ᠬᠤᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠬᠤᠩᠱᠠᠨ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠷ᠎ᠡ ᠪᠥᠲᠦᠮᠵᠢ ᠶᠢᠨ ᠦᠵᠡᠭᠦᠯᠭᠡ ᠶᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2019/7/5
       ᠨᠠᠮ ᠪᠠᠶᠢᠭᠤᠯᠤᠭᠳᠠᠭᠰᠠᠨ 98 ᠵᠢᠯ ᠤᠨ ᠤᠢ ᠶᠢ ᠪᠡᠯᠡᠭᠯᠡᠨ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠦᠲᠦᠯᠦᠨ ᠵᠣᠷᠢᠭᠵᠢᠭᠤᠯᠵᠤ᠂  ᠬᠤᠩᠱᠠᠨ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠦᠩᠭᠡᠷᠡᠯᠲᠡ ᠵᠢᠴᠢ ᠠᠮᠵᠢᠯᠲᠠ ᠪᠥᠲᠦᠮᠵᠢ ᠶᠢ ᠬᠠᠮᠲᠤᠪᠡᠷ ᠡᠷᠭᠢᠴᠡᠭᠦᠯᠬᠦ ᠶᠢᠨ ᠲᠥᠯᠦᠭᠡ᠂ 7 ᠰᠠᠷ᠎ᠠ ᠶᠢᠨ 3 ᠤ ᠡᠳᠦᠷ ᠤᠨ ᠦᠳᠡ ᠠᠴᠠ ᠬᠤᠶᠢᠨ᠎ᠠ᠂  ᠬᠤᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠠᠵᠢᠯ ᠤᠨ ᠪᠠᠶᠢᠷᠢᠨ ᠳᠠᠭᠠᠨ ᠪᠠᠶᠢᠭ᠎ᠠ ᠨᠠᠮ ᠤᠨ ᠭᠡᠰᠢᠭᠦᠨ᠂ ᠬᠠᠤᠯᠢᠴᠢ ᠵᠡᠷᠭᠡ 40 ᠭᠠᠷᠤᠢ ᠬᠦᠮᠦᠨ ᠢ ᠵᠤᠬᠢᠶᠠᠨ ᠪᠠᠶᠢᠭᠤᠯᠵᠤ᠂ ᠤᠯᠠᠭᠠᠨᠬᠠᠳᠠ ᠬᠤᠲᠠ ᠶᠢᠨ ᠤᠷᠤᠨ ᠵᠢᠷᠤᠭ ᠤᠨ ᠣᠷᠳᠣᠨ ᠳᠤ ᠬᠦᠷᠴᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ  ︾ ᠬᠤᠩᠱᠠᠨ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠷ᠎ᠡ ᠪᠥᠲᠦᠮᠵᠢ ᠶᠢᠨ ᠦᠵᠡᠭᠦᠯᠭᠡ ᠶᠢ ᠲᠤᠭᠤᠷᠢᠨ ᠦᠵᠡᠪᠡ᠃
