| ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠦᠩ ᠵᠸᠦ ᠶᠤᠸᠠᠨ ᠨᠡᠶᠢᠭᠡᠮ | ᠲᠣᠭᠤᠷᠢᠭ ᠨᠢ 2019 ᠤᠨ ᠤ ᠯᠸᠢ ᠹᠧᠩ ᠠᠴᠠ ᠰᠤᠷᠤᠯᠴᠠᠬᠤ ᠰᠠᠶᠢᠨ ᠳᠤᠷᠠᠴᠤᠳ ᠤᠨ ᠦᠢᠯᠡᠴᠢᠯᠡᠭᠡᠨ ᠤ | ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠩᠭᠤᠬᠤ ᠳᠤ ᠦᠪᠡᠷᠲᠡᠭᠡᠨ ᠵᠠᠰᠠᠬᠤ ᠣᠷᠤᠨ ᠤ ᠰᠢᠯᠢᠳᠡᠭ ᠰᠠᠶᠢᠨ | ᠳᠤᠷᠠᠴᠤᠳ ᠤᠨ ᠦᠢᠯᠡᠴᠢᠯᠡᠭᠡᠨ ᠤ ᠨᠡᠶᠢᠭᠡᠮ ᠲᠣᠭᠤᠷᠢᠭ ᠢᠶᠠᠷ ᠦᠨᠡᠯᠡᠭᠳᠡᠪᠡ᠃ ᠤᠶᠢᠷ᠎ᠠ ᠶᠢᠨ ᠵᠢᠯ ᠳᠤ ᠰᠦᠩ ᠵᠸᠦ | ᠶᠤᠸᠠᠨ ᠨᠡᠶᠢᠭᠡᠮ ᠲᠣᠭᠤᠷᠢᠭ ᠨᠢ ᠪᠦᠬᠦ ᠤᠯᠤᠰ ᠤᠨ ᠯᠸᠢ ᠹᠧᠩ ᠠᠴᠠ ᠰᠤᠷᠤᠯᠴᠠᠬᠤ ᠠᠵᠢᠯᠯᠠᠭᠠᠨ ᠤ ᠵᠢᠱᠢᠶ᠎ᠡ | ᠦᠵᠡᠭᠦᠯᠬᠦ ᠴᠡᠭ ᠤᠨ ︽ᠬᠠᠶᠢᠷ᠎ᠠ ᠬᠠᠯᠠᠮᠵᠢ ᠪᠠᠨ ᠬᠠᠨᠳᠢᠪᠯᠠᠨ ᠬᠠᠷᠢᠯᠴᠠᠨ ᠬᠠᠮᠵᠢᠯᠴᠠᠵᠤ ᠬᠠᠮᠲᠤᠪᠡᠷ ᠳᠠᠪᠰᠢᠬᠤ︾ | ᠰᠠᠶᠢᠨ ᠳᠤᠷᠠᠴᠤᠳ ᠤᠨ ᠵᠣᠷᠢᠭ ᠰᠠᠨᠠᠭ᠎ᠠ ᠶᠢ ᠶᠡᠭᠡ ᠬᠦᠴᠦᠨ ᠢᠶᠠᠷ ᠤᠬᠠᠭᠤᠯᠤᠨ ᠰᠤᠷᠲᠠᠯᠴᠢᠯᠠᠵᠤ᠂ ᠯᠸᠢ | ᠹᠧᠩ ᠠᠴᠠ ᠰᠤᠷᠤᠯᠴᠠᠬᠤ ᠰᠠᠶᠢᠨ ᠳᠤᠷᠠᠴᠤᠳ ᠤᠨ ᠦᠢᠯᠡᠴᠢᠯᠡᠭᠡᠨ ᠤ ᠳᠦᠷᠢᠮᠵᠢᠬᠦ ᠪᠠᠶᠢᠩᠭᠤᠵᠢᠬᠤ ᠶᠢ ᠤᠯᠠᠮ ᠨᠢᠭᠡ | ᠠᠯᠬᠤᠮ ᠠᠬᠢᠭᠤᠯᠵᠤ᠂ ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠰᠦᠩ ᠵᠸᠦ ᠶᠤᠸᠠᠨ ᠨᠡᠶᠢᠭᠡᠮ ᠲᠣᠭᠤᠷᠢᠭ | ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠰᠤᠶᠤᠯ ᠦᠢᠯᠡᠴᠢᠯᠡᠭᠡᠨ ᠤ ᠪᠤᠳᠠᠳᠤ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ ᠰᠤᠶᠤᠯ ᠤᠨ ᠦᠢᠯᠡᠴᠢᠯᠡᠭᠡ ᠪᠠᠷ ᠠᠴᠢᠶᠠᠯᠠᠭᠴᠢ ᠪᠣᠯᠭᠠᠨ᠂ ᠨᠠᠢᠮᠠᠨ ᠯᠸᠢ ᠹᠧᠩ ᠠᠴᠠ ᠰᠤᠷᠤᠯᠴᠠᠬᠤ | ᠤᠨᠴᠠᠯᠢᠭᠲᠤ ᠰᠠᠶᠢᠨ ᠳᠤᠷᠠᠴᠤᠳ ᠤᠨ ᠦᠢᠯᠡᠴᠢᠯᠡᠭᠡᠨ ᠤ ᠲᠡᠮᠳᠡᠭᠲᠦ ᠶᠢ ᠪᠤᠶᠢᠵᠢᠭᠤᠯᠵᠤ᠂ ᠨᠡᠶᠢᠭᠡᠮ ᠲᠣᠭᠤᠷᠢᠭ ᠤᠨ | ᠪᠣᠯᠪᠠᠰᠤᠨ ᠬᠡᠪ ᠰᠤᠷᠲᠠᠯ ᠢ ᠴᠤᠭᠴᠠᠯᠠᠪᠠ᠃ | | | | | |