2020 ᠤᠨ ᠤ ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠠᠵᠢᠯ ᠤᠨ ᠢᠯᠡᠳᠬᠡᠯ ᠤᠨ ᠨᠡᠷ᠎ᠡ ᠦᠭᠡᠰ ᠤᠨ ᠲᠠᠶᠢᠯᠪᠦᠷᠢ
ᠨᠡᠶᠢᠲᠡᠯᠡᠭᠰᠡᠨ ᠴᠠᠭ᠄
2020/5/13
       1. ᠠᠷᠪᠠᠨ ᠲᠦᠷᠦᠯ ᠤᠨ ︽ᠰᠡᠭᠦᠯ ᠬᠤᠷᠢᠶᠠᠵᠦ ᠪᠠᠷᠢᠮᠵᠢᠶᠠᠨ ᠳᠤ ᠬᠦᠷᠭᠡᠬᠦ︾ ᠠᠵᠢᠯᠯᠠᠭᠠᠨ᠄  ᠦᠪᠡᠷᠲᠡᠭᠡᠨ ᠵᠠᠰᠠᠬᠤ ᠣᠷᠤᠨ ᠤ ᠬᠡᠷᠡᠭᠵᠢᠭᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠤᠰᠬᠠᠢ ᠲᠦᠷᠦᠯ ᠤᠨ ᠠᠵᠢᠯᠯᠠᠭᠠᠨ᠂ ᠭᠤᠤᠯᠳᠠᠭᠤ ︽ᠬᠤᠶᠠᠷ ᠲᠤ ᠰᠠᠨᠠᠭ᠎ᠠ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠢ ᠨᠦᠯᠦᠭᠡᠯᠡᠬᠦ ᠳᠤᠪᠣᠶᠢᠭᠰᠠᠨ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠤ ᠦᠢᠯᠡᠰ ᠢ ᠡᠷᠦᠬᠡ ᠳᠤ ᠬᠦᠷᠭᠡᠬᠦ᠂ ᠠᠶᠦᠯᠲᠠᠢ ᠭᠡᠷ ᠪᠠᠶᠢᠰᠢᠩ ᠢ ᠦᠭᠡᠷᠡᠴᠢᠯᠡᠬᠦ᠂ ᠤᠨᠳᠤᠤ ᠭᠠᠵᠠᠷ ᠨᠡᠭᠦᠯᠭᠡᠨ ᠲᠦᠪᠬᠢᠨᠡᠭᠦᠯᠬᠦ᠂  ᠢᠳᠡᠬᠦ ᠤᠰᠤᠨ ᠤ ᠠᠶᠦᠯᠭᠦᠢ᠂  ᠰᠤᠷᠤᠯᠭ᠎ᠠ ᠳᠤᠷᠭᠤᠨ ᠵᠤᠭᠰᠤᠬᠤ ᠶᠢ ᠰᠡᠷᠬᠡᠶᠢᠯᠡᠨ ᠡᠵᠡᠮᠳᠡᠵᠦ ᠰᠤᠷᠤᠯᠭ᠎ᠠ ᠶᠢ ᠪᠠᠲᠤᠯᠠᠬᠤ ᠵᠡᠷᠭᠡ ᠠᠷᠪᠠᠨ ᠲᠠᠯ᠎ᠠ ᠠᠴᠠ ᠭᠠᠷᠳᠠᠨ᠂ ᠰᠠᠭᠤᠷᠢ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦᠯᠢ ᠴᠤᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃        2. ᠭᠤᠤᠯ ᠨᠠᠭᠤᠷ ᠤᠨ ︽ᠳᠦᠷᠪᠡᠨ ᠡᠷᠦᠢ ᠬᠤᠷᠤᠢ ᠦᠭᠡᠢ︾᠄  ᠳᠤᠷ᠎ᠠ ᠪᠠᠷ ᠡᠵᠡᠯᠡᠬᠦ ᠂ ᠳᠤᠷ᠎ᠠ ᠪᠠᠷ ᠤᠬᠤᠬᠤ᠂ ᠳᠤᠷ᠎ᠠ ᠪᠠᠷ ᠤᠪᠤᠭᠠᠯᠠᠬᠤ᠂ ᠳᠤᠷ᠎ᠠ ᠪᠠᠷ ᠪᠠᠶᠢᠭᠤᠯᠬᠤ ᠠᠵᠢᠯᠯᠠᠭ᠎ᠠ ᠶᠢ ᠴᠡᠭᠴᠡᠯᠡᠨ᠎ᠡ᠃        3. ᠭᠤᠷᠪᠠᠨ ᠰᠠᠶᠢᠨ ᠨᠢᠭᠡ ᠳᠡᠮᠳᠡᠭᠲᠦ᠄  ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ᠂ ᠪᠤᠬᠢᠷᠳᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠳᠡᠮᠳᠡᠭ ᠤᠨ ᠶᠡᠷᠦᠩᠬᠡᠢ ᠨᠡᠷᠡᠶᠢᠳᠦᠯ᠃        4. ᠰᠡᠭᠦᠯ ᠬᠤᠷᠢᠶᠠᠬᠤ ᠠᠵᠢᠯᠯᠠᠭᠠᠨ᠄  ᠲᠣᠭᠤᠷᠢᠭ ᠤᠨ ᠵᠠᠰᠠᠭ ᠤᠨ ᠣᠷᠳᠤᠨ ᠤ ᠦᠷᠨᠢᠭᠦᠯᠦᠭᠰᠡᠨ ᠭᠤᠤᠯᠳᠠᠯᠭ᠎ᠠ ᠲᠠᠢ ᠲᠦᠷᠦᠯ ᠵᠦᠢᠯ᠂ ᠭᠤᠤᠯᠳᠠᠯᠭ᠎ᠠ ᠲᠠᠢ ᠠᠵᠢᠯ ᠤᠨ ᠰᠡᠭᠦᠯ ᠬᠤᠷᠢᠶᠠᠬᠤ ᠠᠵᠢᠯᠯᠠᠭᠠᠨ᠂ ᠲᠤᠭᠲᠠᠭᠠᠭᠰᠠᠨ ᠴᠠᠭ ᠤᠨ ᠲᠤᠲᠤᠷ᠎ᠠ ᠭᠠᠷ ᠭᠦᠢᠴᠡᠳᠬᠡᠯ ᠢ ᠭᠦᠢᠴᠡᠳᠬᠡᠬᠦ᠂ ᠲᠦᠷᠦᠯ ᠵᠦᠢᠯ ᠢ ᠪᠦᠲᠦᠭᠡᠨ ᠪᠠᠶᠢᠭᠤᠯᠬᠤ᠂  ᠵᠤᠭᠤᠰ ᠮᠦᠩᠭᠦ ᠶᠢ ᠲᠦᠯᠦᠪᠦᠷᠢᠯᠡᠵᠦ ᠲᠠᠷᠬᠠᠭᠠᠬᠤ ᠵᠡᠷᠭᠡ ᠰᠡᠭᠦᠯ ᠬᠤᠷᠢᠶᠠᠬᠤ ᠠᠵᠢᠯᠯᠠᠭᠠᠨ ᠢ ᠪᠡᠶᠡᠯᠡᠭᠦᠯᠬᠦ ᠶᠢ ᠪᠠᠲᠤᠯᠠᠨ᠂ ᠵᠠᠰᠠᠭ ᠤᠨ ᠣᠷᠳᠤᠨ ᠤ ᠠᠮᠠᠯᠠᠯᠲᠠ ᠶᠢ ᠪᠡᠶᠡᠯᠡᠭᠦᠯᠦᠨ᠎ᠡ᠃        5. ᠬᠤᠶᠠᠷ ᠠᠭᠤᠯᠠ ᠬᠤᠶᠠᠷ ᠬᠦᠷᠢᠶᠡᠯᠡᠩ᠄  ᠬᠤᠩᠱᠠᠨ ᠠᠭᠤᠯᠠ᠂ ᠡᠮᠦᠨ᠎ᠡ ᠠᠭᠤᠯᠠ᠂ ᠤᠯᠠᠭᠠᠨᠬᠠᠳᠠ ᠴᠡᠴᠡᠷᠯᠢᠭ᠂ ᠬᠠᠲᠠᠨᠬᠤᠰᠢᠭᠤ ᠴᠡᠴᠡᠷᠯᠢᠭ᠃        6. ᠨᠢᠩ ᠯᠠᠨ ᠭᠤᠤᠯ᠂ ᠠᠨ ᠯᠠᠨ ᠭᠤᠤᠯ᠄ ᠳᠠᠷᠤᠢ ᠪᠠᠷᠠᠭᠤᠨ ᠬᠠᠲᠠᠮᠠᠯ ᠭᠤᠤᠯ᠂ ᠵᠡᠭᠦᠨ ᠬᠠᠲᠠᠮᠠᠯ ᠭᠤᠤᠯ᠃        7. ᠬᠤᠶᠠᠷ ᠮᠦᠩᠭᠦ  ᠭᠤᠷᠪᠠᠨ ᠳᠦᠷᠢᠮ᠄  ᠬᠤᠶᠠᠷ ᠮᠦᠩᠭᠦ ᠳᠠᠷᠤᠢ ᠴᠠᠯᠢᠩ ᠤᠨ ᠪᠠᠲᠤᠯᠠᠭ᠎ᠠ ᠶᠢᠨ ᠮᠦᠩᠭᠦ᠂ ᠪᠠᠴᠢᠮ ᠢ ᠠᠷᠭᠠᠴᠠᠬᠤ ᠡᠷᠭᠢᠯᠲᠡ ᠶᠢᠨ ᠮᠦᠩᠭᠦ᠃ ᠭᠤᠷᠪᠠᠨ ᠳᠦᠷᠢᠮ ᠳᠠᠷᠤᠢ ᠬᠦᠯᠦᠰᠦᠨ ᠲᠠᠷᠢᠶᠠᠴᠢᠨ ᠤ ᠪᠤᠳᠠᠲᠤ ᠨᠡᠷ᠎ᠡ ᠶᠢᠨ ᠳᠦᠷᠢᠮ᠂ ᠬᠦᠯᠦᠰᠦᠨ ᠲᠠᠷᠢᠶᠠᠴᠢᠨ ᠤ ᠴᠠᠯᠢᠩ ᠤᠨ ᠲᠤᠰᠬᠠᠢ ᠬᠡᠷᠡᠭᠯᠡᠬᠦ ᠳᠠᠩᠰᠠᠨ ᠡᠷᠦᠬᠡ ᠶᠢᠨ ᠳᠦᠷᠢᠮ᠂ ᠬᠦᠯᠦᠰᠦᠨ ᠲᠠᠷᠢᠶᠠᠴᠢᠨ ᠤ ᠴᠠᠯᠢᠩ ᠤᠨ ᠪᠠᠩᠬᠢ ᠲᠦᠯᠦᠭᠡᠯᠡᠨ ᠲᠠᠷᠬᠠᠭᠠᠬᠤ ᠳᠦᠷᠢᠮ᠃        8. ᠬᠤᠶᠠᠷ ᠪᠠᠷᠢᠮᠲᠠ ᠶᠢᠨ ᠳᠦᠷᠢᠮ᠄ ᠡᠮ ᠤᠨ ᠵᠦᠢᠯᠡᠰ ᠤᠨ ᠦᠢᠯᠡᠳᠪᠦᠷᠢᠯᠡᠬᠦ ᠠᠵᠤ ᠠᠬᠤᠶᠢᠯᠠᠯ ᠠᠴᠠ ᠡᠵᠡᠩᠨᠡᠯᠲᠡ ᠶᠢᠨ ᠠᠵᠤ ᠠᠬᠤᠶᠢᠯᠠᠯ ᠳᠤ ᠬᠦᠷᠬᠦ ᠳᠤ ᠨᠢᠭᠡ ᠪᠠᠷᠢᠮᠲᠠ ᠬᠢᠵᠦ᠂ ᠲᠠᠬᠢᠨ ᠡᠵᠡᠩᠨᠡᠯᠲᠡ ᠶᠢᠨ ᠠᠵᠤ ᠠᠬᠤᠶᠢᠯᠠᠯ ᠠᠴᠠ ᠡᠮᠴᠢᠯᠡᠭᠡᠨ ᠤ ᠪᠠᠶᠢᠭᠤᠯᠤᠮᠵᠢ ᠳᠤ ᠬᠦᠷᠬᠦ ᠳᠤ ᠨᠢᠭᠡ ᠪᠠᠷᠢᠮᠲᠠ ᠬᠢᠨ᠎ᠡ᠃        9. ᠲᠦᠷᠦᠯ ᠵᠦᠢᠯ ᠤᠨ ᠬᠠᠮᠢᠶᠠᠷᠤᠭᠴᠢ ᠶᠢᠨ ᠳᠦᠷᠢᠮ᠄  ︽ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠡᠩᠨᠡᠭᠡ︾ ᠶᠢᠨ ᠵᠠᠷᠴᠢᠮ ᠶᠤᠰᠤᠭᠠᠷ᠂ ︽ᠲᠦᠷᠦᠯ ᠵᠦᠢᠯ ᠤᠨ ᠬᠠᠮᠢᠶᠠᠷᠤᠭᠴᠢ + ᠠᠵᠤ ᠠᠬᠤᠶᠢᠯᠠᠯ +  ᠬᠠᠮᠢᠶ᠎ᠠ ᠪᠦᠬᠦᠢ ᠰᠠᠯᠠᠭ᠎ᠠ ᠮᠦᠴᠢᠷ︾ ᠤᠨ ︽1+ 1+ N︾ ᠦᠢᠯᠡᠴᠢᠯᠡᠭᠡᠨ ᠤ ᠲᠤᠭᠲᠠᠴᠠ ᠶᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦᠯ ᠵᠦᠢᠯ ᠳᠤ ᠪᠦᠬᠦ ᠶᠠᠪᠤᠴᠠ᠂ ᠪᠦᠬᠦ ᠤᠷᠤᠨ ᠬᠡᠴᠡ᠂ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠨ᠎ᠠ᠃        10. ᠲᠦᠮᠡᠨ ᠠᠵᠤ ᠠᠬᠤᠶᠢᠯᠠᠯ ᠢ ᠡᠭᠦᠯᠡᠨᠴᠢᠯᠡᠬᠦ᠄  ᠦᠪᠡᠷᠲᠡᠭᠡᠨ ᠵᠠᠰᠠᠬᠤ ᠣᠷᠤᠨ ᠤ ᠦᠢᠯᠡᠳᠬᠦ ᠦᠢᠯᠡᠰ ᠤᠨ ᠲᠦᠮᠡᠨ ᠠᠵᠤ ᠠᠬᠤᠶᠢᠯᠠᠯ ᠢ ᠡᠭᠦᠯᠡᠨᠴᠢᠯᠡᠬᠦ ᠠᠵᠢᠯᠯᠠᠭᠠᠨ ᠤ ᠲᠤᠪᠴᠢ ᠨᠡᠷᠡᠶᠢᠳᠦᠯ᠂ ᠦᠢᠯᠡᠳᠬᠦ ᠠᠵᠤ ᠦᠢᠯᠡᠰ ᠤᠨ ᠠᠵᠤ ᠠᠬᠤᠶᠢᠯᠠᠯ ᠤᠳ ᠤᠨ ᠦᠢᠯᠡᠳᠪᠦᠷᠢᠯᠡᠯ᠂ ᠡᠵᠡᠩᠨᠡᠯᠲᠡ ᠶᠢᠨ ᠲᠤᠭ᠎ᠠ ᠪᠠᠷᠢᠮᠲᠠ ᠶᠢ ᠡᠭᠦᠯᠡᠨ ᠦᠵᠦᠭᠦᠷ ᠲᠤ ᠬᠦᠷᠭᠡᠨ ᠬᠠᠳᠠᠭᠠᠯᠠᠵᠤ᠂ ᠬᠢᠮᠡᠯ ᠣᠶᠤᠨ ᠤ ᠮᠡᠷᠭᠡᠵᠢᠯ ᠢ ᠠᠰᠢᠭᠯᠠᠨ ᠲᠤᠭ᠎ᠠ ᠪᠠᠷᠢᠮᠲᠠ ᠶᠢ ᠵᠠᠳᠠᠯᠵᠤ ᠤᠶᠤᠨᠴᠢ ᠰᠢᠢᠳᠪᠦᠷᠢ ᠬᠢᠬᠦ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃        11. ᠲᠠᠪᠤᠨ ᠲᠤᠤᠷᠵᠢᠯ ᠲᠤᠰᠬᠤᠨ ᠳᠤ ᠨᠡᠪᠲᠡᠷᠡᠬᠦ᠄ ᠵᠢᠭᠤᠯᠴᠢᠯᠠᠯ ᠤᠨ ᠵᠠᠰᠠᠮᠠᠯ ᠵᠠᠮ ᠳᠠᠭᠠᠤ ᠲᠦᠭᠡᠭᠡᠯ ᠤᠰᠤ᠂ ᠴᠠᠬᠢᠯᠭᠠᠨ᠂ ᠲᠤᠯᠠᠭᠠᠯᠠᠯᠭ᠎ᠠ᠂ ᠴᠢᠮᠡᠭᠡ ᠵᠠᠩᠭᠢ᠂ ᠰᠢᠲᠠᠮᠠᠬᠠᠢ ᠬᠡᠢ ᠶᠢᠨ ᠬᠤᠭᠤᠯᠠᠢ ᠲᠤᠤᠷᠵᠢᠯ ᠢ ᠬᠦᠳᠡᠭᠡ ᠲᠤᠰᠬᠤᠨ ᠲᠡᠰᠢ ᠦᠷᠭᠡᠳᠬᠡᠬᠦ᠃        12. ᠠᠵᠤ ᠦᠢᠯᠡᠰ ᠬᠤᠲᠠ ᠠᠭᠤᠰᠤᠯᠴᠠᠬᠤ᠄  ᠠᠵᠤ ᠦᠢᠯᠡᠰ ᠪᠤᠯᠤᠨ ᠬᠤᠲᠠ ᠶᠢ ᠠᠭᠤᠰᠤᠯᠴᠠᠨ ᠬᠦᠭᠵᠢᠭᠦᠯᠬᠦ᠂ ᠬᠤᠲᠠ ᠪᠠᠷ ᠰᠠᠭᠤᠷᠢ ᠪᠤᠯᠭᠠᠵᠤ᠂  ᠠᠵᠤ ᠦᠢᠯᠡᠰ ᠢᠶᠠᠷ ᠪᠠᠲᠤᠯᠠᠭ᠎ᠠ ᠪᠣᠯᠭᠠᠨ᠂ ᠠᠵᠤ ᠦᠢᠯᠡᠰ᠂ ᠬᠤᠲᠠ᠂ ᠬᠦᠮᠦᠰ ᠤᠨ ᠬᠤᠭᠤᠷᠤᠨᠳᠤᠬᠢ ᠠᠮᠢᠵᠢᠷᠠᠯ ᠤᠨ ᠬᠦᠴᠦᠨ ᠪᠢᠯᠬᠠᠭᠰᠠᠨ᠂ ᠦᠷᠭᠦᠯᠵᠢᠯᠡᠨ ᠤᠷᠤᠭᠰᠢ ᠠᠬᠢᠭᠰᠠᠨ ᠬᠦᠭᠵᠢᠯᠲᠡ ᠶᠢᠨ ᠬᠡᠯᠪᠡᠷᠢ᠃        