ᠥᠪᠥᠷ ᠵᠠᠰᠠᠭ ᠲᠠᠷᠬᠠᠭᠠᠭᠰᠠᠨ ︹2019︺ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020-05-27
                 ᠥᠪᠥᠷ ᠵᠠᠰᠠᠭ ᠥᠰᠥᠭ ︹2020︺ 36 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠭᠠᠳᠠᠭᠠᠳᠤ ᠪᠡᠯᠡ ᠶᠢ ᠢᠳᠡᠪᠬᠢᠲᠡᠶ ᠪᠦᠭᠡᠳ ᠪᠦᠲᠦᠮᠵᠢᠲᠠᠢ ᠠᠰᠢᠭᠯᠠᠵᠤ ᠪᠠᠶᠢᠭᠠᠳ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2019﹈ 13 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠤᠨ ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃        ᠨᠢᠭᠡ᠂ ︽ᠮᠡᠳᠡᠭᠳᠡᠯ︾ ᠤᠨ ᠨᠢᠭᠡᠳᠦᠭᠡᠷ ᠵᠦᠢᠯ ᠤᠨ ᠬᠤᠶᠠᠳᠣᠭᠠᠷ ᠵᠤᠷᠪᠤᠰ ᠲᠠᠬᠢ ︽ᠲᠡᠮᠳᠡᠭᠲᠦ ᠶᠢᠨ ᠺᠣᠮᠫᠠᠨᠢ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠳᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ ᠨᠤᠭᠤᠳ ᠤᠨ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠢ 51% ᠪᠣᠯᠲᠠᠯ᠎ᠠ ᠠᠭᠤᠵᠢᠭᠤ ᠲᠠᠯᠪᠢᠨ᠂ 2021 ᠣᠨ ᠳᠤ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠤᠨ ᠬᠢᠵᠠᠭᠠᠷᠯᠠᠯ ᠢ ᠦᠭᠡᠶᠢᠰᠬᠡᠬᠦ ᠬᠡᠷᠡᠭᠲᠡᠢ︾ ᠭᠡᠳᠡᠭ ᠢ ︽ᠤᠯᠤᠰ ᠤᠨ ᠲᠣᠭᠲᠠᠭᠠᠯ ᠶᠣᠰᠣᠭᠠᠷ ᠲᠡᠮᠳᠡᠭᠲᠦ ᠶᠢᠨ ᠺᠣᠮᠫᠠᠨᠢ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ ᠨᠤᠭᠤᠳ ᠤᠨ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠢ 51% ᠠᠴᠠ ᠬᠡᠲᠦᠷᠡᠭᠦᠯᠬᠦ ᠦᠭᠡᠢ ᠪᠠᠶᠢᠯᠭᠠᠬᠤ ᠬᠢᠵᠠᠭᠠᠷᠯᠠᠯ ᠢ ᠦᠭᠡᠶᠢᠰᠬᠡᠬᠦ ᠬᠡᠷᠡᠭᠲᠡᠢ︾ ᠭᠡᠵᠦ ᠵᠠᠰᠠᠪᠠ᠃        ᠬᠤᠶᠠᠷ᠂ ︽ᠮᠡᠳᠡᠭᠳᠡᠯ︾ ᠤᠨ ᠭᠤᠷᠪᠠᠳᠤᠭᠠᠷ ᠵᠦᠢᠯ ᠤᠨ ᠳᠣᠯᠤᠳᠤᠭᠠᠷ ᠵᠤᠷᠪᠤᠰ ᠲᠠᠬᠢ ︽ᠬᠢᠯᠢ ᠶᠢᠨ ᠭᠠᠳᠠᠨᠠᠬᠢ ᠪᠡᠯᠡ ᠣᠷᠣᠭᠤᠯᠤᠭᠴᠢᠳ ᠤᠨ ᠬᠢᠯᠢ ᠶᠢᠨ ᠳᠣᠲᠣᠭᠠᠳᠤ ᠳᠤ ᠣᠯᠣᠭᠰᠠᠨ ᠠᠰᠢᠭ ᠣᠯᠵᠠᠪᠤᠷᠢ ᠪᠠᠷ ᠢᠶᠠᠨ ᠰᠢᠭᠤᠳ ᠪᠡᠯᠡ ᠣᠷᠣᠭᠤᠯᠤᠭᠰᠠᠨ ᠪᠠᠶᠢᠪᠠᠯ ᠲᠡᠭᠦᠨ ᠢᠶᠠᠷ ᠢᠶᠠᠨ ᠲᠤᠰᠢᠶᠠᠬᠤ ᠭᠠᠶᠢᠯᠢ ᠪᠠᠨ ᠲᠡᠰᠬᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ︾ ᠭᠡᠳᠡᠭ ᠢ ︽ᠬᠢᠯᠢ ᠶᠢᠨ ᠭᠠᠳᠠᠨᠠᠬᠢ ᠪᠡᠯᠡ ᠣᠷᠣᠭᠤᠯᠤᠭᠴᠢᠳ ᠤᠨ ᠬᠤᠪᠢᠶᠠᠷᠢᠯᠠᠭᠰᠠᠨ ᠠᠰᠢᠭ ᠣᠯᠵᠠᠪᠤᠷᠢ ᠪᠠᠷ ᠢᠶᠠᠨ ᠰᠢᠭᠤᠳ ᠪᠡᠯᠡ ᠣᠷᠣᠭᠤᠯᠤᠭᠰᠠᠨ ᠪᠠᠶᠢᠪᠠᠯ ᠲᠡᠭᠦᠨ ᠢᠶᠠᠷ ᠢᠶᠠᠨ ᠲᠤᠰᠢᠶᠠᠬᠤ ᠭᠠᠶᠢᠯᠢ ᠪᠠᠨ ᠲᠡᠰᠬᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ︾ ᠭᠡᠵᠦ ᠵᠠᠰᠠᠪᠠ᠃        ᠭᠤᠷᠪᠠ᠂ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃                              2020 ᠣᠨ ᠤ 5 ᠳ᠋ᠤᠭᠠᠷ ᠰᠠᠷ᠎ᠠ ᠶᠢᠨ 13 ᠤ ᠡᠳᠦᠷ        ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号