| ᠥᠪᠥᠷ ᠵᠠᠰᠠᠭ ᠠᠯᠪᠠᠨ ᠲᠠᠷᠬᠠᠭᠠᠭᠰᠠᠨ ︹2019︺ 31 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠭᠤᠷᠪᠠᠨ ᠨᠠᠰᠤᠨ ᠠᠴᠠ ᠳᠤᠷᠤᠭᠰᠢᠬᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠭᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2019︺ 15 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠨᠠᠰᠤᠨ ᠠᠴᠠ | ᠳᠤᠷᠤᠭᠰᠢᠬᠢ ᠨᠢᠷᠠᠢ ᠨᠢᠯᠬ᠎ᠠ ᠬᠡᠦᠬᠡᠳ ︵ᠳᠤᠷᠤᠭᠰᠢ ᠨᠢᠷᠠᠢ ᠨᠢᠯᠬ᠎ᠠ ᠬᠡᠦᠬᠡᠳ ᠭᠡᠵᠦ ᠲᠣᠪᠴᠢᠯᠠᠨ᠎ᠠ︶ ᠢ | ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠢ ᠶᠡᠭᠡ ᠪᠠᠷ ᠬᠥᠭᠵᠢᠭᠦᠯᠬᠦ ᠶᠢᠨ ᠲᠤᠰᠠᠳᠠ᠂ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠦᠪᠡᠷᠲᠡᠭᠡᠨ ᠵᠠᠰᠠᠬᠤ ᠣᠷᠣᠨ ᠤ | ᠪᠣᠲᠠᠲᠠᠢ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠰᠡᠳᠬᠢᠮᠵᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠡᠷ ᠪᠦᠯᠢ ᠪᠠᠷ ᠭᠤᠣᠯ ᠪᠣᠯᠭᠠᠨ᠂ | ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠷ ᠨᠦᠬᠦᠪᠦᠷᠢ ᠪᠣᠯᠭᠠᠬᠤ ᠶᠢ ᠪᠠᠷᠢᠮᠲᠠᠯᠠᠨ᠎ᠠ︔ ᠲᠥᠷᠥ ᠶᠢᠨ | ᠪᠣᠳᠣᠯᠭ᠎ᠠ ᠪᠠᠷ ᠬᠦᠲᠦᠯᠦᠨ ᠵᠢᠯᠤᠭᠤᠳᠴᠤ᠂ ᠣᠯᠠᠨ ᠲᠠᠯ᠎ᠠ ᠶᠢᠨ ᠬᠢᠨ ᠣᠷᠤᠯᠴᠠᠬᠤ ᠶᠢ ᠪᠠᠷᠢᠮᠲᠠᠯᠠᠨ᠎ᠠ︔ ᠠᠮᠦᠷ | ᠲᠥᠪᠰᠢᠨ ᠡᠷᠡᠭᠦᠯ ᠡᠩᠬᠡ᠂ ᠰᠢᠨᠵᠢᠯᠡᠬᠦ ᠤᠬᠠᠭᠠᠨᠴᠢ ᠵᠢᠷᠤᠮᠵᠢᠭᠤᠨ ᠪᠠᠶᠢᠬᠤ ᠶᠢ ᠪᠠᠷᠢᠮᠲᠠᠯᠠᠨ᠎ᠠ᠃ 2020 ᠣᠨ | ᠪᠣᠯᠬᠤ ᠳᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ᠂ ᠪᠠᠷᠢᠮᠵᠢᠶ᠎ᠠ ᠵᠢᠷᠤᠮᠵᠢᠯ ᠢ ᠠᠩᠬ᠎ᠠ ᠠᠯᠬᠤᠮ ᠪᠠᠶᠢᠭᠤᠯᠵᠤ᠂ ᠳᠠᠶᠢᠴᠢᠯᠠᠬᠤ ᠦᠢᠯᠡᠳᠦᠯ ᠲᠠᠢ᠂ ᠵᠣᠬᠢᠬᠤ | ᠵᠢᠯᠤᠭᠤᠳᠬᠤ ᠴᠢᠳᠠᠮᠵᠢ ᠶᠢ ᠡᠭᠦᠷᠭᠡᠯᠡᠵᠦ ᠪᠦᠬᠦᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠨᠢᠭᠡ | ᠪᠦᠯᠦᠭ ᠵᠢᠱᠢᠶ᠎ᠡ ᠦᠵᠡᠭᠦᠯᠬᠦ ᠪᠠᠶᠢᠭᠤᠯᠤᠮᠵᠢ ᠶᠢ ᠪᠠᠶᠢᠭᠤᠯᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠦᠢᠯᠡᠴᠢᠯᠡᠭᠡᠨ ᠤ ᠲᠠᠯ᠎ᠠ ᠳᠠᠬᠢ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠠᠩᠬ᠎ᠠ ᠠᠯᠬᠤᠮ ᠬᠠᠩᠭᠠᠨ᠎ᠠ᠃ | 2025 ᠣᠨ ᠪᠣᠯᠬᠤ ᠳᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ ᠢ ᠦᠨᠳᠦᠰᠦᠨ ᠳᠤ ᠪᠠᠨ ᠨᠠᠶᠢᠳᠠᠪᠤᠷᠢᠵᠢᠭᠤᠯᠵᠤ᠂ | ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠤ ᠪᠠᠨ ᠪᠦᠷᠢᠯᠳᠦᠭᠦᠯᠣᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ | ᠮᠡᠳᠡᠭᠳᠡᠬᠦ᠋ᠢᠴᠡ ᠳᠡᠭᠡᠭᠰᠢᠯᠡᠭᠦᠯᠵᠣ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ | ᠲᠠᠯ᠎ᠠ ᠳᠠᠬᠢ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ᠃ | ᠬᠤᠶᠠᠷ᠂ ᠭᠤᠣᠯ ᠡᠭᠦᠷᠭᠡ ︵ᠨᠢᠭᠡ︶ | ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠶᠢᠨ ᠬᠥᠭᠵᠢᠯᠲᠡ ᠶᠢ ᠠᠬᠢᠭᠤᠯᠬᠤ ᠳᠡᠮᠵᠢᠯᠭᠡ ᠶᠢᠨ | ᠳᠥᠷᠥ ᠶᠢᠨ ᠪᠣᠳᠣᠯᠭ᠎ᠠ ᠶᠢ ᠲᠣᠭᠲᠠᠭᠠᠨ᠎ᠠ᠃ | 1. ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠲᠦᠯᠦᠪᠵᠢᠭᠦᠯᠭᠡ ᠪᠠ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 2020 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠬᠤ ᠣᠷᠣᠨ | ᠰᠠᠭᠤᠴᠠ ᠶᠢᠨ ᠲᠣᠭᠤᠷᠢᠭ ᠨᠢ ᠪᠠᠶᠢᠩᠭᠤ ᠰᠠᠭᠤᠭ᠎ᠠ ᠬᠦᠮᠦᠨ ᠠᠮᠠ ᠶᠢᠨ ᠬᠡᠪᠴᠢᠶᠡᠵᠢᠯ ᠯᠦᠭᠡ ᠲᠤᠬᠢᠷᠠᠯᠴᠬᠠᠰᠠᠨ | ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠪᠠ ᠠᠮᠦᠷ ᠲᠥᠪᠰᠢᠨ ᠤ ᠳᠦᠬᠦᠷ ᠠᠷᠭ᠎ᠠ | ᠬᠡᠮᠵᠢᠶ᠎ᠡ ᠶᠢ ᠲᠦᠯᠦᠪᠵᠢᠭᠦᠯᠦᠨ ᠪᠠᠶᠢᠭᠤᠯᠵᠤ᠂ ᠣᠷᠣᠨ ᠰᠠᠭᠤᠴᠠ ᠯᠤᠭ᠎ᠠ ᠵᠡᠷᠭᠡ ᠪᠠᠷ ᠰᠢᠯᠭᠠᠨ ᠬᠤᠷᠢᠶᠠᠵᠤ ᠠᠪᠬᠤ | ᠬᠡᠷᠡᠭᠲᠡᠢ᠃ ᠬᠠᠭᠤᠴᠢᠨ ᠬᠤᠲᠠ ᠲᠣᠭᠤᠷᠢᠭ ᠪᠣᠯᠣᠨ ᠨᠢᠭᠡᠨᠲᠡ ᠪᠠᠶᠢᠭᠤᠯᠤᠭᠰᠠᠨ ᠲᠣᠭᠤᠷᠢᠭ ᠪᠣᠯ ᠣᠯᠠᠨ ᠵᠦᠢᠯ ᠤᠨ | ᠠᠷᠭ᠎ᠠ ᠬᠡᠯᠪᠡᠷᠢ ᠠᠪᠴᠤ ᠪᠠᠶᠢᠭᠠᠳ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠪᠠ ᠠᠮᠦᠷ | ᠲᠥᠪᠰᠢᠨ ᠤ ᠳᠦᠬᠦᠷ ᠠᠷᠭ᠎ᠠ ᠬᠡᠮᠵᠢᠶ᠎ᠡ ᠶᠢ ᠬᠤᠭᠤᠴᠠᠭ᠎ᠠ ᠬᠢᠵᠠᠭᠠᠷᠯᠠᠨ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠪᠠ ᠪᠠᠶᠢᠷᠢᠰᠢᠭᠤᠯᠬᠤ ᠳᠤ ᠪᠠᠨ | ᠣᠷᠣᠨ ᠰᠠᠭᠤᠴᠠ᠂ ᠠᠵᠢᠯ ᠣᠯᠭᠤᠯᠲᠠ᠂ ᠲᠦᠪᠯᠡᠷᠡᠭᠦᠯᠦᠨ ᠪᠠᠶᠢᠭᠤᠯᠤᠭᠰᠠᠨ ᠣᠷᠣᠨ ᠪᠦᠰᠡ ᠵᠡᠷᠭᠡ ᠬᠦᠴᠦᠨ | ᠵᠦᠢᠯ ᠢ ᠭᠦᠢᠴᠡᠳ ᠪᠤᠳᠤᠯᠬᠢᠯᠠᠵᠤ᠂ ᠬᠤᠲᠠ ᠳᠤ ᠣᠷᠤᠵᠤ ᠬᠦᠴᠦ ᠶᠠᠪᠤᠭᠰᠠᠳ ᠤᠨ ᠬᠡᠷᠡᠭᠴᠡᠭᠡ | ᠱᠠᠭᠠᠷᠳᠠᠯᠭ᠎ᠠ ᠶᠢ ᠨᠢ ᠭᠦᠢᠴᠡᠳ ᠪᠤᠳᠤᠯᠬᠢᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠭᠢᠮ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ | ᠬᠠᠷᠢᠭᠤᠴᠠᠨ᠎ᠠ︶ | 2. ᠨᠡᠶᠢᠭᠡᠮ ᠲᠤᠭᠤᠷᠢᠭ ᠤᠨ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠳᠤ | ᠲᠡᠮᠵᠢᠯᠬᠡ ᠦᠵᠡᠬᠦᠯᠬᠦ ᠪᠠᠨ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠬᠤ ᠬᠡᠷᠡᠭᠲᠡᠢ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠢ ᠵᠣᠷᠢᠬᠵᠢᠭᠤᠯᠵᠤ ᠪᠠᠶᠢᠭᠠᠳ ᠵᠠᠰᠠᠭ ᠤᠨ ᠣᠷᠳᠣᠨ ᠠᠴᠠ ᠨᠡᠮᠡᠭᠦᠷᠢ | ᠥᠭᠬᠦ᠂ ᠠᠵᠢᠯ ᠲᠦᠷᠦᠯ ᠢᠶᠠᠷ ᠬᠦᠲᠦᠯᠦᠨ ᠵᠢᠯᠤᠭᠤᠳᠬᠤ᠂ ᠨᠡᠶᠢᠭᠡᠮ ᠤᠨ ᠬᠦᠴᠦᠨ ᠢ ᠳᠠᠶᠢᠴᠢᠯᠠᠨ ᠣᠷᠤᠯᠴᠠᠭᠤᠯᠬᠤ | ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ᠂ ᠨᠡᠶᠢᠭᠡᠮ ᠲᠣᠭᠤᠷᠢᠭ ᠲᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠪᠠᠶᠢᠭᠤᠯᠤᠮᠵᠢ ᠶᠢ ᠡᠷᠬᠢᠯᠡᠨ ᠪᠠᠶᠢᠭᠤᠯᠵᠦ᠂ ᠰᠠᠭᠤᠭᠠᠯᠢ ᠠᠷᠠᠳ ᠲᠤ ᠣᠶᠢᠷ᠎ᠠ ᠬᠠᠪᠢ ᠳᠤ ᠨᠢ | ᠰᠠᠭᠠᠲᠠᠭᠤᠯᠤᠨ ᠠᠰᠠᠷᠠᠬᠤ ᠦᠢᠯᠡᠴᠢᠯᠡᠭᠡ ᠬᠦᠷᠲᠡᠭᠡᠨ᠎ᠡ᠃ ᠨᠦᠬᠦᠴᠡᠯ ᠳᠤ ᠨᠡᠶᠢᠴᠡᠭᠰᠡᠨ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠬᠡᠦᠬᠡᠳ ᠰᠠᠭᠠᠲᠠᠭᠤᠯᠬᠤ ᠪᠠ ᠬᠡᠤᠬᠡᠳ ᠤᠨ ᠴᠡᠴᠡᠷᠯᠢᠭ ᠤᠨ ᠬᠡᠯᠬᠢᠶ᠎ᠡ ᠪᠠᠶᠢᠭᠤᠯᠤᠮᠵᠢ ᠨᠢ ᠨᠡᠶᠢᠭᠡᠮ | ᠲᠣᠭᠤᠷᠢᠭ ᠲᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠰᠠᠷᠠᠨ ᠬᠦᠮᠦᠵᠢᠭᠦᠯᠬᠦ ᠦᠢᠯᠡᠴᠢᠯᠡᠭᠡ ᠶᠢ ᠳᠠᠭᠠᠭᠠᠨ | ᠠᠪᠴᠤ ᠪᠣᠯᠣᠨ᠎ᠠ᠃ ᠨᠦᠬᠦᠴᠡᠯ ᠪᠣᠯᠣᠮᠵᠢ ᠲᠠᠢ ᠮᠠᠯᠵᠢᠬᠤ ᠲᠠᠷᠢᠶᠠᠯᠠᠬᠤ ᠣᠷᠣᠨ ᠨᠢ ᠶᠡᠷᠦᠩᠬᠡᠶᠢᠯᠡᠭᠰᠡᠨ | ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠪᠣᠳᠤᠯᠬᠢᠯᠠᠬᠤ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ | ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 3. ᠭᠡᠷ ᠪᠦᠯᠢ ᠶᠢᠨ ᠬᠢᠨ ᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠳᠤ ᠲᠡᠮᠵᠢᠯᠬᠡ | ᠦᠵᠡᠬᠦᠯᠬᠦ ᠪᠠᠨ ᠴᠢᠩᠭᠠᠳᠬᠠᠨ᠎ᠠ᠃ ᠬᠦᠩᠭᠡᠵᠢᠬᠦ ᠴᠢᠯᠦᠭᠡ᠂ ᠬᠠᠨᠢ ᠨᠦᠬᠦᠷ ᠨᠢ ᠪᠠᠷ᠎ᠠ ᠪᠣᠯᠵᠤ ᠰᠣᠪᠢᠯᠠᠬᠤ ᠴᠢᠯᠦᠬᠡ | ᠵᠡᠷᠭᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠦᠭᠰᠡᠨ | ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠨ᠎ᠡ᠃ ᠬᠦᠮᠦᠨ ᠬᠡᠷᠡᠭᠯᠡᠬᠦ ᠨᠢᠭᠡᠴᠢ ᠶᠢ | ᠵᠢᠯᠤᠭᠤᠳᠴᠤ ᠪᠠᠶᠢᠭᠠᠳ ᠨᠡᠩ ᠠᠮᠢᠳᠤᠯᠢᠭ ᠠᠷᠭ᠎ᠠ ᠬᠡᠯᠪᠡᠷᠢ ᠪᠠ ᠠᠷᠭ᠎ᠠ ᠬᠡᠮᠵᠢᠶ᠎ᠡ ᠪᠠᠷ ᠲᠠᠮᠵᠢᠭᠤᠯᠤᠨ ᠭᠡᠷ | ᠪᠦᠯᠢ ᠶᠢᠨ ᠬᠢᠨ ᠤ ᠨᠢᠷᠠᠢ ᠨᠢᠯᠬ᠎ᠠ ᠬᠡᠦᠬᠡᠳ ᠢᠶᠠᠨ ᠰᠠᠭᠠᠲᠠᠭᠤᠯᠤᠨ ᠠᠰᠠᠷᠠᠬᠤ ᠳᠤ ᠳᠦᠭᠦᠮ ᠳᠦᠳᠡ ᠨᠦᠬᠦᠴᠡᠯ | ᠡᠭᠦᠳᠴᠦ ᠥᠭᠭᠦᠨ᠎ᠡ᠃ ᠠᠵᠢᠯ ᠪᠤᠶᠤ ᠦᠢᠯᠡᠳᠪᠦᠷᠢᠯᠡᠯ ᠠᠴᠠ ᠪᠠᠨ ᠰᠠᠯᠵᠤ ᠨᠢᠷᠠᠢ ᠨᠢᠯᠬ᠎ᠠ ᠬᠡᠦᠬᠡᠳ ᠢᠶᠠᠨ | ᠰᠠᠭᠠᠲᠠᠭᠤᠯᠤᠨ ᠠᠰᠠᠷᠠᠵᠦ ᠪᠠᠶᠢᠭ᠎ᠠ ᠡᠴᠢᠬᠡ ᠡᠬᠡ ᠨᠠᠷ ᠤᠨ ᠠᠵᠢᠯ ᠤᠨ ᠪᠠᠶᠢᠷᠢ ᠳᠤ ᠪᠠᠨ ᠪᠤᠴᠠᠬᠤ ᠶᠢ ᠳᠡᠮᠵᠢᠵᠦ᠂ | ᠲᠡᠳᠡᠨᠦᠰ ᠲᠤ ᠮᠡᠳᠡᠭᠡ ᠵᠠᠩᠭᠢ ᠶᠢᠨ ᠦᠢᠯᠡᠴᠢᠯᠡᠭᠡ᠂ ᠠᠵᠢᠯ ᠣᠯᠭᠤᠯᠲᠠ ᠶᠢᠨ ᠵᠢᠯᠤᠭᠤᠳᠤᠯᠭ᠎ᠠ ᠪᠠ ᠠᠵᠢᠯ | ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ᠂ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠰᠢᠯᠭᠠᠨ ᠬᠢᠨᠠᠬᠤ | ᠦᠢᠯᠡᠴᠢᠯᠡᠭᠡ ᠶᠢ ᠬᠠᠩᠭᠠᠨ᠎ᠠ᠃ ᠡᠷᠦᠬᠡ ᠳᠤ ᠣᠷᠤᠵᠤ ᠵᠢᠯᠤᠭᠤᠳᠬᠤ᠂ ᠭᠡᠷ ᠪᠦᠯᠢ ᠶᠢᠨ ᠬᠢᠴᠢᠶᠡᠯ ᠤᠨ ᠲᠠᠩᠬᠢᠮ᠂ ︽ | ᠢᠨᠲ᠋ᠧᠷ ᠰᠦᠯᠵᠢᠶ᠎ᠡ +︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠡᠷ ᠤᠨ ᠠᠬᠠᠮᠠᠳ ᠲᠤ ᠰᠢᠨᠵᠢᠯᠡᠬᠦ | ᠤᠬᠠᠭᠠᠨᠴᠢ ᠪᠠᠷ ᠰᠠᠭᠠᠲᠠᠭᠤᠯᠤᠨ ᠠᠰᠠᠷᠠᠬᠤ ᠵᠢᠯᠤᠭᠤᠳᠤᠯᠭ᠎ᠠ ᠶᠢ ᠬᠠᠩᠭᠠᠨ᠎ᠠ᠃ ᠣᠯᠠᠨ ᠨᠡᠶᠢᠲᠡ ᠶᠢᠨ ᠦᠨᠳᠦᠰᠦᠨ | ᠡᠷᠡᠭᠦᠯ ᠬᠠᠮᠠᠭᠠᠯᠠᠯ ᠪᠠ ᠡᠬᠡ ᠨᠢᠯᠬ᠎ᠠ ᠶᠢᠨ ᠡᠷᠡᠭᠦᠯᠵᠢᠯ ᠢ ᠬᠠᠮᠠᠭᠠᠯᠠᠬᠤ ᠦᠢᠯᠡᠴᠢᠯᠡᠭᠡᠨ ᠤ ᠠᠵᠢᠯ ᠢ ᠦᠨᠡᠨ ᠬᠦ | ᠰᠠᠶᠢᠲᠤᠷ ᠬᠢᠵᠦ᠂ ᠨᠢᠷᠠᠢ ᠨᠢᠯᠬ᠎ᠠ ᠬᠡᠦᠬᠡᠳ ᠲᠠᠢ ᠭᠡᠷ ᠪᠦᠯᠢ ᠳᠤ ᠨᠢᠯᠬ᠎ᠠ ᠬᠡᠦᠬᠡᠳ ᠤᠨ ᠪᠠᠶᠢᠳᠠᠯ ᠢ ᠤᠶᠢᠯᠠᠭᠠᠨ | ᠦᠵᠡᠬᠦ᠂ ᠬᠤᠭᠤᠯᠠ ᠤᠮᠳᠠ ᠶᠢᠨ ᠰᠢᠮ᠎ᠡ ᠲᠡᠵᠢᠭᠡᠯ᠂ ᠦᠰᠦᠯᠲᠡ ᠪᠤᠶᠢᠵᠢᠯᠲᠠ᠂ ᠰᠡᠷᠭᠡᠶᠢᠯᠡᠬᠦ ᠲᠠᠷᠢᠯᠭ᠎ᠠ ᠲᠠᠷᠢᠬᠤ᠂ | ᠠᠮᠤᠷ ᠲᠦᠪᠰᠢᠨ ᠤ ᠬᠠᠮᠠᠭᠠᠯᠠᠯᠲᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠦᠢᠯᠡᠴᠢᠯᠡᠭᠡ | ᠦᠷᠨᠢᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠦᠪᠯᠡᠯ᠂ ᠠᠵᠢᠯᠴᠢᠨ ᠤ | ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠤᠰᠤᠭᠠᠷ ᠬᠠᠷᠢᠭᠤᠴᠠᠨ᠎ᠠ︶ | ︵ᠬᠤᠶᠠᠷ︶ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠣᠯᠠᠨ ᠵᠦᠢᠯ ᠤᠨ ᠬᠡᠯᠪᠡᠷᠢ ᠶᠢᠨ | ᠪᠠᠶᠢᠭᠤᠯᠤᠮᠵᠢ ᠶᠢ ᠵᠢᠷᠤᠮᠵᠢᠭᠤᠯᠤᠨ ᠬᠥᠭᠵᠢᠭᠦᠯᠦᠨ᠎ᠡ᠃ | 4. ᠣᠯᠠᠨ ᠵᠦᠢᠯ ᠤᠨ ᠬᠡᠯᠪᠡᠷᠢ ᠶᠢᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠶᠢ | ᠦᠷᠨᠢᠭᠦᠯᠦᠨ᠎ᠡ᠃ ᠭᠤᠷᠪᠠᠨ ᠨᠠᠰᠤᠨ ᠠᠴᠠ ᠳᠤᠷᠤᠭᠰᠢᠬᠢ ᠨᠢᠷᠠᠢ ᠨᠢᠯᠬ᠎ᠠ ᠬᠡᠦᠬᠡᠳ ᠲᠠᠢ ᠭᠡᠷ ᠪᠦᠯᠢ ᠶᠢᠨ ᠪᠤᠲᠠᠲᠠᠢ | ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ᠂ ᠪᠦᠬᠦᠯᠢ ᠡᠳᠦᠷ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ | ᠲᠦᠷᠢᠮᠳᠦ᠂ ᠬᠠᠭᠠᠰ ᠡᠳᠦᠷ ᠢᠶᠠᠷ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠲᠦᠷᠢᠮᠳᠦ ᠪᠤᠶᠤ ᠴᠠᠭ ᠢᠶᠠᠷ ᠬᠡᠮᠵᠢᠨ | ᠪᠤᠳᠤᠵᠦ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠲᠦᠷᠢᠮᠳᠦ ᠦᠢᠯᠡᠴᠢᠯᠡᠭᠡ ᠶᠢ ᠬᠠᠩᠭᠠᠵᠦ ᠪᠤᠯᠬᠤᠶᠢᠴᠠ | ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢ ᠬᠥᠭᠵᠢᠭᠦᠯᠦᠨ᠎ᠡ᠃ ᠲᠦᠭᠡᠮᠡᠯ ᠬᠠᠷᠠᠭᠠᠯᠵᠠᠯ ᠤᠨ | ᠴᠢᠨᠠᠷᠲᠠᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠬᠥᠭᠵᠢᠯᠲᠡ ᠶᠢ ᠤᠷᠢᠳ ᠢᠶᠠᠷ | ᠳᠡᠮᠵᠢᠨ᠎ᠡ᠃ ᠬᠦᠮᠦᠨ ᠬᠡᠷᠡᠭᠯᠡᠬᠦ ᠨᠢᠭᠡᠴᠢ ᠲᠤᠰᠠᠭᠠᠷ ᠢᠶᠠᠨ ᠪᠤᠶᠤ ᠪᠤᠰᠤᠳ ᠨᠢᠭᠡᠴᠢ ᠲᠠᠢ ᠬᠤᠯᠪᠣᠭᠠᠯᠠᠨ ᠠᠵᠢᠯ ᠤᠨ | ᠲᠠᠯᠠᠪᠤᠷ ᠭᠠᠵᠠᠷ ᠲᠤ ᠠᠵᠢᠯᠲᠠᠨ ᠠᠵᠢᠯᠴᠢᠨ ᠳᠤ ᠪᠠᠨ ᠠᠰᠠᠷᠠᠮᠵᠢ ᠶᠢᠨ ᠴᠢᠨᠠᠷᠲᠠᠢ ᠪᠠᠷ ᠬᠡᠦᠬᠡᠳ ᠨᠠᠶᠢᠳᠠᠵᠦ | ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ | ᠬᠡᠯᠪᠡᠷᠢ ᠪᠠᠷ ᠳᠠᠮᠵᠢᠭᠤᠯᠤᠨ᠂ ᠠᠵᠢᠯ ᠤᠯᠤᠭᠰᠠᠳ ᠲᠦᠪᠯᠡᠷᠡᠭᠰᠡᠨ ᠠᠵᠤ ᠦᠢᠯᠡᠰ ᠤᠨ ᠪᠦᠬᠡᠮᠨᠡᠷᠡᠯ ᠤᠨ ᠣᠷᠣᠨ | ᠪᠦᠰᠡ᠂ ᠬᠦᠮᠦᠨ ᠬᠡᠷᠡᠭᠯᠡᠬᠦ ᠨᠢᠭᠡᠴᠢ ᠠᠰᠠᠷᠠᠨ ᠬᠦᠮᠦᠵᠢᠭᠦᠯᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠪᠠ | ᠲᠡᠭᠦᠯᠳᠡᠷᠵᠢᠭᠦᠯᠬᠦ ᠶᠢ ᠵᠣᠷᠢᠬᠵᠢᠭᠤᠯᠤᠨ᠎ᠠ᠃ ᠨᠦᠬᠦᠴᠡᠯ ᠲᠠᠢ ᠬᠡᠦᠬᠡᠳ ᠤᠨ ᠴᠡᠴᠡᠷᠯᠢᠭ ᠤᠨ ᠤᠳᠤ ᠶᠢᠨ ᠪᠠᠶᠢᠭ᠎ᠠ | ᠡᠬᠢ ᠪᠠᠶᠠᠯᠢᠭ ᠢᠶᠠᠨ ᠠᠰᠢᠭᠯᠠᠵᠤ᠂ ᠬᠡᠪᠴᠢᠶ᠎ᠡ ᠪᠠᠨ ᠥᠷᠭᠡᠳᠭᠡᠵᠦ᠂ ᠬᠡᠦᠬᠡᠳ ᠨᠠᠶᠢᠳᠠᠵᠦ ᠰᠠᠭᠠᠳᠠᠭᠤᠯᠤᠨ | ᠭᠦᠮᠦᠵᠢᠬᠦᠯᠬᠦ ᠠᠩᠭᠢ ᠡᠷᠬᠢᠯᠡᠨ ᠨᠡᠭᠡᠭᠡᠵᠦ᠂ 2 — 3 ᠨᠠᠰᠤᠨ ᠤ ᠨᠢᠯᠬ᠎ᠠ ᠬᠡᠦᠬᠡᠳ ᠡᠯᠰᠡᠬᠦ ᠶᠢ | ᠵᠣᠷᠢᠬᠵᠢᠭᠤᠯᠤᠨ᠎ᠠ᠃ ᠠᠯᠪᠠᠨ ᠠᠴᠠ ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ | ᠦᠭᠡᠷᠡᠴᠢᠯᠡᠵᠦ ᠥᠷᠭᠡᠳᠭᠡᠨ ᠪᠠᠶᠢᠭᠤᠯᠬᠤ ᠪᠠᠷ ᠳᠠᠮᠵᠢᠭᠤᠯᠵᠤ᠂ ᠬᠡᠦᠬᠡᠳ ᠨᠠᠶᠢᠳᠠᠵᠦ ᠰᠠᠭᠠᠳᠠᠭᠤᠯᠤᠨ ᠭᠦᠮᠦᠵᠢᠬᠦᠯᠬᠦ | ᠠᠩᠭᠢ ᠶᠢᠨ ᠡᠬᠢ ᠪᠠᠶᠠᠯᠢᠭ ᠤᠨ ᠬᠠᠩᠭᠠᠯᠭ᠎ᠠ ᠪᠠᠨ ᠨᠡᠮᠡᠭᠳᠡᠭᠦᠯᠬᠦ ᠶᠢ ᠵᠣᠷᠢᠬᠵᠢᠭᠤᠯᠤᠨ᠎ᠠ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠥᠷᠭᠡᠳᠭᠡᠨ | ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ | ᠬᠠᠩᠭᠠᠬᠤ ᠶᠢ ᠳᠡᠮᠵᠢᠨ᠎ᠡ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ | ᠵᠦᠪᠯᠡᠯ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠭᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 5. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ | ᠠᠵᠢᠯ ᠢ ᠴᠢᠩᠭᠠᠳᠬᠠᠨ᠎ᠠ᠃ ᠬᠡᠦᠬᠡᠳ ᠠᠰᠠᠷᠠᠬᠤ ᠪᠠᠷ ᠭᠤᠣᠯ ᠪᠣᠯᠭᠠᠵᠤ᠂ ᠬᠡᠤᠬᠡᠳ ᠬᠦᠮᠦᠵᠢᠭᠦᠯᠬᠦ ᠲᠠᠢ | ᠤᠶᠠᠯᠳᠤᠭᠤᠯᠬᠤ ᠴᠢᠭᠯᠡᠯᠲᠡ ᠶᠢ ᠬᠢᠨᠠᠮᠠᠭᠠᠢ ᠲᠤᠭᠤᠰᠢᠯᠠᠭᠤᠯᠵᠤ᠂ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ | ᠬᠢᠵᠠᠭᠠᠷᠯᠠᠵᠤ᠂ ᠦᠷᠭᠦᠯᠵᠢ ᠲᠤᠬᠢᠶᠠᠯᠳᠤᠬᠤ ᠡᠪᠡᠳᠴᠢᠨ ᠡᠭᠦᠰᠬᠦ ᠨᠤᠷᠮ᠎ᠠ ᠶᠢ ᠪᠠᠭᠤᠷᠠᠭᠤᠯᠤᠨ᠂ ᠨᠢᠷᠠᠢ ᠨᠢᠯᠬ᠎ᠠ | ᠬᠡᠦᠬᠡᠳ ᠤᠨ ᠪᠡᠶ᠎ᠡ ᠰᠡᠳᠬᠢᠴᠡ ᠶᠢᠨ ᠡᠷᠡᠭᠦᠯ ᠢ ᠪᠠᠲᠤᠯᠠᠵᠤ᠂ ᠨᠢᠷᠠᠢ ᠨᠢᠯᠬ᠎ᠠ ᠬᠡᠦᠬᠡᠳ ᠤᠨ ᠦᠰᠦᠯᠲᠡ ᠪᠤᠶᠢᠵᠢᠯᠲᠠ᠂ | ᠭᠦᠳᠡᠯᠦᠯ ᠪᠠᠷᠢᠯ᠂ ᠦᠭᠡ ᠬᠡᠯᠡ᠂ ᠲᠠᠨᠢᠨ ᠮᠡᠳᠡᠭᠦᠢ᠂ ᠬᠠᠶᠢᠷ᠎ᠠ ᠰᠡᠳᠬᠢᠯᠬᠡ ᠬᠢᠭᠡᠳ ᠨᠡᠶᠢᠭᠡᠮᠴᠢ ᠴᠢᠨᠠᠷ ᠤᠨ | ᠲᠠᠯ᠎ᠠ ᠳᠤ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠳᠠᠬᠢ ᠲᠣᠬᠠᠶᠢᠯᠠᠭᠰᠠᠨ ᠠᠵᠢᠯ ᠤᠨ | ᠵᠢᠯᠤᠭᠤᠳᠤᠯᠭ᠎ᠠ᠂ ᠠᠰᠠᠭᠤᠨ ᠯᠠᠪᠯᠠᠬᠤ ᠦᠢᠯᠡᠴᠢᠯᠡᠭᠡ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃ | ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠬᠠᠷᠢᠭᠤᠴᠠᠨ᠎ᠠ︶ | ︵ᠭᠤᠷᠪᠠ︶ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ | 6. ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠪᠦᠷᠢᠳᠭᠡᠨ ᠳᠠᠩᠰᠠᠯᠠᠬᠤ | ᠪᠠ ᠳᠠᠩᠰᠠᠯᠠᠨ ᠲᠡᠮᠲᠡᠭᠯᠡᠬᠦ ᠳᠦᠷᠢᠮ ᠢ ᠬᠡᠷᠡᠭᠵᠢᠭᠦᠯᠦᠨ᠎ᠡ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠲᠠᠯ᠎ᠠ ᠪᠠᠷ ᠬᠢ ᠤᠷᠤᠯᠭ᠎ᠠ ᠦᠯᠦ ᠤᠯᠬᠤ ᠪᠠᠶᠢᠭᠤᠯᠤᠮᠵᠢ ᠡᠷᠬᠢᠯᠡᠬᠦ ᠭᠡᠪᠡᠯ᠂ ᠪᠠᠶᠢᠭᠤᠯᠤᠮᠵᠢ ᠡᠷᠬᠢᠯᠡᠬᠦ | ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ | ᠮᠦᠴᠢᠷ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠳᠠᠩᠰᠠᠯᠠᠭᠤᠯᠤᠨ ᠲᠡᠮᠲᠡᠭᠯᠡᠭᠦᠯᠦᠨᠡ︔ ᠨᠢᠷᠠᠢ | ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠤᠷᠤᠯᠭ᠎ᠠ ᠤᠯᠬᠤ ᠪᠠᠶᠢᠭᠤᠯᠤᠮᠵᠢ ᠡᠷᠬᠢᠯᠡᠬᠦ ᠭᠡᠪᠡᠯ᠂ | ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠡᠷᠬᠢᠯᠡᠬᠦ ᠭᠠᠵᠠᠷ ᠤᠨ ᠢᠶᠠᠨ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠳᠠᠩᠰᠠᠯᠠᠭᠤᠯᠤᠨ ᠲᠡᠮᠲᠡᠭᠯᠡᠭᠦᠯᠦᠨᠡ᠃ ᠨᠢᠷᠠᠢ ᠨᠢᠯᠬ᠎ᠠ ᠬᠡᠦᠬᠡᠳ ᠢ ᠰᠠᠭᠠᠳᠠᠭᠤᠯᠤᠨ ᠠᠰᠠᠷᠠᠬᠤ ᠪᠠᠶᠢᠭᠤᠯᠤᠮᠵᠢ ᠨᠢ | ᠬᠠᠷᠭᠤᠭᠤᠯᠤᠨ ᠵᠦᠪᠰᠢᠶᠡᠷᠡᠭᠦᠯᠵᠦ ᠲᠡᠮᠲᠡᠭᠯᠡᠭᠦᠯᠦᠭᠰᠡᠨ ᠤ ᠳᠠᠷᠠᠭ᠎ᠠ᠂ ᠲᠣᠬᠠᠢ ᠶᠢᠨ ᠭᠠᠵᠠᠷ ᠣᠷᠣᠨ ᠤ ᠪᠠᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠲᠤ ᠴᠠᠭ ᠲᠣᠬᠠᠢ ᠳᠤ ᠨᠢ ᠪᠦᠷᠢᠳᠭᠡᠨ ᠳᠠᠩᠰᠠᠯᠠᠭᠤᠯᠬᠤ ᠬᠡᠷᠡᠭᠲᠡᠢ | ᠃ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠨᠢ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠪᠦᠷᠢᠳᠬᠡᠨ | ᠲᠠᠩᠰᠠᠯᠠᠭᠤᠯᠤᠭᠰᠠᠨ ᠮᠡᠳᠡᠭᠡ ᠵᠠᠩᠭᠢ ᠶᠢ ᠴᠠᠭ ᠲᠣᠬᠠᠢ ᠳᠤ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠦᠴᠢᠷ ᠲᠤ ᠬᠦᠷᠭᠡᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 7. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠠᠵᠢᠯ ᠮᠡᠷᠭᠡᠵᠢᠯ ᠤᠨ ᠬᠢᠷᠢ ᠭᠡᠮ ᠤᠨ | ᠵᠥᠪᠰᠢᠶᠡᠷᠡᠨ ᠣᠷᠤᠭᠤᠯᠬᠤ ᠳᠦᠷᠢᠮ ᠢ ᠬᠡᠷᠡᠭᠵᠢᠭᠦᠯᠦᠨ᠎ᠡ᠃ ᠡᠯ᠎ᠡ ᠲᠦᠷᠦᠯ ᠤᠨ ᠨᠠᠶᠢᠳᠠᠵᠦ ᠰᠠᠭᠠᠳᠠᠭᠤᠯᠤᠨ | ᠬᠦᠮᠦᠵᠢᠭᠦᠯᠬᠦ ᠪᠠᠶᠢᠭᠤᠯᠤᠮᠵᠢ ᠨᠢ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠦᠷᠨᠢᠭᠦᠯᠬᠦ ᠳᠤ ᠪᠠᠨ | ᠡᠷᠬᠡᠪᠰᠢ ᠤᠯᠤᠰ ᠤᠨ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠷᠢᠮᠵᠢᠶ᠎ᠠ ᠪᠣᠯᠣᠨ ᠵᠢᠷᠤᠮᠵᠢᠯ ᠳᠤ | ᠨᠡᠶᠢᠴᠡᠭᠦᠯᠦᠭᠰᠡᠨ ᠪᠠᠶᠢᠬᠤ ᠬᠡᠷᠡᠭᠲᠡᠢ᠃ ᠬᠡᠪᠴᠢᠶᠡᠵᠢᠯ ᠢᠶᠠᠨ ᠦᠨᠳᠦᠰᠦᠯᠡᠵᠦ᠂ ᠶᠡᠷᠦᠩᠬᠡᠶᠢᠯᠡᠨ ᠬᠠᠮᠢᠶᠠᠷᠬᠤ᠂ | ᠬᠡᠤᠬᠡᠳ ᠰᠠᠭᠠᠲᠠᠭᠤᠯᠤᠨ ᠠᠰᠠᠷᠠᠬᠤ᠂ ᠡᠷᠡᠭᠦᠯ ᠬᠠᠮᠠᠭᠠᠯᠠᠯ ᠡᠷᠡᠭᠦᠯᠵᠢᠯ᠂ ᠠᠮᠦᠷ ᠲᠥᠪᠰᠢᠨ ᠢ ᠬᠠᠮᠠᠭᠠᠯᠠᠬᠤ᠂ ᠠᠷᠤ | ᠲᠠᠯ᠎ᠠ ᠶᠢᠨ ᠦᠢᠯᠡᠴᠢᠯᠡᠭᠡᠨ ᠢ ᠪᠠᠲᠤᠯᠠᠬᠤ ᠵᠡᠷᠭᠡ ᠲᠠᠯ᠎ᠠ ᠶᠢᠨ ᠠᠵᠢᠯᠲᠠᠳ ᠢ ᠲᠣᠬᠢᠷᠠᠭᠤᠯᠤᠨ᠎ᠠ᠃ ᠨᠠᠶᠢᠳᠠᠵᠦ | ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠠᠵᠢᠯ ᠬᠢᠭᠰᠡᠳ ᠨᠢ ᠢᠷᠭᠡᠨ ᠤ ᠬᠡᠷᠡᠭ ᠤᠨ ᠪᠦᠷᠢᠨ | ᠠᠵᠢᠯᠯᠠᠭᠠᠨ ᠤ ᠴᠢᠳᠠᠪᠤᠷᠢ ᠲᠠᠢ ᠪᠦᠭᠡᠳ ᠬᠠᠮᠢᠶ᠎ᠠ ᠪᠦᠬᠦᠢ ᠠᠵᠢᠯ ᠬᠢᠬᠦ ᠨᠦᠬᠦᠴᠡᠯ ᠪᠠ ᠬᠢᠷᠢ ᠭᠡᠮ ᠳᠤ ᠨᠡᠶᠢᠴᠡᠭᠰᠡᠨ | ᠪᠠᠶᠢᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ | ᠠᠷᠠᠳ ᠤᠨ ᠶᠠᠪᠤᠳᠠᠯ ᠤᠨ ᠲᠢᠩᠭᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠨ᠎ᠠ︶ | 8. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠲᠠᠯ᠎ᠠ ᠳᠤ ᠴᠢᠩᠭ᠎ᠠ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠨᠢ | ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠳᠤ | ᠲᠣᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠪᠠᠶᠢᠭᠤᠯᠤᠮᠵᠢ ᠶᠢᠨ ᠪᠦᠷᠢᠳᠭᠡᠨ ᠳᠠᠩᠰᠠᠯᠠᠬᠤ ᠪᠠ ᠳᠠᠩᠰᠠᠯᠠᠨ ᠲᠡᠮᠲᠡᠭᠯᠡᠬᠦ ᠳᠦᠷᠢᠮ᠂ ᠮᠡᠳᠡᠭᠡ ᠵᠠᠩᠭᠢ ᠶᠢ ᠨᠡᠶᠢᠲᠡ ᠳᠤ | ᠵᠠᠷᠯᠠᠬᠤ ᠳᠦᠷᠢᠮ ᠪᠠ ᠶᠠᠰᠤ ᠴᠢᠨᠠᠷ ᠢ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠢᠷᠠᠢ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠳᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠦᠮᠦᠵᠢᠯ᠂ | ᠠᠷᠠᠳ ᠤᠨ ᠶᠠᠪᠤᠳᠠᠯ ᠵᠡᠷᠭᠡ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ ᠶᠡᠷᠦᠩᠬᠡᠶᠢᠯᠡᠭᠰᠡᠨ | ᠬᠢᠨᠠᠯᠲᠠ ᠲᠠᠯᠪᠢᠬᠤ ᠬᠡᠷᠡᠭᠲᠡᠢ᠃ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢᠴᠢᠯᠠᠯᠲᠠ ᠶᠢᠨ ᠠᠷᠭ᠎ᠠ ᠠᠪᠴᠠᠯ ᠢ | ᠬᠡᠷᠡᠭᠯᠡᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠦᠢᠯᠡᠴᠢᠯᠡᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︵ᠦᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠤᠷᠭᠠᠨ ᠬᠦᠮᠦᠵᠢᠯ ᠤᠨ ᠲᠢᠩᠭᠢᠮ᠂ ᠠᠷᠠᠳ ᠤᠨ ᠶᠠᠪᠤᠳᠠᠯ ᠤᠨ ᠲᠢᠩᠭᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 9. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠠᠮᠦᠷ ᠲᠥᠪᠰᠢᠨ ᠤ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠡᠯ᠎ᠡ ᠲᠦᠷᠦᠯ ᠤᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠨᠢ ᠨᠢᠷᠠᠢ | ᠨᠢᠯᠬ᠎ᠠ ᠬᠡᠦᠬᠡᠳ ᠤᠨ ᠠᠮᠦᠷ ᠲᠥᠪᠰᠢᠨ ᠤ ᠲᠠᠯ᠎ᠠ ᠳᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠡᠭᠦᠷᠬᠡᠯᠡᠨ᠂ | ᠠᠮᠦᠷ ᠲᠥᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠵᠦ᠂ ᠵᠣᠬᠢᠬᠤ ᠠᠮᠦᠷ ᠲᠥᠪᠰᠢᠨ ᠤ | ᠪᠡᠯᠡᠳᠭᠡᠮᠵᠢ ᠲᠣᠬᠢᠷᠠᠭᠤᠯᠤᠨ᠂ ᠰᠤᠷᠭᠠᠭᠤᠯᠢ ᠶᠢᠨ ᠠᠮᠦᠷ ᠲᠥᠪᠰᠢᠨ ᠤ ᠲᠣᠬᠠᠢ ᠲᠤᠳᠤᠭᠠᠲᠤ ᠶᠢ ᠬᠠᠮᠠᠭᠠᠯᠠᠬᠤ | ᠰᠠᠯᠠᠭ᠎ᠠ ᠮᠦᠴᠢᠷ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ᠃ ᠰᠠᠭᠠᠲᠠᠭᠤᠯᠤᠨ ᠠᠰᠠᠷᠠᠬᠤ | ᠦᠢᠯᠡᠴᠢᠯᠡᠭᠡ᠂ ᠠᠮᠦᠷ ᠲᠥᠪᠰᠢᠨ ᠢ ᠬᠠᠮᠠᠭᠠᠯᠠᠬᠤ ᠵᠡᠷᠭᠡ ᠬᠢᠨᠠᠨ ᠡᠵᠡᠮᠰᠢᠬᠦ ᠰᠢᠰᠲ᠋ᠧᠮᠵᠢ ᠶᠢ ᠪᠠᠶᠢᠭᠤᠯᠵᠤ᠂ | ᠪᠠᠶᠢᠭᠠᠯᠢ ᠶᠢᠨ ᠭᠠᠮᠰᠢᠭ᠂ ᠬᠠᠯᠳᠠᠪᠤᠷᠢᠲᠤ ᠡᠪᠡᠳᠴᠢᠨ᠂ ᠢᠳᠡᠭᠡᠨ ᠳᠤ ᠬᠤᠣᠷᠳᠠᠭᠳᠠᠬᠤ᠂ ᠬᠢᠰᠬᠢᠯᠡᠬᠦ᠂ ᠭᠠᠯ ᠤᠨ | ᠠᠶᠤᠯ᠂ ᠬᠦᠴᠦᠷᠬᠡᠭᠯᠡᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ | ᠲᠣᠭᠲᠠᠭᠠᠨ᠂ ᠠᠵᠢᠯᠲᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠠᠮᠦᠷ ᠲᠥᠪᠰᠢᠨ ᠤ ᠬᠦᠮᠦᠵᠢᠯ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠬᠡᠷᠡᠭᠲᠡᠢ᠃ ᠨᠢᠷᠠᠢ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠬᠤᠳᠠᠯᠳᠤᠭᠠᠨ ᠤ ᠳᠠᠭᠠᠳᠬᠠᠯ ᠢ ᠪᠠᠶᠢᠭᠤᠯᠤᠨ ᠪᠦᠷᠢᠨᠰᠢᠭᠦᠯᠵᠦ᠂ ᠨᠢᠷᠠᠢ | ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠬᠠᠮᠢᠶ᠎ᠠ ᠪᠦᠬᠦᠢ | ᠬᠠᠷᠢᠭᠤᠴᠠᠯᠭ᠎ᠠ ᠶᠢᠨ ᠳᠠᠭᠠᠳᠬᠠᠯ ᠲᠠᠭᠠᠳᠬᠠᠭᠤᠯᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠪᠠᠶᠢᠭᠤᠯᠤᠮᠵᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ | ᠥᠷᠭᠡᠳᠭᠡᠨ᠎ᠡ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠵᠢᠴᠢ ᠠᠵᠢᠯᠲᠠᠳ ᠤᠨ | ᠢᠲᠡᠭᠡᠮᠵᠢ ᠶᠢᠨ ᠮᠡᠳᠡᠭᠡ ᠵᠠᠩᠭᠢ ᠶᠢ ᠨᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠳᠤ | ᠣᠷᠤᠭᠤᠯᠵᠤ᠂ ᠢᠳᠡᠬᠡᠯ ᠵᠢᠷᠤᠮᠯᠠᠭᠰᠠᠳ ᠢ ᠬᠤᠯᠪᠤᠭᠠᠯᠠᠨ ᠤᠷᠮᠠᠰᠢᠭᠤᠯᠬᠤ ᠪᠠ ᠢᠳᠡᠬᠡᠯ ᠠᠯᠳᠠᠭᠰᠠᠳ ᠢ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠲᠤᠳᠤᠭᠠᠲᠤ ᠶᠢ ᠬᠠᠮᠠᠭᠠᠯᠠᠬᠤ | ᠲᠢᠩᠭᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠭᠢᠮ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ︵ᠳᠥᠷᠪᠡ︶ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠠᠵᠢᠯ ᠤᠨ ᠬᠥᠭᠵᠢᠯᠲᠡ ᠳᠤ | ᠠᠰᠢᠭᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ | 10. ᠬᠠᠷᠠᠭᠠᠯᠵᠠᠯ ᠤᠨ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠬᠡᠷᠡᠭᠯᠡᠬᠦ ᠴᠠᠬᠢᠯᠭᠠᠨ᠂ ᠤᠰᠤ᠂ ᠬᠡᠢ᠂ | ᠲᠤᠯᠠᠭᠠᠯᠠᠭ᠎ᠠ ᠶᠢ ᠰᠠᠭᠤᠭᠠᠯᠢ ᠠᠷᠠᠳ ᠤᠨ ᠠᠮᠢᠳᠤᠷᠠᠯ ᠤᠨ ᠲᠦᠷᠦᠯ ᠤᠨ ᠦᠨ᠎ᠡ ᠬᠠᠩᠰᠢ ᠪᠠᠷ ᠬᠡᠷᠡᠭᠵᠢᠭᠦᠯᠦᠨ᠎ᠡ᠃ | ᠤᠳᠤ ᠶᠢᠨ ᠪᠠᠶᠢᠭ᠎ᠠ ᠪᠡᠯᠡ ᠮᠦᠩᠭᠦ ᠪᠠ ᠲᠥᠷᠥ ᠶᠢᠨ ᠪᠣᠳᠣᠯᠭ᠎ᠠ ᠶᠢᠨ ᠠᠷᠭ᠎ᠠ ᠵᠠᠮ ᠢ ᠠᠰᠢᠭᠯᠠᠵᠤ᠂ ᠨᠢᠷᠠᠢ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠠᠵᠢᠯ ᠲᠦᠷᠦᠯ ᠤᠨ ᠬᠥᠭᠵᠢᠯᠲᠡ ᠳᠤ ᠳᠡᠮᠵᠢᠯᠭᠡ | ᠦᠵᠡᠭᠦᠯᠬᠦ ᠬᠡᠷᠡᠭᠲᠡᠢ᠃ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢ ᠬᠡᠦᠬᠡᠳ ᠤᠨ ᠰᠠᠯᠠᠭ᠎ᠠ ᠵᠡᠷᠭᠡ | ᠬᠠᠮᠢᠶ᠎ᠠ ᠪᠦᠬᠦᠢ ᠡᠮᠴᠢ ᠰᠤᠪᠢᠯᠠᠭᠴᠢ ᠶᠢᠨ ᠦᠨᠳᠦᠰᠦᠨ ᠱᠠᠲᠤᠨ ᠳᠤ ᠦᠢᠯᠡᠴᠢᠯᠡᠬᠦ ᠴᠡᠭ ᠲᠣᠭᠲᠠᠭᠠᠭᠰᠠᠨ ᠨᠢᠭᠡᠴᠢ | ᠪᠣᠯᠭᠠᠵᠤ ᠪᠣᠯᠬᠤ ᠪᠦᠭᠡᠳ ᠦᠢᠯᠡᠴᠢᠯᠡᠬᠦ ᠴᠠᠭ ᠢ ᠨᠢ ᠦᠨᠳᠦᠰᠦᠨ ᠱᠠᠲᠤᠨ ᠳᠤ ᠦᠢᠯᠡᠴᠢᠯᠡᠭᠰᠡᠨ ᠴᠠᠭ ᠢᠶᠠᠷ ᠪᠣᠳᠤᠵᠤ | ᠂ ᠡᠮᠴᠢ ᠰᠣᠪᠢᠯᠠᠭᠴᠢ ᠨᠠᠷ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ | ᠭᠤᠶᠤᠴᠢᠯᠠᠬᠤ ᠳᠤ ᠬᠤᠪᠢ ᠣᠯᠭᠤᠬᠤ ᠨᠦᠬᠦᠴᠡᠯ ᠪᠣᠯᠭᠠᠨ ᠬᠡᠷᠡᠭᠯᠡᠵᠦ ᠪᠣᠯᠣᠨ᠎ᠠ᠃ ︵ᠦᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠡᠳ᠋ ᠤᠨ ᠵᠠᠰᠠᠭ ᠤᠨ ᠲᠢᠩᠭᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠦᠪᠯᠡᠯ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 11. ᠭᠠᠵᠠᠷ ᠰᠢᠷᠤᠢ ᠶᠢ ᠤᠷᠢᠳ ᠢᠶᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠪᠠ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ ᠰᠢᠷᠤᠢ ᠠᠰᠢᠭᠯᠠᠬᠤ ᠶᠡᠷᠦᠩᠬᠡᠢ ᠲᠦᠯᠦᠪᠵᠢᠭᠦᠯᠭᠡ᠂ ᠬᠤᠲᠠ | ᠬᠦᠳᠡᠭᠡ ᠶᠢᠨ ᠲᠦᠯᠦᠪᠵᠢᠭᠦᠯᠭᠡ ᠪᠣᠯᠣᠨ ᠭᠠᠵᠠᠷ ᠬᠡᠷᠡᠭᠯᠡᠬᠦ ᠣᠨ ᠤ ᠲᠦᠯᠦᠪᠯᠡᠭᠡ ᠳᠤ ᠣᠷᠤᠭᠤᠯᠬᠤ ᠶᠢᠨ ᠬᠠᠮᠲᠤ | ᠡᠩ ᠲᠡᠷᠢᠭᠦᠨ ᠳᠤ ᠪᠠᠲᠤᠯᠠᠬᠤ ᠬᠡᠷᠡᠭᠲᠡᠢ᠃ ᠰᠤᠷᠭᠠᠨ ᠬᠦᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠠᠰᠠᠷᠠᠮᠵᠢ | ᠵᠡᠷᠭᠡ ᠭᠠᠵᠠᠷ ᠰᠢᠷᠤᠢ ᠶᠢᠨ ᠲᠦᠷᠦᠯ ᠢᠯᠭᠠᠯ ᠢ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠶᠢ | ᠭᠦᠭᠵᠢᠬᠦᠯᠬᠦ ᠳᠤ ᠬᠡᠷᠡᠭᠯᠡᠬᠦ ᠶᠢ ᠵᠥᠪᠰᠢᠶᠡᠷᠡᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠬᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠭᠦᠢᠴᠡᠳᠭᠡᠯ ᠲᠤᠭ᠎ᠠ᠂ ᠰᠢᠨ᠎ᠡ ᠪᠠᠷ ᠨᠡᠮᠡᠭᠳᠡᠭᠰᠡᠨ ᠬᠡᠷᠡᠭᠯᠡᠬᠦ | ᠭᠠᠵᠠᠷ ᠤᠨ ᠭᠦᠢᠴᠡᠳᠭᠡᠯ ᠲᠣᠭᠠᠨ ᠤ ᠬᠤᠪᠢᠶᠠᠷᠢᠯᠠᠯᠲᠠ ᠶᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ ᠪᠣᠯᠤᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠡᠶᠢᠰᠢ | ᠵᠣᠬᠢᠰᠲᠠᠢ ᠬᠡᠯᠪᠠᠶᠢᠯᠬᠡᠬᠦ ᠬᠡᠷᠡᠭᠲᠡᠢ᠃ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠤᠢ ᠪᠤᠶᠤ ᠰᠤᠯᠠ ᠪᠠᠶᠢᠭ᠎ᠠ ᠭᠠᠵᠠᠷ | ᠰᠢᠷᠤᠢ ᠶᠢ ᠠᠰᠢᠭᠯᠠᠨ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ | ᠪᠣᠯᠣᠨ ᠪᠡᠯᠡᠳᠭᠡᠮᠵᠢ ᠪᠦᠲᠦᠭᠡᠨ ᠪᠠᠶᠢᠭᠤᠯᠬᠤ ᠶᠢ ᠵᠣᠷᠢᠬᠵᠢᠭᠤᠯᠤᠨ᠎ᠠ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠦᠢᠯᠡᠴᠢᠯᠡᠭᠡᠨ ᠤ ᠪᠡᠯᠡᠳᠭᠡᠮᠵᠢ ᠪᠣᠯᠣᠨ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠲᠠᠯ᠎ᠠ ᠪᠠᠷ ᠬᠢ ᠤᠷᠤᠯᠭ᠎ᠠ ᠦᠯᠦ ᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠨᠢ ︽ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠬᠤ ᠭᠠᠷᠴᠠᠭ︾ ᠲᠤ ᠨᠡᠶᠢᠴᠡᠵᠦ ᠪᠠᠶᠢᠪᠠᠯ᠂ | ᠬᠤᠪᠢᠶᠠᠷᠢᠯᠠᠨ ᠰᠠᠯᠭᠠᠵᠤ ᠥᠭᠬᠦ ᠠᠷᠭ᠎ᠠ ᠬᠡᠯᠪᠡᠷᠢ ᠪᠠᠷ ᠪᠠᠲᠤᠯᠠᠵᠤ ᠪᠣᠯᠣᠨ᠎ᠠ᠃ ︵ᠦᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠬᠠᠷᠢᠭᠤᠴᠠᠨ᠎ᠠ︶ | 12. ᠡᠩᠨᠡᠭᠡᠨ ᠤ ᠪᠠᠶᠢᠭᠤᠯᠤᠯᠲᠠ ᠪᠠ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠶᠡᠭᠡ | ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ | ᠰᠤᠷᠭᠠᠭᠤᠯᠢ ᠪᠠᠭᠲᠠᠨ᠎ᠠ︶ ᠶᠢᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠲᠠᠯ᠎ᠠ ᠪᠠᠷ ᠬᠢ ᠴᠢᠳᠠᠪᠤᠷᠢᠲᠠᠨ | ᠬᠦᠮᠦᠵᠢᠭᠦᠯᠬᠦ ᠲᠤᠰᠬᠠᠢ ᠮᠡᠷᠭᠡᠵᠢᠯ ᠭᠠᠷᠭᠠᠵᠤ᠂ ᠬᠠᠮᠢᠶ᠎ᠠ ᠪᠦᠬᠦᠢ ᠬᠠᠮᠢᠶᠠᠷᠤᠯᠲᠠ᠂ ᠮᠡᠷᠭᠡᠵᠢᠯ ᠤᠨ ᠤᠷ᠎ᠠ | ᠴᠢᠳᠠᠪᠤᠷᠢ ᠲᠠᠢ ᠬᠡᠷᠡᠭᠯᠡᠭᠡᠨ ᠤ ᠴᠢᠳᠠᠪᠤᠷᠢᠲᠠᠨ ᠬᠦᠮᠦᠵᠢᠭᠦᠯᠬᠦ ᠶᠢ ᠠᠬᠢᠭᠤᠯᠤᠨ᠎ᠠ᠃ ᠬᠡᠤᠬᠡᠳ ᠠᠰᠠᠷᠬᠠᠴᠢ᠂ ᠬᠡᠦᠬᠡᠳ | ᠦᠰᠬᠡᠨ ᠭᠦᠮᠦᠵᠢᠬᠦᠯᠦᠭᠴᠢ ᠵᠡᠷᠭᠡ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠢ ᠬᠤᠯᠪᠣᠭᠳᠠᠭᠰᠠᠨ | ᠠᠵᠢᠯ ᠮᠡᠷᠭᠡᠵᠢᠯ ᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ | ᠲᠣᠷᠰᠢᠯᠲᠠ ᠶᠢᠨ ᠴᠡᠭ ᠤᠨ ᠬᠡᠪᠴᠢᠶᠡᠨ ᠳᠤ ᠣᠷᠤᠭᠤᠯᠵᠤ᠂ ᠠᠵᠢᠯ ᠣᠯᠵᠤ ᠦᠢᠯᠡᠰ ᠴᠤᠭᠴᠠᠯᠠᠵᠤ ᠪᠣᠯᠬᠤ | ᠬᠠᠮᠤᠭ ᠤᠨ ᠪᠠᠭ᠎ᠠ ᠤᠷ᠎ᠠ ᠴᠢᠳᠠᠪᠤᠷᠢ ᠶᠢᠨ ᠬᠡᠰᠡᠭ ︵ᠮᠣᠲᠦ᠋ᠯ︶ ᠲᠤ ᠲᠤᠰᠬᠠᠢ ᠵᠦᠢᠯ ᠤᠨ ᠠᠵᠢᠯ ᠮᠡᠷᠭᠡᠵᠢᠯ ᠤᠨ | ᠴᠢᠳᠠᠪᠤᠷᠢ ᠶᠢᠨ ᠬᠢᠨᠠᠨ ᠰᠢᠯᠭᠠᠯᠲᠠ ᠶᠢ ᠦᠷᠨᠢᠭᠦᠯᠦᠨ᠂ ᠬᠦᠮᠦᠨ ᠬᠡᠷᠡᠭᠯᠡᠬᠦ ᠨᠢᠭᠡᠴᠢ ᠪᠠ ᠬᠤᠯᠪᠣᠭᠳᠠᠯ ᠪᠦᠬᠦᠢ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠪᠠᠶᠢᠭᠠᠳ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠲᠤᠰᠬᠠᠢ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠰᠢᠯᠭᠠᠯᠲᠠ ᠶᠢ | ᠦᠷᠨᠢᠭᠦᠯᠦᠨ᠎ᠡ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠬᠦᠮᠦᠰ ᠢ ᠪᠠᠴᠢᠮ | ᠱᠠᠭᠠᠷᠳᠠᠭᠳᠠᠬᠤ ᠠᠵᠢᠯᠲᠠᠨ ᠢᠶᠠᠷ ᠪᠤᠯᠪᠠᠰᠤᠷᠠᠭᠤᠯᠤᠯ ᠤᠨ ᠲᠦᠯᠦᠪᠵᠢᠭᠦᠯᠭᠡ ᠳᠤ ᠣᠷᠤᠭᠤᠯᠵᠤ᠂ ᠠᠵᠢᠯ | ᠮᠡᠷᠭᠡᠵᠢᠯ ᠤᠨ ᠪᠤᠯᠪᠠᠰᠤᠷᠠᠭᠤᠯᠤᠯ ᠤᠨ ᠨᠡᠮᠡᠭᠦᠷᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ | ᠨᠡᠮᠡᠭᠦᠷᠢ ᠶᠢ ᠲᠣᠭᠲᠠᠭᠠᠯ ᠶᠤᠰᠤᠭᠠᠷ ᠨᠠᠶᠢᠳᠠᠪᠤᠷᠢᠵᠢᠭᠤᠯᠤᠨ᠎ᠠ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠠᠵᠢᠯ ᠬᠢᠭᠰᠡᠳ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠨᠢᠷᠠᠢ ᠨᠢᠯᠬ᠎ᠠ ᠬᠡᠦᠬᠡᠳ ᠢ | ᠰᠠᠭᠠᠲᠠᠭᠤᠯᠤᠨ ᠠᠰᠠᠷᠠᠬᠤ ᠠᠵᠢᠯ ᠬᠢᠭᠰᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠪᠠᠲᠤᠯᠠᠬᠤ | ᠬᠡᠷᠡᠭᠲᠡᠢ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠮᠢᠶᠠᠷᠤᠯᠲᠠ ᠶᠢ | ᠴᠢᠩᠭᠠᠳᠬᠠᠬᠤ᠂ ᠪᠦᠷᠢᠳᠭᠡᠵᠦ ᠬᠢᠨᠠᠨ ᠬᠡᠮᠵᠢᠬᠦ ᠵᠡᠷᠭᠡ ᠲᠠᠯ᠎ᠠ ᠪᠠᠷ ᠬᠢ ᠦᠢᠯᠡᠳᠦᠯ ᠢ ᠨᠢ ᠪᠠᠳᠠᠷᠠᠭᠤᠯᠤᠨ᠎ᠠ᠃ ︵ | ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠵᠤ ᠤᠳᠤᠷᠢᠳᠬᠤ | ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡ ᠶᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠮᠢᠶ᠎ᠠ ᠪᠦᠬᠦᠢ ᠲᠦᠯᠦᠪᠵᠢᠭᠦᠯᠭᠡ ᠳᠤ ᠣᠷᠤᠭᠤᠯᠵᠤ᠂ ᠡᠯ᠎ᠡ ᠡᠭᠦᠷᠭᠡ | ᠴᠢᠳᠠᠪᠤᠷᠢ ᠶᠢᠨ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠨᠢᠷᠠᠢ ᠨᠢᠯᠬ᠎ᠠ ᠬᠡᠦᠬᠡᠳ ᠢ | ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠠᠵᠢᠯ ᠢ ᠬᠠᠮᠲᠤ ᠪᠠᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠨᠢᠷᠠᠢ ᠨᠢᠯᠬ᠎ᠠ ᠬᠡᠦᠬᠡᠳ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ | ᠵᠢᠷᠣᠮᠵᠢᠭᠰᠠᠨ ᠬᠦᠭᠵᠢᠯᠲᠡ ᠪᠠ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠳᠤ ᠭᠤᠣᠯ ᠬᠠᠷᠢᠭᠤᠴᠠᠯᠭ᠎ᠠ | ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠲᠤᠭᠤᠰᠢᠳᠠᠢ ᠭᠦᠢᠴᠡᠳᠬᠡᠭᠰᠡᠨ ᠦᠬᠡᠢ᠂ ᠠᠮᠦᠷ ᠲᠥᠪᠰᠢᠨ ᠤ ᠠᠳᠡᠯ | ᠬᠡᠷᠡᠭ ᠭᠠᠷᠤᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠬᠠᠮᠢᠶ᠎ᠠ | ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃ | ︵ᠬᠤᠶᠠᠷ︶ ᠰᠠᠯᠠᠭ᠎ᠠ ᠮᠦᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠢ᠃ ᠨᠢᠷᠠᠢ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢᠨ ᠠᠵᠢᠯ ᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠦᠴᠢᠷ ᠠᠴᠠ ᠲᠦᠷᠦᠭᠦᠯᠡᠨ ᠬᠢᠵᠦ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠠᠯᠠᠭ᠎ᠠ ᠮᠦᠴᠢᠷ ᠨᠢ ᠲᠦᠷᠦᠭᠦᠯᠡᠨ ᠲᠤᠰᠬᠠᠢ ᠮᠡᠷᠭᠡᠵᠢᠯᠲᠡᠨ ᠤ ᠵᠢᠯᠤᠭᠤᠳᠬᠤ ᠺᠤᠮᠢᠰ ᠢ ᠪᠠᠶᠢᠭᠤᠯᠵᠤ᠂ ᠨᠢᠷᠠᠢ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠰᠤᠳᠤᠯᠭᠠᠨ᠂ ᠠᠰᠠᠭᠤᠨ ᠯᠠᠪᠯᠠᠬᠤ᠂ ᠦᠨᠡᠯᠡᠨ ᠵᠢᠱᠢᠬᠦ | ᠠᠵᠢᠯ ᠢ ᠬᠠᠷᠢᠭᠤᠴᠠᠨ᠎ᠠ᠃ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠷᠠᠢ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭᠠᠨ ᠢ ᠦᠷᠨᠢᠭᠦᠯᠵᠦ᠂ | ᠳᠠᠶᠢᠴᠢᠯᠠᠬᠤ ᠦᠢᠯᠡᠳᠦᠯ ᠲᠠᠢ᠂ ᠵᠣᠬᠢᠬᠤ ᠵᠢᠯᠤᠭᠤᠳᠬᠤ ᠴᠢᠳᠠᠮᠵᠢ ᠶᠢ ᠡᠭᠦᠷᠭᠡᠯᠡᠵᠦ ᠪᠦᠬᠦᠢ ᠨᠢᠭᠡ ᠪᠦᠯᠦᠭ ᠵᠢᠱᠢᠶ᠎ᠡ | ᠦᠵᠡᠭᠦᠯᠬᠦ ᠨᠢᠭᠡᠴᠢ ᠶᠢ ᠪᠠᠶᠢᠭᠤᠯᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ | ᠪᠦᠬᠦᠯᠢ ᠴᠤᠭᠴᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |