| ᠦᠪᠦᠷ ᠵᠠᠰᠠᠭ ᠠᠯᠪᠠᠨ ᠦᠰᠦᠭ ︹2020︺ 26 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠭᠠᠯ ᠰᠡᠷᠭᠡᠶᠢᠯᠡᠵᠦ ᠤᠨᠲᠠᠷᠠᠭᠠᠬᠤ ᠠᠵᠢᠯ ᠨᠢ ᠥᠭᠡᠷᠡᠴᠢᠯᠡᠯᠲᠡ ᠬᠥᠭᠵᠢᠯᠲᠡ ᠪᠠ ᠨᠡᠶᠢᠭᠡᠮ ᠤᠨ | ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠵᠤ᠂ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠵᠡᠷᠭᠡ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠳᠦᠷᠢᠮ︾ ︽ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ ᠶᠢ | ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ ︹ 2017︺ 87 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠪᠦᠬᠦ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠂ ᠭᠠᠯ ᠲᠦᠢᠮᠡᠷ ᠢ ᠪᠦᠲᠦᠮᠵᠢᠲᠡᠶ ᠰᠡᠷᠭᠡᠶᠢᠯᠡᠬᠦ ᠪᠠ ᠭᠠᠯ ᠲᠦᠢᠮᠡᠷ ᠤᠨ ᠠᠶᠤᠯ ᠬᠥᠨᠥᠭᠡᠯ ᠢ ᠪᠠᠭᠠᠰᠬᠠᠵᠤ | ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠵᠤ ᠤᠳᠤᠷᠢᠳᠬᠤ ᠶᠢ | ᠴᠢᠩᠭᠠᠳᠬᠠᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠢ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ | ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠢᠭᠡᠴᠢ ᠨᠦᠭᠦᠳ ᠪᠦᠬᠦ ᠲᠠᠯ᠎ᠠ ᠪᠠᠷ ᠬᠠᠷᠢᠭᠤᠴᠠᠬᠤ᠂ | ᠢᠷᠭᠡᠳ ᠢᠳᠡᠪᠬᠢᠲᠡᠢ ᠣᠷᠣᠯᠴᠠᠬᠤ ᠵᠠᠷᠴᠢᠮ ᠶᠣᠰᠣᠭᠠᠷ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ | ᠂ ᠭᠠᠯ ᠰᠡᠷᠭᠡᠶᠢᠯᠡᠵᠦ ᠤᠨᠳᠠᠷᠠᠭᠠᠬᠤ ᠵᠠᠰᠠᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠢᠰᠲ᠋ᠧᠮᠵᠢ ᠳᠤ ᠣᠷᠣᠭᠤᠯᠵᠤ᠂ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠲᠣᠬᠢᠷᠠᠯᠴᠠᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ︔ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠷ | ᠲᠦᠷᠦᠭᠦᠯᠡᠭᠦᠯᠦᠭᠰᠡᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠠᠮᠤᠷ ᠲᠦᠪᠰᠢᠨ ᠤ ᠪᠠᠶᠢᠴᠠᠭᠠᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ︔ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠤᠨ ᠴᠢᠬᠤᠯᠠ ᠶᠡᠭᠡ ᠵᠦᠢᠯᠡᠰ ᠢ ᠰᠤᠳᠤᠯᠵᠤ ᠪᠠᠶᠢᠷᠢᠯᠠᠭᠤᠯᠬᠤ ᠬᠡᠷᠡᠭᠲᠡᠶ︔ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠢ ᠡᠳᠦᠷ ᠲᠤᠲᠤᠮ ᠤᠨ ᠪᠠᠶᠢᠴᠠᠭᠠᠯᠲᠠ ᠪᠠ ᠵᠠᠰᠠᠭ ᠤᠨ ᠶᠠᠪᠤᠳᠠᠯ ᠤᠨ ᠰᠢᠮᠳᠠᠭᠤᠯᠤᠨ | ᠪᠠᠶᠢᠴᠠᠭᠠᠬᠤ ᠠᠵᠢᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ | ᠰᠢᠯᠭᠠᠨ ᠬᠢᠨᠠᠬᠤ ᠶᠢ ᠵᠢᠯ ᠪᠦᠷᠢ ᠵᠣᠬᠢᠶᠠᠨ ᠪᠠᠶᠢᠭᠤᠯᠵᠤ᠂ ᠰᠢᠯᠭᠠᠵᠤ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠᠨ ᠠᠬᠢᠭᠤᠯᠬᠤ ᠬᠡᠷᠡᠭᠲᠡᠶ᠃ | ᠬᠤᠶᠠᠷ᠂ ᠠᠵᠢᠯ ᠲᠥᠷᠥᠯ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠬᠤ ᠬᠡᠷᠡᠭᠲᠡᠶ | ᠡᠯ᠎ᠡ ᠰᠠᠯᠠᠭ᠎ᠠ ᠮᠥᠴᠢᠷ ᠨᠢ ᠲᠣᠰ ᠠᠵᠢᠯ ᠲᠥᠷᠥᠯ᠂ ᠲᠣᠰ ᠰᠢᠰᠲ᠋ᠧᠮ ᠤᠨ ᠬᠠᠮᠢᠶ᠎ᠠ ᠪᠦᠬᠦᠢ ᠨᠢᠭᠡᠴᠢ ᠶᠢ | ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ | ᠲᠦᠪᠰᠢᠨ ᠤ ᠲᠠᠯ᠎ᠠ ᠪᠠᠷ ᠬᠢ ᠪᠠᠶᠢᠴᠠᠭᠠᠯᠲᠠ ᠵᠠᠰᠠᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ | ᠲᠤᠬᠢᠷᠠᠭᠤᠯᠤᠨ ᠬᠠᠨᠳᠤᠯᠭᠠᠳᠤ ᠴᠢᠨᠠᠷᠲᠠᠶ ᠪᠠᠷ ᠥᠷᠨᠢᠭᠦᠯᠵᠦ᠂ ᠭᠠᠯ ᠲᠦᠢᠮᠡᠷ ᠭᠠᠷᠬᠤ ᠳᠠᠯᠳᠠ ᠭᠡᠮ ᠢ ᠴᠠᠭ | ᠲᠤᠬᠠᠶ ᠳᠤ ᠨᠢ ᠠᠷᠢᠯᠭᠠᠬᠤ ᠬᠡᠷᠡᠭᠲᠡᠶ᠃ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠠᠵᠢᠯ ᠳᠤ ᠲᠤᠯᠭᠠᠷᠠᠭᠰᠠᠨ ᠳᠤᠪᠤᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠰᠤᠷᠭᠠᠨ | ᠬᠥᠮᠦᠵᠢᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠪᠠ ᠵᠢᠭᠤᠯᠴᠢᠯᠠᠯ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠰᠠᠯᠠᠭ᠎ᠠ ᠮᠥᠴᠢᠷ ᠵᠢᠴᠢ ᠴᠢᠯᠠᠭᠤᠨ ᠲᠣᠰᠣ ᠬᠢᠮᠢ᠂ ᠴᠠᠬᠢᠯᠭᠠᠨ ᠬᠦᠴᠦᠨ ᠵᠡᠷᠭᠡ | ᠠᠵᠢᠯ ᠲᠥᠷᠥᠯ ᠤᠨ ᠬᠠᠮᠢᠶᠠᠷᠤᠯᠲᠠ ᠶᠢᠨ ᠰᠢᠨᠵᠢ ᠴᠢᠨᠠᠷ ᠲᠠᠢ ᠠᠵᠤ ᠠᠬᠤᠶᠢᠯᠠᠯ ᠤᠳ ᠲᠣᠰ ᠠᠵᠢᠯ ᠲᠥᠷᠥᠯ ᠤᠨ | ᠰᠢᠰᠲ᠋ᠧᠮ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠠᠷᠢᠮᠵᠢᠶ᠎ᠠ ᠳᠤ ᠬᠦᠷᠦᠭᠦᠯᠵᠦ ᠵᠢᠱᠢᠶ᠎ᠡ ᠦᠵᠡᠭᠦᠯᠬᠦ | ᠠᠵᠢᠯᠯᠠᠭ᠎ᠠ ᠶᠢ ᠥᠷᠨᠢᠭᠦᠯᠦᠨ᠂ ᠬᠡᠪ ᠳᠠᠭᠤᠷᠢᠶᠠᠯ ᠪᠣᠯᠬᠤ ᠨᠢᠭᠡ ᠪᠦᠯᠦᠭ ᠨᠢᠭᠡᠴᠢ ᠶᠢ ᠪᠣᠢ ᠪᠣᠯᠭᠠᠬᠤ ᠬᠡᠷᠡᠭᠲᠡᠶ᠃ | ᠭᠤᠷᠪᠠ᠂ ᠦᠨᠳᠦᠰᠦᠨ ᠱᠠᠲᠤᠨ ᠤ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠳᠤ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ | ᠡᠯ᠎ᠡ ᠭᠠᠵᠠᠷ ᠣᠷᠣᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢᠨ ᠲᠠᠯ᠎ᠠ ᠪᠠᠷ ᠬᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠭᠠᠯ ᠲᠦᠢᠮᠡᠷ ᠢ | ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ ᠲᠦᠪᠰᠢᠨ ᠢ ︽ᠣᠯᠠᠨ ᠰᠦᠯᠵᠢᠶ᠎ᠡ ᠶᠢ ᠨᠡᠶᠢᠯᠡᠭᠦᠯᠦᠨ ᠨᠢᠭᠡ ᠪᠣᠯᠭᠠᠬᠤ | ︾ ᠶᠡᠷᠦᠩᠬᠡᠶᠢᠯᠡᠭᠰᠡᠨ ᠲᠣᠤᠷ ᠰᠦᠯᠵᠢᠶ᠎ᠡ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠡᠩᠨᠡᠭᠡᠨ ᠤ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ ᠰᠤᠮᠤ ᠰᠢᠶᠠᠩ ᠪᠠᠯᠭᠠᠰᠤᠨ ᠤ ᠱᠠᠲᠤᠨ ᠠᠴᠠ | ᠳᠣᠷᠣᠭᠰᠢᠬᠢ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠰᠦᠪᠡᠭᠴᠢᠯᠡᠨ ᠲᠡᠭᠦᠯᠳᠡᠷᠵᠢᠭᠦᠯᠵᠦ᠂ ᠣᠨ ᠤ ᠠᠵᠢᠯ ᠤᠨ ᠲᠥᠯᠥᠪᠯᠡᠭᠡ ᠲᠣᠭᠲᠠᠭᠠᠨ᠂ ᠵᠢᠯ ᠳᠠᠷᠠᠭᠠᠯᠠᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠭᠠᠯ ᠲᠦᠢᠮᠡᠷ ᠢ ᠳᠠᠷᠤᠵᠤ ᠬᠤᠷᠢᠬᠤ ᠪᠦᠭᠦ | ᠲᠠᠯ᠎ᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ | ᠣᠷᠣᠨ ᠤ ᠲᠥᠯᠥᠪᠯᠡᠭᠡ ᠳᠠᠬᠢ ᠣᠷᠣᠨ ᠨᠤᠲᠤᠭ ᠤᠨ ᠲᠥᠷᠥᠯ ᠵᠦᠢᠯ ᠳᠤ ᠦᠢᠯᠡᠴᠢᠯᠡᠬᠦ ᠯᠦᠭᠡ ᠤᠶᠠᠯᠳᠤᠭᠤᠯᠤᠨ᠂ | ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠰᠠᠶᠢᠨ ᠳᠤᠷᠠᠴᠤᠳ ᠤᠨ ᠡᠩᠨᠡᠭᠡ ᠶᠢ ᠰᠦᠪᠡᠭᠴᠢᠯᠡᠨ ᠪᠠᠶᠢᠭᠤᠯᠵᠤ᠂ | ᠨᠡᠶᠢᠭᠡᠮ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ ᠳᠤ ᠭᠠᠯ ᠲᠦᠢᠮᠡᠷ ᠭᠠᠷᠬᠤ ᠳᠠᠯᠳᠠ ᠭᠡᠮ ᠢ ᠪᠠᠶᠢᠩᠭᠤ | ᠴᠠᠭᠳᠠᠨ ᠪᠠᠶᠢᠴᠠᠭᠠᠬᠤ ᠪᠠ ᠡᠨᠡ ᠲᠠᠯ᠎ᠠ ᠪᠠᠷ ᠬᠢ ᠤᠬᠠᠭᠤᠯᠬᠤ ᠪᠣᠯᠪᠠᠰᠤᠷᠠᠭᠤᠯᠬᠤ ᠬᠥᠮᠥᠵᠢᠭᠦᠯᠬᠦ ᠠᠵᠢᠯ ᠢ | ᠥᠷᠨᠢᠭᠦᠯᠦᠨ᠂ ᠬᠠᠮᠤᠭ ᠤᠨ ᠳᠣᠣᠷ᠎ᠠ ᠱᠠᠲᠤᠨ ᠳᠤ ᠬᠦᠷᠲᠡᠯ᠎ᠡ ᠭᠠᠯ ᠰᠡᠷᠭᠡᠶᠢᠯᠡᠵᠦ ᠤᠨᠲᠠᠷᠠᠭᠠᠬᠤ ᠬᠠᠮᠢᠶᠠᠷᠤᠯᠲᠠ ᠶᠢᠨ | ᠠᠵᠢᠯ ᠢ ᠥᠷᠭᠡᠨ ᠬᠡᠪᠴᠢᠶ᠎ᠡ ᠲᠠᠢ ᠬᠢᠬᠦ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ | ᠰᠡᠷᠭᠡᠶᠢᠯᠡᠵᠦ ᠤᠨᠲᠠᠷᠠᠭᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠶᠢᠨ | ᠲᠣᠮᠢᠯᠠᠭᠰᠠᠨ ᠰᠠᠯᠪᠤᠷᠢ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠲᠠᠯ᠎ᠠ ᠪᠠᠷ ᠬᠢ ᠡᠳᠦᠷ ᠲᠤᠲᠤᠮ ᠤᠨ | ᠬᠢᠨᠠᠯᠲᠠ ᠪᠠᠶᠢᠴᠠᠭᠠᠯᠲᠠ ᠪᠠ ᠤᠬᠠᠭᠤᠯᠭ᠎ᠠ ᠬᠥᠮᠦᠵᠢᠯ ᠢ ᠥᠷᠨᠢᠭᠦᠯᠵᠦ ᠪᠣᠯᠤᠨ᠎ᠠ᠃ | ᠳᠥᠷᠪᠡ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ ᠲᠦᠪᠰᠢᠨ ᠤ ᠬᠦᠨᠳᠦ ᠶᠡᠭᠡ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ | ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ ᠲᠦᠪᠰᠢᠨ ᠤ ᠭᠤᠷᠪᠠᠨ ᠵᠢᠯ ᠤᠨ ᠲᠤᠰᠬᠠᠶ | ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ | ᠲᠦᠪᠰᠢᠨ ᠤ ᠪᠠᠶᠢᠳᠠᠯ ᠳᠤ ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ ᠲᠦᠪᠰᠢᠨ ᠤ ᠲᠠᠯ᠎ᠠ ᠪᠠᠷ ᠬᠢ ᠲᠣᠪᠤᠶᠢᠮ᠎ᠠ | ᠠᠰᠠᠭᠤᠳᠠᠯ ᠢ ᠣᠨᠣᠪᠴᠢᠲᠠᠶ ᠪᠠᠷ ᠵᠠᠰᠠᠬᠤ ᠬᠡᠷᠡᠭᠲᠡᠢ᠃ ︽ᠠᠮᠢ ᠨᠠᠰᠤᠨ ᠤ ᠠᠪᠤᠷᠠᠯᠲᠠ ᠶᠢᠨ ᠵᠠᠮ ᠢ ᠨᠡᠪᠲᠡᠷᠡᠭᠦᠯᠬᠦ︾ | ᠠᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠳᠣᠲᠣᠭᠠᠳᠤ ᠶᠢ ᠬᠠᠮᠠᠭᠠᠯᠠᠬᠤ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠬᠤᠲᠠ ᠶᠢᠨ ᠬᠠᠮᠢᠶᠠᠷᠤᠯᠲᠠ᠂ ᠭᠠᠯ ᠰᠡᠷᠭᠡᠶᠢᠯᠡᠵᠦ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠨᠢᠭᠲᠠ | ᠬᠠᠮᠵᠢᠯᠴᠠᠵᠤ᠂ ᠭᠠᠯ ᠤᠨᠲᠠᠷᠠᠭᠠᠬᠤ ᠲᠡᠷᠭᠡᠨ ᠤ ᠵᠠᠮ ᠳᠤ ᠰᠠᠭᠠᠳ ᠲᠠᠢ ᠪᠣᠯᠭᠠᠭᠰᠠᠨ ᠦᠢᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ 2020 ᠣᠨ ᠤ ᠵᠢᠯ ᠤᠨ ᠰᠡᠭᠦᠯᠴᠢ ᠠᠴᠠ ᠡᠮᠦᠨ᠎ᠡ | ᠭᠠᠯ ᠤᠨᠲᠠᠷᠠᠭᠠᠬᠤ ᠲᠡᠷᠭᠡᠨ ᠤ ᠵᠠᠮ ᠳᠤ ᠰᠡᠷᠡᠮᠵᠢᠯᠡᠭᠦᠯᠬᠦ ᠵᠢᠷᠤᠭᠠᠰᠤ ᠪᠠ ᠲᠡᠮᠳᠡᠭ ᠵᠢᠷᠤᠵᠤ ᠲᠠᠯᠪᠢᠬᠤ ᠠᠵᠢᠯ ᠢ | ᠳᠠᠭᠤᠰᠬᠠᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠭᠠᠯ ᠤᠨᠲᠠᠷᠠᠭᠠᠬᠤ ᠲᠡᠷᠭᠡᠨ ᠤ ᠵᠠᠮ ᠳᠤ | ᠰᠠᠭᠠᠳ ᠲᠠᠢ ᠪᠣᠯᠭᠠᠭᠰᠠᠨ ᠪᠠ ᠲᠦᠭᠵᠢᠵᠦ ᠪᠥᠭᠯᠡᠭᠰᠡᠨ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠵᠦ | ᠳᠠᠭᠤᠰᠬᠠᠬᠤ ᠬᠡᠷᠡᠭᠲᠡᠶ᠃ ᠭᠠᠯ ᠭᠠᠷᠬᠤ ᠲᠦᠭᠰᠢᠭᠦᠷᠢ ᠶᠡᠬᠡᠲᠡᠶ ᠭᠠᠵᠠᠷ ᠲᠠᠯᠠᠪᠤᠷ ᠲᠠᠬᠢ ᠬᠠᠮᠢᠶᠠᠷᠤᠯᠲᠠ ᠶᠢ | ᠴᠢᠩᠭᠠᠳᠬᠠᠵᠤ᠂ ᠭᠠᠯ ᠭᠠᠷᠬᠤ ᠲᠦᠭᠰᠢᠭᠦᠷᠢ ᠶᠡᠬᠡᠲᠡᠶ ᠨᠢᠭᠡᠴᠢ᠂ ᠭᠠᠯ ᠰᠡᠷᠭᠡᠶᠢᠯᠡᠵᠦ ᠠᠮᠤᠷ ᠲᠦᠪᠰᠢᠨ ᠢ ᠪᠠᠲᠤᠯᠠᠬᠤ | ᠭᠤᠤᠯᠳᠠᠯᠭ᠎ᠠ ᠲᠠᠢ ᠨᠢᠭᠡᠴᠢ ᠳᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠷᠢᠮᠵᠢᠶᠠᠵᠢᠨᠨᠰᠠᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠦᠨ᠂ ᠬᠤᠳᠠᠯᠳᠤᠭᠠᠨ ᠤ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ ᠵᠡᠷᠭᠡ | ᠲᠦᠭᠰᠢᠭᠦᠷᠢ ᠶᠡᠬᠡᠲᠡᠶ ᠨᠢᠭᠡᠴᠢ ᠶᠢ ᠵᠣᠷᠢᠭᠵᠢᠭᠤᠯᠵᠤ ᠪᠠᠶᠢᠭᠠᠳ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠲᠤᠰᠬᠠᠶ | ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠭᠠᠯ ᠰᠡᠷᠭᠡᠶᠢᠯᠡᠵᠦ ᠠᠮᠤᠷ ᠲᠦᠪᠰᠢᠨ ᠢ ᠪᠠᠲᠤᠯᠠᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠶ᠃ ᠣᠯᠠᠨ ᠨᠡᠶᠢᠲᠡ ᠶᠢᠨ ᠠᠮᠤᠷ ᠲᠦᠪᠰᠢᠨ ᠢ | ᠨᠥᠯᠥᠭᠡᠯᠡᠬᠦ ᠬᠥᠨᠳᠥ ᠶᠡᠭᠡ ᠭᠠᠯ ᠭᠠᠷᠬᠤ ᠳᠠᠯᠳᠠ ᠭᠡᠮ ᠢᠶᠠᠨ ᠠᠷᠢᠯᠭᠠᠬᠤ ᠶᠢ ᠨᠢ ᠬᠠᠤᠯᠢ ᠶᠣᠰᠣᠭᠠᠷ ᠨᠡᠷ᠎ᠡ ᠵᠢᠭᠠᠨ | ᠰᠢᠮᠳᠠᠭᠤᠯᠤᠨ ᠭᠦᠢᠴᠡᠳᠬᠡᠯᠬᠡᠵᠦ᠂ ᠬᠦᠨᠳᠦ ᠶᠡᠭᠡ ᠭᠠᠯ ᠭᠠᠷᠬᠤ ᠳᠠᠯᠳᠠ ᠭᠡᠮ ᠢᠶᠠᠨ ᠬᠠᠷᠠᠬᠠᠨ ᠴᠡᠭᠴᠡᠯᠡᠵᠦ | ᠰᠠᠶᠢᠵᠢᠷᠠᠭᠤᠯᠤᠨ ᠳᠠᠭᠤᠰᠬᠠᠭᠠᠳᠤᠢ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠰᠢᠮᠳᠠᠭᠤᠯᠵᠤ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠂ ᠰᠢᠮᠳᠠᠭᠤᠯᠵᠤ ᠴᠡᠭᠴᠡᠯᠡᠨ | ᠰᠠᠶᠢᠵᠢᠷᠠᠭᠤᠯᠬᠤ ᠡᠷᠴᠢᠮ ᠢ ᠨᠢ ᠴᠢᠩᠭᠠᠷᠠᠭᠤᠯᠵᠤ᠂ ᠲᠣᠭᠲᠠᠭᠰᠠᠨ ᠴᠠᠭ ᠲᠤ ᠪᠠᠨ ᠴᠡᠭᠴᠡᠯᠡᠨ ᠰᠠᠶᠢᠵᠢᠷᠠᠭᠤᠯᠵᠤ | ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠰᠤᠵᠢᠯ ᠤᠨ ᠪᠠᠶᠢᠭᠤᠯᠤᠮᠵᠢ᠂ ᠵᠢᠵᠢᠭ ᠪᠠᠭᠤᠳᠠᠯ᠂ ︽ᠣᠯᠠᠨ | ᠵᠦᠢᠯ ᠢ ᠬᠠᠮᠲᠤᠷᠠᠭᠤᠯᠤᠭᠰᠠᠨ︾ ᠵᠡᠷᠭᠡ ᠲᠠᠯᠠᠪᠤᠷ ᠭᠠᠵᠠᠷ ᠢ ᠦᠷᠭᠦᠯᠵᠢᠯᠡᠨ ᠬᠥᠲᠥᠯᠦᠨ ᠵᠢᠯᠣᠭᠤᠳᠴᠤ ᠪᠠᠶᠢᠭᠠᠳ | ᠳᠥᠭᠦᠮ ᠰᠦᠷᠴᠢᠭᠦᠷ᠂ ᠲᠤᠰᠠᠭᠠᠷ ᠲᠦᠭᠰᠢᠭᠦᠷᠢ ᠮᠡᠳᠡᠭᠦᠯᠬᠦ ᠲᠦᠬᠦᠭᠡᠷᠦᠮᠵᠢ ᠤᠭᠰᠠᠷᠠᠭᠤᠯᠤᠭᠰᠠᠨ ᠪᠠᠶᠢᠬᠤ ᠬᠡᠷᠡᠭᠲᠡᠢ᠃ | ᠴᠢᠬᠤᠯᠠ ᠶᠡᠭᠡ ᠠᠵᠢᠯᠯᠠᠭ᠎ᠠ᠂ ᠴᠢᠬᠤᠯᠠ ᠪᠠᠶᠠᠷ ᠤᠨ ᠡᠳᠦᠷ ᠵᠢᠴᠢ ᠭᠠᠯ ᠤᠨ ᠠᠶᠤᠯ ᠡᠭᠦᠰᠬᠦ ᠤᠯᠠᠷᠢᠯ ᠳᠠᠬᠢ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢᠶᠠᠨ ᠦᠨᠡᠨ ᠬᠦ ᠰᠠᠶᠢᠲᠤᠷ ᠬᠢᠵᠦ᠂ | ᠴᠢᠬᠤᠯᠠ ᠵᠠᠩᠭᠢᠯᠠᠭ᠎ᠠ ᠶᠢᠨ ᠦᠶ᠎ᠡ ᠳᠠᠬᠢ ᠭᠠᠯ ᠰᠡᠷᠭᠡᠶᠢᠯᠡᠵᠤ ᠠᠮᠤᠷ ᠲᠦᠪᠰᠢᠨ ᠢ ᠬᠠᠮᠠᠭᠠᠯᠠᠬᠤ ᠪᠠᠨ ᠦᠨᠡᠨ ᠬᠦ | ᠪᠠᠲᠤᠯᠠᠬᠤ ᠬᠡᠷᠡᠭᠲᠡᠶ᠃ | ᠲᠠᠪᠤ᠂ ᠵᠠᠷᠤᠳᠠᠯ ᠮᠦᠩᠭᠦ ᠣᠷᠣᠭᠤᠯᠬᠤ ᠪᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠬᠤ ᠬᠡᠷᠡᠭᠲᠡᠢ | ᠡᠯ᠎ᠡ ᠭᠠᠵᠠᠷ ᠣᠷᠣᠨ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠣᠷᠣᠭᠤᠯᠬᠤ ᠵᠠᠷᠤᠳᠠᠯ | ᠮᠦᠩᠭᠦ ᠪᠠᠨ ᠨᠡᠮᠡᠭᠳᠡᠭᠦᠯᠵᠦ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢ ᠲᠤᠰ | ᠱᠠᠲᠤᠨ ᠤ ᠡᠳ᠋ ᠤᠨ ᠵᠠᠰᠠᠭ ᠤᠨ ᠨᠢᠭᠡᠳᠦᠭᠡᠷ ᠳᠡᠰ ᠤᠨ ᠲᠥᠰᠦᠪ ᠤᠨ ᠨᠢᠭᠡᠴᠢ ᠳᠤ ᠵᠢᠭᠰᠠᠭᠠᠨ ᠣᠷᠣᠭᠤᠯᠵᠤ᠂ ᠭᠠᠯ | ᠰᠡᠷᠭᠡᠶᠢᠯᠡᠵᠦ ᠤᠨᠲᠠᠷᠠᠭᠠᠬᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠤᠨ ᠵᠠᠷᠤᠯᠭ᠎ᠠ ᠶᠢᠨ | ᠬᠠᠷᠢᠭᠤᠴᠠᠯᠭ᠎ᠠ ᠶᠣᠰᠣᠭᠠᠷ᠂ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠬᠤ ᠬᠡᠷᠡᠭᠲᠡᠶ᠃ ᠬᠤᠲᠠ ᠪᠠᠯᠭᠠᠰᠤᠨ ᠤ ᠭᠠᠯ ᠰᠡᠷᠭᠡᠶᠢᠯᠡᠵᠦ ᠤᠨᠲᠠᠷᠠᠭᠠᠬᠤ ᠲᠤᠰᠬᠠᠶ | ᠲᠥᠯᠥᠪᠵᠢᠭᠦᠯᠭᠡ ᠶᠢ ᠴᠠᠭ ᠲᠤᠬᠠᠶ ᠳᠤ ᠨᠢ ᠨᠠᠶᠢᠷᠠᠭᠤᠯᠤᠨ ᠵᠠᠰᠠᠵᠤ᠂ ᠣᠨ ᠤ ᠠᠵᠢᠯ ᠤᠨ ᠲᠥᠯᠥᠪᠯᠡᠭᠡ | ᠲᠣᠭᠲᠠᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠲᠦᠢᠮᠡᠷ | ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠪᠠ ᠣᠯᠠᠨ ᠨᠡᠶᠢᠲᠡ ᠶᠢᠨ ᠭᠠᠯ | ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢ ᠠᠬᠢᠭᠤᠯᠬᠤ | ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠶᠢ ᠵᠦᠶ ᠵᠣᠬᠢᠰᠲᠠᠶ ᠲᠥᠯᠥᠪᠵᠢᠭᠦᠯᠦᠨ ᠪᠠᠶᠢᠭᠤᠯᠵᠤ᠂ | ᠲᠥᠯᠥᠪᠵᠢᠭᠦᠯᠦᠨ ᠪᠠᠶᠢᠭᠤᠯᠬᠤ ᠳᠤ ᠦᠷᠢᠲᠦᠭᠰᠡᠨ ᠥᠷᠢ ᠰᠢᠷᠢ ᠶᠢ ᠨᠢ ᠳᠠᠷᠦ᠋ᠢᠬᠠᠨ ᠭᠦᠢᠴᠡᠳ ᠨᠥᠬᠦᠪᠦᠷᠢᠯᠡᠨ᠂ | ᠬᠤᠲᠠ ᠪᠠᠯᠭᠠᠰᠤᠨ ᠤ ᠭᠤᠤᠯ ᠪᠣᠯᠬᠤ ᠬᠤᠲᠠ ᠲᠣᠭᠤᠷᠢᠭ᠂ ᠬᠤᠳᠠᠯᠳᠤᠭᠠᠨ ᠤ ᠬᠥᠭᠵᠢᠶᠡᠨ ᠶᠡᠬᠡᠲᠡᠢ ᠵᠡᠭᠡᠯᠢ | ᠲᠣᠭᠤᠷᠢᠭ ᠲᠤ ᠬᠡᠪᠴᠢᠶ᠎ᠡ ᠪᠠᠷ ᠪᠠᠭ᠎ᠠ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠶᠢ ᠪᠠᠶᠢᠷᠢᠯᠠᠭᠤᠯᠤᠨ ᠪᠠᠶᠢᠭᠤᠯᠵᠤ᠂ | ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠᠷ ︽ᠲᠤᠲᠠᠮᠠᠭ ᠪᠠᠶᠢᠭ᠎ᠠ︾ | ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠬᠤᠲᠠ ᠶᠢᠨ ᠶᠠᠪᠤᠳᠠᠯ ᠤᠨ ᠭᠠᠯ ᠰᠡᠷᠭᠡᠶᠢᠯᠡᠵᠦ ᠤᠨᠲᠠᠷᠠᠭᠠᠬᠤ ᠤᠰᠤᠨ | ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠷᠭ᠎ᠠ ᠶᠢ ᠲᠦᠷᠭᠡᠳᠬᠡᠨ ᠲᠣᠭᠲᠠᠭᠠᠵᠤ᠂ ᠭᠠᠯ | ᠰᠡᠷᠭᠡᠶᠢᠯᠡᠵᠦ ᠤᠨᠲᠠᠷᠠᠭᠠᠬᠤ ᠤᠰᠤᠨ ᠰᠤᠷᠪᠤᠯᠵᠢ ᠶᠢ ᠪᠠᠲᠤᠯᠠᠵᠤ ᠬᠠᠮᠠᠭᠠᠯᠠᠬᠤ ᠪᠠᠨ ᠴᠢᠩᠭᠠᠳᠬᠠᠨ᠂ ᠰᠢᠨ᠎ᠡ ᠪᠠᠷ | ᠪᠠᠶᠢᠭᠤᠯᠵᠤ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠨᠡᠭᠡᠭᠡᠯᠲᠡ ᠶᠢᠨ ᠲᠣᠭᠤᠷᠢᠭ ᠵᠡᠷᠭᠡ ᠳᠤ | ᠭᠠᠯ ᠤᠨᠲᠠᠷᠠᠭᠠᠬᠤ ᠤᠰᠤᠨ ᠰᠤᠷᠪᠤᠯᠵᠢ ᠶᠢ ᠵᠡᠷᠭᠡ ᠳᠤ ᠨᠢ ᠪᠠᠶᠢᠭᠤᠯᠬᠤ ᠬᠡᠷᠡᠭᠲᠡᠶ᠃ ᠵᠠᠰᠠᠭ ᠤᠨ ᠣᠷᠳᠣᠨ ᠪᠠ ᠠᠵᠤ | ᠠᠬᠤᠶᠢᠯᠠᠯ ᠤᠨ ᠲᠤᠰᠬᠠᠶ ᠠᠵᠢᠯ ᠤᠨ ᠠᠩᠭᠢ᠂ ᠬᠥᠳᠡᠭᠡ ᠲᠣᠰᠬᠤᠨ ᠤ ᠰᠠᠶᠢᠨ ᠳᠤᠷᠠᠴᠤᠳ ᠤᠨ ᠠᠩᠭᠢ ᠵᠡᠷᠭᠡ | ᠣᠯᠠᠨ ᠬᠡᠯᠪᠡᠷᠢ ᠪᠦᠬᠦᠢ ᠭᠠᠯ ᠰᠡᠷᠬᠡᠶᠢᠯᠡᠵᠦ ᠤᠨᠲᠠᠷᠠᠭᠠᠬᠤ ᠡᠩᠨᠡᠭᠡ ᠶᠢ ᠢᠳᠡᠪᠬᠢᠲᠡᠢ ᠬᠥᠭᠵᠢᠭᠦᠯᠦᠨ | ᠪᠤᠵᠠᠭᠠᠶᠢᠷᠠᠭᠤᠯᠵᠤ᠂ 2022 ᠣᠨ ᠳᠤ ᠨᠡᠶᠢᠭᠡᠮ ᠲᠣᠭᠤᠷᠢᠭ ᠤᠨ ︽ᠨᠢᠭᠡ ᠲᠣᠭᠤᠷᠢᠭ ᠲᠤ ᠨᠢᠭᠡ ᠥᠷᠲᠡᠭᠡ ᠲᠠᠢ︾ | ᠪᠠ ᠮᠠᠯᠵᠢᠬᠤ ᠲᠠᠷᠢᠶᠠᠯᠠᠬᠤ ᠣᠷᠣᠨ ᠤ ︽ᠨᠢᠭᠡ ᠲᠣᠰᠬᠤᠨ ᠳᠤ ᠨᠢᠭᠡ ᠥᠷᠲᠡᠭᠡ ᠲᠠᠢ︾ ᠪᠣᠯᠭᠠᠬᠤ ᠶᠢ ᠪᠡᠶᠡᠯᠡᠭᠦᠯᠬᠦ | ᠬᠡᠷᠡᠭᠲᠡᠢ᠃ | ᠵᠢᠷᠭᠤᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ | ᠬᠡᠷᠡᠭᠲᠡᠢ | ᠪᠠᠴᠢᠮ ᠪᠠᠶᠢᠳᠠᠯ ᠢ ᠠᠷᠭᠠᠴᠠᠭᠠᠬᠤ᠂ ᠴᠠᠭ ᠠᠭᠤᠷ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠤᠰᠤ ᠴᠠᠬᠢᠯᠭᠠᠨ ᠬᠡᠢ ᠬᠠᠩᠭᠠᠬᠤ ᠵᠡᠷᠭᠡ ᠣᠯᠠᠨ ᠰᠠᠯᠠᠭ᠎ᠠ ᠮᠥᠴᠢᠷ ᠤᠨ ᠭᠠᠯ ᠤᠨᠲᠠᠷᠠᠭᠠᠵᠤ | ᠠᠪᠤᠷᠠᠨ ᠲᠤᠰᠠᠯᠠᠬᠤ ᠬᠠᠮᠵᠢᠯᠴᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠣᠯᠠᠨ ᠰᠠᠯᠠᠭ᠎ᠠ ᠮᠥᠴᠢᠷ ᠤᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠪᠣᠳᠠᠲᠠᠢ ᠰᠣᠷᠢᠯᠲᠠ ᠶᠢ ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠵᠣᠬᠢᠶᠠᠨ | ᠪᠠᠶᠢᠭᠤᠯᠵᠦ ᠥᠷᠨᠢᠭᠦᠯᠤᠨ᠂ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠪᠠᠷ ᠬᠢ ᠬᠠᠮᠲᠤᠷᠠᠨ ᠬᠥᠳᠡᠯᠦᠯᠴᠡᠬᠦ ᠪᠠ ᠡᠬᠢ | ᠪᠠᠶᠠᠯᠢᠭ ᠢ ᠬᠠᠮᠲᠤ ᠪᠠᠷ ᠬᠦᠷᠲᠡᠬᠦ ᠶᠢ ᠨᠢ ᠴᠢᠩᠭᠠᠷᠠᠭᠤᠯᠬᠤ ᠬᠡᠷᠡᠭᠲᠡᠶ᠃ ᠲᠤᠰᠬᠠᠶ ᠮᠡᠷᠭᠡᠵᠢᠯ ᠤᠨ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠠᠳᠡᠯ ᠤᠨ ᠣᠨᠴᠠᠯᠢᠭ ᠲᠠᠢ ᠨᠢ ᠤᠶᠠᠯᠳᠤᠭᠤᠯᠤᠨ᠂ ᠥᠨᠳᠥᠷ | ᠪᠠᠷᠢᠯᠭ᠎ᠠ᠂ ᠬᠢᠮᠢ ᠶᠢᠨ ᠠᠵᠤ ᠦᠢᠯᠡᠳᠪᠦᠷᠢ᠂ ᠪᠠᠶᠢᠭᠠᠯᠢ ᠶᠢᠨ ᠭᠠᠮᠰᠢᠭ᠂ ᠪᠠᠷᠢᠯᠭ᠎ᠠ ᠶᠢᠨ ᠬᠦᠨᠳᠦ ᠬᠡᠯᠪᠡᠷᠢ ᠶᠢᠨ | ᠮᠧᠬᠠᠨᠢᠭ᠂ ᠭᠠᠯ ᠤᠨᠲᠠᠷᠠᠭᠠᠵᠦ ᠠᠪᠤᠷᠠᠬᠤ ᠳᠤ ᠲᠤᠰᠠᠯᠠᠭᠤᠯᠬᠤ ᠨᠣᠬᠠᠶ ᠵᠢᠴᠢ ᠶᠡᠷᠦᠩᠬᠡᠶᠢᠯᠡᠭᠰᠡᠨ ᠴᠢᠨᠠᠷᠲᠠᠶ ᠠᠪᠤᠷᠠᠨ | ᠲᠤᠰᠠᠯᠠᠬᠤ ᠵᠡᠷᠭᠡ ᠲᠤᠰᠬᠠᠶ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠲᠣᠨᠤᠭ ᠲᠥᠬᠦᠭᠡᠷᠦᠮᠵᠢ | ᠪᠠᠭᠠᠵᠢ ᠬᠡᠷᠡᠭᠰᠡᠯ ᠢ ᠨᠢ ᠪᠦᠷᠢᠨ ᠲᠣᠬᠢᠷᠠᠭᠤᠯᠬᠤ ᠬᠡᠷᠡᠭᠲᠡᠶ᠃ ᠡᠯ᠎ᠡ ᠱᠠᠲᠤᠨ ᠤ ᠭᠠᠯ ᠰᠡᠷᠭᠡᠶᠢᠯᠡᠵᠦ ᠤᠨᠲᠠᠷᠠᠭᠠᠵᠤ | ᠠᠪᠤᠷᠠᠨ ᠲᠤᠰᠠᠯᠠᠬᠤ ᠡᠩᠨᠡᠭᠡ ᠨᠢ ︽ᠭᠤᠤᠯ ᠬᠦᠴᠦᠨ︾ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠠᠯ᠎ᠠ ᠪᠠᠷ ᠬᠢ ᠪᠠᠶᠢᠯᠳᠤᠬᠤ ᠠᠷᠭ᠎ᠠ ᠶᠢᠨ ᠰᠤᠳᠤᠯᠤᠯ ᠢ | ᠴᠢᠩᠭᠠᠳᠬᠠᠵᠤ᠂ ᠲᠤᠰᠬᠠᠶᠢᠵᠢᠭᠰᠠᠨ ᠪᠣᠯᠪᠠᠰᠤᠷᠠᠯ ᠪᠣᠯᠤᠨ ᠪᠣᠳᠠᠲᠠᠢ ᠰᠣᠷᠢᠯᠲᠠ ᠶᠢ ᠢᠳᠡᠪᠬᠢᠲᠡᠶ ᠥᠷᠨᠢᠭᠦᠯᠦᠨ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ | ᠡᠯ᠎ᠡ ᠲᠥᠷᠥᠯ ᠤᠨ ᠭᠠᠯ ᠲᠦᠢᠮᠡᠷ ᠤᠨ ᠠᠳᠡᠯ ᠢ ᠴᠠᠭ ᠲᠤᠬᠠᠶ ᠳᠤ ᠨᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ | ᠳᠣᠯᠤᠭ᠎ᠠ᠂ ᠮᠠᠯᠵᠢᠬᠤ ᠲᠠᠷᠢᠶᠠᠯᠠᠬᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ | ᠲᠦᠪᠰᠢᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠪᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠢᠯᠭᠠᠨ | ᠬᠢᠨᠠᠬᠤ ᠠᠭᠤᠯᠭ᠎ᠠ ᠳᠤ ᠣᠷᠣᠭᠤᠯᠤᠨ᠂ ᠮᠠᠯᠵᠢᠬᠤ ᠲᠠᠷᠢᠶᠠᠯᠠᠬᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠠᠮᠤᠷ ᠲᠦᠪᠰᠢᠨ ᠤ ᠲᠠᠯ᠎ᠠ ᠪᠠᠷ ᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ | ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠳᠠᠬᠢ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ | ᠬᠦᠴᠦᠲᠡᠢ ᠠᠬᠢᠭᠤᠯᠤᠨ᠂ ᠭᠠᠴᠠᠭ᠎ᠠ ᠲᠣᠰᠬᠤᠨ ᠳᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ | ᠵᠢᠯᠣᠭᠤᠳᠤᠨ ᠳᠠᠮᠵᠢᠵᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠂ | ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠲᠤᠰᠢᠶᠠᠯ ᠬᠠᠪᠰᠤᠷᠭᠠᠭᠰᠠᠨ ᠬᠠᠮᠢᠶᠠᠷᠤᠭᠴᠢ ᠶᠢ ᠲᠣᠬᠢᠷᠠᠭᠤᠯᠵᠤ | ᠨᠠᠶᠢᠳᠠᠪᠤᠷᠢᠵᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠠᠮᠤᠷ ᠲᠦᠪᠰᠢᠨ ᠢ ᠪᠠᠲᠤᠯᠠᠬᠤ ᠨᠥᠬᠦᠴᠡᠯ ᠢ ᠨᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠭᠠᠯ | ᠰᠡᠷᠭᠡᠶᠢᠯᠡᠵᠦ ᠤᠨᠲᠠᠷᠠᠭᠠᠬᠤ ᠤᠰᠤᠨ ᠰᠤᠷᠪᠤᠯᠵᠢ ᠪᠠ ᠭᠠᠯ ᠰᠡᠷᠭᠡᠶᠢᠯᠡᠵᠦ ᠤᠨᠲᠠᠷᠠᠭᠠᠬᠤ ᠲᠡᠷᠭᠡᠨ ᠤ ᠵᠠᠮ ᠵᠡᠷᠭᠡ | ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠯᠦᠭᠡ ᠵᠡᠷᠭᠡ ᠳᠤ ᠨᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ | ᠭᠠᠯ ᠰᠡᠷᠭᠡᠶᠢᠯᠡᠵᠦ ᠤᠨᠲᠠᠷᠠᠭᠠᠬᠤ ᠡᠩᠨᠡᠭᠡ ᠶᠢ ᠪᠠᠶᠢᠭᠤᠯᠤᠨ᠂ ᠭᠠᠯ ᠤᠨᠲᠠᠷᠠᠭᠠᠬᠤ ᠠᠵᠢᠯ ᠡᠭᠦᠷᠭᠡ ᠶᠢ ᠭᠦᠢᠴᠡᠳᠬᠡᠵᠦ | ᠪᠡᠯᠡᠳᠬᠡᠬᠦ ᠲᠠᠯᠠᠪᠤᠷ ᠭᠠᠵᠠᠷ ᠢ ᠨᠢ ᠲᠣᠭᠲᠠᠪᠤᠷᠢᠲᠠᠢ ᠪᠠᠶᠢᠯᠭᠠᠵᠤ᠂ ︽ᠨᠢᠭᠡ ᠲᠣᠰᠬᠤᠨ ᠳᠤ ᠨᠢᠭᠡ ᠡᠩᠨᠡᠭᠡ ᠨᠢᠭᠡ | ᠲᠡᠷᠭᠡ ᠨᠢᠭᠡ ᠤᠨᠳᠠᠷᠠᠭᠠᠭᠤᠷ ᠨᠢᠭᠡ ᠬᠥᠭᠡᠷᠭᠡ ᠨᠢᠭᠡ ᠫᠠᠶᠢᠰᠠ︾ ᠲᠠᠢ ᠪᠠᠶᠢᠯᠭᠠᠬᠤ ᠱᠠᠭᠠᠷᠳᠠᠯᠭ᠎ᠠ ᠶᠣᠰᠣᠭᠠᠷ ᠲᠣᠨᠤᠭ | ᠲᠥᠬᠦᠭᠡᠷᠦᠮᠵᠢ ᠪᠠᠭᠠᠵᠢ ᠬᠡᠷᠡᠭᠰᠡᠯ ᠲᠣᠬᠢᠷᠠᠭᠤᠯᠤᠨ᠂ ᠪᠣᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠴᠢᠳᠠᠪᠤᠷᠢ ᠶᠢ ᠨᠢ | ᠳᠡᠭᠡᠭᠰᠢᠯᠡᠭᠦᠯᠬᠦ ᠬᠡᠷᠡᠭᠲᠡᠶ᠃ | ᠨᠠᠢᠮᠠ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢᠶᠠᠨ ᠨᠡᠶᠢᠭᠡᠮ ᠨᠡᠶᠢᠲᠡ ᠳᠤ ᠤᠬᠠᠭᠤᠯᠬᠤ ᠶᠢ | ᠪᠡᠶᠡᠯᠡᠭᠦᠯᠬᠦ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠨᠢ ᠣᠷᠣᠨ | ᠪᠦᠰᠡ᠂ ᠤᠯᠠᠷᠢᠯ ᠵᠡᠷᠭᠡ ᠶᠢᠨ ᠣᠨᠴᠠᠯᠢᠭ ᠲᠠᠢ ᠤᠶᠠᠯᠳᠤᠭᠤᠯᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ | ᠤᠬᠠᠭᠤᠯᠭ᠎ᠠ ᠬᠥᠮᠦᠵᠢᠯ ᠢ ᠪᠠᠶᠢᠩᠭᠤ ᠶᠢᠨ ᠴᠢᠨᠠᠷᠲᠠᠶ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠠᠮᠤᠷ | ᠲᠦᠪᠰᠢᠨ ᠤ ᠮᠡᠳᠡᠯᠬᠡ ᠶᠢ ᠠᠵᠤ ᠠᠬᠤᠶᠢᠯᠠᠯ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠭᠡᠷ | ᠪᠦᠯᠢ ᠪᠦᠬᠦᠨ ᠳᠤ ᠤᠶᠢᠯᠠᠭᠠᠵᠦ ᠡᠵᠡᠮᠰᠢᠬᠦᠯᠬᠦ ᠠᠵᠢᠯᠯᠠᠭ᠎ᠠ ᠶᠢ ᠬᠠᠨᠳᠤᠯᠭᠠᠳᠤ ᠴᠢᠨᠠᠷᠲᠠᠶ ᠪᠠᠷ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠲᠠᠯᠠᠪᠤᠷ ᠣᠷᠳᠣᠨ᠂ ᠭᠠᠯ ᠤᠨᠲᠠᠷᠠᠭᠠᠬᠤ ᠨᠡᠭᠡᠭᠡᠯᠲᠡ ᠲᠠᠢ ᠥᠷᠲᠡᠭᠡ ᠪᠠ ᠳᠤᠮᠳᠠᠳᠤ ᠪᠠᠭ᠎ᠠ ᠰᠤᠷᠭᠠᠭᠤᠯᠢ᠂ ᠨᠡᠶᠢᠭᠡᠮ | ᠲᠣᠭᠤᠷᠢᠭ ᠲᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠤᠬᠠᠭᠤᠯᠬᠤ ᠭᠠᠵᠠᠷ ᠤᠨ ᠪᠠᠶᠢᠭᠤᠯᠤᠯᠲᠠ ᠶᠢ | ᠴᠢᠩᠭᠠᠳᠬᠠᠵᠤ᠂ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢ ᠪᠣᠯᠤᠨ ᠲᠠᠪᠴᠠᠩ ᠢ ᠭᠦᠢᠴᠡᠳ ᠠᠰᠢᠭᠯᠠᠨ᠂ | ᠭᠠᠯ ᠰᠡᠷᠭᠡᠶᠢᠯᠡᠵᠦ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠬᠠᠭᠤᠯᠭ᠎ᠠ ᠪᠣᠯᠤᠨ ᠬᠡᠷᠡᠭ ᠤᠨ | ᠵᠢᠱᠢᠶ᠎ᠡ ᠪᠠᠷ ᠰᠡᠷᠡᠮᠵᠢᠯᠡᠭᠦᠯᠵᠦ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠤᠬᠠᠭᠤᠯᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠬᠡᠴᠢ ᠨᠦᠭᠦᠳ ᠲᠣᠰ ᠠᠵᠢᠯ ᠲᠥᠷᠥᠯ᠂ ᠲᠣᠰ ᠰᠢᠰᠲ᠋ᠧᠮ ᠤᠨ ᠨᠢᠭᠡᠴᠢ ᠳᠠᠬᠢ ᠭᠠᠯ ᠰᠡᠷᠭᠡᠶᠢᠯᠡᠵᠦ ᠤᠨᠲᠠᠷᠠᠭᠠᠬᠤ | ᠬᠥᠮᠦᠵᠢᠯ ᠪᠣᠯᠪᠠᠰᠤᠷᠠᠭᠤᠯᠤᠯ ᠢᠶᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠯ ᠪᠦᠷᠢ | ᠵᠣᠬᠢᠶᠠᠨ ᠪᠠᠶᠢᠭᠤᠯᠵᠤ᠂ ᠠᠵᠢᠯ ᠲᠥᠷᠥᠯ ᠤᠨ ᠠᠵᠢᠭᠯᠠᠭᠰᠠᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ | ᠲᠠᠯ᠎ᠠ ᠪᠠᠷ ᠬᠢ ᠠᠮᠤᠷ ᠲᠦᠪᠰᠢᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃ 2020 ᠣᠨ ᠤ 4 | ᠳ᠋ᠦ᠋ᠭᠡᠷ ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |