| 5 ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠯᠲᠡ ᠠᠷᠠᠯᠵᠢᠶᠠᠨ ᠤ ᠣᠷᠴᠢᠨ ᠠᠬᠤᠢ ᠶᠢ ᠰᠢᠯᠢᠳᠡᠭᠵᠢᠭᠦᠯᠬᠦ | ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠸᠠᠩ ᠸᠠᠩ ᠱᠧᠩ ᠬᠤᠷᠠᠯ ᠡᠷᠭᠢᠯᠡᠭᠰᠡᠨ ᠪᠦᠭᠡᠳ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠤ᠂ ᠬᠤᠲᠠ ᠶᠢᠨ | ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠣᠯᠴᠠᠵᠠᠶ᠃ | ᠸᠠᠩ ᠸᠠᠩ ᠱᠧᠩ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ | ᠡᠵᠡᠩᠨᠡᠯᠲᠡ ᠠᠷᠠᠯᠵᠢᠶᠠᠨ ᠤ ᠣᠷᠴᠢᠨ ᠠᠬᠤᠢ ᠶᠢ ᠰᠢᠯᠢᠳᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠠ ᠥᠪᠡᠷᠳᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠠᠷᠭ᠎ᠠ ᠬᠡᠮᠵᠢᠶ᠎ᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠴᠢᠩᠭᠠᠳᠬᠠᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ | ᠡᠨᠡ ᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ | ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭᠠᠨ ᠤ ᠤᠬᠠᠮᠰᠠᠷ ᠢᠶᠠᠷ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠡᠵᠡᠩᠨᠡᠯᠲᠡ ᠠᠷᠠᠯᠵᠢᠶᠠᠨ ᠤ ᠣᠷᠴᠢᠨ | ᠠᠬᠤᠢ ᠶᠢ ᠰᠢᠯᠢᠳᠡᠭᠵᠢᠭᠦᠯᠬᠦ ᠠᠵᠢᠯ ᠢ ᠭᠦᠨᠵᠡᠭᠡᠶᠢᠷᠡᠭᠦᠯᠦᠨ ᠥᠷᠨᠢᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃ | ᠸᠠᠩ ᠸᠠᠩ ᠱᠧᠩ᠂ ᠡᠵᠡᠩᠨᠡᠯᠲᠡ ᠠᠷᠠᠯᠵᠢᠶᠠᠨ ᠤ ᠣᠷᠴᠢᠨ ᠠᠬᠤᠢ ᠶᠢ ᠰᠢᠯᠢᠳᠡᠭᠵᠢᠭᠦᠯᠬᠦ ᠳᠤ ᠡᠷᠬᠡᠪᠰᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠬᠦᠴᠦᠲᠡᠶ ᠰᠢᠪᠲᠤᠯᠤᠯᠲᠠ ᠬᠢᠬᠦ ᠬᠡᠷᠡᠭᠲᠡᠶ᠃ ᠡᠵᠡᠩᠨᠡᠯᠲᠡ ᠠᠷᠠᠯᠵᠢᠶᠠᠨ ᠤ ᠣᠷᠴᠢᠨ ᠠᠬᠤᠢ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠯ᠎ᠠ ᠶᠢᠨ ᠠᠯᠪᠠᠨ ᠨᠡᠪᠲᠡᠷᠡᠭᠦᠯᠭᠡ ᠳᠤ ᠵᠢᠭᠠᠵᠤ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ | ᠵᠣᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ᠂ | ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ | ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠡᠯ᠎ᠡ | ᠲᠥᠷᠥᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠭᠠᠷᠬᠤ ᠶᠢ ᠡᠷᠡᠰ ᠬᠤᠷᠢᠭᠯᠠᠵᠤ᠂ ᠬᠢᠨᠠᠨ | ᠵᠥᠪᠰᠢᠶᠡᠷᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡᠳᠬᠡᠭᠰᠡᠨ ᠰᠦᠯᠵᠢᠶ᠎ᠡ︾ ᠶᠢ ᠲᠦᠷᠭᠡᠪᠴᠢᠯᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠲᠦᠭᠵᠢᠷᠡᠯ︾ ᠢ ᠦᠨᠡᠨᠬᠦ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ | ᠢᠲᠡᠭᠡᠮᠵᠢᠲᠦ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ᠳᠣᠲᠣᠨᠣ︾ ︽ᠴᠢᠬᠡᠴᠢ︾ ᠰᠢᠨ᠎ᠡ | ᠮᠠᠶ᠋ᠢᠭ ᠤᠨ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠬᠤ ᠬᠡᠷᠡᠭᠳᠡᠢ ᠭᠡᠵᠦ ᠴᠢᠬᠤᠴᠢᠯᠠᠪᠠ | ᠃ | ᠸᠠᠩ ᠸᠠᠩ ᠱᠧᠩ᠂ ᠬᠤᠲᠠ ᠬᠤᠰᠢᠭᠤ ᠬᠤᠶᠠᠷ ᠱᠠᠲᠤ ᠪᠣᠯᠤᠨ ᠲᠦᠷᠦᠭᠦᠯᠡᠬᠦ ᠰᠠᠯᠠᠭ᠎ᠠ ᠮᠥᠴᠢᠷ ᠤᠳ ᠤᠨ | ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠴᠢᠩᠭ᠎ᠠ ᠬᠦᠴᠦᠲᠡᠶ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠷ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠰᠠᠯᠠᠭ᠎ᠠ ᠮᠥᠴᠢᠷ ᠤᠳ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠡᠵᠡᠩᠨᠡᠯᠲᠡ ᠠᠷᠠᠯᠵᠢᠶᠠᠨ ᠤ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠤᠨ ᠰᠠᠯᠠᠭ᠎ᠠ ᠮᠥᠴᠢᠷ ᠤᠳ ᠤᠨ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ | ᠰᠢᠢᠳᠪᠦᠷᠢᠯᠡᠵᠦ᠂ ᠪᠦᠬᠦᠯᠢ ᠴᠣᠭᠴᠠ ᠶᠢᠨ ᠬᠠᠮᠵᠢᠯᠴᠠᠬᠤ ᠦᠢᠯᠡᠳᠦᠯ ᠢ ᠦᠨᠡᠨᠬᠦ ᠪᠤᠢ ᠪᠣᠯᠭᠠᠨ᠎ᠠ᠃ ᠬᠢᠨᠠᠨ ᠰᠢᠯᠭᠠᠵᠤ | ᠦᠷ᠎ᠡ ᠪᠦᠲᠦᠮᠵᠢ ᠶᠢ ᠠᠰᠠᠭᠤᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ | ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠬᠦ᠂ ᠵᠥᠪ ᠲᠠᠯ᠎ᠠ ᠶᠢᠨ ᠤᠬᠠᠭᠤᠯᠭ᠎ᠠ ᠬᠢᠬᠦ᠂ ᠵᠠᠭᠤᠴᠢᠯᠠᠭᠤᠷ ᠤᠨ | ᠬᠢᠨᠠᠯᠲᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠵᠡᠩᠨᠡᠯᠲᠡ ᠠᠷᠠᠯᠵᠢᠶᠠᠨ ᠤ ᠣᠷᠴᠢᠨ ᠠᠬᠤᠢ ᠶᠢ | ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠸᠠᠩ ᠸᠠᠩ ᠱᠧᠩ ᠪᠠᠰᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠳᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ᠂ ᠤᠯᠤᠰ ᠤᠨ ᠵᠢᠭᠡᠯᠡᠯᠭᠡ ᠶᠢ ᠲᠡᠮᠡᠴᠡᠨ ᠤᠯᠬᠤ᠂ ᠪᠠᠶᠢᠩᠭᠤᠵᠢᠭᠰᠠᠨ ᠬᠢᠵᠢᠭ ᠢ | ᠰᠡᠷᠭᠡᠶᠢᠯᠡᠨ ᠡᠵᠡᠮᠳᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | | ᠬᠤᠷᠠᠯ ᠢ ᠳᠥᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠬᠤᠷᠠᠯᠳᠤᠭᠤᠯᠪᠠ᠃ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠭᠤᠣᠯ ᠬᠠᠷᠢᠭᠤᠴᠠᠯᠭᠠᠲᠠᠨ ᠨᠠᠷ ᠭᠤᠣᠯ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ | ᠭᠠᠷᠭᠠᠪᠠ᠃ | |