ᠬᠥᠬᠡᠬᠤᠲᠠ ᠶᠢᠨ 43 ᠳ᠋ᠦ᠋ᠭᠡᠷ ᠳᠤᠮᠳᠠᠳᠤ ᠪᠠᠭ᠎ᠠ ᠰᠤᠷᠭᠠᠭᠤᠯᠢ ᠵᠢᠩᠬᠢᠨᠢ ᠪᠠᠷ ᠬᠤᠭᠤᠯᠠ ᠲᠣᠬᠢᠷᠠᠭᠤᠯᠵᠤ ᠡᠬᠢᠯᠡᠪᠡ
ᠨᠡᠶᠢᠲᠡᠯᠡᠭᠰᠡᠨ ᠴᠠᠭ᠄
2020/5/14
       ︽ᠮᠢᠨᠦ ᠦᠵᠡᠬᠦ ᠪᠠᠷ ᠦᠳᠡ ᠶᠢᠨ ᠬᠤᠭᠤᠯᠠᠨ ᠤ ᠶᠠᠰᠤ ᠴᠢᠨᠠᠷ ᠨᠡᠯᠢᠶᠡᠳ ᠰᠠᠶᠢᠨ᠂ ᠭᠤᠷᠪᠠᠨ ᠨᠣᠭᠤᠭ᠎ᠠ ᠨᠢᠭᠡ ᠱᠥᠯᠥ᠂ ᠪᠤᠳᠠᠭ᠎ᠠ᠂ ᠮᠠᠨᠲᠠᠤ ᠲᠠᠢ᠂ ᠡᠨᠡ ᠨᠢᠭᠡ ᠬᠠᠶᠢᠷᠴᠠᠭ ᠬᠤᠭᠤᠯᠠ ᠶᠢ ᠪᠢ ᠴᠠᠳᠲᠠᠯ᠎ᠠ ᠪᠠᠨ ᠢᠳᠡᠯ᠎ᠡ︾ 5 ᠳ᠋ᠤᠭᠠᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠱᠠᠨ ᠱᠦᠶ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠬᠤᠶᠠᠳᠤᠭᠠᠷ ᠠᠩᠭᠢ ᠶᠢᠨ ᠰᠣᠷᠣᠭᠴᠢ ᠵᠧᠤ ᠰᠧ ᠶᠤᠸᠠᠨ ᠰᠤᠷᠪᠤᠯᠵᠢᠯᠠᠭᠴᠢ ᠳᠤ ᠬᠡᠯᠡᠪᠡ᠃ ᠲᠤᠰ ᠡᠳᠦᠷ᠂ ᠬᠥᠬᠡᠬᠤᠲᠠ ᠶᠢᠨ 43 ᠳᠤᠮᠳᠠᠳᠤ ᠪᠠᠭ᠎ᠠ ᠰᠤᠷᠭᠠᠭᠤᠯᠢ ᠵᠢᠩᠬᠢᠨᠢ ᠪᠠᠷ ᠬᠤᠭᠤᠯᠠ ᠲᠣᠬᠢᠷᠠᠭᠤᠯᠬᠤ ᠠᠵᠢᠯ ᠢᠶᠠᠨ ᠡᠬᠢᠯᠡᠭᠦᠯᠪᠡ᠃        5 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠲᠢᠶᠠᠨ ᠲᠢᠶᠠᠨ ᠰᠢᠶᠠᠩ ᠱᠠᠩ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠬᠤᠶᠠᠳᠣᠭᠠᠷ ᠳᠠᠪᠬᠤᠷ ᠤᠨ ᠲᠣᠮᠣ ᠰᠢᠯᠦᠨ ᠴᠣᠩᠬᠤ ᠪᠠᠷ᠂ ᠪᠥᠬᠦ ᠦᠢᠯᠡᠳᠪᠦᠷᠢᠯᠡᠯ ᠤᠨ ᠲᠠᠰᠤᠭ ᠲᠤ ᠲᠣᠰ ᠲᠣᠰ ᠢᠳᠡᠰᠢᠨ ᠨᠣᠭᠤᠭ᠎ᠠ ᠤᠬᠢᠶᠠᠬᠤ ᠬᠡᠷᠴᠢᠬᠦ ᠲᠣᠭᠤᠷᠢᠭ᠂ ᠮᠢᠬᠠᠨ ᠤ ᠲᠥᠷᠥᠯ ᠢ ᠤᠬᠢᠶᠠᠬᠤ ᠬᠡᠷᠴᠢᠬᠦ ᠲᠣᠭᠤᠷᠢᠭ᠂ ᠬᠠᠭᠤᠷᠤᠯᠭ᠎ᠠ ᠱᠥᠯᠥ ᠶᠢᠨ ᠲᠣᠭᠤᠷᠢᠭ᠂ ᠬᠠᠭᠤᠷᠤᠯᠭ᠎ᠠ ᠶᠢᠨ ᠲᠣᠭᠤᠷᠢᠭ᠂ ᠭᠤᠯᠢᠷ ᠢᠳᠡᠭᠡᠨ ᠪᠣᠯᠪᠠᠰᠤᠷᠠᠭᠤᠯᠬᠤ ᠲᠣᠭᠤᠷᠢᠭ᠂ ᠪᠡᠯᠡᠨ ᠪᠣᠯᠭᠠᠭᠰᠠᠨ ᠬᠤᠭᠤᠯᠠ ᠶᠢ ᠬᠤᠪᠢᠶᠠᠨ ᠲᠣᠬᠢᠷᠠᠭᠤᠯᠬᠤ ᠲᠣᠭᠤᠷᠢᠭ᠂ ᠬᠤᠭᠤᠯᠠᠨ ᠤ ᠬᠡᠷᠡᠭᠰᠡᠯ ᠤᠬᠢᠶᠠᠬᠤ ᠲᠣᠭᠤᠷᠢᠭ ᠵᠢᠴᠢ ᠤᠭᠰᠠᠷᠠᠨ ᠲᠣᠨᠣᠭᠯᠠᠬᠤ ᠲᠣᠭᠤᠷᠢᠭ ᠢ ᠰᠤᠷᠪᠤᠯᠵᠢᠯᠠᠭᠴᠢ ᠣᠯᠵᠤ ᠬᠠᠷᠠᠪᠠ᠃ ᠡᠯ᠎ᠡ ᠣᠷᠣᠨ ᠲᠣᠭᠤᠷᠢᠭ ᠤᠨ ᠲᠠᠷᠬᠠᠯᠲᠠ ᠨᠢ ᠡᠮᠬᠢ ᠵᠢᠷᠤᠮ ᠲᠠᠢ᠂ ᠬᠤᠭᠤᠯᠠ ᠲᠣᠬᠢᠷᠠᠭᠤᠯᠬᠤ ᠠᠵᠢᠯᠲᠠᠳ ᠨᠢᠭᠡᠳᠦᠯᠲᠡᠶ ᠬᠤᠪᠴᠠᠰᠤ ᠡᠮᠦᠰᠴᠦ᠂ ᠮᠠᠯᠠᠭᠠᠶ ᠪᠠ ᠠᠮᠠᠪᠴᠢ ᠵᠡᠭᠦᠵᠦ᠂ ᠬᠥᠯ ᠳᠤ ᠪᠠᠨ ᠲᠤᠰᠬᠠᠶ ᠤᠰᠤᠨ ᠭᠤᠲᠤᠯ ᠡᠮᠦᠰᠴᠦ᠂ ᠶᠠᠭ ᠡᠯ᠎ᠡ ᠲᠣᠭᠤᠷᠢᠭ ᠲᠤ ᠶᠠᠭᠠᠷᠠᠯᠲᠠᠶ ᠠᠵᠢᠯᠯᠠᠵᠤ ᠪᠠᠶᠢᠬᠤ ᠪᠦᠬᠦ᠋ᠢᠯᠡ ᠶᠠᠪᠤᠴᠠ ᠶᠢ ᠲᠣᠪ ᠲᠣᠳᠣᠷᠬᠠᠶ ᠣᠯᠵᠤ ᠬᠠᠷᠠᠯ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠮᠤᠷ ᠲᠦᠪᠰᠢᠨ ᠢᠶᠠᠷ ᠬᠤᠭᠤᠯᠠᠯᠠᠬᠤ ᠶᠢ ᠪᠠᠲᠤᠯᠠᠬᠤ ᠶᠢᠨ ᠲᠥᠯᠥᠭᠡ᠂ ᠲᠣᠰ ᠺᠣᠮᠫᠠᠨᠢ ᠮᠠᠰᠢ ᠴᠢᠩᠭ᠎ᠠ ᠠᠷᠢᠭᠤᠳᠬᠠᠨ ᠴᠡᠪᠡᠷᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠢᠳᠡᠭᠡᠨ ᠬᠢᠬᠦ ᠲᠠᠰᠤᠭ ᠤᠨ ᠡᠭᠦᠳᠡᠨ ᠳᠤ ᠬᠠᠯᠠᠭᠤᠨ ᠤ ᠬᠡᠮᠵᠢᠭᠦᠷ ᠤᠭᠰᠠᠷᠠᠵᠤ᠂ ᠣᠷᠣᠵᠤ ᠭᠠᠷᠬᠤ ᠪᠣᠶ ᠪᠥᠬᠦᠶ ᠠᠵᠢᠯᠲᠠᠨ ᠡᠷᠬᠡᠪᠰᠢ ᠠᠮᠠᠪᠴᠢ ᠵᠡᠭᠦᠨ᠂ 3 ᠪᠣᠭᠤᠮᠲᠠ ᠶᠢ ᠥᠩᠭᠡᠷᠡᠪᠡᠯ ᠰᠠᠶ᠋ᠢ ᠬᠤᠭᠤᠯᠠ ᠲᠣᠬᠢᠷᠠᠭᠤᠯᠬᠤ ᠲᠣᠭᠤᠷᠢᠭ ᠲᠤ ᠣᠷᠣᠳᠠᠭ ᠶᠤᠮ ᠪᠠᠶᠢᠨ᠎ᠠ᠃        ᠲᠣᠰ ᠺᠣᠮᠫᠠᠨᠢ ᠶᠢᠨ ᠨᠢᠭᠡ ᠠᠵᠢᠯᠲᠠᠨ ᠰᠤᠷᠪᠤᠯᠵᠢᠯᠠᠭᠴᠢ ᠳᠤ᠄ ︽ᠦᠢᠯᠡᠳᠪᠦᠷᠢ ᠶᠢᠨ ᠲᠠᠰᠤᠭ ᠲᠤ ᠣᠷᠣᠬᠤ ᠪᠥᠬᠦ ᠬᠥᠮᠦᠰ ᠡᠷᠬᠡᠪᠰᠢ ᠡᠷᠡᠭᠦᠯ ᠮᠡᠨᠳᠦ ᠶᠢᠨ ᠦᠨᠡᠮᠯᠡᠯ ᠲᠠᠢ ᠪᠠᠶᠢᠬᠤ ᠬᠡᠷᠡᠭᠲᠡᠶ᠂ ᠨᠢᠭᠡᠳᠦᠯᠲᠡᠶ ᠠᠵᠢᠯ ᠤᠨ ᠬᠤᠪᠴᠠᠰᠤ᠂ ᠮᠠᠯᠠᠭᠠᠢ᠂ ᠠᠮᠠᠪᠴᠢ᠂ ᠪᠡᠭᠡᠯᠡᠶ᠂ ᠠᠵᠢᠯ ᠤᠨ ᠤᠰᠤᠨ ᠭᠤᠲᠤᠯ ᠡᠮᠦᠰᠬᠦ ᠶᠢᠨ ᠬᠠᠮᠲᠤ ᠭᠠᠷ᠂ ᠤᠰᠤᠨ ᠭᠤᠲᠤᠯ᠂ ᠬᠤᠪᠴᠠᠰᠤ ᠬᠤᠨᠠᠷ ᠢᠶᠠᠨ ᠰᠠᠯᠬᠢᠨ ᠤᠬᠢᠶᠠᠯ᠂ ᠠᠷᠢᠭᠤᠳᠬᠠᠯ ᠬᠢᠪᠡᠯ ᠰᠠᠶ᠋ᠢ ᠣᠷᠣᠬᠤ ᠬᠢᠷᠢ ᠬᠡᠮ ᠲᠠᠢ᠂ ᠪᠤᠰᠤᠳ ᠬᠥᠮᠥᠰ ᠴᠥᠮ ᠣᠷᠣᠵᠤ ᠪᠣᠯᠬᠤ ᠥᠬᠡᠶ᠂ ᠭᠠᠳᠠᠨ᠎ᠠ ᠠᠴᠠ ᠪᠣᠳᠠᠰ ᠪᠠ ᠮᠢᠺᠷᠣᠪ ᠵᠡᠷᠭᠡ ᠶᠢ ᠠᠪᠴᠤ ᠣᠷᠣᠵᠤ᠂ ᠢᠳᠡᠭᠡᠨ ᠤ ᠠᠮᠤᠷ ᠲᠦᠪᠰᠢᠨ ᠢ ᠨᠥᠯᠥᠭᠡᠯᠡᠬᠦ ᠠᠴᠠ ᠵᠠᠶᠢᠯᠠᠰᠬᠢᠳᠠᠭ︾ ᠭᠡᠪᠡ᠃ ᠡᠭᠦᠨ ᠠᠴᠠ ᠭᠠᠳᠠᠨ᠎ᠠ᠂ ᠣᠨᠴᠠᠭᠠᠶ ᠴᠠᠭ ᠦᠶ᠎ᠡ ᠳᠤ᠂ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠪᠦᠷᠢ ᠳᠤ ᠴᠥᠮ ᠨᠢᠭᠡ ᠳᠤᠭᠤᠶᠢᠯᠠᠩ ᠳᠣᠭᠢᠷᠠᠭᠤᠯᠤᠨ ᠬᠦᠷᠭᠡᠬᠦ ᠠᠵᠢᠯᠲᠠᠨ ᠳᠣᠭᠢᠷᠠᠭᠤᠯᠵᠤ᠂ ᠳᠣᠭᠢᠷᠠᠭᠤᠯᠤᠨ ᠬᠦᠷᠭᠡᠭᠴᠢ ᠶᠢᠨ ᠡᠷᠡᠭᠦᠯ ᠮᠡᠨᠳᠦ ᠶᠢᠨ ᠺᠠᠷᠲ ᠂ ᠡᠷᠡᠭᠦᠯ ᠮᠡᠨᠳᠦ ᠶᠢᠨ ᠺᠣᠳ᠋ ᠵᠡᠷᠭᠡ ᠶᠢ ᠴᠥᠮ ᠲᠣᠭᠲᠠᠭᠰᠠᠨ ᠳᠣᠭᠢᠷᠠᠭᠤᠯᠤᠨ ᠬᠦᠷᠭᠡᠬᠦ ᠰᠤᠷᠭᠠᠭᠤᠯᠢ ᠨᠢ ᠪᠦᠷᠢᠳᠬᠡᠨ ᠳᠠᠩᠰᠠᠯᠠᠭᠤᠯᠵᠤ᠂ ᠳᠣᠭᠢᠷᠠᠭᠤᠯᠤᠨ ᠬᠦᠷᠭᠡᠬᠦ ᠲᠡᠷᠭᠡ ᠰᠤᠷᠭᠠᠭᠤᠯᠢ ᠳᠤ ᠬᠦᠷᠦᠭᠰᠡᠨ ᠤ ᠳᠠᠷᠠᠭ᠎ᠠ᠂ ᠰᠤᠷᠭᠠᠭᠤᠯᠢ ᠶᠢᠨ ᠲᠠᠯ᠎ᠠ ᠶᠢᠨ ᠬᠢᠨ ᠡᠷᠬᠡᠪᠰᠢ ᠳᠣᠭᠢᠷᠠᠭᠤᠯᠤᠨ ᠬᠦᠷᠭᠡᠭᠴᠢ ᠶᠢ ᠬᠢᠨᠠᠨ ᠬᠠᠷᠭᠤᠭᠤᠯᠵᠤ᠂ ᠬᠠᠯᠠᠭᠤᠨ ᠢ ᠨᠢ ᠬᠡᠮᠵᠢᠭᠰᠡᠨ ᠤ ᠳᠠᠷᠠᠭ᠎ᠠ ᠰᠠᠶ᠋ᠢ ᠲᠡᠭᠦᠨ ᠢ ᠣᠷᠣᠭᠤᠯᠳᠠᠭ᠃ ᠨᠢᠭᠡ ᠦᠳᠡ ᠶᠢᠨ ᠡᠮᠦᠨᠡᠬᠢ ᠪᠠᠴᠢᠮ ᠠᠵᠢᠯ ᠢᠶᠠᠷ ᠳᠠᠮᠵᠢᠭᠠᠳ᠂ 11 ᠴᠠᠭ ᠤᠨ ᠦᠶ᠎ᠡ ᠪᠠᠷ᠂ ᠲᠣᠰ ᠺᠣᠮᠫᠠᠨᠢ ᠶᠢᠨ ᠬᠤᠭᠤᠯᠠ ᠬᠦᠷᠭᠡᠬᠦ ᠲᠡᠷᠭᠡ ᠵᠠᠯᠭᠠᠭ᠎ᠠ ᠪᠠᠷ ᠮᠣᠷᠳᠠᠵᠤ᠂ ᠰᠢᠮ᠎ᠡ ᠲᠡᠵᠢᠭᠡᠯᠲᠦ ᠬᠤᠭᠤᠯᠠ ᠶᠢ ᠰᠤᠷᠤᠭᠴᠢᠳ ᠤᠨ ᠭᠠᠷ ᠲᠤ ᠬᠦᠷᠭᠡᠳᠡᠭ ᠪᠠᠶᠢᠨ᠎ᠠ᠃        ᠳᠠᠷᠠᠭ᠎ᠠ ᠨᠢ᠂ ᠰᠤᠷᠪᠤᠯᠵᠢᠯᠠᠭᠴᠢ ᠬᠥᠬᠡᠬᠤᠲᠠ ᠶᠢᠨ ᠱᠠᠨ ᠱᠦᠢ ᠪᠠᠭ᠎ᠠ ᠰᠤᠷᠭᠠᠭᠤᠯᠢ ᠳᠤ ᠬᠦᠷᠦᠭᠡᠳ᠂ ᠰᠤᠷᠭᠠᠭᠤᠯᠢ ᠶᠢᠨ ᠪᠠᠭᠰᠢ ᠨᠢ ᠬᠤᠭᠤᠯᠠ ᠬᠦᠷᠭᠡᠬᠦ ᠠᠵᠤ ᠠᠬᠤᠶᠢᠯᠠᠯ ᠤᠨ ᠬᠤᠭᠤᠯᠠ ᠬᠦᠷᠭᠡᠭᠴᠢ ᠶᠢᠨ ᠨᠡᠷᠡᠰ ᠢ ᠬᠠᠷᠭᠤᠭᠤᠯᠤᠨ ᠪᠠᠶᠢᠴᠠᠭᠠᠭᠰᠠᠨ ᠪᠥᠭᠡᠳ ᠬᠠᠯᠠᠭᠤᠨ ᠢ ᠨᠢ ᠬᠡᠮᠵᠢᠵᠦ᠂ ᠪᠢᠲᠡᠭᠦᠮᠵᠢ ᠵᠡᠷᠭᠡ ᠶᠢ ᠨᠢ ᠪᠠᠶᠢᠴᠠᠭᠠᠭᠰᠠᠨ ᠤ ᠳᠠᠷᠠᠭ᠎ᠠ ᠰᠠᠶ᠋ᠢ ᠮᠠᠰᠢᠨ ᠲᠡᠷᠭᠡ ᠣᠷᠣᠬᠤ ᠶᠢ ᠵᠥᠪᠰᠢᠶᠡᠷᠡᠵᠦ ᠪᠠᠶᠢᠬᠤ ᠶᠢ ᠦᠵᠡᠪᠡ᠃ ᠡᠯ᠎ᠡ ᠠᠩᠭᠢ ᠨᠢ ᠵᠢᠵᠢᠭᠦᠷᠯᠡᠵᠦ ᠪᠠᠶᠢᠭ᠎ᠠ ᠰᠤᠷᠤᠭᠴᠢᠳ ᠰᠢᠮ᠎ᠡ ᠲᠡᠵᠢᠭᠡᠯᠲᠦ ᠬᠤᠭᠤᠯᠠ ᠶᠢ ᠲᠤᠭ᠎ᠠ ᠶᠣᠰᠣᠭᠠᠷ ᠬᠢᠴᠢᠶᠡᠯ ᠤᠨ ᠭᠡᠷ ᠲᠤ ᠪᠠᠨ ᠲᠦᠭᠡᠭᠡᠨ ᠥᠭᠭᠦᠭᠰᠡᠨ ᠤ ᠳᠠᠷᠠᠭ᠎ᠠ᠂ ᠰᠤᠷᠤᠭᠴᠢᠳ ᠰᠢᠷᠡᠭᠡ ᠬᠤᠪᠢᠶᠠᠨ ᠬᠤᠭᠤᠯᠠ ᠢᠳᠡᠨ᠎ᠡ᠂ ᠬᠤᠭᠤᠯᠠᠨ ᠠᠴᠠ ᠡᠮᠦᠨ᠎ᠡ ᠤᠷᠢᠳ ᠢᠶᠠᠷ ᠭᠠᠷ ᠢᠶᠠᠨ ᠠᠷᠢᠭᠤᠳᠬᠠᠬᠤ ᠶᠢᠨ ᠬᠠᠮᠲᠤ ᠠᠮᠠᠪᠴᠢ ᠪᠠᠨ ᠰᠤᠷᠭᠠᠭᠤᠯᠢ ᠶᠢᠨ ᠲᠣᠬᠢᠷᠠᠭᠤᠯᠤᠭᠰᠠᠨ ᠨᠢᠭᠡ ᠯᠡ ᠤᠳᠠᠭᠠᠨ ᠤ ᠴᠢᠨᠠᠷᠲᠠᠶ ᠰᠦᠯᠢᠶᠣᠣ ᠤᠭᠤᠲᠠᠨ ᠳᠤ ᠬᠢᠭᠰᠡᠨ ᠤ ᠳᠠᠷᠠᠭ᠎ᠠ ᠦᠳᠡ ᠶᠢᠨ ᠬᠤᠭᠤᠯᠠ ᠪᠠᠨ ᠢᠳᠡᠨ᠎ᠡ᠃        ᠲᠣᠰ ᠡᠳᠦᠷ᠂ ᠬᠥᠬᠡᠬᠤᠲᠠ ᠶᠢᠨ 40 ᠲᠤᠷᠰᠢᠯᠲᠠ ᠶᠢᠨ ᠰᠤᠷᠭᠠᠭᠤᠯᠢ ᠪᠦᠬᠦᠨ ᠢᠶᠠᠷ ᠢᠶᠠᠨ ᠬᠤᠭᠤᠯᠠ ᠨᠡᠭᠡᠭᠡᠵᠦ᠂ ᠰᠢᠨ᠎ᠡ ᠬᠤᠲᠠ ᠲᠣᠭᠤᠷᠢᠭ ᠤᠨ 2 ᠪᠠᠭ᠎ᠠ ᠰᠤᠷᠭᠠᠭᠤᠯᠢ᠂ ᠢᠦᠶ ᠴᠢᠤᠸᠠᠨ ᠲᠣᠭᠤᠷᠢᠭ ᠤᠨ 1 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠰᠢᠨ᠎ᠡ ᠪᠠᠷ ᠨᠡᠮᠡᠭᠳᠡᠵᠦ᠂ ᠣᠳᠣ ᠨᠡᠶᠢᠲᠡ 43 ᠰᠤᠷᠭᠠᠭᠤᠯᠢ ᠳᠤ ᠬᠤᠭᠤᠯᠠ ᠲᠣᠬᠢᠷᠠᠭᠤᠯᠵᠤ ᠪᠠᠶᠢᠨ᠎ᠠ︔ 18 ᠤ ᠡᠳᠦᠷ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠪᠠᠭ᠎ᠠ ᠰᠤᠷᠭᠠᠭᠤᠯᠢ ᠶᠢᠨ ᠬᠡᠯᠲᠡᠰ᠂ ᠰᠢᠨ᠎ᠡ ᠬᠤᠲᠠ ᠲᠣᠭᠤᠷᠢᠭ ᠤᠨ 3 ᠪᠠᠭ᠎ᠠ ᠰᠤᠷᠭᠠᠭᠤᠯᠢ᠂ ᠬᠤᠲᠣᠩ ᠠᠷᠠᠳ ᠤᠨ ᠲᠣᠭᠤᠷᠢᠭ ᠤᠨ 12 