| 5 ᠰᠠᠷ᠎ᠠ ᠶᠢᠨ 15 ᠤ ᠡᠳᠦᠷ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠭᠠᠶᠢᠯᠢ ᠮᠦᠩᠭᠦᠨ | ᠭᠦᠢᠯᠭᠡᠭᠡᠨ ᠤ ᠠᠵᠢᠯ ᠤᠨ ᠤᠳᠤᠷᠢᠳᠬᠤ ᠳᠤᠭᠤᠢᠢᠯᠠᠩ ᠪᠦᠬᠦ ᠤᠷᠤᠨ ᠤ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ | ᠦᠭᠡᠢ ᠪᠠᠶᠢᠳᠠᠯ ᠢ ᠴᠡᠭᠴᠡᠯᠡᠨ ᠵᠠᠰᠠᠬᠤ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠪᠦᠬᠦ ᠤᠷᠤᠨ ᠤ ᠳᠡᠭᠡᠳᠤ | ᠳᠤᠤᠷᠠᠳᠤ ᠱᠠᠳᠤ ᠪᠠᠷ ᠢᠶᠠᠨ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ | ᠠᠵᠢᠯ ᠢ ᠦᠨᠡᠨ ᠬᠦ ᠰᠠᠶᠢᠳᠤᠷ ᠠᠳᠬᠤᠵᠤ᠂ ᠬᠦᠨᠳᠦ ᠶᠡᠭᠡ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠬᠦ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠬᠤ ᠬᠡᠷᠡᠭᠳᠠᠢ ᠭᠡᠵᠤ | ᠳᠠᠶᠢᠴᠢᠯᠠᠵᠠᠢ᠃ | ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠤᠷᠤᠯᠴᠠᠵᠤ | ᠶᠠᠷᠢᠶ᠎ᠠ ᠲᠠᠯᠪᠢᠪᠠ᠃ | ᠬᠤᠸᠠᠩ ᡁᠢ ᠴᠢᠶᠠᠩ᠂ ᠠᠷᠠᠳ ᠲᠦᠮᠡᠨ ᠢᠶᠠᠷ ᠭᠤᠤᠯ ᠪᠤᠯᠭᠠᠵᠤ᠂ ᠤᠯᠠᠨ ᠲᠦᠮᠡᠨ ᠤ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠬᠤ ᠦᠨᠳᠦᠷᠴᠡ ᠳᠤ ᠵᠤᠭᠰᠤᠵᠤ᠂ ᠭᠤᠷᠪᠠᠨ ᠶᠡᠭᠡ ᠪᠤᠭᠤᠮᠳᠠ ᠰᠢᠪᠳᠤᠯᠬᠤ | ᠳᠠᠶᠢᠯᠠᠯᠳᠤᠭᠠᠨ ᠢ ᠰᠠᠶᠢᠳᠤᠷ ᠬᠢᠵᠤ᠂ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠦᠨᠳᠦᠷᠴᠡ ᠳᠤ | ᠵᠤᠭᠰᠤᠵᠤ᠂ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠡᠭᠦᠷᠭᠡ ᠶᠢᠨ | ᠪᠠᠴᠢᠮ ᠲᠤᠯᠭᠠᠮ ᠪᠤᠳᠤᠯ᠂ ᠬᠠᠷᠢᠭᠤᠴᠠᠯᠭᠠᠳᠤ ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ᠡᠯ᠎ᠠ ᠵᠦᠢᠯ ᠤᠨ | ᠴᠡᠭᠴᠡᠯᠡᠨ ᠵᠠᠰᠠᠬᠤ ᠡᠭᠦᠷᠭᠡ ᠶᠢ ᠲᠤᠭᠳᠠᠭᠰᠠᠨ ᠬᠤᠭᠤᠴᠠᠭᠠᠨ ᠳᠠᠭᠠᠨ ᠴᠢᠨᠠᠷᠯᠢᠭ ᠪᠡᠶᠡᠯᠡᠭᠦᠯᠬᠦ ᠬᠡᠷᠡᠭᠳᠠᠢ ᠭᠡᠵᠤ | ᠵᠢᠭᠠᠵᠤ ᠭᠠᠷᠭᠠᠪᠠ᠃ | ᠬᠤᠸᠠᠩ ᡁᠢ ᠴᠢᠶᠠᠩ᠂ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ | ᠵᠠᠰᠠᠬᠤ ᠠᠵᠢᠯ ᠢ ᠰᠠᠶᠢᠳᠤᠷ ᠬᠢᠬᠦ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠳᠠᠯᠠᠵᠤ᠂ ᠬᠠᠤᠯᠢ ᠪᠤᠰᠤ ᠪᠠᠷ ᠪᠡᠯᠡ ᠮᠦᠩᠭᠦ ᠬᠤᠷᠠᠮᠳᠤᠭᠤᠯᠬᠤ᠂ ᠰᠦᠯᠵᠢᠶᠡᠨ ᠤ ᠵᠢᠭᠡᠯᠡᠯᠭᠡ ᠶᠢᠨ | ᠪᠠᠶᠢᠭᠤᠯᠤᠮᠵᠢ ᠶᠢ ᠲᠦᠷᠦᠯ ᠬᠤᠪᠢᠶᠠᠨ ᠠᠷᠢᠯᠭᠠᠬᠤ᠂ ᠠᠷᠠᠯᠵᠢᠶᠠᠨ ᠤ ᠲᠠᠯᠠᠪᠤᠷ ᠢ ᠵᠠᠰᠠᠨ ᠴᠡᠭᠴᠡᠯᠡᠬᠦ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠢ ᠦᠷᠭᠦᠯᠵᠢᠯᠡᠨ ᠠᠬᠢᠭᠤᠯᠬᠤ᠂ ᠮᠠᠯᠵᠢᠬᠤ ᠲᠠᠷᠢᠶᠠᠯᠠᠬᠤ ᠤᠷᠤᠨ ᠤ | ᠦᠨᠳᠦᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠵᠡᠷᠭᠡ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠢ | ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠠᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ | ᠡᠮᠬᠢ ᠵᠠᠮᠪᠠᠷᠠᠭ᠎ᠠ ᠦᠭᠡᠢ ᠪᠠᠶᠢᠳᠠᠯ ᠢ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠬᠤ᠂ ᠬᠢᠨᠠᠨ ᠬᠡᠮᠵᠢᠵᠤ ᠰᠡᠷᠡᠮᠵᠢᠯᠡᠭᠦᠯᠬᠦ | ᠂ ᠬᠠᠮᠵᠢᠯᠴᠠᠨ ᠰᠢᠢᠳᠪᠦᠷᠢᠯᠡᠬᠦ᠂ ᠤᠬᠠᠭᠤᠯᠤᠨ ᠬᠦᠮᠦᠵᠢᠭᠦᠯᠬᠦ ᠵᠡᠷᠭᠡ ᠤᠷᠳᠤ ᠬᠤᠭᠤᠴᠠᠭᠠᠨ ᠤ ᠪᠦᠲᠦᠮᠵᠢᠳᠠᠢ | ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠮᠬᠢ ᠵᠠᠮᠪᠠᠷᠠᠭ᠎ᠠ ᠦᠭᠡᠢ ᠪᠠᠶᠢᠳᠠᠯ ᠢ ᠵᠠᠰᠠᠬᠤ ᠬᠠᠤᠯᠢ ᠶᠢ | ᠲᠤᠭᠳᠠᠭᠠᠬᠤ ᠠᠬᠢᠴᠠ ᠶᠢ ᠲᠦᠷᠭᠡᠳᠭᠡᠵᠤ᠂ ᠲᠦᠭᠡᠮᠡᠯ ᠠᠰᠢᠭ ᠬᠦᠷᠳᠡᠭᠡᠬᠦ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠨᠡᠮᠡᠭᠳᠡᠭᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠬᠤᠤᠰ ᠢᠯᠠᠯᠳᠠ ᠶᠢ ᠤᠯᠬᠤ ᠳᠤ ᠰᠢᠨ᠎ᠠ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠳᠠᠢ ᠭᠡᠵᠤ ᠱᠠᠭᠠᠷᠳᠠᠪᠠ᠃ |