︽ᠬᠤᠩᠱᠠᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠰᠡᠷᠭᠦᠭᠡᠬᠦ ᠠᠵᠢᠯ ᠤᠨ ᠲᠤᠬᠠᠢ ᠮᠡᠳᠡᠭᠳᠡᠬᠦ ᠵᠦᠢᠯᠡᠰ︾ ᠤᠨ ᠮᠡᠳᠡᠭᠳᠡᠯ
ᠨᠡᠶᠢᠲᠡᠯᠡᠭᠰᠡᠨ ᠴᠠᠭ᠄
2020-04-01
ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶᠠᠲᠤ ᠡᠯ᠎ᠡ ᠵᠦᠪᠯᠡᠯ᠂  ᠠᠯᠪᠠᠨ ᠭᠡᠷ᠂  ᠲᠣᠪᠴᠢᠶ᠎ᠠ᠂ ᠡᠯ᠎ᠡ ᠠᠵᠤ ᠠᠬᠤᠶᠢᠯᠠᠯ ᠳᠤ᠄        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠰᠡᠷᠭᠦᠭᠡᠨ ᠦᠢᠯᠡᠳᠪᠦᠷᠢᠯᠡᠯ ᠡᠬᠢᠯᠡᠬᠦ ᠶᠢ ᠪᠦᠬᠦ ᠲᠠᠯ᠎ᠠ ᠪᠠᠷ ᠲᠦᠷᠭᠡᠳᠬᠡᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠦᠯᠦᠭᠡ᠂  ︽ᠤᠯᠠᠭᠠᠨᠬᠠᠳᠠ ᠬᠤᠲᠠ ᠶᠢᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠢ ᠠᠷᠭᠠᠴᠠᠬᠤ ᠠᠵᠢᠯ ᠤᠨ ᠣᠳᠤᠷᠢᠳᠬᠤ ᠳᠤᠭᠤᠶᠢᠯᠠᠩ ᠤᠨ ᠦᠪᠡᠷᠲᠡᠭᠡᠨ ᠵᠠᠰᠠᠬᠤ ᠣᠷᠤᠨ ᠤ ︿ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠲᠦᠷᠦᠯ ᠬᠤᠪᠢᠶᠠᠨ ᠵᠢᠯᠤᠭᠤᠳᠴᠤ᠂ ᠤᠨᠤᠴᠢᠲᠠᠢ ᠠᠷᠭ᠎ᠠ ᠠᠪᠴᠠᠯ  ᠠᠪᠴᠤ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠬᠢᠬᠦ ᠠᠵᠢᠯ ᠤᠨ ᠲᠤᠬᠠᠢ ᠰᠠᠨᠠᠯ﹀ ᠢ ᠬᠡᠷᠡᠭᠵᠢᠭᠦᠯᠬᠦ ᠲᠥᠰᠦᠯ︾ ︵ᠤᠯᠠᠭᠠᠨᠬᠠᠳᠠ ᠨᠠᠮ ᠲᠠᠷᠬᠠᠭᠠᠬᠤ ᠴᠠᠬᠢᠯᠭᠠᠨ ﹇2020﹈ 3 ᠨᠤᠮᠧᠷᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂  ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ︽ᠬᠤᠩᠱᠠᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠰᠡᠷᠭᠦᠭᠡᠬᠦ ᠠᠵᠢᠯ ᠤᠨ ᠲᠤᠬᠠᠢ ᠮᠡᠳᠡᠭᠳᠡᠬᠦ ᠵᠦᠢᠯᠡᠰ︾ ᠢ ᠲᠤᠭᠲᠠᠭᠠᠵᠤ᠂ ᠡᠳᠦᠭᠡ ᠲᠠ ᠪᠥᠬᠦᠨ ᠳᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                    2020 ᠤᠨ ᠤ 2 ᠰᠠᠷ᠎ᠠ ᠶᠢᠨ 22 ᠤ ᠡᠳᠦᠷ                          ᠬᠤᠩᠱᠠᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ                          ᠠᠵᠢᠯ ᠰᠡᠷᠭᠦᠭᠡᠬᠦ ᠠᠵᠢᠯ ᠤᠨ ᠲᠤᠬᠠᠢ ᠮᠡᠳᠡᠭᠳᠡᠬᠦ ᠵᠦᠢᠯᠡᠰ        ᠨᠢᠭᠡ᠂  ᠠᠵᠢᠯ ᠰᠡᠷᠭᠦᠭᠡᠨ ᠦᠢᠯᠡᠳᠪᠦᠷᠢᠯᠡᠯ ᠡᠬᠢᠯᠡᠬᠦ ᠪᠡᠯᠡᠳᠬᠡᠨ ᠳᠠᠩᠰᠠᠯᠠᠵᠤ ᠬᠠᠮᠢᠶᠠᠷᠬᠤ ᠶᠢ ᠴᠢᠩᠭᠠᠳᠬᠠᠨ᠎ᠠ        ᠠᠵᠢᠯ ᠰᠡᠷᠭᠦᠭᠡᠨ ᠦᠢᠯᠡᠳᠪᠦᠷᠢᠯᠡᠯ ᠡᠬᠢᠯᠡᠬᠦ ᠬᠢᠨᠠᠨ ᠵᠦᠪᠰᠢᠶᠡᠷᠡᠯ ᠤᠨ ᠠᠯᠬᠤᠮ ᠳᠠᠷᠠᠭ᠎ᠠ ᠶᠢ ᠬᠢᠯᠪᠠᠷᠴᠢᠯᠠᠨ ᠂ ᠠᠵᠢᠯ ᠰᠡᠷᠭᠦᠭᠡᠨ ᠦᠢᠯᠡᠳᠪᠦᠷᠢᠯᠡᠯ ᠡᠬᠢᠯᠡᠬᠦ ᠪᠠᠷ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ︵ᠭᠤᠣᠯᠳᠠᠯᠭ᠎ᠠ ᠲᠠᠢ ᠲᠦᠷᠦᠯ ᠵᠦᠢᠯ ᠢ ᠪᠠᠭᠲᠠᠭᠠᠨ᠎ᠠ︶  ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠪᠣᠶᠤ ᠲᠣᠭᠤᠷᠢᠭ ᠤᠨ ᠠᠵᠤ ᠦᠢᠯᠡᠳᠪᠦᠷᠢᠵᠢᠯᠲᠡ ᠪᠠ ᠰᠤᠷᠠᠭ ᠵᠠᠩᠭᠢᠵᠢᠯᠲᠠ ᠶᠢᠨ ᠬᠡᠯᠲᠡᠰ ᠲᠤ ᠪᠡᠯᠡᠳᠬᠡᠨ ᠳᠠᠩᠰᠠᠯᠠᠪᠠᠯ ᠠᠵᠢᠯ ᠰᠡᠷᠭᠦᠭᠡᠨ ᠦᠢᠯᠡᠳᠪᠦᠷᠢᠯᠡᠯ ᠡᠬᠢᠯᠡᠵᠦ ᠪᠣᠯᠤᠨ᠎ᠠ ︵ᠡᠭᠦᠨ ᠳᠤ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠳᠤ ᠳᠠᠩᠰᠠᠯᠠᠵᠤ᠂ ᠬᠦᠷᠢᠶᠡᠯᠡᠩ ᠲᠣᠭᠤᠷᠢᠭ ᠤᠨ ᠪᠤᠰᠤ ᠠᠵᠤ ᠠᠬᠤᠶᠢᠯᠠᠯ ᠲᠣᠭᠤᠷᠢᠭ ᠤᠨ ᠠᠵᠤ ᠦᠢᠯᠡᠳᠪᠦᠷᠢᠵᠢᠯᠲᠡ ᠪᠠ ᠰᠤᠷᠠᠭ ᠵᠠᠩᠭᠢᠵᠢᠯᠲᠠ ᠶᠢᠨ ᠬᠡᠯᠲᠡᠰ ᠲᠤ ᠪᠡᠯᠡᠳᠬᠡᠨ ᠳᠠᠩᠰᠠᠯᠠᠨ᠎ᠠ︶᠃        ᠬᠤᠶᠠᠷ᠂  ᠡᠳᠦᠷ ᠪᠦᠷᠢ ᠮᠡᠳᠡᠭᠦᠯᠬᠦ ᠪᠠ ᠮᠡᠳᠡᠭᠦᠯᠬᠦ ᠦᠭᠡᠢ ᠪᠠᠶᠢᠬᠤ ᠳᠦᠷᠢᠮ ᠢ ᠬᠡᠷᠡᠭᠵᠢᠭᠦᠯᠦᠨ᠎ᠡ        