ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠯᠠᠭᠠᠨᠬᠠᠳᠠ ᠬᠤᠲᠠ ᠶᠢᠨ ᠬᠤᠯᠤᠭᠠᠨ᠎ᠠ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020-05-22
                 ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2020﹈ 6 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠦᠪᠯᠡᠯ ᠠᠯᠪᠠᠨ ᠭᠡᠷ ᠲᠤᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄        ︽ᠤᠯᠠᠭᠠᠨᠬᠠᠳᠠ ᠬᠤᠲᠠ ᠶᠢᠨ ᠬᠤᠯᠤᠭᠠᠨ᠎ᠠ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                              2020 ᠣᠨ ᠤ 3 ᠰᠠᠷ᠎ᠠ ᠶᠢᠨ 10 ᠤ ᠡᠳᠦᠷ                              ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                  ᠤᠯᠠᠭᠠᠨᠬᠠᠳᠠ ᠬᠤᠲᠠ ᠶᠢᠨ ᠬᠤᠯᠤᠭᠠᠨ᠎ᠠ ᠬᠢᠵᠢᠭ ᠢ ᠬᠢᠵᠠᠭᠠᠷᠯᠠᠬᠤ                  ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ        1. ᠶᠡᠷᠦᠩᠬᠡᠶ ᠳᠦᠷᠢᠮ        1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ        ᠬᠤᠯᠤᠭᠠᠨ᠎ᠠ ᠬᠢᠵᠢᠭ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ᠂ ᠲᠦᠷᠭᠡᠨ ᠠᠷᠭᠠᠴᠠᠵᠤ᠂ ᠴᠠᠭ ᠳᠤᠬᠠᠢ ᠳᠤᠨᠢ ᠪᠦᠲᠦᠮᠵᠢᠲᠠᠢ ᠬᠢᠵᠠᠭᠠᠷᠯᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠂ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃        1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠤᠯᠤᠰ ᠤᠨ ᠬᠤᠯᠤᠭᠠᠨ᠎ᠠ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠬᠢᠵᠢᠭ ᠢ ᠬᠢᠵᠠᠭᠠᠷᠯᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠡᠯᠡᠳᠬᠡᠯ ᠳᠦᠰᠤᠯ︾ ᠵᠡᠷᠭᠡ ᠬᠠᠤᠯᠢ ᠲᠣᠭᠲᠠᠭᠠᠯ ᠪᠣᠯᠤᠨ ᠬᠠᠮᠢᠶ᠎ᠠ ᠪᠦᠬᠦᠢ ᠪᠡᠯᠡᠳᠬᠡᠯ ᠲᠥᠰᠦᠯ᠃        1.3 ᠠᠵᠢᠯ ᠤᠨ ᠵᠠᠷᠴᠢᠮ        ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠳᠪᠦᠷᠢᠯᠡᠬᠦ ᠠᠵᠢᠯ ᠨᠢ ᠬᠥᠮᠦᠨ ᠢᠶᠠᠷ ᠦᠨᠳᠦᠰᠦ ᠪᠣᠯᠭᠠᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠠᠷᠭᠠᠴᠠᠬᠤ ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ᠂ ᠤᠬᠠᠭᠤᠯᠭ᠎ᠠ ᠪᠠᠨ ᠴᠢᠩᠭᠠᠳᠬᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠲᠦᠷᠭᠡᠨ ᠲᠤᠰᠬᠠᠯ ᠭᠠᠷᠬᠤ᠂ ᠬᠦᠴᠦᠲᠡᠶ ᠪᠠᠲᠤᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃        1.4 ᠬᠡᠷᠡᠭᠯᠡᠬᠦ ᠬᠡᠪᠴᠢᠶ᠎ᠡ        ᠲᠣᠰ ᠪᠡᠯᠡᠳᠬᠡᠯ ᠲᠥᠰᠦᠯ ᠢ ᠤᠯᠠᠭᠠᠨᠬᠠᠳᠠ ᠬᠤᠲᠠ ᠶᠢᠨ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠪᠡᠯᠡᠳᠬᠡᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠬᠡᠷᠡᠭᠯᠡᠨ᠎ᠡ        1.5 ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ᠢ ᠳᠡᠰ ᠬᠤᠪᠢᠶᠠᠬᠤ        ᠬᠤᠯᠤᠭᠠᠨ᠎ᠠ ᠬᠢᠵᠢᠭ ᠭᠠᠷᠤᠭᠰᠠᠨ ᠭᠠᠵᠠᠷ᠂ ᠡᠪᠡᠳᠴᠢᠨ ᠤ ᠬᠡᠯᠪᠡᠷᠢ᠂ ᠵᠢᠱᠢᠶ᠎ᠡ ᠲᠤᠭ᠎ᠠ᠂ ᠳᠡᠯᠭᠡᠷᠡᠬᠦ ᠬᠡᠪᠴᠢᠶ᠎ᠡ ᠪᠣᠯᠤᠨ ᠬᠠᠨᠳᠤᠰᠢ ᠵᠢᠴᠢ ᠨᠡᠶᠢᠭᠡᠮ ᠳᠤ ᠤᠴᠠᠷᠠᠭᠤᠯᠬᠤ ᠬᠤᠤᠷ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ ᠂ ᠬᠦᠮᠦᠨ ᠤ ᠪᠡᠶ᠎ᠡ ᠶᠢᠨ ᠬᠤᠯᠤᠭᠠᠨ᠎ᠠ ᠬᠢᠵᠢᠭ ᠤᠨ ᠪᠠᠶᠢᠳᠠᠯ ᠢ ᠣᠨᠴᠠᠭᠠᠢ ᠬᠦᠨᠳᠦ ᠶᠡᠭᠡ ︵Ⅰ ᠳᠡᠰ︶᠂ ᠬᠦᠨᠳᠦ ᠶᠡᠭᠡ ︵Ⅱ ᠳᠡᠰ︶᠂ ᠨᠡᠯᠢᠶᠡᠳ ᠶᠡᠭᠡ ︵Ⅲ ᠳᠡᠰ︶ ᠪᠣᠯᠤᠨ ᠡᠩ ᠤᠨ ︵Ⅳ ᠳᠡᠰ︶ ᠳᠥᠷᠪᠡᠨ ᠳᠡᠰ ᠬᠤᠪᠢᠶᠠᠨ᠎ᠠ᠃        1.5.1 ᠬᠤᠯᠤᠭᠠᠨ᠎ᠠ ᠬᠢᠵᠢᠭ ᠤᠨ ᠣᠨᠴᠠᠭᠠᠶ ᠬᠦᠨᠳᠦ ᠶᠡᠭᠡ ᠬᠢᠵᠢᠭ ᠤᠨ ᠪᠠᠶᠢᠲᠠᠯ ︵Ⅰ ᠳᠡᠰ︶ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠣᠨᠴᠠᠭᠠᠶ ᠬᠦᠨᠳᠦ ᠶᠡᠭᠡ ᠬᠤᠯᠤᠭᠠᠨ᠎ᠠ ᠬᠢᠵᠢᠭ ᠤᠨ ᠪᠠᠶᠢᠳᠠᠯ        ︵Ⅰ ᠲᠠᠰ︶ ᠪᠣᠯᠤᠨ᠎ᠠ᠄ ︵1︶ ᠠᠭᠤᠰᠬᠢᠨ ᠤ ᠬᠤᠯᠤᠭᠠᠨ᠎ᠠ ᠬᠢᠵᠢᠭ ᠨᠢ ᠶᠡᠭᠡ᠂ ᠳᠤᠮᠳᠠ ᠬᠤᠲᠠ ᠳᠤ ᠡᠭᠦᠰᠦᠭᠰᠡᠨ ᠮᠦᠷᠲᠡᠭᠡᠨ ᠳᠡᠯᠭᠡᠷᠡᠬᠦ ᠬᠠᠨᠳᠤᠰᠢ ᠲᠠᠢ ᠪᠠᠶᠢᠬᠤ᠃        ︵2︶ ᠬᠤᠯᠪᠣᠭᠳᠠᠯ ᠪᠦᠬᠦᠢ ᠠᠭᠤᠰᠬᠢᠨ ᠤ ᠬᠤᠯᠤᠭᠠᠨ᠎ᠠ ᠬᠢᠵᠢᠭ ᠤᠨ ᠪᠠᠶᠢᠳᠠᠯ ᠨᠢ 2 ᠠᠴᠠ ᠳᠡᠭᠡᠭᠰᠢᠬᠢ ᠮᠤᠵᠢ ᠤᠷᠤᠨ ᠢ ᠨᠦᠯᠦᠭᠡᠯᠡᠭᠰᠡᠨ ᠮᠦᠷᠲᠡᠭᠡᠨ ᠤᠯᠠᠮ ᠴᠢᠨᠠᠭᠰᠢᠲᠠ ᠳᠡᠯᠭᠡᠷᠡᠬᠦ ᠬᠠᠨᠳᠤᠰᠢ ᠲᠠᠢ ᠪᠠᠶᠢᠬᠤ᠃        ︵3︶ ᠬᠤᠯᠤᠭᠠᠨ᠎ᠠ ᠬᠢᠵᠢᠭ ᠤᠨ ᠪᠠᠺᠲ᠋ᠧᠷᠢ ᠶᠢᠨ ᠶᠡᠭᠡ ᠬᠤᠤᠷᠲᠤ ᠰᠠᠭᠤᠷᠢ ᠭᠡᠭᠡᠭᠳᠡᠭᠰᠡᠨ ᠬᠡᠷᠡᠭ ᠡᠭᠦᠰᠬᠦ        1.5.2 ᠬᠤᠯᠤᠭᠠᠨ᠎ᠠ ᠬᠢᠵᠢᠭ ᠤᠨ ᠬᠦᠨᠳᠦ ᠶᠡᠭᠡ ᠬᠢᠵᠢᠭ ᠤᠨ ᠪᠠᠶᠢᠳᠠᠯ ︵Ⅱ ᠳᠡᠰ︶        ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠬᠤᠯᠤᠭᠠᠨ᠎ᠠ ᠬᠢᠵᠢᠭ ᠤᠨ ᠬᠦᠨᠳᠦ ᠶᠡᠭᠡ ᠬᠢᠵᠢᠭ ᠤᠨ ᠪᠠᠶᠢᠳᠠᠯ ︵Ⅱ ᠳᠡᠰ︶ ᠪᠣᠯᠤᠨ᠎ᠠ᠄        ︵1︶ 1 ᠬᠤᠰᠢᠭᠤ ᠰᠢᠶᠠᠨ ︵ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ 1 ᠳᠤᠮᠳᠠᠴᠢ ᠨᠢᠭᠤᠭᠳᠠᠮᠠᠯ ᠬᠤᠭᠤᠴᠠᠭ᠎ᠠ ︵6 ᠡᠳᠦᠷ᠂ ᠳᠣᠷᠣᠭᠰᠢ ᠠᠳᠠᠯᠢ︶ ᠳᠤ ᠠᠭᠤᠰᠬᠢᠨ ᠤ ᠬᠤᠯᠤᠭᠠᠨ᠎ᠠ ᠬᠢᠵᠢᠭ ᠪᠤᠶᠤ ᠴᠢᠰᠤ ᠦᠵᠢᠷᠡᠬᠦ ᠭᠡᠮ ᠲᠠᠢ ᠬᠤᠯᠤᠭᠠᠨ᠎ᠠ ᠬᠢᠵᠢᠭ ᠨᠢ 5 ᠵᠢᠱᠢᠶ᠎ᠡ ᠠᠴᠠ ᠳᠡᠭᠡᠭᠰᠢ ᠡᠭᠦᠰᠦᠭᠰᠡᠨ᠃        ︵2︶ ᠬᠠᠷᠢᠯᠴᠠᠨ ᠬᠤᠯᠪᠣᠭᠳᠠᠬᠤ ᠠᠭᠤᠰᠬᠢᠨ ᠤ ᠬᠤᠯᠤᠭᠠᠨ᠎ᠠ ᠬᠢᠵᠢᠭ ᠤᠨ ᠪᠠᠶᠢᠳᠠᠯ ᠨᠢ 2 ᠠᠴᠠ ᠳᠡᠭᠡᠭᠰᠢ ᠬᠤᠰᠢᠭᠤ ᠰᠢᠶᠠᠨ ︵ᠲᠣᠭᠤᠷᠢᠭ︶ ᠢ ᠨᠦᠯᠦᠭᠡᠯᠡᠭᠰᠡᠨ ᠮᠦᠷᠲᠡᠭᠡᠨ ᠤᠯᠠᠮ ᠴᠢᠨᠠᠭᠰᠢᠲᠠ ᠳᠡᠯᠭᠡᠷᠡᠬᠦ ᠬᠠᠨᠳᠤᠰᠢ ᠲᠠᠢ ᠪᠠᠶᠢᠬᠤ᠃        ︵3︶ 1 ᠬᠤᠰᠢᠭᠤ ᠰᠢᠶᠠᠨ ︵ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠤᠯᠴᠢᠷᠬᠠᠶ ᠶᠢᠨ ᠬᠤᠯᠤᠭᠠᠨ᠎ᠠ ᠬᠢᠵᠢᠭ ᠳᠡᠯᠭᠡᠷᠡᠬᠦ᠂ 1 ᠳᠤᠮᠳᠠᠴᠢ ᠨᠢᠭᠤᠭᠳᠠᠮᠠᠯ ᠬᠤᠭᠤᠴᠠᠭᠠᠨ ᠤ ᠳᠣᠲᠣᠷ᠎ᠠ ᠣᠯᠠᠨ ᠭᠠᠵᠠᠷ ᠲᠤ 20 ᠠᠴᠠ ᠳᠡᠭᠡᠭᠰᠢ ᠦᠷᠭᠦᠯᠵᠢᠯᠡᠨ ᠡᠭᠦᠰᠬᠦ ᠪᠤᠶᠤ ᠳᠡᠯᠭᠡᠷᠡᠬᠦ ᠬᠡᠪᠴᠢᠶ᠎ᠡ ᠨᠢ 2 ᠠᠴᠠ ᠳᠡᠭᠡᠭᠰᠢ ᠠᠶᠢᠮᠠᠭ ᠬᠤᠲᠠ ᠶᠢ ᠨᠦᠯᠦᠭᠡᠯᠡᠭᠰᠡᠨ᠃        1.5.3 ᠬᠤᠯᠤᠭᠠᠨ᠎ᠠ ᠬᠢᠵᠢᠭ ᠤᠨ ᠨᠡᠯᠢᠶᠡᠳ ᠶᠡᠭᠡ ᠬᠢᠵᠢᠭ ᠤᠨ ᠪᠠᠶᠢᠳᠠᠯ ︵Ⅲ ᠳᠡᠰ︶        ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠨᠡᠯᠢᠶᠡᠳ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅲ ᠲᠠᠰ︶ ᠪᠣᠯᠤᠨ᠎ᠠ᠄        ︵1︶ 1 ᠬᠤᠰᠢᠭᠤ ᠰᠢᠶᠠᠨ ︵ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ 1 ᠳᠤᠮᠳᠠᠴᠢ ᠨᠢᠭᠤᠭᠳᠠᠮᠠᠯ ᠬᠤᠭᠤᠴᠠᠭᠠᠨ ᠳᠤ ᠠᠭᠤᠰᠬᠢᠨ ᠤ ᠬᠤᠯᠤᠭᠠᠨ᠎ᠠ ᠬᠢᠵᠢᠭ ᠪᠤᠶᠤ ᠴᠢᠰᠤ ᠦᠵᠢᠷᠡᠬᠦ ᠡᠪᠡᠳᠴᠢᠨ ᠤ ᠬᠤᠯᠤᠭᠠᠨ᠎ᠠ ᠬᠢᠵᠢᠭ ᠡᠭᠦᠰᠦᠭᠰᠡᠨ ᠡᠪᠡᠳᠴᠢᠨ ᠤ ᠵᠢᠱᠢᠶ᠎ᠡ 1~4᠃        ︵2︶ 1 ᠬᠤᠰᠢᠭᠤ ᠰᠢᠶᠠᠨ ︵ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠤᠯᠴᠢᠷᠬᠠᠶ ᠶᠢᠨ ᠬᠤᠯᠤᠭᠠᠨ᠎ᠠ ᠬᠢᠵᠢᠭ ᠳᠡᠯᠭᠡᠷᠡᠬᠦ᠂ 1 ᠳᠤᠮᠳᠠᠴᠢ ᠨᠢᠭᠤᠭᠳᠠᠮᠠᠯ ᠬᠤᠭᠤᠴᠠᠭᠠᠨ ᠤ ᠳᠣᠲᠣᠷ᠎ᠠ ᠵᠠᠯᠭ᠎ᠠ ᠪᠠᠷ 10~19 ᠡᠪᠡᠳᠴᠢᠯᠡᠬᠦ ᠪᠤᠶᠤ ᠳᠡᠯᠭᠡᠷᠡᠬᠦ ᠬᠡᠪᠴᠢᠶ᠎ᠡ ᠨᠢ 2 ᠠᠴᠠ ᠳᠡᠭᠡᠭᠰᠢ ᠬᠤᠰᠢᠭᠤ ᠰᠢᠶᠠᠨ ︵ᠲᠣᠭᠤᠷᠢᠭ︶ ᠢ ᠨᠦᠯᠦᠭᠡᠯᠡᠭᠰᠡᠨ᠃        1.5.4 ᠬᠤᠯᠤᠭᠠᠨ᠎ᠠ ᠬᠢᠵᠢᠭ ᠤᠨ ᠡᠩ ᠤᠨ ᠪᠠᠶᠢᠳᠠᠯ ︵lV ᠳᠡᠰ︶        ᠪᠤᠯᠴᠢᠷᠬᠠᠶ ᠶᠢᠨ ᠬᠤᠯᠤᠭᠠᠨ᠎ᠠ ᠬᠢᠵᠢᠭ 1 ᠬᠤᠰᠢᠭᠤ ᠰᠢᠶᠠᠨ ︵ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠡᠭᠦᠰᠴᠦ᠂ 1 ᠳᠤᠮᠳᠠᠴᠢ ᠨᠢᠭᠤᠭᠳᠠᠮᠠᠯ ᠬᠤᠭᠤᠴᠠᠭᠠᠨ ᠤ ᠳᠣᠲᠣᠷᠠᠬᠢ ᠡᠪᠡᠳᠴᠢᠨ ᠤ ᠵᠢᠱᠢᠶ᠎ᠡ ᠶᠢᠨ ᠲᠤᠭ ᠎ᠠ 1~9᠃        2. ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ        2.1 ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ        ᠡᠭᠦᠷᠭᠡ ᠬᠠᠷᠢᠭᠤᠴᠠᠯᠭ᠎ᠠ ᠪᠣᠯᠤᠨ ᠲᠣᠰ ᠪᠡᠯᠡᠳᠬᠡᠯ ᠲᠥᠰᠦᠯ ᠤᠨ ᠲᠣᠭᠲᠠᠭᠠᠯ ᠶᠣᠰᠣᠭᠠᠷ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠯᠤᠭᠠᠨ᠎ᠠ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠬᠤᠯᠤᠭᠠᠨ᠎ᠠ ᠬᠢᠵᠢᠭ ᠤᠨ ᠪᠠᠶᠢᠳᠠᠯ ᠤᠨ ᠳᠡᠰ ᠪᠣᠯᠤᠨ ᠪᠣᠳᠠᠲᠠᠶ ᠠᠵᠢᠯ ᠤᠨ ᠬᠡᠷᠡᠭᠴᠡᠭᠡ ᠶᠢ ᠦᠨᠳᠦᠰᠦᠯᠡᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠯᠤᠭᠠᠨ᠎ᠠ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃        2.1.1 ᠬᠤᠲᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠯ ᠪᠠ ᠡᠭᠦᠷᠭᠡ ᠬᠠᠷᠢᠭᠤᠴᠠᠯᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠯᠠᠭᠠᠨᠬᠠᠳᠠ ᠬᠤᠲᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠬᠤᠲᠠ ᠶᠢᠨ ᠬᠡᠪᠴᠢᠶᠡᠨ ᠳᠠᠬᠢ ᠬᠤᠯᠤᠭᠠᠨ᠎ᠠ ᠬᠢᠵᠢᠭ ᠢ ᠰᠡᠷᠭᠡᠶᠢᠯᠡᠬᠦ ᠪᠠ ᠬᠢᠵᠠᠭᠠᠷᠯᠠᠬᠤ ᠠᠵᠢᠯ ᠢ ᠨᠢᠭᠡᠳᠦᠯᠲᠡᠢ ᠤᠳᠤᠷᠢᠳᠤᠨ᠎ᠠ᠃        ᠬᠤᠲᠠ ᠶᠢᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠳᠤᠭᠤᠶᠢᠯᠠᠩ ᠤᠨ ᠳᠠᠷᠤᠭ᠎ᠠ ᠪᠣᠯᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠳᠤᠭᠤᠶᠢᠯᠠᠩ ᠤᠨ ᠳᠡᠳ᠋ ᠳᠠᠷᠤᠭ᠎ᠠ ᠪᠣᠯᠵᠤ᠂ ᠡᠯ᠎ᠡ ᠬᠤᠰᠢᠭᠤ ᠰᠢᠶᠠᠨ ᠲᠣᠭᠤᠷᠢᠭ ᠨᠢ ᠬᠤᠲᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠯᠤᠭ᠎ᠠ ᠵᠤᠭᠢᠴᠠᠩᠭᠤᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠤᠳᠤᠷᠠᠬᠢ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠴᠠᠭᠤᠯᠬᠤ ᠪᠠ ᠵᠢᠯᠣᠭᠤᠳᠬᠤ ᠶᠢ ᠬᠠᠷᠢᠭᠤᠴᠠᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠯᠤᠭᠠᠨ᠎ᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠰᠢᠢᠳᠪᠦᠷᠢᠲᠦ ᠪᠣᠳᠣᠯᠭ᠎ᠠ ᠭᠠᠷᠭᠠᠵᠤ᠂ ᠠᠪᠬᠤ ᠭᠡᠵᠦ ᠪᠠᠶᠢᠭ᠎ᠠ ᠴᠢᠬᠤᠯᠠ ᠶᠡᠭᠡ ᠠᠷᠭ᠎ᠠ ᠬᠡᠮᠵᠢᠶ᠎ᠡ ᠵᠡᠷᠭᠡ ᠵᠦᠢᠯᠡᠰ ᠢ ᠲᠣᠭᠲᠠᠭᠠᠨ᠎ᠠ᠃ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ        ︵1︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠤᠷᠤᠯᠴᠠᠭᠤᠯᠤᠨ᠎ᠠ᠃        ︵2︶ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠯ᠎ᠡ ᠲᠥᠷᠥᠯ ᠤᠨ ᠬᠥᠮᠦᠰ᠂ ᠡᠳ᠋ ᠪᠠᠷᠠᠭ᠎ᠠ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠬᠠᠮᠢᠶ᠎ᠠ ᠪᠦᠬᠦᠢ ᠪᠡᠯᠡᠳᠬᠡᠮᠵᠢ᠂ ᠲᠥᠬᠦᠭᠡᠷᠦᠮᠵᠢ ᠶᠢ ᠰᠢᠯᠵᠢᠭᠦᠯᠦᠨ ᠴᠤᠭᠯᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠤᠷᠤᠭᠤᠯᠤᠨ᠎ᠠ᠃        ︵3︶ ᠬᠢᠵᠠᠭᠠᠷᠯᠠᠬᠤ ᠣᠷᠣᠨ ᠢ ᠵᠠᠭᠠᠭᠯᠠᠨ ᠲᠣᠭᠲᠠᠭᠠᠬᠤ᠄ ᠬᠤᠯᠤᠭᠠᠨ᠎ᠠ ᠬᠢᠵᠢᠭ ᠡᠭᠦᠰᠬᠦ ᠦᠶ᠎ᠡ ᠳᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠵᠤ᠂ ᠬᠢᠵᠢᠭᠲᠦ ᠣᠷᠣᠨ ᠤ ᠬᠡᠪᠴᠢᠶ᠎ᠡ ᠶᠢ ᠵᠠᠷᠯᠠᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠡᠳ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠢᠵᠢᠭᠲᠦ ᠣᠷᠣᠨ ᠢ ᠪᠢᠲᠡᠭᠦᠮᠵᠢᠯᠡᠵᠦ ᠪᠣᠯᠤᠨ᠎ᠠ᠃        ︵4︶ ᠤᠯᠠᠨ ᠬᠦᠮᠦᠨ ᠬᠤᠷᠠᠵᠤ ᠴᠤᠭᠯᠠᠷᠠᠬᠤ ᠠᠵᠢᠯᠯᠠᠭ᠎ᠠ ᠪᠠ ᠠᠮᠢᠲᠠᠨ ᠤ ᠠᠵᠢᠯᠯᠠᠭ᠎ᠠ ᠶᠢ ᠡᠵᠡᠮᠳᠡᠬᠦ᠄ ᠬᠤᠯᠤᠭᠠᠨ᠎ᠠ ᠬᠢᠵᠢᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠵᠢᠯ ᠵᠤᠭᠰᠤᠭᠠᠬᠤ᠂ ᠦᠢᠯᠡᠰ ᠵᠤᠭᠰᠤᠭᠠᠬᠤ᠂ ᠬᠢᠴᠢᠶᠡᠯ ᠵᠤᠭᠰᠤᠭᠠᠵᠤ᠂ ᠴᠤᠭᠯᠠᠭ᠎ᠠ ᠮᠠᠶᠢᠮᠠᠶ ᠴᠤᠭᠯᠠᠭᠠᠨ ᠵᠢᠴᠢ ᠪᠤᠰᠤᠳ ᠤᠯᠡᠨ ᠬᠦᠮᠦᠨ ᠬᠤᠷᠠᠵᠤ ᠴᠤᠭᠯᠠᠬᠤ ᠠᠵᠢᠯᠯᠠᠭ᠎ᠠ ᠂ ᠡᠪᠡᠳᠴᠢᠨ ᠡᠭᠦᠰᠭᠡᠬᠦ ᠪᠤᠯᠤᠮᠵᠢᠲᠠᠢ ᠠᠮᠢᠲᠠᠨ ᠠᠪᠴᠤ ᠶᠠᠪᠦᠬᠤ ᠠᠵᠢᠯᠯᠠᠭ᠎ᠠ ᠶᠢ ᠬᠢᠵᠠᠭᠠᠷᠯᠠᠬᠤ ᠪᠤᠶᠤ ᠵᠣᠭᠰᠣᠭᠠᠨ᠎ᠠ᠃        ︵5︶ ᠶᠠᠪᠤᠭᠤᠯ ᠬᠥᠮᠦᠨ ᠠᠮᠠ ᠶᠢᠨ ᠬᠠᠮᠢᠶᠠᠷᠤᠯᠲᠠ᠄ ᠶᠠᠪᠤᠭᠤᠯ ᠬᠥᠮᠦᠨ ᠠᠮᠠ ᠳᠤ ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠬᠤᠯᠤᠭᠠᠨ᠎ᠠ ᠬᠢᠵᠢᠭ ᠲᠠᠢ ᠡᠪᠡᠳᠴᠢᠲᠡᠨ᠂ ᠬᠤᠯᠤᠭᠠᠨ᠎ᠠ ᠬᠢᠵᠢᠭ ᠲᠠᠢ ᠰᠡᠵᠢᠭᠯᠡᠯᠲᠡᠢ ᠡᠪᠡᠳᠴᠢᠲᠡᠨ ᠳᠤ ᠲᠤᠬᠠᠶ ᠶᠢᠨ ᠭᠠᠵᠠᠷ ᠲᠤᠨᠢ ᠲᠤᠰᠠᠭᠠᠷᠯᠠᠬᠤ᠂ ᠲᠤᠬᠠᠶ ᠶᠢᠨ ᠭᠠᠵᠠᠷ ᠲᠤᠨᠢ ᠠᠵᠢᠭᠯᠠᠨ ᠰᠢᠨᠵᠢᠬᠦ᠂ ᠲᠤᠬᠠᠶ ᠶᠢᠨ ᠭᠠᠵᠠᠷ ᠲᠤᠨᠢ ᠡᠮᠨᠡᠨ ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠨᠢᠭᠲᠠ ᠣᠶᠢᠷᠠᠳᠤᠭᠰᠠᠨ ᠬᠥᠮᠦᠰ ᠲᠤ ᠪᠠᠶᠢᠳᠠᠯ ᠢ ᠨᠢ ᠦᠵᠡᠵᠦ ᠲᠥᠪᠯᠡᠷᠡᠩᠭᠦᠶ ᠪᠤᠶᠤ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃        ︵6︶ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ᠄ ᠲᠣᠭᠲᠠᠭᠠᠯ ᠶᠣᠰᠣᠭᠠᠷ ᠲᠡᠮᠦᠷ ᠵᠠᠮ᠂ ᠵᠠᠮ ᠬᠠᠷᠢᠯᠴᠠᠭ᠎ᠠ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠠᠮ ᠬᠠᠷᠢᠯᠴᠠᠭᠠᠨ ᠤ ᠥᠷᠲᠡᠭᠡ ᠪᠠ ᠣᠷᠣᠵᠤ ᠭᠠᠷᠬᠤ ᠬᠢᠯᠢ ᠳᠤ ᠲᠦᠷ ᠴᠠᠭ ᠤᠨ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠥᠷᠲᠡᠭᠡ ᠪᠠᠶᠢᠭᠤᠯᠵᠤ᠂ ᠬᠢᠯᠢ ᠪᠠᠷ ᠣᠷᠣᠵᠤ ᠭᠠᠷᠬᠤ᠂ ᠬᠢᠵᠢᠭᠲᠦ ᠣᠷᠣᠨ ᠳᠤ ᠤᠷᠤᠵᠤ ᠭᠠᠷᠬᠤ ᠪᠠ ᠠᠵᠢᠯᠯᠠᠭᠠᠨ ᠳᠤᠮᠳᠠᠬᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠢᠴᠢ ᠲᠡᠭᠡᠭᠡᠪᠦᠷᠢ ᠶᠢᠨ ᠠᠵᠢᠯᠲᠠᠨ ᠪᠠ ᠡᠳ᠋ ᠪᠣᠳᠠᠰ᠂ ᠤᠷᠤᠰᠢᠭᠴᠢ ᠠᠮᠢᠲᠠᠨ ᠳᠤ ᠬᠢᠵᠢᠭ ᠪᠠᠶᠢᠴᠠᠭᠠᠬᠤ ᠪᠠᠶᠢᠴᠠᠭᠠᠯᠲᠠ ᠬᠢᠵᠦ᠂ ᠡᠪᠡᠳᠴᠢᠲᠡᠨ᠂ ᠰᠡᠵᠢᠭᠯᠡᠯᠲᠡᠢ ᠡᠪᠡᠳᠴᠢᠲᠡᠨ ᠵᠢᠴᠢ ᠲᠡᠭᠦᠨ ᠲᠠᠢ ᠨᠢᠭᠲᠠ ᠣᠶᠢᠷᠠᠳᠤᠭᠰᠠᠨ ᠬᠥᠮᠦᠰ ᠲᠤ ᠲᠦᠷ ᠴᠠᠭ ᠲᠤᠰᠠᠭᠠᠷᠯᠠᠨ᠂ ᠦᠯᠡᠳᠡᠭᠡᠨ ᠪᠠᠶᠢᠴᠠᠭᠠᠯᠲᠠ ᠬᠢᠬᠦ ᠶᠢᠨ ᠬᠠᠮᠲᠤ᠂ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠢᠭᠠᠨ ᠲᠣᠭᠲᠠᠭᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠨ᠎ᠠ᠃        ︵7︶ ᠮᠡᠳᠡᠭᠡ ᠵᠠᠩᠭᠢ ᠨᠡᠶᠢᠲᠡᠯᠡᠬᠦ᠄ ᠬᠤᠯᠤᠭᠠᠨ᠎ᠠ ᠬᠢᠵᠢᠭ ᠤᠨ ᠬᠡᠷᠡᠭ ᠶᠠᠪᠤᠲᠠᠯ ᠭᠠᠷᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠭᠲᠠᠭᠠᠯ ᠶᠣᠰᠣᠭᠠᠷ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠳᠤ ᠤᠳᠤᠷᠢᠳᠬᠤ ᠳᠤᠭᠤᠶᠢᠯᠠᠩ ᠢᠶᠠᠷ ᠵᠥᠪᠰᠢᠶᠡᠷᠡᠭᠦᠯᠵᠦ᠂ ᠮᠡᠳᠡᠭᠡ ᠵᠠᠩᠭᠢ ᠨᠡᠶᠢᠲᠡᠯᠡᠭᠦ ᠳᠤ ᠴᠠᠭ ᠲᠤᠬᠠᠶ ᠳᠤᠨᠢ᠂ ᠣᠨᠣᠪᠴᠢᠲᠠᠶ᠂ ᠪᠤᠰᠤᠳᠴᠢ᠂ ᠪᠦᠬᠦ ᠲᠠᠯ᠎ᠠ ᠶᠢᠨ ᠪᠠᠶᠢᠬᠤ ᠬᠡᠷᠡᠭᠲᠡᠶ᠃        ︵8︶ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠡᠵᠡᠮᠳᠡᠬᠦ ᠶᠢ ᠥᠷᠨᠢᠭᠦᠯᠦᠨ᠎ᠡ᠄ ᠵᠡᠭᠡᠯᠢ ᠭᠤᠳᠤᠮᠵᠢ᠂ ᠰᠤᠮᠤ ᠰᠢᠶᠠᠩ ︵ᠪᠠᠯᠭᠠᠰᠤ︶ ᠵᠢᠴᠢ ᠰᠠᠭᠤᠭᠠᠯᠢ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠵᠥᠪᠯᠡᠯ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠪᠰᠤᠷᠴᠤ᠂ ᠬᠢᠵᠢᠭ ᠤᠨ ᠪᠠᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠬᠦ᠂ ᠬᠦᠮᠦᠰ ᠢ ᠰᠢᠯᠵᠢᠭᠦᠯᠬᠦ ᠪᠤᠶᠤ ᠲᠤᠰᠠᠭᠠᠷᠯᠠᠬᠤ ᠵᠢᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠰᠠᠶᠢᠲᠤᠷ ᠬᠢᠬᠦ ᠬᠡᠷᠡᠭᠲᠡᠶ᠃        2.1.2 ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ        ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢ ᠬᠤᠯᠤᠭᠠᠨ᠎ᠠ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ ᠲᠣᠭᠲᠠᠭᠠᠨ᠎ᠠ᠂ ᠭᠤᠤᠯᠳᠠᠭᠤ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠤᠯᠠᠭᠠᠨᠬᠠᠳᠠ ᠳᠠᠯᠠᠢ ᠶᠢᠨ ᠪᠣᠭᠤᠮᠲᠠ᠂ ᠰᠠᠭᠤᠭ᠎ᠠ ᠴᠡᠷᠢᠭ ᠠᠩᠭᠢ ᠵᠢᠴᠢ ᠵᠡᠪᠰᠡᠭᠲᠦ ᠴᠠᠭᠳᠠᠭᠠᠨ ᠤ ᠴᠡᠷᠢᠭ ᠠᠩᠭᠢ᠂ ᠤᠯᠠᠭᠠᠨᠬᠠᠳᠠ ᠶᠢᠨ ᠲᠡᠷᠭᠡᠨ ᠤ ᠶᠠᠪᠤᠳᠠᠯ ᠤᠨ ᠬᠡᠰᠡᠭ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠵᠡᠷᠭᠡ ᠪᠠᠭᠲᠠᠨ᠎ᠠ᠃        ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠳᠣᠤᠷᠠᠬᠢ ᠮᠡᠲᠦ᠄        ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠄ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠵᠤ᠂ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ ᠠᠵᠢᠯ ᠪᠠ ᠡᠯ᠎ᠡ ᠵᠦᠢᠯ ᠤᠨ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠪᠠᠶᠢᠴᠠᠭᠠᠵᠤ᠂ ᠬᠢᠨᠠᠨ ᠵᠢᠯᠤᠭᠤᠳᠤᠨ᠎ᠠ᠃ ᠬᠢᠵᠢᠭᠲᠦ ᠣᠷᠣᠨ ᠤ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠪᠦᠬᠦ ᠲᠠᠯ᠎ᠠ ᠪᠠᠷ ᠦᠨᠡᠯᠡᠨ ᠵᠢᠱᠢᠵᠦ᠂ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠤᠭᠠᠨ᠎ᠠ ᠬᠢᠵᠢᠭᠲᠦ ᠣᠷᠣᠨ ᠢ ᠲᠤᠰᠠᠭᠠᠷᠯᠠᠬᠤ᠂ ᠪᠢᠲᠡᠭᠦᠮᠵᠢᠯᠡᠬᠦ ᠰᠠᠨᠠᠭᠤᠯᠭ᠎ᠠ ᠶᠢ ᠬᠠᠤᠯᠢ ᠶᠣᠰᠣᠭᠠᠷ ᠳᠤᠷᠠᠳᠴᠤ᠂ ᠪᠦᠬᠦ ᠨᠡᠶᠢᠭᠡᠮ ᠤᠨ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃        ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠄ ᠡᠮ ᠡᠮᠨᠡᠯᠭᠡ ᠶᠢᠨ ᠨᠥᠭᠡᠴᠡ ᠶᠢ ᠪᠠᠴᠢᠮ ᠬᠥᠳᠡᠯᠭᠡᠨ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠬᠢᠵᠠᠭᠠᠷᠯᠠᠬᠤ ᠪᠠ ᠡᠪᠡᠳᠴᠢᠲᠡᠨ ᠢ ᠡᠮᠨᠡᠨ ᠵᠠᠰᠠᠬᠤ ᠵᠢᠴᠢ ᠠᠷᠢᠭᠤᠳᠬᠠᠬᠤ ᠵᠡᠷᠭᠡ ᠲᠠᠯ᠎ᠠ ᠶᠢᠨ ᠨᠥᠭᠡᠴᠡ ᠡᠮ ᠤᠨ ᠵᠦᠢᠯ ᠪᠠ ᠪᠠᠭᠠᠵᠢ ᠬᠡᠷᠡᠭᠰᠡᠯ ᠢ ᠬᠢᠵᠢᠭᠲᠦ ᠣᠷᠣᠨ ᠳᠤ ᠦᠳᠲᠡᠷ ᠲᠦᠷᠭᠡᠨ ᠬᠠᠩᠭᠠᠬᠤ᠃ ᠬᠢᠵᠢᠭᠲᠦ ᠣᠷᠣᠨ ᠤ ᠠᠷᠠᠳ ᠲᠦᠮᠡᠨ ᠤ ᠦᠢᠯᠡᠳᠪᠦᠷᠢᠯᠡᠯ᠂ ᠠᠮᠢᠳᠤᠷᠠᠯ ᠳᠤ ᠵᠠᠪᠠᠯ ᠱᠠᠭᠠᠷᠳᠠᠭᠳᠠᠬᠤ ᠡᠳ᠋ ᠪᠣᠳᠠᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠰᠢᠯᠵᠢᠭᠦᠯᠦᠨ ᠲᠡᠭᠡᠭᠡᠪᠦᠷᠢᠯᠡᠨ᠎ᠡ᠃        ᠡᠳ᠋ ᠤᠨ ᠵᠠᠰᠠᠭ ᠤᠨ ᠲᠣᠪᠴᠢᠶ᠎ᠠ᠄ ᠬᠤᠯᠤᠭᠠᠨ᠎ᠠ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠶᠢᠨ ᠲᠣᠬᠢᠷᠠᠭᠤᠯᠤᠯᠲᠠ ᠶᠢ ᠰᠠᠶᠢᠲᠤᠷ ᠬᠢᠬᠦ ᠶᠢᠨ ᠬᠠᠮᠲᠤ ᠴᠠᠭ ᠲᠤᠬᠠᠶ ᠳᠤᠨᠢ ᠪᠠᠭᠤᠯᠭᠠᠨ ᠥᠭᠴᠦ᠂ ᠪᠡᠯᠡ ᠮᠥᠩᠭᠦ ᠶᠢᠨ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠨ᠎ᠠ᠃        ᠰᠤᠷᠭᠠᠨ ᠬᠥᠮᠦᠵᠢᠯ ᠤᠨ ᠲᠣᠪᠴᠢᠶ᠎ᠠ᠄ ᠰᠤᠷᠤᠭᠴᠢᠳ ᠲᠤ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠬᠢᠵᠦ᠂ ᠬᠢᠵᠢᠭᠲᠦ ᠣᠷᠣᠨ ᠤ ᠰᠤᠷᠭᠠᠭᠤᠯᠢ ᠶᠢ ᠵᠣᠬᠢᠶᠠᠨ ᠪᠠᠶᠢᠭᠤᠯᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠄ ᠬᠤᠯᠤᠭᠠᠨ᠎ᠠ ᠬᠢᠵᠢᠭᠲᠦ ᠣᠷᠣᠨ ᠤ ᠰᠢᠢᠳᠪᠦᠷᠢᠯᠡᠬᠦ ᠳᠤ ᠬᠡᠷᠡᠭᠰᠡᠬᠦ ᠮᠡᠷᠭᠡᠵᠢᠯ ᠢ ᠬᠠᠪᠰᠤᠷᠤᠨ ᠬᠠᠩᠭᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠢ ᠳᠠᠮᠵᠢᠨ᠎ᠠ᠃          ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠤᠯᠤᠭᠠᠨ᠎ᠠ ᠬᠢᠵᠢᠭᠲᠦ ᠣᠷᠣᠨ ᠤ ᠪᠢᠲᠡᠭᠦᠮᠵᠢᠯᠡᠯ ᠢ ᠬᠠᠮᠵᠢᠨ ᠰᠠᠶᠢᠲᠤᠷ ᠬᠢᠵᠦ᠂ ᠬᠢᠵᠢᠭᠲᠦ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠪᠠ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃        ᠠᠷᠠᠳ ᠤᠨ ᠶᠠᠪᠤᠳᠠᠯ ᠤᠨ ᠲᠣᠪᠴᠢᠶ᠎ᠠ᠄ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠤᠯᠤᠭᠠᠨ᠎ᠠ ᠬᠢᠵᠢᠭ ᠤᠨ ᠡᠪᠡᠳᠴᠢᠲᠡᠨ ᠳᠤ ᠡᠮᠨᠡᠯᠭᠡ᠂ ᠠᠮᠢᠳᠤᠷᠠᠯ ᠤᠨ ᠠᠪᠤᠷᠠᠨ ᠲᠤᠰᠠᠯᠠᠯᠲᠠ ᠬᠠᠩᠭᠠᠵᠤ᠂ ᠬᠤᠯᠤᠭᠠᠨ᠎ᠠ ᠬᠢᠵᠢᠭ ᠠᠴᠠ ᠪᠣᠯᠵᠤ ᠦᠬᠦᠭᠰᠡᠨ ᠬᠥᠮᠦᠰ ᠢ ᠰᠢᠲᠠᠭᠠᠬᠤ ᠪᠠ ᠪᠤᠰᠤᠳ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃        ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ︽ᠤᠯᠤᠰ ᠤᠨ ᠳᠣᠲᠣᠭᠠᠳᠤ ᠶᠢᠨ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠬᠢᠵᠢᠭ ᠪᠠᠶᠢᠴᠠᠭᠠᠯᠲᠠ ᠶᠢᠨ ᠳᠦᠷᠢᠮ︾ ᠵᠢᠴᠢ ᠬᠡᠷᠡᠭᠵᠢᠭᠦᠯᠬᠦ ᠠᠷᠭ᠎ᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯᠲᠠᠨ᠂ ᠡᠮ ᠤᠨ ᠵᠦᠢᠯ ᠪᠠᠭᠠᠵᠢ ᠬᠡᠷᠡᠭᠰᠡᠯ ᠪᠣᠯᠤᠨ ᠬᠤᠯᠪᠣᠭᠳᠠᠯ ᠪᠦᠬᠦᠢ ᠡᠳ᠋ ᠪᠠᠷᠠᠭ᠎ᠠ ᠶᠢ ᠤᠷᠢᠳᠠᠪᠠᠷ ᠲᠡᠭᠡᠭᠡᠪᠦᠷᠢᠯᠡᠨ ᠬᠦᠷᠭᠡᠨ᠎ᠡ᠃        ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠡᠯ᠎ᠡ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠵᠤ ᠢᠳᠡᠪᠬᠢᠲᠡᠢ ᠬᠠᠮᠵᠢᠯᠴᠠᠨ᠂ ᠬᠢᠵᠢᠭ ᠤᠨ ᠪᠠᠶᠢᠳᠠᠯ ᠢ ᠬᠢᠵᠠᠭᠠᠷᠯᠠᠬᠤ ᠬᠤᠭᠤᠴᠠᠭᠠᠨ ᠳᠤ ᠬᠢᠵᠢᠭᠲᠦ ᠣᠷᠣᠨ ᠤ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃        ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠡᠬᠤᠨ ᠮᠠᠯᠵᠢᠬᠤ ᠤᠷᠤᠨ ᠤ ᠲᠣᠪᠴᠢᠶ᠎ᠠ᠄ ᠬᠢᠵᠢᠭᠲᠦ ᠣᠷᠣᠨ ᠤ ᠲᠡᠵᠢᠭᠡᠪᠦᠷᠢ ᠮᠠᠯ ᠤᠨ ᠬᠤᠯᠤᠭᠠᠨ᠎ᠠ ᠬᠢᠵᠢᠭ ᠠᠮᠢᠲᠠᠨ ᠤ ᠡᠪᠡᠳᠴᠢᠨ ᠢ ᠰᠡᠷᠭᠡᠶᠢᠯᠡᠬᠦ ᠪᠠ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃        ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠬᠢᠵᠢᠭᠲᠦ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠵᠢᠯ ᠢ ᠬᠠᠷᠢᠭᠤᠴᠠᠨ᠎ᠠ᠃        ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠄ ᠬᠢᠵᠢᠭᠲᠦ ᠣᠷᠣᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠪᠠ ᠡᠮᠴᠢᠯᠡᠭᠡᠨ ᠤ ᠬᠠᠶᠠᠭᠳᠠᠮᠠᠯ ᠡᠳ᠋ ᠢ ᠠᠶᠤᠯᠭᠦᠢ ᠪᠠᠷ ᠰᠢᠢᠳᠪᠦᠷᠢᠯᠡᠬᠦ ᠶᠢ ᠰᠠᠶᠢᠲᠤᠷ ᠬᠢᠨ᠎ᠡ᠃        ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠳᠡᠭᠡᠷᠡᠬᠢ ᠬᠤᠯᠤᠭᠠᠨ᠎ᠠ ᠬᠢᠵᠢᠭ ᠲᠠᠢ ᠤᠷᠤᠰᠢᠭᠴᠢ ᠠᠮᠢᠲᠠᠨ ᠵᠢᠴᠢ ᠲᠡᠭᠦᠨ ᠤ ᠦᠢᠯᠡᠳᠭᠦᠨ ᠢ ᠬᠠᠤᠯᠢ ᠪᠤᠰᠤ ᠪᠠᠷ ᠬᠤᠳᠠᠯᠳᠤᠨ ᠠᠪᠬᠤ᠂ ᠬᠤᠳᠠᠯᠳᠤᠬᠤ ᠪᠠ ᠡᠳᠡᠰᠢᠭᠦᠯᠬᠦ ᠨᠢᠭᠡᠴᠡ᠂ ᠬᠤᠪᠢ ᠬᠥᠮᠦᠨ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠨᠡᠭᠡᠭᠡᠭᠴᠢ ᠪᠣᠯᠤᠨ ᠬᠤᠯᠪᠣᠭᠳᠠᠯ ᠪᠦᠬᠦᠢ ᠠᠮᠢᠲᠠᠨ ᠵᠢᠴᠢ ᠦᠢᠯᠡᠳᠭᠦᠨ ᠡᠵᠡᠩᠨᠡᠭᠴᠢ ᠶᠢ ᠵᠢᠯᠣᠭᠤᠳᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠬᠢᠵᠢᠭᠲᠦ ᠣᠷᠣᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃        ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ ᠬᠢᠵᠢᠭᠲᠦ ᠣᠷᠣᠨ ᠤ ᠬᠡᠭᠡᠷ᠎ᠡ ᠶᠢᠨ ᠠᠮᠢᠲᠠᠨ ᠤ ᠬᠡᠪ ᠤᠨ ᠪᠤᠰᠤ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠬᠤ ᠶᠢᠨ ᠬᠠᠮᠲᠤ ᠬᠢᠵᠢᠭ ᠡᠭᠦᠰᠬᠦ ᠦᠶ᠎ᠡ ᠳᠤ ᠬᠢᠵᠢᠭ ᠤᠨ ᠪᠠᠶᠢᠳᠠᠯ ᠭᠠᠷᠤᠭᠰᠠᠨ ᠭᠠᠵᠠᠷ ᠢ ᠲᠤᠰᠠᠭᠠᠷᠯᠠᠬᠤ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠶ᠃        ᠰᠣᠶᠣᠯ ᠪᠠ ᠵᠢᠭᠤᠯᠴᠢᠯᠠᠯ ᠤᠨ ᠲᠣᠪᠴᠢᠶ᠎ᠠ᠄ ᠵᠢᠭᠤᠯᠴᠢᠯᠠᠯ ᠤᠨ ᠠᠵᠢᠯ ᠲᠥᠷᠥᠯ ᠢ ᠵᠣᠬᠢᠶᠠᠨ ᠪᠠᠶᠢᠭᠤᠯᠤᠨ ᠬᠤᠯᠤᠭᠠᠨ᠎ᠠ ᠬᠢᠵᠢᠭ ᠤᠨ ᠬᠢᠵᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠨ᠎ᠡ᠃        ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄ ᠰᠠᠶᠢᠨ ᠳᠤᠷᠠᠴᠤᠳ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ ᠵᠡᠷᠭᠡ ᠳᠤ ᠬᠤᠯᠤᠭᠠᠨ᠎ᠠ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠥᠷᠭᠡᠨ ᠳᠡᠯᠭᠡᠷ ᠥᠷᠨᠢᠭᠦᠯᠵᠦ᠂ ᠣᠯᠠᠨ ᠨᠡᠶᠢᠲᠡ ᠶᠢᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃        ᠤᠬᠠᠭᠤᠯᠬᠤ ᠬᠡᠯᠲᠡᠰ᠄ ᠬᠢᠵᠢᠭ ᠤᠨ ᠪᠠᠶᠢᠳᠠᠯ ᠢ ᠬᠢᠵᠠᠭᠠᠷᠯᠠᠬᠤ ᠨᠢᠭᠡᠳᠦᠯᠲᠡᠶ ᠪᠠᠶᠢᠷᠢᠯᠠᠭᠤᠯᠤᠯᠲᠠ ᠪᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠭᠤᠶᠤᠴᠢᠯᠠᠯ ᠶᠣᠰᠣᠭᠠᠷ ᠬᠢᠵᠢᠭ ᠤᠨ ᠪᠠᠶᠢᠳᠠᠯ ᠢ ᠰᠢᠢᠳᠪᠦᠷᠢᠯᠡᠬᠦ ᠤᠬᠠᠭᠤᠯᠭ᠎ᠠ ᠮᠡᠳᠡᠭᠡᠯᠡᠯ ᠢ ᠰᠠᠶᠢᠲᠤᠷ ᠬᠢᠬᠦ ᠬᠡᠷᠡᠭᠲᠡᠶ᠃ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠵᠤ᠂ ᠨᠡᠶᠢᠲᠡ ᠣᠯᠠᠨ ᠤ ᠬᠢᠵᠢᠭ ᠰᠡᠷᠭᠡᠶᠢᠯᠡᠬᠦ ᠪᠠ ᠡᠷᠡᠭᠦᠯ ᠮᠡᠨᠳᠦ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃        ᠤᠯᠠᠭᠠᠨᠬᠠᠳᠠ ᠲᠠᠯᠠᠢ ᠶᠢᠨ ᠪᠣᠭᠤᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠬᠢᠯᠢ ᠶᠢᠨ ᠡᠷᠡᠭᠦᠯ ᠬᠠᠮᠠᠭᠠᠯᠠᠯ ᠬᠢᠵᠢᠭ ᠪᠠᠶᠢᠴᠠᠭᠠᠯᠲᠠ ᠶᠢᠨ ᠳᠦᠷᠢᠮ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠃        ᠰᠠᠭᠤᠭ᠎ᠠ ᠴᠡᠷᠢᠭ ᠠᠩᠭᠢ ᠵᠢᠴᠢ ᠵᠡᠪᠰᠡᠭᠲᠦ ᠴᠠᠭᠳᠠᠭᠠᠨ ᠤ ᠴᠡᠷᠢᠭ ᠠᠩᠭᠢ᠄ ᠰᠠᠭᠤᠭᠠᠯᠢ ᠲᠣᠭᠤᠷᠢᠭ ᠤᠨ ᠳᠣᠲᠣᠷᠠᠬᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠵᠦ᠂ ᠣᠷᠣᠨ ᠨᠤᠲᠤᠭ ᠢ ᠬᠠᠪᠰᠤᠷᠤᠨ ᠳᠡᠮᠵᠢᠵᠦ ᠬᠢᠵᠢᠭ ᠢ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ᠃        ᠤᠯᠠᠭᠠᠨᠬᠠᠳᠠ ᠶᠢᠨ ᠲᠡᠷᠭᠡᠨ ᠤ ᠶᠠᠪᠤᠳᠠᠯ ᠤᠨ ᠬᠡᠰᠡᠭ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠄ ᠲᠤᠰ ᠣᠷᠣᠨ ᠲᠤᠭᠤᠷᠢᠭ ᠲᠠᠬᠢ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯᠲᠠᠨ᠂ ᠡᠮ ᠤᠨ ᠵᠦᠢᠯ ᠪᠠᠭᠠᠵᠢ ᠬᠡᠷᠡᠭᠰᠡᠯ ᠪᠣᠯᠤᠨ ᠬᠤᠯᠪᠣᠭᠳᠠᠯ ᠪᠦᠬᠦᠢ ᠡᠳ᠋ ᠪᠠᠷᠠᠭ᠎ᠠ ᠶᠢ ᠡᠩ ᠲᠡᠷᠢᠭᠦᠨ ᠳᠤ ᠲᠡᠭᠡᠭᠡᠪᠦᠷᠢᠯᠡᠨ ᠬᠦᠷᠭᠡᠨ᠎ᠡ᠃        ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠪᠣᠯᠤᠨ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠪᠠᠨ ᠦᠨᠳᠦᠰᠦᠯᠡᠨ᠂ ᠪᠠᠴᠢᠮ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠣᠬᠢᠷᠲᠤᠯ ᠤᠨ ᠲᠠᠷᠬᠠᠯᠲᠠ ᠶᠢ ᠬᠢᠵᠠᠭᠠᠷᠯᠠᠬᠤ ᠵᠢᠴᠢ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃        2.2 ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠪᠠᠶᠢᠭᠤᠯᠤᠮᠵᠢ ᠵᠢᠴᠢ ᠡᠭᠦᠷᠭᠡ        2.2.1 ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠪᠣᠳᠠᠲᠠᠶ ᠡᠭᠦᠷᠭᠡ        ︵1︶ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠴᠤᠭᠯᠠᠭᠤᠯᠬᠤ᠂ ᠮᠡᠳᠡᠭᠦᠯᠬᠦ ᠪᠠ ᠵᠠᠳᠠᠯᠬᠤ ᠠᠵᠢᠯ ᠢ ᠰᠠᠶᠢᠲᠤᠷ ᠬᠢᠵᠦ᠂ ᠰᠡᠷᠡᠮᠵᠢᠯᠡᠭᠦᠯᠬᠦ ᠳᠤ ᠦᠨᠳᠦᠰᠦᠯᠡᠯ ᠬᠠᠩᠬᠭᠠᠨ᠎ᠠ᠃       ︵2︶ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠲᠥᠯᠥᠪᠯᠡᠭᠡ ᠪᠠ ᠬᠢᠵᠢᠭ ᠤᠨ ᠪᠠᠶᠢᠳᠠᠯ ᠢ ᠬᠢᠵᠢᠭᠠᠷᠯᠠᠬᠤ ᠮᠡᠷᠭᠡᠵᠢᠯ ᠤᠨ ᠲᠥᠰᠦᠯ ᠢ ᠲᠣᠭᠲᠠᠭᠠᠨ᠎ᠠ᠃ ᠬᠤᠯᠤᠭᠠᠨ᠎ᠠ ᠬᠢᠵᠢᠭ ᠲᠠᠢ ᠡᠪᠡᠳᠴᠢᠲᠡᠨ᠂ ᠰᠡᠵᠢᠭ ᠲᠠᠢ ᠡᠪᠡᠳᠴᠢᠲᠡᠨ᠂ ᠡᠪᠡᠳᠴᠢᠨ ᠡᠭᠦᠰᠭᠡᠭᠴᠢ ᠲᠠᠢ ᠬᠥᠮᠦᠨ ᠵᠢᠴᠢ ᠨᠢᠭᠲᠠ ᠣᠶᠢᠷᠠᠲᠤᠭᠰᠠᠳ ᠲᠤ ᠮᠥᠷᠳᠡᠨ ᠪᠠᠶᠢᠴᠠᠭᠠᠯᠲᠠ ᠬᠢᠨ᠎ᠡ᠃ ᠬᠥᠮᠦᠰ ᠤᠨ ᠡᠪᠡᠳᠴᠢᠯᠡᠬᠦ ᠪᠠᠶᠢᠳᠠᠯ᠂ ᠲᠠᠷᠬᠠᠯᠲᠠ ᠶᠢᠨ ᠣᠨᠴᠠᠯᠢᠭ ᠲᠤ ᠪᠠᠶᠢᠴᠠᠭᠠᠯᠲᠠ ᠪᠠ ᠵᠠᠳᠠᠯᠤᠯᠲᠠ ᠬᠢᠬᠦ᠃ ᠬᠠᠯᠳᠠᠪᠤᠷᠢᠯᠠᠬᠤ ᠡᠬᠢ ᠰᠤᠷᠪᠤᠯᠵᠢ ᠪᠠ ᠤᠯᠠᠮᠵᠢᠯᠠᠬᠤ ᠠᠷᠭ᠎ᠠ ᠵᠠᠮ ᠢ ᠪᠠᠶᠢᠴᠠᠭᠠᠨ ᠲᠤᠳᠤᠯᠠᠵᠤ᠂ ᠬᠠᠨᠳᠤᠯᠭᠠᠲᠤ ᠴᠢᠨᠠᠷᠲᠠᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠬᠡᠷᠡᠭᠵᠢᠭᠦᠯᠦᠨ᠎ᠡ᠃ ᠲᠣᠰ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠲᠡᠭᠡᠲᠤ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ᠎ᠡ᠃        ︵3︶ ᠬᠤᠯᠤᠭᠠᠨ᠎ᠠ ᠬᠢᠵᠢᠭ ᠤᠨ ᠦᠯᠢᠭᠡᠷ ᠬᠡᠪ ᠲᠤ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ ᠬᠢᠵᠦ᠂ ᠳᠠᠬᠢᠨ ᠬᠠᠷᠭᠤᠭᠤᠯᠵᠤ᠂ ᠲᠣᠭᠲᠠᠭᠠᠬᠤ ᠪᠥᠭᠡᠳ ᠲᠤᠷᠰᠢᠯᠲᠠ ᠶᠢᠨ ᠲᠠᠰᠤᠭ ᠤᠨ ᠣᠨᠣᠰᠢᠯᠠᠭᠰᠠᠨ ᠦᠷ᠎ᠡ ᠳ᠋ᠦᠩ ᠢ ᠳᠡᠭᠡᠭᠰᠢ ᠮᠡᠳᠡᠭᠦᠯᠦᠨ᠎ᠡ᠃        ︵4︶ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠢ ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠪᠣᠯᠤᠨ ᠬᠤᠯᠤᠭᠠᠨ᠎ᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠮᠡᠷᠭᠡᠵᠢᠯ ᠤᠨ ᠵᠢᠯᠣᠭᠤᠳᠤᠯᠭ᠎ᠠ ᠵᠢᠴᠢ ᠲᠤᠰᠬᠠᠶ ᠮᠡᠷᠭᠡᠵᠢᠯ ᠤᠨ ᠳᠡᠮᠵᠢᠯᠭᠡ ᠶᠢ ᠬᠠᠷᠢᠭᠤᠴᠠᠨ᠎ᠠ᠃        2.2.2 ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠡᠭᠦᠷᠭᠡ        ︵1︶ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠣᠯ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠪᠤᠷᠠᠨ ᠵᠠᠰᠠᠬᠤ ᠪᠠᠶᠢᠭᠤᠯᠤᠮᠵᠢ ᠮᠥᠨ᠂ ᠬᠤᠲᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠪᠣᠯ ᠬᠦᠨᠳᠦ ᠡᠪᠡᠳᠴᠢᠨ ᠤ ᠭᠠᠵᠡᠷ ᠲᠣᠭᠲᠠᠭᠠᠨ ᠠᠪᠤᠷᠠᠨ ᠵᠠᠰᠠᠬᠤ ᠪᠠᠶᠢᠭᠤᠯᠤᠮᠵᠢ ᠮᠥᠨ᠃        ︵2︶ ᠡᠪᠡᠳᠴᠢᠲᠡᠨ ᠢ ᠬᠦᠯᠢᠶᠡᠨ ᠠᠪᠬᠤ᠂ ᠲᠤᠰᠠᠭᠠᠷᠯᠠᠬᠤ᠂ ᠡᠮᠨᠡᠨ ᠵᠠᠰᠠᠬᠤ ᠪᠠ ᠳᠠᠮᠵᠢᠭᠤᠯᠤᠨ ᠲᠡᠭᠡᠭᠡᠪᠦᠷᠢᠯᠡᠬᠦ ᠠᠵᠢᠯ ᠢ ᠥᠷᠨᠢᠭᠦᠯᠬᠦ᠃ ᠰᠡᠵᠢᠭᠯᠡᠯᠲᠡᠶ ᠡᠪᠡᠳᠴᠢᠲᠡᠨ ᠢ ᠴᠠᠭ ᠲᠤᠬᠠᠶ ᠳᠤᠨᠢ ᠳᠤᠲᠤᠯᠠᠬᠤ ᠪᠤᠶᠤ ᠣᠨᠣᠰᠢᠯᠠᠬᠤ᠃ ᠨᠢᠭᠲᠠ ᠣᠶᠢᠷᠠᠳᠤᠭᠰᠠᠳ ᠲᠤ ᠠᠨᠠᠭᠠᠬᠤ ᠤᠬᠠᠭᠠᠨ ᠤ ᠠᠵᠢᠭᠯᠠᠯᠲᠠ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠢ ᠡᠮᠴᠢᠯᠡᠭᠡ ᠬᠢᠬᠦ ᠵᠡᠷᠭᠡ᠃        ︵3︶ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠠᠵᠢᠯᠲᠠᠨ ᠢ ᠬᠠᠪᠰᠤᠷᠤᠨ ᠵᠠᠭᠪᠤᠷ ᠴᠤᠭᠯᠠᠭᠤᠯᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠨ᠎ᠡ᠃        ︵4︶ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠢ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠠᠷᠢᠭᠤᠳᠬᠠᠨ ᠲᠤᠰᠠᠭᠠᠷᠯᠠᠬᠤ ᠪᠠ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠬᠢᠵᠦ᠂ ᠡᠮᠨᠡᠯᠭᠡ ᠶᠢᠨ ᠬᠤᠷᠢᠶᠠᠨ ᠤ ᠳᠣᠳᠤᠷᠠᠬᠢ ᠰᠣᠯᠪᠢᠴᠠᠭᠰᠠᠨ ᠬᠠᠯᠳᠠᠪᠤᠷᠢᠯᠠᠯ ᠡᠭᠦᠰᠬᠦ ᠶᠢ ᠰᠡᠷᠭᠡᠶᠢᠯᠡᠨ᠎ᠡ᠃ ᠡᠮᠴᠢᠯᠡᠭᠡᠨ ᠤ ᠬᠤᠭ ᠨᠣᠪᠰᠢ ᠪᠣᠯᠤᠨ ᠪᠣᠬᠢᠷ ᠤᠰᠤ ᠶᠢ ᠴᠢᠩᠭ᠎ᠠ ᠰᠢᠢᠳᠪᠦᠷᠢᠯᠡᠵᠦ᠂ ᠣᠷᠴᠢᠨ ᠲᠣᠭᠤᠷᠢᠨ ᠤ ᠪᠦᠬᠢᠷᠳᠤᠯ ᠠᠴᠠ ᠵᠶᠢᠯᠡᠰᠬᠢᠨ᠎ᠡ᠃        ︵5︶ ᠬᠤᠯᠤᠭᠠᠨ᠎ᠠ ᠬᠢᠵᠢᠭ ᠤᠨ ᠡᠪᠡᠳᠴᠢᠲᠡᠨ ᠤ ᠥᠭᠦᠭᠰᠡᠨ ᠤ ᠳᠠᠷᠠᠭᠠᠬᠢ ᠬᠡᠭᠦᠷ ᠢ ᠵᠠᠳᠠᠯᠠᠬᠤ᠂ ᠠᠷᠢᠭᠤᠳᠬᠠᠬᠤ᠂ ᠰᠢᠲᠠᠭᠠᠬᠤ ᠵᠡᠷᠭᠡ ᠰᠢᠢᠳᠪᠦᠷᠢᠯᠡᠬᠦ ᠠᠵᠢᠯ ᠢ ᠬᠠᠷᠢᠭᠤᠴᠠᠬᠤ ᠪᠤᠶᠤ ᠬᠠᠪᠰᠤᠷᠤᠨ ᠪᠡᠶᠡᠯᠡᠭᠦᠯᠦᠨ᠎ᠡ᠃        2.2.3 ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠪᠣᠳᠠᠲᠠᠶ ᠡᠭᠦᠷᠭᠡ        ︵1︶ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ᠂ ᠪᠠᠶᠢᠴᠠᠭᠠᠬᠤ ᠠᠵᠢᠯ ᠢ ᠥᠷᠨᠢᠭᠦᠯᠦᠨ᠎ᠡ᠃        ︵2︶ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠲᠣᠭᠤᠷᠢᠨ ᠳᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠦᠷᠨᠢᠭᠦᠯᠦᠨ᠎ᠡ᠃        ︵3︶ ︽ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ᠪᠣᠯᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠨ᠂ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠮᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃        3. ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ        3.1 ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠤᠭᠤᠳ ︽ᠪᠦᠬᠦ ᠣᠷᠣᠨ ᠤ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠲᠥᠰᠦᠯ︾ ᠤᠨ ᠱᠠᠭᠠᠷᠳᠠᠯᠭ᠎ᠠ ᠶᠣᠰᠣᠭᠠᠷ ᠬᠤᠯᠤᠭᠠᠨ᠎ᠠ ᠬᠢᠵᠢᠭ ᠤᠨ ᠡᠳᠦᠷ ᠲᠤᠲᠤᠮ ᠤᠨ ᠬᠢᠨᠠᠨ ᠬᠡᠮᠵᠢᠬᠦ ᠠᠵᠢᠯ ᠢ ᠦᠷᠨᠢᠭᠦᠯᠦᠨ᠎ᠡ᠃        3.2 ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠯ ᠪᠣᠯᠤᠨ ᠱᠠᠭᠠᠷᠳᠠᠯᠭ᠎ᠠ ᠶᠣᠰᠣᠭᠠᠷ᠂ ᠬᠤᠯᠤᠭᠠᠨ᠎ᠠ ᠬᠢᠵᠢᠭ ᠢ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠠᠵᠢᠯ ᠤᠨ ᠬᠠᠮᠢᠶᠠᠷᠤᠯᠲᠠ ᠪᠣᠯᠤᠨ ᠬᠢᠨᠠᠯᠲᠠ ᠪᠠᠨ ᠴᠢᠩᠭᠠᠳᠬᠠᠵᠤ᠂ ᠬᠢᠨᠠᠨ ᠬᠡᠮᠵᠢᠬᠦ ᠶᠠᠰᠤ ᠴᠢᠨᠠᠷ ᠢ ᠪᠠᠲᠤᠯᠠᠨ᠎ᠠ᠃        3.3 ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠳ ᠬᠤᠯᠤᠭᠠᠨ᠎ᠠ ᠬᠢᠵᠢᠭ ᠢ ᠬᠢᠨᠡᠨ ᠬᠡᠮᠵᠢᠬᠦ᠂ ᠠᠮᠢᠲᠠᠨ ᠤ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠵᠢᠴᠢ ᠬᠤᠯᠤᠭᠠᠨ᠎ᠠ ᠬᠢᠵᠢᠭ ᠤᠨ ᠪᠠᠶᠢᠭᠠᠯᠢ ᠶᠢᠨ ᠬᠢᠵᠢᠭ ᠤᠨ ᠰᠤᠷᠪᠤᠯᠵᠢ ᠭᠠᠵᠠᠷ ᠤᠨ ᠪᠠᠶᠢᠴᠠᠭᠠᠯᠲᠠ ᠶᠢᠨ ᠠᠵᠢᠯ ᠳᠤ ᠴᠢᠬᠤᠯᠠ ᠪᠦᠬᠦᠢ ᠵᠠᠷᠤᠳᠠᠯ ᠤᠨ ᠳᠡᠮᠵᠢᠯᠭᠡ ᠦᠵᠡᠭᠦᠯᠬᠦ ᠬᠡᠷᠡᠭᠲᠡᠶ᠃        3.4 ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠮᠡᠳᠡᠭᠦᠯᠦᠭᠰᠡᠨ ᠬᠤᠯᠤᠭᠠᠨ᠎ᠠ ᠬᠢᠵᠢᠭ ᠤᠨ ᠪᠠᠢᠳᠠᠯ ᠤᠨ ᠬᠥᠨᠥᠭᠡᠯᠲᠦ ᠴᠢᠨᠠᠷ ᠪᠠ ᠪᠠᠴᠢᠮ ᠬᠡᠮᠵᠢᠶ᠎ᠡ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ ᠬᠡᠷᠡᠭᠲᠡᠶ᠃ ᠰᠡᠷᠡᠮᠵᠢᠯᠡᠭᠦᠯᠬᠦ ᠮᠡᠳᠡᠭᠡ ᠵᠠᠩᠭᠢ ᠳᠤ ᠬᠤᠯᠤᠭᠠᠨ᠎ᠠ ᠶᠢᠨ ᠬᠢᠵᠢᠭ ᠤᠨ ᠬᠡᠯᠪᠡᠷᠢ ᠢᠯᠭᠠᠯ᠂ ᠰᠡᠷᠡᠮᠵᠢᠯᠡᠭᠦᠯᠬᠦ ᠳᠡᠰ᠂ ᠡᠬᠢᠯᠡᠬᠦ ᠴᠠᠭ᠂ ᠰᠡᠷᠡᠮᠵᠢᠯᠡᠭᠦᠯᠬᠦ ᠵᠦᠢᠯᠡᠰ᠂ ᠠᠪᠦᠪᠠᠯ ᠵᠤᠬᠢᠬᠤ ᠠᠷᠭ᠎ᠠ ᠬᠡᠮᠵᠢᠶ᠎ᠡ ᠪᠠ ᠨᠡᠶᠢᠲᠡᠯᠡᠬᠦ ᠪᠠᠶᠢᠭᠤᠯᠭ᠎ᠠ ᠵᠡᠷᠭᠡ ᠪᠠᠭᠲᠠᠨ᠎ᠠ᠃        3.4.1 ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠨᠢᠭᠡᠴᠡ᠄ Ⅰ ᠳᠡᠰ ᠨᠢ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ Ⅱ ᠳᠡᠰ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ Ⅲ ᠳᠡᠰ ᠨᠢ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠂ Ⅳ ᠳᠡᠰ ᠨᠢ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠃        3.4.2 ᠲᠣᠰ ᠪᠡᠯᠡᠳᠬᠡᠯ ᠲᠥᠰᠦᠯ ᠤᠨ ᠬᠤᠯᠤᠭᠠᠨ᠎ᠠ ᠬᠢᠵᠢᠭ ᠤᠨ ᠪᠠᠶᠢᠳᠠᠯ ᠶᠣᠰᠣᠭᠠᠷ ᠳᠡᠰ ᠬᠤᠪᠢᠶᠠᠪᠠᠯ ᠂ ᠤᠷᠢᠳᠴᠢᠯᠡᠨ ᠰᠡᠷᠡᠮᠵᠢᠯᠡᠭᠦᠯᠬᠦ ᠳᠡᠰ ᠨᠢ ᠳᠣᠤᠷᠠᠬᠢ ᠮᠡᠲᠦ ᠲᠣᠬᠢᠷᠠᠯᠴᠠᠨ᠎ᠠ᠄        Ⅰ ᠲᠡᠰ ᠤᠨ ᠤᠷᠢᠳᠴᠢᠯᠠᠨ ᠰᠡᠷᠡᠮᠵᠢᠯᠡᠭᠦᠯᠦᠯ᠄ ᠣᠨᠴᠠᠭᠠᠢ ᠬᠦᠨᠳᠦ ᠶᠡᠭᠡ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ︵Ⅰ ᠳᠡᠰ︶᠂ ᠬᠦᠨᠳᠦ ᠶᠡᠭᠡ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ︵Ⅱ ᠳᠡᠰ︶        Ⅱ ᠲᠡᠰ ᠤᠨ ᠤᠷᠢᠳᠴᠢᠯᠠᠨ ᠰᠡᠷᠡᠮᠵᠢᠯᠡᠭᠦᠯᠦᠯ᠄ ᠨᠡᠯᠢᠶᠡᠳ ᠶᠡᠭᠡ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ︵Ⅲ ᠳᠡᠰ︶        Ⅲ ᠲᠠᠰ ᠤᠨ ᠤᠷᠢᠳᠴᠢᠯᠠᠨ ᠰᠡᠷᠡᠮᠵᠢᠯᠡᠭᠦᠯᠦᠯ᠄ ᠡᠩ ᠤᠨ ᠬᠤᠯᠤᠭᠠᠨ᠎ᠠ ᠬᠢᠵᠢᠭ ᠤᠨ ᠪᠠᠶᠢᠳᠠᠯ ︵Ⅳ ᠲᠠᠰ︶        Ⅳ ᠳᠡᠰ ᠤᠨ ᠤᠷᠢᠳᠴᠢᠯᠠᠨ ᠰᠡᠷᠡᠮᠵᠢᠯᠡᠭᠦᠯᠦᠯ᠄ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠨᠡᠶᠢᠴᠡᠪᠡᠯ᠂ ᠤᠷᠢᠳᠴᠢᠯᠠᠨ ᠰᠡᠷᠡᠮᠵᠢᠯᠡᠭᠦᠯᠦᠨ᠎ᠡ᠄        ① ᠥᠩᠭᠡᠷᠡᠭᠰᠡᠨ ᠤ ᠬᠢᠵᠢᠭ ᠤᠨ ᠢᠷᠡᠯᠲᠡ ᠪᠣᠰᠤ ᠣᠷᠣᠨ ᠪᠤᠶᠤ ᠬᠢᠵᠢᠭ ᠤᠨ ᠢᠷᠡᠯᠲᠡ ᠨᠢ ᠲᠣᠳᠣᠷᠬᠠᠶ ᠥᠬᠡᠶ ᠭᠠᠵᠠᠷ ᠣᠷᠣᠨ ᠳᠤ ᠬᠤᠯᠤᠭᠠᠨ᠎ᠠ ᠬᠢᠵᠢᠭ ᠤᠨ ᠪᠠᠺᠲ᠋ᠧᠷᠢ ᠪᠤᠶᠤ ᠳᠠᠮ ᠴᠢᠰᠤᠨ ᠡᠭᠡᠳᠡᠯ ᠤᠨ ᠲᠤᠷᠰᠢᠯᠲᠠ ᠪᠠᠷ ᠠᠷᠭ᠎ᠠ ᠴᠢᠨᠠᠷᠲᠠᠶ ᠴᠢᠰᠤᠨ ᠲᠤᠩᠭᠠᠯᠠᠭ ᠢ ᠪᠠᠶᠢᠴᠠᠭᠠᠵᠤ ᠭᠠᠷᠭᠠᠭᠰᠠᠨ᠃        ② ᠠᠮᠢᠲᠠᠨ ᠤ ᠬᠤᠯᠤᠭᠠᠨ᠎ᠠ ᠬᠢᠵᠢᠭ ᠨᠢ ᠬᠤᠲᠠ ᠪᠠᠯᠭᠠᠰᠤᠨ ᠤ ᠡᠷᠭᠢᠨ ᠲᠣᠭᠤᠷᠢᠨ᠂ ᠵᠠᠮ ᠬᠠᠷᠢᠯᠴᠠᠭᠠᠨ ᠤ ᠴᠢᠬᠤᠯᠠ ᠵᠠᠮ᠂ ᠬᠥᠮᠦᠨ ᠠᠮᠠ ᠨᠢᠭᠲᠠ ᠭᠠᠵᠠᠷ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠢᠯᠢ ᠶᠢᠨ ᠪᠣᠭᠤᠮᠲᠠ᠂ ᠲᠣᠮᠣ ᠬᠡᠯᠪᠡᠷᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠪᠴᠢᠶᠡᠨ ᠳᠣᠲᠣᠷ᠎ᠠ ᠵᠢᠴᠢ ᠴᠡᠷᠢᠭ ᠤᠨ ᠶᠠᠪᠤᠳᠠᠯ᠂ ᠰᠠᠨᠰᠠᠷ ᠤᠨ ᠠᠶᠠᠯᠠᠯ ᠤᠨ ᠰᠠᠭᠤᠷᠢᠨ ᠵᠡᠷᠭᠡ ᠭᠠᠵᠡᠷ ᠲᠤ ᠡᠭᠦᠰᠦᠭᠰᠡᠨ ᠪᠥᠭᠡᠳ ᠡᠷᠭᠢᠨ ᠲᠣᠭᠤᠷᠢᠨ ᠤ ᠬᠥᠮᠦᠰ ᠲᠤ ᠰᠦᠷᠳᠡᠭᠦᠯᠦᠯ ᠪᠣᠯᠬᠤ᠃        ③ ᠬᠥᠷᠰᠢ ᠵᠡᠷᠭᠡᠯᠡᠳᠡᠭᠡ ᠤᠯᠤᠰ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ ᠳᠤ ᠠᠭᠤᠰᠬᠢᠨ ᠤ ᠬᠤᠯᠤᠭᠠᠨ᠎ᠠ ᠬᠢᠵᠢᠭ ᠡᠭᠦᠰᠴᠦ᠂ ᠲᠠᠷᠬᠠᠬᠤ ᠬᠠᠨᠳᠤᠰᠢ ᠲᠠᠢ ᠪᠥᠭᠡᠳ ᠣᠷᠣᠵᠤ ᠢᠷᠡᠬᠦ ᠪᠣᠯᠤᠯᠴᠠᠭ᠎ᠠ ᠲᠠᠢ ᠪᠠᠶᠢᠬᠤ᠃        4. ᠮᠡᠳᠡᠭᠡ ᠵᠠᠩᠭᠢ ᠶᠢᠨ ᠬᠠᠮᠢᠶᠠᠷᠤᠯᠲᠠ ᠬᠢᠭᠡᠳ ᠮᠡᠳᠡᠭᠦᠯᠦᠯᠲᠡ        4.1 ᠮᠡᠳᠡᠭᠡ ᠵᠠᠩᠭᠢ ᠶᠢᠨ ᠬᠠᠮᠢᠶᠠᠷᠤᠯᠲᠠ        4.1.1 ᠡᠯ᠎ᠡ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠨᠢ ᠬᠠᠷᠢᠶ᠎ᠠ ᠣᠷᠣᠨ ᠤ ᠳᠣᠲᠣᠷᠠᠬᠢ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠠᠮᠢᠶᠠᠷᠬᠤ ᠪᠠ ᠲᠠᠪᠴᠠᠩ ᠤᠨ ᠪᠠᠶᠢᠭᠤᠯᠤᠯᠲᠠ ᠶᠢ ᠬᠠᠷᠢᠭᠤᠴᠠᠵᠤ᠂ ᠲᠣᠰ ᠬᠠᠷᠢᠶ᠎ᠠ ᠣᠷᠣᠨ ᠤ ᠳᠣᠲᠣᠷᠠᠬᠢ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠢᠰᠲ᠋ᠧᠮ ᠤᠨ ᠬᠡᠪ ᠤᠨ ᠠᠵᠢᠯᠯᠠᠭ᠎ᠠ ᠳᠤ ᠴᠢᠬᠤᠯᠠ ᠪᠦᠬᠦᠢ ᠪᠠᠲᠤᠯᠠᠭ᠎ᠠ ᠶᠢᠨ ᠨᠥᠬᠦᠴᠡᠯ ᠬᠠᠩᠬᠭᠠᠨ᠎ᠠ᠃        4.1.2 ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠢ ᠬᠠᠷᠢᠭᠤᠴᠠᠯᠭ᠎ᠠ ᠡᠭᠦᠷᠭᠡᠯᠡᠬᠦ ᠬᠡᠪᠴᠢᠶᠡᠨ ᠳᠣᠲᠣᠷᠠᠬᠢ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠮᠡᠳᠡᠭᠡ ᠵᠠᠩᠭᠢ ᠶᠢᠨ ᠮᠡᠳᠡᠭᠦᠯᠦᠯᠲᠡ ᠬᠢᠭᠡᠳ ᠬᠠᠮᠢᠶᠠᠷᠤᠯᠲᠠ ᠶᠢ ᠬᠠᠷᠢᠭᠤᠴᠠᠵᠤ᠂ ᠬᠠᠷᠢᠶ᠎ᠠ ᠣᠷᠣᠨ ᠤ ᠪᠠᠨ ᠳᠣᠲᠣᠷᠠᠬᠢ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠣᠯᠤᠨ ᠪᠤᠰᠤᠳ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠬᠤ᠂ ᠵᠠᠳᠠᠯᠤᠨ ᠬᠠᠷᠭᠤᠭᠤᠯᠬᠤ ᠶᠢ ᠬᠠᠷᠢᠭᠤᠴᠠᠨ᠎ᠠ᠃        4.2 ᠮᠡᠳᠡᠭᠡ ᠵᠠᠩᠭᠢ ᠶᠢᠨ ᠮᠡᠳᠡᠭᠦᠯᠦᠯᠲᠡ        4.2.1 ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠪᠣᠯ ᠬᠥᠮᠦᠨ ᠤ ᠬᠤᠭᠤᠷᠤᠨᠳᠠᠬᠢ ᠬᠤᠯᠤᠭᠠᠨ᠎ᠠ ᠬᠢᠵᠢᠭ ᠤᠨ ᠪᠠᠶᠢᠲᠠᠯ ᠤᠨ ᠬᠠᠷᠢᠭᠤᠴᠠᠯᠭ᠎ᠠ ᠶᠢᠨ ᠮᠡᠳᠡᠭᠦᠯᠦᠭᠴᠢ ᠪᠣᠯᠤᠨ᠎ᠠ᠃ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯ ᠰᠦᠯᠵᠢᠶ᠎ᠡ ᠪᠠᠷ ᠰᠢᠭᠤᠳ ᠮᠡᠳᠡᠭᠦᠯᠬᠦ ᠬᠠᠷᠢᠭᠤᠴᠠᠯᠭ᠎ᠠ ᠶᠢᠨ ᠮᠡᠳᠡᠭᠦᠯᠬᠦ ᠨᠢᠭᠡᠴᠡ ᠪᠣᠯᠤᠨ᠎ᠠ᠃        4.2.2 ᠡᠮᠴᠢᠯᠡᠭᠡᠨ ᠤ ᠪᠠᠶᠢᠭᠤᠯᠤᠮᠵᠢ ᠬᠤᠯᠤᠭᠠᠨ᠎ᠠ ᠬᠢᠵᠢᠭ ᠤᠨ ᠰᠡᠵᠢᠭᠯᠡᠯᠲᠡᠶ ᠵᠢᠱᠢᠶ᠎ᠡ ᠶᠢ ᠣᠯᠵᠤ ᠮᠡᠳᠡᠪᠡᠯ᠂ ᠪᠠᠶᠢᠭ᠎ᠠ ᠭᠠᠵᠠᠷ ᠤᠨ ᠢᠶᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠢ ᠬᠥᠮᠦᠨ ᠳᠤ ᠳᠠᠮᠵᠢᠭᠳᠠᠬᠤ ᠬᠤᠯᠤᠭᠠᠨ᠎ᠠ ᠬᠢᠵᠢᠭ ᠪᠤᠶᠤ ᠬᠥᠮᠦᠨ ᠳᠤ ᠳᠠᠮᠵᠢᠭᠳᠠᠬᠤ ᠬᠤᠯᠤᠭᠠᠨ᠎ᠠ ᠬᠢᠵᠢᠭ ᠤᠨ ᠰᠡᠵᠢᠭᠯᠡᠯᠲᠡᠶ ᠪᠠᠶᠢᠳᠠᠯ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ 2 ᠴᠠᠭ ᠤᠨ ᠳᠣᠲᠣᠷ᠎ᠠ ᠰᠦᠯᠵᠢᠶ᠎ᠡ ᠪᠠᠷ ᠰᠢᠭᠤᠳ ᠮᠡᠳᠡᠭᠦᠯᠬᠦ ᠬᠡᠷᠡᠭᠲᠡᠶ᠃        4.2.3 ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯ ᠠᠮᠢᠲᠠᠨ ᠤ ᠬᠤᠯᠤᠭᠠᠨ᠎ᠠ ᠬᠢᠵᠢᠭ ᠤᠨ ᠪᠠᠶᠢᠳᠠᠯ ᠤᠨ ᠬᠠᠷᠢᠭᠤᠴᠠᠯᠭ᠎ᠠ ᠶᠢᠨ ᠮᠡᠳᠡᠭᠦᠯᠬᠦ ᠨᠢᠭᠡᠴᠡ ᠪᠣᠯᠤᠨ᠎ᠠ᠃ ᠠᠮᠢᠲᠠᠨ ᠤ ᠬᠤᠯᠤᠭᠠᠨ᠎ᠠ ᠬᠢᠵᠢᠭ ᠡᠭᠦᠰᠦᠭᠰᠡᠨ ᠢ ᠲᠣᠳᠣᠯᠠᠭᠰᠠᠨ ᠤ ᠳᠠᠷᠠᠭ᠎ᠠ᠂ ᠬᠠᠷᠢᠭᠤᠴᠠᠯᠭ᠎ᠠ ᠶᠢᠨ ᠮᠡᠳᠡᠭᠦᠯᠬᠦ ᠨᠢᠭᠡᠴᠡ ᠨᠢ 2 ᠴᠠᠭ ᠤᠨ ᠳᠣᠲᠣᠷ᠎ᠠ ᠰᠦᠯᠵᠢᠶ᠎ᠡ ᠪᠠᠷ ᠰᠢᠭᠤᠳ ᠮᠡᠳᠡᠭᠦᠯᠬᠦ ᠬᠡᠷᠡᠭᠲᠡᠶ᠃        4.2.4 ᠬᠤᠯᠤᠭᠠᠨ᠎ᠠ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠬᠤᠭᠤᠴᠠᠭᠠᠨ ᠳᠤ ᠬᠤᠯᠤᠭᠠᠨ᠎ᠠ ᠬᠢᠵᠢᠭ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠴᠠᠭ ᠲᠤᠬᠠᠶ ᠳᠤᠨᠢ ᠮᠡᠳᠡᠭᠦᠯᠬᠦ ᠪᠤᠶᠤ ᠱᠠᠲᠤ ᠦᠶ᠎ᠡ ᠶᠢᠨ ᠴᠢᠨᠠᠷᠲᠠᠶ ᠬᠤᠯᠤᠭᠠᠨ᠎ᠠ ᠬᠢᠵᠢᠭ ᠢ ᠬᠢᠨᠡᠨ ᠬᠡᠮᠵᠢᠭᠰᠡᠨ ᠲᠤᠭ᠎ᠠ ᠪᠠᠷᠢᠮᠲᠠ ᠶᠢ ᠲᠣᠭᠲᠠᠭᠠᠯ ᠶᠣᠰᠣᠭᠠᠷ ᠮᠡᠳᠡᠭᠦᠯᠬᠦ ᠶᠢᠨ ᠬᠠᠮᠲᠤ ᠬᠢᠨᠠᠨ ᠬᠡᠮᠵᠢᠭᠰᠡᠨ ᠪᠠᠶᠢᠳᠠᠯ ᠢᠶᠠᠨ ᠴᠠᠭ ᠲᠤᠬᠠᠶ ᠳᠤᠨᠢ ᠰᠦᠯᠵᠢᠶ᠎ᠡ ᠪᠠᠷ ᠰᠢᠭᠤᠳ ᠮᠡᠳᠡᠭᠦᠯᠵᠦ᠂ ᠮᠡᠳᠡᠭᠦᠯᠦᠯᠲᠡ ᠶᠢᠨ ᠬᠤᠭᠤᠷᠣᠨᠳᠣᠬᠢ ᠵᠠᠶ ᠨᠢ ᠬᠠᠮᠤᠭ ᠤᠨ ᠤᠷᠳᠤ ᠳᠠᠭᠠᠨ 4 ᠬᠢᠨᠠᠨ ᠬᠡᠮᠵᠢᠬᠦ ᠦᠶᠡᠯᠡᠯ ᠤᠨ ᠬᠤᠭᠤᠴᠠᠭ᠎ᠠ ︵28 ᠡᠳᠦᠷ︶ ᠠᠴᠠ ᠬᠡᠲᠦᠷᠡᠵᠦ ᠪᠣᠯᠬᠤ ᠦᠭᠡᠢ᠃ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ᠂ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠦᠯᠵᠢᠶ᠎ᠡ ᠪᠠᠷ ᠰᠢᠭᠤᠳ ᠮᠡᠳᠡᠭᠦᠯᠬᠦ ᠬᠡᠷᠡᠭᠲᠡᠶ᠃        5. ᠲᠤᠬᠠᠶ ᠶᠢᠨ ᠲᠠᠯᠠᠪᠠᠶ ᠳᠤ ᠪᠠᠶᠢᠴᠠᠭᠠᠬᠤ ᠪᠠ ᠡᠵᠡᠮᠳᠡᠬᠦ        5.1 ᠲᠤᠬᠠᠶ ᠶᠢᠨ ᠲᠠᠯᠠᠪᠠᠶ ᠳᠤ ᠪᠠᠶᠢᠴᠠᠭᠠᠬᠤ        5.1.1 ᠡᠪᠡᠳᠴᠢᠨ ᠤ ᠵᠢᠱᠢᠶ᠎ᠡ ᠵᠢᠴᠢ ᠣᠶᠢᠷᠠᠲᠤᠭᠰᠠᠳ ᠲᠤ ᠪᠠᠶᠢᠴᠠᠭᠠᠯᠲᠠ ᠬᠢᠬᠦ        5.1.1.1 ᠬᠤᠯᠤᠭᠠᠨ᠎ᠠ ᠬᠢᠵᠢᠭ ᠤᠨ ᠰᠡᠵᠢᠭᠯᠡᠯᠲᠡᠶ ᠡᠪᠡᠳᠴᠢᠲᠡᠨ ᠤ ᠬᠠᠯᠳᠠᠪᠤᠷᠢᠲᠤ ᠡᠪᠡᠳᠴᠢᠨ ᠤ ᠮᠡᠳᠡᠭᠦᠯᠦᠯᠲᠡ ᠶᠢ ᠤᠯᠪᠡᠯ᠂ ᠬᠡᠷᠡᠭ ᠡᠭᠦᠰᠦᠭᠰᠡᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠠᠴᠠ ᠪᠠᠶᠢᠴᠠᠭᠠᠬᠤ ᠠᠵᠢᠯᠲᠠᠨ ᠲᠣᠮᠢᠯᠠᠵᠤ᠂ ᠡᠪᠡᠳᠴᠢᠨ ᠡᠭᠦᠰᠦᠭᠰᠡᠨ ᠪᠠᠶᠢᠳᠠᠯ᠂ ᠡᠪᠡᠳᠴᠢᠨ ᠡᠭᠦᠰᠦᠭᠰᠡᠨ ᠬᠥᠮᠦᠨ ᠤ ᠲᠤᠭ᠎ᠠ ᠪᠣᠯᠤᠨ ᠲᠠᠷᠬᠠᠯᠲᠠ᠂ ᠣᠶᠢᠷᠠᠳᠤᠭᠰᠠᠨ ᠬᠥᠮᠦᠨ ᠤ ᠲᠤᠭ᠎ᠠ ᠬᠡᠮᠵᠢᠶ᠎ᠡ ᠶᠢ ᠪᠠᠶᠢᠴᠠᠭᠠᠵᠤ᠂ ᠬᠤᠯᠤᠭᠠᠨ᠎ᠠ ᠬᠢᠵᠢᠭ ᠢ ᠣᠨᠣᠰᠢᠯᠠᠬᠤ ᠪᠣᠯᠣᠯᠴᠠᠭᠠᠲᠤ ᠴᠢᠨᠠᠷ ᠵᠢᠴᠢ ᠬᠡᠷᠡᠭ ᠤᠨ ᠬᠦᠨᠳᠦ ᠨᠣᠴᠢᠲᠠᠶ ᠪᠠᠶᠢᠳᠠᠯ ᠢ ᠦᠨᠳᠦᠰᠦᠯᠡᠨ᠂ ᠡᠬᠢᠨ ᠤ ᠬᠤᠭᠤᠴᠠᠭᠠᠨ ᠤ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃        5.1.1.2 ᠬᠤᠯᠤᠭᠠᠨ᠎ᠠ ᠬᠢᠵᠢᠭ ᠤᠨ ᠪᠠᠶᠢᠳᠠᠯ ᠭᠡᠷᠡᠴᠢᠯᠡᠭᠳᠡᠭᠰᠡᠨ ᠤ ᠳᠠᠷᠠᠭ᠎ᠠ᠂ ᠳᠡᠯᠭᠡᠷᠡᠵᠦ ᠪᠠᠶᠢᠭ᠎ᠠ ᠭᠠᠵᠠᠷ ᠣᠷᠣᠨ ᠳᠤ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠴᠢᠩᠭᠠᠳᠬᠠᠨ᠎ᠠ ᠃ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ ᠥᠷᠨᠢᠭᠦᠯᠵᠦ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠤᠭᠤᠷᠢᠨ ᠡᠮᠨᠡᠨ᠎ᠡ᠃ ᠣᠯᠠᠨ ᠲᠦᠮᠡᠨ ᠢ ᠳᠠᠶᠢᠴᠢᠯᠠᠨ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠢᠯᠡᠷᠡᠭᠦᠯᠦᠨ ᠮᠡᠳᠡᠭᠦᠯᠬᠦ ᠬᠡᠷᠡᠭᠲᠡᠶ᠃ ᠣᠯᠵᠤ ᠮᠡᠳᠡᠭᠰᠡᠨ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠳᠠᠷᠦ᠋ᠢᠬᠠᠨ ᠵᠣᠬᠢᠶᠠᠨ ᠪᠠᠶᠢᠭᠤᠯᠤᠨ ᠣᠨᠣᠰᠢᠯᠠᠵᠤ᠂ ᠲᠤᠰᠠᠭᠠᠷᠯᠠᠨ ᠡᠮᠨᠡᠨ ᠵᠠᠰᠠᠬᠤ ᠬᠡᠷᠡᠭᠲᠡᠶ᠃ ᠳᠡᠯᠭᠡᠷᠡᠮᠡᠯ ᠪᠤᠰᠤ ᠭᠠᠵᠠᠷ ᠣᠷᠣᠨ ᠳᠤ ᠠᠮᠢᠲᠠᠨ ᠤ ᠢᠷᠡᠯᠲᠡ ᠶᠢᠨ ᠬᠠᠯᠳᠠᠪᠤᠷᠢᠯᠠᠭᠰᠠᠨ ᠡᠪᠡᠳᠴᠢᠨ ᠤ ᠵᠢᠱᠢᠶ᠎ᠡ ᠶᠢᠨ ᠲᠠᠬᠤᠯ ᠡᠪᠡᠳᠴᠢᠨ ᠤ ᠰᠤᠳᠤᠯᠤᠯ ᠤᠨ ᠲᠡᠤᠬᠡᠨ ᠳᠤ ᠪᠠᠶᠢᠴᠠᠭᠠᠯᠲᠠ ᠬᠢᠬᠦ ᠶᠢ ᠣᠨᠴᠠᠭᠠᠶᠢᠯᠠᠨ ᠠᠩᠬᠠᠷᠴᠤ᠂ ᠡᠪᠡᠳᠴᠢᠲᠡᠨ ᠤ ᠬᠠᠯᠳᠠᠪᠤᠷᠢᠯᠠᠯ ᠤᠨ ᠢᠷᠡᠯᠲᠡ ᠶᠢ ᠡᠵᠡᠮᠰᠢᠵᠦ ᠬᠢᠵᠠᠭᠠᠷᠯᠠᠬᠤ ᠳᠤ ᠳᠦᠭᠦᠮ ᠪᠤᠯᠭᠠᠨ᠎ᠠ᠃        5.1.1.3 ᠬᠤᠯᠤᠭᠠᠨ᠎ᠠ ᠬᠢᠵᠢᠭ ᠤᠨ ᠬᠦᠷᠦᠯᠴᠡᠭᠴᠢ ᠭᠡᠳᠡᠭ ᠨᠢ ᠡᠪᠡᠳᠴᠢᠲᠡᠨ ᠤ ᠡᠪᠡᠳᠴᠢᠨ ᠬᠥᠳᠡᠯᠬᠦ ᠠᠴᠠ ᠲᠤᠰᠠᠭᠠᠷᠯᠠᠭᠳᠠᠬᠤ ᠪᠣᠯᠲᠠᠯ᠎ᠠ ᠡᠪᠡᠳᠴᠢᠲᠡᠨ ᠲᠠᠢ ᠬᠠᠮᠲᠤ ᠨᠢᠭᠡ ᠲᠠᠰᠤᠯᠭ᠎ᠠ ᠪᠤᠶᠤ 5m ᠶᠢᠨ ᠵᠠᠶ ᠲᠠᠢ ᠣᠶᠢᠷᠠᠳᠤᠭᠰᠠᠨ ᠪᠣᠢ ᠪᠦᠬᠦᠢ ᠬᠥᠮᠦᠰ ᠢ ᠵᠢᠭᠠᠵᠤ ᠪᠠᠶᠢᠨ᠎ᠠ᠃ ᠬᠢᠵᠢᠭ ᠭᠠᠷᠤᠭᠰᠠᠨ ᠤ ᠳᠠᠷᠠᠭ᠎ᠠ ᠴᠢᠳᠠᠬᠤ ᠶᠢᠨ ᠬᠢᠷᠢ ᠪᠠᠷ ᠣᠶᠢᠷᠠᠳᠤᠭᠴᠢ ᠶᠢ ᠪᠠᠶᠢᠴᠠᠭᠠᠵᠤ᠂ ᠣᠶᠢᠷᠠᠳᠤᠭᠰᠠᠨ ᠪᠠᠶᠢᠳᠠᠯ ᠢ ᠪᠠᠶᠢᠴᠠᠭᠠᠬᠤ ᠶᠢᠨ ᠬᠠᠮᠲᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠶ᠃        5.1.1.4 ᠵᠠᠭᠤᠴᠢᠯᠠᠭᠤᠷ ᠤᠷᠤᠰᠢᠭᠴᠢ ᠤᠨ ᠪᠠᠶᠢᠴᠠᠭᠠᠯᠲᠠ        ᠤᠯᠤᠰ ᠤᠨ ︽ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠠᠵᠢᠯ ᠤᠨ ᠭᠠᠷ ᠳᠡᠪᠲᠡᠷ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠶᠠᠪᠤᠭᠳᠠᠭᠤᠯᠤᠨ᠎ᠠ᠃ ᠭᠤᠣᠯᠳᠠᠭᠤ ᠬᠤᠯᠤᠭᠠᠨ᠎ᠠ ᠬᠢᠵᠢᠭ ᠭᠤᠤᠯ ᠤᠷᠤᠰᠢᠭᠴᠢ ᠠᠮᠢᠲᠠᠨ ᠪᠠ ᠵᠠᠭᠤᠴᠢᠯᠠᠭᠤᠷ ᠤᠨ ᠨᠢᠭᠲᠠᠴᠠ ᠶᠢ ᠪᠠᠶᠢᠴᠠᠭᠠᠨ᠎ᠠ᠃ ᠭᠤᠣᠯ ᠤᠷᠤᠰᠢᠭᠴᠢ ᠠᠮᠢᠲᠠᠨ ᠤ ᠪᠠᠺᠲ᠋ᠧᠷᠢ ᠠᠭᠤᠯᠬᠤ ᠨᠣᠷᠮ᠎ᠠ ᠪᠠ ᠡᠰᠡᠷᠭᠦᠴᠡᠭᠴᠢ ᠶᠢᠨ ᠲᠠᠷᠬᠠᠯᠲᠠ ᠶᠢᠨ ᠪᠠᠶᠢᠳᠠᠯ᠂ ᠵᠠᠭᠤᠴᠢᠯᠠᠭᠤᠷ ᠤᠨ ᠪᠠᠺᠲ᠋ᠧᠷᠢ ᠠᠭᠤᠯᠬᠤ ᠨᠤᠷᠮ᠎ᠠ ᠵᠡᠷᠭᠡ ᠪᠤᠯᠤᠨ᠎ᠠ᠃ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠡᠪᠡᠳᠴᠢᠲᠡᠨ ᠤ ᠬᠠᠯᠳᠠᠪᠤᠷᠢᠯᠠᠯ ᠤᠨ ᠢᠷᠡᠯᠲᠡ ᠨᠢ ᠲᠤᠬᠠᠢ ᠶᠢᠨ ᠭᠠᠵᠠᠷ ᠤᠨ ᠪᠤᠶᠤ ᠭᠠᠳᠠᠨ᠎ᠠ ᠠᠴᠠ ᠢᠷᠡᠭᠰᠡᠨ ᠢ ᠭᠡᠵᠦ ᠮᠠᠭᠠᠳᠯᠠᠨ ᠲᠣᠭᠲᠠᠭᠠᠨ᠎ᠠ᠃ ᠬᠡᠷᠪᠡ ᠭᠠᠳᠠᠨ᠎ᠠ ᠠᠴᠠ ᠢᠷᠡᠭᠰᠡᠨ ᠬᠠᠯᠳᠠᠪᠤᠷᠢᠯᠠᠯ ᠤᠨ ᠡᠬᠢ ᠰᠤᠷᠪᠤᠯᠵᠢ ᠪᠣᠯ ᠲᠤᠬᠠᠶ ᠶᠢᠨ ᠭᠠᠵᠠᠷ ᠲᠤ ᠬᠢᠵᠢᠭ ᠤᠨ ᠰᠢᠨ᠎ᠡ ᠰᠤᠷᠪᠤᠯᠵᠢ ᠭᠠᠵᠠᠷ ᠪᠣᠯᠵᠤ ᠪᠦᠷᠢᠯᠳᠦᠬᠦ ᠡᠰᠡᠬᠦ ᠳᠤ ᠵᠠᠳᠠᠯᠤᠯᠲᠠ ᠬᠢᠵᠦ ᠮᠠᠭᠠᠳᠯᠠᠯ ᠬᠢᠨ᠎ᠡ᠃        5.1.1.5 ᠡᠮᠨᠡᠯᠭᠡ ᠶᠢᠨ ᠠᠵᠢᠯᠲᠠᠨ ᠪᠠ ᠲᠤᠬᠠᠶ ᠶᠢᠨ ᠲᠠᠯᠠᠪᠤᠷ ᠤᠨ ᠠᠵᠢᠯᠲᠠᠨ ᠤ ᠬᠠᠮᠠᠭᠠᠯᠠᠯᠲᠠ        ᠪᠦᠬᠦ᠋ᠢᠯᠡ ᠡᠮᠴᠢ ᠰᠤᠪᠢᠯᠠᠭᠴᠢ᠂ ᠬᠡᠪ ᠵᠠᠭᠪᠤᠷ ᠠᠪᠴᠤ ᠪᠠᠶᠢᠭ᠎ᠠ ᠬᠥᠮᠦᠰ ᠪᠠ ᠬᠤᠯᠤᠭᠠᠨ᠎ᠠ ᠬᠢᠵᠢᠭ ᠨᠡᠷᠪᠡᠭᠳᠡᠭᠰᠡᠳ ᠲᠤ ᠰᠢᠭᠤᠳ ᠦᠢᠯᠡᠴᠢᠯᠡᠵᠦ ᠪᠠᠶᠢᠭ᠎ᠠ ᠪᠤᠰᠤᠳ ᠬᠥᠮᠦᠰ ᠴᠥᠮ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠥᠪᠡᠷ ᠢᠶᠠᠨ ᠬᠠᠯᠲᠠᠪᠦᠷᠢᠯᠠᠬᠤ ᠠᠴᠠ ᠵᠠᠶᠢᠯᠠᠰᠬᠢᠬᠦ ᠬᠡᠷᠡᠭᠲᠡᠶ᠃ ᠬᠢᠵᠢᠭᠲᠦ ᠣᠷᠣᠨ ᠳᠤ ᠭᠡᠨᠡᠳᠲᠡ ᠡᠭᠦᠰᠦᠭᠰᠡᠨ ᠬᠤᠯᠤᠭᠠᠨ᠎ᠠ ᠬᠢᠵᠢᠭ ᠤᠨ ᠬᠡᠷᠡᠭ ᠢ ᠳᠡᠭᠡᠷ᠎ᠡ ᠳᠤᠷᠠᠳᠤᠭᠰᠠᠨ ᠰᠡᠷᠭᠡᠶᠢᠯᠡᠯᠲᠡ ᠶᠢ ᠰᠠᠶᠢᠲᠤᠷ ᠬᠢᠬᠦ ᠠᠴᠠ ᠭᠠᠳᠠᠨ᠎ᠠ᠂ ᠨᠤᠬᠠᠢ ᠶᠢᠨ ᠪᠥᠭᠡᠰᠦ ᠶᠢ ᠰᠡᠷᠭᠡᠶᠢᠯᠡᠬᠦ ᠴᠢᠩᠭ᠎ᠠ ᠠᠷᠭ᠎ᠠ ᠬᠡᠮᠵᠢᠶ᠎ᠡ ᠠᠪᠬᠤ ᠬᠡᠷᠡᠭᠲᠡᠶ        5.2 ᠲᠤᠬᠠᠶ ᠶᠢᠨ ᠲᠠᠯᠠᠪᠠᠢ ᠶᠢᠨ ᠬᠢᠵᠢᠭ ᠤᠨ ᠪᠠᠶᠢᠳᠠᠯ ᠢ ᠬᠢᠵᠠᠭᠠᠷᠯᠠᠬᠤ        5.2.1 ᠡᠪᠡᠳᠴᠢᠲᠡᠨ ᠢ ᠲᠤᠰᠠᠭᠠᠷᠯᠠᠵᠤ ᠡᠮᠨᠡᠨ ᠵᠠᠰᠠᠬᠤ        5.2.1.1 ᠬᠤᠯᠤᠭᠠᠨ᠎ᠠ ᠬᠢᠵᠢᠭ ᠨᠡᠷᠪᠡᠭᠳᠡᠭᠰᠡᠳ ᠢ ᠲᠤᠬᠠᠶ ᠶᠢᠨ ᠭᠠᠵᠠᠷ ᠲᠤᠨᠢ ᠲᠤᠰᠠᠭᠠᠷᠯᠠᠵᠤ ᠡᠮᠨᠡᠨ ᠵᠠᠰᠠᠵᠤ᠂ ᠬᠤᠯᠠ ᠭᠠᠵᠠᠷ ᠵᠥᠭᠡᠭᠡᠪᠦᠷᠢᠯᠡᠬᠦ ᠠᠴᠠ ᠵᠶᠢᠯᠠᠰᠬᠢᠨ᠎ᠠ᠃ ᠲᠤᠰᠠᠭᠠᠷᠯᠠᠬᠤ ᠠᠴᠠ ᠡᠮᠦᠨ᠎ᠡ ᠪᠤᠰᠤᠳ ᠬᠥᠮᠦᠰ ᠢ ᠤᠷᠢᠳᠠᠪᠠᠷ ᠰᠢᠯᠵᠢᠭᠦᠯᠵᠦ᠂ ᠣᠷᠴᠢᠨ ᠲᠣᠭᠤᠷᠢᠨ ᠢ ᠠᠷᠢᠭᠤᠳᠬᠠᠬᠤ ᠪᠠ ᠨᠣᠬᠠᠢ ᠶᠢᠨ ᠪᠥᠭᠡᠰᠦ ᠶᠢ ᠤᠰᠠᠳᠬᠠᠵᠤ᠂ ᠬᠤᠯᠤᠭᠠᠨ᠎ᠠ ᠶᠢ ᠤᠰᠠᠳᠬᠠᠬᠤ ᠬᠡᠷᠡᠭᠲᠡᠶ᠃        5.2.1.2 ᠠᠭᠤᠰᠬᠢᠨ ᠤ ᠬᠤᠯᠤᠭᠠᠨ᠎ᠠ ᠬᠢᠵᠢᠭ ᠨᠡᠷᠪᠡᠭᠳᠡᠭᠰᠡᠳ ᠲᠤ ᠴᠢᠩᠭ᠎ᠠ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ ᠠᠭᠠᠷ ᠢᠶᠠᠷ ᠲᠠᠷᠬᠠᠬᠤ ᠠᠴᠠ ᠰᠡᠷᠭᠡᠶᠢᠯᠡᠨ᠎ᠡ᠂ 48 ᠴᠠᠭ ᠤᠨ ᠪᠦᠲᠦᠮᠵᠢᠲᠡᠶ ᠨᠢᠶᠠᠨ ᠳᠠᠷᠤᠭᠴᠢ ᠪᠠᠷ ᠡᠮᠨᠡᠨ ᠵᠠᠰᠠᠬᠤ ᠮᠦᠷᠲᠡᠭᠡᠨ ᠡᠮᠴᠢᠯᠡᠭᠡᠨ ᠤ ᠰᠠᠶᠢᠵᠢᠷᠠᠯᠲᠠ ᠭᠠᠷᠲᠠᠯ᠎ᠠ ᠡᠮᠨᠡᠨ᠎ᠡ᠃ ᠪᠤᠯᠴᠢᠷᠬᠠᠶ ᠶᠢᠨ ᠬᠤᠯᠤᠭᠠᠨ᠎ᠠ ᠬᠢᠵᠢᠭ ᠲᠤ ᠨᠡᠷᠪᠡᠭᠳᠡᠭᠰᠡᠳ ︵ᠬᠡᠷᠪᠡ ᠬᠠᠨᠢᠶᠠᠬᠤ ᠥᠬᠡᠶ X ᠰᠠᠴᠤᠷᠠᠭ ᠤᠨ ᠪᠠᠶᠢᠴᠠᠭᠠᠯᠲᠠ ᠨᠢ ᠠᠷᠭ᠎ᠠ ᠴᠢᠨᠠᠷ ᠲᠠᠢ︶᠂ 48 ᠴᠠᠭ ᠤᠨ ᠪᠦᠲᠦᠮᠵᠢᠲᠡᠶ ᠡᠮᠴᠢᠯᠡᠭᠡ ᠪᠠ ᠡᠮᠴᠢᠯᠡᠭᠡᠨ ᠤ ᠰᠢᠨᠵᠢ ᠲᠡᠮᠳᠡᠭ ᠨᠢ ᠰᠠᠶᠢᠵᠢᠷᠠᠬᠤ ᠠᠴᠠ ᠡᠮᠦᠨ᠎ᠡ᠂ ᠡᠷᠬᠡᠪᠰᠢ ᠲᠡᠭᠦᠨ ᠤ ᠭᠤᠭᠤᠵᠢᠭᠰᠠᠨ ᠪᠣᠳᠠᠰ ᠪᠠ ᠰᠢᠭᠦᠷᠡᠰᠦ ᠶᠢ ᠠᠷᠢᠭᠤᠳᠬᠠᠨ ᠰᠢᠢᠳᠪᠦᠷᠢᠯᠡᠬᠦ ᠬᠡᠷᠡᠭᠲᠡᠶ᠃        5.2.1.3 ᠬᠤᠯᠤᠭᠠᠨ᠎ᠠ ᠬᠢᠵᠢᠭ ᠲᠠᠢ ᠡᠪᠡᠳᠴᠢᠲᠡᠨ ᠢ ᠡᠮᠨᠡᠨ ᠵᠠᠰᠠᠬᠤ ᠪᠠ ᠰᠤᠪᠢᠯᠠᠬᠤ ᠡᠮᠨᠡᠯᠭᠡ ᠶᠢᠨ ᠠᠵᠢᠯᠲᠠᠨ ᠲᠤᠰᠠᠭᠠᠷᠯᠠᠬᠤ ᠣᠷᠣᠨ ᠠᠴᠠ ᠰᠠᠯᠵᠤ ᠪᠣᠯᠬᠤ ᠦᠭᠡᠢ᠃        5.2.1.4 ᠣᠨᠴᠠᠭᠠᠢ ᠴᠢᠨᠠᠷᠲᠠᠢ ᠡᠮᠴᠢᠯᠡᠭᠡ᠄ ᠤᠷᠢᠳ ᠢᠶᠠᠷ ᠯᠢᠶᠠᠨ ᠮᠧᠢ ᠰᠤ᠋ ᠶᠢ ᠰᠣᠩᠭᠤᠨ᠎ᠠ᠂ ᠬᠡᠷᠪᠡ ᠯᠢᠶᠠᠨ ᠮᠧᠢ ᠰᠤ᠋ ᠦᠭᠡᠢ ᠪᠣᠯ ᠴᠢᠩ ᠳ᠋ᠡ ᠮᠧᠢ ᠰᠤ᠋᠂ ᠰᠧ ᠬᠤᠸᠠᠨ ᠰᠤ᠋ ᠪᠤᠶᠤ ᠯᠦ ᠮᠸᠢ ᠰᠤ᠋ ᠶᠢ ᠬᠡᠷᠡᠭᠯᠡᠨ᠎ᠡ᠃        5.2.2 ᠤᠢᠢᠷᠠᠳᠤᠭᠰᠠᠳ ᠢ ᠲᠤᠰᠠᠭᠠᠷᠯᠠᠨ ᠠᠵᠢᠭᠯᠠᠬᠤ        ᠬᠤᠯᠤᠭᠠᠨ᠎ᠠ ᠬᠢᠵᠢᠭ ᠨᠢᠭᠤᠭᠳᠠᠮᠠᠯ ᠬᠤᠭᠤᠴᠠᠭᠠᠨ ᠳᠠᠭᠠᠨ ᠬᠠᠯᠳᠠᠪᠤᠷᠢᠯᠠᠬᠤ ᠴᠢᠨᠠᠷ ᠦᠭᠡᠢ᠂ ᠨᠢᠭᠤᠭᠳᠠᠮᠠᠯ ᠬᠤᠭᠤᠴᠠᠭᠠᠨ ᠳᠤ ᠣᠶᠢᠷᠠᠳᠤᠭᠰᠠᠨ ᠪᠤᠶᠤ ᠳᠠᠮ ᠢᠶᠠᠷ ᠣᠶᠢᠷᠠᠳᠤᠭᠰᠠᠨ ᠬᠥᠮᠦᠨ ᠢ ᠲᠤᠰᠠᠭᠠᠷᠯᠠᠬᠤ ᠴᠢᠬᠤᠯᠠ ᠦᠭᠡᠢ᠃        ᠤᠢᠢᠷᠠᠳᠤᠭᠰᠠᠳ ᠢ ᠲᠤᠰᠠᠭᠠᠷᠠᠯᠠᠬᠤ ᠭᠠᠵᠠᠷ ᠢ ᠠᠨᠠᠭᠠᠬᠤ ᠤᠬᠠᠭᠠᠨ ᠤ ᠠᠵᠢᠭᠯᠠᠯᠲᠠ ᠶᠢᠨ ᠬᠡᠷᠡᠭᠴᠡᠭᠡ ᠳᠤ ᠲᠤᠬᠢᠷᠠᠭᠤᠯᠵᠤ᠂ ᠲᠤᠰᠠᠭᠠᠷᠯᠠᠭᠳᠠᠭᠴᠢ ᠶᠢᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠪᠥᠭᠡᠳ ᠲᠡᠳᠡᠨ ᠤ ᠣᠷᠴᠢᠨ ᠲᠤᠭᠤᠷᠢᠨ ᠤ ᠬᠥᠮᠦᠰ ᠯᠦᠭᠡ ᠶᠢᠨ ᠶᠠᠪᠤᠯᠴᠠᠭ᠎ᠠ ᠶᠢ ᠲᠠᠰᠤᠯᠬᠤ ᠳᠤ ᠠᠰᠢᠭᠲᠠᠶ ᠪᠠᠶᠢᠬᠤ ᠬᠡᠷᠡᠭᠲᠡᠶ᠃ ᠲᠤᠰᠠᠭᠠᠷᠯᠠᠨ ᠠᠵᠢᠭᠯᠠᠵᠤ ᠪᠠᠶᠢᠭ᠎ᠠ ᠤᠢᠢᠷᠠᠳᠤᠭᠰᠠᠳ ᠲᠤ ᠡᠳᠦᠷ ᠪᠦᠷᠢ ᠬᠤᠶᠠᠷ ᠤᠳᠠᠭ᠎ᠠ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠡᠶ᠎ᠡ ᠶᠢᠨ ᠬᠠᠯᠠᠭᠤᠨ ᠪᠠ ᠴᠢᠬᠤᠯᠠ ᠪᠦᠬᠦᠢ ᠪᠡᠶ᠎ᠡ ᠶᠢᠨ ᠪᠠᠶᠢᠴᠠᠭᠠᠯᠲᠠ ᠬᠢᠵᠤ᠂ ᠡᠪᠡᠳᠴᠢᠨ ᠡᠭᠦᠰᠬᠦ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠡᠪᠡᠳᠴᠢᠨ ᠡᠭᠦᠰᠬᠦ ᠦᠵᠡᠭᠳᠡᠯ ᠲᠠᠢ ᠪᠤᠯ ᠴᠠᠭ ᠲᠤᠬᠠᠢ ᠳᠤᠨᠢ ᠨᠢ ᠲᠤᠰᠠᠭᠠᠷᠠᠯᠠᠬᠤ ᠪᠤᠶᠤ ᠬᠤᠯᠤᠭᠠᠨ᠎ᠠ ᠬᠢᠵᠢᠭᠲᠦ ᠡᠪᠡᠳᠴᠢᠲᠡᠨ ᠢ ᠲᠤᠰᠠᠭᠠᠷᠠᠯᠠᠬᠤ ᠭᠠᠵᠠᠷ ᠲᠤ ᠰᠢᠯᠵᠢᠭᠦᠯᠦᠨ᠎ᠡ᠃        ᠤᠷᠢᠳᠴᠢᠯᠠᠨ ᠰᠡᠷᠭᠡᠶᠢᠯᠡᠬᠦ ᠴᠢᠨᠠᠷᠲᠠᠢ ᠡᠮ ᠤᠤᠭᠤᠬᠤ᠄ ᠣᠶᠢᠷᠠᠳᠤᠭᠴᠢ ᠪᠠ ᠲᠤᠰᠠᠭᠠᠷᠯᠠᠨ ᠠᠵᠢᠭᠯᠠᠵᠤ ᠪᠠᠶᠢᠬᠤ ᠬᠦᠮᠦᠨ ᠳᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠦᠬᠦᠷᠯᠢᠭ ᠠᠮᠢᠨ ᠤ ᠲᠥᠷᠥᠯ ᠤᠨ ᠨᠢᠶᠠᠨ ᠳᠠᠷᠤᠭᠴᠢ ᠶᠢ ᠤᠤᠭᠤᠯᠭᠠᠨ᠎ᠠ᠃        5.2.3 ᠲᠤᠬᠠᠶ ᠶᠢᠨ ᠲᠠᠯᠠᠪᠠᠢ ᠶᠢᠨ ᠠᠷᠢᠭᠤᠨ ᠴᠡᠪᠡᠷ ᠢ ᠰᠢᠢᠳᠪᠦᠷᠢᠯᠡᠬᠦ        ︵1︶ ᠬᠤᠯᠤᠭᠠᠨ᠎ᠠ ᠬᠢᠵᠢᠭ ᠲᠤ ᠬᠤᠯᠪᠣᠭᠳᠠᠬᠤ ᠠᠯᠢᠪᠠ ᠬᠠᠶᠠᠭᠳᠠᠮᠠᠯ ᠪᠣᠳᠠᠰ ᠢ ᠬᠠᠮᠤᠭ ᠰᠠᠶᠢᠨ ᠨᠢ ᠥᠨᠳᠥᠷ ᠳᠠᠷᠤᠯᠲᠠ ᠪᠠᠷ ᠠᠷᠢᠭᠤᠳᠬᠠᠬᠤ ᠪᠤᠶᠤ ᠰᠢᠲᠠᠭᠠᠨ᠎ᠠ᠃ ᠰᠢᠲᠠᠭᠠᠵᠤ ᠪᠣᠯᠬᠤ ᠦᠭᠡᠢ ᠪᠤᠶᠤ ᠠᠷᠢᠭᠤᠳᠬᠠᠬᠤ ᠰᠢᠩᠭᠡᠨ ᠳᠤ ᠳᠡᠪᠲᠦᠭᠡᠵᠦ ᠪᠣᠯᠬᠤ ᠦᠭᠡᠢ ᠦᠨ᠎ᠡ ᠥᠷᠲᠡᠭ ᠲᠠᠢ ᠡᠳ᠋ ᠪᠣᠳᠠᠰ ᠢ ᠴᠠᠭᠠᠷᠢᠭ ᠬᠦᠴᠢᠯᠲᠥ᠋ᠷᠥᠭᠴᠢᠲᠦ ᠡᠲ᠋ᠡᠨ ᠢᠶᠠᠷ ᠤᠲᠤᠵᠤ ᠠᠷᠢᠭᠤᠳᠬᠠᠵᠤ ᠪᠣᠯᠤᠨ᠎ᠠ᠃ ᠬᠤᠯᠤᠭᠠᠨ᠎ᠠ ᠬᠢᠵᠢᠭ ᠤᠨ ᠪᠠᠺᠲ᠋ᠧᠷᠢ ᠨᠢ ᠠᠷᠢᠭᠤᠳᠬᠠᠬᠤ ᠡᠮ ᠳᠤ ᠲᠡᠰᠪᠦᠷᠢᠯᠡᠬᠦ ᠴᠢᠨᠠᠷ ᠢᠶᠠᠷ ᠴᠢᠩᠭ᠎ᠠ ᠪᠢᠰᠢ᠂ ᠡᠪᠡᠳᠴᠢᠲᠡᠨ ᠤ ᠣᠷᠴᠢᠨ ᠲᠣᠭᠤᠷᠢᠨ ᠢ ᠠᠷᠢᠭᠤᠳᠬᠠᠬᠤ ᠡᠮ ᠢᠶᠠᠷ ᠦᠷᠭᠦᠯᠵᠢ ᠠᠷᠴᠢᠵᠤ᠂ ᠡᠴᠦᠰ ᠤᠨ ᠠᠷᠢᠭᠤᠳᠬᠠᠯ ᠳᠤ ᠥᠨᠳᠥᠷ ᠦᠷ᠎ᠡ ᠠᠰᠢᠭ ᠲᠠᠢ ᠠᠷᠢᠭᠤᠳᠬᠠᠭᠴᠢ ᠡᠳ᠋ ᠢᠶᠠᠷ ᠲᠦᠢᠯᠪᠤᠷᠢᠲᠠᠢ ᠠᠷᠢᠭᠤᠳᠬᠠᠨ᠎ᠠ᠃        ︵2︶ ᠵᠠᠭᠤᠴᠢᠯᠠᠭᠤᠷ ᠤᠨ ᠠᠮᠢᠳᠤ ᠪᠣᠳᠠᠰ ᠤᠨ ᠡᠵᠡᠮᠰᠢᠯ᠄        ᠬᠤᠯᠤᠭᠠᠨ᠎ᠠ ᠬᠢᠵᠢᠭ ᠤᠨ ᠪᠠᠶᠢᠭᠠᠯᠢ ᠶᠢᠨ ᠬᠢᠵᠢᠭ ᠤᠨ ᠡᠭᠦᠰᠦᠯ ᠤᠨ ᠣᠷᠣᠨ ᠳᠤ ᠵᠠᠭᠤᠴᠢᠯᠠᠭᠤᠷ ᠤᠨ ᠠᠮᠢᠳᠤ ᠪᠣᠳᠠᠰ ᠤᠨ ᠡᠵᠡᠮᠰᠢᠯ ᠤᠨ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠩ ᠲᠡᠷᠢᠭᠦᠨ ᠳᠤ ᠬᠢᠵᠢᠭ ᠡᠬᠢᠯᠡᠭᠰᠡᠨ ᠴᠡᠭ ᠠᠴᠠ ᠡᠷᠭᠢᠨ ᠲᠣᠭᠤᠷᠢᠨ ᠲᠠᠰᠢ ᠨᠤᠬᠠᠢ ᠶᠢᠨ ᠪᠥᠭᠡᠰᠦ ᠶᠢ ᠤᠰᠠᠳᠬᠠᠬᠤ ᠶᠢ ᠴᠢᠩᠭᠠᠳᠬᠠᠨ᠎ᠠ᠃ ᠨᠤᠬᠠᠢ ᠶᠢᠨ ᠪᠥᠭᠡᠰᠦ ᠶᠢ ᠤᠰᠠᠳᠬᠠᠬᠤ ᠳᠤ ᠬᠠᠨᠤᠮᠵᠢᠲᠠᠶ ᠦᠷ᠎ᠡ ᠪᠦᠲᠦᠮᠵᠢ ᠣᠯᠤᠭᠰᠠᠨ ᠤ ᠳᠠᠷᠠᠭ᠎ᠠ᠂ ᠬᠠᠯᠳᠠᠪᠤᠷᠢᠲᠤ ᠭᠠᠵᠠᠷ ᠣᠷᠣᠨ ᠤ ᠬᠤᠯᠤᠭᠠᠨ᠎ᠠ ᠤᠰᠠᠳᠬᠠᠬᠤ ᠠᠵᠢᠯ ᠢ ᠳᠠᠬᠢᠨ ᠥᠷᠨᠢᠭᠦᠯᠬᠦ ᠪᠤᠶᠤ ᠬᠤᠯᠤᠭᠠᠨ᠎ᠠ ᠤᠰᠠᠳᠬᠠᠬᠤ ᠬᠢᠭᠡᠳ ᠨᠣᠬᠠᠢ ᠶᠢᠨ ᠪᠥᠭᠡᠰᠦ ᠶᠢ ᠤᠰᠠᠳᠬᠠᠬᠤ ᠠᠵᠢᠯ ᠢ ᠬᠠᠮᠲᠤ ᠳᠤᠨᠢ ᠬᠢᠵᠦ᠂ ᠲᠤᠬᠠᠶ ᠶᠢᠨ ᠲᠠᠯᠠᠪᠠᠶ ᠶᠢᠨ ᠠᠵᠢᠯᠲᠠᠳ ᠨᠣᠬᠠᠢ ᠶᠢᠨ ᠪᠥᠭᠡᠰᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ᠎ᠠ᠃        5.2.4 ᠣᠷᠣᠨ ᠪᠦᠰᠡ ᠶᠢ ᠪᠢᠲᠡᠭᠦᠮᠵᠢᠯᠡᠬᠦ ᠪᠠ ᠵᠠᠮ ᠬᠠᠷᠢᠯᠴᠠᠭᠠᠨ ᠤ ᠬᠢᠵᠢᠭ ᠪᠠᠶᠢᠴᠠᠭᠠᠬᠤ        ᠣᠷᠣᠨ ᠪᠦᠰᠡ ᠶᠢ ᠪᠢᠲᠡᠭᠦᠮᠵᠢᠯᠡᠬᠦ ᠪᠠ ᠵᠠᠮ ᠬᠠᠷᠢᠯᠴᠠᠭᠠᠨ ᠤ ᠬᠢᠵᠢᠭ ᠪᠠᠶᠢᠴᠠᠭᠠᠬᠤ ᠠᠷᠭ᠎ᠠ ᠬᠡᠮᠵᠢᠶ᠎ᠡ ᠶᠢ ᠵᠣᠬᠢᠴᠠᠩᠭᠤᠶ ᠳᠡᠰ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠠᠴᠠ ᠵᠠᠷᠯᠢᠭ ᠪᠠᠭᠤᠯᠭᠠᠵᠤ ᠬᠡᠷᠡᠭᠵᠢᠭᠦᠯᠬᠦ ᠬᠡᠷᠡᠭᠲᠡᠶ᠃ ᠬᠤᠯᠤᠭᠠᠨ᠎ᠠ ᠬᠢᠵᠢᠭ ᠲᠠᠢ ᠡᠪᠡᠳᠴᠢᠲᠡᠨ ᠤ ᠲᠥᠷᠥᠯ ᠬᠡᠯᠪᠡᠷᠢ᠂ ᠳᠡᠯᠭᠡᠷᠡᠵᠦ ᠪᠠᠶᠢᠭ᠎ᠠ ᠪᠠᠶᠢᠳᠠᠯ᠂ ᠡᠪᠡᠳᠴᠢᠲᠡᠨ ᠤ ᠪᠠᠶᠢᠭ᠎ᠠ ᠭᠠᠵᠠᠷ ᠵᠦᠶ ᠶᠢᠨ ᠣᠷᠣᠨ ᠪᠠᠶᠢᠷᠢ᠂ ᠬᠠᠯᠳᠠᠪᠤᠷᠢᠯᠠᠬᠤ ᠬᠦᠷᠢᠶ᠎ᠡ ᠬᠡᠪᠴᠢᠶ᠎ᠡ ᠵᠡᠷᠭᠡ ᠶᠢ ᠦᠨᠳᠦᠰᠦᠯᠡᠨ᠂ ᠬᠢᠵᠢᠭ ᠤᠨ ᠪᠠᠶᠢᠳᠠᠯ ᠭᠠᠷᠤᠭᠰᠠᠨ ᠭᠠᠵᠠᠷ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠵᠢᠵᠢᠭ ᠲᠤᠰᠠᠭᠠᠷᠯᠠᠬᠤ ᠲᠣᠭᠤᠷᠢᠭ᠂ ᠶᠡᠭᠡ ᠲᠤᠰᠠᠭᠠᠷᠯᠠᠬᠤ ᠲᠣᠭᠤᠷᠢᠭ ᠪᠠ ᠰᠡᠷᠡᠮᠵᠢᠯᠡᠭᠦᠯᠬᠦ ᠲᠣᠭᠤᠷᠢᠭ ᠤᠨ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠶᠢ ᠲᠣᠭᠲᠠᠭᠠᠵᠤ᠂ ᠲᠤᠰᠠᠭᠠᠷᠯᠠᠬᠤ ᠡᠳᠦᠷ ᠬᠤᠭᠤᠴᠠᠭ᠎ᠠ ᠶᠢ ᠪᠠᠺᠲ᠋ᠧᠷᠢ ᠤᠰᠠᠳᠬᠠᠬᠤ᠂ ᠨᠣᠬᠠᠶ ᠶᠢᠨ ᠪᠥᠭᠡᠰᠦ ᠤᠰᠠᠳᠬᠠᠬᠤ᠂ ᠬᠤᠯᠤᠭᠠᠨ᠎ᠠ ᠤᠰᠠᠳᠬᠠᠭᠰᠠᠨ ᠤ ᠳᠠᠷᠠᠭ᠎ᠠ 9 ᠡᠳᠦᠷ ᠢᠶᠠᠷ ᠪᠣᠳᠣᠨ᠎ᠠ᠂ ᠡᠨᠡᠬᠦ ᠬᠤᠭᠤᠴᠠᠭᠠᠨ ᠳᠤ ᠬᠡᠷᠪᠡ ᠬᠤᠯᠤᠭᠠᠨ᠎ᠠ ᠬᠢᠵᠢᠭ ᠲᠠᠢ ᠡᠪᠡᠳᠴᠢᠲᠡᠨ ᠰᠢᠨ᠎ᠡ ᠪᠠᠷ ᠨᠡᠮᠡᠭᠳᠡᠬᠦ ᠦᠭᠡᠢ ᠪᠣᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠪᠠᠶᠢᠳᠠᠯ ᠢ ᠦᠨᠳᠦᠰᠦᠯᠡᠨ ᠬᠦᠴᠦᠨ ᠦᠭᠡᠢ ᠪᠣᠯᠭᠠᠵᠤ ᠪᠣᠯᠤᠨ᠎ᠠ᠃        5.2.4.1 ᠵᠢᠵᠢᠭ ᠲᠤᠰᠠᠭᠠᠷᠯᠠᠬᠤ ᠲᠤᠭᠤᠷᠢᠭ ᠢ ᠵᠠᠭᠠᠭᠯᠠᠨ ᠲᠣᠭᠲᠠᠭᠠᠬᠤ        ᠡᠪᠡᠳᠴᠢᠲᠡᠨ ᠤ ᠣᠷᠣᠨ ᠰᠠᠭᠤᠴᠠ ᠪᠠᠷ ᠲᠥᠪ ᠪᠣᠯᠭᠠᠨ᠂ ᠡᠷᠭᠢᠨ ᠲᠣᠭᠤᠷᠢᠨ ᠤ ᠪᠣᠬᠢᠷᠲᠤᠵᠤ ᠮᠡᠳᠡᠬᠦ ᠬᠥᠷᠰᠢ ᠵᠡᠷᠭᠡᠯᠡᠳᠡᠭᠡ ᠶᠢ ᠵᠢᠵᠢᠭ ᠲᠤᠰᠠᠭᠠᠷᠯᠠᠬᠤ ᠲᠤᠭᠤᠷᠢᠭ ᠢᠶᠠᠷ ᠲᠤᠭᠲᠠᠭᠠᠨ᠎ᠠ᠃ ᠵᠢᠵᠢᠭ ᠲᠤᠰᠠᠭᠠᠷᠯᠠᠬᠤ ᠲᠣᠭᠤᠷᠢᠭ ᠲᠤ ᠪᠦᠬᠦ ᠲᠠᠯ᠎ᠠ ᠪᠠᠷ ᠪᠠᠶᠢᠴᠠᠭᠠᠨ ᠣᠨᠣᠰᠢᠯᠠᠬᠤ᠂ ᠠᠷᠢᠭᠤᠳᠬᠠᠬᠤ᠂ ᠨᠣᠬᠠᠢ ᠶᠢᠨ ᠪᠥᠭᠡᠰᠦ ᠶᠢ ᠤᠰᠠᠳᠬᠠᠬᠤ᠂ ᠬᠤᠯᠤᠭᠠᠨ᠎ᠠ ᠤᠰᠠᠳᠬᠠᠬᠤ ᠪᠠ ᠪᠤᠰᠤᠳ ᠴᠡᠪᠡᠷᠯᠡᠭᠡ ᠬᠢᠵᠦ ᠰᠢᠢᠳᠪᠦᠷᠢᠯᠡᠨ᠎ᠡ᠃ ᠰᠢᠭᠤᠳ ᠣᠶᠢᠷᠠᠳᠤᠭᠰᠠᠨ ᠬᠥᠮᠦᠰ ᠲᠤ ᠡᠷᠬᠡᠪᠰᠢ ᠳᠠᠩᠰᠠᠯᠠᠬᠤ᠂ ᠦᠯᠡᠳᠡᠭᠡᠨ ᠪᠠᠶᠢᠴᠠᠭᠠᠬᠤ᠂ ᠡᠷᠡᠭᠦᠯ ᠮᠡᠨᠳᠦ ᠪᠠᠷ ᠲᠤᠰᠭᠠᠷᠠᠯᠠᠬᠤ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠡᠮ ᠦᠭᠴᠦ᠂ ᠬᠤᠯᠪᠣᠭᠳᠠᠯ ᠪᠦᠬᠦᠢ ᠬᠥᠮᠦᠰ ᠣᠷᠣᠵᠤ ᠭᠠᠷᠬᠤ ᠶᠢ ᠴᠠᠭᠠᠵᠠᠯᠠᠨ᠎ᠠ᠃ ᠬᠡᠷᠪᠡ ᠰᠢᠭᠤᠳ ᠣᠶᠢᠷᠠᠳᠤᠭᠰᠠᠨ ᠬᠥᠮᠦᠰ ᠣᠨᠳᠣᠤ ᠭᠠᠵᠠᠷ ᠲᠤ ᠣᠴᠢᠪᠠᠯ᠂ ᠬᠤᠯᠪᠣᠭᠳᠠᠯ ᠪᠦᠬᠦᠢ ᠭᠠᠵᠠᠷ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠤ ᠶᠢᠨ ᠰᠠᠯᠠᠭ᠎ᠠ ᠮᠥᠴᠢᠷ ᠲᠤ ᠮᠡᠳᠡᠭᠳᠡᠵᠦ ᠨᠡᠬᠡᠮᠵᠢᠯᠡᠨ ᠪᠠᠶᠢᠴᠠᠭᠠᠯᠭᠠᠬᠤ ᠶᠢᠨ ᠬᠠᠮᠲᠤ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃        5.2.4.2 ᠶᠡᠭᠡ ᠲᠤᠰᠠᠭᠠᠷᠯᠠᠬᠤ ᠲᠤᠭᠤᠷᠢᠭ ᠢ ᠵᠠᠭᠠᠭᠯᠠᠨ ᠲᠣᠭᠲᠠᠭᠠᠬᠤ        ᠡᠪᠡᠳᠴᠢᠲᠡᠨ ᠤ ᠣᠷᠣᠨ ᠰᠠᠭᠤᠴᠠ ᠪᠠᠷ ᠲᠥᠪ ᠪᠣᠯᠭᠠᠵᠤ᠂ ᠪᠦᠬᠦ ᠲᠣᠰᠬᠤᠨ ᠪᠤᠶᠤ ᠵᠡᠭᠡᠯᠢ ᠭᠤᠳᠤᠮᠵᠢ ᠶᠢᠨ ᠨᠢᠭᠡ ᠭᠡᠰᠡᠭ ᠪᠤᠶᠤ ᠪᠦᠬᠦᠨ ᠢ ᠶᠡᠭᠡ ᠲᠤᠰᠠᠭᠠᠷᠯᠠᠬᠤ ᠲᠣᠭᠤᠷᠢᠭ ᠪᠣᠯᠭᠠᠨ᠎ᠠ᠃ ᠶᠡᠭᠡ ᠲᠤᠰᠠᠭᠠᠷᠯᠠᠯ ᠤᠨ ᠲᠤᠭᠤᠷᠢᠭ ᠲᠤ ᠬᠤᠯᠤᠭᠠᠨ᠎ᠠ ᠬᠢᠵᠢᠭ ᠤᠨ ᠲᠦᠷᠦᠯ ᠬᠡᠯᠪᠡᠷᠢ᠂ ᠬᠠᠯᠳᠠᠪᠤᠷᠢᠯᠠᠯ ᠤᠨ ᠢᠷᠡᠯᠲᠡ᠂ ᠳᠡᠯᠭᠡᠷᠡᠭᠰᠡᠨ ᠪᠠᠶᠢᠳᠠᠯ᠂ ᠪᠣᠬᠢᠷᠲᠤᠯ ᠤᠨ ᠬᠡᠪᠴᠢᠶ᠎ᠡ ᠵᠡᠷᠭᠡ ᠶᠢ ᠦᠨᠳᠦᠰᠦᠯᠡᠨ᠂ ᠵᠣᠬᠢᠴᠠᠩᠭᠤᠶ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠪᠦᠬᠦ ᠲᠠᠯ᠎ᠠ ᠪᠠᠷ ᠬᠢᠵᠢᠭ ᠢ ᠰᠢᠯᠭᠠᠨ ᠪᠠᠶᠢᠴᠠᠭᠠᠨ᠎ᠠ᠂ ᠡᠷᠡᠭᠦᠯ ᠬᠠᠮᠠᠭᠠᠯᠠᠯ ᠢᠶᠠᠷ ᠰᠢᠢᠳᠪᠦᠷᠢᠯᠡᠭᠰᠡᠨ ᠤ ᠳᠠᠷᠠᠭ᠎ᠠ᠂ ᠵᠣᠬᠢᠶᠠᠨ ᠪᠠᠶᠢᠭᠤᠯᠤᠯᠲᠠ ᠲᠠᠢ ᠪᠠᠷ ᠦᠢᠯᠡᠳᠪᠦᠷᠢᠯᠡᠬᠦ ᠠᠵᠢᠯᠯᠠᠭ᠎ᠠ ᠬᠢᠨ᠎ᠡ᠃        5.2.4.3 ᠰᠡᠷᠭᠡᠶᠢᠯᠡᠯᠲᠡ ᠶᠢᠨ ᠣᠷᠣᠨ ᠢ ᠵᠠᠭᠠᠭᠯᠠᠨ ᠲᠣᠭᠲᠠᠭᠠᠬᠤ        ᠶᠡᠭᠡ ᠲᠤᠰᠠᠭᠠᠷᠯᠠᠬᠤ ᠲᠤᠭᠤᠷᠢᠭ ᠢᠶᠠᠷ ᠲᠥᠪ ᠪᠣᠯᠭᠠᠵᠤ᠂ ᠡᠷᠭᠢᠨ ᠲᠣᠭᠤᠷᠢᠨ ᠤ 5 — 10 ᠺᠢᠯᠦᠮᠧᠲᠷ ᠤᠨ ᠲᠤᠲᠤᠷᠠᠬᠢ ᠶᠢ ᠰᠡᠷᠭᠡᠶᠢᠯᠡᠨ ᠬᠠᠮᠠᠭᠠᠯᠠᠬᠤ ᠲᠤᠭᠤᠷᠢᠭ ᠪᠣᠯᠭᠠᠨ ᠬᠤᠪᠢᠶᠠᠷᠢᠯᠠᠨ᠎ᠠ᠃ ᠰᠡᠷᠡᠮᠵᠢᠯᠡᠭᠦᠯᠬᠦ ᠲᠣᠭᠤᠷᠢᠭ ᠲᠤ ᠬᠤᠯᠤᠭᠠᠨ᠎ᠠ ᠬᠢᠵᠢᠭ ᠳᠡᠯᠭᠡᠷᠡᠭᠰᠡᠨ ᠪᠠᠶᠢᠳᠠᠯ ᠢ ᠦᠨᠳᠦᠰᠦᠯᠡᠨ ᠬᠢᠵᠢᠭ ᠤᠨ ᠪᠠᠶᠢᠳᠠᠯ ᠢ ᠬᠢᠨᠠᠬᠤ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ᠂ ᠵᠠᠮ ᠬᠠᠷᠢᠯᠴᠠᠭᠠᠨ ᠤ ᠬᠢᠵᠢᠭ ᠪᠠᠶᠢᠴᠠᠭᠠᠬᠤ ᠵᠡᠷᠭᠡ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠨ᠎ᠠ᠃        5.2.4.4 ᠣᠷᠣᠨ ᠪᠦᠰᠡ ᠶᠢᠨ ᠪᠢᠲᠡᠭᠦᠮᠵᠢᠯᠡᠯ ᠢ ᠬᠡᠷᠡᠭᠵᠢᠭᠦᠯᠬᠦ ᠦᠶ᠎ᠡ ᠳᠤ᠂ ᠣᠷᠣᠨ ᠪᠦᠰᠡ ᠶᠢᠨ ᠳᠣᠲᠣᠷᠠᠬᠢ ᠪᠤᠢ ᠪᠦᠬᠦᠢ ᠬᠥᠮᠦᠰ ᠲᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠣᠷᠣᠨ ᠪᠦᠰᠡ ᠶᠢᠨ ᠳᠣᠲᠣᠷᠠᠬᠢ ᠡᠯ᠎ᠡ ᠵᠦᠢᠯ ᠤᠨ ᠬᠠᠩᠭᠠᠯᠠᠭ᠎ᠠ ᠶᠢ ᠣᠷᠣᠨ ᠪᠦᠰᠡ ᠶᠢᠨ ᠭᠠᠳᠠᠨ᠎ᠠ ᠵᠣᠬᠢᠶᠠᠨ ᠪᠠᠶᠢᠭᠤᠯᠬᠤ ᠶᠢᠨ ᠬᠠᠮᠲᠤ ᠠᠭᠤᠯᠵᠠᠷ ᠭᠠᠵᠠᠷ ᠲᠤ ᠬᠦᠷᠭᠡᠨ᠎ᠡ᠃ ᠣᠷᠣᠨ ᠪᠦᠰᠡ ᠶᠢᠨ ᠳᠣᠲᠣᠷ᠎ᠠ ᠡᠮ ᠦᠭᠴᠦ ᠤᠷᠢᠳᠴᠢᠯᠠᠨ ᠰᠡᠷᠭᠡᠶᠢᠯᠡᠬᠦ ᠶᠢ ᠬᠡᠷᠡᠭᠵᠢᠭᠦᠯᠦᠨ᠎ᠡ᠃ ᠣᠷᠣᠨ ᠪᠦᠰᠡ ᠶᠢᠨ ᠭᠠᠳᠠᠨ᠎ᠠ ᠵᠣᠬᠢᠬᠤ ᠬᠡᠪᠴᠢᠶᠡᠨ ᠳᠤ ᠲᠠᠷᠢᠯᠭ᠎ᠠ ᠳᠠᠷᠢᠨ᠎ᠠ᠃        5.2.4.5 ᠵᠠᠮ ᠬᠠᠷᠢᠯᠴᠠᠭᠠᠨ ᠤ ᠬᠢᠵᠢᠭ ᠤᠨ ᠪᠠᠶᠢᠴᠠᠭᠠᠯᠲᠠ ᠨᠢ ᠬᠤᠯᠤᠭᠠᠨ᠎ᠠ ᠬᠢᠵᠢᠭ ᠭᠠᠷᠤᠭᠰᠠᠨ ᠣᠷᠣᠨ ᠢᠶᠠᠷ ᠭᠤᠤᠯ ᠪᠣᠯᠭᠠᠵᠤ᠂ ᠲᠤᠰ ᠣᠷᠣᠨ ᠤ ᠭᠠᠳᠠᠭᠠᠳᠤ ᠵᠠᠮ ᠬᠠᠷᠢᠯᠴᠠᠭ᠎ᠠ ᠶᠢ ᠬᠢᠵᠠᠭᠠᠷᠯᠠᠨ᠎ᠠ᠃ ᠪᠡᠶ᠎ᠡ ᠶᠢᠨ ᠦᠨᠡᠮᠯᠡᠯ ᠪᠠ ᠡᠷᠡᠭᠦᠯ ᠮᠡᠨᠳᠦ ᠶᠢᠨ ᠭᠡᠷᠡᠴᠢ ᠪᠠᠷ ᠪᠢᠯᠧᠲ ᠬᠤᠳᠠᠯᠳᠤᠨ ᠠᠪᠬᠤ᠂ ᠲᠡᠷᠭᠡᠨ ᠦᠷᠲᠡᠭᠡ ᠵᠡᠷᠭᠡ ᠭᠠᠵᠠᠷ ᠲᠤ ᠠᠶᠠᠨᠴᠢᠳ ᠤᠨ ᠪᠡᠶ᠎ᠡ ᠶᠢᠨ ᠬᠠᠯᠠᠭᠤᠨ ᠢ ᠬᠢᠨᠠᠨ ᠬᠡᠮᠵᠢᠬᠦ᠂ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠠᠨᠠᠭᠠᠬᠤ ᠤᠬᠠᠭᠠᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠬᠤ ᠵᠢᠴᠢ ᠵᠣᠷᠢᠭᠰᠠᠨ ᠭᠠᠵᠠᠷ ᠲᠠᠭᠠᠨ ᠬᠢᠵᠢᠭ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠤᠨ᠎ᠠ᠃        6. ᠬᠤᠯᠤᠭᠠᠨ᠎ᠠ ᠬᠢᠵᠢᠭ ᠤᠨ ᠪᠠᠶᠢᠲᠠᠯ ᠤᠨ ᠱᠠᠲᠤ ᠬᠤᠪᠢᠶᠠᠬᠤ ᠲᠤᠰᠬᠠᠯ        ᠬᠥᠮᠦᠨ ᠤ ᠬᠤᠭᠤᠷᠤᠨᠳᠤ ᠪᠤᠶᠤ ᠠᠮᠢᠲᠠᠨ ᠤ ᠬᠤᠭᠤᠷᠣᠨᠳᠣᠬᠢ ᠬᠤᠯᠤᠭᠠᠨ᠎ᠠ ᠬᠢᠵᠢᠭ ᠡᠭᠦᠰᠬᠦ ᠦᠶ᠎ᠡ ᠳᠤ᠂ ᠬᠢᠵᠢᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ᠂ ᠬᠤᠲᠠ᠂ ᠥᠪᠡᠷᠲᠡᠭᠡᠨ ᠵᠠᠰᠠᠬᠤ ᠣᠷᠳ ᠤ ᠵᠠᠰᠠᠭ ᠤᠨ ᠤᠷᠳᠤᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠱᠠᠲᠤ ᠬᠤᠪᠢᠶᠠᠨ ᠴᠤᠤᠷᠢᠳᠤᠬᠤ ᠵᠠᠷᠴᠢᠮ ᠶᠣᠰᠣᠭᠠᠷ᠂ ᠵᠤᠬᠢᠴᠠᠩᠭᠤᠢ ᠲᠡᠰ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠯ ᠭᠠᠷᠬᠤ ᠬᠡᠷᠡᠭᠲᠡᠶ᠃ ᠡᠭᠦᠨ ᠤ ᠬᠠᠮᠲᠤ᠂ ᠬᠤᠯᠤᠭᠠᠨ᠎ᠠ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠪᠣᠯᠤᠨ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠤᠰᠬᠠᠯ ᠤᠨ ᠳᠡᠰ ᠢ ᠴᠠᠭ ᠲᠤᠬᠠᠶ ᠳᠤᠨᠢ ᠲᠤᠬᠢᠷᠠᠭᠤᠯᠵᠤ᠂ ᠬᠤᠯᠤᠭᠠᠨ᠎ᠠ ᠬᠢᠵᠢᠭ ᠤᠨ ᠬᠢᠵᠢᠭ ᠢ ᠪᠦᠲᠦᠮᠵᠢᠲᠡᠶ ᠬᠢᠵᠠᠭᠠᠷᠯᠠᠬᠤ ᠪᠠ ᠬᠤᠤᠷ ᠬᠥᠨᠥᠭᠡᠯ ᠢ ᠪᠠᠭᠠᠰᠬᠠᠬᠤ᠂ ᠦᠢᠯᠡᠳᠪᠦᠷᠢᠯᠡᠯ᠂ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠪᠦᠲᠦᠮᠵᠢᠲᠠᠢ ᠬᠠᠮᠠᠭᠠᠯᠠᠨ᠎ᠠ᠃        6.1 ᠣᠨᠴᠠᠭᠠᠢ ᠬᠦᠨᠳᠦ ᠶᠡᠭᠡ ︵Ⅰ ᠳᠡᠰ︶᠂ ᠬᠦᠨᠳᠦ ᠶᠡᠭᠡ ︵Ⅱ ᠳᠡᠰ︶ ᠬᠤᠯᠤᠭᠠᠨ᠎ᠠ ᠬᠢᠵᠢᠭ ᠤᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠤᠯᠤᠭᠠᠨ᠎ᠠ ᠬᠢᠵᠢᠭ ᠤᠨ ᠡᠯ᠎ᠡ ᠵᠦᠢᠯ ᠤᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠠᠷᠤᠶ ᠲᠦᠷᠭᠡᠨ ᠥᠷᠨᠢᠭᠦᠯᠬᠦ ᠪᠠ ᠬᠢᠨᠠᠮᠠᠭᠠᠶ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃        6.2 ᠨᠡᠯᠢᠶᠡᠳ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅲ ᠳᠡᠰ︶ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠯ        6.2.1 ᠨᠡᠯᠢᠶᠡᠳ ᠶᠡᠭᠡ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠤᠲᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠤᠳᠤᠷᠢᠳᠤᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠠᠨᠠᠭᠤᠯᠭ᠎ᠠ ᠪᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠬᠢᠵᠢᠭ ᠤᠨ ᠪᠠᠶᠢᠳᠠᠯ ᠢ ᠡᠵᠡᠮᠰᠢᠨ ᠵᠠᠳᠠᠯᠵᠤ᠂ ᠪᠠᠴᠢᠮ ᠪᠠᠶᠢᠲᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠡᠭᠦᠷᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠠᠵᠢᠯ ᠤᠨ ᠠᠬᠢᠯᠲᠠ ᠶᠢᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃        6.2.2 ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠬᠢᠵᠢᠭ ᠤᠨ ᠪᠠᠢᠳᠠᠯ ᠡᠭᠦᠰᠦᠭᠰᠡᠨ ᠴᠠᠭ᠂ ᠭᠠᠵᠠᠷ᠂ ᠬᠠᠯᠳᠠᠪᠤᠷᠢᠯᠠᠬᠤ ᠡᠬᠢ ᠰᠤᠷᠪᠤᠯᠵᠢ᠂ ᠡᠪᠡᠳᠴᠢᠨ ᠡᠭᠦᠰᠦᠭᠰᠡᠨ ᠪᠠᠶᠢᠳᠠᠯ ᠢ ᠦᠳᠲᠡᠷ ᠲᠦᠷᠭᠡᠨ ᠤᠢᠢᠯᠠᠭᠠᠵᠤ᠂ ᠬᠢᠵᠢᠭ ᠤᠨ ᠪᠠᠶᠢᠲᠠᠯ ᠤᠨ ᠬᠦᠨᠳᠦ ᠨᠣᠴᠢᠲᠠᠶ ᠬᠡᠮᠵᠢᠶ᠎ᠡ ᠶᠢ ᠲᠣᠭᠲᠠᠭᠠᠨ᠂ ᠬᠢᠵᠢᠭ ᠤᠨ ᠪᠠᠶᠢᠲᠠᠯ ᠤᠨ ᠬᠦᠭᠵᠢᠯᠲᠡ ᠶᠢᠨ ᠬᠠᠨᠳᠤᠰᠢ ᠶᠢ ᠵᠠᠳᠠᠯᠬᠤ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠠᠨᠠᠭᠤᠯᠭ᠎ᠠ ᠳᠤᠷᠠᠳᠴᠤ᠂ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃        6.3 ᠡᠩ ᠤᠨ ᠬᠤᠯᠤᠭᠠᠨ᠎ᠠ ᠬᠢᠵᠢᠭ ᠤᠨ ᠪᠠᠶᠢᠳᠠᠯ ︵Ⅳ ᠳᠡᠰ︶ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠯ        6.3.1 ᠡᠩ ᠤᠨ ᠬᠤᠯᠤᠭᠠᠨ᠎ᠠ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠤᠰᠢᠭᠤ ᠰᠢᠶᠠᠨ ᠲᠣᠭᠤᠷᠢᠭ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠤᠳᠤᠷᠢᠳᠤᠨ᠎ᠠ᠃ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠠᠨᠠᠭᠤᠯᠭ᠎ᠠ ᠪᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠨᠢᠭᠲᠠ ᠬᠠᠮᠵᠢᠯᠴᠠᠵᠤ᠂ ᠪᠠᠴᠢᠮ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠤᠯᠤᠭᠠᠨ᠎ᠠ ᠬᠢᠵᠢᠭ ᠨᠡᠷᠪᠡᠭᠳᠡᠭᠰᠡᠳ ᠢ ᠠᠪᠤᠷᠠᠨ ᠵᠠᠰᠠᠵᠤ᠂ ᠬᠠᠯᠳᠠᠪᠤᠷᠢᠯᠠᠬᠤ ᠡᠬᠢ ᠰᠤᠷᠪᠤᠯᠵᠢ ᠶᠢ ᠬᠢᠵᠠᠭᠠᠷᠯᠠᠨ᠂ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠬᠢᠵᠢᠭᠲᠦ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠬᠢᠵᠠᠭᠠᠷᠯᠠᠬᠤ ᠶᠢ ᠪᠠᠳᠤᠯᠠᠬᠤ ᠬᠡᠷᠡᠭᠲᠡᠶ᠃        6.3.2 ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠪᠣᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠬᠢᠵᠢᠭ ᠤᠨ ᠬᠦᠨᠳᠦ ᠨᠣᠴᠢᠲᠠᠶ ᠬᠡᠮᠵᠢᠶ᠎ᠡ ᠶᠢ ᠲᠣᠭᠲᠠᠭᠠᠨ᠂ ᠬᠢᠵᠠᠭᠠᠷᠯᠠᠬᠤ ᠠᠷᠭ᠎ᠠ ᠬᠡᠮᠵᠢᠶ᠎ᠡ ᠰᠠᠨᠠᠭᠤᠯᠠᠭ᠎ᠠ ᠳᠤᠷᠠᠳᠴᠤ᠂ ᠴᠠᠭ ᠳᠤᠬᠠᠢ ᠳᠤᠨᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠵᠡᠷᠭᠡᠪᠡᠷ ᠲᠤᠬᠠᠶ ᠶᠢᠨ ᠭᠠᠵᠠᠷ ᠲᠤ ᠰᠠᠭᠤᠭ᠎ᠠ ᠴᠡᠷᠢᠭ ᠠᠩᠭᠢ ᠶᠢᠨ ᠨᠢᠭᠡᠴᠡ ᠳᠤ ᠮᠡᠳᠡᠭᠳᠡᠬᠦ ᠶᠢᠨ ᠬᠠᠮᠲᠤ᠂ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃        6.3.3 ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠨᠢ ᠬᠢᠵᠢᠭᠲᠦ ᠣᠷᠣᠨ ᠤ ᠡᠵᠡᠮᠳᠡᠬᠦ ᠠᠵᠢᠯ ᠢ ᠵᠣᠬᠢᠴᠠᠭᠤᠯᠬᠤ ᠪᠠ ᠵᠢᠯᠣᠭᠤᠳᠬᠤ ᠶᠢ ᠬᠠᠷᠢᠭᠤᠴᠠᠵᠤ᠂ ᠬᠢᠵᠢᠭ ᠤᠨ ᠪᠠᠶᠢᠳᠠᠯ ᠤᠨ ᠬᠠᠨᠳᠤᠰᠢ ᠶᠢ ᠬᠠᠮᠵᠢᠯᠴᠠᠨ ᠵᠠᠳᠠᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠳᠤᠷᠠᠳᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠵᠢᠭ ᠤᠨ ᠪᠠᠶᠢᠲᠠᠯ ᠪᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠬᠢᠵᠢᠭᠲᠦ ᠣᠷᠣᠨ ᠳᠤ ᠪᠠᠴᠢᠮ ᠲᠤᠰᠠᠯᠠᠮᠵᠢ ᠦᠵᠡᠭᠦᠯᠬᠦ ᠡᠭᠦᠷᠭᠡ ᠪᠠ ᠴᠠᠭ ᠤᠨ ᠬᠢᠵᠠᠭᠠᠷ ᠢ ᠲᠣᠭᠲᠠᠭᠠᠨ᠎ᠠ᠃        6.4 Ⅳ ᠳᠡᠰ ᠤᠨ ᠰᠡᠷᠡᠮᠵᠢᠯᠡᠯ ︵ᠳᠠᠷᠤᠶ ᠠᠮᠢᠲᠠᠨ ᠤ ᠬᠤᠭᠤᠷᠣᠨᠳᠣᠬᠢ ᠬᠤᠯᠤᠭᠠᠨ᠎ᠠ ᠬᠢᠵᠢᠭ ᠤᠨ ᠪᠠᠶᠢᠳᠠᠯ ᠡᠭᠦᠰᠬᠦ︶ ᠤᠨ ᠳᠠᠷᠠᠭ᠎ᠠ ᠠᠪᠬᠤ ᠬᠢᠵᠠᠭᠠᠷᠯᠠᠬᠤ ᠠᠷᠭ᠎ᠠ ᠬᠡᠮᠵᠢᠶ᠎ᠡ        6.4.1 ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠵᠢᠭᠲᠦ ᠣᠷᠣᠨ ᠢ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠪᠠᠶᠢᠭᠤᠯᠬᠤ ᠬᠡᠷᠡᠭᠲᠡᠶ᠃ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠨᠢ ᠪᠠᠶᠢᠳᠠᠯ ᠢ ᠲᠦᠷᠭᠡᠨ ᠤᠢᠢᠯᠠᠭᠠᠵᠤ᠂ ᠬᠢᠵᠢᠭ ᠤᠨ ᠪᠠᠶᠢᠳᠠᠯ ᠢ ᠡᠵᠡᠮᠰᠢᠵᠦ᠂ ᠬᠢᠵᠢᠭ ᠤᠨ ᠬᠦᠨᠳᠦ ᠨᠣᠴᠢᠲᠠᠶ ᠬᠡᠮᠵᠢᠶ᠎ᠡ ᠶᠢ ᠲᠣᠭᠲᠠᠭᠠᠨ᠂ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠴᠤ᠂ ᠴᠠᠭ ᠳᠤᠬᠠᠢ ᠳᠤᠨᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠵᠡᠷᠭᠡᠪᠡᠷ ᠲᠤᠬᠠᠶ ᠶᠢᠨ ᠭᠠᠵᠠᠷ ᠲᠤ ᠰᠠᠭᠤᠭ᠎ᠠ ᠴᠡᠷᠢᠭ ᠠᠩᠭᠢ ᠶᠢᠨ ᠨᠢᠭᠡᠴᠡ ᠳᠤ ᠮᠡᠳᠡᠭᠳᠡᠬᠦ ᠶᠢᠨ ᠬᠠᠮᠲᠤ᠂ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠳᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ᠃          6.4.2 ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠵᠢᠭᠲᠦ ᠣᠷᠣᠨ ᠤ ᠬᠢᠵᠠᠭᠠᠷᠯᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠬᠢᠵᠢᠭ ᠤᠨ ᠪᠠᠶᠢᠳᠠᠯ ᠤᠨ ᠬᠠᠨᠳᠤᠰᠢ ᠶᠢ ᠵᠠᠳᠠᠯᠤᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠳᠤᠷᠠᠳᠬᠤ ᠬᠡᠷᠡᠭᠲᠡᠶ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠵᠢᠭ ᠤᠨ ᠪᠠᠶᠢᠳᠠᠯ ᠪᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠬᠢᠵᠢᠭᠲᠦ ᠣᠷᠣᠨ ᠳᠤ ᠪᠠᠴᠢᠮ ᠪᠠᠶᠢᠳᠠᠯ ᠢ ᠠᠷᠭᠠᠴᠠᠬᠤ ᠲᠤᠰᠬᠠᠯ ᠭᠠᠷᠠᠭᠠᠨ᠎ᠠ᠃        6.5 ᠬᠥᠷᠰᠢ ᠵᠡᠷᠭᠡᠯᠡᠳᠡᠭᠡ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠯ        ᠬᠤᠯᠤᠭᠠᠨ᠎ᠠ ᠬᠢᠵᠢᠭ ᠭᠠᠷᠤᠭᠰᠠᠨ ᠭᠠᠵᠠᠷ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠨᠢ ᠬᠥᠷᠰᠢ ᠵᠡᠷᠭᠡᠯᠡᠳᠡᠭᠡ ᠭᠠᠵᠠᠷ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠳᠤ ᠬᠢᠵᠢᠭ ᠤᠨ ᠪᠠᠶᠢᠳᠠᠯ ᠪᠣᠯᠤᠨ ᠨᠢᠭᠡᠨᠲᠡ ᠠᠪᠤᠭᠰᠠᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠨᠡᠪᠲᠡᠷᠡᠭᠦᠯᠬᠦ ᠬᠡᠷᠡᠭᠲᠡᠢ᠃ ᠬᠤᠯᠤᠭᠠᠨ᠎ᠠ ᠬᠢᠵᠢᠭ ᠡᠭᠦᠰᠦᠭᠰᠡᠨ ᠭᠠᠵᠠᠷ ᠣᠷᠣᠨ ᠯᠤᠭ᠎ᠠ ᠬᠥᠷᠰᠢ ᠵᠡᠷᠭᠡᠯᠡᠳᠡᠭᠡ ᠭᠠᠵᠠᠷ ᠣᠷᠣᠨ ᠨᠢ ᠬᠢᠵᠢᠭ ᠤᠨ ᠣᠨᠴᠠᠯᠢᠭ᠂ ᠡᠭᠦᠰᠦᠭᠰᠡᠨ ᠣᠷᠣᠨ ᠪᠦᠰᠡ ᠪᠠ ᠬᠦᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠲᠣᠰ ᠭᠠᠵᠠᠷ ᠣᠷᠣᠨ ᠤ ᠨᠥᠯᠥᠭᠡᠯᠡᠭᠳᠡᠬᠦ ᠪᠣᠯᠤᠯᠴᠠᠭ᠎ᠠ ᠪᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠵᠠᠳᠠᠯᠵᠤ᠂ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ ᠬᠤᠯᠤᠭᠠᠨ᠎ᠠ ᠬᠢᠵᠢᠭ ᠭᠠᠷᠤᠭᠰᠠᠨ ᠭᠠᠵᠠᠷ ᠣᠷᠣᠨ ᠯᠤᠭ᠎ᠠ ᠨᠢᠭᠲᠠ ᠬᠠᠷᠢᠯᠴᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠤᠯᠬᠤ ᠬᠡᠷᠡᠭᠲᠡᠶ᠃ ᠲᠣᠰ ᠵᠠᠰᠠᠭ ᠵᠠᠬᠢᠷᠭᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠰᠡᠬᠦ ᠬᠦᠮᠦᠨ ᠪᠠ ᠪᠣᠳᠠᠰ ᠤᠨ ᠪᠡᠯᠡᠳᠬᠡᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠠ᠃ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠪᠠ ᠮᠡᠳᠡᠭᠦᠯᠬᠦ ᠠᠵᠢᠯ ᠢ ᠴᠢᠩᠭᠠᠳᠬᠠᠵᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠪᠠ ᠡᠷᠡᠭᠦᠯ ᠮᠡᠨᠳᠦ ᠶᠢᠨ ᠬᠦᠮᠦᠵᠢᠯ ᠢ ᠥᠷᠨᠢᠭᠦᠯᠵᠦ᠂ ᠤᠯᠠᠨ ᠨᠡᠶᠢᠲᠡ ᠶᠢᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠡᠭᠡᠳᠦ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠢ ᠦᠨᠳᠦᠰᠦᠯᠡᠨ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠪᠠ ᠲᠧᠭᠨᠢᠭ ᠮᠡᠷᠭᠡᠵᠢᠯ᠂ ᠡᠳ᠋ ᠪᠣᠳᠠᠰ ᠤᠨ ᠲᠤᠰᠠᠯᠠᠮᠵᠢ ᠢ ᠦᠷᠨᠢᠭᠦᠯᠦᠨ᠎ᠡ᠃        7. ᠪᠠᠴᠢᠮ ᠪᠠᠶᠢᠳᠠᠯ ᠢ ᠠᠷᠭᠠᠴᠠᠬᠤ ᠲᠤᠰᠬᠠᠯ ᠤᠨ ᠳᠡᠰ ᠢ ᠨᠤᠲᠠᠯᠠᠬᠤ᠂ ᠵᠣᠭᠰᠣᠭᠠᠬᠤ ᠵᠢᠴᠢ ᠦᠨᠡᠯᠡᠨ ᠵᠢᠱᠢᠬᠦ        7.1 ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠯ ᠤᠨ ᠲᠡᠰ ᠢ ᠨᠤᠲᠠᠯᠠᠬᠤ        ᠣᠨᠴᠠᠭᠠᠢ ᠬᠦᠨᠳᠦ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅰ ᠲᠠᠰ︶ ᠢ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ ᠨᠤᠲᠠᠯᠠᠨ ᠲᠣᠭᠲᠠᠭᠠᠨ᠎ᠠ᠃ ᠬᠦᠨᠳᠦ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅱ ᠲᠠᠰ︶ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠪᠤᠶᠤ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ ᠨᠤᠲᠠᠯᠠᠨ ᠲᠣᠭᠲᠠᠭᠠᠨ᠎ᠠ᠃ ᠨᠡᠯᠢᠶᠡᠳ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅲ ᠲᠠᠰ︶ ᠢ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠪᠤᠶᠤ ᠳᠡᠭᠡᠳᠦ ᠱᠠᠲᠤᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠨ ᠲᠣᠭᠲᠠᠭᠠᠨ᠎ᠠ᠃ ᠡᠩ ᠤᠨ ᠬᠤᠯᠤᠭᠠᠨ᠎ᠠ ᠬᠢᠵᠢᠭ ᠤᠨ ᠪᠠᠶᠢᠳᠠᠯ ︵Ⅳ ᠲᠠᠰ︶ ᠢ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠪᠤᠶᠤ ᠳᠡᠭᠡᠳᠦ ᠱᠠᠲᠤᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ ᠬᠤᠯᠪᠤᠭᠲᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠨ᠎ᠠ᠃        7.2 ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠯ ᠳᠠᠭᠤᠰᠬᠤ        ᠬᠤᠯᠤᠭᠠᠨ᠎ᠠ ᠬᠢᠵᠢᠭ ᠤᠨ ᠬᠢᠵᠢᠭᠲᠦ ᠣᠷᠣᠨ ᠢ ᠬᠢᠵᠠᠭᠠᠷᠯᠠᠬᠤ ᠠᠵᠢᠯ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠷᠢᠮᠵᠢᠶ᠎ᠠ ︽ᠬᠥᠮᠦᠨ ᠳᠤ ᠬᠠᠯᠳᠠᠪᠦᠷᠢᠯᠠᠬᠤ ᠬᠤᠯᠤᠭᠠᠨ᠎ᠠ ᠬᠢᠵᠢᠭ ᠤᠨ ᠬᠢᠵᠢᠭᠲᠦ ᠣᠷᠣᠨ ᠢ ᠰᠢᠢᠳᠪᠦᠷᠢᠯᠡᠬᠦ ᠪᠠᠷᠢᠮᠵᠢᠶ᠎ᠠ ᠵᠢᠴᠢ ᠵᠠᠷᠴᠢᠮ GB15978 — 1995︾ ᠤᠨ ᠱᠠᠭᠠᠷᠳᠠᠯᠭ᠎ᠠ ᠶᠣᠰᠣᠭᠠᠷ ᠵᠣᠬᠢᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠪᠦᠬᠦᠨ ᠢ ᠪᠡᠶᠡᠯᠡᠭᠦᠯᠵᠦ ᠰᠢᠯᠭᠠᠨ ᠠᠪᠬᠤ ᠪᠠᠷ ᠳᠠᠮᠵᠢᠭᠠᠳ ᠶᠡᠭᠡ᠂ ᠪᠠᠭ᠎ᠠ ᠲᠤᠰᠠᠭᠠᠷᠯᠠᠯ ᠤᠨ ᠲᠤᠭᠤᠷᠢᠭ ᠲᠤ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠪᠠᠷᠢᠮᠵᠢᠶ᠎ᠠ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠴᠦ᠂ ᠵᠠᠯᠭᠠᠪᠠᠷ 9 ᠡᠳᠦᠷ ᠤᠨ ᠳᠣᠲᠣᠷ᠎ᠠ ᠦᠷᠭᠦᠯᠵᠢᠯᠡᠨ ᠡᠪᠡᠳᠴᠢᠨ ᠡᠭᠦᠰᠦᠭᠰᠡᠨ ᠦᠭᠡᠶ ᠪᠤᠯ᠂ ᠬᠢᠵᠢᠭᠲᠦ ᠣᠷᠣᠨ ᠤ ᠬᠢᠵᠢᠭ ᠢ ᠬᠢᠵᠠᠭᠠᠷᠯᠠᠬᠤ ᠲᠦᠷ ᠴᠠᠭ ᠤᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠬᠢᠵᠢᠭᠲᠦ ᠣᠷᠣᠨ ᠢ ᠬᠦᠴᠦᠨ ᠦᠭᠡᠶ ᠪᠣᠯᠭᠠᠬᠤ ᠭᠤᠶᠤᠴᠢᠯᠠᠯ ᠳᠡᠪᠰᠢᠭᠦᠯᠵᠦ ᠪᠣᠯᠤᠨ᠎ᠠ᠃        ᠣᠨᠴᠠᠭᠠᠢ ᠬᠦᠨᠳᠦ ᠶᠡᠭᠡ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ︵Ⅰ ᠳᠡᠰ︶ ᠢ ᠠᠷᠭᠠᠴᠠᠬᠤ ᠳᠤᠰᠬᠠᠯ ᠢ ᠵᠣᠭᠰᠣᠭᠠᠬᠤ ᠶᠢ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠤᠯᠤᠰ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠮᠵᠢ ᠠᠴᠠ ᠵᠦᠪᠰᠢᠶᠡᠷᠡᠭᠰᠡᠨ ᠤ ᠳᠠᠷᠠᠭ᠎ᠠ ᠬᠡᠷᠡᠭᠵᠢᠭᠦᠯᠦᠨ᠎ᠡ᠃        ᠬᠦᠨᠳᠦ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅱ ᠳᠡᠰ︶᠂ ᠨᠡᠯᠢᠶᠡᠳ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅲ ᠳᠡᠰ︶᠂ ᠡᠩ ᠤᠨ ᠬᠤᠯᠤᠭᠠᠨ᠎ᠠ ᠬᠢᠵᠢᠭ ᠤᠨ ᠪᠠᠶᠢᠳᠠᠯ ︵Ⅳ ᠳᠡᠰ︶ ᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ ᠲᠤᠰ ᠲᠤᠰ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠠᠳᠠᠯᠦᠨ ᠨᠤᠲᠠᠯᠠᠯᠲᠠ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠤᠰᠬᠠᠯ ᠢ ᠵᠣᠭᠰᠣᠭᠠᠬᠤ ᠰᠠᠨᠠᠭᠤᠯᠭ᠎ᠠ ᠳᠤᠷᠠᠳᠴᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃        7.3 ᠬᠤᠯᠤᠭᠠᠨ᠎ᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠦᠨᠡᠯᠡᠨ ᠵᠢᠱᠢᠬᠦ        7.3.1 ᠦᠨᠡᠯᠡᠨ ᠵᠢᠱᠢᠬᠦ ᠠᠵᠢᠯᠲᠠᠨ ᠵᠣᠬᠢᠶᠠᠨ ᠪᠠᠶᠢᠭᠤᠯᠬᠤ ᠣᠨᠴᠠᠭᠠᠶ ᠬᠦᠨᠳᠦ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅰ ᠳᠡᠰ︶᠂ ᠬᠦᠨᠳᠦ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅱ ᠳᠡᠰ︶᠂ ᠨᠡᠯᠢᠶᠡᠳ ᠶᠡᠭᠡ ᠬᠤᠯᠤᠭᠠᠨ᠎ᠠ ᠬᠢᠵᠢᠭ ᠤᠨ ᠪᠠᠶᠢᠳᠠᠯ ︵Ⅲ ᠳᠡᠰ︶᠂ ᠡᠩ ᠤᠨ ᠬᠤᠯᠤᠭᠠᠨ᠎ᠠ ᠬᠢᠵᠢᠭ ᠤᠨ ᠪᠠᠶᠢᠳᠠᠯ ︵Ⅳ ᠳᠡᠰ︶ ᠤᠨ ᠰᠢᠢᠳᠪᠦᠷᠢᠯᠡᠭᠰᠡᠨ ᠪᠠᠶᠢᠳᠠᠯ ᠢ ᠦᠨᠡᠯᠡᠨ ᠵᠢᠱᠢᠬᠦ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ ᠲᠤᠰ ᠲᠤᠰ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠦᠨᠡᠯᠡᠨ ᠵᠢᠱᠢᠬᠦ ᠠᠵᠢᠯ ᠢ ᠦᠷᠨᠢᠭᠦᠯᠦᠨ᠎ᠡ᠃        7.3.2 ᠦᠨᠡᠯᠡᠨ ᠵᠢᠱᠢᠬᠦ ᠠᠭᠤᠯᠭ᠎ᠠ ᠳᠤ ᠭᠤᠤᠯᠳᠠᠭᠤ᠄ ᠬᠢᠵᠢᠭᠲᠦ ᠣᠷᠣᠨ ᠤ ᠪᠠᠶᠢᠭᠠᠯᠢ ᠶᠢᠨ ᠭᠠᠵᠠᠷ ᠵᠦᠶ ᠶᠢᠨ ᠲᠦᠢᠮᠦ ᠪᠠᠶᠢᠳᠠᠯ᠂ ᠬᠢᠵᠢᠭ ᠭᠠᠷᠤᠭᠰᠠᠨ ᠰᠢᠯᠲᠠᠭᠠᠨ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠵᠠᠮ ᠮᠥᠷ ᠪᠠ ᠳᠡᠯᠭᠡᠷᠡᠬᠦ ᠬᠦᠴᠦᠨ ᠵᠦᠢᠯ᠂ ᠬᠢᠵᠢᠭ ᠤᠨ ᠪᠠᠶᠢᠳᠠᠯ ᠡᠭᠦᠰᠬᠦ᠂ ᠬᠥᠭᠵᠢᠬᠦ ᠪᠠ ᠬᠢᠵᠠᠭᠠᠷᠯᠠᠬᠤ ᠶᠠᠪᠤᠴᠠ᠂ ᠡᠪᠡᠳᠴᠢᠲᠡᠨ ᠤ ᠪᠦᠷᠢᠯᠳᠦᠯ᠂ ᠡᠮᠨᠡᠨ ᠵᠠᠰᠠᠭᠰᠠᠨ ᠦᠷ᠎ᠡ ᠳ᠋ᠦᠩ᠂ ᠬᠢᠵᠢᠭ ᠬᠠᠯᠳᠠᠪᠤᠷᠢᠯᠠᠭᠰᠠᠨ ᠠᠮᠢᠲᠠᠨ᠂ ᠨᠤᠬᠠᠢ ᠶᠢᠨ ᠪᠥᠭᠡᠰᠦ ᠶᠢᠨ ᠲᠥᠷᠥᠯ ᠵᠦᠢᠯ ᠤᠨ ᠲᠠᠷᠬᠠᠯᠲᠠ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠨᠢᠭᠲᠠᠴᠠ ᠪᠠ ᠨᠤᠬᠠᠢ ᠶᠢᠨ ᠪᠥᠭᠡᠰᠦ ᠶᠢᠨ ᠢᠯᠡᠳᠬᠡᠭᠴᠢ ᠲᠤᠭ᠎ᠠ᠂ ᠠᠷᠭ᠎ᠠ ᠬᠡᠮᠵᠢᠶ᠎ᠡ ᠠᠪᠤᠭᠰᠠᠨ ᠦᠷ᠎ᠡ ᠪᠦᠲᠦᠮᠵᠢ ᠶᠢᠨ ᠦᠨᠡᠯᠡᠯᠲᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠣᠯᠤᠭᠰᠠᠨ ᠲᠤᠷᠰᠢᠯᠭ᠎ᠠ ᠵᠢᠴᠢ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠪᠠᠭᠲᠠᠨ᠎ᠠ᠃ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠲᠠ ᠶᠢᠨ ᠠᠷᠠᠳ ᠤᠨ ᠵᠠᠰᠠᠭ ᠣᠨ ᠣᠷᠳᠣᠨ ᠪᠠ ᠳᠡᠭᠡᠷ᠎ᠡ ᠨᠢᠭᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠦᠨ᠎ᠡ᠃        8. ᠪᠠᠲᠤᠯᠠᠭ᠎ᠠ ᠶᠢᠨ ᠠᠷᠭ᠎ᠠ ᠬᠡᠮᠵᠢᠶ᠎ᠡ        8.1 ᠮᠡᠷᠭᠡᠵᠢᠯ ᠤᠨ ᠪᠠᠲᠤᠯᠠᠭ᠎ᠠ        8.1.1 ᠬᠤᠲᠠ᠂ ᠬᠤᠰᠢᠭᠤ ᠰᠢᠶᠠᠨ ᠲᠣᠭᠤᠷᠢᠭ ᠤᠨ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠮᠠᠨ ᠤ ᠬᠤᠲᠠ ᠶᠢᠨ ᠬᠤᠯᠤᠭᠠᠨ᠎ᠠ ᠬᠢᠵᠢᠭ ᠤᠨ ᠪᠠᠶᠢᠭᠠᠯᠢ ᠶᠢᠨ ᠬᠢᠵᠢᠭ ᠤᠨ ᠰᠤᠷᠪᠤᠯᠵᠢ ᠶᠢᠨ ᠣᠷᠣᠨ ᠨᠤᠭᠤᠳ ᠲᠤᠬᠠᠶ ᠶᠢᠨ ᠭᠠᠵᠠᠷ ᠲᠠᠭᠠᠨ ᠲᠣᠬᠢᠷᠠᠭᠤᠯᠬᠤ᠂ ᠲᠣᠭᠲᠠᠪᠤᠷᠢᠵᠢᠭᠤᠯᠬᠤ ᠪᠠ ᠰᠢᠯᠵᠢᠮᠡᠯ ᠬᠢᠨᠠᠨ ᠬᠡᠮᠵᠢᠯᠲᠡ ᠶᠢ ᠬᠠᠷᠢᠯᠴᠠᠨ ᠤᠶᠠᠯᠳᠤᠭᠤᠯᠬᠤ᠂ ᠰᠢᠯᠵᠢᠮᠡᠯ ᠬᠢᠨᠠᠨ ᠬᠡᠮᠵᠢᠯᠲᠡ ᠪᠠᠷ ᠭᠤᠤᠯ ᠪᠣᠯᠭᠠᠬᠤ ᠵᠠᠷᠴᠢᠮ ᠶᠣᠰᠣᠭᠠᠷ᠂ ᠬᠢᠨᠠᠨ ᠬᠡᠮᠵᠢᠬᠦ‍ ᠴᠢᠭ ᠢ ᠵᠦᠶ ᠵᠣᠬᠢᠰᠲᠠᠶ ᠪᠠᠶᠢᠷᠢᠯᠠᠭᠤᠯᠵᠤ᠂ ᠬᠢᠨᠠᠨ ᠬᠡᠮᠵᠢᠬᠦ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠵᠦ᠂ ᠬᠤᠯᠤᠭᠠᠨ᠎ᠠ ᠬᠢᠵᠢᠭ ᠤᠨ ᠡᠪᠡᠳᠴᠢᠨ ᠤ ᠵᠢᠱᠢᠶ᠎ᠠ ︵ᠰᠡᠵᠢᠭ ᠲᠠᠢ ᠡᠪᠡᠳᠴᠢᠨ ᠤ ᠵᠢᠱᠢᠶ᠎ᠡ ᠪᠠᠭᠲᠠᠨ᠎ᠠ︶ ᠳᠤ ︽ᠠᠩᠬ᠎ᠠ ᠣᠨᠣᠰᠢᠯᠠᠨ ᠡᠮᠨᠡᠬᠦ ᠡᠮᠴᠢ ᠶᠢᠨ ᠬᠠᠷᠢᠭᠤᠴᠠᠯᠭ᠎ᠠ ᠶᠢᠨ ᠳᠦᠷᠢᠮ︾ ᠢ ᠬᠡᠷᠡᠭᠵᠢᠭᠦᠯᠦᠨ᠎ᠡ᠃        8.1.2 ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ︽ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠪᠠᠷᠢᠮᠵᠢᠶ᠎ᠠ︾᠂ ︽ᠬᠤᠯᠤᠭᠠᠨ᠎ᠠ ᠬᠢᠵᠢᠭ ᠤᠨ ᠲᠤᠷᠰᠢᠯᠲᠠ ᠶᠢᠨ ᠲᠠᠰᠤᠭ ᠤᠨ ᠪᠠᠷᠢᠯᠭ᠎ᠠ ᠶᠢᠨ ᠵᠢᠷᠤᠮᠵᠢᠯ︾ ᠪᠣᠯᠤᠨ ︽ᠬᠤᠯᠤᠭᠠᠨ᠎ᠠ ᠬᠢᠵᠢᠭ ᠤᠨ ᠲᠤᠷᠰᠢᠯᠲᠠ ᠶᠢᠨ ᠲᠠᠰᠤᠭ ᠤᠨ ᠲᠣᠨᠤᠭ ᠲᠥᠬᠦᠭᠡᠷᠦᠮᠵᠢ ᠶᠢᠨ ᠵᠢᠷᠤᠮᠵᠢᠯ︾ ᠶᠣᠰᠣᠭᠠᠷ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠲᠣᠨᠣᠭᠯᠠᠯ ᠪᠣᠯᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠶᠢ ᠵᠢᠷᠤᠮᠵᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠪᠣᠯᠤᠨ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠲᠤᠰᠬᠠᠶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠪᠠ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠳᠠᠮᠵᠢᠨ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠲᠤᠰᠬᠠᠯ ᠤᠨ ᠬᠢᠷᠢ ᠬᠡᠮᠵᠢᠶ᠎ᠡ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃        8.1.3 ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠮᠡᠷᠭᠡᠵᠢᠯ ᠪᠠ ᠠᠷᠭ᠎ᠠ ᠶᠢ ᠰᠠᠶᠢᠵᠢᠷᠠᠭᠤᠯᠤᠨ᠎ᠠ᠃ ᠪᠥᠭᠡᠮ ᠬᠦᠴᠢᠯ ᠤᠨ ᠴᠤᠪᠤᠷᠠᠯ ᠢ ᠰᠢᠯᠭᠠᠨ ᠪᠠᠶᠢᠴᠠᠭᠠᠬᠤ ︵PCR︶᠂ ᠡᠰᠡᠷᠭᠦᠲᠦᠷᠦᠭᠦᠯᠦᠭᠴᠢ ᠡᠰᠡᠷᠭᠦ ᠲᠥᠷᠦᠭᠴᠢ ᠶᠢᠨ ᠲᠦᠷᠭᠡᠨ ᠰᠢᠯᠭᠠᠨ ᠪᠠᠶᠢᠴᠠᠭᠠᠬᠤ᠂ ᠢᠰᠬᠡᠭᠦᠷ ᠤᠨ ᠬᠤᠯᠪᠣᠮᠠᠯ ᠤᠨ ᠦᠯᠦ ᠬᠠᠯᠳᠠᠭᠠᠬᠤ ᠲᠤᠷᠰᠢᠯᠲᠠ ᠵᠡᠷᠭᠡ ᠰᠢᠯᠭᠠᠨ ᠪᠠᠶᠢᠴᠠᠭᠠᠬᠤ ᠮᠡᠷᠭᠡᠵᠢᠯ ᠢ ᠬᠡᠷᠡᠭᠵᠢᠭᠦᠯᠵᠦ᠂ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠡᠩ ᠤᠨ ᠰᠢᠯᠭᠠᠨ ᠪᠠᠶᠢᠴᠠᠭᠠᠬᠤ ᠪᠠ ᠰᠢᠯᠭᠠᠨ ᠬᠡᠮᠵᠢᠬᠦ ᠠᠷᠭ᠎ᠠ ᠶᠢ ᠰᠠᠶᠢᠵᠢᠷᠠᠭᠤᠯᠵᠤ᠂ ᠰᠢᠯᠭᠠᠨ ᠪᠠᠶᠢᠴᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃        8.2 ᠡᠳ᠋ ᠪᠣᠳᠠᠰ᠂ ᠵᠠᠷᠤᠳᠠᠯ ᠤᠨ ᠪᠠᠲᠤᠯᠠᠭ᠎ᠠ        8.2.1 ᠡᠳ᠋ ᠪᠠᠷᠠᠭ᠎ᠠ ᠨᠥᠭᠡᠴᠡᠯᠡᠬᠦ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠤᠯᠤᠭᠠᠨ᠎ᠠ ᠬᠢᠵᠢᠭ ᠤᠨ ᠪᠠᠶᠢᠳᠠᠯ ᠭᠠᠷᠤᠭᠰᠠᠨ ᠦᠶ᠎ᠡ ᠳᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠬᠡᠷᠡᠭᠴᠡᠭᠡ ᠪᠠᠨ ᠦᠨᠳᠦᠰᠦᠯᠡᠨ ᠨᠥᠭᠡᠴᠡ ᠡᠳ᠋ ᠪᠠᠷᠠᠭ᠎ᠠ ᠶᠢ ᠰᠢᠯᠵᠢᠭᠦᠯᠦᠨ ᠬᠡᠷᠡᠭᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠨᠥᠭᠡᠴᠡ ᠡᠳ᠋ ᠪᠠᠷᠠᠭ᠎ᠠ ᠶᠢ ᠬᠡᠷᠡᠭᠯᠡᠭᠰᠡᠨ ᠤ ᠳᠠᠷᠠᠭ᠎ᠠ ᠴᠠᠭ ᠲᠤᠬᠠᠶ ᠳᠤᠨᠢ ᠨᠥᠬᠦᠪᠥᠷᠢᠯᠡᠵᠦ᠂ ᠣᠬᠤᠷ ᠬᠤᠭᠤᠴᠠᠭᠠᠨ ᠤ ᠪᠣᠯᠤᠨ ᠬᠤᠭᠤᠴᠠᠭ᠎ᠠ ᠥᠩᠭᠡᠷᠡᠭᠰᠡᠨ ᠡᠳ᠋ ᠪᠠᠷᠠᠭ᠎ᠠ ᠶᠢ ᠴᠠᠭ ᠲᠤᠬᠠᠶ ᠳᠤᠨᠢ ᠰᠣᠯᠢᠬᠤ ᠬᠡᠷᠡᠭᠲᠡᠶ᠃        8.2.2 ᠵᠠᠷᠤᠳᠠᠯ ᠤᠨ ᠪᠠᠲᠤᠯᠠᠭ᠎ᠠ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠠᠲᠤᠯᠠᠵᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠪᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠠᠷᠤᠳᠠᠯ ᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃        8.2.3 ᠡᠩᠨᠡᠭᠡᠨ ᠤ ᠪᠠᠶᠢᠭᠤᠯᠤᠯᠲᠠ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠵᠦ᠂ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠡᠩᠨᠡᠭᠡᠨ ᠤ ᠡᠷᠡᠭᠦᠯ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃        9. ᠪᠡᠯᠡᠳᠬᠡᠯ ᠲᠥᠰᠦᠯ ᠤᠨ ᠲᠣᠭᠲᠠᠭᠠᠯᠲᠠ        ᠲᠤᠰ ᠪᠡᠯᠡᠳᠬᠡᠯ ᠲᠥᠰᠦᠯ ᠢ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠳᠤᠭᠲᠠᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠬᠡᠷᠡᠭᠵᠢᠭᠦᠯᠬᠦ ᠶᠠᠪᠤᠴᠠ ᠳᠤ ᠣᠯᠵᠤ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠨ ᠴᠠᠭ ᠲᠤᠬᠠᠶ ᠳᠤᠨᠢ ᠰᠢᠨᠡᠳᠬᠡᠨ᠂ ᠵᠠᠰᠠᠪᠤᠷᠢ ᠣᠷᠣᠭᠤᠯᠬᠤ ᠪᠠ ᠨᠥᠬᠦᠪᠥᠷᠢᠯᠡᠬᠦ ᠬᠡᠷᠡᠭᠲᠡᠶ᠃        10. ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ        ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号