ᠨᠠᠨ ᠰᠢᠨ ᠵᠡᠭᠡᠯᠢ ᠭᠤᠳᠤᠮᠵᠢ 3.15 ᠤᠬᠠᠭᠤᠯᠤᠨ ᠰᠤᠷᠲᠠᠯᠴᠢᠯᠠᠭ᠎ᠠ ᠬᠢᠪᠡ
ᠨᠡᠶᠢᠲᠡᠯᠡᠭᠰᠡᠨ ᠴᠠᠭ᠄
2020/3/20
       3 ᠰᠠᠷ᠎ᠠ ᠶᠢᠨ 15  ᠤ ᠡᠳᠦᠷ᠂ ᠨᠠᠨ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠠᠵᠢᠯᠲᠠᠨ ᠤ ᠡᠭᠦᠷ ᠨᠠᠨ ᠰᠢᠨ ᠵᠡᠭᠡᠯᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠠᠢ ᠬᠠᠮᠲᠤᠷᠠᠨ ︽3.15︾  ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭᠠᠨ ᠢ ᠡᠷᠬᠢᠯᠡᠨ ᠶᠠᠪᠤᠭᠳᠠᠭᠤᠯᠵᠤ᠂  ᠨᠠᠮ ᠤᠨ ᠭᠡᠰᠢᠭᠦᠨ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ᠤᠯᠠᠨ ᠲᠥᠮᠡᠨ ᠳᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠬᠠᠷ᠎ᠠ ᠪᠥᠯᠦᠭᠲᠡᠨ ᠢ ᠡᠰᠡᠷᠭᠦᠴᠡᠵᠦ ᠬᠠᠷᠭᠢᠰ ᠬᠦᠴᠦᠨ ᠢ ᠤᠰᠠᠳᠬᠠᠬᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂  ᠬᠠᠮᠢᠶ᠎ᠠ ᠪᠦᠬᠦᠢ ᠮᠡᠳᠡᠯᠭᠡ ᠶᠢ ᠲᠥᠭᠡᠮᠡᠯᠵᠢᠭᠦᠯᠦᠨ ᠲᠠᠶᠢᠯᠪᠤᠷᠢᠯᠠᠪᠠ᠃  ᠬᠢᠵᠢᠭ ᠤᠨ ᠬᠤᠭᠤᠴᠠᠭᠠᠨ ᠳᠤ ᠦᠪᠡᠷ ᠤᠨ ᠬᠦᠷᠢᠶ᠎ᠡ ᠬᠡᠪᠴᠢᠶ᠎ᠡ ᠪᠠᠨ ᠰᠠᠶᠢᠲᠤᠷ ᠬᠠᠮᠢᠶᠠᠷᠴᠤ᠂  ᠢᠳᠡᠭᠡᠨ ᠤ ᠠᠮᠣᠷ ᠲᠥᠪᠰᠢᠨ ᠪᠠ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢᠨ ᠠᠵᠢᠯ ᠳᠤᠮᠳᠠ᠂  ᠬᠠᠭᠤᠷᠮᠠᠭ ᠴᠢᠨᠠᠷ ᠮᠠᠭᠤ ᠲᠠᠸᠠᠷ ᠪᠠ ᠪᠤᠳᠠᠰ ᠤᠨ ᠦᠨ᠎ᠡ ᠶᠢ ᠵᠣᠷᠢᠭᠤᠳᠠ ᠦᠰᠬᠡᠬᠦ ᠳᠤ ᠡᠷᠡᠰ ᠴᠣᠬᠢᠯᠲᠠ ᠦᠭᠪᠡ᠃  ᠡᠮᠴᠢᠯᠡᠭᠡᠨ ᠤ ᠪᠠᠭᠠᠵᠢ ᠬᠡᠷᠡᠭᠰᠡᠯ ᠢ ᠴᠡᠭᠴᠡᠯᠡᠬᠦ ᠲᠠᠯ᠎ᠠ ᠪᠠᠷ᠂ ᠠᠮᠠᠪᠴᠢ᠂ ᠪᠡᠭᠡᠯᠡᠢ᠂ ᠠᠷᠢᠭᠤᠳᠬᠠᠯ ᠤᠨ ᠪᠤᠳᠠᠰ ᠵᠡᠷᠭᠡ ᠳᠤ ᠴᠢᠩᠭ᠎ᠠ ᠬᠢᠨᠠᠨ ᠬᠠᠮᠢᠶᠠᠷᠤᠯᠲᠠ ᠬᠢᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号