ᠤᠯᠠᠭᠠᠨᠬᠠᠳᠠ ᠬᠤᠲᠠ ᠶᠢᠨ 2020 ᠣᠨ ᠤ ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠶᠢᠨ ᠴᠠᠭ ᠢ ᠲᠣᠭᠲᠠᠭᠠᠪᠠ
ᠨᠡᠶᠢᠲᠡᠯᠡᠭᠰᠡᠨ ᠴᠠᠭ᠄
2020/5/13
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠶᠢᠨ ᠴᠠᠭ ᠢ ᠬᠤᠰᠢᠯᠠᠭᠤᠯᠬᠤ ᠲᠤᠬᠠᠶ ᠬᠤᠯᠪᠣᠭᠳᠠᠯ ᠪᠥᠬᠦᠶ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ 2020 ᠣᠨ ᠤ ᠪᠥᠬᠦ ᠬᠤᠲᠠ ᠶᠢᠨ ᠳᠡᠭᠡᠳᠦ ᠳᠤᠮᠳᠠᠳᠤ ᠳᠤ ᠰᠢᠯᠭᠠᠭᠤᠯᠬᠤ ᠬᠤᠯᠪᠣᠭᠳᠠᠯ ᠪᠥᠬᠦᠶ ᠠᠵᠢᠯ ᠤᠨ ᠡᠳᠦᠷ ᠤᠨ ᠳᠠᠷᠠᠭᠠᠯᠠᠯ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄        ᠨᠢᠭᠡ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠤᠷᠭᠠᠭᠤᠯᠢ ᠳᠡᠪᠰᠢᠬᠦ ᠰᠢᠯᠭᠠᠯᠲᠠ ᠶᠢᠨ ᠴᠠᠭ ᠨᠢ 7 ᠰᠠᠷ᠎ᠠ ᠶᠢᠨ 22 ᠤᠨ ᠡᠳᠦᠷ ᠠᠴᠠ 7 ᠰᠠᠷ᠎ᠠ ᠶᠢᠨ 25 ᠤ ᠡᠳᠦᠷ ᠪᠣᠯᠲᠠᠯ᠎ᠠ᠃        ᠬᠤᠶᠠᠷ᠂ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 5 ᠳ᠋ᠤᠭᠠᠷ ᠰᠠᠷ᠎ᠠ ᠶᠢᠨ 7 ᠤ ᠡᠳᠦᠷ ᠠᠴᠠ 5 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠃        ᠭᠤᠷᠪᠠ᠂ ᠣᠨᠴᠠ ᠴᠢᠳᠠᠪᠤᠷᠢᠲᠠᠶ ᠰᠣᠷᠣᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 5 ᠰᠠᠷ᠎ᠠ ᠶᠢᠨ 24 ᠤ ᠡᠳᠦᠷ ᠠᠴᠠ 5 ᠰᠠᠷ᠎ᠠ ᠶᠢᠨ 28 ᠤ ᠡᠳᠦᠷ ᠪᠣᠯᠲᠠᠯ᠎ᠠ᠃ ᠤᠷᠢᠳᠴᠢᠯᠠᠨ ᠡᠯᠰᠡᠬᠦ ᠬᠢᠷᠢ ᠬᠡᠮ ᠲᠠᠢ ᠰᠢᠯᠭᠠᠭᠤᠯᠤᠭᠴᠢ ᠶᠢᠨ ᠮᠠᠲ᠋ᠧᠷᠢᠶᠠᠯ ᠢᠶᠠᠨ ᠳᠡᠭᠡᠭᠰᠢ ᠮᠡᠳᠡᠭᠦᠯᠬᠦ ᠴᠠᠭ ᠨᠢ 5 ᠰᠠᠷ᠎ᠠ ᠶᠢᠨ 24 ᠤ ᠡᠳᠦᠷ ᠪᠣᠯᠤᠨ᠎ᠠ᠃        ᠳᠥᠷᠪᠡ᠂ ᠪᠡᠶ᠎ᠡ ᠶᠢᠨ ᠲᠠᠮᠢᠷ ᠤᠨ ᠰᠢᠯᠭᠠᠯᠲᠠ ᠶᠢ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠤᠨ ᠰᠢᠯᠭᠠᠯᠲᠠ ᠶᠢ ᠥᠩᠭᠡᠷᠡᠭᠰᠡᠨ ᠵᠢᠯ ᠤᠨ ᠳᠥᠷᠪᠡᠨ ᠵᠦᠢᠯ ᠠᠴᠠ ᠭᠤᠷᠪᠠᠨ ᠵᠦᠢᠯ ᠪᠣᠯᠭᠠᠨ ᠲᠣᠬᠢᠷᠠᠭᠤᠯᠵᠤ᠂ ᠡᠷᠡᠭᠲᠡᠶ ᠰᠤᠷᠤᠭᠴᠢ 1000 ᠮᠧᠲᠷ᠂ ᠡᠮᠡᠭᠲᠡᠶ ᠰᠤᠷᠤᠭᠴᠢ 800 ᠮᠧᠲᠷ ᠤᠨ ᠰᠢᠯᠭᠠᠯᠲᠠ ᠶᠢᠨ ᠲᠥᠷᠥᠯ ᠵᠦᠢᠯ ᠢ ᠲᠦᠷ ᠵᠣᠭᠰᠣᠭᠠᠵᠤ᠂ ᠲᠤᠰ ᠲᠥᠷᠥᠯ ᠵᠦᠢᠯ ᠢ ᠪᠦᠷᠢᠨ ᠬᠤᠪᠢ 20 ᠬᠤᠪᠢ ᠪᠠᠷ ᠪᠡᠶ᠎ᠡ ᠶᠢᠨ ᠲᠠᠮᠢᠷ ᠤᠨ ᠬᠢᠷᠢ ᠪᠦᠲᠦᠮᠵᠢ ᠳᠤ ᠪᠣᠳᠣᠵᠤ ᠣᠷᠣᠭᠤᠯᠤᠨ᠎ᠠ᠃ ᠪᠤᠰᠤᠳ ᠭᠤᠷᠪᠠᠨ ᠵᠦᠢᠯ ᠤᠨ ᠰᠢᠯᠭᠠᠯᠲᠠ ᠶᠢᠨ ᠲᠥᠷᠥᠯ ᠵᠦᠢᠯ ᠢ 2020 ᠣᠨ ᠤ ︽ᠤᠯᠠᠭᠠᠨᠬᠠᠳᠠ ᠬᠤᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠴᠦ ᠰᠤᠷᠭᠠᠭᠤᠯᠢ ᠳᠡᠪᠰᠢᠬᠦ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ ᠰᠢᠯᠭᠠᠯᠲᠠ ᠶᠢᠨ ᠴᠠᠭ ᠨᠢ 5 ᠰᠠᠷ᠎ᠠ ᠶᠢᠨ 25 ᠤ ᠡᠳᠦᠷ ᠠᠴᠠ 6 ᠰᠠᠷ᠎ᠠ ᠶᠢᠨ 10 ᠤ ᠡᠳᠦᠷ ᠪᠣᠯᠲᠠᠯ᠎ᠠ᠂ ᠪᠣᠳᠠᠲᠠᠶ ᠴᠠᠭ ᠢ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠦᠨᠡᠯᠡᠨ ᠵᠢᠱᠢᠵᠦ ᠰᠤᠳᠤᠯᠤᠨ ᠮᠠᠭᠠᠳᠯᠠᠭᠰᠠᠨ ᠤ ᠳᠠᠷᠠᠭ᠎ᠠ ᠲᠣᠭᠲᠠᠭᠠᠨ᠎ᠠ᠃ ᠬᠢᠷᠢ ᠪᠦᠲᠦᠮᠵᠢ ᠶᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠬᠦ ᠴᠠᠭ ᠨᠢ 6 ᠰᠠᠷ᠎ᠠ ᠶᠢᠨ 25 ᠤ ᠡᠳᠦᠷ ᠠᠴᠠ ᠡᠮᠦᠨ᠎ᠡ ᠮᠡᠳᠡᠭᠦᠯᠦᠨ᠎ᠡ᠃        ᠲᠠᠪᠤ᠂ ᠹᠢᠽᠢᠺ ᠬᠢᠮᠢ ᠶᠢᠨ ᠠᠮᠢᠳᠤ ᠪᠣᠳᠠᠰ ᠤᠨ ᠲᠤᠷᠰᠢᠯᠲᠠ ᠬᠢᠭᠡᠳ ᠮᠡᠳᠡᠭᠡ ᠵᠠᠩᠭᠢ ᠶᠢᠨ ᠮᠡᠷᠭᠡᠵᠢᠯ ᠤᠨ ᠰᠢᠯᠭᠠᠯᠲᠠ ᠶᠢ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠢᠯᠭᠠᠭᠤᠯᠤᠭᠴᠢᠳ ᠢ ᠵᠣᠬᠢᠶᠠᠨ ᠪᠠᠶᠢᠭᠤᠯᠤᠨ ᠲᠣᠰ ᠰᠤᠷᠭᠠᠭᠤᠯᠢ ᠶᠢᠨ ᠺᠣᠮᠫᠢᠦ᠋ᠲ᠋ᠧᠷ ᠤᠨ ᠬᠢᠴᠢᠶᠡᠯ ᠤᠨ ᠭᠡᠷ ᠵᠢᠴᠢ ᠲᠤᠷᠰᠢᠯᠲᠠ ᠶᠢᠨ ᠳᠠᠰᠤᠭ ᠲᠤ ᠰᠢᠯᠭᠠᠨ᠎ᠠ᠃ ᠪᠣᠳᠠᠲᠠᠶ ᠰᠢᠯᠭᠠᠬᠤ ᠴᠠᠭ ᠬᠤᠭᠤᠴᠠᠭ᠎ᠠ ᠶᠢ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠦᠨᠡᠯᠡᠨ ᠵᠢᠱᠢᠵᠦ ᠰᠤᠳᠤᠯᠤᠨ ᠮᠠᠭᠠᠳᠯᠠᠭᠰᠠᠨ ᠤ ᠳᠠᠷᠠᠭ᠎ᠠ ᠲᠣᠭᠲᠠᠭᠠᠨ᠎ᠠ ᠃ ᠬᠢᠷᠢ ᠪᠦᠲᠦᠮᠵᠢ ᠶᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠬᠦ ᠴᠠᠭ ᠨᠢ 6 ᠰᠠᠷ᠎ᠠ ᠶᠢᠨ 20 ᠤ ᠡᠳᠦᠷ ᠪᠣᠯᠤᠨ᠎ᠠ᠃        ᠵᠢᠷᠭᠤᠭ᠎ᠠ᠂ ᠰᠦᠯᠵᠢᠶᠡᠨ ᠳᠡᠭᠡᠷ᠎ᠡ ᠰᠢᠯᠭᠠᠯᠲᠠ ᠦᠵᠡᠬᠦ ᠴᠠᠭ ᠨᠢ 7 ᠰᠠᠷ᠎ᠠ ᠶᠢᠨ 26 ᠤ ᠡᠳᠦᠷ ᠠᠴᠠ 8 ᠰᠠᠷ᠎ᠠ ᠶᠢᠨ 5 ᠤ ᠡᠳᠦᠷ ᠪᠣᠯᠲᠠᠯ᠎ᠠ᠃        ᠳᠣᠯᠤᠭ᠎ᠠ᠂ ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠴᠠᠭ ᠨᠢ 8 ᠰᠠᠷ᠎ᠠ ᠶᠢᠨ 8 ᠤ ᠡᠳᠦᠷ᠂ ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠭᠠᠵᠠᠷ ᠵᠦᠶ᠂ ᠠᠮᠢᠳᠤ ᠪᠣᠳᠠᠰ ᠤᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠴᠠᠭ ᠨᠢ 8 ᠰᠠᠷ᠎ᠠ ᠶᠢᠨ 13 ᠤ ᠡᠳᠦᠷ ᠪᠣᠯᠤᠨ᠎ᠠ᠃        ᠨᠠᠢᠮᠠ᠂ ᠡᠯᠰᠡᠬᠦ ᠴᠠᠭ ᠨᠢ 8 ᠰᠠᠷ᠎ᠠ ᠶᠢᠨ 16 ᠤ ᠡᠳᠦᠷ ᠠᠴᠠ 8 ᠰᠠᠷ᠎ᠠ ᠶᠢᠨ 24 ᠤ ᠡᠳᠦᠷ ᠪᠣᠯᠲᠠᠯ᠎ᠠ᠃        ᠳᠡᠭᠡᠷᠡᠬᠢ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠨᠢ ᠬᠢᠵᠢᠭ ᠤᠨ ᠪᠠᠶᠢᠳᠠᠯ ᠢ ᠦᠵᠡᠵᠦ ᠵᠣᠬᠢᠰᠲᠠᠶ ᠲᠣᠬᠢᠷᠠᠭᠤᠯᠤᠯᠲᠠ ᠬᠢᠵᠦ ᠮᠡᠳᠡᠨ᠎ᠡ᠃ ᠲᠣᠰ ᠡᠳᠦᠷ ᠠᠴᠠ ᠡᠬᠢᠯᠡᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠭᠡᠷ ᠤᠨ 6 ᠠᠵᠢᠯᠯᠠᠬᠤ ᠳᠤᠭᠤᠶᠢᠯᠠᠩ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠵᠢᠯᠣᠭᠤᠳᠴᠤ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠲᠣᠰ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠲᠣᠭᠲᠠᠭᠠᠬᠤ ᠬᠡᠷᠡᠭᠲᠡᠶ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号