ᠪᠠᠭ᠎ᠠ ᠰᠤᠷᠭᠠᠭᠤᠯᠢ᠂ ᠢᠦᠶ ᠴᠢᠤᠸᠠᠨ ᠲᠣᠭᠤᠷᠢᠭ ᠤᠨ 7 ᠪᠠᠭ᠎ᠠ ᠰᠤᠷᠭᠠᠭᠤᠯᠢ ᠵᠡᠷᠭᠡ ᠬᠤᠭᠤᠯᠠ ᠲᠣᠬᠢᠷᠠᠭᠤᠯᠬᠤ ᠪᠠᠭ᠎ᠠ ᠰᠤᠷᠭᠠᠭᠤᠯᠢ ᠶᠢ 23 ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠤᠢ᠂ ᠲᠤᠬᠠᠶ ᠶᠢᠨ ᠦᠶ᠎ᠡ ᠳᠤ ᠬᠤᠭᠤᠯᠠ ᠲᠣᠬᠢᠷᠠᠭᠤᠯᠬᠤ ᠰᠤᠷᠭᠠᠭᠤᠯᠢ ︵ᠰᠤᠷᠭᠠᠭᠤᠯᠢ ᠶᠢᠨ ᠲᠣᠭᠤᠷᠢᠭ︶ 66 ᠪᠣᠯᠤᠨ᠎ᠠ᠃ 6 ᠳ᠋ᠤᠭᠠᠷ ᠰᠠᠷ᠎ᠠ ᠪᠣᠯᠬᠤ ᠳᠤ᠂ 91 ᠰᠤᠷᠭᠠᠭᠤᠯᠢ ︵ᠰᠤᠷᠭᠠᠭᠤᠯᠢ ᠶᠢᠨ ᠲᠣᠭᠤᠷᠢᠭ︶ ᠳᠤ ᠬᠤᠭᠤᠯᠠ ᠲᠣᠬᠢᠷᠠᠭᠤᠯᠬᠤ ᠪᠠᠷ ᠲᠥᠯᠥᠪᠯᠡᠵᠦ ᠪᠣᠶ᠂ ᠡᠭᠦᠨ ᠳᠤ᠂ ᠪᠠᠭ᠎ᠠ ᠰᠤᠷᠭᠠᠭᠤᠯᠢ 88᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 3 ᠪᠠᠶᠢᠵᠤ᠂ ᠬᠥᠬᠡᠬᠤᠲᠠ ᠶᠢᠨ ᠬᠤᠲᠠ ᠲᠣᠭᠤᠷᠢᠭ ᠤᠨ ᠪᠠᠭ᠎ᠠ ᠰᠤᠷᠭᠠᠭᠤᠯᠢ ᠨᠤᠭᠤᠳ ᠰᠢᠮ᠎ᠡ ᠲᠡᠵᠢᠭᠡᠯᠲᠦ ᠬᠤᠭᠤᠯᠠ ᠶᠢ ᠳᠣᠭᠢᠷᠠᠭᠤᠯᠤᠨ ᠬᠦᠷᠭᠡᠬᠦ ᠶᠢ ᠦᠨᠳᠦᠰᠦᠨ ᠳᠤ ᠪᠠᠨ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠪᠣᠯᠣᠨ᠎ᠠ᠃        ᠬᠥᠬᠡᠬᠤᠲᠠ ᠶᠢᠨ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠦ᠋ ᠷᠦᠢ ᠪᠢᠨ ᠰᠤᠷᠪᠤᠯᠵᠢᠯᠠᠭᠴᠢ ᠳᠤ᠄ ︽ᠬᠢᠵᠢᠭ ᠤᠨ ᠪᠠᠶᠢᠳᠠᠯ ᠳᠣᠣᠷ᠎ᠠ ᠰᠤᠷᠤᠭᠴᠢᠳ ᠤᠨ ᠬᠤᠭᠤᠯᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 4 ᠤ ᠡᠳᠦᠷ ᠠᠴᠠ ᠡᠬᠢᠯᠡᠨ ᠪᠢᠳᠡ ᠠᠵᠤ ᠠᠬᠤᠶᠢᠯᠠᠯ ᠳᠤ ᠠᠵᠢᠯᠲᠠᠨ ᠤ ᠪᠠᠶᠢᠳᠠᠯ ᠢᠶᠠᠨ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠂ ᠡᠭᠦᠨ ᠳᠤ ᠠᠵᠢᠯᠲᠠᠨ ᠤ ᠪᠡᠶ᠎ᠡ ᠶᠢᠨ ᠬᠠᠯᠠᠭᠤᠨ ᠤ ᠪᠠᠶᠢᠳᠠᠯ᠂ ᠦᠢᠯᠡᠳᠪᠦᠷᠢ ᠶᠢᠨ ᠲᠣᠭᠤᠷᠢᠭ ᠪᠠ ᠲᠡᠷᠭᠡ ᠬᠥᠰᠬᠡ ᠶᠢᠨ ᠠᠷᠢᠭᠤᠳᠬᠠᠯ ᠵᠡᠷᠭᠡ ᠲᠠᠯ᠎ᠠ ᠶᠢ ᠪᠠᠭᠲᠠᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠭᠠᠷᠭᠠᠪᠠ᠃ ᠬᠦᠬᠡᠬᠤᠲᠠ ᠶᠢᠨ ᠪᠠᠭ᠎ᠠ ᠰᠤᠷᠭᠠᠭᠤᠯᠢ ᠠᠴᠠ ᠣᠳᠣᠬᠠᠨ ᠳᠤ ᠵᠥᠪᠬᠡᠨ ᠳᠥᠷᠪᠡ᠂ ᠲᠠᠪᠤ᠂ ᠵᠢᠷᠭᠤᠳᠤᠭᠠᠷ ᠣᠨ ᠤ ᠰᠤᠷᠤᠭᠴᠢᠳ ᠬᠢᠴᠢᠶᠡᠯ ᠡᠬᠢᠯᠡᠭᠰᠡᠨ ᠪᠠᠶᠢᠨ᠎ᠠ᠂ ᠥᠨᠥᠳᠦᠷ ᠨᠡᠶᠢᠲᠡ ᠲᠦᠮᠡᠨ ᠬᠤᠪᠢ ᠬᠤᠭᠤᠯᠠ ᠶᠢ ᠰᠤᠷᠤᠭᠴᠢ ᠶᠢᠨ ᠭᠠᠷ ᠲᠤ ᠬᠦᠷᠭᠡᠪᠡ︾ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号