ᠪᠡᠭᠡᠵᠢᠩ ᠬᠤᠲᠠ ᠶᠢᠨ ᠶᠠᠳᠠᠭᠤ ᠶᠢ ᠲᠡᠳᠬᠦᠵᠦ ᠲᠤᠰᠠᠯᠠᠬᠤ ᠠᠯᠪᠠᠨ ᠬᠡᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/5/22
       5 ᠰᠠᠷ᠎ᠠ ᠶᠢᠨ 21 ᠤ ᠡᠳᠦᠷ᠂ ᠪᠡᠭᠡᠵᠢᠩ ᠬᠤᠲᠠ ᠶᠢᠨ ᠶᠠᠳᠠᠭᠤ ᠶᠢ ᠲᠡᠳᠬᠦᠵᠦ ᠲᠤᠰᠠᠯᠠᠬᠤ ᠠᠯᠪᠠᠨ ᠭᠡᠷ ᠮᠠᠨ ᠤ ᠬᠤᠲᠠ ᠳᠤ ᠢᠷᠠᠵᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠤᠷᠠᠯᠳᠤᠵᠤ᠂ ᠪᠡᠭᠡᠵᠢᠩ ᠤᠯᠠᠭᠠᠨᠬᠠᠳᠠ ᠬᠤᠶᠠᠷ ᠲᠠᠯ᠎ᠠ ᠪᠠᠷ ᠢᠶᠠᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠰᠠᠶᠢᠲᠤᠷ ᠥᠷᠨᠢᠭᠦᠯᠬᠦ ᠲᠤᠬᠠᠶ ᠭᠦᠨᠵᠡᠭᠡᠶ ᠰᠣᠯᠢᠯᠴᠠᠭ᠎ᠠ ᠬᠢᠵᠦ᠂ ᠲᠤᠬᠠᠶ ᠶᠢᠨ ᠲᠠᠯᠠᠪᠠᠢ ᠳᠤ 11 ᠵᠦᠢᠯ ᠤᠨ ᠶᠠᠳᠠᠭᠤ ᠶᠢ ᠲᠡᠳᠬᠦᠬᠦ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠶᠠᠷ ᠭᠠᠵᠠᠷ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠪᠦᠲᠦᠮᠵᠢᠲᠡᠢ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠪᠡ᠃        ᠪᠡᠭᠡᠵᠢᠩ ᠬᠤᠳᠠ ᠶᠢᠨ ᠶᠠᠳᠠᠭᠤ ᠶᠢ ᠲᠡᠳᠬᠦᠵᠦ ᠲᠤᠰᠠᠯᠠᠬᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠠ ᠰᠢᠨ ᠮᠢᠩ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠷᠦᠩ ᠡᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠣᠣ ᠶᠦᠩ ᠪᠥᠸᠧ᠂ ᠤᠯᠠᠭᠠᠨᠬᠠᠳᠠ ᠬᠤᠲᠠ ᠶᠢᠨ ᠤᠳᠤᠷᠢᠳᠤᠯᠭ᠎ᠠ ᠸᠠᠩ ᠸᠠᠩ ᠱᠧᠩ᠂ ᠸᠠᠩ ᠰᠢᠶᠤᠤ ᠳ᠋ᠦᠩ᠂ ᠸᠠᠩ ᠭᠦᠸᠧ ᠰᠧᠨ ᠶᠠᠷᠢᠯᠴᠠᠬᠤ ᠬᠤᠷᠠᠯ ᠳᠤ ᠣᠷᠣᠯᠴᠠᠪᠠ᠃        ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠶᠠᠷᠢᠯᠴᠠᠬᠤ ᠬᠤᠷᠠᠯ ᠳᠤ ᠶᠣᠰᠣᠯᠠᠯ ᠤᠨ ᠶᠠᠷᠢᠶ᠎ᠠ ᠲᠠᠯᠪᠢᠵᠤ᠂ ᠪᠡᠭᠡᠵᠢᠩ ᠬᠤᠲᠠ ᠶᠢᠨ ᠣᠷᠳᠣ ᠬᠤᠭᠤᠴᠠᠭᠠᠨ ᠤ ᠲᠤᠷᠰᠢ ᠤᠯᠠᠭᠠᠨᠬᠠᠳᠠ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠡᠭᠡᠵᠢᠩ ᠬᠤᠲᠠ ᠶᠢᠨ ᠶᠠᠳᠠᠭᠤ ᠶᠢ ᠲᠡᠳᠬᠦᠵᠦ ᠲᠤᠰᠠᠯᠠᠬᠤ ᠠᠯᠪᠠᠨ ᠭᠡᠷ ᠤᠨ ᠬᠦᠴᠦᠲᠡᠶ ᠠᠬᠢᠭᠤᠯᠤᠯ ᠳᠣᠤᠷ᠎ᠠ᠂ ᠪᠡᠭᠡᠵᠢᠩ ᠤᠯᠠᠭᠠᠨᠬᠠᠳᠠ ᠬᠤᠶᠠᠷ ᠭᠠᠵᠠᠷ ᠤᠨ ᠣᠯᠠᠨ ᠳᠡᠰ ᠳᠠᠪᠬᠤᠷᠭ᠎ᠠ᠂ ᠪᠦᠬᠦ ᠲᠠᠯ᠎ᠠ ᠶᠢᠨ ᠬᠠᠮᠵᠢᠯᠴᠠᠬᠤ ᠲᠣᠭᠲᠠᠴᠠ ᠨᠢᠭᠡᠨᠲᠡ ᠪᠦᠷᠢᠯᠳᠦᠵᠦ᠂ ᠠᠵᠤ ᠦᠢᠯᠡᠰ ᠤᠨ ᠬᠠᠮᠲᠤᠷᠠᠯᠴᠠᠭ᠎ᠠ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ᠂ ᠰᠣᠶᠣᠯ ᠤᠨ ᠰᠣᠯᠢᠯᠴᠠᠭ᠎ᠠ᠂ ᠴᠢᠳᠠᠪᠤᠷᠢᠲᠠᠨ ᠢᠶᠠᠷ ᠲᠤᠰᠠᠯᠠᠬᠤ᠂ ᠪᠡᠯᠡ ᠮᠥᠩᠭᠦ ᠲᠥᠷᠥᠯ ᠵᠦᠢᠯ ᠢ ᠳᠡᠮᠵᠢᠬᠦ ᠵᠡᠷᠭᠡ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠦᠷᠢᠶᠡᠨ ᠳᠤ ᠡᠳᠦᠷ ᠢᠷᠡᠬᠦᠶ᠎ᠡ ᠢᠯᠡᠳᠲᠡ ᠠᠮᠵᠢᠯᠲᠠ ᠪᠦᠲᠦᠮᠵᠢ ᠤᠯᠪᠠ᠃ ᠤᠯᠠᠭᠠᠨᠬᠠᠳᠠ ᠬᠤᠲᠠ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠢᠮᠣᠴᠢᠯᠠᠭᠰᠠᠨ ᠲᠣᠬᠢᠷᠠᠯᠴᠠᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠠᠯᠢ ᠲᠦᠷᠭᠡᠨ ᠢᠶᠠᠷ ᠪᠠᠷᠢᠯᠭ᠎ᠠ ᠡᠬᠢᠯᠡᠭᠦᠯᠵᠦ᠂ ᠦᠷ᠎ᠡ ᠪᠦᠲᠦᠮᠵᠢ ᠲᠠᠢ ᠪᠣᠯᠭᠠᠵᠤ᠂ ᠬᠠᠪᠰᠤᠷᠤᠨ ᠲᠡᠳᠬᠦᠬᠦ ᠪᠡᠯᠡ ᠮᠥᠩᠭᠦ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠳᠡᠭᠡᠷ᠎ᠡ ᠬᠡᠷᠡᠭᠯᠡᠬᠦ ᠶᠢ ᠦᠨᠡᠨᠬᠦ ᠪᠠᠲᠤᠯᠠᠵᠤ᠂ ᠬᠠᠮᠤᠭ ᠤᠨ ᠶᠡᠭᠡ ᠦᠷ᠎ᠡ ᠠᠰᠢᠭ ᠭᠠᠷᠭᠠᠬᠤ ᠶᠢ ᠪᠠᠳᠠᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠪᠡᠭᠡᠵᠢᠩ ᠤᠯᠠᠭᠠᠨᠬᠠᠳᠠ ᠬᠤᠶᠠᠷ ᠭᠠᠵᠠᠷ ᠤᠨ ᠬᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠷ ᠭᠠᠵᠠᠷ ᠤᠨ ᠬᠠᠮᠵᠢᠯᠴᠠᠭ᠎ᠠ ᠰᠣᠯᠢᠯᠴᠠᠭᠠᠨ ᠤ ᠥᠷᠭᠡᠴᠡ ᠭᠦᠨᠴᠡ ᠶᠢ ᠦᠷᠭᠦᠯᠵᠢᠯᠡᠨ ᠥᠷᠭᠡᠳᠬᠡᠵᠦ᠂ ᠳᠠᠪᠠᠭᠤᠯᠢᠭ ᠢᠶᠠᠨ ᠬᠠᠮᠲᠤᠪᠠᠷ ᠨᠥᠬᠦᠪᠦᠷᠢᠯᠡᠬᠦ᠂ ᠬᠠᠮᠲᠤ ᠪᠠᠷ ᠠᠰᠢᠭ ᠬᠦᠷᠲᠡᠬᠦ ᠶᠢ ᠬᠠᠮᠤᠭ ᠶᠡᠭᠡ ᠬᠡᠮᠵᠢᠶ᠎ᠡ ᠪᠠᠷ ᠪᠡᠶᠡᠯᠡᠭᠦᠯᠦᠨ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠰᠢᠨ᠎ᠡ ᠳᠡᠭᠲᠡᠷ ᠲᠤ ᠭᠠᠷᠴᠤ᠂ ᠰᠢᠨ᠎ᠡ ᠲᠦᠪᠰᠢᠨ ᠳᠤ ᠬᠦᠷᠬᠦ ᠶᠢ ᠠᠬᠢᠭᠤᠯᠤᠨ᠎ᠠ᠃        ᠶᠣᠣ ᠶᠥᠩ ᠪᠥᠸᠧ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠲᠡᠷᠡ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠡᠯᠡ ᠮᠥᠩᠭᠦ ᠶᠢ ᠰᠠᠶᠢᠲᠤᠷ ᠬᠠᠮᠢᠶᠠᠷᠤᠨ ᠬᠡᠷᠡᠭᠯᠡᠵᠦ᠂ ᠪᠡᠭᠡᠵᠢᠩ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠡᠯ᠎ᠡ ᠭᠠᠵᠠᠷ ᠣᠷᠣᠨ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠶᠠᠳᠠᠭᠤ ᠬᠦᠴᠢᠷᠳᠡᠯ ᠤᠨ ᠬᠥᠪᠡᠭᠡ ᠵᠠᠬ᠎ᠠ ᠶᠢᠨ ᠡᠷᠦᠬᠡ ᠪᠠ ᠳᠠᠬᠢᠨ ᠶᠠᠳᠠᠭᠤᠷᠠᠭᠰᠠᠨ ᠡᠷᠦᠬᠡ ᠶᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠦᠷᠭᠦᠯᠵᠢᠯᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠵᠤ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠪᠠ᠃        ᠮᠠ ᠰᠢᠨ ᠮᠢᠩ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠡᠷᠲᠡ᠂ ᠡᠭᠦᠷᠭᠡ ᠪᠠᠭᠤᠯᠭᠠᠭᠰᠠᠨ ᠨᠢ ᠡᠷᠲᠡ᠂ ᠪᠠᠯᠠ ᠮᠥᠩᠭᠦ ᠪᠠᠭᠤᠯᠭᠠᠨ ᠥᠭᠭᠦᠭᠰᠡᠨ ᠨᠢ ᠡᠷᠲᠡ᠂ ᠤᠯᠠᠭᠠᠨᠬᠠᠳᠠ ᠬᠤᠲᠠ ᠱᠠᠯᠠᠪᠳᠠᠨ ᠵᠣᠯᠭᠠᠭᠤᠯᠵᠤ᠂ ᠬᠠᠪᠰᠤᠷᠤᠨ ᠲᠡᠳᠬᠦᠬᠦ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠵᠡᠶ᠃ ᠪᠡᠭᠡᠵᠢᠩ ᠬᠤᠲᠠ ᠶᠢᠨ ᠶᠠᠳᠠᠭᠤ ᠶᠢ ᠲᠡᠳᠬᠦᠬᠦ ᠶᠢ ᠲᠤᠰᠠᠯᠠᠬᠤ ᠠᠯᠪᠠᠨ ᠭᠡᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠠ ᠲᠥᠷᠥᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳ᠋ᠦᠩᠨᠡᠨ ᠤᠬᠠᠭᠤᠯᠬᠤ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠳᠤ ᠬᠦᠴᠦ ᠨᠡᠮᠡᠷᠢᠯᠡᠬᠦ ᠬᠡᠷᠡᠭᠲᠡᠶ ᠭᠡᠵᠦ ᠶᠠᠷᠢᠶᠠᠨ ᠳᠠᠭᠠᠨ ᠴᠢᠬᠤᠯᠠᠴᠢᠯᠠᠪᠠ᠃        ᠬᠤᠷᠠᠯ ᠳᠡᠭᠡᠷ᠎ᠡ᠂ ᠪᠡᠭᠡᠵᠢᠩ ᠤᠨ ᠱᠠᠩ ᠺᠦᠨ ᠰᠤᠷᠭᠠᠨ ᠬᠥᠮᠦᠵᠢᠯ ᠤᠨ ᠬᠤᠪᠢ ᠡᠵᠡᠮᠳᠡᠭᠰᠡᠨ ᠪᠦᠯᠦᠭᠯᠡᠯ ᠵᠡᠷᠭᠡ ᠠᠵᠤ ᠠᠬᠤᠶᠢᠯᠠᠯ ᠨᠢ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ ᠵᠢᠴᠢ ᠮᠠᠨ ᠤ ᠬᠤᠲᠠ ᠶᠢᠨ ᠬᠠᠮᠢᠶ᠎ᠠ ᠪᠥᠬᠦᠶ ᠭᠠᠵᠠᠷ ᠣᠷᠣᠨ ᠯᠤᠭ᠎ᠠ 11 ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠣᠯᠠᠨ ᠬᠦᠷᠢᠶᠡᠨ ᠳᠤ ᠬᠤᠯᠪᠣᠭᠳᠠᠵᠠᠶ᠃        ᠪᠡᠭᠡᠵᠢᠩ ᠬᠤᠲᠠ ᠶᠢᠨ ᠶᠠᠳᠠᠭᠤ ᠶᠢ ᠲᠡᠳᠬᠦᠬᠦ ᠲᠤᠰᠠᠯᠠᠮᠵᠢ ᠶᠢᠨ ᠠᠯᠪᠠᠨ ᠬᠡᠷ ᠵᠢᠴᠢ ᠬᠠᠮᠢᠶ᠎ᠠ ᠪᠥᠬᠦᠶ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ᠂ ᠬᠤᠲᠠ ᠶᠢᠨ ᠰᠢᠭᠤᠳ ᠬᠠᠷᠢᠶ᠎ᠠ ᠪᠠ ᠬᠠᠮᠢᠶ᠎ᠠ ᠪᠥᠬᠦᠶ ᠬᠤᠰᠢᠭᠤ ᠰᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号