13. ᠲᠤᠩᠭᠤᠷᠤᠤ ᠭᠤᠤᠷᠰᠤᠨ ᠰᠤᠷᠤᠬᠤ ᠦᠢᠯᠡᠴᠢᠯᠡᠭᠡ᠄  ᠳᠤᠮᠳᠠ ᠪᠠᠭ᠎ᠠ ᠬᠤᠲᠠ ᠪᠠ ᠪᠠᠭ᠎ᠠ ᠬᠤᠲᠠ ᠪᠠᠯᠭᠠᠰᠤᠨ ᠤ ᠬᠦᠮᠦᠨ ᠠᠮᠠ᠂ ᠪᠡᠯᠡ ᠮᠦᠩᠭᠦ᠂ ᠡᠬᠢ ᠪᠠᠶᠠᠯᠢᠭ ᠡᠯᠧᠮᠧᠨ᠋ᠲ ᠨᠢ ᠲᠦᠪ ᠬᠤᠲᠠ᠂ ᠲᠤᠮᠤ ᠬᠤᠲᠠ᠂ ᠳᠠᠪᠠᠭᠤᠯᠢᠭ ᠪᠠᠶᠢᠷᠢ ᠰᠠᠭᠤᠷᠢ ᠪᠦᠬᠦᠢ ᠬᠤᠲᠠ ᠳᠤ ᠲᠠᠲᠠᠭᠳᠠᠵᠤ ᠤᠴᠢᠬᠤ ᠦᠵᠡᠭᠳᠡᠯ᠃        14. ᠭᠤᠷᠪᠠᠨ ᠣᠷᠤᠨ ᠭᠤᠷᠪᠠᠨ ᠱᠤᠭᠤᠮ᠄  ︽ᠭᠤᠷᠪᠠᠨ ᠲᠣᠭᠤᠷᠢᠭ︾ ᠨᠢ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠢ ᠶᠢᠨ ᠤᠷᠤᠨ ᠵᠠᠢ᠃  ᠭᠤᠷᠪᠠᠨ ᠱᠤᠭᠤᠮ ᠨᠢ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠤᠨ ᠬᠤᠷᠢᠭ᠎ᠠ ᠱᠤᠭᠤᠮ ᠪᠠ ᠬᠤᠲᠠ ᠪᠠᠯᠭᠠᠰᠤᠨ ᠤ ᠨᠡᠭᠡᠭᠡᠯᠲᠡ ᠶᠢᠨ ᠵᠠᠭᠠᠭ᠃        15. ᠬᠦᠳᠡᠭᠡ ᠲᠤᠰᠬᠤᠨ ᠤ ᠤᠯᠠᠨ ᠡᠬᠢᠲᠦ ᠪᠤᠬᠢᠷᠳᠤᠯ ᠤᠨ ᠳᠦᠷᠪᠡ ᠶᠢ ᠡᠵᠡᠮᠳᠡᠬᠦ ᠠᠵᠢᠯᠯᠠᠭᠠᠨ᠄  ᠪᠤᠷᠳᠤᠭᠤᠷ ᠢ ᠡᠵᠡᠮᠳᠡᠨ ᠪᠦᠲᠦᠮᠵᠢ ᠶᠢ ᠨᠡᠮᠡᠭᠳᠡᠭᠦᠯᠬᠦ᠂ ᠡᠮ ᠢ ᠡᠵᠡᠮᠳᠡᠨ ᠬᠦᠨᠦᠭᠡᠯ ᠢ ᠪᠠᠭᠠᠰᠬᠠᠬᠤ᠂ ᠤᠰᠤ ᠶᠢ ᠡᠵᠡᠮᠳᠡᠨ ᠰᠦᠢᠳᠦᠯ ᠢ ᠪᠠᠭᠠᠰᠬᠠᠬᠤ᠂ ᠪᠦᠷᠬᠦᠪᠴᠢ ᠶᠢ ᠬᠠᠮᠠᠭᠠᠯᠠᠵᠤ ᠪᠦᠲᠦᠮᠵᠢ ᠶᠢ ᠳᠡᠭᠡᠭᠰᠢᠯᠡᠭᠦᠯᠬᠦ᠃        