ᠡᠯ᠎ᠡ ᠠᠵᠢᠯ ᠰᠡᠷᠭᠦᠭᠡᠨ ᠦᠢᠯᠡᠳᠪᠦᠷᠢᠯᠡᠯ ᠡᠬᠢᠯᠡᠬᠦ ᠠᠵᠤ ᠠᠬᠤᠶᠢᠯᠠᠯ ᠡᠷᠬᠡᠪᠰᠢ ᠲᠤᠰ ᠨᠢᠭᠡᠴᠡ ᠶᠢᠨ ᠲᠤᠭᠲᠠᠭᠠᠭᠰᠠᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠰᠦᠯ︾ ᠢ ᠴᠢᠩᠭ᠎ᠠ ᠬᠡᠷᠡᠭᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠠᠩᠭᠢ ᠳᠣᠭᠤᠶᠢᠯᠠᠩ᠂ ᠠᠵᠢᠯ ᠤᠨ ᠪᠠᠶᠢᠷᠢ᠂ ᠬᠤᠪᠢ ᠬᠦᠮᠦᠨ ᠨᠢᠭᠡᠪᠦᠷᠢ ᠳᠤ ᠨᠠᠶᠢᠳᠠᠪᠤᠷᠢᠵᠢᠭᠤᠯᠵᠤ᠂ ᠡᠳᠦᠷ ᠪᠦᠷᠢ 4᠄ 30 ᠠᠴᠠ ᠡᠮᠦᠨ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠪᠤᠶᠤ ᠪᠠᠶᠢᠭ᠎ᠠ ᠭᠠᠵᠠᠷ ᠤᠨ ᠪᠠᠯᠭᠠᠰᠤ ᠵᠡᠭᠡᠯᠢ ᠳᠤ ᠬᠢᠵᠢᠭ ᠤᠨ ᠪᠠᠶᠢᠳᠠᠯ ᠢ ᠮᠡᠳᠡᠭᠦᠯᠵᠦ ︵ᠡᠭᠦᠨ ᠳᠤ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠳᠤ ᠮᠡᠳᠡᠭᠦᠯᠦᠨ᠂ ᠬᠦᠷᠢᠶᠡᠯᠡᠩ ᠲᠣᠭᠤᠷᠢᠭ ᠤᠨ ᠪᠤᠰᠤ ᠠᠵᠤ ᠠᠬᠤᠶᠢᠯᠠᠯ ᠪᠠᠶᠢᠭ᠎ᠠ ᠭᠠᠵᠠᠷ ᠤᠨ ᠪᠠᠯᠭᠠᠰᠤ ᠵᠡᠭᠡᠯᠢ ᠳᠤ ᠮᠡᠳᠡᠭᠦᠯᠦᠨ᠎ᠡ︶᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠪᠠ ᠪᠠᠶᠢᠭ᠎ᠠ ᠭᠠᠵᠠᠷ ᠤᠨ ᠪᠠᠯᠭᠠᠰᠤ ᠵᠡᠭᠡᠯᠢ 17᠄ 00 ᠠᠴᠠ ᠡᠮᠦᠨ᠎ᠡ ᠠᠵᠤ ᠠᠬᠤᠶᠢᠯᠠᠯ ᠤᠨ ᠲᠤᠬᠠᠢ ᠶᠢᠨ ᠡᠳᠦᠷ ᠤᠨ ᠠᠵᠢᠯ ᠤᠨ ᠪᠠᠶᠢᠷᠢᠨ ᠳᠤ ᠭᠠᠷᠤᠭᠰᠠᠨ ᠬᠦᠮᠦᠨ ᠤ ᠲᠤᠭ᠎ᠠ ᠵᠢᠴᠢ ᠬᠠᠯᠠᠭᠤᠷᠠᠵᠤ᠂ ᠬᠠᠨᠢᠶᠠᠯᠭᠠᠵᠤ ᠪᠠᠶᠢᠭ᠎ᠠ ᠢᠯᠡᠷᠡᠯ  ᠲᠠᠢ ᠬᠦᠮᠦᠰ ᠤᠨ ᠪᠠᠶᠢᠳᠠᠯ ᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠲᠤ ᠮᠡᠳᠡᠭᠦᠯᠦᠨ᠎ᠡ ︵ᠬᠠᠷᠢᠯᠴᠠᠬᠤ ᠬᠦᠮᠦᠨ᠄ ᠷᠧᠨ ᠶᠤᠤ ᠬᠤᠸᠠ᠂ ᠬᠠᠷᠢᠯᠴᠠᠬᠤ ᠤᠲᠠᠰᠤ᠄8237989︶᠃  ᠬᠤᠪᠢᠷᠠᠯᠲᠠ ᠦᠭᠡᠢ ᠪᠣᠯ ᠮᠡᠳᠡᠭᠦᠯᠬᠦ ᠴᠢᠬᠤᠯᠠ ᠦᠭᠡᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号