ᠮᠠ ᠯᠢ ᠬᠤᠸᠠ ᠪᠠᠶᠢᠴᠠᠭᠠᠯᠲᠠ ᠶᠢᠨ ᠪᠦᠯᠬᠦᠮ ᠳᠠᠭᠠᠭᠤᠯᠤᠨ ᠡᠭᠦᠯᠡᠨ ᠪᠣᠳᠤᠯᠲᠠ ᠶᠢᠨ ᠬᠦᠷᠢᠶᠡᠯᠡᠩ ᠲᠣᠭᠤᠷᠢᠭ ᠲᠤ ᠠᠶᠦᠯᠭᠦᠢ ᠦᠢᠯᠡᠳᠪᠦᠷᠢᠯᠡᠯ ᠤᠨ ᠠᠵᠢᠯ ᠢ  ᠪᠠᠶᠢᠴᠠᠭᠠᠪᠠ
ᠨᠡᠶᠢᠲᠡᠯᠡᠭᠰᠡᠨ ᠴᠠᠭ᠄
2020-01-14
        2020ᠤᠨ ᠤ 1 ᠰᠠᠷ᠎ᠠ ᠶᠢᠨ 10 ᠤ ᠡᠳᠦᠷ᠂  ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠳᠡᠳ᠋ ᠳᠠᠷᠤᠭ᠎ᠠ ᠮᠠ ᠯᠢ ᠬᠤᠸᠠ ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠨ ᠢ ᠳᠠᠭᠠᠭᠤᠯᠤᠨ ᠦᠪᠦᠷ ᠮᠤᠩᠭᠤᠯ ᠤᠨ ᠵᠡᠭᠦᠨ ᠬᠡᠰᠡᠭ ᠤᠨ ᠡᠭᠦᠯᠡᠨ ᠪᠣᠳᠤᠯᠲᠠ ᠶᠢᠨ ᠬᠦᠷᠢᠶᠡᠯᠡᠩ ᠲᠣᠭᠤᠷᠢᠭ ᠲᠤ ᠬᠦᠷᠴᠦ ᠠᠶᠦᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃        ᠮᠠ ᠯᠢ ᠬᠤᠸᠠ ᠨᠠᠷ ᠤᠷᠢᠳ ᠬᠤᠵᠢᠳ ᠮᠧᠩ ᠳ᠋ᠦᠩ ᠶᠡᠭᠡ ᠳ᠋ᠠᠶᠢᠲ᠋ᠠ ᠶᠢᠨ ᠮᠠᠰᠢᠨ ᠤ ᠲᠠᠰᠤᠭ᠂  ᠪᠦᠸᠧ ᠶᠠ IT ᠪᠣᠯᠪᠠᠰᠤᠷᠠᠭᠤᠯᠤᠯ ᠤᠨ ᠰᠤᠷᠭᠠᠭᠤᠯᠢ᠂  ᠢᠦᠢ ᠯᠦᠩ ᠵᠢᠭᠤᠯᠴᠢᠯᠠᠯ ᠲᠡᠭᠡᠭᠡᠪᠦᠷᠢ ᠶᠢᠨ ᠠᠵᠤ ᠠᠬᠤᠶᠢᠯᠠᠯ ᠢ ᠪᠤᠳᠠᠲᠤ ᠭᠠᠵᠠᠷ ᠲᠤ ᠨᠢ ᠲᠣᠭᠤᠷᠢᠨ ᠦᠵᠡᠵᠦ᠂  ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ᠂  ᠠᠵᠤ ᠠᠬᠤᠶᠢᠯᠠᠯ ᠤᠨ ᠭᠠᠯ ᠰᠡᠷᠭᠡᠶᠢᠯᠡᠬᠦ ᠰᠤᠪᠠᠭ ᠤᠨ ᠢᠯᠭᠤᠮ ᠨᠡᠪᠲᠡᠷᠡᠵᠦ ᠪᠠᠶᠢᠬᠤ ᠡᠰᠡᠭᠦ᠂  ᠭᠠᠯ ᠤᠨᠲᠠᠷᠠᠭᠠᠬᠤ ᠲᠦᠬᠦᠭᠡᠷᠦᠮᠵᠢ ᠶᠢᠨ ᠬᠠᠩᠭᠠᠯᠲᠠ ᠶᠢᠨ ᠪᠠᠶᠢᠳᠠᠯ᠂  ᠪᠠᠴᠢᠮ ᠢ ᠠᠷᠭᠠᠴᠠᠨ ᠠᠪᠤᠷᠠᠨ ᠲᠤᠰᠠᠯᠠᠬᠤ᠂  ᠢᠯᠡᠳᠬᠡᠯ ᠵᠢᠭᠠᠯᠲᠠ ᠶᠢᠨ ᠲᠣᠬᠢᠷᠠᠭᠤᠯᠤᠯᠲᠠ ᠪᠠ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠵᠡᠷᠭᠡ ᠲᠠᠯ᠎ᠠ ᠠᠴᠠ ᠨᠠᠷᠢᠨ ᠬᠢᠨᠠᠮᠠᠭᠠᠢ ᠪᠠᠶᠢᠴᠠᠭᠠᠵᠤ᠂  ᠢᠯᠡᠷᠡᠭᠦᠯᠦᠭᠰᠡᠨ ᠠᠶᠦᠯᠭᠦᠢ ᠦᠢᠯᠡᠳᠪᠦᠷᠢᠯᠡᠯ ᠤᠨ ᠭᠡᠮ ᠰᠤᠭᠤᠭ ᠢ ᠵᠢᠭᠠᠨ ᠭᠠᠷᠭᠠᠵᠤ ᠳᠠᠷᠤᠢ ᠲᠦᠷᠭᠡᠨ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠪᠠ᠃  ᠡᠭᠦᠨ ᠤ ᠬᠠᠮᠲᠤ ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠤᠨ ᠬᠠᠮᠢᠶ᠎ᠠ ᠪᠦᠬᠦᠢ ᠠᠵᠢᠯᠲᠠᠨ ᠠᠴᠠ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠳᠥᠷᠢᠮ ᠲᠣᠭᠲᠠᠭᠠᠯ ᠪᠠ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢ ᠠᠰᠠᠭᠤᠨ ᠰᠤᠷᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号