ᠥᠪᠡᠷᠲᠡᠭᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠭᠠᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠴᠤᠳ ᠤᠨ ᠱᠠᠩᠨᠠᠯ ᠪᠠ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠬᠦᠷᠲᠡᠭᠰᠡᠳ ᠢ ᠮᠠᠭᠲᠠᠨ ᠰᠠᠶᠢᠰᠢᠶᠠᠵᠤ ᠬᠦᠬᠢᠭᠦᠯᠦᠨ ᠱᠠᠩᠨᠠᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠨᠡᠪᠲᠡᠷᠡᠭᠦᠯᠭᠡ
ᠨᠡᠶᠢᠲᠡᠯᠡᠭᠰᠡᠨ ᠴᠠᠭ᠄
2020-03-20
                 ᠥᠪᠥᠷ ᠵᠠᠰᠠᠭ ᠥᠰᠥᠭ ︹2019︺ 99 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠰᠢᠯᠭᠠᠷᠠᠭᠤᠯᠬᠤ ᠪᠠ ᠱᠠᠩᠨᠠᠬᠤ ᠠᠷᠭ᠎ᠠ︾ ᠵᠢᠴᠢ ᠬᠤᠯᠪᠤᠭᠲᠠᠯ ᠪᠦᠬᠦᠢ ᠲᠤᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠵᠢᠯ ᠦᠢᠯᠡᠰ ᠤᠨ ᠠᠵᠢᠯ ᠤᠨ ᠤᠳᠤᠷᠢᠳᠬᠤ ᠲᠣᠭᠤᠶᠢᠯᠠᠩ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠰᠢᠯᠭᠠᠷᠠᠭᠤᠯᠤᠨ ᠲᠣᠭᠲᠠᠭᠠᠬᠤ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ᠠᠴᠠ ᠵᠣᠬᠢᠶᠠᠨ ᠪᠠᠶᠢᠭᠤᠯᠵᠤ ᠰᠢᠯᠭᠠᠷᠠᠭᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠠᠴᠠ ᠬᠤᠤ ᠸᠧᠢ ᠮᠢᠨ ᠵᠡᠷᠭᠡ 2 ᠬᠦᠮᠦᠨ ᠳᠤ ᠥᠪᠡᠷᠲᠡᠭᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠴᠤᠳ ᠤᠨ ᠱᠠᠩᠨᠠᠯ ᠣᠯᠭᠤᠵᠤ᠂ ᠹᠧᠩ ᠸᠧᠨ ᠺᠠᠢ ᠵᠡᠷᠭᠡ 5 ᠬᠦᠮᠦᠨ ᠳᠤ ᠥᠪᠡᠷᠲᠡᠭᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠣᠯᠭᠤᠬᠤ ᠪᠠᠷ ᠲᠤᠭᠲᠠᠪᠠ᠃        ᠬᠦᠬᠢᠭᠦᠯᠦᠯ ᠱᠠᠩᠨᠠᠯ ᠬᠦᠷᠲᠡᠭᠰᠡᠨ ᠬᠤᠪᠢ ᠬᠦᠮᠦᠨ ᠢᠷᠠᠭᠤ ᠠᠯᠳᠠᠷ ᠢᠶᠠᠨ ᠨᠠᠨᠳᠢᠩᠨᠠᠵᠤ᠂ ᠴᠤᠴᠠᠯᠲᠠ ᠦᠭᠡᠢ ᠴᠢᠷᠮᠠᠶᠢᠨ ᠠᠵᠢᠯᠯᠠᠵᠤ᠂ ᠦᠷᠭᠦᠯᠵᠢᠯᠡᠨ ᠰᠢᠯᠢᠳᠡᠭ ᠠᠮᠵᠢᠯᠲᠠ ᠣᠯᠬᠤ ᠶᠢ ᠬᠦᠰᠡᠵᠦ ᠪᠠᠶᠢᠨ᠎ᠠ᠃ ᠪᠦᠬᠦ ᠣᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠨᠢ ᠱᠠᠩᠨᠠᠯ ᠬᠦᠷᠲᠡᠭᠰᠡᠳ ᠢᠶᠠᠷ ᠳᠠᠭᠤᠷᠢᠶᠠᠯ ᠪᠣᠯᠭᠠᠵᠤ᠂ ᠲᠣᠬᠠᠶᠢᠯᠠᠭᠰᠠᠨ ᠠᠵᠢᠯ ᠳᠤ ᠪᠠᠨ ᠰᠠᠭᠤᠷᠢᠯᠠᠨ᠂ ᠯᠠᠪᠳᠠᠭᠤᠨ ᠪᠠᠲᠤᠲᠠᠢ ᠠᠵᠢᠯᠯᠠᠵᠤ᠂ ᠦᠢᠯᠡᠳᠦᠯᠭᠡ ᠪᠠᠨ ᠭᠦᠨᠵᠡᠭᠡᠶᠢᠷᠡᠭᠦᠯᠣᠨ᠂ ᠣᠶᠤᠨ ᠮᠡᠳᠡᠯᠭᠡ ᠪᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠡᠭᠦᠳᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃        ᠳᠠᠭᠠᠯᠳᠤᠭᠤᠯᠤᠯ᠄ ᠥᠪᠡᠷᠲᠡᠭᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠭᠠᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠴᠤᠳ ᠤᠨ ᠱᠠᠩᠨᠠᠯ ᠪᠠ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠬᠦᠷᠲᠡᠭᠰᠡᠳ ᠤᠨ ᠨᠡᠷᠡᠰ *** ᠬᠦᠰᠦᠨᠦᠭᠲᠦ ᠨᠢᠭᠡ
*** ᠬᠦᠰᠦᠨᠦᠭᠲᠦ ᠬᠤᠶᠠᠷ
       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号