       ᠲᠣᠭᠤᠷᠢᠨ ᠦᠵᠡᠬᠦ ᠠᠴᠠ ᠡᠮᠦᠨ᠎ᠡ᠂ ᠪᠦᠬᠦ ᠨᠠᠮ ᠤᠨ ᠭᠡᠰᠢᠭᠦᠨ ᠨᠠᠮ ᠤᠨ ᠲᠤᠭ ᠲᠤ ᠲᠠᠬᠢᠨᠲᠠ ᠲᠠᠩᠭᠠᠷᠢᠭ ᠡᠷᠭᠦᠨ᠂ ᠨᠠᠮ ᠳᠤ ᠣᠷᠤᠬᠤ ᠦᠶᠡᠰ ᠤᠨ ᠡᠷᠡᠰ ᠪᠠᠲᠤ ᠢᠲᠡᠭᠡᠯ ᠵᠣᠷᠢᠭ ᠢᠶᠠᠨ ᠡᠷᠭᠢᠨ ᠰᠠᠨᠠᠵᠤ᠂ ᠦᠪᠡᠷ ᠤᠨ ᠨᠠᠮ ᠳᠠᠭᠠᠨ ᠡᠷᠭᠦᠬᠦ ᠬᠤᠪᠢᠰᠬᠠᠯᠲᠤ ᠤᠷᠮ᠎ᠠ ᠰᠡᠳᠬᠢᠯᠭᠡ  ᠂ ᠨᠠᠮ ᠪᠠ ᠤᠯᠤᠰ ᠤᠨ ᠢᠶᠠᠨ ᠲᠦᠯᠦᠭᠡ ᠨᠠᠰᠤᠨ ᠲᠤᠷᠰᠢᠲᠠ ᠵᠢᠳᠬᠦᠬᠦ ᠡᠷᠡᠰ ᠪᠠᠲᠤ ᠵᠣᠷᠢᠭ ᠰᠠᠨᠠᠭ᠎ᠠ ᠪᠠᠨ ᠢᠯᠡᠳᠬᠡᠪᠡ᠃        ᠳᠠᠷᠠᠭ᠎ᠠ ᠨᠢ᠂  ᠬᠠᠮᠢᠶ᠎ᠠ ᠪᠥᠬᠦᠢ ᠠᠵᠢᠯᠲᠠᠨ ᠤ ᠨᠠᠷᠢᠨ ᠲᠠᠶᠢᠯᠪᠤᠷᠢ ᠪᠠ ᠬᠦᠲᠦᠯᠦᠨ ᠵᠢᠯᠤᠭᠤᠳᠤᠯᠭ᠎ᠠ ᠳᠤᠤᠷ᠎ᠠ᠂ ᠨᠠᠮ ᠤᠨ ᠭᠡᠰᠢᠭᠦᠳ ᠨᠠᠮ ᠤᠨ ᠲᠡᠦᠬᠡ᠂  ᠬᠤᠲᠠ ᠶᠢᠨ ᠨᠠᠮ ᠤᠨ ᠪᠠᠶᠢᠭᠤᠯᠤᠯᠲᠠ᠂ ᠬᠦᠳᠡᠭᠡ ᠲᠤᠰᠬᠤᠨ ᠤ ᠨᠠᠮ ᠤᠨ ᠪᠠᠶᠢᠭᠤᠯᠤᠯᠲᠠ᠂ ᠪᠠᠶᠢᠭᠤᠯᠤᠮᠵᠢ ᠶᠢᠨ ᠨᠠᠮ ᠤᠨ ᠪᠠᠶᠢᠭᠤᠯᠤᠯᠲᠠ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ᠂ ᠠᠭᠤᠰᠤᠯᠴᠠᠯ ᠨᠠᠮ ᠤᠨ ᠪᠠᠶᠢᠭᠤᠯᠤᠯᠲᠠ ᠵᠡᠷᠭᠡ ᠤᠯᠠᠨ ᠲᠠᠯ᠎ᠠ ᠠᠴᠠ ᠬᠤᠩᠱᠠᠨ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠠᠵᠢᠯ ᠤᠨ ᠪᠥᠲᠦᠮᠵᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠤᠨᠴᠠᠯᠢᠭ᠂ ᠰᠢᠨ᠎ᠡ ᠭᠢᠯᠠᠰ ᠴᠡᠭ᠂ ᠰᠢᠨ᠎ᠡ ᠪᠥᠲᠦᠮᠵᠢ ᠶᠢ ᠲᠦᠪᠯᠡᠷᠡᠩᠭᠦᠢ ᠤᠶᠢᠯᠠᠭᠠᠪᠠ᠃ ᠬᠠᠭᠤᠳᠠᠰᠤ ᠬᠠᠭᠤᠳᠠᠰᠤ ᠦᠨᠡᠨ ᠪᠤᠳᠠᠲᠠᠢ ᠵᠢᠷᠤᠭ ᠰᠡᠭᠦᠳᠡᠷ᠂ ᠰᠡᠳᠬᠢᠯ ᠳᠤᠭᠳᠤᠯᠤᠭᠤᠯᠤᠮ᠎ᠠ ᠠᠬᠤᠢ ᠪᠠᠶᠢᠳᠠᠯ ᠨᠢ ᠪᠦᠷ ᠬᠤᠩᠱᠠᠨ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠦᠭᠵᠢᠯᠲᠡ ᠶᠢᠨ ᠵᠠᠮᠨᠠᠯ ᠢ ᠲᠤᠰᠬᠠᠵᠤ᠂ ᠬᠤᠩᠱᠠᠨ ᠠᠷᠠᠳ ᠲᠦᠮᠡᠨ ᠤ ᠭᠡᠷᠡᠯ ᠰᠠᠴᠤᠷᠠᠩᠭᠤᠢ ᠭᠱᠠᠨ ᠢ ᠲᠡᠮᠳᠡᠭᠯᠡᠨ᠂  ᠲᠣᠭᠤᠷᠢᠨ ᠦᠵᠡᠭᠰᠡᠨ ᠨᠠᠮ ᠤᠨ ᠭᠡᠰᠢᠭᠦᠨ ᠨᠢᠭᠡᠪᠦᠷᠢ ᠶᠢᠨ ᠰᠡᠳᠬᠢᠯ ᠢ  ᠳᠤᠭᠳᠤᠯᠠᠭᠤᠯᠤᠨ᠂ ᠲᠡᠳᠡᠨ ᠤ ᠨᠠᠮ ᠤᠨ ᠪᠠᠶᠢᠭᠤᠯᠤᠯᠲᠠ ᠶᠢᠨ ᠲᠤᠬᠠᠢ ᠤᠶᠢᠯᠠᠭᠠᠯᠲᠠ ᠶᠢ ᠨᠡᠩ ᠭᠦᠨᠵᠡᠭᠡᠶᠢᠷᠡᠭᠦᠯᠵᠡᠢ᠃
       ᠬᠤᠩᠱᠠᠨ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠷ᠎ᠡ ᠪᠥᠲᠦᠮᠵᠢ ᠶᠢᠨ ᠦᠵᠡᠭᠦᠯᠭᠡ ᠶᠢ ᠲᠤᠭᠤᠷᠢᠨ ᠦᠵᠡᠬᠦ ᠪᠠᠷ ᠳᠠᠮᠵᠢᠨ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂  ᠤᠯᠤᠰ ᠲᠦᠷᠦ ᠶᠢᠨ ᠵᠤᠭᠰᠤᠴᠠ ᠪᠠᠨ ᠲᠠᠰᠤᠷᠠᠯᠲᠠ ᠦᠭᠡᠢ ᠦᠨᠳᠦᠷᠵᠢᠭᠦᠯᠵᠦ᠂ ᠤᠯᠤᠰ  ᠲᠥᠷᠦ ᠶᠢᠨ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭᠠᠲᠤ ᠣᠪᠤᠷ᠂ ᠵᠣᠷᠢᠭᠲᠠᠢ ᠠᠵᠢᠯᠯᠠᠬᠤ᠂ ᠪᠥᠲᠦᠮᠵᠢᠲᠡᠢ ᠠᠵᠢᠯᠯᠠᠬᠤ ᠶᠢ ᠦᠨᠡᠨᠬᠦ ᠴᠢᠩᠭᠠᠳᠬᠠᠨ᠂ ᠬᠠᠤᠯᠢ ᠪᠠᠷ ᠵᠠᠰᠠᠬᠤ ᠬᠤᠩᠱᠠᠨ ᠢ ᠪᠠᠶᠢᠭᠤᠯᠬᠤ ᠳᠤ ᠡᠷᠭᠦᠪᠡᠰᠦ ᠵᠤᠬᠢᠬᠤ ᠬᠤᠪᠢ ᠨᠡᠮᠡᠷᠢ ᠪᠠᠨ ᠦᠨᠡᠨᠬᠦ ᠡᠷᠭᠦᠬᠦ ᠪᠤᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号