16. ᠳᠦᠷᠪᠡ ᠶᠢ ᠲᠠᠶᠠᠭᠳᠠᠬᠤ ᠦᠭᠡᠢ᠄  ᠮᠠᠯᠠᠭᠠᠢ ᠪᠠᠨ ᠲᠠᠶᠠᠭᠳᠠᠭᠰᠠᠨ ᠴᠦ ᠬᠠᠷᠢᠭᠤᠴᠠᠯᠭ᠎ᠠ ᠪᠠᠨ ᠤᠮᠠᠷᠲᠠᠬᠤ ᠦᠭᠡᠢ᠂ ᠮᠠᠯᠠᠭᠠᠢ ᠪᠠᠨ ᠲᠠᠶᠠᠭᠳᠠᠭᠰᠠᠨ ᠴᠦ ᠲᠦᠷᠦ ᠶᠢᠨ ᠪᠤᠳᠤᠯᠭ᠎ᠠ ᠶᠢ ᠤᠮᠠᠷᠲᠠᠬᠤ ᠦᠭᠡᠢ᠂ ᠮᠠᠯᠠᠭᠠᠢ ᠪᠠᠨ ᠲᠠᠶᠠᠭᠳᠠᠭᠰᠠᠨ ᠴᠦ ᠬᠠᠪᠰᠤᠷᠤᠯᠭ᠎ᠠ ᠳᠡᠮᠵᠢᠯᠭᠡ ᠪᠠᠨ ᠤᠭᠤᠷᠬᠤ ᠦᠭᠡᠢ᠂ ᠮᠠᠯᠠᠭᠠᠢ ᠪᠠᠨ ᠲᠠᠶᠠᠭᠳᠠᠭᠰᠠᠨ ᠴᠦ ᠬᠢᠨᠠᠨ ᠬᠠᠮᠢᠶᠠᠷᠤᠯᠲᠠ ᠪᠠᠨ ᠲᠠᠶᠠᠭᠳᠠᠬᠤ ᠦᠭᠡᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠬᠠᠪᠰᠤᠷᠤᠨ ᠳᠡᠮᠵᠢᠬᠦ ᠲᠤᠭᠲᠠᠴᠠ᠃        17. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠲᠦᠷᠦᠯ ᠤᠨ ᠳᠦᠷᠢᠮ︾᠄  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠯᠪᠠᠨ ᠵᠠᠷᠯᠠᠯ ᠤᠨ ᠳᠦᠷᠢᠮ᠂ ᠬᠠᠤᠯᠢ ᠬᠡᠷᠡᠭᠵᠢᠭᠦᠯᠬᠦ  ᠶᠠᠪᠤᠴᠠ ᠳᠠᠬᠢ ᠲᠡᠮᠳᠡᠭᠯᠡᠬᠦ ᠳᠦᠷᠢᠮ᠂  ᠴᠢᠬᠤᠯᠠ ᠶᠡᠭᠡ ᠬᠠᠤᠯᠢ ᠬᠡᠷᠡᠭᠵᠢᠭᠦᠯᠬᠦ ᠰᠢᠢᠳᠪᠦᠷᠢ ᠶᠢᠨ ᠬᠠᠤᠯᠢ ᠶᠤᠰᠤᠨ ᠤ ᠬᠢᠨᠠᠯᠲᠠ ᠶᠢᠨ ᠳᠦᠷᠢᠮ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号