ᠮᠠᠨ ᠤ ᠣᠷᠣᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ 3 ᠳ᠋ᠤᠭᠠᠷ ᠰᠠᠷ᠎ᠠ ᠶᠢᠨ 30 ᠤ ᠡᠳᠦᠷ ᠠᠴᠠ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠬᠦ ᠪᠠᠷ ᠪᠤᠢ
ᠨᠡᠶᠢᠲᠡᠯᠡᠭᠰᠡᠨ ᠴᠠᠭ᠄
2020-03-20
       ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤ ᠣᠷᠳᠣᠨ ᠤ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠬᠤ ᠲᠤᠬᠠᠶ ᠠᠯᠪᠠᠨ ᠵᠠᠷ︾ ᠢ ᠦᠨᠳᠦᠰᠦᠯᠡᠨ᠂ ᠪᠦᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠪᠦᠬᠦᠨ ᠢ ᠳᠣᠤᠷ᠎ᠠ ᠲᠦᠭᠰᠢᠭᠦᠷᠢᠲᠦ ᠵᠡᠷᠭᠡ ᠳᠡᠰ ᠪᠣᠯᠭᠠᠨ ᠲᠣᠬᠢᠷᠠᠭᠤᠯᠪᠠ᠃ 3 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠪᠠ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠢ 3 ᠳ᠋ᠤᠭᠠᠷ ᠰᠠᠷ᠎ᠠ ᠶᠢᠨ 30 ᠤ ᠡᠳᠦᠷ ︵ᠭᠠᠷᠠᠭ ᠤᠨ ᠨᠢᠭᠡᠨ︶ ᠠᠴᠠ ᠡᠬᠢᠯᠡᠨ ᠵᠡᠷᠭᠡ ᠪᠠᠷ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠬᠦ ᠪᠠᠷ ᠮᠡᠳᠡᠭᠳᠡᠪᠡ᠃ ᠠᠩᠬ᠎ᠠ ᠳᠤᠮᠳᠠᠳᠤ ᠶᠢᠨ ᠪᠤᠰᠤᠳ ᠣᠨ ᠤ ᠰᠤᠷᠤᠭᠴᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠨ ᠶᠡᠷᠦᠩᠬᠡᠶᠢᠯᠡᠨ ᠦᠨᠡᠯᠡᠨ ᠵᠢᠱᠢᠵᠦ ᠰᠤᠳᠤᠯᠤᠨ ᠮᠠᠭᠠᠳᠯᠠᠭᠰᠠᠨ ᠪᠠᠶᠢᠳᠠᠯ ᠢᠶᠠᠨ ᠦᠨᠳᠦᠰᠦᠯᠡᠨ ᠂ ᠠᠯᠬᠤᠮ ᠠᠯᠬᠤᠮ ᠢᠶᠠᠷ ᠴᠠᠭ ᠵᠦᠷᠢᠭᠦᠯᠡᠨ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠨ᠎ᠡ︔ ᠶᠡᠭᠡ ᠳᠡᠭᠡᠳᠦ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠭᠡᠬᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号