ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠲᠤ ᠲᠤᠬᠢᠷᠠᠭᠤᠯᠤᠯᠳᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2020-03-25
                 ᠥᠪᠥᠷ ᠵᠠᠰᠠᠭ ᠦᠰᠦᠭ ︹2020︺ 14 ᠳ᠋ᠦ᠋ᠭᠡᠷ ᠲᠣᠭᠠᠲᠤ        ︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠮᠨᠡᠵᠦ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠲᠣᠭᠤᠷᠢᠭ ᠪᠠ ᠱᠠᠲᠤ ᠬᠤᠪᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠵᠢᠯᠣᠭᠤᠳᠬᠤ ᠰᠠᠨᠠᠯ︾ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠬᠠᠷᠢᠶᠠᠨ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠢ ᠰᠤᠳᠤᠯᠤᠨ ᠮᠠᠭᠠᠳᠯᠠᠭᠰᠠᠨ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠢ ᠨᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠪᠥᠬᠦᠨ ᠢ ᠳᠣᠣᠷ᠎ᠠ ᠳᠡᠰ ᠪᠣᠯᠭᠠᠨ ᠲᠣᠬᠢᠷᠠᠭᠤᠯᠬᠤ ᠪᠠᠷ ᠲᠣᠭᠲᠠᠭᠠᠪᠠ᠃        ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                      2020 ᠣᠨ ᠤ 3 ᠳ᠋ᠤᠭᠠᠷ ᠰᠠᠷ᠎ᠠ ᠶᠢᠨ 16 ᠤ ᠡᠳᠦᠷ    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号