠵᠢᠶᠠᠯᠠᠨ ᠬᠠᠷᠭᠤᠭᠤᠯᠬᠤ ᠭᠡᠷᠡᠭᠳᠠᠢ᠃ ᠴᠢᠨᠠᠷ ᠰᠠᠶᠢᠳᠠᠢ | ᠬᠦᠭᠵᠢᠯᠳᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠤᠷᠤᠨ ᠤ ᠪᠠᠶᠢᠳᠠᠯ ᠤᠨ ᠲᠤᠬᠠᠢ ᠲᠠᠨᠢᠯᠳᠠ ᠪᠠᠨ | ᠬᠦᠨᠵᠡᠭᠡᠶᠢᠷᠠᠬᠦᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠦᠯ ᠦᠭᠡᠢ ᠬᠦᠭᠵᠢᠭᠦᠯᠬᠦ | ᠤᠳᠤᠷᠢᠳᠤᠮᠵᠢ ᠶᠢ ᠪᠤᠢ ᠪᠤᠯᠭᠠᠵᠤ᠂ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ᠃ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠤᠬᠳᠠᠭᠠᠯᠳᠠ ᠳᠤ ᠪᠠᠨ ᠴᠢᠩᠭ᠎ᠠ ᠰᠠᠭᠤᠷᠢᠯᠠᠵᠤ ᠠᠵᠢᠯ ᠢᠶᠠᠨ ᠲᠦᠯᠦᠪᠵᠢᠭᠦᠯᠵᠦ᠂ ᠡᠭᠡ ᠤᠯᠤᠰ ᠤᠨ | ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠳᠤ ᠴᠤᠬᠴᠠᠯᠠᠵᠤ᠂ ᠬᠦᠭᠡᠮᠳᠦᠭ ᠨᠤᠭᠤᠭᠠᠨ ᠠᠭᠤᠯᠠ | ᠤᠰᠤ ᠪᠠᠨ ᠪᠠᠳᠤ ᠰᠠᠬᠢᠨ ᠬᠠᠮᠠᠭᠠᠯᠠᠵᠤ᠂ ᠨᠤᠮᠢᠨ ᠨᠤᠭᠤᠭᠠᠨ ᠲᠦᠮᠡᠨ ᠭᠠᠵᠠᠷ ᠤᠨ ᠤᠷᠳᠤ ᠴᠠᠭᠠᠨ ᠭᠡᠷᠡᠮ ᠢ | ᠰᠠᠶᠢᠳᠤᠷ ᠪᠦᠲᠦᠭᠡᠨ ᠪᠠᠶᠢᠭᠤᠯᠬᠤ ᠭᠡᠷᠡᠭᠳᠠᠢ᠃ ᠠᠷᠠᠳ ᠤᠨ ᠠᠮᠢᠳᠤᠷᠠᠯ ᠤᠨ ᠠᠵᠢᠯ ᠢ ᠰᠠᠶᠢᠳᠤᠷ ᠬᠢᠵᠤ ᠲᠤᠭᠤᠰᠢᠳᠠᠢ | ᠬᠢᠵᠤ᠂ ᠰᠤᠷᠭᠠᠨ ᠬᠦᠮᠦᠵᠢᠯ᠂ ᠠᠵᠢᠯ ᠤᠯᠭᠤᠯᠳᠠ᠂ ᠨᠡᠶᠢᠭᠡᠮ ᠤᠨ ᠪᠠᠳᠤᠯᠠᠪᠤᠷᠢ᠂ ᠡᠮ ᠡᠮᠨᠡᠯᠭᠡ᠂ ᠤᠷᠤᠨ | ᠰᠠᠭᠤᠴᠠ ᠵᠡᠷᠭᠡ ᠡᠯ᠎ᠡ ᠲᠠᠯ᠎ᠠ ᠳᠤ ᠤᠷᠤᠰᠢᠵᠤ ᠪᠠᠶᠢᠭ᠎ᠠ ᠲᠤᠪᠤᠶᠢᠮ᠎ᠡ ᠠᠰᠠᠭᠤᠳᠠᠯ᠂ ᠲᠤᠯᠭᠠᠮ ᠠᠰᠠᠭᠤᠳᠠᠯ ᠢ | ᠬᠦᠴᠤᠯᠠᠨ ᠰᠢᠢᠳᠪᠤᠷᠢᠯᠡᠵᠤ᠂ ᠤᠨᠴᠠ ᠶᠠᠳᠠᠭᠤ ᠬᠦᠴᠢᠷᠳᠠᠯᠳᠠᠢ ᠭᠠᠵᠠᠷ ᠤᠷᠤᠨ ᠳᠤ ᠠᠩᠬᠠᠷᠤᠯ ᠢᠶᠠᠨ | ᠲᠦᠪᠯᠡᠷᠡᠬᠦᠯᠵᠤ᠂ ︽ᠭᠤᠷᠪᠡ ᠶᠢ ᠪᠠᠳᠤᠯᠬᠠᠤ︾ ᠳᠤ ᠲᠤᠯᠭᠠᠷᠠᠵᠤ ᠪᠠᠶᠢᠭ᠎ᠠ ᠬᠦᠴᠢᠷ ᠰᠡᠳᠦᠪ ᠢ ᠭᠤᠤᠯᠳᠠᠯᠭ᠎ᠠ ᠲᠠᠢ | ᠰᠢᠢᠳᠪᠤᠷᠢᠯᠡᠵᠤ᠂ ᠲᠤᠬᠳᠠᠬᠰᠡᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠶᠢ ᠦᠨᠡᠨ | ᠬᠦ ᠪᠠᠳᠤᠯᠠᠬᠤ ᠭᠡᠷᠡᠭᠳᠠᠢ᠃ ᠦᠨᠳᠦᠰᠦᠳᠡᠨ ᠤ ᠠᠵᠢᠯ ᠢ ᠰᠡᠳᠬᠢᠯ ᠲᠠᠯᠪᠢᠨ ᠰᠠᠶᠢᠳᠤᠷ ᠬᠢᠵᠤ᠂ ᠵᠢᠱᠢᠶᠠᠴᠢ | ᠦᠪᠡᠷᠳᠡᠭᠡᠨ ᠵᠠᠰᠠᠬᠤ ᠤᠷᠤᠨ ᠤ ᠰᠢᠯᠢᠳᠡᠭ ᠤᠯᠠᠮᠵᠢᠯᠠᠯ ᠢᠶᠠᠨ ᠶᠡᠭᠡ ᠪᠠᠷ ᠪᠠᠳᠠᠷᠠᠭᠤᠯᠵᠤ᠂ ᠨᠠᠮ ᠤᠨ | ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ | ᠰᠤᠷᠭᠠᠨ ᠬᠦᠮᠦᠵᠢᠯ ᠢ ᠭᠦᠨᠵᠡᠭᠡᠶᠢᠷᠡᠭᠦᠯᠬᠦ ᠲᠠᠯ᠎ᠡ ᠪᠠᠷ ᠬᠡᠪ ᠳᠠᠭᠤᠷᠢᠶᠠᠯ ᠦᠵᠡᠭᠦᠯᠬᠦ ᠭᠡᠷᠡᠭᠳᠠᠢ ᠭᠡᠪᠠ᠃ | ᠪᠦ᠋ ᠰᠢᠶᠤᠤ ᠯᠢᠨ ᠴᠢᠬᠤᠯᠠᠴᠢᠯᠠᠬᠤ ᠳᠤ ᠪᠠᠨ᠂ ᠦᠨᠳᠦᠷ ᠪᠠᠷᠢᠮᠵᠢᠶ᠎ᠡ᠂ ᠦᠨᠳᠦᠷ ᠶᠠᠰᠤ ᠴᠢᠨᠠᠷ ᠢ | ᠪᠠᠷᠢᠮᠳᠠᠯᠠᠵᠤ᠂ ᠤᠭ ᠰᠠᠨᠠᠭ᠎ᠠ ᠪᠠᠨ ᠰᠠᠬᠢᠵᠤ᠂ ᠡᠬᠦᠷᠭᠡ ᠪᠠᠨ ᠬᠦᠢᠴᠡᠳᠭᠡᠵᠤ᠂ ᠵᠦᠷᠢᠶ᠎ᠡ ᠪᠠᠨ ᠡᠷᠢᠵᠤ᠂ | ᠨᠠᠶᠢᠳᠠᠪᠤᠷᠢᠵᠢᠭᠤᠯᠤᠯᠳᠠ ᠶᠢ ᠠᠳᠬᠤᠬᠤ ᠶᠡᠷᠤᠩᠭᠡᠢ ᠱᠠᠭᠠᠷᠳᠠᠯᠭ᠎ᠠ ᠶᠢ ᠪᠦᠬᠦ ᠲᠠᠯ᠎ᠡ ᠪᠠᠷ ᠡᠵᠡᠮᠳᠡᠵᠤ᠂ ᠭᠤᠤᠯ | ᠰᠡᠳᠦᠪᠳᠤ ᠬᠦᠮᠦᠵᠢᠯ ᠢ ᠯᠠᠪᠳᠠᠭᠤᠨ ᠪᠠᠳᠤᠳᠠᠢ ᠰᠠᠶᠢᠳᠤᠷ ᠦᠷᠨᠢᠬᠦᠯᠵᠤ᠂ ᠦᠵᠡᠯ ᠰᠠᠨᠠᠭ᠎ᠠ ᠲᠠᠨᠢᠯᠳᠠ ᠪᠠᠨ | ᠪᠤᠳᠠᠳᠠᠶᠢᠵᠢᠭᠤᠯᠬᠤ᠂ ᠠᠰᠠᠭᠤᠳᠠᠯ ᠢ ᠪᠠᠶᠢᠴᠠᠭᠠᠨ ᠰᠢᠨᠵᠢᠬᠦ ᠶᠢ ᠪᠤᠳᠠᠳᠠᠶᠢᠵᠢᠭᠤᠯᠬᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠪᠤᠳᠠᠳᠠᠶᠢᠵᠢᠭᠤᠯᠬᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ | ᠪᠤᠳᠠᠳᠠᠶᠢᠵᠢᠭᠤᠯᠬᠤ ᠶᠢ ᠦᠨᠡᠨ ᠬᠦ ᠪᠠᠶᠠᠯᠡᠬᠦᠯᠵᠤ᠂ ᠭᠤᠤᠯ ᠰᠡᠳᠦᠪᠳᠤ ᠬᠦᠮᠦᠵᠢᠯ ᠤᠨ ᠵᠢᠱᠢᠭᠰᠡᠨ ᠦᠷ᠎ᠡ ᠪᠦᠳᠦᠮᠵᠢ | ᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠪᠠ᠃ | ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠡᠨ ᠲᠢᠩᠭᠢᠮ ᠤᠨ ᠨᠠᠮ ᠤᠨ ᠤᠳᠤᠷᠢᠳᠬᠤ | ᠲᠤᠭᠤᠶᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠵᠠᠢ᠃ | |