ᠤᠯᠤᠰ ᠤᠨ ᠭᠠᠷᠠᠮ ᠤᠨ ᠬᠠᠮᠢᠶᠠᠷᠤᠯᠲᠠ ᠶᠢᠨ ᠠᠯᠪᠠᠨ ᠭᠡᠷ ᠤᠨ ᠲᠣᠭᠤᠷᠢᠨ ᠪᠠᠶᠢᠴᠠᠭᠠᠭᠴᠢ ᠪᠠᠢ ᠱᠢ ᠪᠤᠭᠤᠮᠲᠠ ᠶᠢᠨ ᠶᠡᠷᠦᠩᠬᠡᠢ ᠵᠠᠬᠢᠷᠭ᠎ᠠ᠂ ᠦᠪᠡᠷᠲᠡᠭᠡᠨ ᠵᠠᠰᠠᠬᠤ ᠤᠷᠤᠨ ᠤ ᠭᠠᠷᠠᠮ ᠤᠨ ᠬᠠᠮᠢᠶᠠᠷᠤᠯᠲᠠ ᠶᠢᠨ ᠠᠯᠪᠠᠨ ᠭᠡᠷ ᠪᠤᠯᠤᠨ ᠮᠠᠨᠵᠤᠤᠷ ᠪᠤᠭᠤᠮᠲᠠ ᠶᠢᠨ ᠬᠠᠮᠢᠶ᠎ᠠ ᠪᠥᠬᠦᠢ ᠤᠳᠤᠷᠢᠳᠤᠯᠭ᠎ᠠ ᠶᠢ ᠳᠠᠭᠠᠭᠤᠯᠤᠨ ᠤᠯᠠᠭᠠᠨᠬᠠᠳᠠ ᠶᠢᠨ ᠣᠯᠠᠨ ᠤᠯᠤᠰ ᠤᠨ ᠬᠠᠭᠤᠷᠠᠢ ᠶᠢᠨ ᠭᠠᠷᠠᠮ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2019/7/3
        6 ᠰᠠᠷ᠎ᠠ ᠶᠢᠨ 26 ᠤ ᠡᠳᠦᠷ᠂ ᠤᠯᠤᠰ ᠤᠨ ᠭᠠᠷᠠᠮ ᠤᠨ ᠬᠠᠮᠢᠶᠠᠷᠤᠯᠲᠠ ᠶᠢᠨ ᠠᠯᠪᠠᠨ ᠭᠡᠷ ᠤᠨ ᠲᠣᠭᠤᠷᠢᠨ ᠪᠠᠶᠢᠴᠠᠭᠠᠭᠴᠢ ᠪᠠᠢ ᠱᠢ ᠪᠤᠭᠤᠮᠲᠠ ᠶᠢᠨ ᠶᠡᠷᠦᠩᠬᠡᠢ ᠵᠠᠬᠢᠷᠭ᠎ᠠ᠂ ᠦᠪᠡᠷᠲᠡᠭᠡᠨ ᠵᠠᠰᠠᠬᠤ ᠤᠷᠤᠨ ᠤ ᠭᠠᠷᠠᠮ ᠤᠨ ᠬᠠᠮᠢᠶᠠᠷᠤᠯᠲᠠ ᠶᠢᠨ ᠠᠯᠪᠠᠨ ᠭᠡᠷ ᠪᠤᠯᠤᠨ ᠮᠠᠨᠵᠤᠤᠷ ᠪᠤᠭᠤᠮᠲᠠ ᠶᠢᠨ ᠬᠠᠮᠢᠶ᠎ᠠ ᠪᠥᠬᠦᠢ ᠤᠳᠤᠷᠢᠳᠤᠯᠭ᠎ᠠ ᠶᠢ ᠳᠠᠭᠠᠭᠤᠯᠤᠨ ᠤᠯᠠᠭᠠᠨᠬᠠᠳᠠ ᠶᠢᠨ ᠣᠯᠠᠨ ᠤᠯᠤᠰ ᠤᠨ ᠬᠠᠭᠤᠷᠠᠢ ᠶᠢᠨ ᠭᠠᠷᠠᠮ ᠢ ᠲᠣᠭᠤᠷᠢᠨ ᠪᠠᠶᠢᠴᠠᠭᠠᠪᠠ᠃  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠤᠸᠠᠨ ᠸᠧᠨ ᠶᠢᠩ᠂ ᠬᠤᠲᠠ ᠶᠢᠨ ᠳᠡᠳ᠋ ᠳᠠᠷᠤᠭ᠎ᠠ ᠯᠢ ᠶᠠᠨ ᠷᠦ᠋ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠦᠬᠦᠳ ᠲᠣᠭᠤᠷᠢᠨ ᠪᠠᠶᠢᠴᠠᠭᠠᠭᠴᠢ ᠪᠠᠢ ᠱᠢ ᠳᠤ ᠪᠠᠷ᠎ᠠ ᠪᠣᠯᠤᠯᠴᠠᠨ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠥᠪ ᠤᠨ ᠠᠵᠢᠯ ᠶᠠᠪᠤᠳᠠᠯ ᠤᠨ ᠶᠡᠭᠡ ᠲᠢᠩᠬᠢᠮ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠢᠴᠢ ᠤᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ᠂ ᠭᠠᠶᠢᠯᠢ ᠪᠠᠲᠤᠯᠠᠬᠤ ᠲᠠᠸᠠᠷ ᠤᠨ ᠦᠵᠡᠭᠦᠯᠭᠡ ᠰᠤᠯᠢᠯᠴᠠᠭᠠᠨ ᠤ ᠲᠥᠪ᠂ ᠬᠤᠲᠠ ᠶᠢᠨ ᠪᠠᠷᠠᠭᠠᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠵᠢᠴᠢ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠶᠢᠨ ᠡᠬᠢᠯᠡᠨ ᠨᠠᠪᠲᠠᠷᠠᠭᠰᠠᠨ ᠠᠬᠤᠢ ᠲᠠᠯᠠᠪᠠᠢ ᠵᠡᠷᠭᠡ ᠭᠠᠵᠠᠷ ᠲᠤ ᠲᠤᠭᠤᠷᠢᠨ ᠪᠠᠶᠢᠴᠠᠭᠠᠬᠤ ᠶᠢᠨ ᠬᠠᠮᠲᠤ ᠬᠠᠭᠤᠷᠠᠢ ᠶᠢᠨ ᠭᠠᠷᠠᠮ ᠤᠨ ᠠᠵᠢᠯ ᠶᠠᠪᠤᠳᠠᠯ ᠢ ᠦᠷᠨᠢᠭᠦᠯᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃
       ᠲᠤᠭᠤᠷᠢᠨ ᠪᠠᠶᠢᠴᠠᠭᠠᠭᠴᠢ ᠪᠠᠢ ᠱᠢ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠢ ᠰᠠᠯᠠᠭ᠎ᠠ ᠮᠥᠴᠢᠷ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠤᠯᠠᠭᠠᠨᠬᠠᠳᠠ ᠬᠤᠲᠠ ᠪᠣᠯ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠳᠠᠯᠠᠢ ᠶᠢᠨ ᠭᠠᠷᠠᠮ ᠠᠴᠠ ᠬᠠᠮᠤᠭ ᠤᠨ ᠤᠶᠢᠷᠠᠬᠠᠨ ᠬᠤᠲᠠ ᠪᠠᠶᠢᠵᠤ᠂ ᠬᠦᠮᠦᠨ ᠠᠮᠠ᠂  ᠪᠠᠶᠢᠷᠢ ᠪᠠᠶᠢᠴᠠ᠂ ᠡᠬᠢ ᠪᠠᠶᠠᠯᠢᠭ ᠤᠨ ᠳᠠᠪᠠᠭᠤᠯᠢᠭ ᠨᠢ ᠳᠤᠪᠤᠶᠢᠮ᠎ᠠ᠂  ︽ᠨᠢᠭᠡ ᠪᠦᠰᠡ ᠨᠢᠭᠡ ᠵᠠᠮ︾  ᠤᠨ ᠰᠠᠨᠠᠭᠠᠴᠢᠯᠠᠭ᠎ᠠ ᠶᠢ ᠵᠤᠯᠭᠠᠭᠤᠯᠤᠨ᠂ ᠭᠠᠳᠠᠭᠰᠢ ᠴᠢᠯᠦᠭᠡᠲᠦ ᠨᠡᠭᠡᠭᠡᠯᠲᠡ ᠶᠢ ᠭᠦᠨᠵᠡᠭᠡᠶᠢᠷᠡᠭᠦᠯᠬᠦ ᠳᠤ ᠤᠯᠤᠰ ᠤᠨ ᠭᠠᠷᠠᠮ ᠤᠨ ᠬᠠᠮᠢᠶᠠᠷᠤᠯᠲᠠ ᠶᠢᠨ ᠠᠯᠪᠠᠨ ᠭᠡᠷ ᠤᠯᠠᠭᠠᠨᠬᠠᠳᠠ ᠬᠤᠲᠠ ᠶᠢᠨ ᠱᠧᠨ ᠵᠢᠶᠠᠨ ᠲᠡᠮᠦᠷ ᠵᠠᠮ ᠤᠨ ᠲᠡᠭᠡᠭᠡᠪᠦᠷᠢ ᠶᠢᠨ ᠲᠦᠷᠦᠯ ᠤᠨ ᠪᠤᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯᠯᠠᠭᠠᠨ ᠤ ᠲᠠᠯᠠᠪᠤᠷ᠂ ᠮᠠᠨᠵᠤᠤᠷ ᠪᠤᠭᠤᠮᠲᠠ᠂ ᠤᠯᠠᠭᠠᠨᠬᠠᠳᠠ ᠪᠤᠭᠤᠮᠲᠠ ᠪᠤᠯᠤᠨ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠤᠶᠢᠯᠠᠭᠠᠯᠴᠠᠨ ᠨᠡᠪᠲᠡᠷᠡᠯᠴᠡᠬᠦ᠂ ᠠᠵᠢᠯᠯᠠᠭᠠᠨ ᠤ ᠵᠢᠯᠤᠭᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠠᠵᠠᠷ ᠤᠷᠤᠨ ᠤ ᠭᠠᠳᠠᠭᠰᠢ ᠨᠡᠭᠡᠭᠡᠯᠲᠡ ᠶᠢᠨ ᠲᠠᠪᠴᠠᠩ ᠤᠨ ᠬᠢᠨᠠᠨ ᠵᠦᠪᠰᠢᠶᠡᠷᠡᠬᠦ ᠪᠠᠶᠢᠭᠤᠯᠤᠯᠲᠠ ᠶᠢ ᠳᠡᠮᠵᠢᠵᠦ᠂  ᠦᠢᠯᠡᠴᠢᠯᠡᠭᠡᠨ ᠤ ᠭᠠᠵᠠᠷ ᠤᠷᠤᠨ ᠤ ᠭᠠᠳᠠᠭᠰᠢ ᠭᠠᠷᠭᠠᠬᠤ ᠬᠡᠯᠪᠡᠷᠢ ᠶᠢᠨ ᠠᠵᠤ ᠠᠬᠤᠢ ᠪᠤᠯᠤᠨ ᠠᠵᠤ ᠠᠬᠤᠢ ᠨᠡᠶᠢᠭᠡᠮ ᠤᠨ ᠡᠷᠡᠭᠦᠯ ᠲᠦᠷᠭᠡᠨ ᠬᠦᠭᠵᠢᠯᠲᠡ ᠶᠢ ᠠᠬᠢᠭᠤᠯᠤᠨ᠎ᠠ ᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号