| 7 ᠰᠠᠷ᠎ᠠ ᠶᠢᠨ 17 ᠤ ᠡᠳᠦᠷ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ | ᠲᠢᠩᠬᠢᠮ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠪᠦᠬᠦ ᠤᠷᠤᠨ ᠤ 2019 ᠣᠨ ᠤ ᠲᠡᠭᠡᠷ᠎ᠡ ᠬᠠᠭᠠᠰ ᠵᠢᠯ ᠤᠨ | ᠠᠭᠠᠷ ᠮᠠᠨᠳᠠᠯ ᠤᠨ ᠤᠷᠴᠢᠨ ᠲᠤᠭᠤᠷᠢᠨ ᠤ ᠶᠠᠰᠤ ᠴᠢᠨᠠᠷ ᠤᠨ ᠶᠡᠷᠦᠩᠬᠡᠢ ᠪᠠᠶᠢᠳᠠᠯ ᠪᠠ ᠤᠰᠤᠨ ᠤ ᠶᠠᠰᠤ ᠴᠢᠨᠠᠷ ᠤᠨ | ᠶᠡᠷᠦᠩᠬᠡᠢ ᠪᠠᠶᠢᠳᠠᠯ ᠢ ᠨᠡᠶᠢᠳᠡᠯᠡᠪᠡ᠃ | ᠬᠤᠷᠠᠯ ᠠᠴᠠ ᠤᠢᠢᠯᠠᠭᠠᠭᠰᠠᠨ ᠢᠶᠠᠷ᠂ 2019 ᠣᠨ ᠤ ᠲᠡᠭᠡᠷ᠎ᠡ ᠬᠠᠭᠠᠰ ᠵᠢᠯ ᠳᠤ ᠪᠦᠬᠦ ᠣᠷᠣᠨ ᠤ ᠠᠭᠠᠷ | ᠮᠠᠨᠳᠠᠯ ᠤᠨ ᠤᠷᠴᠢᠨ ᠲᠤᠭᠤᠷᠢᠨ ᠤ ᠶᠠᠰᠤ ᠴᠢᠨᠠᠷ ᠤᠨ ᠶᠡᠷᠦᠩᠬᠡᠢ ᠪᠠᠶᠢᠳᠠᠯ ᠨᠡᠯᠢᠶᠡᠳ ᠰᠠᠶᠢᠨ᠃ ᠭᠤᠤᠯ ᠪᠤᠯᠬᠤ | ᠵᠢᠷᠭᠤᠭᠠᠨ ᠲᠦᠷᠦᠯ ᠤᠨ ᠪᠤᠬᠢᠷᠳᠤᠯ ᠪᠤᠳᠠᠰ ᠪᠤᠯᠬᠤ ᠵᠢᠵᠢᠭ ᠮᠥᠬᠦᠯᠢᠭᠲᠦ ᠪᠣᠳᠠᠰ ︵PM 2.5︶᠂ ᠠᠮᠢᠰᠬᠤᠵᠤ | ᠪᠤᠯᠬᠤ ᠮᠦᠬᠦᠯᠢᠭᠲᠦ ᠪᠤᠳᠠᠰ ︵PM10︶᠂ ᠬᠦᠬᠦᠷ ᠤᠨ ᠲᠠᠪᠬᠤᠷ ᠢᠰᠦᠯ ︵SO2︶᠂ ᠠᠽᠤᠲ ᠤᠨ | ᠲᠠᠪᠬᠤᠷ ᠢᠰᠦᠯ ︵NO2︶᠂ ᠨᠡᠭᠦᠷᠡᠰᠦᠳᠦ᠋ᠷᠦᠭᠴᠢ ᠶᠢᠨ ᠲᠠᠩ ᠢᠰᠦᠯ ︵CO︶᠂ ᠤᠽᠤᠨ ︵O3︶ ᠤ | ᠭᠠᠳᠠᠭᠰᠢᠯᠠᠭᠤᠯᠤᠯᠲᠠ ᠪᠦᠷ ᠤᠯᠤᠰ ᠤᠨ ᠬᠤᠶᠠᠳᠤᠭᠠᠷ ᠳᠡᠰ ᠤᠨ ᠪᠠᠷᠢᠮᠵᠢᠶ᠎ᠠ ᠳᠤ ᠨᠡᠶᠢᠴᠡᠵᠤ᠂ ᠪᠦᠬᠦ ᠣᠷᠣᠨ ᠤ | ᠣᠷᠴᠢᠨ ᠲᠤᠭᠤᠷᠢᠨ ᠤ ᠠᠭᠠᠷ ᠮᠠᠨᠳᠠᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ 87. | 2% ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠳᠡᠭᠡᠭᠰᠢᠯᠡᠪᠡ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠦᠬᠦ ᠣᠷᠣᠨ ᠤ 12 ᠠᠶᠢᠮᠠᠭ ᠬᠤᠲᠠ ᠶᠢᠨ ᠳᠤᠳᠤᠷ᠎ᠠ ᠠᠯᠠᠱᠠ | ᠠᠶᠢᠮᠠᠭ᠂ ᠣᠷᠳᠣᠰ ᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ᠂ | ᠬᠢᠩᠭᠠᠨ ᠠᠶᠢᠮᠠᠭ ᠪᠣᠯᠤᠨ ᠬᠥᠯᠥᠨ ᠪᠤᠶᠢᠷ ᠬᠤᠲᠠ ᠵᠡᠷᠭᠡ 7 ᠭᠠᠵᠠᠷ ᠣᠷᠣᠨ ᠤ ᠵᠢᠷᠭᠤᠭᠠᠨ ᠲᠦᠷᠦᠯ ᠤᠨ ᠪᠤᠬᠢᠷᠳᠤᠯ | ᠪᠤᠳᠠᠰ ᠤᠨ ᠭᠠᠳᠠᠭᠰᠢᠯᠠᠭᠤᠯᠤᠯᠲᠠ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠪᠡ᠃ ᠣᠷᠴᠢᠨ ᠲᠣᠭᠤᠷᠢᠨ ᠤ | ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ ᠶᠢ ᠦᠨᠳᠦᠰᠦᠯᠡᠵᠦ᠂ ᠡᠨᠡ ᠵᠢᠯ ᠤᠨ ᠳᠡᠭᠡᠷ᠎ᠡ ᠬᠠᠭᠠᠰ | ᠵᠢᠯ ᠤᠨ ᠪᠦᠬᠦ ᠣᠷᠣᠨ ᠤ 12 ᠠᠶᠢᠮᠠᠭ ᠬᠤᠲᠠ ᠶᠢᠨ ᠠᠭᠠᠷ ᠤᠨ ᠶᠠᠰᠤ ᠴᠢᠨᠠᠷ ᠢ ᠮᠠᠭᠤ ᠠᠴᠠ ᠰᠠᠶᠢᠨ ᠲᠡᠶᠢᠰᠢ | ᠵᠢᠭᠰᠠᠭᠠᠪᠠᠯ ᠪᠤᠭᠤᠲᠤ ᠬᠤᠲᠠ᠂ ᠦᠬᠠᠢ ᠬᠤᠲᠠ᠂ ᠬᠥᠬᠡᠬᠤᠲᠠ᠂ ᠪᠠᠶᠠᠨᠨᠠᠭᠤᠷ ᠬᠤᠲᠠ᠂ ᠲᠦᠡᠭᠯᠢᠶᠤᠤ ᠬᠤᠲᠠ᠂ | ᠤᠯᠠᠭᠠᠨᠬᠠᠳᠠ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ᠂ ᠠᠯᠠᠱᠠ ᠠᠶᠢᠮᠠᠭ᠂ ᠬᠢᠩᠭᠠᠨ ᠠᠶᠢᠮᠠᠭ᠂ | ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ ᠪᠤᠯᠤᠨ᠎ᠠ᠃ | ᠡᠭᠦᠨ ᠠᠴᠠ ᠭᠠᠳᠠᠨ᠎ᠠ᠂ 2019 ᠣᠨ ᠤ ᠲᠡᠭᠡᠷ᠎ᠡ ᠬᠠᠭᠠᠰ ᠵᠢᠯ ᠳᠤ ᠮᠠᠨ ᠤ ᠣᠷᠣᠨ ᠨᠡᠶᠢᠲᠡ 124 | ᠴᠡᠭ ᠪᠠᠶᠢᠷᠢ ᠳᠤ ᠬᠡᠮᠵᠢᠨ ᠪᠠᠶᠢᠴᠠᠭᠠᠯᠲᠠ ᠬᠢᠵᠦ᠂ ᠤᠰᠤᠨ ᠤ ᠶᠠᠰᠤ ᠴᠢᠨᠠᠷ ᠤᠨ ᠴᠡᠭ ᠪᠠᠶᠢᠷᠢ ᠨᠢ 63.7% ᠶᠢ | ᠡᠵᠡᠯᠡᠨ᠂ ᠠᠨᠠᠢ V ᠲᠦᠷᠦᠯ ᠤᠨ ᠤᠰᠤᠨ ᠤ ᠶᠠᠰᠤ ᠴᠢᠨᠠᠷ ᠤᠨ ᠴᠡᠭ ᠪᠠᠶᠢᠷᠢ ᠨᠢ 14.5% ᠶᠢ ᠡᠵᠡᠯᠡᠵᠦ᠂ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠰᠢᠯᠢᠳᠡᠭ ᠬᠠᠷᠢᠴᠠᠯ 14.6 ᠵᠠᠭᠤᠨ ᠤ | ᠬᠤᠪᠢ ᠪᠠᠷ ᠲᠡᠭᠡᠭᠰᠢᠯᠡᠨ᠂ ᠠᠨᠠᠢ V ᠲᠦᠷᠦᠯ ᠤᠨ ᠤᠰᠤᠨ ᠤ ᠴᠡᠭ ᠪᠠᠶᠢᠷᠢ ᠶᠢᠨ ᠬᠠᠷᠢᠴᠠᠯ 5.7 ᠵᠠᠭᠤᠨ ᠤ | ᠬᠤᠪᠢ ᠪᠠᠷ ᠪᠠᠭᠤᠷᠠᠵᠤ᠂ ᠤᠰᠤᠨ ᠤ ᠶᠠᠰᠤ ᠴᠢᠨᠠᠷ ᠢᠯᠡᠷᠭᠡᠢ ᠰᠠᠶᠢᠵᠢᠷᠠᠭᠰᠠᠨ ᠪᠠᠶᠢᠨ᠎ᠠ᠃ | |