ᠤᠯᠠᠭᠠᠨᠬᠠᠳᠠ ᠬᠤᠳᠠ ᠶᠢᠨ ᠠᠩᠬᠠᠳᠤᠭᠠᠷ ᠤᠳᠠᠭᠠᠨ ᠤ ᠬᠡᠰᠡᠷᠴᠢᠳ ᠤᠨ ᠪᠤᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2020-05-22
       5 ᠰᠠᠷ᠎ᠠ ᠶᠢᠨ 18 ᠤ ᠡᠳᠦᠷ ᠠᠴᠠ 20 ᠤ ᠡᠳᠦᠷ ᠪᠤᠯᠳᠠᠯ᠎ᠠ᠂ ᠤᠯᠠᠭᠠᠨᠬᠠᠳᠠ ᠬᠤᠳᠠ ᠶᠢᠨ ᠠᠩᠬᠠᠳᠤᠭᠠᠷ ᠤᠳᠠᠭᠠᠨ ᠤ ᠬᠡᠰᠡᠷᠴᠢᠳ ᠤᠨ ᠪᠤᠯᠪᠠᠰᠤᠷᠠᠯ ᠵᠢᠴᠢ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠤᠳᠠᠭᠠᠨ ᠤ ᠬᠡᠰᠡᠷᠴᠢᠳ ᠤᠨ ᠪᠤᠯᠪᠠᠰᠤᠷᠠᠯ ᠪᠠᠭᠠᠷᠢᠨ ᠪᠠᠷᠠᠭᠤᠨ ᠬᠤᠰᠢᠭᠤᠨ ᠤ ᠬᠡᠰᠡᠷ ᠰᠤᠶᠤᠯ ᠢ ᠰᠤᠳᠤᠯᠤᠨ ᠬᠦᠭᠵᠢᠬᠦᠯᠬᠦ ᠲᠦᠪ ᠲᠤ ᠶᠠᠪᠤᠭᠳᠠᠪᠠ᠃        ᠲᠤᠰ ᠤᠳᠠᠭᠠᠨ ᠤ ᠪᠤᠯᠪᠠᠰᠤᠷᠠᠯ ᠨᠢ ᠤᠯᠤᠰ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢ ᠶᠢ ᠤᠷᠢᠵᠤ᠂ ᠤᠨᠤᠯ ᠤᠨ ᠵᠢᠭᠠᠨ ᠵᠢᠯᠤᠭᠤᠳᠤᠯᠭ᠎ᠠ ᠬᠢᠯᠬᠡᠬᠦ᠂ ᠲᠤᠭᠯᠠᠯᠳᠠ ᠶᠢᠨ ᠲᠤᠮᠳᠠ ᠵᠢᠭᠠᠬᠤ᠂ ᠬᠡᠰᠡᠷ ᠬᠠᠶᠢᠯᠠᠬᠤ ᠮᠡᠷᠬᠡᠵᠢᠯ ᠤᠨ ᠲᠤᠷᠰᠢᠯᠭ᠎ᠠ ᠪᠠᠨ ᠰᠤᠯᠢᠯᠴᠠᠬᠤ ᠬᠡᠯᠪᠡᠷᠢ ᠪᠠᠷ ᠶᠠᠪᠤᠭᠳᠠᠨ᠂ ᠠᠮᠢᠳᠤᠯᠢᠭ ᠮᠦᠷᠳᠡᠬᠡᠨ ᠪᠤᠳᠠᠳᠠᠢ ᠬᠦᠮᠦᠵᠢᠯ ᠬᠦᠷᠳᠡᠭᠡᠭᠰᠡᠨ ᠪᠠᠶᠢᠨ᠎ᠠ᠃ ᠲᠤᠰ ᠤᠳᠠᠭᠠᠨ ᠤ ᠪᠤᠯᠪᠠᠰᠤᠷᠠᠯ ᠳᠤ ᠪᠤᠰᠤᠳ ᠠᠶᠢᠮᠠᠭ ᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠢᠶ᠎ᠠ ᠪᠦᠬᠦᠢ ᠠᠵᠢᠯ ᠤᠨ ᠬᠦᠮᠦᠰ ᠴᠤ ᠬᠦᠷᠦᠯᠴᠠᠨ ᠢᠷᠡᠵᠤ ᠤᠷᠤᠯᠴᠠᠵᠤ᠂ ᠪᠤᠯᠪᠠᠰᠤᠷᠠᠯ ᠤᠨ ᠬᠦᠷᠢᠶ᠎ᠠ ᠬᠡᠪᠴᠢᠶ᠎ᠠ ᠶᠢ ᠤᠯᠠᠮ ᠦᠷᠬᠡᠳᠭᠡᠭᠰᠡᠨ ᠪᠠᠶᠢᠨ᠎ᠠ᠃        ᠪᠤᠯᠪᠠᠰᠤᠷᠠᠯ ᠳᠤ ᠪᠠᠰᠠ ᠪᠤᠳᠠᠰ ᠤᠨ ᠪᠤᠰᠤ ᠰᠤᠶᠤᠯ ᠤᠨ ᠦᠪ ᠤᠨ ᠬᠠᠮᠢᠶ᠎ᠠ ᠪᠦᠬᠦᠢ ᠲᠦᠷᠢᠮ ᠲᠤᠭᠳᠠᠭᠠᠯ ᠢ ᠲᠦᠬᠡᠮᠡᠯᠵᠢᠬᠦᠯᠬᠦ᠂ ᠦᠪᠯᠡᠨ ᠤᠯᠠᠮᠵᠢᠯᠠᠭᠴᠢ ᠶᠢᠨ ᠲᠦᠯᠦᠬᠡᠯᠡᠭᠴᠢ ᠴᠢᠨᠠᠷ ᠪᠠ ᠨᠦᠯᠦᠬᠡᠯᠡᠬᠦ ᠬᠦᠴᠦᠨ ᠢ ᠬᠡᠷᠬᠢᠨ ᠪᠠᠳᠠᠷᠠᠭᠤᠯᠬᠤ᠂ ᠦᠨᠳᠦᠰᠦᠳᠡᠨ ᠤ ᠦᠪ ᠰᠤᠶᠤᠯ ᠤᠨ ᠠᠵᠢᠯᠯᠠᠭᠠᠨ ᠢ ᠢᠳᠡᠪᠬᠢᠳᠠᠢ ᠦᠷᠨᠢᠬᠦᠯᠬᠦ ᠲᠠᠯ᠎ᠠ ᠠᠴᠠ ᠶᠠᠷᠢᠶ᠎ᠠ ᠲᠠᠶᠢᠯᠤᠮᠵᠢ ᠬᠢᠵᠤ᠂ ᠦᠪ ᠰᠤᠶᠤᠯ ᠤᠨ ᠤᠯᠠᠮᠵᠢᠯᠠᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠬᠦᠮᠦᠵᠢᠬᠦᠯᠬᠦ᠂ ᠠᠷᠠᠳ ᠤᠨ ᠰᠤᠶᠤᠯ ᠤᠷᠠᠯᠢᠭ ᠤᠨ ᠰᠢᠯᠢᠳᠡᠭ ᠴᠢᠳᠠᠪᠤᠷᠢᠳᠠᠨ ᠢ ᠬᠦᠮᠦᠵᠢᠬᠦᠯᠬᠦ ᠳᠤ ᠰᠠᠭᠤᠷᠢ ᠲᠠᠯᠪᠢᠭᠰᠠᠨ ᠨᠢᠬᠡ ᠤᠳᠠᠭᠠᠨ ᠤ ᠪᠤᠯᠪᠠᠰᠤᠷᠠᠯ ᠪᠤᠯᠤᠭᠰᠠᠨ ᠪᠠᠶᠢᠨ᠎ᠠ᠃        ᠲᠤᠰ ᠤᠳᠠᠭᠠᠨ ᠤ ᠪᠤᠯᠪᠠᠰᠤᠷᠠᠯ ᠢ ᠦᠪᠡᠷᠳᠡᠬᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠠᠯᠠᠯᠳᠠ ᠶᠢᠨ ᠲᠦᠪ ᠠᠴᠠ ᠭᠤᠤᠯᠴᠢᠯᠠᠨ ᠡᠷᠬᠢᠯᠡᠵᠤ᠂ ᠤᠯᠠᠭᠠᠨᠬᠠᠳᠠ ᠬᠤᠳᠠ ᠶᠢᠨ ᠮᠤᠩᠭᠤᠯ ᠦᠨᠳᠦᠰᠦᠳᠡᠨ ᠤ ᠰᠤᠶᠤᠯ ᠤᠨ ᠦᠪ ᠤᠨ ᠰᠤᠳᠤᠯᠭᠠᠨ ᠤ ᠲᠦᠪ᠂ ᠤᠯᠠᠭᠠᠨᠬᠠᠳᠠ ᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠪ᠂ ᠪᠠᠭᠠᠷᠢᠨ ᠪᠠᠷᠠᠭᠤᠨ ᠬᠤᠰᠢᠭᠤᠨ ᠤ ᠬᠡᠰᠡᠷ ᠰᠤᠶᠤᠯ ᠢ ᠰᠤᠳᠤᠯᠤᠨ ᠬᠦᠭᠵᠢᠬᠦᠯᠬᠦ ᠲᠦᠪ ᠠᠴᠠ ᠲᠠᠭᠠᠭᠠᠴᠢᠯᠠᠨ ᠡᠷᠬᠢᠯᠡᠵᠤ᠂ ᠪᠤᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠠᠢ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号