| ᠦᠪᠦᠷ ᠵᠠᠰᠠᠭ ᠠᠯᠪᠠᠨ ᠲᠠᠷᠬᠠᠭᠠᠭᠰᠠᠨ ︹2020︺ 2 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠬᠡᠷᠡᠭᠯᠡᠭᠡᠨ ᠤ ᠠᠭᠠᠷ | ᠠᠶᠠᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠰᠦᠯ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | 2020 ᠣᠨ ᠤ 2 ᠳ᠋ᠤᠭᠠᠷ ᠰᠠᠷ᠎ᠠ ᠶᠢᠨ 2 ᠤᠨ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠰᠦᠯ | ︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾᠂ ︽ | ᠰᠢᠨ᠎ᠡ ᠴᠠᠭ ᠦᠶ᠎ᠡ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠴᠦᠷᠬᠡᠭ ᠤᠯᠤᠰ ᠤᠨ ᠠᠵᠢᠯᠯᠠᠭᠠᠨ ᠤ | ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠣᠷᠣᠨ ᠤ ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠦᠨ᠂ ᠨᠡᠶᠢᠲᠡ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠲᠣᠤᠷ ᠰᠦᠯᠵᠢᠶ᠎ᠡ ᠶᠢ ᠰᠢᠯᠢᠳᠡᠭᠵᠢᠭᠦᠯᠵᠦ | ᠂ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠪᠠ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠲᠣᠭᠤᠷᠢᠨ ᠳᠤ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠤᠳᠤᠷᠢᠳᠤᠮᠵᠢ | ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠭᠤᠤᠯ ᠰᠢᠵᠢᠮ ᠪᠣᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠨ᠂ ︽ᠬᠤᠰᠢᠭᠤᠴᠢ︾ ᠪᠤᠯᠬᠤ ᠪᠠᠶᠢᠷᠢ ᠲᠣᠭᠲᠠᠭᠠᠯᠲᠠ ᠶᠢ | ᠡᠵᠡᠮᠳᠡᠵᠦ᠂ ᠵᠣᠬᠢᠰᠲᠠᠶ ᠪᠠᠷ ᠤᠷᠢᠳᠴᠢᠯᠠᠨ ᠳᠠᠪᠰᠢᠵᠤ᠂ ᠡᠷᠡᠯᠬᠡᠭᠯᠡᠨ ᠤᠷᠤᠭᠰᠢᠯᠠᠵᠤ᠂ ᠨᠡᠶᠢᠲᠡ ᠬᠡᠷᠡᠭᠯᠡᠭᠡᠨ ᠤ ᠠᠭᠠᠷ | ᠠᠶᠠᠯᠠᠯ ᠢ ᠪᠤᠰᠤᠳ ᠵᠠᠮ ᠬᠠᠷᠢᠯᠴᠠᠭᠠᠨ ᠤ ᠠᠷᠭ᠎ᠠ ᠬᠡᠯᠪᠡᠷᠢ ᠲᠠᠢ ᠨᠢᠭᠡ ᠴᠣᠭᠴᠠᠵᠢᠭᠤᠯᠤᠨ ᠠᠭᠤᠰᠤᠯᠴᠠᠭᠤᠯᠵᠤ | ᠬᠥᠭᠵᠢᠭᠦᠯᠬᠦ ᠶᠢ ᠢᠯᠡᠭᠦᠦ ᠴᠢᠬᠤᠯᠠᠴᠢᠯᠠᠨ᠂ ︽ᠳᠥᠷᠪᠡᠨ ᠬᠡᠯᠪᠡᠷᠢ ᠶᠢᠨ ᠨᠢᠰᠬᠡᠯ ᠤᠨ ᠪᠠᠭᠤᠳᠠᠯ︾ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠰᠠᠭᠤᠷᠢ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ | ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠵᠠᠬ᠎ᠠ ᠳᠡᠯᠭᠡᠭᠦᠷ ᠢ ᠪᠣᠢ ᠪᠣᠯᠭᠠᠨ᠂ ᠨᠡᠶᠢᠲᠡ ᠬᠡᠷᠡᠭᠯᠡᠭᠡᠨ ᠤ ᠠᠭᠠᠷ ᠠᠶᠠᠯᠠᠯ | ᠬᠢᠭᠡᠳ ᠲᠡᠭᠦᠨ ᠯᠦᠭᠡ ᠬᠤᠯᠪᠣᠭᠳᠠᠬᠤ ᠠᠵᠤ ᠦᠢᠯᠡᠰ ᠤᠨ ᠵᠣᠬᠢᠴᠠᠯᠳᠤᠨ ᠬᠥᠭᠵᠢᠬᠦ ᠶᠢ ᠨᠢᠭᠡᠳᠦᠯᠲᠡᠶ ᠲᠥᠯᠥᠪᠯᠡᠵᠦ᠂ | ᠥᠪᠥᠷ ᠮᠣᠩᠭᠤᠯ ᠤᠨ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ ᠤᠷᠢᠳ ᠢᠶᠠᠷ ᠠᠮᠢ ᠠᠬᠤᠶ ᠶᠢ | ᠪᠣᠳᠣᠯᠬᠢᠯᠠᠭᠰᠠᠨ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠵᠤ᠂ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ | ᠦᠢᠯᠡᠰ ᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠪᠣᠯᠭᠠᠬᠤ ᠪᠠᠷ | ᠴᠢᠷᠮᠠᠶᠢᠨ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠭᠦᠳᠡᠯᠬᠡᠭᠴᠢ ᠬᠦᠴᠦᠨ | ᠨᠡᠮᠡᠷᠢᠯᠡᠵᠦ᠂ ᠪᠦᠬᠦ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠨᠡᠩ ᠰᠠᠶᠢᠲᠤᠷ ᠦᠢᠯᠡᠴᠢᠯᠡᠬᠦ ᠪᠠ | ᠥᠷᠭᠡᠨ ᠣᠯᠠᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ | ᠬᠤᠶᠠᠷ᠂ ᠭᠤᠤᠯ ᠠᠷᠭ᠎ᠠ ᠬᠡᠮᠵᠢᠶ᠎ᠡ | ︵ᠨᠢᠭᠡ︶ ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠭᠤᠯᠬᠤ ᠠᠬᠢᠴᠠ ᠶᠢ ᠲᠦᠷᠭᠡᠳᠬᠡᠨ᠎ᠡ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠨᠡᠶᠢᠲᠡ ᠬᠡᠷᠡᠭᠯᠡᠭᠡᠨ ᠤ | ᠨᠢᠰᠬᠡᠯ ᠤᠨ ᠪᠠᠭᠤᠳᠠᠯ ᠪᠠᠶᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠤᠰ | ᠵᠠᠰᠠᠭ ᠵᠠᠬᠢᠷᠭᠠᠨ ᠤ ᠣᠷᠣᠨ ᠳᠠᠬᠢ ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢᠶᠠᠨ | ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠨᠡᠶᠢᠲᠡ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠲᠥᠷᠥᠯ ᠵᠦᠢᠯ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠢ ᠰᠢᠮᠳᠠᠭᠤᠯᠵᠤ ᠪᠠᠶᠢᠭᠠᠳ ᠪᠦᠲᠦᠭᠡᠨ ᠪᠠᠶᠢᠭᠤᠯᠬᠤ ᠠᠬᠢᠴᠠ ᠶᠢ ᠨᠢ ᠲᠦᠷᠭᠡᠳᠬᠡᠨ᠎ᠡ᠃ ᠨᠡᠶᠢᠲᠡ | ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠲᠥᠯᠥᠪᠵᠢᠭᠦᠯᠵᠦ ᠪᠠᠶᠢᠭᠤᠯᠬᠤ ᠳᠤ ᠪᠠᠨ ᠵᠠᠰᠠᠮᠠᠯ ᠵᠠᠮ᠂ ᠲᠡᠮᠦᠷ ᠵᠠᠮ᠂ | ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠪᠣᠯᠬᠤ ᠲᠠᠯᠠᠪᠤᠷ ᠥᠷᠲᠡᠭᠡ ᠵᠡᠷᠭᠡ ᠵᠠᠮ ᠬᠠᠷᠢᠯᠴᠠᠭᠠᠨ ᠤ | ᠰᠠᠭᠤᠷᠢ ᠪᠡᠯᠡᠳᠬᠡᠮᠵᠢ ᠲᠠᠢ ᠰᠤᠯᠢᠵᠦ ᠬᠡᠷᠡᠭᠯᠡᠬᠦ ᠪᠠ ᠲᠡᠭᠦᠨ ᠯᠦᠭᠡ ᠵᠣᠯᠭᠠᠭᠤᠯᠬᠤ ᠶᠢ ᠴᠢᠬᠤᠯᠠᠴᠢᠯᠠᠨ᠂ | ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠪᠠᠨ ᠴᠢᠬᠤᠯᠠᠴᠢᠯᠠᠵᠤ᠂ ᠲᠡᠳᠬᠦᠬᠦ ᠲᠥᠷᠥ ᠶᠢᠨ ᠪᠣᠳᠣᠯᠭ᠎ᠠ ᠶᠢ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ | ᠣᠷᠣᠨ᠂ ᠠᠲᠠᠷ ᠬᠠᠭᠠᠯᠪᠤᠷᠢᠯᠠᠭᠰᠠᠨ ᠣᠷᠣᠨ ᠪᠠ ᠰᠢᠭᠤᠶᠢᠲᠤ ᠣᠷᠣᠨ ᠲᠡᠶᠢᠰᠢ ᠬᠡᠯᠪᠠᠶᠢᠯᠭᠡᠬᠦ ᠶᠢ ᠴᠢᠬᠤᠯᠠᠴᠢᠯᠠᠨ᠎ᠠ᠃ | ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠡᠯᠡ ᠣᠷᠣᠭᠤᠯᠤᠯᠲᠠ ︵ᠪᠦᠯᠦᠭᠯᠡᠯ︶ ᠶᠢᠨ ᠺᠣᠮᠫᠠᠨᠢ ︵ | ᠳᠣᠷᠣᠭᠰᠢ ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠭᠡᠵᠦ ᠲᠣᠪᠴᠢᠯᠠᠨ᠎ᠠ︶ ᠨᠢ | ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠯᠤᠭ᠎ᠠ ᠬᠠᠮᠲᠤᠷᠠᠨ | ᠠᠵᠢᠯᠯᠠᠬᠤ ᠪᠠᠨ ᠴᠢᠩᠭᠠᠳᠬᠠᠵᠤ᠂ ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠭᠤᠯᠬᠤ ᠠᠵᠢᠯ ᠢ ᠬᠠᠮᠲᠤ ᠪᠠᠷ | ᠠᠬᠢᠭᠤᠯᠤᠨ᠎ᠠ᠃ ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠨᠢ ᠲᠥᠷᠥᠯ ᠵᠦᠢᠯ ᠤᠨ | ᠡᠬᠢᠨ ᠤ ᠬᠤᠭᠤᠴᠠᠭᠠᠨ ᠳᠠᠬᠢ ᠠᠵᠢᠯ ᠢ ᠬᠠᠷᠢᠭᠤᠴᠠᠨ ᠥᠷᠨᠢᠭᠦᠯᠬᠦ ᠶᠢᠨ ᠬᠠᠮᠲᠤ᠂ ᠭᠠᠵᠠᠷ ᠲᠠᠲᠠᠪᠤᠷᠢᠯᠠᠨ ᠨᠤᠷᠠᠭᠠᠵᠤ | ᠨᠡᠭᠦᠯᠭᠡᠬᠦ ᠠᠴᠠ ᠪᠤᠰᠤᠳ ᠪᠦᠲᠦᠭᠡᠨ ᠪᠠᠶᠢᠭᠤᠯᠬᠤ ᠵᠠᠷᠤᠳᠠᠯ ᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠠᠴᠠ ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠪᠥᠬᠦᠨ ᠤ ᠪᠦᠲᠦᠭᠡᠨ ᠪᠠᠶᠢᠭᠤᠯᠤᠯᠲᠠ ᠳᠤ ᠵᠣᠬᠢᠬᠤ | ᠨᠥᠬᠦᠪᠦᠷᠢ ᠣᠯᠭᠤᠨ᠎ᠠ᠃ ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠪᠤᠶᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠳᠤ | ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠠᠷᠤᠳᠠᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ᠂ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠬᠠᠮᠵᠢᠯᠴᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ | ᠬᠢᠨ᠎ᠡ᠃ ︵ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠲᠦᠷᠦᠭᠦᠯᠡᠨ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠡᠯ᠎ᠡ | ᠬᠠᠮᠢᠶ᠎ᠠ ᠪᠥᠬᠦᠶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠬᠤᠶᠠᠷ︶ ᠠᠭᠠᠷ ᠠᠶᠠᠯᠠᠯ ᠤᠨ ᠨᠢᠰᠦᠯᠲᠡ ᠶᠢ ᠪᠠᠲᠤᠯᠠᠬᠤ ᠪᠡᠯᠡᠳᠬᠡᠮᠵᠢ ᠪᠠᠨ ᠲᠡᠭᠦᠯᠳᠡᠷᠵᠢᠭᠦᠯᠬᠦ ᠶᠢ ᠨᠢ | ᠠᠬᠢᠭᠤᠯᠤᠨ᠎ᠠ᠃ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠭᠠᠷ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠯᠥᠨ ᠪᠤᠶᠢᠷ ᠤᠨ | ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠷᠲᠡᠭᠡ ᠵᠡᠷᠭᠡ ᠠᠭᠠᠷ ᠤᠨ ᠬᠠᠮᠢᠶᠠᠷᠤᠯᠲᠠ ᠶᠢᠨ ᠨᠢᠭᠡᠴᠢ ᠨᠢ | ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠭᠤᠯᠬᠤ ᠪᠠᠶᠢᠳᠠᠯ ᠢᠶᠠᠨ ᠦᠨᠳᠦᠰᠦᠯᠡᠨ᠂ ᠣᠨᠴᠠ ᠥᠨᠳᠥᠷ | ᠳᠠᠪᠲᠠᠮᠵᠢᠲᠤ ᠰᠠᠭᠤᠷᠢ ᠥᠷᠲᠡᠭᠡ ᠵᠡᠷᠭᠡ ᠴᠢᠮᠡᠭᠡ ᠬᠤᠯᠪᠣᠭᠠᠨ ᠤ ᠵᠠᠮᠴᠢᠯᠠᠨ ᠬᠢᠨᠠᠬᠤ ᠪᠡᠯᠡᠳᠬᠡᠮᠵᠢ ᠶᠢ ᠪᠦᠯᠦᠭ | ᠤᠳᠠᠭ᠎ᠠ ᠬᠤᠪᠢᠶᠠᠨ ᠪᠠᠶᠢᠭᠤᠯᠵᠤ᠂ ᠰᠠᠭᠤᠷᠢ ᠥᠷᠲᠡᠭᠡ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠤᠳ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠠᠶᠢᠲᠤᠷ ᠨᠠᠶᠢᠳᠠᠪᠤᠷᠢᠵᠢᠭᠤᠯᠤᠨ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ | ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠵᠡᠷᠭᠡ ᠴᠠᠬᠢᠯᠭᠠᠨ ᠬᠠᠩᠭᠠᠬᠤ ᠨᠢᠭᠡᠴᠢ ᠨᠢ | ᠰᠠᠭᠤᠷᠢ ᠥᠷᠲᠡᠭᠡ ᠳᠤ ᠴᠠᠬᠢᠯᠭᠠᠨ ᠬᠠᠩᠭᠠᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠠᠭᠠᠷ ᠠᠶᠠᠯᠠᠯ ᠤᠨ | ᠠᠭᠠᠷ ᠤᠨ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠳᠤ ᠬᠤᠯᠪᠣᠭᠳᠠᠵᠤ ᠪᠠᠶᠢᠭ᠎ᠠ ᠨᠢᠰᠬᠡᠯ ᠤᠨ | ᠪᠠᠭᠤᠳᠠᠯ ᠵᠢᠴᠢ ᠠᠭᠠᠷ ᠠᠶᠠᠯᠠᠯ ᠤᠨ ᠱᠤᠭᠤᠮ ᠳᠠᠬᠢ ᠳᠣᠤᠷ᠎ᠠ ᠠᠭᠠᠷ ᠤᠨ ᠮᠡᠳᠡᠭᠡ ᠬᠤᠯᠪᠣᠭᠠᠨ ᠤ ᠠᠰᠠᠭᠤᠳᠠᠯ ᠢ | ᠨᠢᠭᠡᠳᠦᠭᠡᠷ ᠪᠦᠯᠦᠭ ᠲᠤ ᠪᠠᠶᠢᠷᠢᠯᠠᠭᠤᠯᠵᠤ ᠤᠷᠢᠳ ᠢᠶᠠᠷ ᠰᠢᠢᠳᠪᠦᠷᠢᠯᠡᠨ᠎ᠡ︔ ᠰᠠᠭᠤᠷᠢ ᠥᠷᠲᠡᠭᠡᠨ ᠤ ᠦᠢᠯᠡᠴᠢᠯᠡᠭᠡ | ᠪᠠᠴᠢᠮ ᠱᠠᠭᠠᠷᠳᠠᠵᠤ ᠪᠠᠶᠢᠭ᠎ᠠ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ | ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠨ ᠲᠦᠩᠯᠢᠶᠦᠦ — ᠤᠯᠠᠭᠠᠨᠬᠤᠲᠠ ᠵᠡᠷᠭᠡ ᠠᠭᠠᠷ ᠠᠶᠠᠯᠠᠯ ᠤᠨ | ᠱᠤᠭᠤᠮ ᠳᠠᠬᠢ ᠳᠣᠤᠷ᠎ᠠ ᠠᠭᠠᠷ ᠤᠨ ᠮᠡᠳᠡᠭᠡ ᠬᠤᠯᠪᠣᠭᠠᠨ ᠤ ᠠᠰᠠᠭᠤᠳᠠᠯ ᠢ ᠬᠤᠶᠠᠳᠤᠭᠠᠷ ᠪᠦᠯᠦᠭ ᠲᠤ | ᠪᠠᠶᠢᠷᠢᠯᠠᠭᠤᠯᠵᠤ ᠰᠢᠢᠳᠪᠦᠷᠢᠯᠡᠨ᠎ᠡ︔ ᠬᠥᠯᠥᠨ ᠪᠤᠶᠢᠷ᠂ ᠰᠢᠯᠢ ᠶᠢᠨ ᠬᠤᠲᠠ ᠵᠡᠷᠭᠡ ᠵᠡᠭᠦᠨ ᠬᠡᠰᠡᠭ᠂ ᠳᠤᠮᠳᠠ | ᠬᠡᠰᠡᠭ ᠲᠠᠬᠢ ᠳᠣᠣᠷ᠎ᠠ ᠠᠭᠠᠷ ᠢᠶᠠᠷ ᠠᠶᠠᠯᠠᠬᠤ ᠬᠡᠮᠵᠢᠶ᠎ᠡ ᠪᠠᠷ ᠨᠡᠯᠢᠶᠡᠳ ᠶᠡᠭᠡ ᠪᠠᠶᠢᠭ᠎ᠠ ᠭᠠᠵᠠᠷ ᠣᠷᠣᠨ ᠤ ᠳᠣᠤᠷ᠎ᠠ | ᠠᠭᠠᠷ ᠤᠨ ᠮᠡᠳᠡᠭᠡ ᠬᠤᠯᠪᠣᠭᠠᠨ ᠤ ᠠᠰᠠᠭᠤᠳᠠᠯ ᠢ ᠭᠤᠷᠪᠠᠳᠤᠭᠠᠷ ᠪᠦᠯᠦᠭ ᠲᠤ ᠪᠠᠶᠢᠷᠢᠯᠠᠭᠤᠯᠵᠤ ᠰᠢᠢᠳᠪᠦᠷᠢᠯᠡᠨ᠎ᠡ︔ | ᠠᠯᠠᠱᠠ ᠠᠶᠢᠮᠠᠭ ᠵᠡᠷᠭᠡ ᠪᠠᠷᠠᠭᠤᠨ ᠬᠡᠰᠡᠭ ᠤᠨ ᠭᠠᠵᠠᠷ ᠣᠷᠣᠨ ᠳᠠᠬᠢ ᠳᠣᠤᠷ᠎ᠠ ᠠᠭᠠᠷ ᠤᠨ ᠮᠡᠳᠡᠭᠡ ᠬᠤᠯᠪᠣᠭᠠᠨ ᠤ | ᠠᠰᠠᠭᠤᠳᠠᠯ ᠢ ᠳᠥᠷᠪᠡᠳᠦᠭᠡᠷ ᠪᠦᠯᠦᠭ ᠲᠤ ᠪᠠᠶᠢᠷᠢᠯᠠᠭᠤᠯᠵᠤ ᠰᠢᠢᠳᠪᠦᠷᠢᠯᠡᠨ᠎ᠡ᠃ ︵ᠠᠷᠠᠳ ᠤᠨ ᠠᠭᠠᠷ ᠤᠨ | ᠲᠡᠭᠡᠭᠡᠪᠦᠷᠢ ᠶᠢᠨ ᠥᠪᠥᠷ ᠮᠣᠩᠭᠤᠯ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠯᠥᠨ ᠪᠤᠶᠢᠷ ᠤᠨ ᠠᠭᠠᠷ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠥᠷᠲᠡᠭᠡ ᠲᠦᠷᠦᠭᠦᠯᠡᠨ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠨᠢᠰᠬᠡᠯ ᠤᠨ ᠪᠠᠭᠤᠳᠠᠯ ᠤᠨ ᠪᠦᠯᠦᠭᠯᠡᠯ᠂ ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ᠂ | ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ | ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ ᠬᠠᠮᠢᠶ᠎ᠠ ᠪᠥᠬᠦᠶ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ ᠨᠡᠶᠢᠲᠡ ᠬᠡᠷᠡᠭᠯᠡᠭᠡᠨ ᠤ ᠠᠭᠠᠷ | ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠤᠯᠤᠰ ᠤᠨ | ᠠᠷᠠᠳ ᠤᠨ ᠠᠭᠠᠷ ᠤᠨ ᠲᠡᠭᠡᠭᠡᠪᠦᠷᠢ ᠶᠢᠨ ᠲᠤᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠳᠣᠣᠷ᠎ᠠ ᠠᠭᠠᠷ ᠤᠨ | ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠶᠡᠷᠦᠩᠬᠡᠶ ᠪᠦᠲᠦᠭᠡᠨ ᠪᠠᠶᠢᠭᠤᠯᠤᠯᠲᠠ ᠶᠢᠨ | ᠲᠥᠰᠦᠯ︾ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠬᠤᠲᠠ ᠪᠤᠶᠤ ᠬᠤᠰᠢᠭᠤ ᠰᠢᠶᠠᠨ ︵ᠬᠤᠲᠠ᠂ ᠲᠣᠭᠤᠷᠢᠭ︶᠂ | ᠠᠵᠤ ᠠᠬᠤᠶᠢᠯᠠᠯ ᠨᠢ A ᠲᠥᠷᠥᠯ ᠤᠨ ᠨᠢᠰᠦᠯᠲᠡ ᠶᠢᠨ ᠦᠢᠯᠡᠴᠢᠯᠡᠭᠡᠨ ᠤ ᠥᠷᠲᠡᠭᠡ ᠶᠢ 1 — 2 ᠪᠠ B | ᠲᠥᠷᠥᠯ ᠤᠨ ᠨᠢᠰᠦᠯᠲᠡ ᠶᠢᠨ ᠦᠢᠯᠡᠴᠢᠯᠡᠭᠡᠨ ᠤ ᠥᠷᠲᠡᠭᠡ ᠶᠢ 2 — 3 ᠶᠢ ᠥᠪᠡᠰᠦᠪᠡᠨ ᠪᠠᠶᠢᠭᠤᠯᠬᠤ ᠪᠤᠶᠤ | ᠲᠤᠬᠠᠶ ᠶᠢᠨ ᠭᠠᠵᠠᠷ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ | ᠬᠠᠮᠲᠤᠷᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠠᠬᠢ ᠠᠭᠠᠷ ᠠᠶᠠᠯᠠᠯ ᠤᠨ ᠨᠢᠰᠦᠯᠲᠡ ᠶᠢᠨ | ᠲᠥᠯᠥᠪᠯᠡᠭᠡ ᠶᠢᠨ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠂ ᠠᠭᠠᠷ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠢᠰᠲ᠋ᠧᠮ ᠤᠨ ᠡᠬᠢ ᠪᠠᠶᠠᠯᠢᠭ ᠢ ᠭᠦᠢᠴᠡᠳ ᠠᠰᠢᠭᠯᠠᠨ ᠠᠭᠠᠷ ᠠᠶᠠᠯᠠᠯ ᠤᠨ ᠬᠠᠷᠠᠭᠠᠨ | ᠵᠢᠷᠤᠭ ᠤᠨ ᠳ᠋ᠠᠶᠢᠲ᠋ᠠ᠂ ᠳᠣᠤᠷ᠎ᠠ ᠠᠭᠠᠷ ᠤᠨ ᠴᠠᠭ ᠠᠭᠤᠷ ᠤᠨ ᠮᠡᠳᠡᠭᠡ ᠵᠠᠩᠭᠢ ᠪᠣᠯᠤᠨ ᠬᠥᠳᠡᠯᠦᠩᠭᠦᠶ ᠬᠢᠨᠠᠬᠤ | ᠮᠡᠳᠡᠭᠡ ᠵᠠᠩᠭᠢ ᠵᠡᠷᠭᠡ ᠰᠠᠭᠤᠷᠢ ᠦᠢᠯᠡᠴᠢᠯᠡᠭᠡ ᠶᠢ ᠬᠠᠩᠭᠠᠵᠤ᠂ ᠠᠭᠠᠷ ᠠᠶᠠᠯᠠᠯ ᠤᠨ ᠨᠢᠰᠦᠯᠲᠡ ᠶᠢᠨ ᠪᠠᠲᠤᠯᠠᠭ᠎ᠠ ᠶᠢ | ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠬᠦᠴᠦᠲᠡᠶ ᠳᠡᠮᠵᠢᠯᠭᠡ ᠬᠠᠩᠭᠠᠨ᠎ᠠ᠃ ︵ᠥᠪᠥᠷ ᠮᠣᠩᠭᠤᠯ ᠤᠨ ᠠᠭᠠᠷ | ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠲᠦᠷᠦᠭᠦᠯᠡᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ | ᠮᠣᠩᠭᠤᠯ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠠᠷᠠᠳ ᠤᠨ | ᠠᠭᠠᠷ ᠤᠨ ᠲᠡᠭᠡᠭᠡᠪᠦᠷᠢ ᠶᠢᠨ ᠬᠥᠯᠥᠨ ᠪᠤᠶᠢᠷ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠷᠲᠡᠭᠡ᠂ | ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ᠂ ᠣᠷᠳᠣᠰ | ᠨᠢᠰᠬᠡᠯ ᠤᠨ ᠪᠠᠭᠤᠳᠠᠯ ᠤᠨ ᠪᠦᠯᠦᠭᠯᠡᠯ᠂ ᠡᠯ᠎ᠡ ᠬᠠᠮᠢᠶ᠎ᠠ ᠪᠥᠬᠦᠶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠭᠤᠷᠪᠠ︶ ︽ᠭᠤᠣᠯ ᠱᠤᠭᠤᠮ ᠪᠠ ᠰᠠᠯᠪᠤᠷᠢ ᠱᠤᠭᠤᠮ ᠤᠨ ᠠᠶᠠᠯᠠᠯ︾ ᠲᠠᠢ ᠠᠷᠠᠳ ᠤᠨ ᠠᠭᠠᠷ ᠤᠨ | ᠲᠡᠭᠡᠭᠡᠪᠦᠷᠢ ᠶᠢ ᠱᠤᠭᠤᠮ ᠪᠥᠬᠦᠨ ᠢᠶᠠᠷ ᠨᠢ ᠠᠶᠠᠯᠠᠯ ᠨᠡᠪᠲᠡᠷᠡᠭᠦᠯᠦᠨ᠎ᠡ᠃ ᠠᠭᠠᠷ ᠠᠶᠠᠯᠠᠯ ᠤᠨ ᠺᠣᠮᠫᠠᠨᠢ ᠠᠯᠤᠰᠯᠠᠭᠰᠠᠨ | ᠬᠠᠮᠲᠤᠷᠠᠯᠴᠠᠭ᠎ᠠ ᠪᠠᠷ ᠳᠠᠮᠵᠢᠭᠤᠯᠤᠨ᠂ ︽ᠨᠢᠭᠡ ᠪᠢᠯᠧᠲ ᠢᠶᠠᠷ ᠰᠠᠭᠠᠳ ᠦᠭᠡᠢ ᠠᠶᠠᠯᠠᠵᠤ᠂ ᠪᠣᠭᠤᠳᠠᠯ | ᠪᠠᠭᠯᠠᠭ᠎ᠠ ᠶᠢ ᠨᠢ ᠰᠢᠭᠤᠳ ᠠᠴᠢᠶᠠᠯᠠᠬᠤ︾ ᠲᠥᠬᠦᠮ ᠲᠦᠷᠭᠡᠨ ᠦᠢᠯᠡᠴᠢᠯᠡᠭᠡᠨ ᠤ ᠵᠠᠭᠪᠤᠷ ᠲᠠᠢ ᠪᠣᠯᠭᠠᠵᠤ᠂ ᠨᠡᠶᠢᠲᠡ | ᠬᠡᠷᠡᠭᠯᠡᠭᠡᠨ ᠤ ᠠᠭᠠᠷ ᠠᠶᠠᠯᠠᠯ ᠤᠨ ᠤᠶᠢᠷ᠎ᠠ ᠵᠠᠢ ᠳᠠᠬᠢ ᠲᠡᠭᠡᠭᠡᠪᠦᠷᠢ ᠶᠢ ᠠᠷᠠᠳ ᠤᠨ ᠠᠭᠠᠷ ᠤᠨ ᠲᠡᠭᠡᠭᠡᠪᠦᠷᠢ ᠶᠢᠨ | ᠰᠢᠰᠲ᠋ᠧᠮᠵᠢ ᠳᠤ ᠣᠷᠣᠭᠤᠯᠤᠨ᠎ᠠ᠃ ᠲᠡᠭᠷᠢᠯᠢᠭ ᠠᠭᠠᠷ ᠠᠶᠠᠯᠠᠯ ᠤᠨ ᠺᠣᠮᠫᠠᠨᠢ᠂ ᠬᠤᠸᠠᠰᠢᠶᠠ ᠠᠭᠠᠷ ᠠᠶᠠᠯᠠᠯ ᠤᠨ | ᠺᠣᠮᠫᠠᠨᠢ ᠵᠡᠷᠭᠡ ᠰᠠᠯᠪᠤᠷᠢ ᠱᠤᠭᠤᠮ ᠤᠨ ᠠᠭᠠᠷ ᠠᠶᠠᠯᠠᠯ ᠤᠨ ᠠᠵᠤ ᠠᠬᠤᠶᠢᠯᠠᠯ ᠢᠶᠠᠷ ᠬᠤᠯᠪᠣᠭᠠᠰᠤ ᠪᠣᠯᠭᠠᠵᠤ᠂ | ᠨᠡᠶᠢᠲᠡ ᠬᠡᠷᠡᠭᠯᠡᠭᠡᠨ ᠬᠢᠬᠡᠳ ᠰᠠᠯᠪᠤᠷᠢ ᠱᠤᠭᠤᠮ᠂ ᠰᠠᠯᠪᠤᠷᠢ ᠱᠤᠭᠤᠮ ᠬᠢᠭᠡᠳ ᠰᠠᠯᠪᠤᠷᠢ ᠱᠤᠭᠤᠮ᠂ ᠰᠠᠯᠪᠤᠷᠢ | ᠱᠤᠭᠤᠮ ᠬᠢᠭᠡᠳ ᠭᠤᠤᠯ ᠱᠤᠭᠤᠮ ᠤᠨ ᠠᠭᠤᠰᠤᠯᠴᠠᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠤᠷ | ᠰᠦᠯᠵᠢᠶ᠎ᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ︵ᠥᠪᠥᠷ ᠮᠣᠩᠭᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ᠂ ᠣᠷᠳᠣᠰ ᠨᠢᠰᠬᠡᠯ ᠤᠨ ᠪᠠᠭᠤᠳᠠᠯ ᠤᠨ ᠪᠦᠯᠦᠭᠯᠡᠯ | ᠲᠦᠷᠦᠭᠦᠯᠡᠨ᠂ ᠡᠯ᠎ᠡ ᠬᠠᠮᠢᠶ᠎ᠠ ᠪᠥᠬᠦᠶ ᠠᠭᠠᠷ ᠠᠶᠠᠯᠠᠯ ᠤᠨ ᠠᠵᠤ ᠠᠬᠤᠶᠢᠯᠠᠯ ᠬᠠᠮᠵᠢᠯᠴᠠᠨ᠎ᠠ︶ | ︵ᠳᠥᠷᠪᠡ︶ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢᠳ ᠪᠣᠯᠪᠠᠰᠤᠷᠠᠭᠤᠯᠬᠤ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠳᠤᠷ᠎ᠠ | ᠠᠵᠢᠯᠯᠠᠭᠠᠨ ᠲᠠᠢ ᠨᠢᠰᠬᠡᠯᠴᠢᠳ ᠪᠣᠯᠪᠠᠰᠤᠷᠠᠭᠤᠯᠬᠤ ᠳᠡᠭᠡᠳᠦ ᠰᠤᠷᠭᠠᠭᠤᠯᠢ ︵ᠠᠭᠠᠷ ᠤᠨ ᠲᠡᠭᠡᠭᠡᠪᠦᠷᠢ ᠶᠢᠨ | ᠰᠤᠷᠭᠠᠭᠤᠯᠢ︶ ᠳᠤ ᠠᠮᠤᠷ ᠲᠦᠪᠰᠢᠨ ᠤ ᠬᠠᠮᠢᠶᠠᠷᠤᠯᠲᠠ ᠬᠢᠵᠦ᠂ ᠪᠣᠳᠠᠲᠤ ᠬᠦᠴᠦᠨ ᠢ ᠨᠢ ᠦᠨᠡᠯᠡᠨ ᠵᠢᠱᠢᠬᠦ ᠪᠠ | ᠬᠠᠨᠳᠤᠰᠢ ᠶᠢ ᠨᠢ ᠲᠥᠰᠦᠭᠡᠯᠡᠵᠦ᠂ ᠪᠦᠬᠦ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢᠳ | ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠲᠤᠮᠳᠠᠳᠤ | ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢ ᠤᠷᠤᠭᠤᠯᠤᠨᠨᠰᠠᠨ ᠬᠢᠵᠠᠭᠠᠷᠳᠤ ᠺᠤᠮᠫᠠᠨᠢ ᠶᠢᠨ ᠥᠪᠥᠷ | ᠮᠣᠩᠭᠤᠯ ᠳᠠᠬᠢ ᠺᠣᠮᠫᠠᠨᠢ᠂ ᠲᠡᠭᠷᠢᠯᠢᠭ ᠠᠭᠠᠷ ᠠᠶᠠᠯᠠᠯ ᠤᠨ ᠺᠣᠮᠫᠠᠨᠢ᠂ ᠥᠪᠥᠷ ᠮᠣᠩᠭᠤᠯ ᠤᠨ ᠨᠡᠶᠢᠳᠡ ᠬᠡᠷᠡᠭᠯᠡᠬᠡᠨ ᠤ | ᠠᠭᠠᠷ ᠠᠶᠠᠯᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠮᠠᠨ ᠤ ᠣᠷᠣᠨ ᠳᠤ ᠰᠠᠭᠤᠷᠢᠨ ᠭᠠᠵᠠᠷ | ᠪᠠᠶᠢᠭᠤᠯᠤᠭᠰᠠᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠳᠠᠬᠢ | ᠨᠢᠰᠬᠡᠯᠴᠢᠳ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠲᠡᠭᠦᠰᠦᠭᠰᠡᠨ ᠠᠷᠠᠳ ᠤᠨ ᠠᠭᠠᠷ ᠤᠨ ᠲᠡᠭᠡᠭᠡᠪᠦᠷᠢ ᠶᠢᠨ | ᠲᠤᠰᠬᠠᠶ ᠮᠡᠷᠭᠡᠵᠢᠯ ᠤᠨ ᠴᠢᠳᠠᠪᠤᠷᠢᠳᠠᠨ ᠡᠯᠰᠡᠵᠦ ᠠᠵᠢᠯ ᠣᠯᠭᠤᠬᠤ ᠶᠢ ᠨᠢ ᠵᠣᠷᠢᠭᠵᠢᠭᠤᠯᠤᠨ᠎ᠠ᠃ ︵ᠠᠷᠠᠳ ᠤᠨ | ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠮᠵᠢᠯᠴᠠᠨ᠎ᠠ︶ | ︵ᠲᠠᠪᠤ︶ ᠵᠢᠯᠣᠭᠤᠴᠢ ᠥᠬᠡᠶ ᠨᠢᠰᠬᠡᠯ ᠤᠨ ᠬᠡᠷᠡᠭᠯᠡᠯᠲᠡ ᠶᠢ ᠢᠳᠡᠪᠬᠢᠲᠡᠶ ᠠᠬᠢᠭᠤᠯᠤᠨ᠎ᠠ᠃ ᠤᠷᠠᠳ ᠤᠨ | ᠳᠤᠮᠳᠠᠳᠤ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠵᠡᠷᠭᠡ ᠨᠡᠶᠢᠳᠡ ᠬᠡᠷᠡᠭᠯᠡᠬᠡᠨ ᠤ ᠨᠢᠰᠬᠡᠯ ᠤᠨ | ᠪᠠᠭᠤᠳᠠᠯ ᠢ ᠵᠢᠯᠣᠭᠤᠴᠢ ᠥᠬᠡᠶ ᠨᠢᠰᠬᠡᠯ ᠤᠨ ᠲᠤᠷᠰᠢᠨ ᠨᠢᠰᠬᠦ᠂ ᠰᠢᠯᠭᠠᠨ ᠪᠠᠲᠤᠯᠠᠬᠤ ᠪᠠ ᠪᠣᠯᠪᠠᠰᠤᠷᠠᠭᠤᠯᠬᠤ | ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠵᠢᠯᠣᠭᠤᠴᠢ ᠥᠬᠡᠶ ᠨᠢᠰᠬᠡᠯ ᠢᠶᠠᠨ ᠴᠠᠭᠳᠠᠭᠠᠨ ᠤ ᠲᠣᠭᠤᠷᠢᠨ | ᠴᠠᠭᠳᠠᠠᠬᠤ᠂ ᠤᠷᠭᠤᠮᠠᠯ ᠢ ᠬᠠᠮᠠᠭᠠᠯᠠᠬᠤ ᠵᠢᠴᠢ ᠣᠶ ᠰᠢᠭᠤᠶ ᠨᠤᠲᠤᠭ ᠪᠡᠯᠴᠢᠭᠡᠷ ᠢ ᠲᠣᠭᠤᠷᠢᠨ ᠬᠠᠮᠠᠭᠠᠯᠠᠬᠤ᠂ | ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠠᠬᠢᠯᠭᠠᠨ ᠬᠦᠴᠦᠨ ᠤ ᠤᠲᠠᠰᠤ ᠶᠢ ᠲᠣᠭᠤᠷᠢᠨ ᠴᠠᠭᠳᠠᠬᠤ | ᠵᠢᠴᠢ ᠪᠠᠶᠢᠴᠠᠭᠠᠨ ᠵᠠᠰᠠᠬᠤ ᠵᠡᠷᠭᠡ ᠲᠠᠯ᠎ᠠ ᠳᠤ ᠬᠡᠷᠡᠭᠯᠡᠬᠦ ᠶᠢ ᠵᠣᠷᠢᠭᠵᠢᠭᠤᠯᠤᠨ᠎ᠠ᠃ ᠵᠢᠯᠣᠭᠤᠴᠢ ᠦᠭᠡᠢ ᠨᠢᠰᠬᠡᠯ ᠤᠨ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠣᠯᠤᠨ ᠵᠠᠯᠠᠭᠤᠴᠤᠳ ᠪᠠᠭᠠᠴᠤᠳ ᠲᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠬᠥᠮᠦᠵᠢᠯ ᠪᠣᠯᠪᠠᠰᠤᠷᠠᠭᠤᠯᠤᠯ ᠢ ᠨᠢ ᠴᠢᠩᠭᠠᠳᠬᠠᠨ᠂ ᠵᠢᠯᠣᠭᠤᠴᠢ ᠦᠭᠡᠢ ᠨᠢᠰᠬᠡᠯ ᠤᠨ ᠬᠡᠷᠡᠭᠯᠡᠭᠡᠨ ᠤ | ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠮᠠᠨ ᠤ ᠣᠷᠣᠨ ᠢᠶᠠᠨ ᠵᠢᠯᠣᠭᠤᠴᠢ ᠦᠭᠡᠢ ᠨᠢᠰᠬᠡᠯ ᠤᠨ | ᠰᠤᠷᠭᠠᠭᠤᠯᠢᠯᠠᠯ ᠤᠨ ᠴᠢᠬᠤᠯᠠ ᠰᠠᠭᠤᠷᠢᠨ ᠭᠠᠵᠠᠷ ᠪᠣᠯᠤᠨ ᠴᠢᠳᠠᠪᠤᠷᠢᠲᠠᠨ ᠬᠥᠮᠥᠵᠢᠭᠦᠯᠵᠦ ᠭᠠᠳᠠᠭᠰᠢ ᠭᠠᠷᠭᠠᠬᠤ | ᠲᠤᠮᠤ ᠣᠷᠣᠨ ᠪᠣᠯᠭᠠᠨ ᠪᠠᠶᠢᠭᠤᠯᠤᠨ᠎ᠠ᠃ ︵ᠡᠯ᠎ᠡ ᠬᠠᠮᠢᠶ᠎ᠠ ᠪᠥᠬᠦᠶ ᠨᠢᠭᠡᠴᠢ ᠡᠭᠦᠷᠭᠡ ᠴᠢᠳᠠᠪᠤᠷᠢ ᠶᠢᠨ ᠶᠣᠰᠣᠭᠠᠷ | ᠲᠣᠰ ᠲᠣᠰ ᠨᠠᠶᠢᠳᠠᠪᠤᠷᠢᠵᠢᠭᠤᠯᠤᠨ᠎ᠠ︶ | ︵ᠵᠢᠷᠭᠤᠭ᠎ᠠ︶ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠠᠭᠠᠷ ᠠᠶᠠᠯᠠᠯ ᠤᠨ ᠵᠢᠭᠤᠯᠴᠢᠯᠠᠯ ᠤᠨ | ᠲᠣᠭᠤᠷᠢᠭ ᠢ ᠪᠠᠶᠢᠭᠤᠯᠤᠨ᠎ᠠ᠃ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠪᠣᠯ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠵᠢᠭᠤᠯᠴᠢᠯᠠᠯ ᠤᠨ ᠭᠤᠤᠯᠳᠠᠯᠭ᠎ᠠ ᠲᠠᠢ ᠣᠷᠣᠨ ᠪᠦᠰᠡ ᠪᠣᠯᠤᠨ᠎ᠠ᠂ ᠥᠪᠥᠷ ᠮᠣᠩᠭᠤᠯ ᠤᠨ | ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠨᠢ ᠲᠡᠭᠷᠢᠯᠢᠭ ᠠᠭᠠᠷ ᠠᠶᠠᠯᠠᠯ ᠤᠨ ᠺᠣᠮᠫᠠᠨᠢ᠂ ᠵᠠᠯᠠᠨ ᠠᠶᠢᠯ ᠥᠪᠥᠷ | ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠵᠢᠴᠢ ᠥᠪᠡᠷᠲᠡᠭᠡᠨ ᠵᠠᠰᠠᠬᠤ ᠣᠷᠣᠨ ᠤ ᠳᠣᠲᠣᠷ᠎ᠠ | ᠠᠵᠢᠯᠯᠠᠭᠠᠨ ᠲᠠᠢ ᠪᠤᠰᠤᠳ ᠠᠭᠠᠷ ᠠᠶᠠᠯᠠᠯ ᠤᠨ ᠠᠵᠤ ᠠᠬᠤᠶᠢᠯᠠᠯ ᠳᠤ ᠲᠦᠰᠢᠭᠯᠡᠨ᠂ ᠣᠷᠣᠨ ᠪᠦᠰᠡ ᠶᠢᠨ | ᠠᠵᠢᠯᠯᠠᠭᠠᠨ ᠳᠤ ᠳᠣᠭᠢᠷᠠᠬᠤ ᠨᠢᠰᠬᠡᠯ ᠢ ᠣᠷᠣᠭᠤᠯᠤᠨ ᠠᠪᠴᠢᠷᠠᠵᠤ᠂ 2020 ᠣᠨ ᠳᠤ ︽ᠤᠯᠠᠭᠠᠨᠬᠤᠲᠠ ᠷᠠᠰᠢᠶᠠᠨ | ᠬᠠᠶᠢᠯᠠᠷ ᠮᠠᠨᠵᠤᠤᠷ︾ ᠤᠨ ᠠᠭᠠᠷ ᠤᠨ ᠲᠡᠭᠡᠭᠡᠪᠦᠷᠢ ᠶᠢ ᠨᠡᠶᠢᠲᠡ ᠶᠢᠨ ᠮᠠᠰᠢᠨ ᠲᠡᠭᠡᠭᠡᠪᠦᠷᠢ ᠶᠢᠨ ᠡᠵᠡᠩᠨᠡᠬᠦ ᠬᠡᠯᠪᠡᠷᠢ | ᠲᠡᠶᠢᠰᠢ ᠬᠥᠭᠵᠢᠬᠦ ᠶᠢ ᠪᠡᠶᠡᠯᠡᠭᠦᠯᠵᠦ᠂ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠤᠨ ᠵᠢᠭᠤᠯᠴᠢᠯᠠᠯ ᠤᠨ | ᠨᠢᠭᠡ ᠴᠣᠭᠴᠠᠵᠢᠨ ᠬᠥᠭᠵᠢᠬᠦ ᠶᠢ ᠠᠬᠢᠭᠤᠯᠤᠨ᠎ᠠ᠃ ︵ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ | ᠪᠦᠯᠦᠭᠯᠡᠯ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠥᠯᠥᠨ ᠪᠤᠶᠢᠷ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠬᠢᠩᠭᠠᠨ ᠠᠶᠢᠮᠠᠭ ᠤᠨ ᠵᠠᠬᠢᠷᠭ᠎ᠠ ᠬᠠᠮᠵᠢᠯᠴᠠᠨ᠎ᠠ︶ | ︵ᠳᠣᠯᠤᠭ᠎ᠠ︶ ᠥᠪᠥᠷ ᠮᠣᠩᠭᠤᠯ ᠤᠨ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠭᠵᠢᠯᠲᠡ ᠳᠤ ᠲᠡᠮᠵᠢᠯᠬᠡ ᠦᠵᠡᠬᠦᠯᠦᠨ᠎ᠠ᠃ ᠬᠠᠮᠢᠶ᠎ᠠ ᠪᠦᠬᠦᠢ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠨᠡᠶᠢᠲᠡ ᠬᠡᠷᠡᠭᠯᠡᠭᠡᠨ ᠤ ᠠᠭᠠᠷ | ᠠᠶᠠᠯᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠡᠶᠢᠲᠡ ᠬᠡᠷᠡᠭᠯᠡᠭᠡᠨ ᠤ ᠠᠭᠠᠷ ᠤᠨ ᠣᠶᠢᠷ᠎ᠠ | ᠵᠠᠢ ᠳᠠᠬᠢ ᠲᠡᠭᠡᠭᠡᠪᠦᠷᠢ ᠶᠢᠨ ᠵᠠᠮ ᠨᠡᠪᠲᠡᠷᠡᠭᠦᠯᠬᠦ᠂ ᠨᠢᠭᠤᠴᠠᠯᠠᠬᠤ ᠶᠢ ᠢᠳᠡᠪᠬᠢᠲᠡᠢ ᠳᠠᠮᠵᠢᠵᠤ᠂ ᠠᠷᠠᠳ ᠤᠨ ᠠᠭᠠᠷ ᠤᠨ | ᠲᠡᠭᠡᠭᠡᠪᠦᠷᠢ ᠶᠢᠨ ᠲᠣᠤᠷ ᠰᠦᠯᠵᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠨᠡᠶᠢᠲᠡ ᠬᠡᠷᠡᠭᠯᠡᠭᠡᠨ ᠤ ᠠᠭᠠᠷ | ᠠᠶᠠᠯᠠᠯ ᠤᠨ ᠦᠢᠯᠡᠴᠢᠯᠡᠭᠡᠨ ᠤ ᠴᠢᠳᠠᠪᠤᠷᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ | ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠢ ᠳᠡᠮᠵᠢᠵᠦ ᠪᠠᠶᠢᠭᠠᠳ ᠣᠳᠣ ᠶᠢᠨ ᠪᠠᠶᠢᠭ᠎ᠠ ᠪᠡᠯᠡ ᠮᠥᠩᠭᠦ ᠪᠠᠨ | ᠠᠰᠢᠭᠯᠠᠨ ᠥᠪᠥᠷ ᠮᠣᠩᠭᠤᠯ ᠤᠨ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠳᠤ ᠳᠠᠩᠰᠠᠯᠠᠭᠤᠯᠬᠤ ᠬᠥᠷᠥᠩᠭᠡ ᠶᠢ ᠨᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠲᠤᠰ | ᠨᠡᠶᠢᠳᠡ ᠬᠡᠷᠡᠭᠯᠡᠬᠡᠨ ᠤ ᠠᠭᠠᠷ ᠠᠶᠠᠯᠠᠯ ᠤᠨ ᠠᠵᠤ ᠠᠬᠤᠶᠢᠯᠠᠯ ᠳᠤ ᠬᠤᠪᠢ ᠡᠵᠡᠮᠳᠡᠬᠦ ᠶᠢ ᠪᠠᠶᠠᠯᠡᠭᠦᠯᠦᠨ᠎ᠡ᠃ ︵ᠥᠪᠥᠷ | ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠲᠦᠷᠦᠭᠦᠯᠡᠨ᠂ ᠡᠯ᠎ᠡ ᠬᠠᠮᠢᠶ᠎ᠠ ᠪᠥᠬᠦᠶ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠬᠠᠮᠵᠢᠯᠴᠠᠨ᠎ᠠ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠲᠢᠩᠬᠢᠮ ᠤᠨ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠳᠠᠶᠢᠨ ᠤ ᠪᠡᠯᠡᠳᠬᠡᠯ ᠤᠨ ᠠᠯᠪᠠᠨ ᠭᠡᠷ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ | ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ᠂ ᠥᠪᠥᠷ | ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠵᠡᠷᠭᠡ ᠪᠦᠷᠢᠯᠳᠦᠬᠦᠨ ᠨᠢᠭᠡᠴᠢ ᠪᠣᠯᠣᠭᠰᠠᠨ ᠤ | ᠬᠤᠪᠢ ᠳᠤ᠂ ᠪᠦᠬᠦ ᠣᠷᠣᠨ ᠤ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ | ᠠᠵᠢᠯ ᠢ ᠨᠢᠭᠡᠳᠦᠯᠲᠡᠶ ᠲᠥᠯᠥᠪᠯᠡᠵᠦ ᠠᠬᠢᠭᠤᠯᠬᠤ ᠶᠢ ᠬᠠᠷᠢᠭᠤᠴᠠᠨ᠂ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ | ᠠᠵᠤ ᠦᠢᠯᠡᠰ ᠤᠨ ᠬᠥᠭᠵᠢᠯᠲᠡ ᠶᠢ ᠭᠦᠯᠢᠶᠡᠰᠦᠯᠡᠵᠦ ᠪᠠᠶᠢᠭ᠎ᠠ ᠵᠠᠩᠭᠢᠯᠠᠭ᠎ᠠ ᠶᠢᠨ ᠪᠣᠯᠣᠨ ᠲᠣᠪᠤᠶᠢᠮ᠎ᠠ ᠠᠰᠠᠭᠤᠳᠠᠯ ᠢ | ᠰᠤᠳᠤᠯᠤᠨ ᠰᠢᠢᠳᠪᠦᠷᠢᠯᠡᠨ᠎ᠡ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠤᠨ᠎ᠠ᠃ ᠡᠯ᠎ᠡ ᠬᠠᠮᠢᠶ᠎ᠠ ᠪᠦᠬᠦᠢ ᠠᠶᠢᠮᠠᠭ | ᠬᠤᠲᠠ ᠴᠤ ᠭᠡᠳ ᠵᠣᠬᠢᠬᠤ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠪᠠᠶᠢᠭᠤᠯᠵᠤ᠂ ᠲᠣᠰ ᠭᠠᠵᠠᠷ | ᠣᠷᠣᠨ ᠤ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠯᠠᠪᠳᠠᠭᠤᠨ | ᠪᠠᠲᠤᠲᠠᠶ ᠡᠮᠬᠢ ᠵᠢᠷᠤᠮ ᠲᠠᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠡᠯ᠎ᠡ ᠬᠠᠮᠢᠶ᠎ᠠ ᠪᠥᠬᠦᠶ ᠨᠢᠭᠡᠴᠡ᠂ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠴᠢᠳᠠᠪᠤᠷᠢ ᠶᠢᠨ ᠶᠣᠰᠣᠭᠠᠷ ᠲᠣᠰ ᠲᠣᠰ | ᠨᠠᠶᠢᠳᠠᠪᠤᠷᠢᠵᠢᠭᠤᠯᠤᠨ᠎ᠠ︶ | ︵ᠬᠤᠶᠠᠷ︶ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠠᠭᠠᠷ | ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠢ ᠳᠡᠮᠵᠢᠵᠦ ᠪᠠᠶᠢᠭᠠᠳ ᠥᠪᠡᠷᠲᠡᠭᠡᠨ ᠵᠠᠰᠠᠬᠤ ᠣᠷᠣᠨ ᠤ ᠠᠭᠠᠷ ᠠᠶᠠᠯᠠᠯ | ᠪᠠ ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠤᠳᠤᠯᠤᠨ ᠪᠠᠶᠢᠭᠤᠯᠤᠨ᠎ᠠ᠃ ᠪᠡᠯᠡ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠲᠥᠷᠥᠯ ᠵᠦᠢᠯ ᠳᠤ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭ ᠬᠡᠷᠡᠭᠯᠡᠬᠦ ᠪᠠᠷ ᠭᠤᠶᠤᠴᠢᠯᠠᠬᠤ ᠶᠢ ᠳᠠᠮᠵᠢᠨ᠎ᠠ᠃ ᠥᠪᠡᠷᠲᠡᠭᠡᠨ ᠵᠠᠰᠠᠬᠤ | ᠣᠷᠣᠨ ᠤ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠲᠥᠷᠥᠯ ᠵᠦᠢᠯ ᠤᠨ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠢ ᠦᠨᠳᠦᠰᠦᠯᠡᠨ᠂ ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠤᠨ | ᠳᠠᠩᠰᠠᠯᠠᠭᠤᠯᠤᠭᠰᠠᠨ ᠬᠥᠷᠥᠩᠭᠡ ᠶᠢ ᠴᠠᠭ ᠲᠤ ᠨᠢ ᠲᠤᠬᠢᠷᠠᠭᠤᠯᠤᠨ ᠨᠡᠮᠡᠭᠳᠡᠭᠦᠯᠵᠦ᠂ ᠨᠡᠶᠢᠲᠡ ᠬᠡᠷᠡᠭᠯᠡᠭᠡᠨ ᠤ ᠠᠭᠠᠷ | ᠠᠶᠠᠯᠠᠯ ᠤᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ᠮᠠᠨ ᠤ ᠣᠷᠣᠨ ᠤ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠣᠶᠢᠷ᠎ᠠ ᠵᠠᠢ ᠳᠠᠬᠢ ᠲᠡᠭᠡᠭᠡᠪᠦᠷᠢ ᠶᠢᠨ ᠱᠤᠭᠤᠮ ᠳᠤ | ᠤᠯᠤᠰ ᠠᠴᠠ ᠥᠭᠬᠦ ᠨᠡᠮᠡᠭᠦᠷᠢ ᠶᠢ ᠢᠳᠡᠪᠬᠢᠯᠡᠨ ᠣᠯᠬᠤ ᠪᠠᠷ ᠴᠢᠷᠮᠠᠶᠢᠬᠤ ᠶᠢᠨ ᠬᠠᠮᠲᠤ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠠᠮᠲᠤᠷᠠᠨ | ᠨᠡᠮᠡᠭᠦᠷᠢ ᠥᠭᠬᠦ ᠠᠷᠭ᠎ᠠ ᠮᠠᠶ᠋ᠢᠭ ᠢ ᠰᠤᠳᠤᠯᠤᠨ ᠲᠣᠭᠲᠠᠭᠠᠵᠤ᠂ ᠪᠦᠬᠦ ᠣᠷᠣᠨ ᠤ ᠨᠡᠶᠢᠲᠡ ᠬᠡᠷᠡᠭᠯᠡᠭᠡᠨ ᠤ ᠠᠭᠠᠷ | ᠠᠶᠠᠯᠠᠯ ᠤᠨ ᠣᠶᠢᠷ᠎ᠠ ᠵᠠᠢ ᠳᠠᠬᠢ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠣᠢ ᠪᠣᠯᠭᠠᠨ᠂ ︽ᠨᠡᠶᠢᠲᠡ | ᠬᠡᠷᠡᠭᠯᠡᠭᠡᠨ ᠤ ᠠᠭᠠᠷ ᠠᠶᠠᠯᠠᠯ + ᠵᠢᠭᠤᠯᠴᠢᠯᠠᠯ︾᠂ ︽ᠨᠡᠶᠢᠲᠡ ᠬᠡᠷᠡᠭᠯᠡᠭᠡᠨ ᠤ ᠠᠭᠠᠷ ᠠᠶᠠᠯᠠᠯ + ᠪᠡᠶ᠎ᠡ ᠶᠢᠨ ᠲᠠᠮᠢᠷ | ︾ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ ᠬᠥᠭᠵᠢᠭᠦᠯᠦᠨ᠎ᠡ᠃ ᠮᠠᠨ ᠤ ᠣᠷᠣᠨ ᠤ ᠨᠡᠶᠢᠲᠡ | ᠬᠡᠷᠡᠭᠯᠡᠭᠡᠨ ᠤ ᠨᠢᠰᠬᠡᠯ ᠤᠨ ᠪᠠᠭᠤᠳᠠᠯ ᠳᠤ ᠰᠤᠷᠭᠠᠭᠤᠯᠢᠯᠠᠯ ᠬᠢᠵᠦ ᠪᠠᠶᠢᠭ᠎ᠠ ᠨᠢᠰᠦᠯᠲᠡ ᠶᠢᠨ ᠪᠣᠯᠪᠠᠰᠤᠷᠠᠭᠤᠯᠤᠯ ᠤᠨ | ᠳᠡᠭᠡᠳᠦ ᠰᠤᠷᠭᠠᠭᠤᠯᠢ ᠶᠢᠨ ᠵᠢᠯ ᠤᠨ ᠨᠢᠰᠦᠯᠲᠡ ᠶᠢᠨ ᠰᠤᠷᠭᠠᠭᠤᠯᠢᠯᠠᠯ ᠬᠢᠭᠰᠡᠨ ᠪᠥᠬᠦ ᠲᠤᠭ᠎ᠠ ᠨᠢ ᠴᠠᠭ ᠠᠴᠠ ᠪᠠᠨ | ᠵᠣᠬᠢᠬᠤ ᠬᠡᠮᠵᠢᠶ᠎ᠡ ᠪᠠᠷ ᠳᠠᠪᠠᠭᠰᠠᠨ ᠳᠡᠭᠡᠳᠦ ᠰᠤᠷᠭᠠᠭᠤᠯᠢ ᠨᠤᠭᠤᠳ ᠢ ᠵᠣᠬᠢᠰᠲᠠᠢ ᠱᠠᠩᠨᠠᠨ᠎ᠠ᠃ ︵ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ | ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠪᠦᠯᠦᠭᠯᠡᠯ᠂ ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠬᠠᠮᠵᠢᠯᠴᠠᠨ᠎ᠠ︶ | | ︵ᠭᠤᠷᠪᠠ︶ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠷᠠᠭᠤᠯᠤᠨ᠎ᠠ᠃ ᠨᠡᠶᠢᠲᠡ ᠬᠡᠷᠡᠭᠯᠡᠭᠡᠨ ᠤ ᠨᠢᠰᠬᠡᠯ ᠤᠨ | ᠪᠠᠭᠤᠳᠠᠯ ᠵᠢᠴᠢ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠢᠮᠡᠭᠡ ᠬᠤᠯᠪᠣᠭᠠᠨ ᠤ ᠠᠶᠠᠯᠠᠯ ᠢ ᠵᠠᠮᠴᠢᠯᠠᠵᠤ | ᠬᠢᠨᠠᠨ ᠠᠵᠢᠭᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠬᠤ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠡᠷᠡᠭᠴᠡᠭᠡ | ᠱᠠᠭᠠᠷᠳᠠᠯᠭ᠎ᠠ ᠳᠤ ᠪᠣᠯ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠭᠠᠵᠠᠷ | ᠬᠡᠷᠡᠭᠯᠡᠬᠦ ᠶᠢ ᠨᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ᠂ ᠭᠠᠵᠠᠷ ᠰᠢᠷᠣᠶ ᠠᠰᠢᠭᠯᠠᠬᠤ ᠲᠥᠯᠥᠪᠯᠡᠭᠡ ᠶᠢᠨ | ᠭᠦᠢᠴᠡᠳᠬᠡᠯ ᠲᠤᠭ᠎ᠠ ᠶᠢ ᠨᠢ ᠳᠣᠭᠢᠷᠠᠭᠤᠯᠬᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢ ᠬᠢᠨᠠᠨ | ᠵᠥᠪᠰᠢᠶᠡᠷᠡᠬᠦ ᠭᠠᠷᠳᠠᠮ ᠵᠡᠷᠭᠡ ᠲᠠᠯ᠎ᠠ ᠪᠠᠷ ᠪᠥᠬᠦ ᠬᠦᠴᠦᠨ ᠢᠶᠠᠷ ᠢᠶᠠᠨ ᠪᠠᠲᠤᠯᠠᠭ᠎ᠠ ᠬᠠᠩᠭᠠᠨ᠎ᠠ︔ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠵᠢᠴᠢ ᠤᠯᠤᠰ ᠠᠴᠠ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠵᠦ | ᠲᠣᠬᠢᠷᠠᠭᠤᠯᠬᠤ ᠯᠤᠭ᠎ᠠ ᠬᠤᠯᠪᠣᠭᠳᠠᠭᠰᠠᠨ ᠲᠥᠷᠥᠯ ᠵᠦᠢᠯ ᠳᠤ ᠪᠣᠯ ᠳᠡᠰ ᠳᠠᠷᠠᠭᠠᠯᠠᠯ ᠶᠣᠰᠣᠭᠠᠷ ᠭᠦᠢᠴᠡᠳᠭᠡᠬᠦ | ᠠᠬᠢᠴᠠ ᠶᠢ ᠨᠢ ᠲᠦᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠲᠦᠷᠦᠭᠦᠯᠡᠨ᠂ ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ᠂ ᠡᠯ᠎ᠡ ᠬᠠᠮᠢᠶ᠎ᠠ ᠪᠥᠬᠦᠶ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠲᠦᠷᠪᠡ︶ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠨᠡᠶᠢᠭᠡᠮᠯᠢᠭ ᠢ ᠪᠠᠶᠢᠭᠤᠯᠤᠨ᠎ᠠ᠃ ᠨᠡᠶᠢᠲᠡ | ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠨᠡᠶᠢᠭᠡᠮᠯᠢᠭ ᠢ ᠪᠡᠯᠡᠳᠬᠡᠨ ᠪᠠᠶᠢᠭᠤᠯᠬᠤ ᠶᠢ ᠲᠦᠷᠭᠡᠳᠬᠡᠬᠦ ᠲᠤᠬᠠᠶ | ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶᠠᠨ ᠤ ᠱᠠᠭᠠᠷᠳᠠᠯᠭ᠎ᠠ ᠶᠢ ᠢᠳᠡᠪᠬᠢᠲᠡᠢ ᠳᠠᠭᠠᠵᠤ᠂ | ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠨᠢ ᠠᠭᠠᠷ ᠠᠶᠠᠯᠠᠯ ᠤᠨ ᠨᠢᠰᠦᠯᠲᠡ ᠶᠢᠨ | ᠠᠵᠢᠯᠯᠠᠭᠠᠨ ᠤ ᠡᠯ᠎ᠡ ᠭᠤᠭᠴᠣᠭᠠᠨ ᠳᠠᠬᠢ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ | ᠣᠷᠣᠨ ᠤ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠨᠡᠶᠢᠭᠡᠮᠯᠢᠭ ᠢ ᠪᠠᠶᠢᠭᠤᠯᠤᠨ᠂ ᠭᠡᠰᠢᠭᠦᠨ ᠨᠢᠭᠡᠴᠢ ᠶᠢ ᠨᠢ | ᠬᠠᠪᠰᠤᠷᠴᠤ ᠪᠠᠶᠢᠭᠠᠳ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠲᠤᠬᠠᠶᠢᠯᠠᠭᠰᠠᠨ ᠠᠵᠢᠯ ᠢᠶᠠᠨ | ᠣᠶᠢᠯᠠᠭᠠᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠴᠡᠷᠢᠭ ᠤᠨ ᠲᠠᠯ᠎ᠠ ᠶᠢᠨ ᠬᠢᠨ ᠳᠤ ᠠᠭᠠᠷ ᠠᠶᠠᠯᠠᠯ ᠤᠨ ᠠᠵᠤ | ᠠᠬᠤᠶᠢᠯᠠᠯ ᠤᠨ ᠠᠵᠢᠯᠯᠠᠬᠤ ᠭᠤᠶᠤᠴᠢᠯᠠᠯ ᠢᠶᠠᠨ ᠨᠢᠭᠡᠳᠦᠯᠲᠡᠶ ᠮᠡᠳᠡᠭᠦᠯᠦᠨ ᠬᠦᠷᠭᠡᠵᠦ᠂ ᠠᠭᠠᠷ ᠠᠶᠠᠯᠠᠯ ᠤᠨ ᠡᠬᠢ | ᠪᠠᠶᠠᠯᠢᠭ ᠪᠣᠯᠣᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠢ ᠪᠠᠶᠢᠭᠤᠯᠤᠨ᠂ ᠠᠭᠠᠷ ᠠᠶᠠᠯᠠᠯ ᠤᠨ ᠠᠵᠤ | ᠠᠬᠤᠶᠢᠯᠠᠯ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠬᠢᠭᠡᠳ ᠠᠭᠠᠷ ᠠᠶᠠᠯᠠᠯ ᠤᠨ ᠰᠢᠨ᠎ᠡ ᠮᠡᠷᠭᠡᠵᠢᠯ ᠤᠨ | ᠬᠡᠷᠡᠭᠯᠡᠯᠲᠡ ᠶᠢ ᠠᠬᠢᠭᠤᠯᠤᠨ᠎ᠠ᠃ ᠡᠭᠦᠨ ᠤ ᠳᠠᠭᠠᠤ ᠳᠤ᠂ ᠠᠵᠢᠯ ᠲᠥᠷᠥᠯ ᠤᠨ ᠬᠥᠭᠵᠢᠯᠲᠡ ᠪᠠᠷ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠠᠭᠠᠷ ᠠᠶᠠᠯᠠᠯ ᠤᠨ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ ᠶᠢ | ᠠᠬᠢᠭᠤᠯᠤᠨ᠎ᠠ᠃ ︵ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠲᠦᠷᠦᠭᠦᠯᠡᠨ᠂ | ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠮᠵᠢᠯᠴᠠᠨ᠎ᠠ︶ | ︵ᠲᠠᠪᠤ︶ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠮᠠᠨ ᠤ ᠣᠷᠣᠨ ᠤ | ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ ᠲᠦᠷᠭᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ | ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠢ ᠥᠪᠥᠷ ᠮᠣᠩᠭᠤᠯ ᠤᠨ ᠵᠠᠮ | ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠠᠴᠠ ᠲᠤᠰᠠᠭᠠᠷᠯᠠᠨ ᠭᠠᠷᠭᠠᠵᠤ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ | ᠬᠤᠪᠢᠶᠠᠷᠢᠯᠠᠨ ᠥᠭᠴᠦ ᠰᠢᠭᠤᠳ ᠬᠢᠨᠠᠨ ᠬᠠᠮᠢᠶᠠᠷᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠭᠡᠵᠦ᠂ ᠥᠪᠥᠷ ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠢ ᠰᠢᠮᠳᠠᠭᠤᠯᠵᠤ | ᠪᠠᠶᠢᠭᠠᠳ ᠭᠤᠤᠯ ᠪᠣᠯᠬᠤ ᠠᠵᠢᠯ ᠳᠤ ᠪᠠᠨ ᠬᠦᠴᠦᠨ ᠲᠥᠪᠯᠡᠷᠡᠭᠦᠯᠬᠦ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠪᠦᠬᠦ ᠣᠷᠣᠨ ᠤ ᠨᠡᠶᠢᠲᠡ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ ᠬᠥᠭᠵᠢᠯᠲᠡ ᠳᠤ ᠭᠦᠴᠦ | ᠨᠡᠮᠡᠷᠢᠯᠡᠵᠦ ᠪᠦᠭᠦ ᠤᠯᠤᠰ ᠤᠨ ᠲᠡᠷᠢᠬᠦᠨ ᠡᠩᠨᠡᠬᠡᠨ ᠳᠤ ᠭᠠᠪᠰᠢᠭᠠᠶᠢᠯᠠᠭᠤᠯᠤᠨᠠ᠃ ︵ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ᠂ ᠥᠪᠥᠷ | ᠮᠣᠩᠭᠤᠯ ᠤᠨ ᠠᠭᠠᠷ ᠠᠶᠠᠯᠠᠯ ᠤᠨ ᠵᠢᠭᠤᠯᠴᠢᠯᠠᠯ ᠤᠨ ᠪᠦᠯᠦᠭᠯᠡᠯ ᠬᠠᠮᠵᠢᠯᠴᠠᠨ᠎ᠠ︶ | ︵ᠵᠢᠷᠭᠤᠭ᠎ᠠ︶ ᠲᠤᠷᠰᠢᠯᠲᠠ ᠶᠢᠨ ᠴᠡᠭ ᠭᠠᠷᠭᠠᠬᠤ ᠠᠵᠢᠯ ᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ | ᠮᠠᠨ ᠤ ᠣᠷᠣᠨ ᠢᠶᠠᠨ ᠤᠯᠤᠰ ᠤᠨ ᠴᠡᠷᠢᠭ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠦᠯᠲᠡ ᠶᠢᠨ ᠠᠵᠢᠯ ᠤᠨ | ᠲᠥᠯᠥᠪᠯᠡᠭᠡ ᠶᠢᠨ ︽ᠨᠢᠭᠡ ᠥᠷᠲᠡᠭᠡᠴᠢᠯᠡᠭᠰᠡᠨ ᠮᠠᠶ᠋ᠢᠭ︾ ᠢᠶᠠᠷ ᠬᠢᠨᠠᠨ ᠵᠥᠪᠰᠢᠶᠡᠷᠡᠬᠦ ᠲᠤᠷᠰᠢᠯᠲᠠ ᠶᠢᠨ ᠴᠡᠭ ᠤᠨ | ᠬᠡᠪᠴᠢᠶᠡᠨ ᠳᠤ ᠣᠷᠣᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠣᠷᠳᠣᠰ ᠨᠢᠰᠬᠡᠯ ᠤᠨ ᠪᠠᠭᠤᠳᠠᠯ ᠤᠨ ᠠᠭᠠᠷ ᠲᠠᠬᠢ | ᠵᠠᠭᠠᠭᠯᠠᠨ ᠲᠣᠭᠲᠠᠭᠠᠭᠰᠠᠨ ᠤᠯᠤᠰ ᠲᠤ ᠪᠠᠨ ᠦᠢᠯᠡᠳᠪᠦᠷᠢᠯᠡᠭᠰᠡᠨ ᠠᠷᠠᠳ ᠤᠨ ᠠᠭᠠᠷ ᠤᠨ ᠲᠡᠭᠡᠭᠡᠪᠦᠷᠢ ᠶᠢᠨ | ARJ21᠂ C919 ᠬᠡᠯᠪᠡᠷᠢ ᠶᠢᠨ ᠨᠢᠰᠬᠡᠯ ᠤᠨ ᠲᠤᠷᠰᠢᠨ ᠨᠢᠰᠬᠦ ᠠᠭᠠᠷ ᠤᠨ ᠣᠷᠣᠨ ᠪᠣᠯᠣᠨ ᠵᠠᠯᠠᠨ | ᠠᠶᠢᠯ ᠳᠠᠬᠢ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠨᠢᠰᠬᠡᠯᠴᠢ ᠪᠣᠯᠪᠠᠰᠤᠷᠠᠭᠤᠯᠬᠤ᠂ | ᠨᠢᠰᠬᠡᠯ ᠤᠨ ᠶᠠᠪᠤᠳᠠᠯ ᠤᠨ ᠲᠣᠭᠲᠠᠭᠰᠠᠨ ᠴᠡᠭ ᠲᠠᠢ ᠪᠠᠲᠤᠯᠠᠬᠤ ᠳᠠᠪᠠᠭᠤᠯᠢᠭ ᠢ ᠭᠦᠢᠴᠡᠳ ᠰᠠᠶᠢᠲᠤᠷ ᠠᠰᠢᠭᠯᠠᠨ᠂ | ᠲᠣᠮᠣ ᠨᠢᠰᠬᠡᠯ ᠵᠢᠯᠤᠭᠤᠳᠴᠤ ᠪᠣᠯᠪᠠᠰᠤᠷᠠᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠨ ᠨᠢᠰᠬᠦ | ᠠᠭᠠᠷ ᠤᠨ ᠣᠷᠣᠨ ᠪᠣᠯᠭᠠᠬᠤ ᠪᠠᠷ ᠠᠯᠬᠤᠮ ᠠᠯᠬᠤᠮ ᠢᠶᠠᠷ ᠢᠳᠡᠪᠬᠢᠲᠡᠶ ᠴᠢᠷᠮᠠᠶᠢᠨ ᠥᠷᠭᠡᠳᠬᠡᠵᠤ᠂ ᠠᠭᠠᠷ | ᠠᠶᠠᠯᠠᠯ ᠤᠨ ᠪᠣᠯᠪᠠᠰᠤᠷᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠤᠨ᠎ᠠ᠃ ᠣᠷᠳᠣᠰ — ᠤᠲᠤᠭ ᠤᠨ | ᠡᠮᠦᠨᠡᠲᠦ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ — ᠤᠷᠠᠳ ᠤᠨ ᠳᠤᠮᠳᠠᠳᠤ ᠬᠤᠰᠢᠭᠤ᠂ | ᠬᠥᠬᠡᠬᠤᠲᠠ — ᠤᠷᠠᠳ ᠤᠨ ᠳᠤᠮᠳᠠᠳᠤ ᠬᠤᠰᠢᠭᠤ᠂ ᠬᠠᠶᠢᠯᠠᠷ — ᠵᠠᠭᠳᠠᠴᠢ᠂ ᠬᠠᠶᠢᠯᠠᠷ — ᠭᠡᠭᠡᠨ ᠭᠤᠤᠯ | ᠂ ᠬᠠᠶᠢᠯᠠᠷ — ᠷᠠᠰᠢᠶᠠᠨ᠂ ᠮᠠᠨᠵᠤᠤᠷ — ᠰᠢᠨ᠎ᠡ ᠪᠠᠷᠭᠤ ᠪᠠᠷᠠᠭᠤᠨ ᠬᠤᠰᠢᠭᠤ — ᠷᠠᠰᠢᠶᠠᠨ᠂ | ᠤᠯᠠᠭᠠᠨᠬᠤᠲᠠ — ᠷᠠᠰᠢᠶᠠᠨ ᠵᠡᠷᠭᠡ ᠠᠭᠠᠷ ᠠᠶᠠᠯᠠᠯ ᠤᠨ ᠱᠤᠭᠤᠮ ᠳᠠᠬᠢ ᠰᠢᠯᠢᠳᠡᠭ ᠠᠴᠠ ᠨᠢ 2 ᠢ ᠰᠣᠩᠭᠤᠵᠤ | ᠠᠭᠠᠷ ᠠᠶᠠᠯᠠᠯ ᠤᠨ ᠲᠤᠷᠰᠢᠯᠲᠠ ᠶᠢᠨ ᠴᠡᠭ ᠤᠨ ᠱᠤᠭᠤᠮ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠡᠶᠢᠲᠡ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠭᠠᠷ ᠲᠠᠬᠢ 3000 ᠮᠧᠲᠷ ᠠᠴᠠ ᠳᠣᠷᠣᠭᠰᠢᠬᠢ | ᠳᠣᠤᠷ᠎ᠠ ᠠᠭᠠᠷ ᠤᠨ ᠣᠷᠣᠨ ᠢ ᠬᠡᠰᠡᠭ ᠭᠠᠵᠠᠷ ᠢᠶᠠᠷ ᠨᠢ ᠴᠢᠯᠦᠭᠡᠲᠡᠢ ᠪᠣᠯᠭᠠᠵᠤ᠂ ᠲᠤᠷᠰᠢᠯᠲᠠ ᠶᠢᠨ ᠴᠡᠭ ᠤᠨ | ᠲᠥᠰᠦᠯ ᠢ ᠰᠤᠳᠤᠯᠤᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠡᠷᠢᠭ | ᠠᠷᠠᠳ ᠤᠨ ᠬᠠᠮ ᠬᠥᠭᠵᠢᠭᠦᠯᠦᠯᠲᠡ ᠶᠢᠨ ᠠᠯᠪᠠᠨ ᠬᠡᠷ ᠲᠦᠷᠦᠭᠦᠯᠡᠨ᠂ ᠥᠪᠥᠷ ᠮᠣᠩᠭᠤᠯ ᠤᠨ ᠠᠭᠠᠷ ᠠᠶᠠᠯᠠᠯ ᠤᠨ | ᠵᠢᠭᠤᠯᠴᠢᠯᠠᠯ ᠤᠨ ᠪᠦᠯᠦᠭᠯᠡᠯ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠨ᠎ᠠ︶ | |