ᠬᠥᠬᠡᠬᠤᠲᠠ᠄ 6 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ ᠪᠠᠭ᠎ᠠ ᠰᠤᠷᠭᠠᠭᠤᠯᠢ ᠶᠢᠨ 1 ~ 3 ᠣᠨ ᠤ ᠰᠤᠷᠤᠭᠴᠢᠳ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠤ ᠳᠠᠷᠠᠭ᠎ᠠ ᠰᠤᠷᠭᠠᠭᠤᠯᠢ ᠡᠬᠢᠯᠡᠵᠦ ᠪᠣᠯᠤᠨ᠎ᠠ
ᠨᠡᠶᠢᠲᠡᠯᠡᠭᠰᠡᠨ ᠴᠠᠭ᠄
2020-05-26
       ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠣᠰ ᠲᠣᠪᠴᠢᠶ᠎ᠠ ᠨᠢᠭᠡᠨᠲᠡ ︽ᠮᠡᠳᠡᠭᠳᠡᠯ︾ ᠪᠠᠭᠤᠯᠭᠠᠵᠤ᠂ 6 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠬᠥᠬᠡᠬᠤᠲᠠ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠡᠬᠢᠯᠡᠵᠦ ᠬᠢᠴᠢᠶᠡᠯ ᠰᠡᠷᠭᠦᠭᠡᠬᠦ ᠠᠵᠢᠯ ᠤᠨ ᠦᠨᠳᠦᠰᠦᠨ ᠪᠠᠷᠢᠮᠵᠢᠶ᠎ᠠ︾ ᠪᠠ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠰᠤᠷᠤᠯᠭ᠎ᠠ ᠡᠬᠢᠯᠡᠵᠦ ᠬᠢᠴᠢᠶᠡᠯ ᠢᠶᠠᠨ ᠰᠡᠷᠭᠦᠭᠡᠬᠦ ᠶᠢᠨ ᠬᠠᠮᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠶᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠵᠤ ᠦᠨᠡᠯᠡᠨ ᠵᠢᠱᠢᠯᠲᠡ ᠬᠢᠬᠦ ᠪᠠᠷ ᠪᠣᠯᠪᠠ᠃        ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠣᠷᠣᠨ ᠤ ᠡᠯ᠎ᠡ ᠰᠤᠷᠭᠠᠭᠤᠯᠢ ᠨᠤᠭᠤᠳ ᠰᠤᠷᠤᠯᠭ᠎ᠠ ᠪᠠᠨ ᠰᠡᠷᠭᠦᠭᠡᠬᠦ ᠪᠠᠷᠢᠮᠵᠢᠶ᠎ᠠ ᠪᠠᠨ ᠴᠢᠩᠳᠠᠯᠠᠵᠤ᠂ ᠰᠤᠷᠭᠠᠨ ᠬᠥᠮᠦᠵᠢᠯ ᠤᠨ ᠶᠠᠮᠤᠨ ᠤ ︽ᠲᠠᠪᠤᠨ ᠵᠠᠪᠠᠯ ᠭᠦᠢᠴᠡᠳᠬᠡᠬᠦ︾ ︽ᠭᠤᠷᠪᠠᠨ ᠥᠯᠥ ᠪᠣᠯᠬᠤ︾ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠰᠤᠷᠤᠯᠭ᠎ᠠ ᠡᠬᠢᠯᠡᠬᠦ ᠬᠢᠴᠢᠶᠡᠯ ᠢᠶᠠᠨ ᠰᠡᠷᠭᠦᠭᠡᠬᠦ ᠪᠡᠯᠡᠳᠬᠡᠯ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠪᠠᠶᠢᠴᠠᠭᠠᠵᠤ ᠦᠨᠡᠯᠡᠨ ᠵᠢᠱᠢᠬᠦ ᠬᠡᠷᠡᠭᠲᠡᠶ᠂ ᠨᠥᠬᠦᠴᠡᠯ ᠪᠦᠷᠢᠯᠳᠦᠭᠦᠯᠦᠭᠡᠳᠦᠶ ᠨᠢ ᠰᠤᠷᠤᠯᠭ᠎ᠠ ᠡᠬᠢᠯᠡᠵᠦ ᠬᠢᠴᠢᠶᠡᠯ ᠢᠶᠠᠨ ᠰᠡᠷᠭᠦᠭᠡᠵᠦ ᠣᠭᠲᠣ ᠪᠣᠯᠬᠤ ᠥᠬᠡᠶ᠃ ᠰᠤᠷᠤᠯᠭ᠎ᠠ ᠡᠬᠢᠯᠡᠵᠦ ᠬᠢᠴᠢᠶᠡᠯ ᠢᠶᠠᠨ ᠰᠡᠷᠭᠦᠭᠰᠡᠨ ᠤ ᠳᠠᠷᠠᠭ᠎ᠠ᠂ ᠡᠯ᠎ᠡ ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠠᠬᠢᠴᠠ ᠪᠠᠨ ᠵᠦᠶ ᠵᠣᠬᠢᠰᠲᠠᠶ ᠲᠣᠬᠢᠷᠠᠭᠤᠯᠵᠤ᠂ ᠵᠢᠭᠠᠨ ᠰᠤᠷᠭᠠᠬᠤ ᠲᠥᠯᠥᠪᠯᠡᠭᠡ ᠪᠠᠨ ᠴᠠᠭ ᠲᠤᠬᠠᠶ ᠳᠤ ᠨᠢ ᠲᠣᠬᠢᠷᠠᠭᠤᠯᠬᠤ ᠬᠡᠷᠡᠭᠲᠡᠶ᠃ ︽ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠬᠥᠮᠦᠰ ᠢ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠬᠡᠷᠡᠭᠲᠡᠢ︾᠃ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠳᠥᠷᠪᠡᠨ ᠨᠢᠭᠡ︾ ︽ᠭᠤᠷᠪᠠᠨ ᠥᠯᠥ ᠪᠣᠯᠬᠤ ︾ ᠶᠢ ᠦᠨᠡᠨ ᠬᠦ ᠨᠠᠶᠢᠳᠠᠪᠤᠷᠢᠵᠢᠭᠤᠯᠬᠤ ᠶᠢᠨ ᠬᠠᠮᠲᠤ᠂ ᠣᠨᠴᠠᠭᠠᠶ ᠪᠦᠯᠬᠦᠮ ᠨᠡᠶᠢᠲᠡ ᠶᠢᠨ ᠰᠤᠷᠤᠭᠴᠢᠳ ᠲᠤ ᠴᠢᠭᠯᠡᠭᠦᠯᠦᠨ ᠰᠡᠳᠬᠢᠴᠡ ᠶᠢᠨ ᠵᠢᠯᠣᠭᠤᠳᠣᠯᠭ᠎ᠠ᠂ ᠬᠠᠯᠠᠮᠵᠢᠯᠠᠨ ᠬᠠᠶᠢᠷᠠᠯᠠᠵᠤ ᠳᠡᠳᠬᠦᠬᠦ ᠪᠠ ᠬᠡᠷ ᠪᠦᠯᠢ ᠰᠤᠷᠭᠠᠭᠤᠯᠢ ᠶᠢᠨ ᠨᠡᠪᠲᠡᠷᠡᠯᠴᠡᠬᠦ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃        ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠮᠡᠳᠡᠭᠳᠡᠯ ᠳᠤ ᠪᠠᠰᠠ ᠲᠣᠳᠣᠷᠬᠠᠶ ᠲᠣᠭᠲᠠᠭᠠᠭᠰᠠᠨ ᠨᠢ᠂ ᠬᠡᠤᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠵᠢᠴᠢ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠰᠤᠷᠤᠯᠭ᠎ᠠ ᠡᠬᠢᠯᠡᠵᠦ ︵ᠬᠡᠤᠬᠡᠳ ᠤᠨ ᠴᠡᠴᠡᠷᠯᠢᠭ︶ ᠬᠢᠴᠢᠶᠡᠯ ᠢᠶᠠᠨ ᠰᠡᠷᠭᠦᠭᠡᠬᠦ ᠪᠡᠯᠡᠳᠬᠡᠯ ᠢ ᠢᠳᠡᠪᠬᠢᠲᠡᠢ ᠰᠠᠶᠢᠲᠤᠷ ᠬᠢᠵᠦ᠂ ᠪᠣᠳᠠᠲᠠᠶ ᠴᠠᠭ ᠢ ᠪᠠᠶᠢᠳᠠᠯ ᠢ ᠨᠢ ᠦᠵᠡᠵᠦ ᠪᠠᠶᠢᠭᠠᠳ ᠠᠰ ᠲᠤ ᠨᠢ ᠮᠡᠳᠡᠭᠳᠡᠬᠦ ᠬᠡᠷᠡᠭᠲᠡᠶ᠃ ᠡᠭᠦᠨ ᠠᠴᠠ ᠭᠠᠳᠠᠨ᠎ᠠ᠂ ᠬᠡᠰᠡᠭ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠡᠤᠬᠡᠳ ᠤᠨ ᠴᠡᠴᠡᠷᠯᠢᠭ ᠨᠡᠭᠡᠭᠡᠬᠦ ᠦᠨᠡᠯᠡᠨ ᠵᠢᠱᠢᠯᠲᠡ ᠶᠢᠨ ᠪᠡᠯᠡᠳᠬᠡᠯ ᠠᠵᠢᠯ ᠢ ᠬᠢᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号